ᠪᠦᠬᠦ ᠬᠤᠲᠠ ᠶᠢᠨ ᠥᠷᠭᠡᠨ ᠤᠯᠠᠨ ᠰᠤᠨᠢᠨ ᠮᠡᠳᠡᠭᠡᠨ ᠤ ᠠᠵᠢᠯᠲᠠᠳ ᠲᠤ᠄ | ᠪᠦᠬᠦ ᠬᠤᠳᠠ ᠳᠤ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠵᠤ ᠲᠤᠭᠤᠰᠢᠯᠠᠭᠤᠯᠬᠤ ᠬᠠᠯᠠᠭᠤᠨ ᠥᠷᠨᠢᠯᠲᠡ | ᠭᠠᠷᠴᠤ ᠪᠠᠶᠢᠭ᠎ᠠ ᠦᠶ᠎ᠡ ᠳᠤ᠂ ᠪᠢᠳᠡ ᠬᠤᠷᠢᠨ ᠭᠤᠷᠪᠠᠳᠠᠬᠢ ᠳᠤᠮᠳᠠᠳᠤ ᠤᠯᠤᠰ ᠤᠨ ᠰᠤᠷᠪᠤᠯᠵᠢᠯᠠᠭᠴᠢ ᠶᠢᠨ ᠪᠠᠶᠠᠷ ᠢ ᠤᠭᠲᠤᠨ ᠠᠪᠤᠯ᠎ᠠ᠃ ᠡ᠊ᠨᠳᠡ᠂ ᠪᠦᠬᠦ | ᠬᠤᠳᠠ ᠶᠢᠨ ᠰᠣᠨᠢᠨ ᠮᠡᠳᠡᠭᠡᠨ ᠤ ᠹᠷᠣᠨᠲ ᠲᠤ ᠡᠷᠡᠯᠬᠡᠭᠯᠡᠨ ᠲᠡᠮᠡᠴᠡᠵᠤ ᠪᠠᠶᠢᠭ᠎ᠠ ᠪᠦᠬᠦ ᠰᠣᠨᠢᠨ ᠮᠡᠳᠡᠭᠡᠨ ᠤ ᠠᠵᠢᠯᠲᠠᠳ ᠲᠤ ᠪᠠᠶᠠᠷ ᠤᠨ ᠡᠳᠦᠷ ᠤᠨ ᠵᠥᠩᠨᠡᠯ ᠪᠠ | ᠴᠢᠩ ᠰᠡᠳᠭᠢᠯ ᠤᠨ ᠮᠡᠨᠳᠦᠴᠢᠯᠡᠯ ᠳᠡᠪᠰᠢᠭᠦᠯᠦ᠋ᠶ᠎ᠡ︕ ᠤᠷᠳᠤᠰ ᠤᠨ ᠰᠣᠨᠢᠨ ᠮᠡᠳᠡᠭᠡᠨ ᠤ ᠦᠢᠯᠡᠰ ᠢ ᠤᠷᠳᠤ ᠬᠤᠭᠤᠴᠠᠭ᠎ᠠ ᠪᠠᠷ ᠬᠠᠯᠠᠮᠵᠢᠯᠠᠨ ᠳᠡᠮᠵᠢᠭᠰᠡᠭᠡᠷ | ᠢᠷᠡᠭᠰᠡᠨ ᠨᠡᠶᠢᠭᠡᠮ ᠤᠨ ᠡᠯ᠎ᠡ ᠡᠲᠡᠭᠡᠳ ᠤᠨ ᠬᠥᠮᠦᠰ ᠲᠤ ᠴᠢᠩ ᠰᠡᠳᠭᠢᠯ ᠤᠨ ᠲᠠᠯᠠᠷᠬᠠᠯ ᠪᠠ ᠡᠷᠬᠢᠮ ᠳᠡᠭᠡᠳᠦ ᠬᠦᠨᠳᠦᠳᠭᠡᠯ ᠢᠶᠠᠨ ᠳᠡᠪᠰᠢᠭᠦᠯᠦ᠋ᠶ᠎ᠡ︕ | ᠰᠣᠨᠢᠨ ᠮᠡᠳᠡᠭᠡᠨ ᠤ ᠠᠵᠢᠯᠳᠠᠨ ᠪᠣᠯ ᠨᠠᠮ ᠵᠠᠰᠠᠭ ᠤᠨ ᠲᠠᠭᠤᠨ ᠬᠤᠭᠤᠯᠠᠢ᠂ ᠠᠷᠠᠳ ᠲᠦᠮᠡᠨ ᠤ ᠠᠰᠢᠭ ᠲᠤᠰᠠ ᠶᠢᠨ ᠬᠠᠮᠠᠭᠠᠯᠠᠭᠴᠢ᠂ ᠴᠠᠭ ᠦᠶ᠎ᠡ ᠶᠢᠨ | ᠲᠡᠮᠳᠡᠭᠯᠡᠭᠴᠢ ᠮᠥᠨ᠃ ᠡᠨᠡ ᠵᠢᠯ ᠠᠴᠠ ᠨᠠᠭᠠᠰᠢ᠂ ᠪᠦᠬᠦ ᠬᠤᠳᠠ ᠶᠢᠨ ᠰᠣᠨᠢᠨ ᠮᠡᠳᠡᠭᠡᠨ ᠤ ᠹᠷᠣᠨᠲ ᠪᠣᠯᠤᠨ ᠥᠷᠭᠡᠨ ᠤᠯᠠᠨ ᠰᠣᠨᠢᠨ ᠮᠡᠳᠡᠭᠡᠨ ᠤ ᠠᠵᠢᠯᠲᠠᠳ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠣᠯᠤᠨ ᠶᠡᠷᠦᠩᠬᠡᠢ ᠱᠦᠵᠢ ᠰᠢ ᠶᠢᠨ | ᠫᠢᠩ ᠤᠨ ᠥᠪᠥᠷ ᠮᠣᠩᠭᠤᠯ ᠳᠤ ᠲᠠᠯᠪᠢᠭᠰᠠᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ | ᠲᠤᠭᠤᠰᠢᠯᠠᠭᠤᠯᠵᠤ᠂ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠭᠤᠣᠯ ᠠᠵᠢᠯ ᠤᠨ ᠲᠣᠭᠤᠷᠢᠨ ᠳᠤ ᠨᠠᠮ ᠤᠨ ᠰᠣᠨᠢᠨ ᠮᠡᠳᠡᠭᠡᠨ ᠤ ᠶᠠᠷᠢᠶ᠎ᠠ | ᠬᠡᠯᠡᠯᠴᠡᠭᠡᠨ ᠤ ᠠᠵᠢᠯ ᠤᠨ ᠡᠭᠦᠷᠭᠡ ᠬᠠᠷᠢᠭᠤᠴᠠᠯᠭ᠎ᠠ ᠪᠠᠨ ᠦᠨᠡᠨᠴᠢ ᠪᠠᠷ ᠭᠦᠢᠴᠡᠳᠭᠡᠵᠦ᠂ ︽ᠰᠢᠨ᠎ᠡ ᠠᠶᠠᠨ ᠳᠤ ᠡᠷᠡᠯᠬᠡᠭᠯᠡᠨ ᠤᠷᠤᠭᠰᠢᠯᠠᠵᠤ ᠰᠢᠨ᠎ᠡ ᠴᠠᠭ | ᠦᠶ᠎ᠡ ᠳᠤ ᠭᠠᠪᠢᠶ᠎ᠠ ᠪᠠᠶᠢᠭᠤᠯᠬᠤ︾᠂ ︽ᠤᠷᠳᠤᠰ ᠤᠨ ᠰᠠᠢᠨ ᠦᠯᠢᠭᠡᠷ︾ ᠵᠡᠷᠭᠡ ᠭᠤᠣᠯ ᠰᠡᠳᠦᠪ ᠲᠤ ᠠᠩᠬᠠᠷᠤᠯ ᠢᠶᠠᠨ ᠲᠥᠪᠯᠡᠷᠡᠭᠦᠯᠦ᠋ᠨ ᠤᠬᠠᠭᠤᠯᠭ᠎ᠠ ᠬᠢᠵᠤ᠂ | ᠴᠠᠭ ᠦᠶ᠎ᠡ ᠶᠢᠨ ᠠᠭᠤᠷ ᠠᠮᠢᠰᠬᠤᠯ ᠢᠶᠠᠷ ᠪᠢᠯᠬᠠᠮ᠎ᠠ᠂ ᠺᠠᠳ᠋ᠷ ᠤᠯᠠᠨ ᠲᠦᠮᠡᠨ ᠤ ᠴᠤᠭ ᠰᠦᠯᠳᠡ ᠶᠢ ᠬᠥᠭᠵᠢᠭᠡᠭᠰᠡᠨ ᠶᠡᠭᠡ ᠬᠡᠮᠵᠢᠶᠡᠨ ᠤ ᠰᠣᠳᠣᠨ ᠪᠦᠲᠦᠭᠡᠯ ᠢ | ᠭᠠᠷᠭᠠᠵᠤ᠂ ᠭᠤᠣᠯ ᠬᠦᠭ ᠠᠶᠠᠰ ᠢ ᠴᠤᠤᠷᠢᠶᠠᠲᠤᠭᠤᠯᠤᠨ᠂ ᠢᠳᠡᠪᠬᠢ ᠬᠦᠴᠦᠨ ᠢ ᠤᠯᠠᠮᠵᠢᠯᠠᠨ᠂ ᠪᠦᠬᠦ ᠬᠤᠳᠠ ᠶᠢᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ | ᠬᠥᠭᠵᠢᠯᠲᠡ ᠳᠤ ᠴᠢᠩᠭ᠎ᠠ ᠬᠦᠴᠦᠲᠡᠢ ᠶᠠᠷᠢᠶ᠎ᠠ ᠬᠡᠯᠡᠯᠴᠡᠭᠡᠨ ᠤ ᠳᠡᠮᠵᠢᠯᠭᠡ ᠬᠠᠩᠭᠠᠪᠠ᠃ | ᠶᠡᠷᠦᠩᠬᠡᠢ ᠱᠦᠵᠢ ᠰᠢ ᠶᠢᠨ ᠫᠢᠩ᠂ ᠨᠠᠮ ᠤᠨ ᠰᠣᠨᠢᠨ ᠮᠡᠳᠡᠭᠡ ᠶᠠᠷᠢᠶ᠎ᠠ ᠬᠡᠯᠡᠯᠴᠡᠭᠡᠨ ᠤ ᠠᠵᠢᠯ ᠪᠣᠯ ᠨᠠᠮ ᠤᠨ ᠴᠢᠬᠤᠯᠠ ᠠᠵᠢᠯ ᠮᠥᠨ᠂ ᠲᠦᠷᠦ ᠶᠢ | ᠵᠠᠰᠠᠵᠤ ᠵᠠᠰᠠᠭ ᠢ ᠡᠷᠬᠢᠯᠡᠬᠦ᠂ ᠤᠯᠤᠰ ᠢ ᠲᠣᠭᠲᠠᠪᠤᠷᠢᠵᠢᠭᠤᠯᠵᠤ ᠲᠦᠷᠦ ᠶᠢ ᠲᠦᠪᠰᠢᠳᠭᠡᠬᠦ ᠶᠡᠭᠡ ᠶᠠᠪᠤᠳᠠᠯ ᠮᠥᠨ ᠭᠡᠵᠤ ᠴᠢᠬᠤᠯᠠᠴᠢᠯᠠᠪᠠ᠃ ᠪᠦᠬᠦ ᠬᠤᠳᠠ ᠶᠢᠨ | ᠰᠣᠨᠢᠨ ᠮᠡᠳᠡᠭᠡᠨ ᠤ ᠹᠷᠣᠨᠲ ᠤᠨ ᠬᠢᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠵᠤ ᠲᠤᠭᠤᠰᠢᠯᠠᠭᠤᠯᠬᠤ ᠪᠠᠷ ᠭᠤᠣᠯ | ᠰᠢᠵᠢᠮ ᠪᠣᠯᠭᠠᠵᠤ᠂ ᠲᠥᠪ ᠭᠤᠣᠯᠴᠢ ᠪᠠᠷ ᠰᠢᠨ᠎ᠡ ᠶᠢ ᠡᠭᠦᠳᠬᠦ ᠶᠢ ᠪᠠᠷᠢᠮᠲᠠᠯᠠᠨ᠂ ᠠᠭᠤᠰᠤᠯᠴᠠᠨ ᠬᠥᠭᠵᠢᠬᠦ ᠶᠢ ᠲᠦᠷᠭᠡᠳᠭᠡᠵᠦ᠂ ᠰᠣᠨᠢᠨ ᠮᠡᠳᠡᠭᠡᠨ ᠤ | ᠳᠠᠮᠵᠢᠭᠤᠯᠭ᠎ᠠ ᠶᠢᠨ ᠵᠢᠮ᠎ᠡ ᠶᠣᠰᠣ ᠶᠢ ᠬᠦᠨᠳᠦᠳᠭᠡᠨ᠂ ᠠᠷᠭ᠎ᠠ ᠪᠠᠷᠢᠯ ᠤᠨ ᠰᠢᠨ᠎ᠡ ᠶᠢ ᠡᠭᠦᠳᠴᠦ᠂ ᠤᠬᠠᠭᠤᠯᠭ᠎ᠠ ᠪᠠᠨ ᠴᠢᠩᠭᠠᠳᠬᠠᠨ᠂ ᠤᠷᠳᠤᠰ ᠤᠨ ᠦᠯᠢᠬᠡᠷ ᠢ | ᠰᠠᠶᠢᠲᠤᠷ ᠶᠠᠷᠢᠵᠤ᠂ ᠤᠷᠳᠤᠰ ᠤᠨ ᠲᠠᠭᠤᠨ ᠢ ᠳᠠᠮᠵᠢᠭᠤᠯᠤᠨ᠂ ᠤᠷᠳᠤᠰ ᠤᠨ ︽ᠳᠡᠯᠡᠬᠡᠢ ᠶᠢ ᠳᠤᠯᠠᠭᠠᠴᠠᠭᠤᠯᠤᠭᠰᠠᠨ ᠬᠤᠳᠠ︾ ᠶᠢᠨ ᠲᠦᠷᠢ ᠲᠥᠷᠬᠦ ᠶᠢ | ᠱᠤᠭᠤᠬᠤ ᠬᠡᠷᠡᠭᠲᠡᠢ᠃ ᠪᠥᠬᠦ ᠬᠤᠲᠠ ᠶᠢᠨ ᠥᠷᠭᠡᠨ ᠣᠯᠠᠨ ᠰᠣᠨᠢᠨ ᠮᠡᠳᠡᠭᠡᠨ ᠤ ᠠᠵᠢᠯᠲᠠᠨ ᠵᠥᠪ ᠣᠨᠣᠪᠴᠢᠲᠠᠶ ᠤᠯᠤᠰ ᠲᠥᠷᠥ ᠶᠢᠨ ᠴᠢᠭᠯᠡᠯ ᠢ ᠪᠠᠷᠢᠮᠲᠠᠯᠠᠨ᠂ ︽ | ᠬᠤᠶᠠᠷ ᠢ ᠲᠣᠭᠲᠠᠭᠠᠬᠰᠠᠨ︾ ᠤ ᠰᠢᠶ᠋ᠳᠪᠦᠷᠢᠯᠡᠭᠴᠢ ᠴᠢᠨᠠᠷᠲᠠᠢ ᠠᠴᠢ ᠬᠤᠯᠪᠣᠭᠳᠠᠯ ᠢ ᠭᠦᠨᠵᠡᠭᠡᠶ ᠣᠶᠢᠯᠠᠭᠠᠵᠤ᠂ ︽ᠳᠥᠷᠪᠡᠨ ᠤᠬᠠᠮᠰᠠᠷ︾ ᠢᠶᠠᠨ ᠴᠢᠩᠭᠠᠳᠬᠠᠨ᠂ | ︽ᠳᠥᠷᠪᠡᠨ ᠢᠲᠡᠭᠡᠯ︾ ᠢ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠤᠨ᠂ ᠮᠠᠷᠺᠰ ᠤᠨ ᠦᠵᠡᠯ ᠤᠨ ᠰᠣᠨᠢᠨ ᠮᠡᠳᠡᠭᠡᠨ ᠤ ᠦᠵᠡᠯᠲᠡ ᠶᠢ | ᠪᠠᠷᠢᠮᠲᠠᠯᠠᠬᠤ ᠤᠬᠠᠮᠰᠠᠷᠲᠤ ᠴᠢᠨᠠᠷ ᠢᠶᠠᠨ ᠴᠢᠩᠭᠠᠳᠬᠠᠬᠤ ᠬᠡᠷᠡᠭᠲᠡᠶ᠃ ᠵᠥᠪ ᠶᠠᠷᠢᠶ᠎ᠠ ᠬᠡᠯᠡᠯᠴᠡᠭᠡᠨ ᠤ ᠤᠳᠤᠷᠢᠳᠤᠮᠵᠢ ᠶᠢ ᠪᠠᠷᠢᠮᠲᠠᠯᠠᠨ᠂ ᠪᠦᠯᠬᠦᠮᠳᠡᠯ ᠲᠠᠢ | ᠲᠣᠭᠲᠠᠭᠤᠨ ᠢᠶᠠᠷ ᠡᠷᠴᠢ ᠵᠣᠷᠢᠭ ᠢᠶᠠᠨ ᠬᠥᠪᠴᠢᠯᠡᠬᠦ᠂ ᠵᠥᠪ ᠲᠠᠯ᠎ᠠ ᠶᠢᠨ ᠤᠬᠠᠭᠤᠯᠭ᠎ᠠ ᠪᠠᠷ ᠭᠤᠣᠯ ᠪᠣᠯᠭᠠᠬᠤ ᠦᠨᠳᠦᠰᠦᠨ ᠴᠢᠭᠯᠡᠯᠲᠡ ᠶᠢ ᠵᠢᠷᠤᠮᠯᠠᠵᠤ᠂ ᠰᠣᠨᠢᠨ | ᠮᠡᠳᠡᠭᠡ ᠶᠠᠷᠢᠶ᠎ᠠ ᠬᠡᠯᠡᠯᠴᠡᠭᠡᠨ ᠤ ᠤᠯᠠᠮᠵᠢᠯᠠᠨ ᠲᠠᠷᠬᠠᠭᠠᠬᠤ ᠬᠦᠴᠦᠨ᠂ ᠬᠥᠳᠤᠯᠤᠨ ᠵᠢᠯᠣᠭᠤᠳᠬᠤ ᠬᠦᠴᠦᠨ᠂ ᠨᠥᠯᠥ᠋ᠭᠡᠯᠡᠬᠦ ᠬᠦᠴᠦᠨ᠂ ᠤᠯᠠᠨ ᠨᠡᠶᠢᠲᠡ ᠶᠢ | ᠢᠲᠡᠭᠡᠭᠦᠯᠬᠦ ᠬᠦᠴᠦᠨ ᠢ ᠳᠡᠭᠡᠭᠰᠢᠯᠡᠭᠦᠯᠦ᠋ᠨ᠂ ᠭᠤᠣᠯᠯᠠᠬᠤ ᠦᠵᠡᠯ ᠰᠠᠨᠠᠭ᠎ᠠ ᠶᠠᠷᠢᠶ᠎ᠠ ᠬᠡᠯᠡᠯᠴᠡᠭᠡᠨ ᠤ ᠤᠬᠠᠮᠰᠠᠷᠲᠤ ᠴᠢᠨᠠᠷ ᠢ ᠪᠠᠬᠢᠵᠢᠭᠦᠯᠦ᠋ᠨ ᠪᠤᠵᠠᠭᠠᠶᠢᠷᠠᠭᠤᠯᠬᠤ | ᠬᠡᠷᠡᠭᠲᠡᠢ ᠃ ᠰᠣᠨᠢᠨ ᠮᠡᠳᠡᠭᠡᠨ ᠤ ᠵᠥᠪ ᠵᠣᠷᠢᠯᠲᠠ ᠶᠢ ᠪᠠᠷᠢᠮᠲᠠᠯᠠᠵᠤ᠂ ᠰᠢᠨ᠎ᠡ ᠮᠡᠳᠡᠯᠭᠡ ᠶᠢ ᠲᠠᠰᠤᠷᠠᠯᠲᠠ ᠦᠭᠡᠢ ᠡᠵᠡᠮᠰᠢᠨ᠂ ᠰᠢᠨ᠎ᠡ ᠬᠦᠷᠢᠶ᠎ᠡ ᠶᠢ ᠣᠶᠢᠯᠠᠭᠠᠵᠤ᠂ | ᠰᠢᠨ᠎ᠡ ᠬᠠᠷᠠᠭ᠎ᠠ ᠶᠢ ᠨᠡᠭᠡᠭᠡᠨ᠂ ᠬᠦᠯ ᠬᠦᠡᠭᠭᠡᠨ᠂ ᠨᠢᠳᠦ ᠬᠢᠷᠠᠬᠠᠢ᠂ ᠲᠠᠷᠢᠬᠢ ᠰᠡᠷᠭᠡᠭ᠂ ᠦᠵᠦᠭ ᠬᠤᠷᠴᠠ ᠪᠠᠶᠢᠵᠤ᠂ ᠦᠵᠡᠯ ᠰᠠᠨᠠᠭ᠎ᠠ ᠲᠠᠢ᠂ ᠬᠠᠶᠢᠷ᠎ᠠ | ᠰᠡᠳᠭᠢᠯᠭᠡ ᠲᠠᠢ᠂ ᠵᠠᠩ ᠴᠢᠨᠠᠷ ᠲᠠᠢ ᠰᠢᠨ᠎ᠡ ᠰᠣᠷᠭᠤᠭ ᠪᠦᠲᠦᠭᠡᠯ ᠢ ᠨᠡᠩ ᠤᠯᠠᠨ ᠵᠣᠬᠢᠶᠠᠨ ᠪᠦᠲᠦᠭᠡᠵᠦ᠂ ᠴᠠᠭ ᠦᠶ᠎ᠡ ᠲᠠᠢ ᠵᠡᠷᠭᠡ ᠪᠠᠷ ᠤᠷᠤᠭᠰᠢᠯᠠᠨ ᠪᠡᠶ᠎ᠡ ᠪᠠᠨ | ᠵᠠᠰᠠᠵᠤ ᠦᠢᠯᠡᠰ ᠢᠶᠠᠨ ᠳᠡᠭᠡᠳᠦᠯᠡᠬᠦ ᠤᠬᠠᠮᠰᠠᠷᠲᠤ ᠴᠢᠨᠠᠷ ᠢᠶᠠᠨ ᠴᠢᠩᠭᠠᠳᠬᠠᠬᠤ ᠬᠡᠷᠡᠭᠲᠡᠢ᠃ ᠵᠥᠪ ᠠᠵᠢᠯ ᠤᠨ ᠬᠠᠨᠳᠤᠰᠢ ᠶᠢ ᠪᠠᠷᠢᠮᠲᠠᠯᠠᠨ᠂ ᠠᠷᠠᠳ ᠲᠦᠮᠡᠨ ᠢᠶᠠᠷ | ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠲᠤ ᠪᠤᠢ ᠪᠣᠯᠭᠠᠵᠤ᠂ ᠨᠡᠶᠢᠭᠡᠮ ᠤᠨ ᠬᠠᠷᠢᠭᠤᠴᠠᠯᠭ᠎ᠠ ᠶᠢ ᠪᠠᠲᠤ ᠴᠡᠭᠡᠵᠢᠯᠡᠨ᠂ ᠲᠤᠬᠠᠶᠢᠯᠠᠭᠰᠠᠨ | ᠠᠵᠢᠯ ᠤᠨ ᠵᠣᠷᠢᠭ ᠰᠠᠨᠠᠭ᠎ᠠ ᠶᠢ ᠪᠠᠳᠠᠷᠠᠭᠤᠯᠵᠤ᠂ ᠪᠠᠲᠤ ᠴᠢᠩᠭ᠎ᠠ ᠰᠤᠷᠲᠠᠯ ᠢ ᠪᠤᠢ ᠪᠣᠯᠭᠠᠨ᠂ ᠬᠠᠷᠠᠮ ᠦᠭᠡᠢ ᠵᠣᠷᠢᠭᠤᠯᠬᠤ ᠤᠬᠠᠮᠰᠠᠷᠲᠤ ᠴᠢᠨᠠᠷ ᠢᠶᠠᠨ | ᠴᠢᠩᠭᠠᠳᠬᠠᠵᠤ᠂ ᠨᠠᠮ ᠪᠣᠯᠤᠨ ᠠᠷᠠᠳ ᠲᠦᠮᠡᠨ ᠤ ᠢᠲᠡᠭᠡᠯ ᠢ ᠣᠯᠤᠭᠰᠠᠨ ᠰᠣᠨᠢᠨ ᠮᠡᠳᠡᠭᠡᠨ ᠤ ᠠᠵᠢᠯᠳᠠᠨ ᠪᠣᠯᠬᠤ ᠪᠠᠷ ᠴᠢᠷᠮᠠᠶᠢᠬᠤ ᠬᠡᠷᠡᠭᠲᠠᠢ᠃ | ᠪᠦᠬᠦ ᠬᠤᠲᠠ ᠶᠢᠨ ᠥᠷᠭᠡᠨ ᠣᠯᠠᠨ ᠰᠣᠨᠢᠨ ᠮᠡᠳᠡᠭᠡᠨ ᠤ ᠠᠵᠢᠯᠲᠠᠳ ᠲᠤ ᠪᠠᠶᠠᠷ ᠤᠨ ᠡᠳᠦᠷ ᠤᠨ ᠮᠡᠨᠳᠦᠴᠢᠯᠡᠯ ᠳᠡᠪᠰᠢᠭᠦᠯᠦ᠋ᠶ᠎ᠡ᠂ ᠪᠡᠶ᠎ᠡ ᠮᠠᠬᠠᠪᠣᠳ ᠡᠷᠡᠭᠦᠯ | ᠴᠢᠭᠢᠷᠠᠭ᠂ ᠭᠡᠷ ᠬᠤᠲᠠᠯᠠᠭᠠᠷ ᠢᠶᠠᠨ ᠵᠣᠯ ᠵᠢᠷᠭᠠᠯ ᠲᠠᠢ ᠪᠠᠶᠢᠬᠤ ᠶᠢ ᠵᠥᠩᠨᠡᠶ᠎ᠡ︕ | ᠳᠤᠮᠳᠠᠳᠤ ᠤᠯᠤᠰ ᠤᠨ ᠡᠪ ᠬᠠᠮᠲᠤ ᠨᠠᠮ ᠤᠨ ᠣᠷᠳᠣᠰ ᠬᠤᠲᠠ ᠶᠢᠨ ᠬᠤᠷᠢᠶ᠎ᠠ | ᠣᠷᠳᠣᠰ ᠬᠤᠲᠠ ᠶᠢᠨ ᠠᠷᠠᠳ ᠤᠨ ᠵᠠᠰᠠᠭ ᠤᠨ ᠣᠷᠳᠣᠨ | 2022 ᠤᠨ ᠤ 11 ᠰᠠᠷ᠎ᠠ ᠶᠢᠨ 8 ᠤ ᠡᠳᠤᠷ |