ᠯᠢ ᠯᠢ ᠣᠷᠳᠣᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠤᠷᠤᠨ ᠳᠤ ᠬᠦᠷᠴᠤ ᠪᠠᠶᠢᠴᠠᠭᠠᠨ ᠰᠤᠳᠤᠯᠤᠯᠲᠠ ᠬᠢᠵᠠᠢ
ᠨᠡᠶᠢᠲᠡᠯᠡᠭᠰᠡᠨ ᠴᠠᠭ᠄
2022/11/9
     ᠤᠶᠢᠷ᠎ᠠ ᠶᠢᠨ ᠡᠳᠦᠷ᠂ ᠬᠤᠲᠠ ᠶᠢᠨ ᠨᠠᠮ ᠤᠨ ᠬᠤᠷᠢᠶᠠᠨ ᠤ ᠱᠦᠵᠢ ᠯᠢ ᠯᠢ ᠣᠷᠳᠣᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠤᠷᠤᠨ ᠳᠤ ᠬᠦᠷᠴᠦ ᠳᠡᠭᠡᠳᠦ ᠰᠢᠨ᠎ᠡ ᠮᠡᠷᠭᠡᠵᠢᠯ ᠤᠨ ᠤᠷᠤᠨ ᠤ ᠲᠦᠯᠤᠪᠵᠢᠬᠦᠯᠬᠡ ᠪᠥᠲᠥᠭᠡᠨ ᠪᠠᠶᠢᠭᠤᠯᠤᠯᠲᠠ ᠪᠠ ᠴᠢᠬᠤᠯᠠ ᠶᠡᠭᠡ ᠲᠥᠷᠥᠯ ᠵᠦᠢᠯ ᠢ ᠠᠬᠢᠭᠤᠯᠤᠬᠰᠠᠨ ᠪᠠᠶᠢᠳᠠᠯ ᠳᠤ ᠪᠠᠶᠢᠴᠠᠭᠠᠨ ᠰᠤᠳᠤᠯᠤᠯᠲᠠ ᠬᠢᠪᠠ᠃ ᠬᠤᠲᠠ ᠶᠢᠨ ᠨᠠᠮ ‍ᠤᠨ‌ᠬᠤᠷᠢᠶᠠᠨ ᠤ ᠪᠠᠶᠢᠩᠭᠤ ᠶᠢᠨ ᠭᠡᠰᠢᠭᠦᠨ᠂ ᠨᠠᠷᠢᠨ ᠪᠢᠴᠢᠭ ᠤᠨ ᠳᠠᠷᠤᠭ᠎ᠠ ᠵᠠᠩ ᠸᠧᠶ᠂ ᠬᠤᠲᠠ ᠶᠢᠨ ᠳᠡᠳ᠋ ᠳᠠᠷᠤᠭ᠎ᠠ ᠸᠠᠩ ᠰᠢᠨ ᠢᠦᠶ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃     ᠯᠢ ᠯᠢ ᠤᠷᠢᠳ ᠬᠤᠵᠢᠳ ᠤᠷᠳᠤᠰ ᠤᠨ ᠴᠢᠳᠠᠪᠤᠷᠢᠲᠠᠨ ᠰᠢᠨᠵᠢᠯᠡᠬᠦ ᠤᠬᠠᠭᠠᠨ ᠰᠤᠷᠭᠠᠨ ᠬᠥᠮᠦᠵᠢᠯ ᠤᠨ ᠬᠤᠳᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠠᠭᠤᠰᠤᠯᠴᠠᠯ ᠤᠨ ᠲᠣᠭᠤᠷᠢᠭ᠂ ᠴᠢ ᠷᠦᠢ ᠭᠠᠩᠨᠠᠵᠤ ᠤᠬᠰᠠᠷᠠᠬᠤ ᠦᠢᠯᠡᠳᠪᠦᠷᠢ ᠶᠢᠨ ᠲᠠᠰᠤᠭ ᠤᠨ ᠬᠤᠶᠠᠳᠤᠭᠠᠷ ᠬᠤᠭᠤᠴᠠᠭᠠᠨ ᠤ ᠲᠦᠷᠦᠯ ᠵᠦᠢᠯ᠂ ᠱᠠᠨ ᠾᠧ ᠬᠤᠤ ᠯᠢᠩ ᠲᠤᠨᠤᠭᠯᠠᠯ ᠢ ᠨᠠᠷᠢᠯᠢᠭ ᠦᠢᠯᠡᠳᠬᠦ ᠲᠦᠷᠦᠯ ᠵᠦᠢᠯ᠂ ᠸᠤ᠋ ᡁᠢ ᠨᠡᠭᠦᠷᠡᠰᠦᠲᠥ᠋ᠷᠥᠭᠴᠢ ᠪᠠᠷ ᠰᠠᠭᠤᠷᠢ ᠪᠣᠯᠭᠠᠭᠰᠠᠨ ᠨᠡᠶᠢᠯᠡᠮᠡᠯ ᠮᠠᠲ᠋ᠧᠷᠢᠶᠠᠯ ᠤᠨ ᠲᠦᠷᠦᠯ ᠵᠦᠢᠯ ᠤᠨ ᠠᠬᠤᠢ ᠲᠠᠯᠠᠪᠠᠢ ᠳᠤ ᠬᠦᠷᠴᠦ᠂ᠲᠦᠷᠦᠯ ᠵᠦᠢᠯ ᠤᠨ ᠲᠦᠯᠤᠪᠵᠢᠬᠦᠯᠬᠡ ᠪᠦᠳᠦᠭᠡᠨ ᠪᠠᠶᠢᠭᠤᠯᠤᠯᠲᠠ᠂ ᠭᠠᠷ ᠤᠷᠠᠯᠠᠯ ᠤᠨ ᠶᠠᠪᠤᠴᠠ᠂ ᠮᠡᠷᠭᠡᠵᠢᠯ ᠤᠨ ᠰᠢᠨ᠎ᠡ ᠶᠢ ᠡᠭᠦᠳᠬᠦ ᠵᠡᠷᠭᠡ ᠪᠠᠶᠢᠳᠠᠯ ᠢ ᠨᠠᠷᠢᠨ ᠣᠶᠢᠯᠠᠭᠠᠵᠤ᠂ ᠲᠤᠬᠠᠢ ᠶᠢᠨ ᠭᠠᠵᠠᠷ ᠪᠣᠯᠤᠨ ᠬᠤᠯᠪᠣᠭᠳᠠᠯ ᠪᠦᠬᠦᠢ ᠰᠠᠯᠠᠭ᠎ᠠ ᠮᠥᠴᠢᠷ ᠲᠤ ᠲᠦᠷᠦᠯ ᠵᠦᠢᠯ ‍ᠤᠨ‌ᠦᠢᠯᠡᠴᠢᠯᠡᠭᠡ ᠪᠠᠲᠤᠯᠠᠭ᠎ᠠ ᠶᠢᠨ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠠᠵᠤ ᠠᠬᠤᠶᠢᠯᠠᠯ ᠢ ᠬᠠᠪᠰᠤᠷᠤᠨ ᠲᠦᠷᠦᠯ ᠵᠦᠢᠯ ᠢ‌ᠠᠬᠢᠭᠤᠯᠬᠤ ᠶᠠᠪᠤᠴᠠ ᠳᠤ ᠲᠤᠯᠭᠠᠷᠠᠭᠰᠠᠨ ᠬᠦᠴᠢᠷᠳᠡᠯ ᠪᠣᠯᠤᠨ ᠠᠰᠠᠭᠤᠳᠠᠯ ᠢ ᠪᠦᠬᠦ ᠬᠦᠴᠦᠨ ᠢᠶᠠᠷ ᠢᠶᠠᠨ ᠰᠢᠢᠳᠪᠦᠷᠢᠯᠡᠬᠦ ᠶᠢ ᠰᠠᠨᠠᠭᠤᠯᠵᠤ᠂ᠠᠵᠤ ᠠᠬᠤᠶᠢᠯᠠᠯ ᠤᠨ ᠬᠢᠨ ᠢ ᠪᠠᠷᠢᠯᠭ᠎ᠠ ᠶᠢᠨ ᠠᠬᠢᠴᠠ ᠶᠢ ᠠᠮᠵᠢᠨ ᠠᠳᠬᠤᠵᠤ᠂ ᠲᠦᠷᠦᠯ ᠵᠦᠢᠯ ᠢ ᠡᠷᠲᠡᠬᠡᠨ ᠪᠠᠶᠢᠭᠤᠯᠤᠨ ᠲᠠᠭᠤᠰᠬᠠᠵᠦ᠂ᠡᠷᠲᠡᠬᠡᠨ ᠦᠷ᠎ᠡ ᠪᠦᠲᠦᠮᠵᠢ ᠤᠯᠬᠤ ᠶᠢ ᠠᠬᠢᠭᠤᠯᠬᠤ ᠬᠡᠷᠡᠭᠲᠡᠢ ᠭᠡᠵᠦ ᠵᠤᠷᠢᠬᠵᠢᠭᠤᠯᠪᠠ᠃     ᠳᠠᠷᠠᠭ᠎ᠠ ᠪᠠᠷ ᠨᠢ ᠶᠠᠷᠢᠯᠴᠠᠬᠤ ᠬᠤᠷᠠᠯ ᠢ ᠬᠤᠷᠠᠯᠳᠤᠭᠤᠯᠵᠤ᠂ ᠣᠷᠳᠣᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ‍ᠤᠨ‌ᠨᠡᠭᠡᠭᠡᠯᠲᠡ ᠶᠢᠨ ᠤᠷᠤᠨ ᠤ ᠶᠡᠷᠦᠩᠬᠡᠶ ᠲᠥᠯᠥ᠋ᠪᠵᠢᠭᠦᠯᠭᠡ ᠪᠣᠯᠤᠨ ᠠᠵᠢᠯ ᠢ ᠥᠷᠨᠢᠭᠦᠯᠦ᠋ᠭᠰᠡᠨ ᠪᠠᠶᠢᠳᠠᠯ ᠤᠨ ᠲᠤᠬᠠᠢ ᠬᠠᠷᠢᠭᠤ ᠮᠡᠳᠡᠭᠦᠯᠦ᠋ᠯᠲᠡ ᠶᠢ ᠰᠣᠨᠣᠰᠪᠠ᠃ ᠯᠢ ᠯᠢ᠂ ᠪᠠᠶᠢᠷᠢ ᠲᠣᠭᠲᠠᠭᠠᠯᠲᠠ ᠪᠠᠨ ᠲᠣᠳᠣᠷᠬᠠᠶ ᠪᠣᠯᠭᠠᠵᠤ᠂ ᠪᠠᠶᠢᠷᠢᠰᠢᠯ ᠢᠶᠠᠨ ᠤᠯᠠᠮ ᠨᠢᠭᠡ ᠠᠯᠬᠤᠮ‌ᠥᠷᠭᠡᠳᠭᠡᠨ᠂ ᠬᠠᠷᠠᠭ᠎ᠠ ᠪᠠᠨ ᠲᠡᠯᠡᠵᠦ᠂ ᠤᠯᠤᠰ ᠤᠨ ᠳᠡᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠵᠢᠨ‌ᠤᠷᠤᠨ ᠤ ᠪᠠᠶᠢᠷᠢ ᠲᠤᠬᠳᠠᠭᠠᠯᠲᠠ ᠳᠤ ᠠᠩᠬᠠᠷᠤᠯ ᠢᠶᠠᠨ ᠲᠦᠪᠯᠡᠷᠡᠬᠦᠯᠵᠦ᠂ ᠬᠦᠭᠵᠢᠯᠲᠡ ᠶᠢᠨ ᠲᠥᠯᠥ᠋ᠪᠵᠢᠭᠦᠯᠭᠡ ᠶᠢ ᠲᠡᠭᠦᠯᠳᠡᠷᠵᠢᠭᠦᠯᠵᠦ᠂ᠶᠠᠰᠤ ᠴᠢᠨᠠᠷ ᠢ ᠳᠡᠭᠡᠭᠰᠢᠯᠡᠭᠦᠯᠦ᠋ᠨ ᠳᠡᠰ ᠳᠡᠪᠰᠢᠭᠦᠯᠬᠦ ᠭᠤᠷᠪᠠᠨ ᠵᠢᠯ ᠤᠨ ᠠᠵᠢᠯᠯᠠᠭ᠎ᠠ ᠶᠢ ᠯᠠᠪᠳᠠᠭᠤᠨ ᠪᠠᠲᠤᠲᠠᠶ ᠥᠷᠨᠢᠭᠦᠯᠵᠦ᠂ ᠳᠡᠭᠡᠳᠦ‌‍ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠤᠷᠤᠨ ᠢ ᠳᠡᠯᠡᠬᠡᠶ ᠳ᠋ᠠᠬᠢᠨ ᠢ ᠪᠠᠷᠠᠯᠠᠨ᠂ ᠪᠥᠬᠦ ᠤᠯᠤᠰ ᠲᠤ ᠰᠠᠭᠤᠷᠢᠯᠠᠵᠤ᠂ ᠪᠥᠬᠦ‌ᠣᠷᠣᠨ ᠳᠤ ᠦᠢᠯᠡᠴᠢᠯᠡᠨ᠂ ᠬᠥᠬᠡᠬᠤᠲᠠ ᠪᠤᠭᠤᠲᠤ ᠣᠷᠳᠣᠰ ᠲᠡᠮᠡᠭᠡᠲᠦ ᠶᠢ ᠳᠠᠶᠢᠴᠢᠯᠠᠬᠰᠡᠨ ᠰᠢᠨ᠎ᠠ ᠶᠢ ᠡᠭᠦᠳᠬᠦ ᠬᠥᠭᠵᠢᠯᠲᠡ ᠵᠢᠨ‌‍ᠲ᠋ᠠᠭᠤᠷᠢᠶᠠᠯ ᠦᠵᠡᠬᠦᠯᠬᠦ ᠣᠷᠣᠨ ᠪᠣᠯᠭᠠᠨ ᠪᠥᠲᠥᠭᠡᠨ ᠪᠠᠶᠢᠭᠤᠯᠵᠤ᠂ ᠪᠥᠬᠦ ᠬᠤᠲᠠ ᠶᠢᠨ ︽ᠳᠡᠯᠡᠬᠡᠶ ᠶᠢᠨ ᠲᠠᠰ ᠤᠨ ᠲᠦᠷᠪᠡᠨ ᠠᠵᠤ ᠦᠢᠯᠡᠰ︾᠎ ᠢ ᠴᠣᠭᠴᠠᠯᠠᠬᠤ᠂ ︽ᠤᠯᠤᠰ ᠤᠨ ᠳᠥᠷᠪᠡᠨ ᠬᠡᠪ ᠲᠠᠭᠤᠷᠢᠶᠠᠯ︾᠎ ᠢ ᠪᠥᠲᠥᠭᠡᠨ ᠪᠠᠶᠢᠭᠤᠯᠬᠤ᠂ ︽ᠪᠥᠬᠦ ᠤᠯᠤᠰ ᠤᠨ ᠲᠦᠷᠪᠡᠨ ᠲᠡᠷᠢᠭᠦᠨ︾᠎ ᠢ ᠡᠬᠦᠳᠬᠦ ᠴᠢᠬᠤᠯᠠ ᠲᠤᠯᠭᠠᠭᠤᠷᠢᠯᠠᠯ ᠪᠠ ᠴᠢᠩᠭ᠎ᠠ ᠬᠦᠴᠦᠲᠡᠶ ᠨᠡᠮᠡᠭᠳᠡᠯ ᠤᠨ ᠲᠦᠢᠯ ᠪᠣᠯᠭᠠᠬᠤ ᠪᠠᠷ ᠴᠢᠷᠮᠠᠶᠢᠬᠤ ᠬᠡᠷᠡᠭᠲᠠᠢ᠃ ᠲᠦᠷᠢ ᠲᠥᠷᠬᠦ ᠶᠢ ᠱᠤᠭᠤᠵᠦ᠂ ᠲᠦᠷᠢ ᠲᠦᠷᠬᠦ ᠶᠢ ᠰᠠᠶᠢᠵᠢᠷᠠᠭᠤᠯᠤᠨ᠂ ᠠᠭᠤᠯᠤᠭᠳᠠᠬᠤᠨ ᠢ ᠳᠡᠭᠡᠭᠰᠢᠯᠡᠭᠦᠯᠬᠦ ᠶᠢ ᠠᠬᠢᠭᠤᠯᠵᠤ᠂ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠤᠷᠤᠨ ᠢ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠲᠥᠪᠯᠡᠷᠡᠭᠰᠡᠨ ᠭᠠᠵᠠᠷ᠂ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠭᠤᠯᠤᠮᠳᠠ ᠭᠠᠵᠠᠷ᠂ ᠳᠡᠭᠡᠳᠦ ᠲᠡᠰ ᠤᠨ ᠴᠢᠳᠠᠪᠤᠷᠢᠲᠠᠨ ᠲᠥᠪᠯᠡᠷᠡᠭᠰᠡᠨ ᠭᠠᠵᠠᠷ᠂ᠲᠣᠭᠲᠠᠴᠠ ᠶᠢᠨ ᠥᠭᠡᠷᠡᠴᠢᠯᠡᠯᠲᠡ ᠶᠢᠨ ᠲᠤᠷᠰᠢᠯᠲᠠ ᠶᠢᠨ ᠣᠷᠣᠨ᠂ ᠬᠤᠳᠠ ᠶᠢᠨ ᠬᠥᠭᠵᠢᠯᠲᠡ ᠶᠢ ᠥᠷᠭᠡᠳᠭᠡᠬᠦ ᠣᠷᠣᠨ ᠪᠣᠯᠭᠠᠨ ᠪᠦᠳᠦᠭᠡᠨ ᠪᠠᠶᠢᠭᠤᠯᠵᠤ᠂ ᠤᠯᠤᠰ ᠤᠨ ᠲᠡᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠤᠷᠤᠨ ᠤ ᠰᠠᠶᠢᠨ ᠰᠠᠶᠢᠬᠠᠨ ᠲᠦᠷᠢ ᠲᠥᠷᠬᠦ ᠶᠢ ᠦᠨᠡᠨ ᠬᠦ ᠱᠤᠭᠤᠬᠤ ᠬᠡᠷᠡᠭᠲᠡᠢ᠃ ᠠᠵᠤ ᠦᠢᠯᠡᠰ ᠢ ᠴᠣᠭᠴᠠᠯᠠᠨ᠂ ᠰᠢᠨ᠎ᠡ ᠡᠨᠧᠷᠭᠢ ᠰᠢᠨ᠎ᠡ ᠮᠠᠲ᠋ᠧᠷᠢᠶᠠᠯ ᠤᠨ ᠠᠵᠤ‌ᠦᠢᠯᠡᠰ ᠤᠨ ︽ᠰᠢᠨ᠎ᠡ︾ ᠬᠦᠭᠵᠢᠯᠲᠡ ᠳᠤ ᠠᠩᠬᠠᠷᠤᠯ ᠢᠶᠠᠨ ᠲᠥᠪᠯᠡᠷᠡᠭᠦᠯᠵᠦ᠂ ᠳᠡᠭᠡᠳᠦ ᠲᠡᠰ ᠤᠨ ᠲᠣᠨᠣᠭᠯᠠᠯ ᠦᠢᠯᠡᠳᠬᠦ ᠦᠢᠯᠡᠰ ᠤᠨ ︽ᠦᠵᠦᠬᠦᠷᠯᠡᠭᠰᠡᠨ︾ ᠬᠥᠭᠵᠢᠯᠲᠡ ᠳᠤ ᠠᠩᠬᠠᠷᠤᠯ ᠢᠶᠠᠨ ᠲᠥᠪᠯᠡᠷᠡᠭᠦᠯᠵᠦ᠂ ᠲᠤᠮᠤ ᠳ᠋ᠠᠶᠢᠲ᠋ᠠ ᠶᠢᠨ ᠠᠵᠤ ᠦᠢᠯᠡᠰ ᠤᠨ ︽ᠶᠡᠭᠡ︾ ᠬᠦᠭᠵᠢᠯᠲᠡ ᠳᠤ ᠠᠩᠬᠠᠷᠤᠯ ᠢᠶᠠᠨ ᠲᠥᠪᠯᠡᠷᠡᠭᠦᠯᠵᠦ᠂ ᠲᠣᠯᠣᠭᠠᠶᠢᠯᠠᠬᠴᠢ ᠠᠵᠤ ᠠᠬᠤᠶᠢᠯᠠᠯ ᠢ ᠤᠷᠤᠭᠤᠯᠤᠨ ᠠᠪᠴᠢᠷᠠᠬᠤ ᠡᠷᠴᠢᠮ ᠵᠶ᠋ᠠᠨ‌‍ᠴᠢᠩᠭᠠᠷᠠᠭᠤᠯᠵᠤ᠂ ᠰᠢᠨ᠎ᠡ ᠬᠥᠳᠡᠯᠭᠡᠬᠦ ᠬᠦᠴᠦᠨ ᠢ ᠲᠦᠷᠭᠡᠨ ᠪᠤᠶᠢᠵᠢᠭᠤᠯᠵᠤ᠂ ᠰᠢᠨ᠎ᠡ ᠠᠮᠢᠵᠢᠷᠠᠯ ᠤᠨ ᠬᠦᠴᠦᠨ ᠢ ᠪᠠᠳᠠᠷᠠᠭᠤᠯᠬᠤ ᠬᠡᠷᠡᠭᠲᠡᠢ᠃ ᠠᠭᠤᠰᠤᠯᠴᠠᠯ ᠢ ᠠᠬᠢᠭᠤᠯᠵᠤ᠂ ᠠᠵᠤ ᠦᠢᠯᠡᠰ ᠪᠠ ᠰᠤᠷᠭᠠᠨ ᠬᠥᠮᠦᠵᠢᠯ ᠤᠨ ᠠᠭᠤᠰᠤᠯᠴᠠᠯ᠂ ᠠᠵᠤ ᠦᠢᠯᠡᠰ ᠪᠠ ᠬᠤᠳᠠ ᠶᠢᠨ ᠠᠭᠤᠰᠤᠯᠴᠠᠯ᠂ ᠬᠥᠮᠦᠨ ᠪᠠ ‍ᠤᠷᠴᠢᠨ ᠲᠤᠭᠤᠷᠢᠨ ᠤ ᠠᠭᠤᠰᠤᠯᠴᠠᠯ ᠢ ᠠᠬᠢᠭᠤᠯᠵᠤ᠂ ᠠᠵᠤ ᠦᠢᠯᠡᠰ ᠤᠨ ᠬᠡᠯᠬᠢᠶ᠎ᠡ ᠰᠢᠨ᠎ᠡ ᠶᠢ ᠡᠭᠦᠳᠬᠦ ᠬᠡᠯᠬᠢᠶ᠎ᠡ ᠴᠢᠳᠠᠪᠤᠷᠢᠲᠠᠨ ᠤ ᠬᠡᠯᠬᠢᠶ᠎ᠡ ᠶᠢᠨ ᠠᠭᠤᠰᠤᠯᠴᠠᠯ ᠢ ᠠᠬᠢᠭᠤᠯᠵᠤ᠂ ᠳᠡᠭᠡᠳᠦ ᠰᠢᠨ᠎ᠡ ᠮᠡᠷᠭᠡᠵᠢᠯ ᠤᠨ ᠨᠡᠭᠡᠭᠡᠯᠲᠡ ᠶᠢᠨ ᠤᠷᠤᠨ ᠤ ᠲᠠᠲᠠᠬᠤ‌‍ᠬᠦ᠋ᠴᠦᠨ ᠪᠠ ᠦᠷᠢᠰᠦᠯᠳᠦᠬᠦ ᠬᠦᠴᠦᠨ ᠢ ᠲᠠᠰᠤᠷᠠᠯᠳᠡ ᠦᠭᠡᠢ ᠳᠡᠭᠡᠭᠰᠢᠯᠡᠭᠦᠯᠬᠦ ᠬᠡᠷᠡᠭᠲᠡᠢ᠃ ᠲᠣᠭᠲᠠᠴᠠ ᠶᠢ ᠠᠮᠢᠳᠤᠯᠢᠭᠵᠢᠭᠤᠯᠵᠤ᠂ ᠪᠠᠶᠢᠭᠤᠯᠤᠮᠵᠢ ᠶᠢ ᠰᠢᠯᠤᠭᠤᠳᠬᠠᠨ᠂ ᠲᠣᠭᠲᠠᠴᠠ ᠶᠢᠨ ᠰᠢᠨ᠎ᠡ ᠶᠢ ᠡᠭᠦᠳᠦᠨ ᠦᠷ᠎ᠡ ᠪᠦᠲᠦᠮᠵᠢ ᠶᠢ ᠳᠡᠭᠡᠭᠰᠢᠯᠡᠭᠦᠯᠵᠤ᠂ ᠥᠭᠡᠷᠡᠴᠢᠯᠡᠯᠲᠡ ᠪᠠᠷ ᠳᠠᠮᠵᠢᠭᠤᠯᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠤᠷᠤᠨ ᠳᠤ ᠨᠡᠩ ᠶᠡᠭᠡ ᠡᠷᠬᠡ ᠮᠡᠳᠡᠯ ᠣᠯᠭᠤᠵᠤ᠂ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠤᠷᠤᠨ ᠢ ᠪᠠᠶᠢᠭᠤᠯᠤᠮᠵᠢ ᠲᠣᠭᠲᠠᠴᠠ ᠬᠠᠮᠤᠭ ᠤᠨ ᠠᠮᠢᠳᠤᠯᠢᠭ ᠬᠦᠳᠦᠯᠦ᠋ᠨ ᠳᠠᠭᠠᠭᠤᠯᠬᠤ ᠣᠷᠣᠨ ᠪᠣᠯᠭᠠᠨ ᠴᠤᠬᠴᠠᠯᠠᠨ ᠪᠠᠶᠢᠭᠤᠯᠬᠤ ᠬᠡᠷᠡᠭᠲᠡᠢ ᠭᠡᠵᠠᠢ᠃     
ᠢᠷᠡᠯᠲᠡ᠄ ᠤᠷᠳᠤᠰ ᠤᠨ ᠮᠤᠩᠭᠤᠯ ᠬᠡᠯᠡᠨ ᠤ ᠰᠤᠨᠢᠨ ᠮᠡᠳᠡᠬᠡᠨ ᠤ ᠰᠦᠯᠵᠢᠶ᠎ᠡ