︽ᠬᠥᠳᠡᠭᠡ ᠲᠣᠰᠬᠤᠨ ᠤ ᠭᠠᠵᠠᠷ ᠰᠢᠷᠣᠶ ᠶᠢᠨ ᠡᠵᠡᠩᠨᠡᠯᠲᠡ ᠶᠢᠨ ᠡᠷᠬᠡ ᠶᠢ ᠡᠷᠭᠢᠯᠲᠡ ᠳᠤ ᠣᠷᠣᠭᠤᠯᠬᠤ ᠬᠠᠮᠢᠶᠠᠷᠤᠯᠲᠠ ᠶᠢᠨ ᠠᠷᠭ᠎ᠠ︾ ᠶᠢ 3 | ᠰᠠᠷ᠎ᠠ ᠶᠢᠨ 1 ᠤ ᠡᠳᠦᠷ ᠠᠴᠠ ᠬᠡᠷᠡᠭᠵᠢᠭᠦᠯᠦᠨ᠎ᠡ᠃ ᠠᠷᠭ᠎ᠠ ᠨᠢ ᠲᠠᠷᠢᠶᠠᠨ ᠭᠠᠵᠠᠷ ᠤᠨ ᠬᠠᠮᠠᠭᠠᠯᠠᠯᠲᠠ ᠪᠠ ᠠᠮᠤ ᠪᠤᠳᠠᠭᠠᠨ ᠤ ᠠᠮᠤᠷ ᠲᠦᠪᠰᠢᠨ ᠢ | ᠴᠢᠩᠭᠠᠳᠬᠠᠬᠤ ᠶᠢᠨ ᠲᠣᠭᠤᠷᠢᠨ ᠳᠤ᠂ ᠬᠥᠳᠡᠭᠡ ᠲᠣᠰᠬᠤᠨ ᠤ ᠭᠠᠵᠠᠷ ᠰᠢᠷᠣᠶ ᠶᠢᠨ ᠡᠵᠡᠩᠨᠡᠯᠲᠡ ᠶᠢᠨ ᠡᠷᠬᠡ ᠶᠢᠨ ᠡᠷᠭᠢᠯᠲᠡ ᠶᠢᠨ ᠬᠢᠨᠠᠯᠲᠠ ᠬᠠᠮᠢᠶᠠᠷᠤᠯᠲᠠ ᠶᠢ | ᠤᠯᠠᠮ ᠨᠢᠭᠡ ᠠᠯᠬᠤᠮ ᠴᠢᠩᠭᠠᠳᠬᠠᠪᠠ᠃ | ᠠᠷᠭ᠎ᠠ ᠳᠤ᠂ ᠭᠠᠵᠠᠷ ᠰᠢᠷᠣᠶ ᠶᠢᠨ ᠡᠵᠡᠩᠨᠡᠯᠲᠡ ᠶᠢᠨ ᠡᠷᠬᠡ ᠶᠢ ᠰᠢᠯᠵᠢᠭᠦᠯᠬᠦ ᠳᠤ ᠬᠥᠳᠡᠭᠡ ᠲᠣᠰᠬᠤᠨ ᠤ ᠬᠠᠮᠲᠤ ᠶᠢᠨ ᠠᠵᠤ ᠠᠬᠤᠶ ᠶᠢᠨ ᠵᠣᠬᠢᠶᠠᠨ | ᠪᠠᠶᠢᠭᠤᠯᠤᠯᠲᠠ ᠪᠣᠯᠤᠨ ᠠᠰᠢᠭ ᠬᠤᠤᠷ ᠤᠨ ᠬᠠᠷᠢᠴᠠᠭ᠎ᠠ ᠲᠠᠢ ᠬᠥᠮᠦᠨ ᠤ ᠬᠠᠤᠯᠢ ᠶᠣᠰᠣᠨ ᠤ ᠡᠷᠬᠡ ᠠᠰᠢᠭ ᠢ ᠬᠤᠬᠢᠷᠠᠭᠤᠯᠵᠤ ᠪᠣᠯᠬᠤ ᠥᠬᠡᠶ᠂ ᠲᠠᠷᠢᠶᠠᠯᠠᠩ ᠤᠨ | ᠶᠡᠷᠦᠩᠬᠡᠶᠢᠯᠡᠭᠰᠡᠨ ᠦᠢᠯᠡᠳᠪᠦᠷᠢᠯᠡᠯ ᠤᠨ ᠴᠢᠳᠠᠪᠤᠷᠢ ᠪᠣᠯᠤᠨ ᠲᠠᠷᠢᠶᠠᠯᠠᠩ ᠤᠨ ᠠᠮᠢ ᠠᠬᠤᠶ ᠶᠢᠨ ᠣᠷᠴᠢᠨ ᠲᠣᠭᠤᠷᠢᠨ ᠢ ᠡᠪᠳᠡᠵᠦ ᠪᠣᠯᠬᠤ ᠥᠬᠡᠶ᠂ | ᠳᠠᠭᠠᠭᠠᠴᠢᠯᠠᠭᠰᠠᠨ ᠭᠠᠵᠠᠷ ᠰᠢᠷᠣᠶ ᠶᠢᠨ ᠥᠮᠴᠢᠯᠡᠯ ᠤᠨ ᠡᠷᠬᠡ ᠶᠢᠨ ᠰᠢᠨᠵᠢ ᠴᠢᠨᠠᠷ ᠵᠢᠴᠢ ᠲᠡᠭᠦᠨ ᠤ ᠲᠠᠷᠢᠶᠠᠯᠠᠩ ᠤᠨ ᠬᠡᠷᠡᠭᠴᠡᠭᠡ ᠶᠢ ᠬᠤᠪᠢᠷᠠᠭᠤᠯᠵᠤ ᠪᠣᠯᠬᠤ | ᠥᠬᠡᠶ᠂ ᠲᠠᠷᠢᠶᠠᠨ ᠭᠠᠵᠠᠷ ᠢ ᠲᠠᠷᠢᠶᠠᠯᠠᠩ ᠳᠤ ᠬᠡᠷᠡᠭᠯᠡᠬᠦ ᠶᠢ ᠦᠨᠡᠨ ᠬᠦ ᠪᠠᠲᠤᠯᠠᠵᠤ᠂ ᠡᠩ ᠲᠡᠷᠢᠭᠦᠨ ᠳᠤ ᠠᠮᠤ ᠪᠤᠳᠠᠭᠠᠨ ᠤ ᠦᠢᠯᠡᠳᠪᠦᠷᠢᠯᠡᠯ ᠳᠤ ᠬᠡᠷᠡᠭᠯᠡᠵᠦ᠂ | ᠲᠠᠷᠢᠶᠠᠨ ᠭᠠᠵᠠᠷ ᠢ ︽ᠲᠠᠷᠢᠶᠠᠯᠠᠩ ᠤᠨ ᠪᠤᠰᠤ ᠪᠣᠯᠭᠠᠬᠤ︾ ᠶᠢ ᠬᠤᠷᠢᠭᠯᠠᠨ ᠵᠣᠭᠰᠣᠭᠠᠵᠤ᠂ ᠲᠠᠷᠢᠶᠠᠨ ᠭᠠᠵᠠᠷ ᠢ ︽ᠠᠮᠤ ᠪᠤᠳᠠᠭᠠᠨ ᠤ ᠪᠤᠰᠤ ᠪᠣᠯᠭᠠᠬᠤ︾ ᠶᠢ | ᠰᠡᠷᠭᠡᠶᠢᠯᠡᠨ᠎ᠡ᠃ | ᠭᠦᠯᠢᠶᠠᠨ ᠠᠪᠤᠭᠴᠢ ᠨᠢ ᠬᠤᠯᠪᠣᠭᠳᠠᠯ ᠪᠦᠭᠦᠢ ᠬᠠᠤᠯᠢ ᠴᠠᠭᠠᠵᠠ ᠬᠠᠤᠯᠢ ᠲᠣᠭᠲᠠᠭᠠᠯ ᠤᠨ ᠶᠣᠰᠣᠭᠠᠷ ᠭᠠᠵᠠᠷ ᠰᠢᠷᠣᠢ ᠶᠢ ᠬᠠᠮᠠᠭᠠᠯᠠᠬᠤ ᠬᠡᠷᠡᠭᠲᠡᠢ᠂ ᠭᠠᠵᠠᠷ | ᠰᠢᠷᠣᠢ ᠶᠢᠨ ᠲᠠᠷᠢᠶᠠᠯᠠᠩ ᠤᠨ ᠬᠡᠷᠡᠭᠴᠡᠭᠡ ᠶᠢ ᠬᠤᠪᠢᠷᠠᠭᠤᠯᠬᠤ ᠶᠢ ᠴᠠᠭᠠᠵᠠᠯᠠᠨ᠎ᠠ᠃ ᠲᠠᠷᠢᠶᠠᠨ ᠭᠠᠵᠠᠷ ᠢ ᠰᠤᠯᠠ ᠲᠠᠯᠪᠢᠬᠤ᠂ ᠠᠲᠠᠷᠰᠢᠭᠤᠯᠬᠤ ᠶᠢ ᠴᠠᠭᠠᠵᠠᠯᠠᠨ᠎ᠠ᠂ | ᠲᠠᠷᠢᠶᠠᠨ ᠭᠠᠵᠠᠷ ᠢ ᠡᠵᠡᠯᠡᠨ ᠸᠠᠭᠠᠷ ᠲᠤᠭᠤᠰᠬ᠎ᠠ ᠰᠢᠳᠠᠭᠠᠬᠤ ᠭᠠᠵᠠᠷ ᠭᠠᠷᠭᠠᠬᠤ᠂ ᠪᠤᠯᠠᠰᠢᠨ ᠭᠠᠵᠠᠷ ᠭᠠᠷᠭᠠᠬᠤ ᠪᠤᠶᠤ ᠲᠠᠷᠢᠶᠠᠨ ᠭᠠᠵᠠᠷ ᠳᠡᠭᠡᠷ᠎ᠡ ᠳᠤᠷ᠎ᠠ ᠪᠠᠷ ᠢᠶᠠᠨ | ᠭᠡᠷ ᠪᠠᠷᠢᠬᠤ᠂ ᠡᠯᠡᠰᠦ ᠮᠠᠯᠲᠠᠬᠤ᠂ ᠴᠢᠯᠠᠭᠤ ᠭᠠᠷᠭᠠᠬᠤ᠂ ᠠᠭᠤᠷᠬᠠᠢ ᠮᠠᠯᠲᠠᠬᠤ᠂ ᠰᠢᠷᠣᠢ ᠠᠪᠬᠤ ᠶᠢ ᠴᠠᠭᠠᠵᠠᠯᠠᠨ᠎ᠠ᠃ ᠡᠭᠦᠷᠢᠳᠡ ᠶᠢᠨ ᠦᠨᠳᠦᠰᠦᠨ ᠲᠠᠷᠢᠶᠠᠨ | ᠭᠠᠵᠠᠷ ᠢ ᠡᠵᠡᠯᠡᠨ ᠬᠡᠷᠡᠭᠯᠡᠵᠦ ᠣᠢ ᠵᠢᠮᠢᠰ ᠤᠨ ᠦᠢᠯᠡᠰ ᠢ ᠬᠥᠭᠵᠢᠭᠦᠯᠬᠦ ᠪᠠ ᠨᠠᠭᠤᠷ ᠮᠠᠯᠲᠠᠵᠤ ᠵᠢᠭᠠᠰᠤ ᠲᠡᠵᠢᠭᠡᠬᠦ ᠶᠢ ᠴᠠᠭᠠᠵᠠᠯᠠᠨ᠎ᠠ ᠬᠡᠵᠦ ᠲᠤᠳᠤᠷᠬᠠᠢ | ᠲᠤᠬᠳᠠᠭᠠᠪᠠ᠃ | |