ᠬᠤᠲᠠ ᠶᠢᠨ ᠠᠷᠠᠳ ᠤᠨ ᠲᠦᠯᠤᠬᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶᠠᠨ ᠤ ᠨᠠᠮ ᠤᠨ ᠲᠤᠭᠤᠶᠢᠯᠠᠩ ᠤᠨ ᠤᠨᠤᠯ ᠤᠨ ᠰᠤᠷᠤᠯᠴᠠᠯᠭ᠎ᠠ ᠶᠢᠨ ᠭᠤᠤᠯ ᠲᠤᠭᠤᠶᠢᠯᠠᠩ ᠤᠨ 2022 ᠤᠨ ᠤ ᠠᠷᠪᠠᠨ ᠳᠥᠷᠪᠡᠳᠦᠭᠡᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2022/11/17
      ᠤᠶᠢᠷ᠎ᠠ ᠶᠢᠨ ᠡᠳᠦᠷ᠂ ᠬᠤᠲᠠ ᠶᠢᠨ ᠠᠷᠠᠳ ᠤᠨ ᠲᠦᠯᠦ᠋ᠬᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶᠠᠨ ᠤ ᠨᠠᠮ ᠤᠨ  ᠲᠤᠭᠤᠶᠢᠯᠠᠩ ᠤᠨ ᠤᠨᠤᠯ ᠤᠨ ᠰᠤᠷᠤᠯᠴᠠᠯᠭ᠎ᠠ ᠶᠢᠨ ᠭᠤᠤᠯ ᠲᠤᠭᠤᠶᠢᠯᠠᠩ ᠤᠨ 2022 ᠤᠨ ᠤ ᠠᠷᠪᠠᠨ ᠳᠥᠷᠪᠡᠳᠦᠭᠡᠷ ᠤᠳᠠᠭ᠎ᠠ ᠶᠢᠨ  ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠬᠤᠷᠠᠯᠳᠤᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠡ᠂ ᠬᠤᠳᠠ ᠶᠢᠨ ᠨᠠᠮ ᠤᠨ  ᠬᠤᠷᠢᠶᠠᠨ ᠤ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢᠨ ᠲᠤᠰᠬᠠᠢ ᠰᠡᠳᠦᠪᠲᠦ ᠨᠣᠮ ᠤᠩᠰᠢᠬᠤ ᠠᠩᠬᠢ ᠵᠢᠴᠢ  ᠤᠨᠤᠯ ᠤᠨ ᠰᠤᠷᠤᠯᠴᠠᠯᠭ᠎ᠠ ᠶᠢᠨ ᠭᠤᠣᠯ ᠳᠤᠭᠤᠶᠢᠯᠠᠩ ᠤᠨ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ  ᠰᠤᠷᠤᠯᠴᠠᠬᠰᠠᠨ ᠤ ᠬᠠᠮᠲᠤ ᠬᠤᠳᠠ ᠶᠢᠨ ᠠᠷᠠᠳ ᠤᠨ ᠲᠦᠯᠤᠬᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠵᠢᠯ ᠤᠨ  ᠪᠣᠳᠠᠲᠤ ᠪᠠᠶᠢᠳᠠᠯ ᠲᠠᠢ ᠤᠶᠠᠯᠳᠤᠭᠤᠯᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ  ᠨᠠᠶᠢᠳᠠᠪᠤᠷᠢᠵᠢᠭᠤᠯᠬᠤ ᠲᠤᠬᠠᠢ ᠲᠤᠰᠬᠠᠢ ᠰᠡᠳᠦᠪ ᠢᠶᠠᠷ ᠰᠤᠳᠤᠯᠤᠨ ᠶᠠᠷᠢᠯᠴᠠᠵᠠᠢ᠃          ᠬᠤᠲᠠ ᠶᠢᠨ ᠠᠷᠠᠳ ᠤᠨ ᠲᠥᠯᠥ᠋ᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠨᠠᠮ ᠤᠨ ᠳᠤᠭᠤᠶᠢᠯᠠᠩ ᠤᠨ ᠱᠦᠵᠢ᠂  ᠡᠷᠬᠢᠯᠡᠭᠴᠢ ᠵᠠᠩ ᠵᠠᠨ ᠯᠢᠨ ᠬᠤᠷᠠᠯ ᠢ ᠡᠷᠭᠢᠯᠡᠭᠰᠡᠨ ᠤ ᠬᠠᠮᠲᠦ ᠶᠠᠷᠢᠶ᠎ᠠ ᠲᠠᠯᠪᠢᠪᠠ᠃ ᠬᠤᠲᠠ ᠶᠢᠨ ᠠᠷᠠᠳ ᠤᠨ ᠲᠦᠯᠤᠬᠡᠯᠡᠭᠴᠢᠳ ᠤᠨ ᠶᠡᠭᠡ  ᠬᠤᠷᠠᠯ ᠤᠨ ᠪᠠᠶᠢᠩᠭᠤ ᠶᠢᠨ ᠬᠤᠷᠢᠶᠠᠨ ᠤ ᠨᠠᠮ ᠤᠨ ᠳᠤᠭᠤᠶᠢᠯᠠᠩ ᠤᠨ ᠳᠡᠳ᠋ ᠱᠦᠵᠢ᠂ ᠳᠡᠳ᠋ ᠡᠷᠬᠢᠯᠡᠭᠴᠢ ᠱᠢ ᠶᠠᠨ ᠵᠢᠶᠧ᠂ ᠬᠤᠲᠠ ᠶᠢᠨ  ᠠᠷᠠᠳ ᠤᠨ ᠲᠥᠯᠥ᠋ᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠨᠠᠮ ᠤᠨ ᠳᠤᠭᠤᠶᠢᠯᠠᠩ ᠤᠨ ᠪᠦᠷᠢᠯᠳᠦᠬᠦᠨ᠂ ᠳᠡᠳ᠋  ᠡᠷᠬᠢᠯᠡᠭᠴᠢ ᠸᠠᠩ ᠫᠢᠩ᠂ ᠪᠠᠶᠠᠷ᠂ ᠶᠠᠩ ᠶᠦᠨ᠂ ᠵᠣᠣ ᠹᠸᠢ ᠯᠦ ᠬᠤᠷᠠᠯ ᠳᠤ ᠣᠷᠣᠯᠴᠠᠪᠠ᠃ ᠬᠤᠲᠠ ᠶᠢᠨ ᠠᠷᠠᠳ ᠤᠨ  ᠲᠦᠯᠤᠬᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠾᠧ ᠶᠢᠨ ᠬᠤᠷᠠᠯ ᠳᠤ ᠰᠤᠯᠠ ᠣᠷᠣᠯᠴᠠᠪᠠ᠃            ᠬᠤᠷᠠᠯ ᠳᠡᠭᠡᠷ᠎ᠡ ᠱᠢ ᠶᠠᠨ ᠵᠢᠶᠧ᠂ ᠾᠧ ᠶᠢᠨ᠂ ᠸᠠᠩ ᠫᠢᠩ᠂ ᠪᠠᠶᠠᠷ᠂ ᠶᠠᠩ ᠶᠦᠨ᠂ ᠵᠤᠤ ᠹᠸᠢ ᠯᠦ ᠰᠤᠳᠤᠯᠤᠨ ᠶᠠᠷᠢᠯᠴᠠᠬᠤ  ᠶᠠᠷᠢᠶ᠎ᠠ ᠲᠠᠯᠪᠢᠪᠠ᠃            ᠵᠠᠩ ᠵᠠᠨ ᠯᠢᠨ᠂ ᠨᠠᠮ ᠤᠨ ᠬᠤᠷᠢᠳᠤᠭᠠᠷ ᠶᠡᠭᠡ ᠬᠤᠷᠠᠯ ᠪᠣᠯ ᠨᠢᠭᠡᠨ ᠤᠳᠠᠭᠠᠨ ᠤ ᠲᠤᠭ ᠢ ᠥᠨᠳᠥᠷ ᠮᠠᠨᠳᠤᠭᠤᠯᠵᠤ᠂ ᠬᠦᠴᠦᠨ  ᠴᠢᠳᠠᠯ ᠢ ᠨᠢᠭᠲᠠᠷᠠᠭᠤᠯᠤᠨ᠂ ᠪᠦᠯᠬᠦᠮᠳᠡᠨ ᠲᠡᠮᠡᠴᠡᠭᠰᠡᠨ ᠶᠡᠭᠡ ᠬᠤᠷᠠᠯ ᠪᠣᠯᠤᠨ᠎ᠠ᠃ ᠬᠥᠰᠢᠶ᠎ᠡ ᠳᠡᠮᠳᠡᠭ ᠤᠨ ᠴᠢᠨᠠᠷᠲᠠᠶ᠂ ᠴᠠᠭ ᠦᠶ᠎ᠡ ᠶᠢ  ᠵᠠᠭᠠᠭᠯᠠᠭᠰᠠᠨ ᠠᠴᠢ ᠬᠤᠯᠪᠣᠭᠳᠠᠯ ᠲᠠᠢ ᠨᠢᠭᠡᠨ ᠤᠳᠠᠭᠠᠨ ᠤ ᠦᠪᠡᠳᠡᠭᠰᠢ ᠶᠡᠭᠡ ᠬᠤᠷᠠᠯ ᠮᠥᠨ᠂ ᠶᠡᠭᠡ ᠬᠤᠷᠠᠯ ᠨᠢ ᠮᠠᠨ ᠤ ᠨᠠᠮ ᠤᠨ ᠭᠡᠷᠡᠯ  ᠰᠠᠴᠤᠷᠠᠩᠭᠤᠶ ᠲᠡᠦᠬᠡᠨ ᠤᠯᠠ ᠮᠥᠷ ᠢ ᠰᠡᠶᠢᠯᠵᠦ᠂ ᠳᠤᠮᠳᠠᠳᠤ ᠤᠯᠤᠰ ᠤᠨ ᠮᠠᠶᠠᠭ ᠤᠨ ᠣᠳᠣᠬᠢᠴᠢᠯᠠᠯᠲᠠ ᠪᠠᠷ ᠳᠤᠮᠳᠠᠳᠤ ᠶᠢᠨ  ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠦᠬᠦ ᠲᠠᠯ᠎ᠠ ᠪᠠᠷ ᠠᠬᠢᠭᠤᠯᠬᠤ ᠠᠤᠭ᠎ᠠ ᠵᠢᠷᠤᠭ ᠲᠥᠰᠦᠪ ᠢ ᠵᠢᠷᠤᠭᠯᠠᠨ᠂ ᠦᠵᠡᠯ  ᠰᠠᠨᠠᠭ᠎ᠠ ᠪᠠᠨ ᠤᠯᠠᠮ ᠨᠢᠭᠡ ᠠᠯᠬᠤᠮ ᠨᠢᠭᠡᠳᠭᠡᠵᠤ᠂ ᠢᠲᠡᠭᠡᠯ ᠵᠣᠷᠢᠭ ᠢᠶᠠᠨ ᠪᠠᠲᠤᠳᠬᠠᠨ᠂ ᠴᠢᠭᠯᠡᠯ ᠢᠶᠠᠨ ᠲᠣᠳᠣᠷᠬᠠᠶᠢᠯᠠᠵᠤ᠂ ᠲᠡᠮᠡᠴᠡᠯ ᠤᠨ  ᠵᠣᠷᠢᠭ ᠢᠶᠠᠨ ᠬᠥᠪᠴᠢᠯᠡᠨ᠂ ᠰᠢᠨ᠎ᠡ ᠭᠡᠷᠡᠯ ᠰᠠᠴᠤᠷᠠᠩᠭᠤᠢ ᠠᠮᠵᠢᠯᠲᠠ ᠶᠢ ᠦᠷᠭᠦᠯᠵᠢᠯᠡᠨ ᠪᠢᠴᠢᠭᠯᠡᠬᠦ ᠰᠢᠨ᠎ᠡ ᠠᠶᠠᠨ ᠢᠶᠠᠨ ᠡᠬᠢᠯᠡᠭᠦᠯᠪᠡ ᠭᠡᠵᠤ  ᠵᠢᠭᠠᠵᠤ ᠭᠠᠷᠭᠠᠪᠠ᠃           ᠵᠠᠩ ᠵᠠᠨ ᠯᠢᠨ᠂ ᠤᠯᠤᠰ ᠲᠥᠷᠥ ᠶᠢᠨ ᠵᠣᠭᠰᠣᠴᠠ ᠪᠠᠨ ᠪᠠᠳᠤᠳᠬᠠᠵᠤ᠂ ᠪᠠᠷᠢᠮᠵᠢᠶ᠎ᠠ ᠲᠠᠢ ᠬᠠᠷᠭᠤᠭᠤᠯᠤᠨ ᠨᠠᠶᠢᠳᠠᠪᠤᠷᠢᠵᠢᠭᠤᠯᠤᠯᠲᠠ ᠶᠢ  ᠠᠳᠬᠤᠵᠤ᠂ ︽ᠲᠠᠪᠤ ᠶᠢ ᠪᠠᠲᠤ ᠡᠵᠡᠮᠳᠡᠬᠦ︾ ᠴᠢᠬᠤᠯᠠ ᠱᠠᠭᠠᠷᠳᠠᠯᠭ᠎ᠠ ᠶᠢ ᠭᠦᠨᠵᠡᠭᠡᠶ ᠣᠶᠢᠯᠠᠭᠠᠨ᠂ ᠦᠵᠡᠯ ᠰᠠᠨᠠᠭ᠎ᠠ᠂ ᠬᠠᠷᠠᠯᠲᠠ᠂ ᠠᠷᠭ᠎ᠠ  ᠬᠡᠮᠵᠢᠶ᠎ᠡ ᠶᠢᠨ ᠲᠠᠯ᠎ᠠ ᠪᠠᠷ ᠪᠠᠷᠢᠮᠵᠢᠶ᠎ᠠ ᠲᠠᠢ ᠬᠠᠷᠭᠤᠭᠤᠯᠵᠤ᠂ ᠰᠤᠷᠤᠯᠴᠠᠨ ᠲᠤᠭᠤᠰᠢᠯᠠᠭᠤᠯᠵᠤ ᠠᠵᠢᠯᠯᠠᠬᠤ ᠲᠠᠯ᠎ᠠ ᠪᠠᠷ ᠤᠯᠠᠮ ᠨᠢᠭᠡ ᠠᠯᠬᠤᠮ  ᠭᠦᠨᠵᠡᠭᠡᠶᠢᠷᠡᠭᠦᠯᠬᠦ ᠪᠠᠷ ᠴᠢᠷᠮᠠᠶᠢᠬᠤ ᠬᠡᠷᠡᠭᠲᠡᠶ᠃ ᠠᠵᠢᠯ ᠤᠨ ᠠᠷᠭ᠎ᠠ ᠬᠡᠮᠵᠢᠶ᠎ᠡ ᠪᠠᠨ ᠴᠢᠩᠭ᠎ᠠ ᠪᠣᠳᠠᠲᠠᠶᠢᠵᠢᠭᠤᠯᠵᠤ᠂ ᠪᠣᠳᠠᠲᠤ ᠦᠷ᠎ᠡ  ᠪᠦᠲᠦᠮᠵᠢ ᠶᠢ ᠡᠷᠬᠢᠮᠯᠡᠨ ᠨᠠᠶᠢᠳᠠᠪᠤᠷᠢᠵᠢᠭᠤᠯᠤᠯᠲᠠ ᠶᠢ ᠠᠳᠬᠤᠵᠤ᠂ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ  ᠪᠠ ᠬᠤᠲᠠ ᠶᠢᠨ ᠨᠠᠮ ᠤᠨ ᠬᠤᠷᠢᠶᠠᠨ ᠤ ᠠᠵᠢᠯ ᠤᠨ ᠱᠠᠭᠠᠷᠳᠠᠯᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠲᠣᠭᠤᠷᠢᠨ ᠳᠤ᠂  ᠠᠷᠠᠳ ᠤᠨ ᠲᠦᠯᠤᠬᠡᠯᠡᠭᠴᠢᠳ ᠤᠨ ᠶᠡᠭᠡ ᠬᠤᠷᠠᠯ ᠤᠨ ᠡᠭᠦᠷᠭᠡ ᠬᠠᠷᠢᠭᠤᠴᠠᠯᠭ᠎ᠠ ᠶᠢ ᠡᠭᠦᠷᠭᠡᠯᠡᠨ᠂ ᠭᠠᠵᠠᠷ ᠣᠷᠣᠨ ᠤ ᠠᠵᠤ ᠠᠬᠤᠶ ᠶᠢᠨ  ᠴᠢᠨᠠᠷ ᠰᠠᠶᠢᠲᠠᠶ ᠬᠥᠭᠵᠢᠯᠲᠡ ᠳᠤ ᠦᠢᠯᠡᠴᠢᠯᠡᠬᠦ ᠶᠠᠪᠤᠴᠠ ᠳᠤ ᠠᠷᠠᠳ ᠤᠨ  ᠲᠦᠯᠤᠬᠡᠯᠡᠭᠴᠢᠳ ᠤᠨ ᠶᠡᠭᠡ ᠬᠤᠷᠠᠯ ᠤᠨ ᠡᠭᠦᠷᠭᠡᠯᠡᠪᠡᠰᠦ ᠵᠣᠬᠢᠬᠤ  ᠬᠠᠷᠢᠭᠤᠴᠠᠯᠭ᠎ᠠ ᠪᠠ ᠡᠭᠦᠷᠭᠡᠯᠡᠯ ᠢ ᠦᠨᠡᠨ ᠬᠦ ᠭᠦᠶ᠋ᠴᠡᠳᠭᠡᠬᠦ ᠬᠡᠷᠡᠭᠲᠡᠶ᠃ ᠴᠢᠳᠠᠪᠤᠷᠢ ᠬᠡᠪ ᠪᠣᠯᠪᠠᠰᠤᠷᠠᠯ ᠢᠶᠠᠨ ᠳᠡᠭᠡᠭᠰᠢᠯᠡᠭᠦᠯᠵᠦ  ᠬᠠᠷᠢᠭᠤᠴᠠᠯᠭ᠎ᠠ ᠪᠠᠨ ᠭᠦᠢᠴᠡᠳᠭᠡᠨ ᠨᠠᠶᠢᠳᠠᠪᠤᠷᠢᠵᠢᠭᠤᠯᠤᠯᠲᠠ ᠶᠢ ᠠᠳᠬᠤᠵᠤ᠂ ᠰᠢᠨ᠎ᠡ ᠴᠠᠭ ᠦᠶ᠎ᠡ ᠶᠢᠨ ᠨᠠᠮ ᠤᠨ ᠪᠠᠶᠢᠭᠤᠯᠤᠯᠲᠠ ᠶᠢᠨ  ᠶᠡᠷᠦᠩᠬᠡᠢ ᠱᠠᠭᠠᠷᠳᠠᠯᠭ᠎ᠠ ᠶᠢ ᠨᠠᠷᠢᠨ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠨᠠᠮ ᠤᠨ ᠰᠤᠷᠲᠠᠯ ᠴᠢᠬᠡᠴᠢ ᠵᠠᠰᠠᠭ ᠤᠨ  ᠪᠠᠶᠢᠭᠤᠯᠤᠯᠲᠠ ᠶᠢᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠡᠷᠡᠰ ᠡᠭᠦᠷᠭᠡᠯᠡᠨ᠂ ︽ᠨᠢᠭᠡ ᠠᠵᠢᠯ ᠤᠨ ᠪᠠᠶᠢᠷᠢ ᠶᠢᠨ ᠬᠤᠤᠰ  ᠬᠠᠷᠢᠭᠤᠴᠠᠯᠭ᠎ᠠ︾ ᠶᠢᠨ ᠬᠠᠷᠢᠭᠤᠴᠠᠯᠭ᠎ᠠ ᠶᠢᠨ ᠲᠦᠷᠢᠮ ᠢ ᠰᠠᠶᠢᠲᠤᠷ ᠭᠦᠢᠴᠡᠳᠭᠡᠵᠦ᠂ ︽ᠤᠯᠤᠰ ᠲᠦᠷᠦ ᠶᠢᠨ ᠲᠠᠯ᠎ᠠ ᠪᠠᠷ ᠡᠷᠡᠰ ᠪᠠᠲᠤ᠂  ᠠᠷᠠᠳ ᠲᠦᠮᠡᠨ ᠳᠤ ᠦᠢᠯᠡᠴᠢᠯᠡᠬᠦ᠂ ᠬᠠᠤᠯᠢ ᠪᠠᠷ ᠵᠠᠰᠠᠬᠤ ᠶᠢ ᠬᠦᠨᠳᠦᠳᠭᠡᠬᠦ᠂ ᠠᠷᠠᠳᠴᠢᠯᠠᠯ ᠢ ᠪᠠᠳᠠᠷᠠᠭᠤᠯᠬᠤ᠂ ᠬᠠᠷᠢᠭᠤᠴᠠᠯᠭ᠎ᠠ ᠪᠠᠨ  ᠬᠢᠴᠢᠶᠡᠨ ᠭᠦᠢᠴᠡᠳᠭᠡᠬᠦ︾ ᠰᠢᠨ᠎ᠡ ᠴᠠᠭ ᠦᠶ᠎ᠡ ᠶᠢᠨ ᠠᠷᠠᠳ ᠤᠨ ᠲᠦᠯᠤᠬᠡᠯᠡᠭᠴᠢᠳ ᠤᠨ ᠶᠡᠭᠡ ᠬᠤᠷᠠᠯ ᠤᠨ ᠠᠵᠢᠯ ᠤᠨ ᠡ᠊ᠩᠨᠡᠭᠡ ᠶᠢ  ᠴᠢᠷᠮᠠᠶᠢᠨ ᠴᠤᠬᠴᠠᠯᠠᠵᠤ᠂ ᠨᠠᠮ ᠰᠡᠳᠭᠢᠯ ᠠᠮᠤᠷ᠂ ᠠᠷᠠᠳ ᠲᠦᠮᠡᠨ ᠰᠡᠳᠭᠢᠯ ᠬᠠᠨᠤᠮᠵᠢᠲᠠᠢ ᠪᠠᠶᠢᠬᠤ ︽ᠲᠦᠷᠪᠡᠨ ᠪᠠᠶᠢᠭᠤᠯᠭ᠎ᠠ︾ ᠶᠢ  ᠪᠠᠶᠢᠭᠤᠯᠬᠤ ᠬᠡᠷᠡᠭᠲᠠᠢ ᠭᠡᠵᠦ ᠱᠠᠭᠠᠷᠳᠠᠪᠠ᠃  
ᠢᠷᠡᠯᠲᠡ᠄ ᠤᠷᠳᠤᠰ ᠤᠨ ᠮᠤᠩᠭᠤᠯ ᠭᠡᠯᠡᠨ ᠤ ᠰᠤᠨᠢᠨ ᠮᠡᠳᠡᠭᠡᠨ ᠤ ᠰᠦᠯᠵᠢᠶ᠎ᠡ