ᠯᠢ ᠯᠢ ᠳ᠋ᠦᠩᠱᠧᠩ ᠲᠤᠭᠤᠷᠢᠭ ᠬᠢᠶ᠎ᠡ ᠪᠠᠭᠰᠢ ᠲᠤᠭᠤᠷᠢᠭ ᠲᠤ ᠬᠦᠷᠴᠤ ᠬᠢᠵᠢᠭ ᠤᠨ ᠪᠠᠶᠢᠳᠠᠯ ᠢ ᠰᠡᠷᠬᠡᠶᠢᠯᠡᠨ ᠡᠵᠡᠮᠳᠡᠬᠦ ᠠᠵᠢᠯ ᠢ ᠪᠠᠶᠢᠴᠠᠭᠠᠨ ᠰᠤᠳᠤᠯᠵᠤ ᠵᠢᠯᠤᠭᠤᠳᠴᠠᠢ
ᠨᠡᠶᠢᠲᠡᠯᠡᠭᠰᠡᠨ ᠴᠠᠭ᠄
2022/11/2
     ᠦᠢᠷ᠎ᠡ ᠶᠢᠨ ᠡᠳᠤᠷ᠂ ᠬᠤᠳᠠ ᠶᠢᠨ ᠨᠠᠮ ᠤᠨ ᠬᠤᠷᠢᠶᠠᠨ ᠤ ᠱᠦᠵᠢ ᠯᠢ ᠯᠢ ᠳ᠋ᠦᠩᠱᠧᠩ ᠲᠤᠭᠤᠷᠢᠭ᠂ ᠬᠢᠶ᠎ᠡ ᠪᠠᠭᠰᠢ ᠲᠤᠭᠤᠷᠢᠭ ᠲᠤ ᠬᠦᠷᠴᠤ ᠬᠢᠵᠢᠭ ᠤᠨ ᠪᠠᠶᠢᠳᠠᠯ ᠢ ᠰᠡᠷᠬᠡᠶᠢᠯᠡᠨ ᠡᠵᠡᠮᠳᠡᠬᠦ ᠠᠵᠢᠯ ᠢ ᠪᠠᠶᠢᠴᠠᠭᠠᠨ ᠰᠤᠳᠤᠯᠵᠤ ᠵᠢᠯᠤᠭᠤᠳᠪᠡ᠃  ᠦᠪᠤᠷ ᠮᠤᠩᠭᠤᠯ ᠤᠨ ᠦᠨᠳᠤᠰᠤᠳᠡᠨ ᠤ ᠴᠡᠴᠡᠷᠯᠢᠭ ᠤᠨ ᠪᠠᠭᠰᠢ ᠶᠢᠨ ᠰᠤᠷᠭᠠᠭᠤᠯᠢ ᠳᠤ᠂ ᠲᠠᠷᠠ ᠰᠤᠷᠭᠠᠭᠤᠯᠢ ᠶᠢᠨ ᠬᠦᠷᠢᠶᠡᠨ ᠤ ᠬᠠᠮᠢᠶᠠᠷᠤᠯᠳᠠ᠂ ᠠᠷᠤ ᠲᠠᠯ᠎ᠠ ᠶᠢᠨ ᠦᠢᠯᠡᠴᠢᠯᠠᠬᠡᠨ ᠤ ᠪᠠᠳᠤᠯᠠᠭ᠎ᠠ ᠵᠡᠷᠬᠡ ᠪᠠᠶᠢᠳᠠᠯ ᠢ ᠨᠠᠷᠢᠨ ᠦᠢᠯᠠᠭᠠᠪᠠ᠃ ᠲᠠᠷᠠ᠂ ᠰᠤᠷᠭᠠᠭᠤᠯᠢ ᠶᠢᠨ ᠡᠬᠦᠳᠡ ᠪᠠᠷ ᠤᠷᠤᠵᠤ ᠭᠠᠷᠬᠤ ᠵᠠᠮ ᠢ ᠴᠢᠩᠭ᠎ᠠ ᠬᠠᠮᠢᠶᠠᠷᠴᠤ᠂ ᠰᠤᠷᠭᠠᠭᠤᠯᠢ ᠶᠢᠨ ᠬᠦᠷᠢᠶᠠᠨ ᠤ ᠬᠠᠮᠢᠶᠠᠷᠤᠯᠳᠠ ᠡᠵᠡᠮᠳᠡᠯ ᠢ ᠴᠢᠩᠭᠠᠳᠬᠠᠨ᠂ ᠪᠠᠭᠰᠢ ᠰᠤᠷᠤᠭᠴᠢᠳ ᠤᠨ ᠪᠤᠳᠠᠳᠡᠢ ᠬᠦᠴᠢᠷᠳᠡᠯ ᠢ ᠲᠤᠬᠢᠳᠡᠢ ᠰᠢᠢᠳᠪᠤᠷᠢᠯᠡᠵᠤ᠂ ᠰᠤᠷᠭᠠᠭᠤᠯᠢ ᠶᠢᠨ ᠬᠦᠷᠢᠶᠡᠨ ᠤ ᠬᠢᠵᠢᠭ ᠤᠨ ᠪᠠᠶᠢᠳᠠᠯ ᠢ ᠰᠡᠷᠬᠡᠶᠢᠯᠡᠨ ᠡᠵᠡᠮᠳᠡᠬᠦ ᠠᠮᠤᠷ ᠲᠦᠪᠰᠢᠨ ᠤ ᠰᠡᠷᠬᠡᠶᠢᠯᠡᠯᠳᠡ ᠶᠢᠨ ᠱᠤᠭᠤᠮ ᠢ ᠪᠠᠳᠤ ᠴᠤᠭᠴᠠᠯᠠᠬᠤ ᠬᠡᠷᠡᠭᠳᠡᠢ ᠬᠡᠪᠡ᠃      ᠳ᠋ᠦᠩᠱᠧᠩ ᠲᠤᠭᠤᠷᠢᠭ ᠤᠨ ᠨᠢᠬᠡᠨ ᠲᠤᠰᠠᠭᠠᠷᠯᠠᠬᠤ ᠪᠠᠭᠤᠳᠠᠯ ᠳᠤ᠂ ᠲᠠᠷᠠ《 ᠭᠤᠷᠪᠠᠨ ᠲᠤᠭᠤᠷᠢᠭ ᠬᠤᠶᠠᠷ ᠵᠠᠮ》 ‍ᠤᠨ‌‍ᠪᠠᠶᠢᠷᠢᠯᠠᠭᠤᠯᠤᠯᠳᠠ᠂ ᠠᠵᠢᠯᠳᠠᠨ ᠤ ᠲᠤᠬᠢᠷᠠᠭᠤᠯᠤᠯᠳᠠ ᠵᠡᠷᠬᠡ ᠪᠠᠶᠢᠳᠠᠯ ᠢ ᠨᠠᠷᠢᠨ ᠯᠠᠪᠯᠠᠨ ᠠᠰᠠᠭᠤᠪᠠ᠃ ᠲᠠᠷᠡ᠂ ᠲᠤᠰᠠᠭᠠᠷᠯᠠᠬᠤ ᠴᠡᠭ ‍ᠤᠨ‌ᠠᠵᠢᠯ ᠤᠨ ᠲᠤᠭᠳᠠᠴᠠ ᠶᠢ ᠪᠦᠷᠢᠨᠰᠢᠬᠦᠯᠤᠨ ᠲᠡᠬᠦᠯᠳᠡᠷᠵᠢᠬᠦᠯᠵᠤ᠂ ᠠᠵᠢᠯᠳᠠᠨ ᠤ ᠰᠡᠷᠬᠡᠶᠢᠯᠡᠨ ᠬᠠᠮᠠᠭᠠᠯᠠᠯᠳᠠ ᠶᠢᠨ ᠪᠤᠯᠪᠠᠰᠤᠷᠠᠭᠤᠯᠤᠯ ᠢ ᠴᠢᠩᠭᠠᠳᠬᠠᠨ᠂ ᠠᠵᠢᠯᠯᠠᠬᠤ ᠶᠠᠪᠤᠴᠠ ᠶᠢ ᠴᠢᠩᠭ᠎ᠠ ᠵᠢᠷᠤᠮᠵᠢᠭᠤᠯᠵᠤ᠂ ᠡᠷᠬᠢᠨ ᠲᠤᠭᠤᠷᠢᠨ ᠤ ᠤᠯᠡᠨ ᠲᠦᠮᠡᠨ ᠢ ᠬᠦᠳᠤᠯᠤᠨ ᠵᠢᠯᠤᠭᠤᠳᠵᠤ ᠪᠠᠶᠢᠭᠠᠳ ᠬᠤᠪᠢ ᠬᠦᠮᠤᠨ ᠤ ᠰᠡᠷᠬᠡᠶᠢᠯᠡᠯᠳᠠ ᠬᠠᠮᠠᠭᠠᠯᠠᠯᠳᠠ ᠶᠢ ᠰᠠᠶᠢᠳᠤᠷ ᠬᠢᠯᠬᠡᠵᠤ᠂ ᠰᠤᠯᠪᠢᠯᠴᠠᠨ ᠬᠠᠯᠳᠠᠪᠤᠷᠢᠯᠠᠬᠤ ᠪᠠ ᠬᠢᠵᠢᠭ ᠤᠨ ᠪᠠᠶᠢᠳᠠᠯ ᠤᠨ ᠭᠠᠳᠠᠭᠰᠢ ᠪᠠᠨ ᠬᠠᠯᠳᠠᠪᠤᠷᠢᠯᠠᠭᠳᠠᠬᠤ ᠶᠢ ᠡᠷᠡᠰ ᠰᠡᠷᠬᠡᠶᠢᠯᠡᠬᠦ ᠬᠡᠷᠡᠭᠳᠡᠢ ᠬᠡᠵᠡᠢ᠃        ᠳ᠋ᠦᠩᠱᠧᠩ ᠲᠤᠭᠤᠷᠢᠭ ᠤᠨ ᠪᠦᠬᠦ ᠠᠷᠠᠳ ᠤᠨ ᠪᠠᠶ᠎ᠡ ᠴᠢᠬᠢᠷᠠᠭᠵᠢᠭᠤᠯᠬᠤ ᠬᠦᠳᠡᠯᠬᠡᠬᠡᠨ ᠤ ᠲᠦᠪ ᠤᠨ ᠴᠢᠩᠬᠡᠯᠢᠭ ᠡᠮᠨᠡᠯᠬᠡ ᠶᠢᠨ ᠬᠤᠷᠢᠶᠠᠨ ᠳᠤ᠂ ᠲᠡᠷᠡ ᠤᠷᠤ  ᠶᠢᠨ ᠪᠠᠭᠳᠠᠭᠠᠮᠵᠢ᠂ ᠰᠠᠯᠬᠢ ᠨᠡᠪᠳᠠᠷᠡᠬᠦᠯᠤᠨ ᠲᠤᠯᠠᠭᠠᠯᠠᠭ᠎ᠠ ᠬᠠᠩᠭᠠᠬᠤ᠂ ᠪᠤᠬᠢᠷ ᠬᠠᠶᠠᠭᠳᠠᠮᠠᠯ ᠪᠤᠳᠠᠰ ᠢ ᠰᠢᠢᠳᠪᠤᠷᠢᠯᠡᠬᠦ ᠵᠡᠷᠬᠡ ᠪᠠᠶᠢᠳᠠᠯ ᠢ ᠨᠠᠷᠢᠨ ᠦᠢᠯᠠᠭᠠᠪᠠ᠃ ᠲᠠᠷᠠ᠂ ᠡᠳ᠋ ᠪᠤᠳᠠᠰ ᠪᠤᠯᠤᠨ ᠠᠵᠢᠯᠳᠠᠨ ᠤ ᠬᠦᠴᠤᠨ ᠤ ᠲᠤᠬᠢᠷᠠᠭᠤᠯᠤᠯᠳᠠ ᠶᠢ ᠨᠢᠬᠡᠳᠤᠯᠳᠡᠢ ᠲᠦᠯᠤᠪᠯᠡᠵᠤ᠂ ᠪᠦᠳᠤᠬᠡᠨ ᠪᠠᠶᠢᠭᠤᠯᠤᠯᠳᠠ ᠶᠢᠨ ᠠᠬᠢᠴᠠ ᠶᠢ ᠲᠦᠷᠬᠡᠳᠬᠡᠨ᠂ ᠬᠡᠵᠢᠶ᠎ᠡ ᠴᠤ ᠠᠮᠤᠷ ᠲᠦᠪᠰᠢᠨ ᠪᠦᠬᠡᠳ ᠪᠦᠳᠤᠮᠵᠢᠳᠡᠢ ᠪᠠᠷ ᠠᠵᠢᠯᠯᠠᠭᠤᠯᠬᠤ ᠶᠢ ᠪᠠᠳᠤᠯᠠᠬᠤ ᠬᠡᠷᠡᠭᠳᠡᠢ ᠬᠡᠪᠡ᠃        ᠳ᠋ᠦᠩᠱᠧᠩ ᠲᠤᠭᠤᠷᠢᠭ ᠤᠨ ᠶᠢᠨ ᠳ᠋ᠢᠩ ᠡᠾᠧᠩ ᠬᠡᠳᠤ ᠲᠡᠯᠬᠡᠬᠦᠷ ᠤᠨ ᠳ᠋ᠠ ᠬᠤᠸᠠ ᠲᠡᠯᠬᠡᠬᠦᠷ ᠲᠤ᠂ ᠲᠡᠷᠡ ᠺᠤᠳ᠋ ᠰᠢᠷᠪᠢᠨ ᠲᠠᠩᠰᠠᠯᠠᠨ ᠲᠠᠮᠳᠡᠭᠯᠡᠬᠦ᠂ ᠵᠠᠬ᠎ᠠ ᠲᠡᠯᠬᠡᠬᠦᠷ ᠤᠨ ᠬᠠᠩᠭᠠᠯᠭ᠎ᠠ ᠵᠡᠷᠬᠡ ᠪᠠᠶᠢᠳᠠᠯ ᠢ ᠨᠠᠷᠢᠨ ᠦᠢᠯᠠᠭᠠᠪᠠ᠃ ᠲᠠᠷᠠ᠂《 ᠲᠠᠯᠪᠤᠷ ᠭᠠᠵᠠᠷ ᠤᠨ ᠺᠤᠳ᠋》 ᠢ ᠰᠢᠷᠪᠢᠵᠤ ᠲᠠᠩᠰᠠᠯᠠᠨ ᠲᠠᠮᠳᠡᠭᠯᠡᠬᠦ ᠶᠢ ᠴᠢᠩᠭ᠎ᠠ ᠨᠠᠶᠢᠳᠠᠪᠤᠷᠢᠵᠢᠭᠤᠯᠵᠤ᠂ ᠤᠶᠤᠨᠴᠢ ᠲᠤᠭᠠᠵᠢᠭᠤᠯᠤᠭᠰᠡᠨ ᠬᠢᠨᠡᠨ ᠬᠡᠮᠵᠢᠬᠦ ᠠᠷᠭ᠎ᠠ ᠪᠠᠷᠢᠯ ᠢ ᠲᠠᠯᠬᠡᠷᠡᠬᠦᠯᠤᠨ ᠬᠡᠷᠡᠭᠯᠡᠵᠤ᠂ ᠬᠢᠵᠢᠭ ᠤᠨ ᠪᠠᠶᠢᠳᠠᠯ ᠢ ᠰᠡᠷᠬᠡᠶᠢᠯᠡᠨ ᠡᠵᠡᠮᠳᠡᠬᠦ ᠠᠵᠢᠯ ᠤᠨ ᠦᠷ᠎ᠡ ᠪᠦᠳᠤᠮᠵᠢ ᠶᠢ ᠲᠡᠬᠡᠭᠰᠢᠯᠡᠬᠦᠯᠬᠦ‌‍ᠬᠡᠷᠡᠭᠳᠡᠢ ᠬᠡᠵᠡᠢ᠃        ᠬᠢᠶ᠎ᠡ ᠪᠠᠭᠰᠢ ᠲᠤᠭᠤᠷᠢᠭ ᠤᠨ ᠲᠦᠩ ᠬᠤᠢ ᠪᠦᠯᠤᠭ᠍ᠯᠡᠯ ᠤᠨ ᠫᠧᠩ ᠡᠾᠦ᠋ᠸᠧ ᠬᠦᠮᠤᠷᠬᠡᠯᠡᠵᠤ ᠬᠦᠷᠬᠡᠬᠦ ᠲᠦᠪ ᠲᠤ᠂ ᠲᠠᠷᠠ ᠡᠳ᠋ ᠪᠤᠳᠠᠰ ᠤᠨ ᠨᠦᠬᠡᠴᠠᠯᠠᠯ᠂ ᠡᠳ᠋ ᠪᠠᠷᠠᠭᠠᠨ ᠤ ᠬᠦᠢᠯᠬᠡᠬᠡ ᠵᠡᠷᠬᠡ ᠪᠠᠶᠢᠳᠠᠯ ᠢ ᠨᠠᠷᠢᠨ ᠦᠢᠯᠠᠭᠠᠪᠠ᠃ ᠲᠠᠷᠠ᠂ ᠪᠠᠷᠠᠭᠠᠨ ᠤ ᠬᠦᠢᠯᠬᠡᠬᠡᠨ ᠤ ᠰᠠᠭᠤᠷᠢ ᠲᠦᠬᠦᠬᠡᠷᠤᠮᠵᠢ ᠶᠢᠨ ᠪᠦᠳᠤᠬᠡᠨ ᠪᠠᠶᠢᠭᠤᠯᠤᠯᠳᠠ  ᠶᠢ ᠴᠢᠩᠭᠠᠳᠬᠠᠨ᠂ ᠡᠳ᠋ ᠪᠤᠳᠠᠰ ᠤᠨ ᠬᠠᠩᠭᠠᠯᠭ᠎ᠠ ᠶᠢᠨ ᠵᠠᠮ ᠮᠦᠷ ᠢ ᠰᠠᠭᠠᠳ‌ᠦᠬᠡᠢ ᠨᠡᠪᠳᠡᠷᠡᠬᠦᠯᠵᠤ᠂ ᠬᠢᠵᠢᠭ ᠤᠨ ᠪᠠᠶᠢᠳᠠᠯ ᠢ ᠰᠡᠷᠬᠡᠶᠢᠯᠡᠨ ᠡᠵᠡᠮᠳᠡᠬᠦ ᠳᠤ ᠬᠡᠷᠡᠭᠰᠡᠬᠦ ᠡᠳ᠋ ᠪᠤᠳᠠᠰ ᠤᠨ ᠨᠦᠬᠡᠴᠡᠯᠡᠯ ᠬᠦᠢᠴᠡᠳ᠂ ᠬᠠᠩᠭᠠᠯᠭ᠎ᠠ ᠲᠤᠭᠳᠠᠭᠤᠨ ᠪᠠᠶᠢᠬᠤ ᠶᠢ ᠪᠠᠳᠤᠯᠠᠬᠤ ᠬᠡᠷᠡᠭᠳᠡᠢ ᠬᠡᠪᠡ᠃        ᠬᠤᠳᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠡᠰᠢᠬᠦᠨ᠂ ᠨᠠᠷᠢᠨ ᠪᠢᠴᠢᠭ ᠤᠨ ᠲᠠᠷᠤᠭ᠎ᠠ ᠵᠠᠩ ᠸᠧᠢ᠂ ᠬᠤᠳᠠ ᠶᠢᠨ ᠲᠡᠳ᠋ ᠲᠠᠷᠤᠭ᠎ᠠ ᠮᠢᠶᠤᠤ ᠴᠧᠩ ᠢᠤᠢ ᠤᠷᠤᠯᠴᠠᠵᠠᠢ᠃
ᠢᠷᠡᠯᠲᠡ᠄ ᠤᠷᠳᠤᠰ ᠤᠨ ᠮᠤᠩᠭᠤᠯ ᠬᠡᠯᠡᠨ ᠤ ᠰᠤᠨᠢᠨ ᠮᠡᠳᠡᠬᠡᠨ ᠤ ᠰᠦᠯᠵᠢᠶ᠎ᠡ