ᠤᠶᠢᠷ᠎ᠡ ᠶᠢᠨ ᠡᠳᠤᠷ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠳ᠋ᠦ᠋ ᠬᠤᠢ ᠯᠢᠶᠠᠩ ᠳ᠋ᠦᠩᠱᠧᠩ ᠲᠣᠭᠤᠷᠢᠭ ᠲᠤ | ᠮᠥᠩᠭᠦᠨ ᠭᠦᠢᠯᠭᠡᠭᠡᠨ ᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠪᠠᠶᠢᠴᠠᠭᠠᠨ ᠰᠤᠳᠤᠯᠪᠠ᠃ ᠲᠡᠷᠡ ᠤᠷᠢᠳ ᠬᠤᠵᠢᠳ ᠣᠷᠳᠣᠰ ᠤᠨ ᠬᠦᠳᠡᠭᠡ | ᠳᠤᠰᠬᠤᠨ ᠤ ᠬᠤᠳᠠᠯᠳᠤᠭᠠᠨ ᠤ ᠪᠠᠩᠬᠢ᠂ ᠠᠷᠠᠯᠵᠢᠶᠠᠴᠢᠨ ᠤᠷᠢᠬᠤ ᠪᠠᠩᠬᠢ ᠶᠢᠨ ᠤᠷᠳᠤᠰ ᠤᠨ ᠬᠤᠪᠢᠶᠠᠷᠢ ᠪᠠᠩᠬᠢ᠂ ᠠᠷᠠᠳ ᠤᠨ ᠪᠠᠩᠬᠢ ᠶᠢᠨ ᠤᠷᠳᠤᠰ | ᠬᠤᠲᠠ ᠶᠢᠨ ᠰᠠᠯᠪᠤᠷᠢ ᠪᠠᠩᠬᠢ ᠳᠤ ᠬᠥᠷᠴᠥ ᠡᠯ᠎ᠡ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠡᠵᠡᠩᠨᠡᠯᠲᠡ ᠬᠠᠮᠢᠶᠠᠷᠤᠯᠲᠠ᠂ ᠲᠤᠬᠠᠶᠢᠯᠠᠭᠰᠠᠨ ᠠᠵᠢᠯ ᠤᠨ | ᠶᠠᠪᠤᠭᠳᠠᠭᠰᠠᠨ ᠪᠠᠶᠢᠳᠠᠯ᠂ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠵᠡᠷᠭᠡ ᠠᠵᠢᠯ ᠤᠨ ᠪᠠᠶᠢᠳᠠᠯ ᠢ ᠤᠶᠢᠯᠠᠭᠠᠭᠰᠠᠨ ᠤ ᠬᠠᠮᠳᠤ ᠶᠠᠷᠢᠯᠴᠠᠬᠤ ᠬᠤᠷᠠᠯ | ᠬᠤᠷᠠᠯᠳᠤᠭᠤᠯᠤᠨ᠂ ᠮᠥᠩᠭᠦᠨ ᠬᠦᠢᠯᠬᠡᠬᠡᠨ ᠤ ᠠᠵᠢᠯ ᠳᠤ ᠤᠷᠤᠰᠢᠵᠥ ᠪᠠᠶᠢᠭ᠎ᠠ ᠠᠰᠠᠭᠤᠳᠠᠯ ᠳᠤ ᠵᠠᠳᠠᠯᠤᠯᠲᠠ ᠬᠢᠵᠥ᠂ ᠵᠠᠷᠢᠮ ᠮᠥᠩᠭᠦᠨ ᠭᠦᠢᠯᠭᠡᠭᠡᠨ ᠤ | ᠪᠠᠶᠢᠭᠤᠯᠤᠮᠵᠢ᠂ ᠬᠢᠨᠠᠨ ᠬᠠᠮᠢᠶᠠᠷᠬᠤ ᠰᠠᠯᠠᠭ᠎ᠠ ᠮᠥᠴᠢᠷ ᠪᠣᠯᠤᠨ ᠬᠤᠯᠪᠣᠭᠳᠠᠯ ᠪᠦᠬᠦᠢ ᠪᠠᠶᠢᠭᠤᠯᠭ᠎ᠠ ᠨᠢᠬᠡᠴᠢ ᠶᠢᠨ ᠰᠠᠨᠠᠯ ᠰᠠᠨᠠᠭᠤᠯᠭ᠎ᠠ ᠶᠢ ᠰᠤᠨᠤᠰᠴᠠᠢ᠃ | ᠳ᠋ᠦ᠋ ᠬᠤᠢ ᠯᠢᠶᠠᠩ᠂ ᠮᠥᠩᠭᠦᠨ ᠬᠦᠢᠯᠬᠡᠬᠡ ᠪᠣᠯ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ ᠲᠤᠯᠭᠠᠭᠤᠷᠢᠯᠠᠬᠤ ᠴᠢᠬᠤᠯᠠ ᠬᠦᠴᠦᠨ ᠮᠥᠨ᠃ | ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠥ᠂ ᠮᠥᠩᠭᠦᠨ ᠭᠦᠢᠯᠭᠡᠭᠡᠨ ᠤ ᠤᠶᠢᠯᠡᠴᠢᠯᠡᠭᠡ ᠶᠢᠨ | ᠬᠦᠴᠦᠯᠡᠬᠦ ᠴᠡᠭ ᠢᠶᠠᠨ ᠪᠣᠳᠠᠲᠤ ᠴᠣᠭᠴᠠ ᠶᠢᠨ ᠠᠵᠤ ᠠᠬᠤᠶ ᠳᠡᠭᠡᠷ᠎ᠡ ᠲᠠᠯᠪᠢᠨ᠂ ᠠᠵᠥ ᠤᠶᠢᠯᠡᠰ ᠤᠨ ᠬᠡᠯᠪᠡᠷᠢ ᠶᠢ ᠬᠤᠪᠢᠷᠠᠭᠤᠯᠤᠨ ᠬᠥᠭᠵᠢᠬᠦᠯᠬᠦ᠂ ᠵᠠᠬ᠎ᠠ | ᠳᠡᠯᠭᠡᠭᠦᠷ ᠤᠨ ᠭᠤᠤᠯ ᠴᠣᠭᠴᠠ ᠶᠢ ᠬᠥᠭᠵᠢᠭᠡᠬᠦ᠂ ᠤᠯᠤᠰ ᠤᠨ ᠥᠮᠴᠢᠯᠡᠯᠯᠳᠤ ᠠᠵᠤ ᠠᠬᠤᠶᠢᠯᠠᠯ᠂ ᠣᠷᠣᠨ ᠪᠦᠰᠡ ᠶᠢᠨ ᠵᠣᠬᠢᠴᠠᠩᠭᠤᠶ ᠬᠥᠭᠵᠢᠯᠲᠡ ᠶᠢ | ᠪᠤᠵᠠᠭᠠᠶᠢᠷᠠᠭᠤᠯᠬᠤ ᠵᠡᠷᠭᠡ ᠲᠠᠯ᠎ᠠ ᠳᠠᠬᠢ ᠮᠥᠩᠭᠦᠨ ᠬᠦᠢᠯᠬᠡᠬᠡᠨ ᠤ ᠳᠡᠮᠵᠢᠯᠭᠡ ᠶᠢᠨ ᠦᠢᠯᠡᠳᠦᠯ ᠢ ᠬᠦᠢᠴᠡᠳ ᠪᠠᠳᠠᠷᠠᠭᠤᠯᠤᠨ᠂ ᠮᠥᠩᠭᠦᠨ ᠭᠦᠢᠯᠭᠡᠭᠡᠨ ᠤ ᠴᠢᠨᠠᠷ | ᠰᠠᠶᠢᠲᠠᠢ ᠬᠥᠭᠵᠢᠯᠲᠡ ᠪᠠᠷ ᠠᠵᠤ ᠠᠬᠤᠢ ᠨᠡᠶᠢᠬᠡᠮ ᠤᠨ ᠴᠢᠨᠠᠷ ᠰᠠᠶᠢᠳᠠᠢ ᠬᠥᠭᠵᠢᠯᠳᠡ ᠶᠢ ᠡᠷᠡᠰ ᠭᠤᠶᠢᠪᠢᠰᠢ ᠦᠭᠡᠢ ᠪᠠᠷ ᠠᠬᠢᠭᠤᠯᠬᠤ ᠬᠡᠷᠡᠭᠳᠡᠢ ᠬᠡᠵᠠᠢ᠃ | ᠳ᠋ᠦ᠋ ᠬᠤᠢ ᠯᠢᠶᠠᠩ᠂ ᠭᠠᠵᠠᠷ ᠤᠷᠤᠨ ᠤ ᠬᠠᠷᠢᠶᠠᠳᠤ ᠭᠠᠵᠠᠷ ᠤᠨ ᠬᠠᠷᠢᠴᠠᠭᠤᠯᠭ᠎ᠠ ᠪᠠ ᠮᠥᠡᠭᠬᠦᠨ ᠬᠥᠢᠯᠬᠡᠬᠡᠨ ᠤ ᠪᠠᠶᠢᠭᠤᠯᠤᠮᠵᠢ ᠶᠢᠨ ᠭᠤᠤᠯ ᠴᠤᠭᠴᠠ ᠶᠢᠨ | ᠬᠠᠷᠢᠭᠤᠴᠠᠯᠭ᠎ᠠ ᠶᠢ ᠠᠬᠢᠭᠤᠯᠤᠨ᠂ ᠵᠣᠬᠢᠴᠠᠭᠤᠯᠤᠨ ᠬᠤᠯᠪᠣᠭᠠᠯᠠᠨ ᠬᠥᠳᠡᠯᠦ᠋ᠯᠴᠡᠵᠦ ︽ᠪᠦᠬᠦᠯᠢ ᠴᠣᠭᠴᠠ ᠶᠢᠨ ᠳᠠᠶᠢᠯᠠᠯᠳᠤᠭᠠᠨ︾ ᠢ ᠰᠠᠶᠢᠲᠤᠷ ᠬᠢᠵᠦ᠂ ᠠᠶᠤᠯ | ᠲᠦᠭᠰᠢᠭᠦᠷᠢ ᠶᠡᠬᠡᠲᠡᠢ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ︽ᠮᠠᠯᠠᠭᠠᠢ ᠪᠠᠨ ᠲᠠᠶᠠᠭᠳᠠᠬᠤ︾ ᠡᠭᠦᠷᠭᠡ ᠶᠢ ᠲᠣᠭᠲᠠᠭᠰᠠᠨ ᠬᠤᠭᠤᠴᠠᠭᠠᠨ ᠳᠤ ᠪᠡᠶᠡᠯᠡᠭᠦᠯᠬᠦ | ᠬᠡᠷᠡᠭᠲᠡᠢ᠃ ᠳᠠᠯᠳᠠ ᠠᠶᠤᠯ ᠲᠦᠭᠰᠢᠭᠦᠷᠢ ᠶᠢ ᠤᠷᠢᠳᠴᠢᠯᠠᠨ ᠰᠤᠳᠤᠯᠤᠨ ᠰᠢᠢᠳᠪᠤᠷᠢᠯᠡᠵᠥ᠂ ᠣᠲᠣ ᠦᠶ᠎ᠡ ᠶᠢᠨ ᠮᠥᠩᠭᠦᠨ ᠬᠦᠢᠯᠬᠡᠬᠡᠨ ᠤ ᠬᠢᠨᠠᠯᠲᠠ | ᠬᠠᠮᠢᠶᠠᠷᠤᠯᠲᠠ ᠶᠢᠨ ᠴᠢᠳᠠᠪᠤᠷᠢ ᠶᠢ ᠪᠥᠬᠦ ᠲᠠᠯ᠎ᠠ ᠪᠠᠷ ᠳᠡᠭᠡᠭᠰᠢᠯᠡᠭᠦᠯᠤᠨ᠂ ᠠᠶᠤᠯ ᠲᠦᠭᠰᠢᠭᠦᠷᠢ ᠲᠠᠢ ᠮᠥᠩᠭᠦᠨ ᠬᠦᠢᠯᠬᠡᠬᠡᠨ ᠤ ᠪᠠᠶᠢᠭᠤᠯᠤᠮᠵᠢ ᠶᠢ ᠰᠢᠨ᠎ᠡ ᠪᠠᠷ | ᠨᠡᠮᠡᠭᠳᠡᠭᠦᠯᠬᠦ ᠶᠢ ᠴᠢᠩᠭ᠎ᠠ ᠰᠡᠷᠭᠡᠶᠢᠯᠡᠬᠦ ᠬᠡᠷᠡᠭᠲᠡᠶ᠃ ᠮᠥᠩᠭᠦᠨ ᠭᠦᠢᠯᠭᠡᠭᠡᠨ ᠤ ᠲᠦᠷᠦ ᠶᠢᠨ ᠪᠤᠳᠤᠯᠭ᠎ᠠ ᠶᠢᠨ ᠦᠢᠯᠡᠳᠦᠯ ᠢ ᠰᠠᠶᠢᠲᠤᠷ ᠪᠠᠳᠠᠷᠠᠭᠤᠯᠤᠨ᠂ ᠠᠮᠢᠳᠤᠯᠢᠭ | ᠬᠡᠷᠡᠭᠯᠡᠵᠦ᠂ ᠭᠦᠢᠴᠡᠳ ᠬᠡᠷᠡᠭᠯᠡᠨ᠂ ᠵᠠᠰᠠᠭ ᠤᠨ ᠤᠷᠳᠤᠨ ᠪᠠᠩᠬᠢ ᠠᠵᠤ ᠠᠬᠤᠶᠢᠯᠠᠯ ᠢ ᠵᠤᠯᠭᠠᠯᠴᠠᠭᠤᠯᠬᠤ ᠠᠵᠢᠯᠯᠠᠭ᠎ᠠ ᠶᠢ ᠪᠠᠶᠢᠩᠭᠤᠵᠢᠭᠤᠯᠤᠨ ᠵᠣᠬᠢᠶᠠᠨ | ᠪᠠᠶᠢᠭᠤᠯᠵᠥ ᠶᠠᠪᠤᠭᠳᠠᠭᠤᠯᠤᠨ᠂ ᠲᠦᠷᠦᠯ ᠵᠦᠢᠯ ᠢ ᠵᠤᠯᠭᠠᠯᠴᠠᠭᠤᠯᠬᠤ ᠶᠢ ᠴᠢᠩᠭᠠᠳᠬᠠᠵᠤ᠂ ᠣᠷᠴᠢᠨ ᠠᠬᠤᠢ ᠢ ᠰᠢᠯᠢᠳᠡᠭᠵᠢᠭᠦᠯᠬᠦ ᠶᠢ ᠰᠠᠶᠢᠲᠤᠷ ᠠᠳᠬᠤᠨ᠂ | ᠮᠥᠩᠭᠦᠨ ᠭᠦᠢᠯᠭᠡᠭᠡᠨ ᠤ ᠴᠢᠳᠠᠪᠤᠷᠢ ᠣᠯᠭᠤᠬᠤ ᠪᠣᠳᠠᠲᠤ ᠦᠷ᠎ᠡ ᠪᠦᠲᠦᠮᠵᠢ ᠶᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ ᠬᠡᠵᠠᠢ᠃ | ᠬᠤᠲᠠ ᠶᠢᠨ ᠳᠡᠳ᠋ ᠳᠠᠷᠤᠭ᠎ᠠ ᠮᠢᠶᠣᠣ ᠴᠧᠩ ᠢᠦᠶ ᠪᠠᠶᠢᠴᠠᠭᠠᠨ ᠰᠤᠳᠤᠯᠤᠯᠲᠠ ᠪᠠ ᠶᠠᠷᠢᠯᠴᠠᠬᠤ ᠬᠤᠷᠠᠯ ᠳᠤ ᠣᠷᠣᠯᠴᠠᠪᠠ᠃ | | |