ᠬᠤᠳᠠ ᠶᠢᠨ ᠤᠯᠤᠰ ᠲᠦᠷᠦ ᠶᠢᠨ ᠵᠦᠪᠯᠡᠯᠭᠡᠨ ᠤ ᠲᠡᠪᠤᠳᠤᠭᠠᠷ ᠬᠤᠭᠤᠴᠠᠭᠠᠨ ᠤ ᠨᠠᠢᠮᠠᠳᠤᠭᠠᠷ ᠤᠳᠠᠭ᠎ᠠ ᠶᠢᠨ ᠲᠡᠷᠢᠭᠦᠯᠡᠭᠴᠢᠳ ᠤᠨ ᠬᠤᠷᠡᠯ ᠬᠤᠷᠡᠯᠳᠤᠪᠡ
ᠨᠡᠶᠢᠲᠡᠯᠡᠭᠰᠡᠨ ᠴᠠᠭ᠄
2022/11/17
      ᠤᠶᠢᠷ᠎ᠠ ᠶᠢᠨ ᠡᠳᠦᠷ᠂ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠲᠠᠪᠤᠳᠤᠭᠠᠷ ᠬᠤᠭᠤᠴᠠᠭᠠᠨ ᠤ ᠨᠠᠢᠮᠠᠳᠤᠭᠠᠷ ᠤᠳᠠᠭ᠎ᠠ ᠶᠢᠨ  ᠲᠡᠷᠢᠭᠦᠯᠡᠭᠴᠢᠳ ᠤᠨ ᠬᠤᠷᠡᠯ ᠬᠤᠷᠡᠯᠳᠤᠪᠡ᠃ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠨᠠᠮ ᠤᠨ ᠳᠤᠭᠤᠶᠢᠯᠠᠩ ᠤᠨ ᠳᠡᠳ᠋ ᠱᠦᠵᠢ᠂  ᠳᠡᠳ᠋ ᠲᠡᠷᠢᠭᠦᠯᠡᠭᠴᠢ ᠴᠢᠶᠣᠤ ᠮᠢᠩ ᠬᠤᠷᠠᠯ ᠢ ᠡᠷᠭᠢᠯᠡᠭᠰᠡᠨ ᠤ ᠬᠠᠮᠳᠤ ᠶᠠᠷᠢᠶ᠎ᠠ ᠲᠠᠯᠪᠢᠵᠡᠢ᠃             ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠤᠳᠤᠷᠢᠳᠬᠤ ᠪᠠᠭ ᠤᠨ ᠪᠦᠷᠢᠯᠳᠦᠬᠦᠨ ᠮ᠊ ᠭᠠᠷᠤᠳᠢ᠂ ᠵᠢᠷᠭᠠᠯᠳᠤ᠂ ᠵᠢᠶ ᠬᠧᠩ  ᠶᠦᠨ ᠂ ᠶᠢᠨ ᠭᠤᠸᠠᠩ ᠵᠢᠶᠦ᠋ᠨ᠂ ᠤᠯᠠᠭᠠᠨ᠂ ᠹᠠᠩ ᠵᠢᠶᠠᠨ ᠬᠤᠸᠠ᠂  ᠭᠤᠤ ᡁᠢ ᠬᠤᠸᠠ᠂ ᠯᠢ ᠮᠧᠶ ᠷᠦᠩ ᠬᠤᠷᠠᠯ ᠳᠤ ᠣᠷᠣᠯᠴᠠᠪᠠ᠃          ᠬᠤᠷᠡᠯ ᠠᠴᠠ ︽ᠬᠠᠮᠳᠤ ᠶᠢᠨ ᠲᠡᠨᠢᠯᠳᠡ ᠶᠢ ᠨᠢᠬᠳᠠᠷᠠᠭᠤᠯᠬᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠭᠡᠷᠡᠭᠵᠢᠭᠦᠯᠭᠦ ᠰᠠᠨᠠᠯ︾ ᠂ ︽ᠤᠷᠳᠤᠰ ᠬᠤᠳᠠ ᠶᠢᠨ ᠤᠯᠤᠰ ᠲᠦᠷᠦ ᠶᠢᠨ ᠵᠥᠪᠯᠡᠯᠭᠡᠨ ᠤ ᠪᠠᠶᠢᠴᠠᠭᠠᠨ ᠰᠤᠳᠤᠯᠬᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ  ᠬᠡᠷᠡᠭᠵᠢᠭᠦᠯᠬᠦ ᠠᠷᠭ᠎ᠠ︾᠂ ︽ᠰᠢᠨ᠎ᠡ ᠴᠠᠭ ᠦᠶ᠎ᠡ ᠶᠢᠨ ᠬᠤᠳᠠ᠂ ᠬᠤᠰᠢᠭᠤ ᠲᠤᠭᠤᠷᠢᠭ ᠤᠨ ᠤᠯᠤᠰ ᠲᠦᠷᠦ ᠶᠢᠨ ᠵᠥᠪᠯᠡᠯᠭᠡᠨ ᠤ ᠠᠵᠢᠯ ᠢ  ᠴᠢᠩᠭᠠᠳᠬᠠᠨ ᠰᠠᠶᠢᠵᠢᠷᠠᠭᠤᠯᠬᠤ ᠲᠤᠬᠠᠢ ᠬᠡᠷᠡᠭᠵᠢᠭᠦᠯᠬᠦ ᠠᠷᠭ᠎ᠠ︾ ᠪᠠ ︽ᠰᠢᠨ᠎ᠡ ᠴᠠᠭ ᠦᠶ᠎ᠡ ᠶᠢᠨ ᠠᠷᠠᠳ ᠤᠨ ᠤᠯᠤᠰ ᠲᠦᠷᠦ ᠶᠢᠨ  ᠵᠥᠪᠯᠡᠯᠭᠡᠨ ᠤ ᠰᠠᠨᠠᠯ ᠳᠤᠷᠠᠳᠤᠯᠭ᠎ᠠ ᠶᠢ ᠰᠢᠢᠳᠪᠦᠷᠢᠯᠡᠬᠦ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠬᠡᠷᠡᠭᠵᠢᠭᠦᠯᠬᠦ ᠰᠠᠨᠠᠯ︾ ᠢ ᠭᠢᠨᠡᠨ  ᠵᠦᠪᠯᠡᠵᠤ ᠪᠠᠳᠤᠯᠠᠪᠡ᠃           ᠬᠤᠷᠠᠯ ᠠᠴᠠ ᠰᠢᠨ᠎ᠡ ᠴᠠᠭ ᠦᠶ᠎ᠡ ᠠᠴᠠ ᠤᠯᠤᠰ ᠲᠥᠷᠥ ᠶᠢᠨ ᠵᠥᠪᠯᠡᠯᠭᠡᠨ ᠳᠤ ᠤᠯᠭᠤᠬᠰᠡᠨ ᠬᠠᠮᠳᠤ ᠶᠢᠨ ᠲᠡᠨᠢᠯᠳᠡ ᠶᠢ  ᠨᠢᠬᠳᠠᠷᠠᠭᠤᠯᠬᠤ ᠬᠠᠷᠡᠯᠳᠡ ᠡᠭᠦᠷᠭᠡ ᠶᠢ ᠪᠦᠷᠢᠨ ᠪᠦᠳᠦᠨ᠂ ᠵᠦᠪ ᠤᠨᠤᠪᠴᠢᠳᠡᠢ᠂ ᠪᠦᠭᠦ ᠲᠡᠯ᠎ᠡ ᠪᠠᠷ ᠡᠵᠡᠮᠳᠡᠵᠤ᠂ ᠤᠯᠤᠰ ᠲᠥᠷᠥ ᠶᠢᠨ  ᠵᠥᠪᠯᠡᠯᠭᠡ ᠬᠢᠬᠦ᠂ ᠠᠷᠠᠳᠴᠢᠯᠠᠯ ᠢᠶᠠᠷ ᠬᠢᠨᠠᠯᠲᠠ ᠲᠠᠯᠪᠢᠬᠤ᠂ ᠲᠦᠷᠦ ᠶᠢᠨ ᠶᠠᠪᠤᠳᠠᠯ ᠳᠤ ᠣᠷᠣᠯᠴᠠᠨ ᠲᠥᠷᠥ ᠶᠢᠨ ᠶᠠᠪᠤᠳᠡᠯ ᠢ ᠵᠥᠪᠯᠡᠬᠦ ᠬᠢᠷᠢ  ᠲᠦᠪᠰᠢᠨ ᠢ ᠪᠥᠬᠦ ᠲᠠᠯ᠎ᠠ ᠪᠠᠷ ᠳᠡᠭᠡᠭᠰᠢᠯᠡᠭᠦᠯᠵᠦ᠂ ᠮᠠᠨ ᠤ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠬᠠᠮᠲᠤ ᠶᠢᠨ ᠲᠠᠨᠢᠯᠲᠠ ᠶᠢ  ᠨᠢᠭᠲᠠᠷᠠᠭᠤᠯᠬᠤ ᠠᠵᠢᠯ ᠤᠨ ᠴᠢᠨᠠᠷᠵᠢᠯ ᠢ ᠲᠡᠬᠡᠭᠰᠢᠯᠡᠬᠦᠯᠤᠨ ᠦᠷ᠎ᠡ ᠠᠰᠢᠭ ᠢ ᠨᠡᠮᠡᠭᠳᠡᠭᠦᠯᠬᠦ᠂ ᠰᠢᠨ᠎ᠡ ᠶᠢ ᠡᠭᠦᠳᠦᠨ ᠬᠥᠭᠵᠢᠭᠦᠯᠬᠦ ᠶᠢ  ᠲᠠᠰᠤᠷᠠᠯᠲᠠ ᠥᠬᠡᠢ ᠠᠭᠢᠭᠤᠯᠬᠤ ᠭᠡᠷᠡᠭᠳᠡᠢ᠃ ᠰᠢᠨ᠎ᠡ ᠴᠠᠭ ᠦᠶ᠎ᠡ ᠶᠢᠨ ᠮᠠᠨ ᠤ ᠬᠤᠲᠠ ᠶᠢᠨ ᠠᠷᠠᠳ ᠤᠨ ᠤᠯᠤᠰ ᠲᠥᠷᠥ ᠶᠢᠨ  ᠵᠥᠪᠯᠡᠯᠭᠡᠨ ᠤ ᠠᠵᠢᠯ ᠢ ᠤᠯᠠᠮ ᠨᠢᠭᠡ ᠠᠯᠬᠤᠮ ᠴᠢᠩᠭᠠᠳᠬᠠᠨ ᠰᠠᠶᠢᠵᠢᠷᠠᠭᠤᠯᠵᠤ᠂ ᠦᠢᠯᠡᠳᠦᠯᠭᠡ ᠶᠢᠨ ᠰᠦᠪᠡᠭᠴᠢᠯᠡᠯᠲᠡ ᠶᠢ ᠴᠢᠩᠭᠠᠳᠬᠠᠨ᠂  ᠳᠦᠷᠢᠮ ᠤᠨ ᠰᠢᠨ᠎ᠡ ᠡᠭᠦᠳᠦᠯᠲᠡ ᠶᠢ ᠠᠬᠢᠭᠤᠯᠵᠤ᠂ ᠶᠠᠪᠤᠴᠡ ᠨᠢ ᠵᠦᠢ ᠵᠣᠬᠢᠰᠲᠠᠢ᠂ ᠭᠤᠭᠴᠤᠭ᠎ᠠ ᠨᠢ ᠪᠦᠷᠢᠨ ᠪᠦᠲᠦᠨ ᠵᠥᠪᠯᠡᠬᠦ  ᠠᠷᠠᠳᠴᠢᠯᠠᠯ ᠤᠨ ᠲᠤᠬᠳᠠᠯᠴᠠᠭ᠎ᠠ ᠶᠢ ᠢᠳᠡᠪᠬᠢᠲᠡᠢ ᠪᠠᠷ ᠪᠠᠶᠢᠭᠤᠯᠬᠤ ᠬᠡᠷᠡᠭᠲᠡᠢ᠃ ᠰᠠᠨᠠᠯ ᠳᠤᠷᠠᠳᠤᠯᠭ᠎ᠠ ᠶᠢ ᠰᠢᠢᠳᠪᠦᠷᠢᠯᠡᠬᠦ ᠴᠢᠨᠠᠷ  ᠴᠢᠨᠰᠠᠭ᠎ᠠ ᠶᠢ ᠳᠡᠭᠡᠭᠰᠢᠯᠡᠭᠦᠯᠬᠦ ᠴᠢᠬᠤᠯᠠ ᠴᠢᠨᠠᠷ ᠪᠣᠯᠤᠨ ᠲᠤᠯᠭᠠᠮ ᠴᠢᠨᠠᠷ ᠢ ᠭᠦᠨᠵᠡᠭᠡᠢ ᠲᠠᠨᠢᠵᠤ᠂ ᠤᠯᠤᠰ ᠲᠦᠷᠦ ᠶᠢᠨ ᠵᠥᠪᠯᠡᠯᠭᠡᠨ ᠤ ᠰᠠᠨᠠᠯ  ᠳᠤᠷᠠᠳᠤᠯᠭ᠎ᠠ ᠶᠢ ᠰᠢᠢᠳᠪᠦᠷᠢᠯᠡᠬᠦ ᠠᠵᠢᠯ ᠢ ᠠᠷᠠᠳᠴᠢᠯᠠᠯ ᠢᠶᠠᠷ ᠦᠨᠡᠯᠡᠬᠦ ᠠᠷᠭ᠎ᠠ ᠲᠤᠷᠰᠢᠯᠭ᠎ᠠ ᠶᠢ ᠬᠢᠨᠠᠮᠠᠭᠠᠢ ᠳ᠋ᠦᠩᠨᠡᠨ᠂ ᠰᠢᠨ᠎ᠡ ᠴᠠᠭ  ᠦᠶ᠎ᠡ ᠶᠢᠨ ᠤᠯᠤᠰ ᠲᠦᠷᠦ ᠶᠢᠨ ᠵᠥᠪᠯᠡᠯᠭᠡᠨ ᠤ ᠰᠠᠨᠠᠯ ᠳᠤᠷᠠᠳᠤᠯᠭ᠎ᠠ ᠶᠢ ᠰᠢᠢᠳᠪᠦᠷᠢᠯᠡᠬᠦ ᠠᠵᠢᠯ ᠢ ᠪᠦᠬᠦ ᠲᠠᠯ᠎ᠠ ᠪᠠᠷ ᠰᠠᠶᠢᠲᠤᠷ ᠬᠢᠬᠦ ᠬᠡᠷᠡᠭᠲᠡᠢ  ᠭᠡᠵᠤ ᠴᠢᠬᠤᠯᠠᠴᠢᠯᠡᠪᠡ᠃
ᠢᠷᠡᠯᠲᠡ᠄ ᠤᠷᠳᠤᠰ ᠤᠨ ᠮᠤᠩᠭᠤᠯ ᠭᠡᠯᠡᠨ ᠤ ᠰᠤᠨᠢᠨ ᠮᠡᠳᠡᠭᠡᠨ ᠤ ᠰᠦᠯᠵᠢᠶ᠎ᠡ