ᠪᠦᠬᠦ ᠬᠤᠳᠠ ᠶᠢᠨ ᠰᠤᠨᠢᠨ ᠮᠡᠳᠡᠭᠡᠨ ᠤ ᠠᠵᠢᠯᠳᠡᠳ ᠲᠤ ᠢᠯᠡᠭᠡᠬᠦ‍ ᠨᠢᠭᠡ ᠬᠤᠪᠢ ᠵᠠᠬᠢᠳᠠᠯ
ᠨᠡᠶᠢᠲᠡᠯᠡᠭᠰᠡᠨ ᠴᠠᠭ᠄
2022/11/9
ᠪᠦᠬᠦ ᠬᠤᠳᠠ ᠶᠢᠨ ᠰᠤᠨᠢᠨ ᠮᠡᠳᠡᠭᠡᠨ ᠤ ᠠᠵᠢᠯᠳᠡᠳ ᠡ᠄      ᠪᠦᠬᠦ ᠬᠤᠳᠠ ᠪᠠᠷ ᠢᠶᠠᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠰᠤᠷᠤᠯᠴᠠᠵᠤ ᠤᠬᠠᠭᠤᠯᠤᠨ ᠲᠤᠭᠤᠰᠢᠯᠠᠭᠤᠯᠬᠤ ᠴᠢᠬᠤᠯᠨ ᠴᠠᠭ ᠮᠦᠴᠨ ᠳᠤ᠂  ᠪᠢᠳᠡ ᠬᠤᠷᠢᠨ ᠭᠤᠷᠪᠠᠳᠠᠬᠢ ᠲᠤᠮᠳᠠᠳᠤ ᠤᠯᠤᠰ ᠤᠨ ᠰᠤᠷᠪᠤᠯᠵᠢᠯᠠᠬᠴᠢ ᠶᠢᠨ ᠪᠠᠶᠠᠷ ᠢ ᠤᠬᠳᠤᠨ ᠠᠪᠤᠯ᠎ᠠ᠃  ᠡᠭᠦᠨ ᠤ ᠲᠤᠯᠠᠳᠡ ᠪᠦᠬᠦ ᠬᠤᠳᠠ ᠎ ᠶᠢᠨ ᠰᠤᠨᠢᠨ ᠮᠡᠳᠡᠭᠡᠨ ᠤ ᠹᠠᠷᠤᠨᠲ ᠲᠤ ᠭᠠᠪᠰᠢᠭᠠᠶᠢᠯᠡᠨ ᠠᠵᠢᠯᠯᠠᠵᠤ ᠪᠠᠶᠢᠭ᠎ᠠ ᠰᠤᠨᠢᠨ ᠮᠡᠳᠡᠭᠡᠨ ᠤ ᠪᠦᠬᠦ ᠠᠵᠢᠯᠳᠡᠳ ᠲᠤ ᠪᠠᠶᠠᠷ ᠤᠨ ᠡᠳᠤᠷ ᠤᠨ ᠮᠠᠨᠳᠤᠴᠢᠯᠠᠯ ᠲᠠᠪᠰᠢᠭᠦᠯᠦᠶ᠎ᠡ︕ ᠤᠷᠳᠤᠰ ᠤᠨ ᠰᠤᠨᠢᠨ ᠮᠡᠳᠡᠭᠡᠨ ᠤ ᠦᠢᠯᠡᠰ ᠢ ᠤᠷᠳᠤ ᠬᠤᠭᠤᠴᠠᠭ᠎ᠠ ᠪᠠᠷ ᠬᠠᠯᠠᠮᠵᠢᠯᠠᠨ ᠳᠡᠮᠵᠢᠭᠰᠡᠭᠡᠷ ᠢᠷᠡᠭᠰᠡᠨ ᠨᠡᠶᠢᠭᠡᠮ ᠤᠨ ᠡᠯ᠎ᠡ ᠡᠳᠡᠭᠡᠳ ᠎ ᠤᠨ ᠬᠦᠮᠤᠰ ᠲᠤ ᠴᠢᠩ ᠰᠡᠳᠬᠢᠯ ᠤᠨ ᠲᠠᠯᠠᠷᠬᠠᠯ ᠢᠶᠠᠨ ᠲᠠᠪᠰᠢᠭᠦᠯᠦᠶ᠎ᠡ︕      ᠰᠤᠨᠢᠨ ᠮᠡᠳᠡᠭᠡᠨ ᠤ ᠠᠵᠢᠯᠳᠡᠨ ᠪᠤᠯ ᠨᠠᠮ ᠪᠡ ᠵᠠᠰᠠᠭ ᠤᠨ ᠤᠷᠳᠤᠨ ᠤ ᠲᠠᠭᠤᠨ ᠬᠤᠭᠤᠯᠠᠢ᠂  ᠠᠷᠠᠳ ᠲᠦᠮᠡᠨ ᠤ ᠠᠰᠢᠭ ᠲᠤᠰᠨ ᠶᠢᠨ ᠬᠠᠮᠠᠭᠠᠯᠠᠬᠴᠢ᠂  ᠴᠠᠭ ᠦᠶ᠎ᠡ ᠶᠢᠨ ᠬᠤᠪᠢᠷᠠᠯᠳᠡ ᠶᠢᠨ ᠦᠨᠡᠨᠴᠢ ᠲᠡᠮᠳᠡᠭᠯᠡᠭᠴᠢ ᠮᠦᠨ᠃  ᠡᠨᠡ ᠵᠢᠯ ᠠᠴᠠ ᠨᠠᠭᠠᠰᠢ ᠪᠦᠬᠦ ᠬᠤᠳᠠ ᠶᠢᠨ ᠰᠤᠨᠢᠨ ᠮᠡᠳᠡᠭᠡᠨ ᠤ ᠹᠠᠷᠤᠨᠲ ᠤᠨ ᠬᠢᠨ ᠪᠤᠯᠤᠨ ᠦᠷᠭᠡᠨ ᠤᠯᠡᠨ ᠰᠤᠨᠢᠨ ᠮᠡᠳᠡᠭᠡᠨ ᠤ ᠠᠵᠢᠯᠳᠡᠳ ᠶᠡᠷᠤᠩᠭᠡᠢ ᠱᠦᠵᠢ ᠰᠢ ᠶᠢᠨ ᠫᠢᠡᠭ ᠤᠨ ᠰᠢᠨ᠎ᠡ ᠴᠠᠭ ᠦᠶ᠎ᠡ ᠶᠢᠨ ᠲᠤᠮᠳᠠᠳᠤ ᠤᠯᠤᠰ ᠤᠨ ᠤᠨᠴᠠᠯᠢᠭ ᠎ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠤᠯᠤᠨ ᠦᠪᠤᠷ ᠮᠤᠩᠭᠤᠯ ᠳᠤ ᠲᠠᠯᠪᠢᠬᠰᠡᠨ ᠴᠢᠬᠤᠯᠨ ᠶᠠᠷᠢᠶ᠎ᠠ ᠴᠢᠬᠤᠯᠨ ᠵᠢᠭᠠᠪᠤᠷᠢ ᠴᠤᠬᠤᠯᠠᠪᠤᠷᠢ ᠶᠢᠨ ᠵᠤᠷᠢᠭ ᠰᠠᠨᠠᠭ᠎ᠠ ᠎ ᠶᠢ ᠬᠦᠨᠵᠡᠭᠡᠢ ᠰᠤᠷᠤᠯᠴᠠᠨ ᠲᠤᠭᠤᠰᠢᠯᠠᠭᠤᠯᠵᠤ᠂  ᠬᠤᠳᠠ ᠶᠢᠨ ᠨᠠᠮ ᠤᠨ ᠬᠤᠷᠢᠶ᠎ᠠ᠂  ᠵᠠᠰᠠᠭ ᠤᠨ ᠤᠷᠳᠤᠨ ᠤ ᠭᠤᠤᠯ ᠠᠵᠢᠯ ᠤᠨ ᠲᠤᠭᠤᠷᠢᠨ ᠳᠤ ᠨᠠᠮ ᠤᠨ ᠰᠤᠨᠢᠨ ᠮᠡᠳᠡᠭᠡᠨ ᠤ ᠶᠠᠷᠢᠶ᠎ᠠ ᠬᠡᠯᠡᠯᠴᠡᠭᠡᠨ ᠤ ᠠᠵᠢᠯ ᠤᠨ ᠡᠭᠦᠷᠭᠡ ᠬᠠᠷᠢᠭᠤᠴᠠᠯᠭ᠎ᠠ ᠪᠠᠨ ᠦᠨᠡᠨᠴᠢ ᠪᠠᠷ ᠬᠦᠢᠴᠡᠳᠭᠡᠵᠤ᠂   ︽ᠰᠢᠨ᠎ᠡ ᠠᠶᠠᠨ ᠳᠤ ᠡᠷᠡᠮᠡᠭᠡᠶᠢᠯᠡᠨ ᠤᠷᠤᠬᠰᠢᠯᠠᠵᠤ ᠰᠢᠨ᠎ᠡ ᠴᠠᠭ ᠦᠶ᠎ᠡ ᠳᠤ ᠭᠠᠪᠢᠶ᠎ᠠ ᠪᠠᠶᠢᠭᠤᠯᠤᠶ᠎ᠠ︾᠂   ︽ᠡᠭᠡ ᠤᠯᠤᠰ ᠢᠶᠠᠨ ᠬᠠᠶᠢᠷᠠᠯᠠᠶ᠎ᠠ᠂  ᠨᠤᠳᠤᠭ ᠤᠰᠤ ᠮᠢᠨᠢ ᠦᠵᠡᠰᠭᠦᠯᠡᠩᠳᠤ ᠰᠠᠶᠢᠬᠠᠨ︾᠂ ︽ᠤᠷᠳᠤᠰ ᠤᠨ ᠰᠠᠶᠢᠨ ᠦᠯᠢᠭᠡᠷ︾ ᠵᠡᠷᠭᠡ ᠭᠤᠤᠯ ᠰᠡᠳᠤᠪ ᠲᠤ ᠠᠩᠬᠠᠷᠤᠯ ᠢᠶᠠᠨ ᠲᠦᠪᠯᠡᠷᠡᠭᠦᠯᠤᠨ ᠤᠬᠠᠭᠤᠯᠭ᠎ᠠ ᠦᠷᠨᠢᠭᠦᠯᠵᠤ᠂  ᠴᠠᠭ ᠦᠶ᠎ᠡ ᠶᠢᠨ ᠠᠭᠤᠷ ᠠᠮᠢᠰᠬᠤᠯ ᠢᠶᠠᠷ ᠪᠢᠯᠬᠠᠮ᠎ᠠ᠂  ᠺᠠᠳ᠋ᠷ ᠤᠯᠡᠨ ᠲᠦᠮᠡᠨ ᠤ ᠴᠤᠭ ᠰᠦᠯᠳᠡ ᠶᠢ ᠬᠦᠭᠵᠢᠭᠡᠭᠰᠡᠨ ᠶᠡᠭᠡ ᠬᠡᠮᠵᠢᠶᠡᠨ ᠤ ᠰᠤᠳᠤᠨ ᠪᠦᠳᠦᠭᠡᠯ ᠭᠠᠷᠭᠠᠵᠤ᠂  ᠭᠤᠤᠯ ᠬᠦᠭ ᠠᠶᠠᠰ ᠢ ᠴᠤᠤᠷᠢᠶᠠᠳᠤᠭᠤᠯᠵᠤ᠂  ᠢᠳᠡᠪᠬᠢ ᠬᠦᠴᠦᠨ ᠢ ᠤᠯᠠᠮᠵᠢᠯᠠᠵᠤ᠂  ᠪᠦᠬᠦ ᠬᠤᠳᠠ ᠶᠢᠨ ᠠᠵᠤ ᠠᠬᠤᠢ ᠨᠡᠶᠢᠭᠡᠮ ᠤᠨ ᠴᠢᠨᠠᠷ ᠰᠠᠶᠢᠳᠠᠢ ᠬᠦᠭᠵᠢᠯᠳᠡ ᠳᠤ ᠬᠦᠴᠦᠳᠠᠢ ᠰᠠᠶᠢᠨ ᠶᠠᠷᠢᠶ᠎ᠠ ᠬᠡᠯᠡᠯᠴᠡᠭᠡᠨ ᠤ ᠲᠡᠮᠵᠢᠯᠭᠡ ᠦᠵᠡᠭᠦᠯᠦᠭᠰᠡᠨ ᠪᠠᠶᠢᠨ᠎ᠠ᠃      ᠶᠡᠷᠤᠩᠭᠡᠢ ᠱᠦᠵᠢ ᠰᠢ ᠶᠢᠨ ᠫᠢᠡᠭ᠂  ᠨᠠᠮ ᠤᠨ ᠰᠤᠨᠢᠨ ᠮᠡᠳᠡᠭᠡᠨ ᠤ ᠶᠠᠷᠢᠶ᠎ᠠ ᠬᠡᠯᠡᠯᠴᠡᠭᠡᠨ ᠤ ᠠᠵᠢᠯ ᠪᠤᠯ ᠨᠠᠮ ᠤᠨ ᠴᠢᠬᠤᠯᠨ ᠠᠵᠢᠯ ᠤᠨ ᠨᠢᠭᠡ ᠮᠦᠨ᠂ ᠤᠯᠤᠰ ᠢᠶᠠᠨ ᠵᠠᠰᠠᠵᠤ ᠵᠠᠰᠠᠭ ᠪᠠᠷᠢᠬᠤ᠂  ᠲᠦᠷᠦ ᠬᠦᠷᠦᠨ ᠢᠶᠠᠨ ᠲᠦᠪᠰᠢᠨ ᠠᠮᠤᠭᠤᠯᠠᠩ ᠪᠠᠶᠢᠯᠭᠠᠬᠤ ᠶᠡᠭᠡ ᠶᠠᠪᠤᠳᠠᠯ ᠮᠦᠨ ᠭᠡᠵᠤ ᠴᠢᠬᠤᠯᠠᠴᠢᠯᠡᠵᠠᠢ᠃  ᠪᠦᠬᠦ ᠬᠤᠳᠠ ᠶᠢᠨ ᠰᠤᠨᠢᠨ ᠮᠡᠳᠡᠭᠡᠨ ᠤ ᠹᠠᠷᠤᠨᠲ ᠤᠨ ᠬᠢᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠰᠤᠷᠤᠯᠴᠠᠵᠤ ᠤᠬᠠᠭᠤᠯᠤᠨ ᠲᠤᠭᠤᠰᠢᠯᠠᠭᠤᠯᠬᠤ ᠪᠠᠷ ᠭᠤᠤᠯ ᠰᠢᠵᠢᠮ ᠪᠤᠯᠭᠠᠵᠤ᠂  ᠲᠦᠪ ᠭᠤᠤᠯᠴᠢ ᠪᠠᠷ ᠰᠢᠨ᠎ᠡ ᠶᠢ ᠡᠭᠦᠳᠬᠦ ᠶᠢ ᠪᠠᠷᠢᠮᠳᠠᠯᠠᠵᠤ᠂  ᠠᠭᠤᠰᠤᠯᠴᠠᠨ ᠬᠦᠭᠵᠢᠬᠦ ᠶᠢ ᠲᠦᠷᠭᠡᠳᠭᠡᠵᠤ᠂ ᠰᠤᠨᠢᠨ ᠮᠡᠳᠡᠭᠡᠨ ᠤ ᠲᠠᠮᠵᠢᠭᠤᠯᠭ᠎ᠠ ᠶᠢᠨ ᠵᠢᠮ᠎ᠡ ᠶᠤᠰᠤ ᠶᠢ ᠬᠦᠨᠳᠦᠳᠭᠡᠵᠤ᠂  ᠠᠷᠭ᠎ᠠ ᠪᠠᠷᠢᠯ ᠤᠨ ᠲᠠᠯ᠎ᠠ ᠪᠠᠷ ᠰᠢᠨ᠎ᠡ ᠶᠢ ᠡᠭᠦᠳᠴᠤ᠂  ᠭᠠᠳᠠᠭᠠᠳᠤ ᠤᠬᠠᠭᠤᠯᠭ᠎ᠠ ᠎ ᠶᠢ ᠴᠢᠩᠭᠠᠳᠬᠠᠵᠤ᠂  ᠤᠷᠳᠤᠰ ᠤᠨ ᠦᠯᠢᠭᠡᠷ ᠢ ᠰᠠᠶᠢᠬᠠᠨ ᠶᠠᠷᠢᠵᠤ᠂  ᠤᠷᠳᠤᠰ ᠤᠨ ᠲᠠᠭᠤᠨ ᠢ ᠰᠠᠶᠢᠳᠤᠷ ᠤᠯᠠᠮᠵᠢᠯᠠᠵᠤ᠂  ᠤᠷᠳᠤᠰ ᠤᠨ ︽ᠲᠡᠯᠡᠭᠡᠢ ᠶᠢ ᠲᠤᠯᠠᠭᠠᠴᠠᠭᠤᠯᠤᠬᠰᠡᠨ ᠬᠤᠳᠠ︾᠎ ᠶᠢᠨ ᠲᠦᠷᠢ ᠲᠦᠷᠬᠦ ᠶᠢ ᠪᠤᠰᠬᠠᠬᠤ ᠬᠡᠷᠡᠭᠳᠠᠢ ᠭᠡᠵᠤ ᠵᠢᠭᠠᠵᠤ ᠭᠠᠷᠭᠠᠪᠠ᠃  ᠪᠦᠬᠦ ᠬᠤᠳᠠ ᠶᠢᠨ ᠦᠷᠭᠡᠨ ᠤᠯᠡᠨ ᠰᠤᠨᠢᠨ ᠮᠡᠳᠡᠭᠡᠨ ᠤ ᠠᠵᠢᠯᠳᠡᠳ ᠵᠦᠪ ᠤᠯᠤᠰ ᠲᠦᠷᠦ ᠶᠢᠨ ᠴᠢᠭᠯᠡᠯ ᠢ ᠪᠠᠷᠢᠮᠳᠠᠯᠠᠵᠤ᠂ ︽ᠬᠤᠶᠠᠷ ᠢ ᠲᠤᠬᠳᠠᠭᠠᠬᠤ︾᠎ ᠶᠢᠨ ᠰᠢᠢᠳᠪᠤᠷᠢᠯᠡᠭᠴᠢ ᠴᠢᠨᠠᠷᠳᠠᠢ ᠠᠴᠢ ᠬᠤᠯᠪᠤᠬᠳᠠᠯ ᠢ ᠬᠦᠨᠵᠡᠭᠡᠢ ᠦᠢᠯᠠᠭᠠᠵᠤ᠂  ︽ᠲᠦᠷᠪᠡᠨ ᠤᠬᠠᠮᠰᠡᠷ︾᠎ ᠢᠶᠠᠨ ᠴᠢᠩᠭᠠᠳᠬᠠᠵᠤ᠂ ︽ᠲᠦᠷᠪᠡᠨ ᠢᠳᠡᠭᠡᠯ︾᠎ ᠢᠶᠠᠨ ᠪᠠᠳᠤᠳᠬᠠᠵᠤ᠂  ︽ᠬᠤᠶᠠᠷ ᠢ ᠬᠠᠮᠠᠭᠠᠯᠠᠬᠤ︾᠎ ᠶᠢ ᠪᠡᠶᠡᠯᠡᠭᠦᠯᠵᠤ᠂  ᠮᠠᠷᠺᠠᠰ ᠤᠨ ᠦᠵᠡᠯ ᠤᠨ ᠰᠤᠨᠢᠨ ᠮᠡᠳᠡᠭᠡᠨ ᠤ ᠦᠵᠡᠯᠳᠡ ᠶᠢ ᠪᠠᠷᠢᠮᠳᠠᠯᠠᠬᠤ ᠤᠬᠠᠮᠰᠡᠷ ᠢᠶᠠᠨ ᠴᠢᠩᠭᠠᠳᠬᠠᠬᠤ ᠬᠡᠷᠡᠭᠳᠠᠢ᠃  ᠵᠦᠪ ᠶᠠᠷᠢᠶ᠎ᠠ᠂  ᠬᠡᠯᠡᠯᠴᠡᠭᠡᠨ ᠤ ᠤᠳᠤᠷᠢᠳᠤᠮᠵᠢ ᠶᠢ ᠪᠠᠷᠢᠮᠳᠠᠯᠠᠵᠤ᠂  ᠪᠦᠯᠭᠦᠮᠳᠡᠯ ᠲᠠᠢ ᠲᠤᠬᠳᠠᠭᠤᠨ ᠢᠶᠠᠷ ᠡᠷᠴᠢ ᠵᠤᠷᠢᠭ ᠢᠶᠠᠨ ᠬᠦᠪᠴᠢᠯᠡᠬᠦ᠂  ᠵᠦᠪ ᠲᠠᠯ᠎ᠠ ᠶᠢᠨ ᠤᠬᠠᠭᠤᠯᠭ᠎ᠠ ᠪᠠᠷ ᠭᠤᠤᠯ ᠪᠤᠯᠭᠠᠬᠤ ᠦᠨᠳᠤᠰᠤᠨ ᠴᠢᠭᠯᠡᠯᠳᠡ ᠶᠢ ᠵᠢᠷᠤᠮᠯᠠᠵᠤ᠂  ᠰᠤᠨᠢᠨ ᠮᠡᠳᠡᠭᠡᠨ ᠤ ᠶᠠᠷᠢᠶ᠎ᠠ ᠬᠡᠯᠡᠯᠴᠡᠭᠡᠨ ᠤ ᠲᠠᠮᠵᠢᠭᠤᠯᠬᠤ ᠬᠦᠴᠦᠨ᠂  ᠬᠦᠳᠦᠯᠤᠨ ᠵᠢᠯᠤᠭᠤᠳᠬᠤ ᠬᠦᠴᠦᠨ᠂  ᠨᠦᠯᠦᠭᠡᠯᠡᠬᠦ ᠬᠦᠴᠦᠨ᠂  ᠤᠯᠡᠨ ᠨᠡᠶᠢᠳᠡ ᠶᠢᠨ ᠢᠳᠡᠭᠡᠭᠦᠯᠬᠦ ᠬᠦᠴᠦᠨ ᠢ ᠲᠡᠭᠡᠭᠰᠢᠯᠡᠭᠦᠯᠵᠤ᠂  ᠭᠤᠤᠯ ᠤᠷᠤᠰᠬᠠᠯ ᠤᠨ ᠦᠵᠡᠯ ᠰᠠᠨᠠᠭ᠎ᠠ ᠶᠠᠷᠢᠶ᠎ᠠ ᠬᠡᠯᠡᠯᠴᠡᠭᠡ ᠶᠢ ᠪᠠᠬᠢᠵᠢᠭᠦᠯᠤᠨ ᠪᠤᠵᠠᠭᠠᠶᠢᠷᠠᠭᠤᠯᠬᠤ ᠤᠬᠠᠮᠰᠡᠷ ᠢᠶᠠᠨ ᠴᠢᠩᠭᠠᠳᠬᠠᠬᠤ ᠬᠡᠷᠡᠭᠳᠠᠢ᠃   ᠰᠤᠨᠢᠨ ᠮᠡᠳᠡᠭᠡᠨ ᠤ ᠵᠦᠪ ᠵᠤᠷᠢᠯᠳᠡ ᠎ ᠶᠢ ᠪᠠᠷᠢᠮᠳᠡᠯᠡᠨ᠂  ᠲᠠᠰᠤᠷᠠᠯᠳᠡ ᠦᠭᠡᠢ ᠰᠢᠨ᠎ᠡ ᠮᠡᠳᠡᠯᠭᠡ ᠶᠢ ᠡᠵᠡᠮᠰᠢᠵᠤ᠂  ᠰᠢᠨ᠎ᠡ ᠬᠦᠷᠢᠶ᠎ᠡ ᠶᠢ ᠦᠢᠯᠠᠭᠠᠵᠤ᠂  ᠰᠢᠨ᠎ᠡ ᠬᠠᠷᠠᠭ᠎ᠠ ᠶᠢ ᠦᠷᠭᠡᠳᠭᠡᠵᠤ᠂  ᠬᠦᠯ ᠬᠦᠡᠭᠭᠡᠨ᠂  ᠨᠢᠳᠤ ᠬᠢᠷᠠᠬᠠᠢ᠂  ᠲᠠᠷᠢᠬᠢ ᠰᠡᠷᠭᠡᠭ᠂  ᠪᠢᠷ ᠬᠤᠷᠴᠨ ᠪᠠᠶᠢᠬᠤ ᠴᠢᠳᠠᠪᠤᠷᠢ ᠪᠠᠨ ᠲᠠᠰᠤᠷᠠᠯᠳᠡ ᠦᠭᠡᠢ ᠲᠠᠪᠳᠡᠨ ᠪᠤᠯᠪᠠᠰᠤᠷᠠᠭᠤᠯᠵᠤ᠂  ᠦᠵᠡᠯ ᠰᠠᠨᠠᠭ᠎ᠠ ᠎ ᠲᠠᠢ᠂  ᠬᠦᠨᠴᠨ ᠲᠠᠢ᠂  ᠴᠢᠨᠠᠷ ᠴᠢᠨᠰᠠᠭ᠎ᠠ ᠲᠠᠢ ᠰᠢᠨ᠎ᠡ ᠰᠤᠷᠭᠤᠭ ᠪᠦᠳᠦᠭᠡᠯ ᠢ ᠨᠡᠩ ᠤᠯᠡᠨ ᠵᠤᠬᠢᠶᠠᠨ ᠪᠦᠳᠦᠭᠡᠵᠤ᠂  ᠴᠠᠭ ᠦᠶ᠎ᠡ ᠲᠠᠢ ᠵᠡᠷᠭᠡ ᠪᠠᠷ ᠤᠷᠤᠬᠰᠢᠯᠠᠬᠤ ᠬᠤᠪᠢ ᠪᠡᠶ᠎ᠡ ᠶᠢᠨ ᠪᠤᠯᠪᠠᠰᠤᠷᠠᠯ ᠢᠶᠠᠨ ᠲᠡᠭᠡᠭᠰᠢᠯᠡᠭᠦᠯᠬᠦ ᠤᠬᠠᠮᠰᠡᠷ ᠢᠶᠠᠨ ᠴᠢᠩᠭᠠᠳᠬᠠᠬᠤ ᠬᠡᠷᠡᠭᠳᠠᠢ᠃  ᠵᠦᠪ ᠤᠨᠤᠪᠴᠢᠳᠠᠢ ᠠᠵᠢᠯ ᠤᠨ ᠬᠠᠨᠳᠦᠰᠢ ᠎ ᠶᠢ ᠪᠠᠷᠢᠮᠳᠠᠯᠠᠵᠤ᠂  ᠠᠷᠠᠳ ᠲᠦᠮᠡᠨ ᠢᠶᠠᠷ ᠭᠤᠤᠯ ᠪᠤᠯᠭᠠᠬᠰᠡᠨ ᠬᠦᠭᠵᠢᠯᠳᠡ ᠶᠢᠨ ᠦᠵᠡᠯ ᠰᠠᠨᠠᠭ᠎ᠠ ᠶᠢ ᠪᠠᠳᠤ ᠪᠤᠢ ᠪᠤᠯᠭᠠᠵᠤ᠂  ᠨᠡᠶᠢᠭᠡᠮ ᠤᠨ ᠬᠠᠷᠢᠭᠤᠴᠠᠯᠭ᠎ᠠ ᠶᠢ ᠪᠠᠳᠤ ᠴᠡᠭᠡᠵᠢᠯᠡᠵᠤ᠂  ᠲᠤᠬᠠᠶᠢᠯᠠᠬᠰᠡᠨ ᠠᠵᠢᠯ ᠤᠨ ᠵᠤᠷᠢᠭ ᠰᠠᠨᠠᠭ᠎ᠠ ᠶᠢ ᠪᠠᠳᠠᠷᠠᠭᠤᠯᠵᠤ᠂  ᠰᠢᠯᠢᠳᠡᠭ ᠰᠤᠷᠳᠡᠯ ᠢ ᠪᠤᠢ ᠪᠤᠯᠭᠠᠵᠤ᠂  ᠬᠠᠷᠠᠮ ᠦᠭᠡᠢ ᠵᠤᠷᠢᠭᠤᠯᠬᠤ ᠤᠬᠠᠮᠰᠡᠷ ᠢᠶᠠᠨ ᠴᠢᠩᠭᠠᠳᠬᠠᠵᠤ᠂  ᠨᠠᠮ ᠪᠡ ᠠᠷᠠᠳ ᠲᠦᠮᠡᠨ ᠳᠡᠭᠡᠨ ᠢᠳᠡᠭᠡᠯ ᠲᠠᠢ ᠰᠤᠨᠢᠨ ᠮᠡᠳᠡᠭᠡᠨ ᠤ ᠠᠵᠢᠯᠳᠡᠨ ᠪᠤᠯᠬᠤ ᠪᠠᠷ  ᠴᠢᠷᠮᠠᠶᠢᠬᠤ ᠭᠡᠷᠡᠭᠳᠠᠢ᠃      ᠪᠦᠬᠦ ᠬᠤᠳᠠ ᠶᠢᠨ ᠦᠷᠭᠡᠨ ᠤᠯᠡᠨ ᠰᠤᠨᠢᠨ ᠮᠡᠳᠡᠭᠡᠨ ᠤ ᠠᠵᠢᠯᠳᠡᠳ ᠲᠤ ᠪᠠᠶᠠᠷ ᠤᠨ ᠡᠳᠤᠷ ᠤᠨ ᠮᠠᠨᠳᠤᠴᠢᠯᠡᠯ ᠲᠡᠪᠰᠢᠭᠦᠯᠵᠤ ᠪᠠᠶᠢᠨ᠎ᠠ︕ ᠪᠡᠶ᠎ᠡ ᠮᠠᠬᠠᠪᠤᠳ ᠡᠷᠡᠭᠦᠯ ᠴᠢᠬᠢᠷᠠᠭ᠂  ᠭᠡᠷ ᠬᠤᠳᠠᠯᠠᠭᠠᠷ ᠢᠶᠠᠨ ᠵᠤᠯ ᠵᠢᠷᠭᠠᠯ ᠲᠠᠢ ᠪᠠᠶᠢᠬᠤ ᠶᠢ ᠵᠦᠡᠭᠨᠡᠶ᠎ᠡ︕                                                              ᠲᠤᠮᠳᠠᠳᠤ ᠤᠯᠤᠰ ᠤᠨ ᠡᠪ ᠬᠠᠮᠳᠤ ᠨᠠᠮ ᠤᠨ ᠤᠷᠳᠤᠰ ᠬᠤᠳᠠ ᠶᠢᠨ ᠬᠤᠷᠢᠶ᠎ᠠ                                                     ᠤᠷᠳᠤᠰ ᠬᠤᠳᠠ ᠶᠢᠨ ᠠᠷᠠᠳ ᠤᠨ ᠵᠠᠰᠠᠭ ᠤᠨ ᠤᠷᠳᠤᠨ                                                                                         2022 ᠤᠨ ᠤ 11 ᠰᠠᠷ᠎ᠠ ᠶᠢᠨ 8᠎ ᠤ ᠡᠳᠤᠷ
ᠢᠷᠡᠯᠲᠡ᠄ ᠤᠷᠳᠤᠰ ᠬᠤᠳᠠ ᠶᠢᠨ ᠠᠷᠠᠳ ᠤᠨ ᠵᠠᠰᠠᠭ ᠤᠨ ᠤᠷᠳᠤᠨ