ᠭᠠᠯᠲᠤ ᠲᠡᠷᠭᠡᠨ ᠤ ᠪᠢᠯᠧᠲ ᠤᠨ ᠰᠢᠨ᠎ᠡ ᠲᠣᠭᠲᠠᠭᠠᠯ
ᠨᠡᠶᠢᠲᠡᠯᠡᠭᠰᠡᠨ ᠴᠠᠭ᠄
2022/2/18
     ᠭᠠᠯᠲᠤ ᠲᠡᠷᠭᠡᠨ ᠤ ᠪᠢᠯᠧᠲ ᠤᠨ ᠰᠢᠨ᠎ᠡ ᠲᠣᠭᠲᠠᠭᠠᠯ ᠥᠩᠭᠡᠷᠡᠭᠰᠡᠨ ᠳᠤ ᠭᠠᠯᠲᠤ ᠲᠡᠷᠭᠡᠨ ᠤ ᠪᠢᠯᠧᠲ ᠠᠪᠬᠤ ᠳᠤ 1.2 ᠮᠧᠲᠷ ᠠᠴᠠ 1.5 ᠮᠧᠲᠷ ᠥᠨᠳᠥᠷ ᠪᠠᠭᠠᠴᠤᠳ ᠬᠡᠦᠬᠡᠳ ᠬᠠᠷᠠᠭᠠᠯᠵᠠᠯ ᠤᠨ ᠴᠢᠨᠠᠷᠲᠠᠢ ᠬᠡᠦᠬᠡᠳ ᠤᠨ ᠪᠢᠯᠧᠲ ᠬᠤᠳᠠᠯᠳᠤᠨ ᠠᠪᠴᠤ᠂ 1.5 ᠮᠧᠲᠷ ᠠᠴᠠ ᠥᠨᠳᠥᠷ ᠪᠣᠯᠪᠠᠯ ᠲᠤᠮᠤᠴᠤᠳ ᠲᠠᠢ ᠠᠳᠠᠯᠢᠬᠠᠨ ᠪᠦᠬᠦ ᠦᠨ᠎ᠡ ᠪᠠᠷ ᠨᠢ ᠪᠢᠯᠧᠲ ᠠᠪᠬᠤ ᠶᠢ ᠱᠠᠭᠠᠷᠳᠠᠵᠤ ᠪᠠᠶᠢᠭᠰᠠᠨ ᠪᠢᠯᠡ᠃ ᠤᠯᠤᠰ ᠤᠨ ᠲᠡᠮᠦᠷ ᠵᠠᠮ ᠤᠨ ᠲᠣᠪᠴᠢᠶᠠᠨ ᠠᠴᠠ ᠣᠶᠢᠷ᠎ᠠ ᠳᠤ ︽ᠲᠡᠮᠦᠷ ᠵᠠᠮ ᠤᠨ ᠠᠶᠠᠨᠴᠢᠳ ᠤᠨ ᠵᠥᠭᠡᠭᠡᠪᠦᠷᠢ ᠶᠢᠨ ᠳᠦᠷᠢᠮ ᠲᠣᠭᠲᠠᠭᠠᠯ ᠤᠨ ᠲᠤᠬᠠᠢ ᠰᠠᠨᠠᠯ ᠬᠤᠷᠢᠶᠠᠬᠤ ᠨᠣᠣᠷᠠᠭ︾᠎ ᠢ ᠨᠡᠶᠢᠲᠡᠯᠡᠵᠡᠢ᠃ ᠡᠭᠦᠨ ᠳᠤ ᠵᠢᠩᠬᠢᠨᠢ ᠨᠡᠷ᠎ᠡ ᠪᠠᠷ ᠢᠶᠠᠨ ᠪᠢᠯᠧᠲ ᠬᠤᠳᠠᠯᠳᠤᠨ ᠠᠪᠬᠤ ᠳᠤ 6᠎ ᠠᠴᠠ 14 ᠨᠠᠰᠤᠨ ᠤ ᠬᠤᠭᠤᠷᠣᠨᠳᠤᠬᠢ ᠪᠠᠭᠠᠴᠤᠳ ᠬᠡᠦᠬᠡᠳ ᠬᠠᠷᠠᠭᠠᠯᠵᠠᠯ ᠤᠨ ᠴᠢᠨᠠᠷᠲᠠᠢ ᠬᠡᠦᠬᠡᠳ ᠤᠨ ᠪᠢᠯᠧᠲ ᠬᠤᠳᠠᠯᠳᠤᠨ ᠠᠪᠴᠤ᠂ ᠪᠦᠬᠦᠯᠢ 14 ᠨᠠᠰᠤ ᠬᠦᠷᠪᠡᠯ ᠲᠤᠮᠤᠴᠤᠳ ᠲᠠᠢ ᠠᠳᠠᠯᠢᠬᠠᠨ ᠪᠦᠬᠦ ᠦᠨ᠎ᠡ ᠪᠠᠷ ᠨᠢ ᠪᠢᠯᠧᠲ ᠠᠪᠬᠤ ᠬᠡᠷᠡᠭᠲᠡᠢ ᠭᠡᠰᠡᠨ ᠵᠤᠷᠪᠤᠰ ᠢ ᠨᠡᠮᠡᠵᠦ ᠣᠷᠣᠭᠤᠯᠤᠭᠰᠠᠨ ᠪᠠᠶᠢᠨ᠎ᠠ᠃    
ᠢᠷᠡᠯᠲᠡ᠄ ᠰᠢᠯᠢ ᠶᠢᠨ ᠭᠤᠣᠯ ᠠᠢᠮᠠᠭ ᠤᠨ ᠵᠠᠬᠢᠷᠭ᠎ᠠ ᠶᠢᠨ ᠠᠯᠪᠠᠨ ᠰᠦᠯᠵᠢᠶ᠎ᠡ