ᠪᠦᠬᠦ ᠬᠤᠲᠠ ᠶᠢᠨ ᠰᠤᠨᠢᠨ ᠮᠡᠳᠡᠭᠡᠨ ᠤ ᠠᠵᠢᠯᠲᠠᠳ ᠲᠤ ᠥᠭᠬᠦ ᠨᠢᠭᠡᠨ ᠬᠤᠪᠢ ᠵᠠᠬᠢᠳᠠᠯ
ᠨᠡᠶᠢᠲᠡᠯᠡᠭᠰᠡᠨ ᠴᠠᠭ᠄
2022/11/9
ᠪᠦᠬᠦ ᠬᠤᠲᠠ ᠶᠢᠨ ᠥᠷᠭᠡᠨ ᠤᠯᠠᠨ ᠰᠤᠨᠢᠨ ᠮᠡᠳᠡᠭᠡᠨ ᠤ ᠠᠵᠢᠯᠲᠠᠳ ᠲᠤ᠄           ᠪᠦᠬᠦ ᠬᠤᠳᠠ ᠳᠤ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠵᠤ ᠲᠤᠭᠤᠰᠢᠯᠠᠭᠤᠯᠬᠤ  ᠬᠠᠯᠠᠭᠤᠨ ᠥᠷᠨᠢᠯᠲᠡ ᠭᠠᠷᠴᠤ ᠪᠠᠶᠢᠭ᠎ᠠ ᠦᠶ᠎ᠡ ᠳᠤ᠂ ᠪᠢᠳᠡ ᠬᠤᠷᠢᠨ ᠭᠤᠷᠪᠠᠳᠠᠬᠢ ᠳᠤᠮᠳᠠᠳᠤ ᠤᠯᠤᠰ ᠤᠨ ᠰᠤᠷᠪᠤᠯᠵᠢᠯᠠᠭᠴᠢ ᠶᠢᠨ ᠪᠠᠶᠠᠷ ᠢ  ᠤᠭᠲᠤᠨ ᠠᠪᠤᠯ᠎ᠠ᠃ ᠡ᠊ᠨᠳᠡ᠂ ᠪᠦᠬᠦ ᠬᠤᠳᠠ ᠶᠢᠨ ᠰᠣᠨᠢᠨ ᠮᠡᠳᠡᠭᠡᠨ ᠤ ᠹᠷᠣᠨᠲ ᠲᠤ ᠡᠷᠡᠯᠬᠡᠭᠯᠡᠨ ᠲᠡᠮᠡᠴᠡᠵᠤ ᠪᠠᠶᠢᠭ᠎ᠠ ᠪᠦᠬᠦ ᠰᠣᠨᠢᠨ  ᠮᠡᠳᠡᠭᠡᠨ ᠤ ᠠᠵᠢᠯᠲᠠᠳ ᠲᠤ ᠪᠠᠶᠠᠷ ᠤᠨ ᠡᠳᠦᠷ ᠤᠨ ᠵᠥᠩᠨᠡᠯ ᠪᠠ ᠴᠢᠩ ᠰᠡᠳᠭᠢᠯ ᠤᠨ ᠮᠡᠨᠳᠦᠴᠢᠯᠡᠯ ᠳᠡᠪᠰᠢᠭᠦᠯᠦ᠋ᠶ᠎ᠡ︕ ᠤᠷᠳᠤᠰ ᠤᠨ  ᠰᠣᠨᠢᠨ ᠮᠡᠳᠡᠭᠡᠨ ᠤ ᠦᠢᠯᠡᠰ ᠢ ᠤᠷᠳᠤ ᠬᠤᠭᠤᠴᠠᠭ᠎ᠠ ᠪᠠᠷ ᠬᠠᠯᠠᠮᠵᠢᠯᠠᠨ ᠳᠡᠮᠵᠢᠭᠰᠡᠭᠡᠷ ᠢᠷᠡᠭᠰᠡᠨ ᠨᠡᠶᠢᠭᠡᠮ ᠤᠨ ᠡᠯ᠎ᠡ ᠡᠲᠡᠭᠡᠳ ᠤᠨ  ᠬᠥᠮᠦᠰ ᠲᠤ ᠴᠢᠩ ᠰᠡᠳᠭᠢᠯ ᠤᠨ ᠲᠠᠯᠠᠷᠬᠠᠯ ᠪᠠ ᠡᠷᠬᠢᠮ ᠳᠡᠭᠡᠳᠦ ᠬᠦᠨᠳᠦᠳᠭᠡᠯ ᠢᠶᠠᠨ ᠳᠡᠪᠰᠢᠭᠦᠯᠦ᠋ᠶ᠎ᠡ︕           ᠰᠣᠨᠢᠨ ᠮᠡᠳᠡᠭᠡᠨ ᠤ ᠠᠵᠢᠯᠳᠠᠨ ᠪᠣᠯ ᠨᠠᠮ ᠵᠠᠰᠠᠭ ᠤᠨ ᠲᠠᠭᠤᠨ ᠬᠤᠭᠤᠯᠠᠢ᠂ ᠠᠷᠠᠳ ᠲᠦᠮᠡᠨ ᠤ ᠠᠰᠢᠭ ᠲᠤᠰᠠ ᠶᠢᠨ ᠬᠠᠮᠠᠭᠠᠯᠠᠭᠴᠢ᠂  ᠴᠠᠭ ᠦᠶ᠎ᠡ ᠶᠢᠨ ᠲᠡᠮᠳᠡᠭᠯᠡᠭᠴᠢ ᠮᠥᠨ᠃ ᠡᠨᠡ ᠵᠢᠯ ᠠᠴᠠ ᠨᠠᠭᠠᠰᠢ᠂ ᠪᠦᠬᠦ ᠬᠤᠳᠠ ᠶᠢᠨ ᠰᠣᠨᠢᠨ ᠮᠡᠳᠡᠭᠡᠨ ᠤ ᠹᠷᠣᠨᠲ ᠪᠣᠯᠤᠨ ᠥᠷᠭᠡᠨ  ᠤᠯᠠᠨ ᠰᠣᠨᠢᠨ ᠮᠡᠳᠡᠭᠡᠨ ᠤ ᠠᠵᠢᠯᠲᠠᠳ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ  ᠵᠢᠷᠤᠮ ᠤᠨ ᠦᠵᠡᠯ ᠰᠠᠨᠠᠭ᠎ᠠ ᠪᠣᠯᠤᠨ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠠᠯᠪᠢᠭᠰᠠᠨ ᠴᠢᠬᠤᠯᠠ ᠶᠠᠷᠢᠶ᠎ᠠ ᠴᠢᠬᠤᠯᠠ  ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠬᠤᠲᠠ ᠶᠢᠨ ᠨᠠᠮ ᠤᠨ ᠬᠤᠷᠢᠶ᠎ᠠ᠂  ᠵᠠᠰᠠᠭ ᠤᠨ ᠣᠷᠳᠣᠨ ᠤ ᠭᠤᠣᠯ ᠠᠵᠢᠯ ᠤᠨ ᠲᠣᠭᠤᠷᠢᠨ ᠳᠤ ᠨᠠᠮ ᠤᠨ ᠰᠣᠨᠢᠨ ᠮᠡᠳᠡᠭᠡᠨ ᠤ ᠶᠠᠷᠢᠶ᠎ᠠ ᠬᠡᠯᠡᠯᠴᠡᠭᠡᠨ ᠤ ᠠᠵᠢᠯ ᠤᠨ ᠡᠭᠦᠷᠭᠡ  ᠬᠠᠷᠢᠭᠤᠴᠠᠯᠭ᠎ᠠ ᠪᠠᠨ ᠦᠨᠡᠨᠴᠢ ᠪᠠᠷ ᠭᠦᠢᠴᠡᠳᠭᠡᠵᠦ᠂ ︽ᠰᠢᠨ᠎ᠡ ᠠᠶᠠᠨ ᠳᠤ ᠡᠷᠡᠯᠬᠡᠭᠯᠡᠨ ᠤᠷᠤᠭᠰᠢᠯᠠᠵᠤ ᠰᠢᠨ᠎ᠡ ᠴᠠᠭ ᠦᠶ᠎ᠡ ᠳᠤ ᠭᠠᠪᠢᠶ᠎ᠠ  ᠪᠠᠶᠢᠭᠤᠯᠬᠤ︾᠂ ︽ᠤᠷᠳᠤᠰ ᠤᠨ ᠰᠠᠢᠨ ᠦᠯᠢᠭᠡᠷ︾ ᠵᠡᠷᠭᠡ ᠭᠤᠣᠯ ᠰᠡᠳᠦᠪ ᠲᠤ ᠠᠩᠬᠠᠷᠤᠯ ᠢᠶᠠᠨ ᠲᠥᠪᠯᠡᠷᠡᠭᠦᠯᠦ᠋ᠨ ᠤᠬᠠᠭᠤᠯᠭ᠎ᠠ ᠬᠢᠵᠤ᠂  ᠴᠠᠭ ᠦᠶ᠎ᠡ ᠶᠢᠨ ᠠᠭᠤᠷ ᠠᠮᠢᠰᠬᠤᠯ ᠢᠶᠠᠷ ᠪᠢᠯᠬᠠᠮ᠎ᠠ᠂ ᠺᠠᠳ᠋ᠷ ᠤᠯᠠᠨ ᠲᠦᠮᠡᠨ ᠤ ᠴᠤᠭ ᠰᠦᠯᠳᠡ ᠶᠢ ᠬᠥᠭᠵᠢᠭᠡᠭᠰᠡᠨ ᠶᠡᠭᠡ ᠬᠡᠮᠵᠢᠶᠡᠨ ᠤ  ᠰᠣᠳᠣᠨ ᠪᠦᠲᠦᠭᠡᠯ ᠢ ᠭᠠᠷᠭᠠᠵᠤ᠂ ᠭᠤᠣᠯ ᠬᠦᠭ ᠠᠶᠠᠰ ᠢ ᠴᠤᠤᠷᠢᠶᠠᠲᠤᠭᠤᠯᠤᠨ᠂ ᠢᠳᠡᠪᠬᠢ ᠬᠦᠴᠦᠨ ᠢ ᠤᠯᠠᠮᠵᠢᠯᠠᠨ᠂ ᠪᠦᠬᠦ ᠬᠤᠳᠠ ᠶᠢᠨ  ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠴᠢᠩᠭ᠎ᠠ ᠬᠦᠴᠦᠲᠡᠢ ᠶᠠᠷᠢᠶ᠎ᠠ ᠬᠡᠯᠡᠯᠴᠡᠭᠡᠨ ᠤ ᠳᠡᠮᠵᠢᠯᠭᠡ ᠬᠠᠩᠭᠠᠪᠠ᠃            ᠶᠡᠷᠦᠩᠬᠡᠢ ᠱᠦᠵᠢ ᠰᠢ ᠶᠢᠨ ᠫᠢᠩ᠂ ᠨᠠᠮ ᠤᠨ ᠰᠣᠨᠢᠨ ᠮᠡᠳᠡᠭᠡ ᠶᠠᠷᠢᠶ᠎ᠠ ᠬᠡᠯᠡᠯᠴᠡᠭᠡᠨ ᠤ ᠠᠵᠢᠯ ᠪᠣᠯ ᠨᠠᠮ ᠤᠨ ᠴᠢᠬᠤᠯᠠ ᠠᠵᠢᠯ ᠮᠥᠨ᠂  ᠲᠦᠷᠦ ᠶᠢ ᠵᠠᠰᠠᠵᠤ ᠵᠠᠰᠠᠭ ᠢ ᠡᠷᠬᠢᠯᠡᠬᠦ᠂ ᠤᠯᠤᠰ ᠢ ᠲᠣᠭᠲᠠᠪᠤᠷᠢᠵᠢᠭᠤᠯᠵᠤ ᠲᠦᠷᠦ ᠶᠢ ᠲᠦᠪᠰᠢᠳᠭᠡᠬᠦ ᠶᠡᠭᠡ ᠶᠠᠪᠤᠳᠠᠯ ᠮᠥᠨ ᠭᠡᠵᠤ  ᠴᠢᠬᠤᠯᠠᠴᠢᠯᠠᠪᠠ᠃ ᠪᠦᠬᠦ ᠬᠤᠳᠠ ᠶᠢᠨ ᠰᠣᠨᠢᠨ ᠮᠡᠳᠡᠭᠡᠨ ᠤ ᠹᠷᠣᠨᠲ ᠤᠨ ᠬᠢᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ  ᠰᠤᠷᠤᠯᠴᠠᠨ ᠤᠬᠠᠭᠤᠯᠵᠤ ᠲᠤᠭᠤᠰᠢᠯᠠᠭᠤᠯᠬᠤ ᠪᠠᠷ ᠭᠤᠣᠯ ᠰᠢᠵᠢᠮ ᠪᠣᠯᠭᠠᠵᠤ᠂ ᠲᠥᠪ ᠭᠤᠣᠯᠴᠢ ᠪᠠᠷ ᠰᠢᠨ᠎ᠡ ᠶᠢ ᠡᠭᠦᠳᠬᠦ ᠶᠢ ᠪᠠᠷᠢᠮᠲᠠᠯᠠᠨ᠂  ᠠᠭᠤᠰᠤᠯᠴᠠᠨ ᠬᠥᠭᠵᠢᠬᠦ ᠶᠢ ᠲᠦᠷᠭᠡᠳᠭᠡᠵᠦ᠂ ᠰᠣᠨᠢᠨ ᠮᠡᠳᠡᠭᠡᠨ ᠤ ᠳᠠᠮᠵᠢᠭᠤᠯᠭ᠎ᠠ ᠶᠢᠨ ᠵᠢᠮ᠎ᠡ ᠶᠣᠰᠣ ᠶᠢ ᠬᠦᠨᠳᠦᠳᠭᠡᠨ᠂ ᠠᠷᠭ᠎ᠠ ᠪᠠᠷᠢᠯ ᠤᠨ  ᠰᠢᠨ᠎ᠡ ᠶᠢ ᠡᠭᠦᠳᠴᠦ᠂ ᠤᠬᠠᠭᠤᠯᠭ᠎ᠠ ᠪᠠᠨ ᠴᠢᠩᠭᠠᠳᠬᠠᠨ᠂ ᠤᠷᠳᠤᠰ ᠤᠨ ᠦᠯᠢᠬᠡᠷ ᠢ ᠰᠠᠶᠢᠲᠤᠷ ᠶᠠᠷᠢᠵᠤ᠂ ᠤᠷᠳᠤᠰ ᠤᠨ ᠲᠠᠭᠤᠨ ᠢ  ᠳᠠᠮᠵᠢᠭᠤᠯᠤᠨ᠂ ᠤᠷᠳᠤᠰ ᠤᠨ ︽ᠳᠡᠯᠡᠬᠡᠢ ᠶᠢ ᠳᠤᠯᠠᠭᠠᠴᠠᠭᠤᠯᠤᠭᠰᠠᠨ ᠬᠤᠳᠠ︾᠎ ᠶᠢᠨ ᠲᠦᠷᠢ ᠲᠥᠷᠬᠦ ᠶᠢ ᠱᠤᠭᠤᠬᠤ ᠬᠡᠷᠡᠭᠲᠡᠢ᠃ ᠪᠥᠬᠦ  ᠬᠤᠲᠠ ᠶᠢᠨ ᠥᠷᠭᠡᠨ ᠣᠯᠠᠨ ᠰᠣᠨᠢᠨ ᠮᠡᠳᠡᠭᠡᠨ ᠤ ᠠᠵᠢᠯᠲᠠᠨ ᠵᠥᠪ ᠣᠨᠣᠪᠴᠢᠲᠠᠶ ᠤᠯᠤᠰ ᠲᠥᠷᠥ ᠶᠢᠨ ᠴᠢᠭᠯᠡᠯ ᠢ ᠪᠠᠷᠢᠮᠲᠠᠯᠠᠨ᠂ ︽  ᠬᠤᠶᠠᠷ ᠢ ᠲᠣᠭᠲᠠᠭᠠᠬᠰᠠᠨ︾᠎ ᠤ ᠰᠢᠶ᠋ᠳᠪᠦᠷᠢᠯᠡᠭᠴᠢ ᠴᠢᠨᠠᠷᠲᠠᠢ ᠠᠴᠢ ᠬᠤᠯᠪᠣᠭᠳᠠᠯ ᠢ ᠭᠦᠨᠵᠡᠭᠡᠶ ᠣᠶᠢᠯᠠᠭᠠᠵᠤ᠂ ︽ᠳᠥᠷᠪᠡᠨ ᠤᠬᠠᠮᠰᠠᠷ︾ ᠎ ᠢᠶᠠᠨ ᠴᠢᠩᠭᠠᠳᠬᠠᠨ᠂ ︽ᠳᠥᠷᠪᠡᠨ ᠢᠲᠡᠭᠡᠯ︾᠎ ᠢ ᠪᠠᠲᠤᠳᠬᠠᠵᠤ᠂ ︽ᠬᠤᠶᠠᠷ ᠢ ᠬᠠᠮᠠᠭᠠᠯᠠᠬᠤ︾᠎ ᠶᠢ ᠪᠡᠶᠡᠯᠡᠭᠦᠯᠤᠨ᠂ ᠮᠠᠷᠺᠰ ᠤᠨ  ᠦᠵᠡᠯ ᠤᠨ ᠰᠣᠨᠢᠨ ᠮᠡᠳᠡᠭᠡᠨ ᠤ ᠦᠵᠡᠯᠲᠡ ᠶᠢ ᠪᠠᠷᠢᠮᠲᠠᠯᠠᠬᠤ ᠤᠬᠠᠮᠰᠠᠷᠲᠤ ᠴᠢᠨᠠᠷ ᠢᠶᠠᠨ ᠴᠢᠩᠭᠠᠳᠬᠠᠬᠤ ᠬᠡᠷᠡᠭᠲᠡᠶ᠃ ᠵᠥᠪ ᠶᠠᠷᠢᠶ᠎ᠠ  ᠬᠡᠯᠡᠯᠴᠡᠭᠡᠨ ᠤ ᠤᠳᠤᠷᠢᠳᠤᠮᠵᠢ ᠶᠢ ᠪᠠᠷᠢᠮᠲᠠᠯᠠᠨ᠂ ᠪᠦᠯᠬᠦᠮᠳᠡᠯ ᠲᠠᠢ ᠲᠣᠭᠲᠠᠭᠤᠨ ᠢᠶᠠᠷ ᠡᠷᠴᠢ ᠵᠣᠷᠢᠭ ᠢᠶᠠᠨ ᠬᠥᠪᠴᠢᠯᠡᠬᠦ᠂ ᠵᠥᠪ ᠲᠠᠯ᠎ᠠ ᠶᠢᠨ  ᠤᠬᠠᠭᠤᠯᠭ᠎ᠠ ᠪᠠᠷ ᠭᠤᠣᠯ ᠪᠣᠯᠭᠠᠬᠤ ᠦᠨᠳᠦᠰᠦᠨ ᠴᠢᠭᠯᠡᠯᠲᠡ ᠶᠢ ᠵᠢᠷᠤᠮᠯᠠᠵᠤ᠂ ᠰᠣᠨᠢᠨ ᠮᠡᠳᠡᠭᠡ ᠶᠠᠷᠢᠶ᠎ᠠ ᠬᠡᠯᠡᠯᠴᠡᠭᠡᠨ ᠤ ᠤᠯᠠᠮᠵᠢᠯᠠᠨ  ᠲᠠᠷᠬᠠᠭᠠᠬᠤ ᠬᠦᠴᠦᠨ᠂ ᠬᠥᠳᠤᠯᠤᠨ ᠵᠢᠯᠣᠭᠤᠳᠬᠤ ᠬᠦᠴᠦᠨ᠂ ᠨᠥᠯᠥ᠋ᠭᠡᠯᠡᠬᠦ ᠬᠦᠴᠦᠨ᠂ ᠤᠯᠠᠨ ᠨᠡᠶᠢᠲᠡ ᠶᠢ ᠢᠲᠡᠭᠡᠭᠦᠯᠬᠦ ᠬᠦᠴᠦᠨ ᠢ  ᠳᠡᠭᠡᠭᠰᠢᠯᠡᠭᠦᠯᠦ᠋ᠨ᠂ ᠭᠤᠣᠯᠯᠠᠬᠤ ᠦᠵᠡᠯ ᠰᠠᠨᠠᠭ᠎ᠠ ᠶᠠᠷᠢᠶ᠎ᠠ ᠬᠡᠯᠡᠯᠴᠡᠭᠡᠨ ᠤ ᠤᠬᠠᠮᠰᠠᠷᠲᠤ ᠴᠢᠨᠠᠷ ᠢ ᠪᠠᠬᠢᠵᠢᠭᠦᠯᠦ᠋ᠨ ᠪᠤᠵᠠᠭᠠᠶᠢᠷᠠᠭᠤᠯᠬᠤ ᠬᠡᠷᠡᠭᠲᠡᠢ ᠃ ᠰᠣᠨᠢᠨ ᠮᠡᠳᠡᠭᠡᠨ ᠤ ᠵᠥᠪ ᠵᠣᠷᠢᠯᠲᠠ ᠶᠢ ᠪᠠᠷᠢᠮᠲᠠᠯᠠᠵᠤ᠂ ᠰᠢᠨ᠎ᠡ ᠮᠡᠳᠡᠯᠭᠡ ᠶᠢ ᠲᠠᠰᠤᠷᠠᠯᠲᠠ ᠦᠭᠡᠢ ᠡᠵᠡᠮᠰᠢᠨ᠂ ᠰᠢᠨ᠎ᠡ ᠬᠦᠷᠢᠶ᠎ᠡ ᠶᠢ  ᠣᠶᠢᠯᠠᠭᠠᠵᠤ᠂ ᠰᠢᠨ᠎ᠡ ᠬᠠᠷᠠᠭ᠎ᠠ ᠶᠢ ᠨᠡᠭᠡᠭᠡᠨ᠂ ᠬᠦᠯ ᠬᠦᠡᠭᠭᠡᠨ᠂ ᠨᠢᠳᠦ ᠬᠢᠷᠠᠬᠠᠢ᠂ ᠲᠠᠷᠢᠬᠢ ᠰᠡᠷᠭᠡᠭ᠂ ᠦᠵᠦᠭ ᠬᠤᠷᠴᠠ ᠪᠠᠶᠢᠵᠤ᠂ ᠦᠵᠡᠯ  ᠰᠠᠨᠠᠭ᠎ᠠ ᠲᠠᠢ᠂ ᠬᠠᠶᠢᠷ᠎ᠠ ᠰᠡᠳᠭᠢᠯᠭᠡ ᠲᠠᠢ᠂ ᠵᠠᠩ ᠴᠢᠨᠠᠷ ᠲᠠᠢ ᠰᠢᠨ᠎ᠡ ᠰᠣᠷᠭᠤᠭ ᠪᠦᠲᠦᠭᠡᠯ ᠢ ᠨᠡᠩ ᠤᠯᠠᠨ ᠵᠣᠬᠢᠶᠠᠨ ᠪᠦᠲᠦᠭᠡᠵᠦ᠂ ᠴᠠᠭ  ᠦᠶ᠎ᠡ ᠲᠠᠢ ᠵᠡᠷᠭᠡ ᠪᠠᠷ ᠤᠷᠤᠭᠰᠢᠯᠠᠨ ᠪᠡᠶ᠎ᠡ ᠪᠠᠨ ᠵᠠᠰᠠᠵᠤ ᠦᠢᠯᠡᠰ ᠢᠶᠠᠨ ᠳᠡᠭᠡᠳᠦᠯᠡᠬᠦ ᠤᠬᠠᠮᠰᠠᠷᠲᠤ ᠴᠢᠨᠠᠷ ᠢᠶᠠᠨ ᠴᠢᠩᠭᠠᠳᠬᠠᠬᠤ ᠬᠡᠷᠡᠭᠲᠡᠢ᠃  ᠵᠥᠪ ᠠᠵᠢᠯ ᠤᠨ ᠬᠠᠨᠳᠤᠰᠢ ᠶᠢ ᠪᠠᠷᠢᠮᠲᠠᠯᠠᠨ᠂ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠲᠤ ᠪᠤᠢ  ᠪᠣᠯᠭᠠᠵᠤ᠂ ᠨᠡᠶᠢᠭᠡᠮ ᠤᠨ ᠬᠠᠷᠢᠭᠤᠴᠠᠯᠭ᠎ᠠ ᠶᠢ ᠪᠠᠲᠤ ᠴᠡᠭᠡᠵᠢᠯᠡᠨ᠂ ᠲᠤᠬᠠᠶᠢᠯᠠᠭᠰᠠᠨ ᠠᠵᠢᠯ ᠤᠨ ᠵᠣᠷᠢᠭ ᠰᠠᠨᠠᠭ᠎ᠠ ᠶᠢ ᠪᠠᠳᠠᠷᠠᠭᠤᠯᠵᠤ᠂ ᠪᠠᠲᠤ  ᠴᠢᠩᠭ᠎ᠠ ᠰᠤᠷᠲᠠᠯ ᠢ ᠪᠤᠢ ᠪᠣᠯᠭᠠᠨ᠂ ᠬᠠᠷᠠᠮ ᠦᠭᠡᠢ ᠵᠣᠷᠢᠭᠤᠯᠬᠤ ᠤᠬᠠᠮᠰᠠᠷᠲᠤ ᠴᠢᠨᠠᠷ ᠢᠶᠠᠨ ᠴᠢᠩᠭᠠᠳᠬᠠᠵᠤ᠂ ᠨᠠᠮ ᠪᠣᠯᠤᠨ ᠠᠷᠠᠳ  ᠲᠦᠮᠡᠨ ᠤ ᠢᠲᠡᠭᠡᠯ ᠢ ᠣᠯᠤᠭᠰᠠᠨ ᠰᠣᠨᠢᠨ ᠮᠡᠳᠡᠭᠡᠨ ᠤ ᠠᠵᠢᠯᠳᠠᠨ ᠪᠣᠯᠬᠤ ᠪᠠᠷ ᠴᠢᠷᠮᠠᠶᠢᠬᠤ ᠬᠡᠷᠡᠭᠲᠠᠢ᠃           ᠪᠦᠬᠦ ᠬᠤᠲᠠ ᠶᠢᠨ ᠥᠷᠭᠡᠨ ᠣᠯᠠᠨ ᠰᠣᠨᠢᠨ ᠮᠡᠳᠡᠭᠡᠨ ᠤ ᠠᠵᠢᠯᠲᠠᠳ ᠲᠤ ᠪᠠᠶᠠᠷ ᠤᠨ ᠡᠳᠦᠷ ᠤᠨ ᠮᠡᠨᠳᠦᠴᠢᠯᠡᠯ ᠳᠡᠪᠰᠢᠭᠦᠯᠦ᠋ᠶ᠎ᠡ᠂ ᠪᠡᠶ᠎ᠡ  ᠮᠠᠬᠠᠪᠣᠳ ᠡᠷᠡᠭᠦᠯ ᠴᠢᠭᠢᠷᠠᠭ᠂ ᠭᠡᠷ ᠬᠤᠲᠠᠯᠠᠭᠠᠷ ᠢᠶᠠᠨ ᠵᠣᠯ ᠵᠢᠷᠭᠠᠯ ᠲᠠᠢ ᠪᠠᠶᠢᠬᠤ ᠶᠢ ᠵᠥᠩᠨᠡᠶ᠎ᠡ︕                                          ᠳᠤᠮᠳᠠᠳᠤ ᠤᠯᠤᠰ ᠤᠨ ᠡᠪ ᠬᠠᠮᠲᠤ ᠨᠠᠮ ᠤᠨ ᠣᠷᠳᠣᠰ ᠬᠤᠲᠠ ᠶᠢᠨ ᠬᠤᠷᠢᠶ᠎ᠠ                                           ᠣᠷᠳᠣᠰ ᠬᠤᠲᠠ ᠶᠢᠨ ᠠᠷᠠᠳ ᠤᠨ ᠵᠠᠰᠠᠭ ᠤᠨ ᠣᠷᠳᠣᠨ                                                                                2022 ᠤᠨ ᠤ 11 ᠰᠠᠷ᠎ᠠ ᠶᠢᠨ 8᠎ ᠤ ᠡᠳᠤᠷ
ᠢᠷᠡᠯᠲᠡ᠄ ᠤᠷᠳᠤᠰ ᠤᠨ ᠮᠤᠩᠭᠤᠯ ᠭᠡᠯᠡᠨ ᠤ ᠰᠤᠨᠢᠨ ᠮᠡᠳᠡᠭᠡᠨ ᠤ ᠰᠦᠯᠵᠢᠶ᠎ᠡ