2022 ᠤᠨ ᠤ ᠵᠠᠰᠠᠭ ᠤᠨ ᠤᠷᠳᠤᠨ ᠤ ᠠᠵᠢᠯ ᠤᠨ ᠢᠯᠡᠳᠭᠡᠯ
ᠨᠡᠶᠢᠲᠡᠯᠡᠭᠰᠡᠨ ᠴᠠᠭ᠄
2022/2/21
— 2022 ᠤᠨ ᠤ 2 ᠰᠠᠷ᠎ᠠ ᠶᠢᠨ 11᠎ ᠤ ᠡᠳᠦᠷ ᠤᠷᠳᠤᠰ ᠬᠤᠳᠠ ᠶᠢᠨ ᠲᠠᠪᠤᠳᠤᠭᠠᠷ ᠬᠤᠭᠤᠴᠠᠭᠠᠨ ᠤ ᠠᠷᠠᠳ ᠤᠨ  ᠲᠦᠯᠦᠭᠡᠯᠡᠭᠴᠢᠳ ᠤᠨ ᠶᠡᠭᠡ ᠬᠤᠷᠠᠯ  ᠎ ᠤᠨ ᠨᠢᠭᠡᠳᠦᠬᠡᠷ ᠤᠳᠠᠭᠠᠨ ᠤ ᠬᠤᠷᠠᠯᠳᠤᠭᠠᠨ ᠲᠡᠭᠡᠷ᠎ᠡ                                 ᠤᠷᠤᠯᠠᠭᠴᠢ ᠬᠤᠳᠠ ᠶᠢᠨ ᠲᠠᠷᠤᠭ᠎ᠠ     ᠳ᠋ᠦ᠋ ᠬᠤᠢ ᠯᠢᠶᠠᠩᠲᠦᠯᠦᠭᠡᠯᠡᠭᠴᠢᠳ ᠡ᠄    ᠤᠳᠤ ᠪᠢ ᠬᠤᠳᠠ ᠶᠢᠨ ᠠᠷᠠᠳ ᠤᠨ ᠵᠠᠰᠠᠭ ᠤᠨ ᠣᠷᠳᠣᠨ ᠢ ᠲᠦᠯᠦᠬᠡᠯᠡᠨ ᠶᠡᠭᠡ ᠬᠤᠷᠠᠯ ᠳᠤ ᠠᠵᠢᠯ ᠎ ᠤᠨ ᠢᠯᠡᠳᠬᠡᠯ ᠬᠢᠶ᠎ᠡ᠂ ᠬᠢᠨᠠᠨ ᠵᠦᠪᠯᠡᠬᠦ ᠪᠣᠯᠪᠠᠤ᠂ ᠲᠡᠷᠡᠴᠢᠯᠡᠨ ᠬᠤᠳᠠ ᠶᠢᠨ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠪᠠ ᠪᠤᠰᠤᠳ ᠰᠤᠯᠠ ᠣᠷᠣᠯᠴᠠᠭᠰᠠᠳ ᠰᠠᠨᠠᠯ ᠢᠶᠠᠨ ᠳᠤᠷᠠᠳᠬᠤ ᠪᠣᠯᠪᠠᠤ᠃    ᠨᠢᠭᠡ᠂ 2021 ᠣᠨ ᠤ ᠠᠵᠢᠯ ᠤᠨ ᠡᠷᠭᠢᠴᠡᠭᠦᠯᠦᠯ    2021 ᠣᠨ ᠪᠣᠯ ᠨᠠᠮ ᠪᠣᠯᠣᠨ ᠤᠯᠤᠰ ᠤᠨ ᠲᠡᠦᠬᠡᠨ ᠳᠡᠭᠡᠷᠡᠬᠢ ᠪᠡᠯᠬᠡ ᠲᠡᠮᠳᠡᠭ ᠤᠨ ᠠᠴᠢ ᠬᠤᠯᠪᠣᠭᠳᠠᠯ ᠲᠠᠢ ᠨᠢᠭᠡ ᠵᠢᠯ ᠪᠣᠯᠣᠨ᠎ᠠ᠂ ᠮᠥᠨᠴᠦ ᠣᠷᠳᠣᠰ ᠤᠨ ᠬᠥᠭᠵᠢᠯᠲᠡ ᠶᠢᠨ ᠶᠠᠪᠤᠴᠠ ᠳᠠᠬᠢ ᠶᠡᠷᠦ ᠪᠤᠰᠤ ᠶᠢᠨ ᠨᠢᠭᠡ ᠵᠢᠯ ᠪᠣᠯᠣᠨ᠎ᠠ᠃ ᠨᠢᠭᠡ ᠵᠢᠯ ᠤᠨ ᠲᠤᠷᠰᠢ᠂ ᠪᠢᠳᠡ ᠰᠢ ᠶᠢᠨ ᠫᠢᠩ ᠶᠡᠷᠦᠩᠬᠡᠢ ᠱᠦᠵᠢ ᠶᠢᠨ ᠥᠪᠥᠷ ᠮᠣᠩᠭᠤᠯ ᠳᠤ ᠲᠠᠯᠪᠢᠭᠰᠠᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠵᠤ᠂ ᠲᠥᠪ ᠪᠠ ᠥᠪᠡᠷᠲᠡᠭᠡᠨ ᠵᠠᠰᠠᠬᠤ ᠣᠷᠣᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠬᠤᠳᠠ ᠶᠢᠨ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠲᠣᠭᠲᠠᠭᠤᠨ ᠤ ᠳᠤᠮᠳᠠ ᠤᠷᠤᠭᠰᠢᠯᠠᠨ ᠲᠠᠪᠰᠢᠬᠤ ᠠᠵᠢᠯ ᠤᠨ ᠶᠡᠷᠦᠩᠬᠡᠢ ᠬᠦᠭ ᠠᠶᠠᠰ ᠢ ᠪᠠᠷᠢᠮᠲᠠᠯᠠᠵᠤ᠂ ᠰᠢᠨ᠎ᠡ ᠬᠥᠭᠵᠢᠯᠲᠡ ᠶᠢᠨ ᠱᠠᠲᠤᠨ ᠳᠤ ᠰᠠᠭᠤᠷᠢᠯᠠᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠲᠤᠤᠱᠯᠠᠭᠤᠯᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠳᠤ ᠠᠭᠤᠰᠤᠯᠴᠠᠵᠤ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ᠂ ᠠᠵᠤ ᠠᠬᠤᠢ ᠶᠢᠨ ᠠᠵᠢᠯᠯᠠᠭᠠᠨ ᠤ ᠪᠠᠶᠢᠳᠠᠯ ᠰᠠᠶᠢᠨ ᠪᠠᠶᠢᠵᠤ᠂ ᠨᠡᠶᠢᠭᠡᠮ ᠤᠨ ᠶᠡᠭᠡ ᠲᠠᠯ᠎ᠠ ᠡᠶ᠎ᠡ ᠵᠣᠬᠢᠴᠠᠩᠭᠤᠢ ᠲᠣᠭᠲᠠᠭᠤᠨ ᠪᠠᠶᠢᠵᠤ᠂ ᠬᠤᠳᠠ ᠶᠢᠨ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠥᠷᠪᠡᠳᠦᠭᠡᠷ ᠤᠳᠠᠭᠠᠨ ᠤ ᠬᠤᠷᠠᠯᠳᠤᠭᠠᠨ ᠠᠴᠠ ᠲᠣᠭᠲᠠᠭᠠᠭᠰᠠᠨ ᠡᠯ᠎ᠡ ᠵᠦᠢᠯ ᠤᠨ ᠬᠠᠷᠠᠯᠲᠠ ᠡᠭᠦᠷᠭᠡ ᠶᠢ ᠲᠡᠭᠦᠰ ᠠᠮᠵᠢᠯᠲᠠ ᠲᠠᠢ ᠪᠡᠶᠡᠯᠡᠭᠦᠯᠵᠦ᠂ ︽14 · 5︾᠎ ᠶᠢᠨ ᠰᠠᠶᠢᠨ ᠡᠬᠢᠯᠡᠯᠲᠡ ᠶᠢ ᠪᠡᠶᠡᠯᠡᠬᠦᠯᠪᠡ᠃   ︱ ᠡᠨᠡ ᠨᠢᠭᠡ ᠵᠢᠯ ᠳᠤ᠂ ᠪᠢᠳᠡ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠯᠠᠪᠳᠠᠭᠤᠨ ᠪᠠᠲᠤᠲᠠᠢ ᠥᠷᠨᠢᠭᠦᠯᠵᠦ᠂ ᠵᠠᠭᠤᠨ ᠵᠢᠯ ᠤᠨ ᠨᠠᠮ ᠤᠨ ᠲᠡᠦᠬᠡ ᠠᠴᠠ ᠡᠷᠡᠯᠬᠡᠭᠯᠡᠨ ᠤᠷᠤᠭᠰᠢᠯᠠᠬᠤ ᠬᠦᠴᠦᠨ ᠢ ᠣᠯᠪᠠ᠃ ᠪᠦᠬᠦ ᠬᠤᠳᠠ ᠪᠠᠷ ᠢᠶᠠᠨ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ ᠵᠠᠭᠤᠨ ᠵᠢᠯ ᠤᠨ ᠤᠢ ᠶᠢ ᠦᠪᠡᠳᠡᠭᠰᠢ ᠶᠡᠭᠡ ᠪᠠᠷ ᠪᠡᠯᠭᠡᠯᠡᠵᠦ᠂ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠦᠬᠦᠳᠠ ᠬᠤᠷᠠᠯ ᠤᠨ ᠵᠣᠷᠢᠭ ᠰᠠᠨᠠᠭ᠎ᠠ ᠪᠣᠯᠣᠨ ᠰᠢ ᠶᠢᠨ ᠫᠢᠩ ᠶᠡᠷᠦᠩᠬᠡᠢ ᠱᠦᠵᠢ ᠶᠢᠨ ︽ᠲᠤᠯᠤᠭᠠᠨ ᠰᠠᠷ᠎ᠠ ᠶᠢᠨ ᠨᠢᠭᠡᠨ︾᠎ ᠤ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠲᠡᠦᠬᠡ ᠶᠢ ᠰᠤᠷᠤᠯᠴᠠᠵᠤ ᠶᠣᠰᠣ ᠤᠴᠢᠷ ᠢ ᠣᠶᠢᠯᠠᠭᠠᠵᠤ᠂ ᠲᠡᠦᠬᠡ ᠶᠢ ᠰᠤᠷᠤᠯᠴᠠᠵᠤ ᠢᠲᠡᠭᠡᠯ ᠢᠶᠠᠨ ᠨᠡᠮᠡᠭᠳᠡᠬᠦᠯᠵᠤ᠂ ᠲᠡᠦᠬᠡ ᠶᠢ ᠰᠤᠷᠤᠯᠴᠠᠵᠤ ᠶᠣᠰᠣ ᠰᠤᠷᠲᠠᠬᠤᠨ ᠢ ᠡᠷᠬᠢᠮᠯᠡᠵᠤ᠂ ᠲᠡᠦᠬᠡ ᠶᠢ ᠰᠤᠷᠤᠯᠴᠠᠵᠤ ᠴᠢᠷᠮᠠᠶᠢᠨ ᠦᠢᠯᠡᠳᠦᠯᠬᠡᠵᠢᠬᠦᠯᠪᠡ᠃ ᠪᠥᠬᠦ ᠬᠤᠲᠠ  ᠶᠢᠨ ᠦᠨᠳᠦᠰᠦᠲᠡᠨ ᠨᠦᠭᠦᠳ ᠤᠨ ᠠᠷᠠᠳ ᠲᠦᠮᠡᠨ ᠨᠠᠩ ᠢᠲᠡᠭᠡᠯ ᠲᠡᠭᠦᠯᠳᠡᠷ ᠢᠶᠠᠷ ᠨᠠᠮ  ᠤᠨ  ᠦᠭᠡ ᠎ ᠶᠢ  ᠰᠣᠨᠣᠰᠴᠤ᠂ ᠨᠠᠮ ᠢᠶᠠᠨ ᠳᠠᠭᠠᠵᠤ᠂ ︽ᠬᠤᠶᠠᠷ ᠢ ᠲᠤᠭᠳᠠᠭᠠᠬᠤ︾ ᠤᠯᠤᠰ ᠲᠥᠷᠥ  ᠎ ᠶᠢᠨ  ᠦᠷ᠎ᠡ ᠪᠦᠲᠦᠭᠡᠯ ᠢ ︽ᠬᠤᠶᠠᠷ ᠢ ᠬᠠᠮᠠᠭᠠᠯᠠᠬᠤ︾ ᠤᠯᠤᠰ ᠲᠥᠷᠥ ᠶᠢᠨ ᠤᠬᠠᠮᠰᠠᠷ ᠪᠠ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠠᠵᠢᠯᠯᠠᠭᠠᠨ ᠤ ᠤᠬᠠᠮᠰᠠᠷ ᠪᠣᠯᠭᠠᠨ ᠬᠤᠪᠢᠷᠠᠭᠤᠯᠪᠠ᠃    ︱ ᠡᠨᠡ ᠨᠢᠭᠡ ᠵᠢᠯ ᠳᠤ᠂ ᠪᠢᠳᠡ ︽14 · 5︾᠎ ᠶᠢᠨ ᠲᠥᠯᠦᠪᠵᠢᠭᠦᠯᠭᠡ ᠶᠢ ᠡᠬᠢᠯᠡᠬᠦᠯᠵᠤ᠂ ᠰᠢᠨ᠎ᠡ ᠠᠶᠠᠨ ᠢᠶᠠᠨ ᠡᠬᠢᠯᠡᠬᠦᠯᠦᠨ᠂ ᠪᠠᠶᠢᠯᠳᠤᠬᠤ ᠪᠣᠳᠣᠯᠭ᠎ᠠ ᠶᠢᠨ ᠲᠠᠯ᠎ᠠ ᠪᠠᠷ ᠰᠠᠶᠢᠲᠤᠷ ᠪᠠᠶᠢᠷᠢᠯᠠᠭᠤᠯᠵᠤ᠂ ᠵᠠᠩᠭᠢᠯᠠᠭ᠎ᠠ ᠶᠢᠨ ᠲᠠᠯ᠎ᠠ ᠳᠤ ᠰᠠᠶᠢᠲᠤᠷ ᠬᠦᠴᠦᠯᠡᠪᠡ᠃ ᠬᠤᠳᠠ ᠶᠢᠨ ᠲᠠᠪᠤᠳᠤᠭᠠᠷ ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠠᠴᠠ ᠠᠮᠢ ᠠᠬᠤᠢ ᠶᠢ ᠲᠡᠷᠢᠭᠦᠨ ᠳᠤ ᠲᠠᠯᠪᠢᠵᠤ᠂ ᠪᠣᠬᠢᠷᠳᠤᠯ ᠦᠭᠡᠢ ᠬᠥᠭᠵᠢᠯᠲᠡ ᠪᠠᠷ ᠤᠳᠤᠷᠢᠳᠤᠮᠵᠢ ᠪᠤᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢᠶᠠᠷ ᠵᠠᠮᠨᠠᠬᠤ ᠬᠤᠰᠢᠭᠤᠴᠢ ᠣᠷᠣᠨ ᠢ ᠪᠦᠲᠦᠭᠡᠨ ᠪᠠᠶᠢᠭᠤᠯᠬᠤ ᠪᠠᠶᠢᠯᠳᠤᠬᠤ ᠪᠣᠳᠣᠯᠭ᠎ᠠ ᠶᠢᠨ ᠪᠠᠶᠢᠷᠢ ᠲᠣᠭᠲᠠᠭᠠᠯᠲᠠ ᠶᠢ ᠳᠤᠷᠠᠳᠴᠤ᠂ ᠪᠣᠳᠠᠲᠤ ᠬᠦᠴᠦᠨ ᠲᠠᠢ᠂ ᠠᠮᠢᠵᠢᠷᠠᠯ ᠤᠨ ᠬᠦᠴᠦᠨ ᠲᠠᠢ᠂ ᠪᠣᠬᠢᠷᠳᠤᠯ ᠦᠭᠡᠢ᠂ ᠣᠷᠣᠰᠢᠨ ᠰᠠᠭᠤᠬᠤ ᠳᠤ ᠲᠣᠬᠢᠷᠠᠮᠵᠢᠲᠠᠢ᠂ ᠵᠣᠯ ᠵᠢᠷᠭᠠᠯᠲᠤ ᠣᠷᠳᠣᠰ ᠢ ᠪᠦᠲᠦᠭᠡᠨ ᠪᠠᠶᠢᠭᠤᠯᠬᠤ ᠠᠤᠭ᠎ᠠ ᠬᠠᠷᠠᠯᠲᠠ ᠶᠢ ᠲᠣᠳᠣᠷᠬᠠᠶᠢᠯᠠᠵᠤ᠂ ᠣᠳᠣᠬᠢᠴᠢᠯᠠᠭᠰᠠᠨ ᠣᠷᠳᠣᠰ ᠤᠨ ᠪᠦᠲᠦᠭᠡᠨ ᠪᠠᠶᠢᠭᠤᠯᠤᠯᠲᠠ ᠶᠢᠨ ᠦᠵᠡᠰᠬᠦᠯᠡᠩᠲᠦ ᠰᠠᠶᠢᠬᠠᠨ ᠵᠢᠷᠤᠭ ᠲᠥᠰᠥᠪ ᠢ ᠵᠢᠷᠤᠭᠯᠠᠪᠠ᠃ ᠪᠢᠳᠡ ᠪᠥᠬᠦ ᠬᠤᠲᠠ ᠶᠢᠨ ︽14 · 5︾᠎ ᠶᠢᠨ ᠲᠥᠯᠦᠪᠵᠢᠭᠦᠯᠭᠡ ᠶᠢᠨ ᠬᠦᠳᠦᠯᠪᠦᠷᠢ ᠪᠠ 36 ᠲᠤᠰᠬᠠᠢ ᠲᠥᠯᠦᠪᠵᠢᠭᠦᠯᠭᠡ ᠶᠢ ᠨᠠᠷᠢᠨ ᠨᠢᠮᠪᠠᠢ ᠨᠠᠶᠢᠷᠠᠭᠤᠯᠤᠨ ᠵᠣᠬᠢᠶᠠᠵᠤ᠂ 1000 ᠭᠠᠷᠤᠢ ᠵᠦᠢᠯ ᠤᠨ ᠴᠢᠬᠤᠯᠠ ᠶᠡᠭᠡ ᠲᠥᠷᠥᠯ ᠵᠦᠢᠯ ᠢ ᠨᠥᠭᠡᠴᠡᠯᠡᠵᠦ᠂ ᠶᠡᠷᠦᠩᠬᠡᠢ ᠪᠡᠯᠡ ᠣᠷᠣᠭᠤᠯᠤᠯᠲᠠ 1.8 ᠲᠦᠮᠡᠨ ᠳ᠋ᠦᠩᠰᠢᠭᠤᠷ ᠲᠥᠭᠦᠷᠢᠭ ᠢ ᠳᠠᠪᠠᠵᠤ᠂ ︽14 · 5︾᠎ ᠶᠢᠨ ᠴᠢᠨᠠᠷ ᠰᠠᠶᠢᠲᠠᠢ ᠬᠥᠭᠵᠢᠯᠲᠡ ᠳᠤ ᠪᠠᠲᠤ ᠪᠠᠬᠢ ᠰᠠᠭᠤᠷᠢ ᠶᠢ ᠲᠠᠯᠪᠢᠭᠰᠠᠨ ᠪᠠᠶᠢᠨ᠎ᠠ᠃    ︱ ᠡᠨᠡ ᠨᠢᠭᠡ ᠵᠢᠯ ᠳᠤ᠂ ᠪᠢᠳᠡ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠢ ᠨᠡᠶᠢᠭᠡᠮ ᠤᠨ ᠬᠥᠭᠵᠢᠯᠲᠡ ᠶᠢ ᠨᠢᠭᠡᠳᠦᠯᠲᠡᠢ ᠲᠦᠯᠦᠪᠯᠡᠵᠤ ᠂ ᠨᠢᠭᠡ ᠣᠷᠣᠨ ᠪᠦᠰᠡ ᠶᠢᠨ ᠲᠣᠭᠲᠠᠭᠤᠨ ᠢᠶᠠᠷ ᠪᠦᠬᠦ ᠣᠷᠣᠨ ᠤ ᠲᠣᠭᠲᠠᠭᠤᠨ ᠢ ᠠᠬᠢᠭᠤᠯᠵᠤ᠂ ᠨᠢᠭᠡ ᠣᠷᠣᠨ ᠪᠦᠰᠡ ᠶᠢᠨ ᠦᠩᠭᠡ ᠭᠡᠷᠡᠯ ᠢᠶᠠᠷ ᠪᠦᠬᠦ ᠲᠠᠯ᠎ᠠ ᠳᠤ ᠭᠡᠷᠡᠯ ᠭᠢᠯᠪᠠᠭ᠎ᠠ ᠨᠡᠮᠡᠷᠢᠯᠡᠪᠡ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠡᠴᠦᠰ ᠲᠤᠨᠢ ᠲᠤᠯᠲᠠᠯ᠎ᠠ ᠪᠤᠯᠭᠤᠮᠵᠢᠲᠠᠢ ᠰᠠᠶᠢᠲᠤᠷ ᠠᠳᠬᠤᠵᠤ᠂ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠸᠠᠺᠼᠢᠨ ᠢ ︽ᠲᠠᠷᠢᠯᠭ᠎ᠠ ᠬᠢᠬᠦ ᠰᠠᠨᠠᠭᠠᠲᠠᠢ ᠪᠦᠬᠦᠨ ᠳᠤ ᠴᠦᠮ ᠲᠠᠷᠢᠯᠭ᠎ᠠ ᠬᠢᠬᠦ︾᠂ ︽ᠲᠠᠷᠢᠯᠭ᠎ᠠ ᠬᠢᠪᠡᠰᠦ ᠵᠤᠬᠢᠬᠤ ᠪᠦᠬᠦᠨ ᠳᠤ ᠴᠦᠮ ᠲᠠᠷᠢᠯᠭ᠎ᠠ ᠬᠢᠬᠦ︾᠎ ᠶᠢ ᠪᠡᠶᠡᠯᠡᠭᠦᠯᠵᠦ᠂ ᠲᠤᠰ ᠭᠠᠵᠠᠷ ᠣᠷᠣᠨ ᠤ ᠡᠪᠡᠳᠴᠢᠨ ᠤ ᠵᠢᠱᠢᠶ᠎ᠡ ᠶᠢ ᠲᠦᠷᠭᠡᠨ ᠪᠥᠭᠡᠳ ᠪᠦᠲᠦᠮᠵᠢᠲᠡᠢ ᠡᠵᠡᠮᠳᠡᠵᠦ᠂ ᠠᠯᠠᠱᠠ ᠠᠶᠢᠮᠠᠭ ᠲᠤ ᠬᠤᠴᠣᠷᠤᠭᠰᠠᠨ ᠵᠤᠭᠠᠴᠠᠭᠰᠠᠳ ᠢ ᠲᠥᠪᠯᠡᠷᠡᠭᠦᠯᠦᠨ ᠲᠤᠰᠠᠭᠠᠷᠯᠠᠵᠤ ᠡᠷᠡᠭᠦᠯ ᠮᠡᠨᠳᠦ ᠶᠢ ᠬᠢᠨᠠᠨ ᠬᠡᠮᠵᠢᠬᠦ ᠡᠭᠦᠷᠭᠡ ᠶᠢ ᠲᠡᠭᠦᠰ ᠠᠮᠵᠢᠯᠲᠠ ᠲᠠᠢ ᠪᠡᠶᠡᠯᠡᠭᠦᠯᠵᠦ᠂ ᠠᠷᠠᠳ ᠤᠯᠠᠨ ᠤ ᠡᠷᠡᠭᠦᠯ ᠮᠡᠨᠳᠦ ᠶᠢᠨ ᠠᠮᠤᠷ ᠲᠦᠪᠰᠢᠨ ᠢ ᠪᠦᠬᠦ ᠬᠦᠴᠦᠨ ᠢᠶᠠᠷ ᠢᠶᠠᠨ ᠰᠠᠬᠢᠨ ᠬᠠᠮᠠᠭᠠᠯᠠᠪᠠ᠃ ᠡᠨᠧᠷᠭᠢ ᠶᠢᠨ ᠠᠮᠤᠷ ᠲᠦᠪᠰᠢᠨ ᠢ ᠪᠠᠲᠤᠯᠠᠬᠤ ᠬᠦᠨᠳᠦ ᠡᠭᠦᠷᠭᠡ ᠶᠢ ᠡᠷᠡᠰ ᠡᠭᠦᠷᠭᠡᠯᠡᠵᠦ᠂ ᠲᠦᠷᠦᠭᠦᠯᠡᠨ ᠦᠢᠯᠡᠳᠪᠦᠷᠢᠯᠡᠯ ᠤᠨ ᠬᠡᠮᠵᠢᠶ᠎ᠡ ᠶᠢ ᠨᠡᠮᠡᠭᠳᠡᠭᠦᠯᠦᠨ ᠦᠨ᠎ᠡ ᠶᠢ ᠲᠣᠭᠲᠠᠪᠤᠷᠢᠵᠢᠭᠤᠯᠵᠤ᠂ ᠨᠢᠭᠡ ᠬᠤᠳᠠ ᠶᠢᠨ ᠬᠦᠴᠦᠨ ᠢᠶᠠᠷ 18 ᠮᠤᠵᠢ ᠣᠷᠣᠨ ᠬᠤᠳᠠ᠂ 7 ᠠᠶᠢᠮᠠᠭ ᠬᠤᠳᠠ ᠶᠢᠨ ᠡᠪᠦᠯ ᠤᠨ ᠤᠯᠠᠷᠢᠯ ᠤᠨ ᠨᠡᠬᠦᠷᠡᠰᠦᠨ ᠤ ᠬᠠᠩᠭᠠᠯᠭ᠎ᠠ ᠶᠢ ᠪᠠᠲᠤᠯᠠᠬᠤ ᠶᠢ ᠡᠭᠦᠷᠭᠡᠯᠡᠵᠦ᠂ ᠪᠣᠳᠠᠲᠤ ᠠᠵᠢᠯᠯᠠᠭ᠎ᠠ ᠪᠠᠷ ᠢᠶᠠᠨ ᠡᠨᠧᠷᠭᠢ ᠶᠢᠨ ᠲᠣᠮᠣ ᠬᠤᠳᠠ ᠶᠢᠨ ᠡᠭᠦᠷᠭᠡ ᠪᠠ ᠡᠭᠦᠷᠭᠡᠯᠡᠯ ᠢ ᠢᠯᠡᠷᠡᠭᠦᠯᠪᠡ᠃ ᠠᠵᠤ ᠠᠬᠤᠢ ᠶᠢᠨ ᠠᠵᠢᠯᠯᠠᠭᠠᠨ ᠢ ᠴᠠᠭ ᠪᠠᠶᠢᠳᠠᠯ ᠳᠤᠨᠢ ᠲᠣᠬᠢᠷᠠᠭᠤᠯᠤᠨ ᠲᠣᠬᠢᠷᠠᠭᠤᠯᠵᠤ᠂ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠥᠷᠲᠡᠭ  7%᠎ ᠪᠠᠷ ᠨᠡᠮᠡᠭᠳᠡᠵᠤ᠂ ᠡᠩ ᠤᠨ ᠣᠯᠠᠨ ᠨᠡᠶᠢᠲᠡ ᠶᠢᠨ ᠲᠥᠰᠥᠪ ᠤᠨ ᠣᠷᠣᠯᠭ᠎ᠠ 18.7%᠎ ᠪᠠᠷ ᠨᠡᠮᠡᠭᠳᠡᠨ᠂ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ 20.8%᠎ ᠪᠠᠷ ᠨᠡᠮᠡᠭᠳᠡᠵᠤ᠂ ᠭᠡᠪᠴᠢᠶᠡᠵᠢᠯ ᠎ ᠠᠴᠠ ᠲᠡᠭᠡᠭᠰᠢᠰᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ  5.8%᠎ ᠪᠠᠷ ᠨᠡᠮᠡᠭᠳᠡᠨ᠂ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠶᠡᠷᠦᠩᠬᠡᠢ ᠬᠡᠮᠵᠢᠶ᠎ᠡ 7.6%᠎ ᠪᠠᠷ ᠨᠡᠮᠡᠭᠳᠡᠵᠤ᠂ ᠪᠥᠬᠦ ᠣᠷᠣᠨ ᠤ ︽ᠳᠠᠭᠠᠭᠤᠯᠤᠭᠴᠢ︾᠎ ᠶᠢᠨ ᠪᠠᠶᠢᠷᠢ ᠰᠠᠭᠤᠷᠢ ᠪᠠ ︽ᠰᠠᠭᠤᠷᠢ ᠴᠢᠯᠠᠭᠤ︾᠎ ᠶᠢᠨ ᠦᠢᠯᠡᠳᠦᠯ ᠨᠠᠩ ᠲᠣᠪᠣᠶᠢᠮ᠎ᠠ ᠪᠤᠯᠪᠠ᠃    ᠨᠢᠭᠡ ᠵᠢᠯ ᠤᠨ ᠲᠤᠷᠰᠢ᠂ ᠶᠢᠰᠦᠨ ᠲᠠᠯ᠎ᠠ ᠶᠢᠨ ᠠᠵᠢᠯ ᠢ ᠭᠤᠣᠯᠳᠠᠯᠭ᠎ᠠ ᠲᠠᠢ ᠠᠳᠬᠤᠪᠠ᠄    ︵ᠨᠢᠭᠡ︶ ᠠᠷᠭ᠎ᠠ ᠪᠤᠳᠤᠯᠭ᠎ᠠ ᠶᠢ ᠶᠡᠷᠦᠩᠬᠡᠶᠢᠯᠡᠨ ᠬᠡᠷᠡᠭᠵᠢᠬᠦᠯᠵᠤ ᠠᠵᠤ ᠠᠬᠤᠢ ᠶᠢᠨ ᠲᠣᠭᠲᠠᠭᠤᠨ ᠨᠡᠮᠡᠭᠳᠡᠯ ᠢ ᠪᠡᠶᠡᠯᠡᠬᠦᠯᠪᠡ᠃ ᠲᠦᠷᠦᠯ ᠵᠦᠢᠯ ᠢ ᠠᠳᠬᠤᠬᠤ᠂ ᠪᠡᠯᠡ ᠣᠷᠣᠭᠤᠯᠤᠯᠲᠠ ᠶᠢ ᠠᠬᠢᠭᠤᠯᠬᠤ᠂ ᠣᠷᠴᠢᠨ ᠠᠬᠤᠢ ᠶᠢ ᠰᠢᠯᠢᠳᠡᠭᠵᠢᠭᠦᠯᠬᠦ ᠵᠠᠭᠤᠨ ᠡᠳᠦᠷ ᠤᠨ ᠪᠤᠭᠤᠮᠲᠠ ᠰᠢᠪᠲᠤᠯᠬᠤ ᠠᠵᠢᠯ ᠢ ᠥᠷᠨᠢᠭᠦᠯᠵᠦ᠂ 453 ᠵᠦᠢᠯ ᠤᠨ ᠭᠤᠣᠯᠳᠠᠯᠭ᠎ᠠ ᠲᠠᠢ ᠲᠦᠷᠦᠯ ᠵᠦᠢᠯ ᠢ ᠬᠡᠷᠡᠭᠵᠢᠭᠦᠯᠵᠦ᠂ ᠪᠦᠬᠦ ᠨᠡᠶᠢᠭᠡᠮ ᠤᠨ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢ 690.4 ᠳ᠋ᠦᠩᠰᠢᠭᠤᠷ ᠲᠥᠭᠦᠷᠢᠭ ᠪᠡᠶᠡᠯᠡᠭᠦᠯᠵᠣ᠂ ᠲᠦᠪ ᠤᠨ ᠲᠦᠰᠦᠪ ᠤᠨ ᠲᠤᠳᠤᠷᠠᠬᠢ ᠪᠡᠯᠡ ᠤᠷᠤᠭᠤᠯᠤᠯᠳᠠ ᠶᠢ 9.6 ᠳ᠋ᠦᠩᠰᠢᠭᠤᠷ ᠲᠦᠭᠦᠷᠢᠭ᠂ ᠤᠷᠤᠨ ᠨᠤᠳᠤᠭ ᠎ ᠤᠨ ᠲᠤᠰᠬᠠᠢ ᠵᠢᠬᠡᠯᠡᠯᠬᠡ ᠶᠢᠨ ᠲᠡᠮᠳᠡᠭᠳᠤ ᠶᠢ 19.2 ᠳ᠋ᠦᠩᠰᠢᠭᠤᠷ ᠲᠦᠭᠦᠷᠢᠭ ᠣᠯᠵᠣ᠂ 18 ᠭᠤᠤᠯᠳᠠᠯᠭ᠎ᠠ ᠲᠠᠢ ᠠᠵᠣ ᠣᠶᠢᠯᠡᠰ ᠤᠨ ᠬᠡᠯᠬᠢᠶ᠎ᠡ ᠶᠢ ᠡᠮᠬᠢᠯᠡᠨ ᠲᠢᠭᠯᠡᠵᠣ᠂ ᠬᠡᠯᠬᠢᠶᠡᠨ ᠤ ᠳᠠᠷᠤᠭ᠎ᠠ ᠶᠢᠨ ᠳᠦᠷᠢᠮ ᠢᠶᠠᠷ ᠬᠤᠳᠠᠯᠳᠤᠭᠠᠴᠢᠨ ᠤᠷᠢᠬᠤ ᠠᠵᠢᠯ ᠢ ᠪᠥᠬᠦ ᠲᠠᠯ᠎ᠠ ᠪᠠᠷ ᠦᠷᠨᠢᠬᠦᠯᠵᠤ᠂ 327 ᠲᠥᠷᠥᠯ ᠵᠦᠢᠯ ᠎ ᠤᠨ ᠭᠡᠷ᠎ᠡ ᠲᠣᠭᠲᠠᠵᠤ᠂ 377 ᠳ᠋ᠦᠩᠰᠢᠭᠤᠷ ᠲᠥᠭᠦᠷᠢᠭ ᠤᠨ ᠪᠡᠯᠡ ᠮᠥᠩᠭᠦ ᠶᠢ ᠤᠷᠤᠨᠵᠢᠭᠤᠯᠵᠤ᠂ 25.8%᠎ ᠪᠠᠷ ᠨᠡᠮᠡᠭᠳᠡᠪᠡ᠃ ᠠᠷᠠᠯᠵᠢᠶ᠎ᠠ ᠬᠤᠳᠠᠯᠳᠤᠭᠠᠨ ᠤ ᠠᠵᠤ ᠠᠬᠤᠶᠢᠯᠠᠯ ᠤᠨ ᠭᠡᠪ ᠪᠠᠷᠢᠮᠵᠢᠶ᠎ᠠ ᠶᠢ ᠳᠡᠭᠡᠭᠰᠢᠯᠡᠬᠦᠯᠵᠤ ᠲᠤᠭ᠎ᠠ ᠪᠦᠷᠢᠳᠭᠡᠯ ᠳᠤ ᠣᠷᠣᠭᠤᠯᠬᠤ ᠲᠤᠰᠬᠠᠢ ᠠᠵᠢᠯᠯᠠᠭ᠎ᠠ ᠶᠢ ᠬᠡᠷᠡᠭᠵᠢᠭᠦᠯᠵᠦ᠂ ᠣᠨᠴᠠᠯᠢᠭᠲᠤ ᠪᠣᠷᠤᠯᠠᠭᠤᠯᠭ᠎ᠠ ᠶᠢ ᠠᠬᠢᠭᠤᠯᠬᠤ ᠠᠵᠢᠯᠯᠠᠭ᠎ᠠ ᠶᠢ ᠦᠷᠨᠢᠬᠦᠯᠵᠤ᠂ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠶᠡᠷᠦᠩᠬᠡᠢ ᠲᠤᠭ᠎ᠠ ᠶᠢᠨ ᠨᠡᠮᠡᠭᠳᠡᠯ ᠤᠨ ᠬᠤᠷᠳᠤᠴᠠ ᠪᠦᠬᠦ ᠤᠷᠤᠨ ᠳᠠᠭᠠᠨ ᠲᠦᠷᠦᠬᠦᠯᠡᠪᠡ᠃ ᠵᠢᠭᠤᠯᠴᠢᠯᠠᠯ ᠰᠡᠯᠡᠭᠦᠴᠡᠯ ᠤᠨ ᠬᠤᠲᠠ ᠶᠢᠨ ᠪᠦᠲᠦᠭᠡᠨ ᠪᠠᠶᠢᠭᠤᠯᠤᠯᠲᠠ ᠶᠢ ᠯᠠᠪᠳᠠᠭᠤᠨ ᠢᠶᠠᠷ ᠠᠬᠢᠭᠤᠯᠵᠤ᠂ ᠵᠤᠭᠠᠴᠠᠭᠰᠠᠳ ᠢ ᠭᠥᠯᠢᠶᠡᠨ ᠠᠪᠤᠭᠰᠠᠨ ᠬᠥᠮᠥᠨ ᠤ ᠲᠤᠭ᠎ᠠ ᠬᠢᠵᠢᠭ ᠤᠨ ᠪᠠᠶᠢᠳᠠᠯ ᠠᠴᠠ ᠡᠮᠦᠨᠡᠬᠢ ᠬᠢᠷᠢ ᠲᠦᠪᠰᠢᠨ ᠳᠤ ᠬᠦᠷᠪᠡ᠃ ᠬᠤᠰᠢᠭᠤ ᠲᠣᠭᠤᠷᠢᠭ᠂ ᠬᠦᠷᠢᠶᠡᠯᠡᠩ ᠲᠣᠭᠤᠷᠢᠭ ᠤᠨ ᠶᠡᠷᠦᠩᠬᠡᠶᠢᠯᠡᠭᠰᠡᠨ ᠪᠣᠳᠠᠲᠤ ᠬᠦᠴᠦᠨ ᠢ ᠬᠦᠴᠦᠯᠡᠨ ᠳᠡᠭᠡᠭᠰᠢᠯᠡᠭᠦᠯᠵᠦ᠂ ᠵᠡᠭᠦᠨᠭᠠᠷ ᠬᠤᠰᠢᠭᠤ ᠪᠥᠬᠦ ᠣᠷᠣᠨ ᠤ ᠠᠩᠬᠠᠳᠠᠭᠴᠢ ᠮᠢᠩᠭᠠᠨ ᠳ᠋ᠦᠩᠰᠢᠭᠤᠷ ᠲᠦᠬᠦᠷᠢᠭ ᠤᠨ ᠲᠠᠰ ᠤᠨ ᠬᠤᠰᠢᠭᠤ ᠰᠢᠶᠠᠨ ᠪᠣᠯᠵᠤ᠂ ᠣᠲᠤᠭ ᠤᠨ ᠠᠵᠤ ᠠᠬᠤᠢ ᠶᠢᠨ ᠨᠡᠭᠡᠭᠡᠯᠲᠡ ᠶᠢᠨ ᠲᠣᠭᠤᠷᠢᠭ ᠮᠢᠩᠭᠠᠨ ᠳ᠋ᠦᠩᠰᠢᠭᠤᠷ ᠲᠦᠬᠦᠷᠢᠭ ᠤᠨ ᠲᠠᠰ ᠤᠨ ᠬᠦᠷᠢᠶᠡᠯᠡᠩ ᠲᠣᠭᠤᠷᠢᠭ ᠤᠨ ᠡᠩᠨᠡᠭᠡᠨ ᠳᠤ ᠣᠷᠣᠵᠤ᠂ 3 ᠬᠤᠰᠢᠭᠤ ᠲᠣᠭᠤᠷᠢᠭ ᠪᠥᠬᠦ ᠤᠯᠤᠰ ᠤᠨ ᠶᠡᠷᠦᠩᠬᠡᠶᠢᠯᠡᠭᠰᠡᠨ ᠪᠣᠳᠠᠲᠤ ᠬᠦᠴᠦᠨ ᠤ ᠵᠠᠭᠤᠨ ᠬᠦᠴᠦᠷᠬᠡᠭ ᠰᠢᠶᠠᠨ ᠲᠣᠭᠤᠷᠢᠭ ᠲᠤ ᠵᠢᠭᠰᠠᠭᠠᠭᠳᠠᠪᠠ᠃    ︵ᠬᠤᠶᠠᠷ︶ ᠬᠠᠷᠠᠯᠲᠠ ᠲᠣᠭᠲᠠᠭᠠᠵᠤ ᠠᠵᠤ ᠦᠢᠯᠡᠳᠪᠦᠷᠢ ᠶᠢᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ ᠶᠢ ᠲᠦᠷᠭᠡᠳᠭᠡᠪᠡ᠃ ︽ᠬᠤᠣᠰ ᠨᠡᠭᠦᠷᠡᠰᠦᠲᠥ᠋ᠷᠥᠭᠴᠢ︾᠎ ᠶᠢᠨ ᠬᠠᠷᠠᠯᠲᠠ ᠶᠢ ᠨᠠᠶᠢᠳᠠᠪᠤᠷᠢᠵᠢᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠠᠵᠤ ᠦᠢᠯᠡᠰ ᠤᠨ ᠪᠣᠬᠢᠷᠳᠤᠯ ᠦᠭᠡᠢ ᠲᠤᠤᠷ᠎ᠠ ᠨᠡᠬᠦᠷᠡᠰᠦᠳᠦᠷᠦᠭᠴᠢᠲᠦ ᠬᠥᠭᠵᠢᠯᠲᠡ ᠶᠢ ᠲᠦᠷᠭᠡᠳᠭᠡᠪᠡ᠃ ︽ᠰᠠᠯᠬᠢ ᠬᠡᠷᠡᠯ ᠤᠰᠤᠲᠥ᠋ᠷᠥᠭᠴᠢ ᠨᠦᠬᠡᠴᠡᠯᠡᠯᠲᠡ ᠲᠡᠷᠭᠡ︾᠎ ᠶᠢᠨ ᠪᠦᠬᠦ ᠠᠵᠤ ᠦᠢᠯᠡᠰ ᠤᠨ ᠬᠡᠯᠬᠢᠶ᠎ᠡ ᠶᠢᠨ ᠬᠥᠭᠵᠢᠯᠲᠡ ᠶᠢ ᠶᠡᠬᠡᠪᠡᠷ ᠠᠬᠢᠭᠤᠯᠵᠤ᠂ 720 ᠲᠦᠮᠡᠨ ᠺᠢᠯᠣᠸᠠᠲ ᠤᠨ ᠰᠢᠨ᠎ᠡ ᠡᠨᠧᠷᠭᠢ ᠶᠢᠨ ᠲᠥᠷᠥᠯ ᠵᠦᠢᠯ ᠢ ᠪᠠᠶᠢᠭᠤᠯᠬᠤ ᠵᠦᠪᠰᠢᠶᠡᠷᠡᠯ ᠢ ᠤᠯᠵᠤ᠂ ᠲᠠᠯᠠᠳ ᠤᠨ ᠬᠡᠷᠡᠯ ᠴᠡᠨᠡᠭ ᠢᠶᠠᠷ ᠴᠠᠬᠢᠯᠭᠠᠨ ᠭᠠᠷᠭᠠᠬᠤ ᠬᠡᠷᠡᠭᠯᠡᠭᠡᠨ ᠤ ᠳᠠᠭᠠᠭᠤᠯᠤᠭᠴᠢ ᠰᠠᠭᠤᠷᠢᠨ ᠭᠠᠵᠠᠷ ᠤᠨ ᠬᠤᠶᠠᠳᠤᠭᠠᠷ ᠬᠤᠭᠤᠴᠠᠭ᠎ᠠ᠂ ᠲᠢᠶᠠᠨ ᠵᠢᠶᠣᠣ ᠯᠢᠤᠢ ᠨᠧᠩ ᠤᠨ ᠬᠡᠷᠡᠯ ᠴᠡᠨᠡᠭ ᠢᠶᠠᠷ ᠴᠠᠬᠢᠯᠭᠠᠨ ᠭᠠᠷᠭᠠᠬᠤ ᠲᠥᠷᠥᠯ ᠵᠦᠢᠯ  ᠲᠣᠣᠷ ᠨᠡᠶᠢᠯᠡᠭᠦᠯᠦᠨ ᠴᠠᠬᠢᠯᠭᠠᠨ ᠭᠠᠷᠭᠠᠵᠤ᠂ ᠰᠢᠨ᠎ᠡ ᠪᠠᠷ ᠨᠡᠮᠡᠭᠳᠡᠭᠰᠡᠨ ᠰᠢᠨ᠎ᠡ ᠡᠨᠧᠷᠭᠢ ᠶᠢᠨ ᠮᠠᠰᠢᠨ ᠴᠣᠭᠴᠠᠯᠠᠪᠤᠷᠢ 100.8 ᠲᠦᠮᠡᠨ ᠺᠢᠯᠣᠸᠠᠲ ᠲᠤ ᠬᠦᠷᠴᠦ᠂ ᠶᠤᠸᠠᠨ ᠵᠢᠩ᠂ ᠰᠢᠶᠧ ᠰᠢᠨ ᠵᠡᠷᠭᠡ ᠲᠡᠷᠢᠭᠦᠨ ᠤ ᠠᠵᠤ ᠠᠬᠤᠶᠢᠯᠠᠯ ᠤᠨ ᠲᠥᠷᠥᠯ ᠵᠦᠢᠯ ᠢ ᠣᠷᠣᠭᠤᠯᠤᠨ ᠨᠤᠳᠤᠭᠰᠢᠯᠠᠭᠤᠯᠵᠤ᠂ ᠴᠢ ᠷᠦᠢ ᠰᠢᠨ᠎ᠡ ᠡᠨᠧᠷᠭᠢ ᠶᠢᠨ ᠠᠭᠤᠷᠬᠠᠢ ᠶᠢᠨ ᠠᠴᠢᠶᠠᠨ ᠤ ᠮᠠᠰᠢᠨ ᠲᠡᠷᠭᠡ ᠪᠠ ᠱᠠᠩᠬᠠᠢ ᠶᠢᠨ ᠮᠠᠰᠢᠨ ᠲᠡᠷᠭᠡᠨ ᠤ ᠬᠤᠩ ᠶᠠᠨ᠂ ᠮᠧᠶ ᠶᠢᠨ ᠭᠦᠸᠧ ᠬᠤᠩ ᠤᠨ ᠤᠰᠤᠲᠥ᠋ᠷᠥᠭᠴᠢ ᠡᠨᠧᠷᠭᠢ ᠶᠢᠨ ᠬᠦᠨᠳᠦ ᠠᠴᠢᠶᠠᠨ ᠤ ᠮᠠᠰᠢᠨ ᠲᠡᠷᠭᠡ ᠶᠢ ᠠᠰᠢᠭᠯᠠᠯᠲᠠ ᠳᠤ ᠣᠷᠣᠭᠤᠯᠵᠤ᠂ ᠠᠩᠬᠠᠳᠤᠭᠠᠷ ᠬᠤᠭᠤᠴᠠᠭᠠᠨ ᠤ ᠨᠡᠭᠦᠷᠡᠰᠦᠲᠥ᠋ᠷᠥᠭᠴᠢ ᠦᠬᠡᠢ ᠠᠵᠤ ᠦᠢᠯᠡᠰ ᠤᠨ ᠲᠦᠷᠦᠭᠦᠴᠦᠳ ᠤᠨ ᠬᠤᠷᠠᠯ ᠢ ᠡᠷᠭᠢᠯᠡᠨ ᠬᠤᠷᠠᠯᠳᠤᠭᠤᠯᠵᠤ᠂ ᠠᠩᠬᠠᠳᠠᠭᠴᠢ ᠨᠡᠭᠦᠷᠡᠰᠦᠲᠥ᠋ᠷᠥᠭᠴᠢ ᠦᠬᠡᠢ ᠠᠵᠤ ᠦᠢᠯᠡᠰ ᠤᠨ ᠬᠦᠷᠢᠶᠡᠯᠡᠩ ᠢ ᠨᠤᠳᠤᠭᠰᠢᠯᠠᠭᠤᠯᠤᠨ ᠪᠦᠲᠦᠬᠡᠨ ᠪᠠᠶᠢᠭᠤᠯᠪᠠ᠃ ᠵᠢᠩ ᠳ᠋ᠦᠩ ᠹᠠᠩ ᠤᠨ ᠬᠡᠲᠦ ᠲᠠᠭᠤᠨ ᠬᠤᠷᠤᠭᠤᠨ ᠣᠷᠣᠮ ᠤᠨ ᠬᠡᠪ᠂ ᠴᠠᠩ ᠴᠧᠩ ᠺᠣᠮᠫᠢᠦ᠋ᠲ᠋ᠧᠷ ᠤᠨ ᠣᠶᠤᠨᠴᠢ ᠦᠶᠯᠡᠳᠬᠦ ᠲᠥᠷᠥᠯ ᠵᠦᠢᠯ ᠢ ᠪᠠᠶᠢᠭᠤᠯᠵᠤ ᠳᠠᠭᠤᠰᠬᠠᠭᠠᠳ ᠠᠰᠢᠭᠯᠠᠯᠲᠠ ᠳᠤ ᠣᠷᠣᠭᠤᠯᠵᠤ᠂ ᠣᠷᠳᠣᠰ ᠤᠨ ᠲᠣᠮᠣ ᠳ᠋ᠠᠶᠢᠲ᠋ᠠ ᠶᠢᠨ ᠲᠥᠪ ᠤᠯᠤᠰ ᠤᠨ ᠪᠣᠬᠢᠷᠳᠤᠯ ᠦᠭᠡᠢ ᠳ᠋ᠠᠶᠢᠲ᠋ᠠ ᠶᠢᠨ ᠲᠥᠪ ᠢᠶᠠᠷ ᠦᠨᠡᠯᠡᠭᠳᠡᠵᠦ᠂ ᠰᠢᠩᠭᠡᠨ ᠲᠠᠯᠠᠰᠲᠤ ᠦᠵᠡᠭᠦᠯᠦᠭᠦᠷ ᠲᠣᠨᠤᠭ᠂ ᠮᠠᠰᠢᠨ ᠲᠡᠷᠭᠡᠨ ᠤ ᠦᠢᠯᠡᠳᠪᠦᠷᠢᠯᠡᠯ ᠤᠨ ᠬᠡᠮᠵᠢᠶ᠎ᠡ ᠲᠣᠰ ᠲᠣᠰ 39% ᠪᠠ 88.2%᠎ ᠢᠶᠠᠷ ᠨᠡᠮᠡᠭᠳᠡᠵᠦ᠂ ᠨᠡᠭᠦᠷᠡᠰᠦᠨ ᠤ ᠪᠤᠰᠤ ᠠᠵᠤ ᠦᠢᠯᠡᠳᠪᠦᠷᠢ ᠶᠢᠨ ᠨᠡᠮᠡᠭᠳᠡᠯ ᠥᠷᠲᠡᠭ 8%᠎ ᠪᠠᠷ ᠨᠡᠮᠡᠭᠳᠡᠪᠡ᠃ ᠣᠶᠤᠨᠴᠢᠯᠠᠭᠰᠠᠨ ᠨᠡᠭᠦᠷᠡᠰᠦᠨ ᠠᠭᠤᠷᠬᠠᠢ ᠶᠢ 65 ᠪᠠᠶᠢᠭᠤᠯᠵᠤ᠂ ᠵᠦᠵᠢᠶᠠᠩ ᠮᠥᠷᠡᠨ ᠤ ᠵᠦ ᠵᠢᠶᠠ ᠫᠢᠩ ᠤᠨ ᠴᠠᠬᠢᠯᠭᠠᠨ ᠤ ᠦᠢᠯᠡᠳᠪᠦᠷᠢ᠂ ᠤᠯᠤᠰ ᠤᠨ ᠡᠨᠧᠷᠬᠢ ᠶᠢᠨ ᠪᠦᠯᠦᠭᠯᠡᠯ ᠤᠨ ᠱᠠᠩᠬᠠᠢ ᠶᠢᠨ ᠰᠦᠮ᠎ᠡ ᠶᠢᠨ 1 ᠳ᠋ᠣᠭᠡᠷ ᠨᠣᠮᠧᠷᠲᠤ ᠮᠠᠰᠢᠨ ᠴᠣᠭᠴᠠᠯᠠᠪᠤᠷᠢ ᠶᠢ ᠠᠰᠢᠭᠯᠠᠯᠲᠠ ᠳᠤ ᠣᠷᠣᠭᠤᠯᠵᠤ᠂ ᠬᠤᠢ ᠨᠧᠩ ᠤᠨ ᠨᠡᠭᠦᠷᠡᠰᠦ ᠪᠠᠷ ᠬᠡᠢ ᠦᠢᠯᠡᠳᠬᠦ ᠬᠤᠶᠠᠳᠤᠭᠠᠷ ᠬᠤᠭᠤᠴᠠᠭ᠎ᠠ᠂ ᠵᠦᠩ ᠮᠸᠢ ᠶᠢᠨ ᠨᠡᠶᠢᠯᠡᠮᠡᠯ ᠬᠡᠢ ᠪᠠᠷ ᠮᠧᠲ᠋ᠢᠯ ᠠᠯᠺᠣᠣᠯ ᠦᠢᠯᠡᠳᠬᠦ ᠲᠦᠷᠦᠯ ᠵᠦᠢᠯ ᠢ ᠠᠰᠢᠭᠯᠠᠯᠲᠠ ᠳᠤ ᠣᠷᠣᠭᠤᠯᠵᠤ᠂ ᠨᠡᠭᠦᠷᠡᠰᠦ ᠴᠠᠬᠢᠯᠭᠠᠨ ᠤ ᠮᠠᠰᠢᠨ ᠴᠣᠭᠴᠠᠯᠠᠪᠤᠷᠢ ᠶᠢ 232 ᠲᠦᠮᠡᠨ ᠺᠢᠯᠣᠸᠠᠲ᠂ ᠨᠡᠭᠦᠷᠡᠰᠦ ᠬᠢᠮᠢ ᠶᠢᠨ ᠠᠵᠤ ᠦᠢᠯᠡᠳᠪᠦᠷᠢ ᠶᠢᠨ ᠦᠢᠯᠡᠳᠪᠦᠷᠢᠯᠡᠯ ᠤᠨ ᠴᠢᠳᠠᠪᠤᠷᠢ ᠶᠢ 175 ᠲᠦᠮᠡᠨ ᠲᠣᠨ ᠰᠢᠨ᠎ᠡ ᠪᠠᠷ ᠨᠡᠮᠡᠭᠳᠡᠭᠦᠯᠪᠡ᠃ ᠡᠨᠧᠷᠭᠢ ᠶᠢᠨ ᠬᠠᠩᠭᠠᠯᠭ᠎ᠠ ᠶᠢ ᠪᠠᠲᠤᠯᠠᠬᠤ ᠠᠵᠠ ᠲᠣᠬᠢᠶᠠᠯ ᠢ ᠠᠮᠵᠢᠵᠤ᠂ 109 ᠵᠠᠳᠠᠭᠠᠢ ᠨᠡᠭᠦᠷᠡᠰᠦᠨ ᠠᠭᠤᠷᠬᠠᠢ ᠳᠤ 1. 08 ᠲᠦᠮᠡᠨ ᠾᠧᠺᠲ᠋ᠠᠷ ᠤᠨ ᠲᠦᠷ ᠴᠠᠭ ᠬᠡᠷᠡᠭᠯᠡᠬᠦ ᠭᠠᠵᠠᠷ ᠢ ᠬᠦᠢᠴᠡᠳᠬᠡᠨ ᠦᠭᠴᠦ᠂ 106 ᠨᠡᠭᠦᠷᠡᠰᠦᠨ ᠠᠭᠤᠷᠬᠠᠢ ᠶᠢᠨ ᠦᠢᠯᠡᠳᠪᠦᠷᠢᠯᠡᠯ ᠤᠨ ᠬᠡᠮᠵᠢᠶ᠎ᠡ ᠶᠢ ᠶᠢ 1.45 ᠳ᠋ᠦᠩᠰᠢᠭᠤᠷ ᠲᠣᠨ ᠨᠡᠮᠡᠭᠳᠡᠭᠦᠯᠵᠦ᠂ 7.2 ᠳ᠋ᠦᠩᠰᠢᠭᠤᠷ ᠲᠣᠨ ᠨᠡᠭᠦᠷᠡᠰᠦ ᠪᠣᠷᠣᠯᠠᠭᠤᠯᠵᠤ᠂ 7. 5%᠎ ᠪᠠᠷ ᠨᠡᠮᠡᠭᠳᠡᠪᠡ᠃   ︵ᠭᠤᠷᠪᠠ︶ ᠰᠢᠨ᠎ᠡ ᠶᠢ ᠡᠬᠦᠳᠦᠨ ᠬᠦᠭᠵᠢᠬᠦᠯᠬᠦ ᠬᠥᠳᠡᠯᠭᠡᠭᠴᠢ ᠡᠨᠧᠷᠭᠢ ᠶᠢ ᠪᠦᠬᠦ ᠲᠠᠯ᠎ᠠ ᠪᠠᠷ ᠬᠦᠴᠦᠯᠡᠨ ᠬᠤᠷᠠᠮᠳᠤᠭᠤᠯᠪᠠ᠃ ᠡᠳ᠋ ᠤᠨ ᠵᠠᠰᠠᠭ ᠤᠨ ᠰᠢᠨᠵᠢᠯᠡᠬᠦ ᠤᠬᠠᠭᠠᠨ ᠮᠡᠷᠭᠡᠵᠢᠯ ᠤᠨ ᠣᠷᠣᠭᠤᠯᠤᠯᠲᠠ  8.17 ᠳ᠋ᠦᠩᠰᠢᠭᠤᠷ ᠲᠥᠭᠦᠷᠢᠭ ᠲᠤ ᠬᠦᠷᠴᠦ᠂ 15.3%᠎ ᠪᠠᠷ ᠨᠡᠮᠡᠭᠳᠡᠵᠤ᠂ ᠭᠡᠪᠴᠢᠶᠡᠵᠢᠯ ᠠᠴᠠ ᠲᠡᠭᠡᠭᠰᠢᠬᠢ ᠠᠵᠤ ᠠᠬᠤᠶᠢᠯᠠᠯ ᠤᠨ ᠰᠤᠳᠤᠯᠤᠨ ᠨᠡᠭᠡᠭᠡᠬᠦ ᠵᠠᠷᠤᠳᠠᠯ 58.7 ᠳ᠋ᠦᠩᠰᠢᠭᠤᠷ ᠲᠥᠭᠦᠷᠢᠭ ᠲᠤ ᠬᠦᠷᠴᠦ᠂ 75.7%᠎ ᠪᠠᠷ ᠨᠡᠮᠡᠭᠳᠡᠵᠤ᠂ ᠪᠥᠬᠦ ᠣᠷᠣᠨ ᠤ ᠲᠡᠷᠢᠭᠦᠨ ᠳᠤ ᠣᠷᠣᠪᠠ᠃ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠲᠥᠷᠥ ᠶᠢᠨ ᠪᠣᠳᠣᠯᠭ᠎ᠠ ᠶᠢ 30 ᠵᠤᠷᠪᠤᠰ ᠨᠡᠶᠢᠲᠡᠯᠡᠵᠦ᠂ ᠰᠢᠨᠵᠢᠯᠡᠬᠦ ᠤᠬᠠᠭᠠᠨ ᠤ ᠰᠤᠳᠤᠯᠭᠠᠨ ᠤ ᠲᠥᠷᠥᠯ ᠵᠦᠢᠯ ᠎ ᠤᠨ ︽ᠰᠢᠨ᠎ᠡ ᠶᠢ ᠡᠬᠦᠳᠦᠭᠰᠡᠨ ᠦᠷ᠎ᠡ ᠪᠦᠲᠦᠬᠡᠯ ᠢ ᠴᠤᠭᠯᠠᠭᠤᠯᠬᠤ︾ ᠲᠣᠭᠲᠠᠴᠠ ᠶᠢ ᠪᠠᠶᠢᠭᠤᠯᠵᠤ᠂ ᠭᠤᠣᠯᠳᠠᠯᠭ᠎ᠠ ᠲᠠᠢ ᠪᠣᠭᠤᠮᠲᠠ ᠰᠢᠪᠲᠤᠯᠬᠤ 6 ᠲᠥᠷᠥᠯ ᠵᠦᠢᠯ ᠢ ᠨᠡᠶᠢᠲᠡᠯᠡᠵᠦ᠂ ᠨᠡᠶᠢᠲᠡ ᠵᠣᠭᠤᠰ ᠤᠨ ᠲᠤᠭ᠎ᠠ ᠨᠢ 1.15 ᠳ᠋ᠦᠩᠰᠢᠭᠤᠷ ᠲᠥᠭᠦᠷᠢᠭ ᠲᠤ ᠬᠦᠷᠴᠦ᠂ ᠰᠢᠨᠵᠢᠯᠡᠬᠦ ᠤᠬᠠᠭᠠᠨ ᠮᠡᠷᠭᠡᠵᠢᠯ ᠤᠨ ᠲᠥᠯᠥᠪᠯᠡᠭᠡ ᠶᠢᠨ ᠲᠥᠷᠥᠯ ᠵᠦᠢᠯ ᠢ 195 ᠬᠡᠷᠡᠭᠵᠢᠭᠦᠯᠪᠡ᠃ ᠴᠢᠩᠬᠤᠸᠠ ᠶᠡᠭᠡ ᠰᠤᠷᠭᠠᠭᠤᠯᠢ᠂ ᠪᠡᠭᠡᠵᠢᠩ ᠶᠡᠭᠡ ᠰᠤᠷᠭᠠᠭᠤᠯᠢ᠂ ᠳᠤᠮᠳᠠᠳᠤ ᠤᠯᠤᠰ ᠤᠨ ᠠᠭᠤᠷᠬᠠᠢ ᠶᠢᠨ ᠦᠢᠯᠡᠰ ᠤᠨ ᠶᠡᠭᠡ ᠰᠤᠷᠭᠠᠭᠤᠯᠢ ᠵᠡᠷᠭᠡ ᠲᠠᠢ ᠭᠦᠨᠵᠡᠭᠡᠢ ᠬᠠᠮᠲᠤᠷᠠᠯᠴᠠᠭ᠎ᠠ ᠥᠷᠨᠢᠭᠦᠯᠵᠦ᠂ ᠪᠥᠬᠦ ᠣᠷᠣᠨ ᠤ ᠠᠩᠬᠠᠳᠠᠭᠴᠢ ᠨᠡᠭᠦᠷᠡᠰᠦᠲᠥ᠋ᠷᠥᠭᠴᠢ ᠶᠢᠨ ᠲᠠᠪᠬᠤᠷ ᠢᠰᠦᠯ ᠤᠨ ᠭᠠᠳᠠᠭᠰᠢᠯᠠᠭᠤᠯᠤᠯ ᠢ ᠵᠦᠭᠰᠢᠷᠡᠬᠦᠯᠦᠨ ᠨᠠᠮᠳᠠᠭᠠᠬᠤ ᠰᠤᠳᠤᠯᠭᠠᠨ ᠤ ᠬᠦᠷᠢᠶᠡᠯᠡᠩ ᠢ ᠪᠠᠶᠢᠭᠤᠯᠵᠤ᠂ ᠥᠪᠡᠷᠲᠡᠭᠡᠨ  ᠵᠠᠰᠠᠬᠤ ᠣᠷᠣᠨ ᠤ ᠲᠠᠰ ᠎ ᠤᠨ ᠠᠵᠤ ᠠᠬᠤᠶᠢᠯᠠᠯ ᠤᠨ ᠰᠤᠳᠤᠯᠤᠨ ᠨᠡᠭᠡᠭᠡᠬᠦ ᠲᠥᠪ  ᠢ ᠰᠢᠨ᠎ᠡ ᠪᠠᠷ 33 ᠨᠡᠮᠡᠭᠳᠡᠭᠦᠯᠪᠡ᠃ ᠬᠡᠪᠴᠢᠶᠡᠵᠢᠯ ᠠᠴᠠ ᠲᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ︽ᠭᠤᠷᠪᠠ ᠶᠢ ᠦᠬᠡᠶᠢᠰᠬᠡᠬᠦ︾ ᠠᠵᠢᠯᠯᠠᠭ᠎ᠠ ᠶᠢ ᠬᠡᠷᠡᠭᠵᠢᠭᠦᠯᠵᠦ᠂ ︽ᠭᠤᠷᠪᠠ ᠶᠢ ᠦᠬᠡᠶᠢᠰᠬᠡᠬᠦ︾ ᠠᠵᠤ ᠠᠬᠤᠶᠢᠯᠠᠯ ᠢ ᠰᠢᠨ᠎ᠡ ᠪᠠᠷ 40 ᠨᠡᠮᠡᠭᠳᠡᠭᠦᠯᠵᠦ᠂ ᠰᠢᠨ᠎ᠡ ᠪᠠᠷ ᠮᠠᠭᠠᠳᠯᠠᠨ ᠲᠤᠭᠳᠠᠭᠠᠭᠰᠠᠨ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ  72 ᠬᠦᠷᠴᠦ᠂ 28%᠎ ᠪᠠᠷ ᠨᠡᠮᠡᠭᠳᠡᠵᠤ᠂ ᠰᠢᠨ᠎ᠡ ᠪᠠᠷ ᠬᠥᠮᠥᠷᠭᠡ ᠳᠤ ᠣᠷᠣᠭᠤᠯᠤᠭᠰᠠᠨ ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ ᠳᠤᠮᠳᠠ ᠵᠢᠵᠢᠭ ᠠᠵᠤ ᠠᠬᠤᠶᠢᠯᠠᠯ 170 ᠪᠠᠶᠢᠵᠤ᠂ 53%᠎ ᠪᠠᠷ ᠨᠡᠮᠡᠭᠳᠡᠪᠡ᠃ ᠴᠢᠳᠠᠪᠤᠷᠢᠲᠠᠨ ᠤ ᠰᠢᠨ᠎ᠡ ᠲᠥᠷᠥ ᠶᠢᠨ ᠪᠣᠳᠣᠯᠭ᠎ᠠ ᠶᠢ 30 ᠵᠤᠷᠪᠤᠰ ᠲᠣᠭᠲᠠᠭᠠᠵᠤ᠂ ᠪᠠᠴᠢᠮ ᠱᠠᠭᠠᠷᠳᠠᠭᠳᠠᠵᠤ ᠪᠠᠶᠢᠭ᠎ᠠ ᠳᠡᠭᠡᠳᠦ ᠲᠠᠰ ᠤᠨ ᠴᠢᠳᠠᠪᠤᠷᠢᠲᠠᠨ ᠢ 325 ᠣᠷᠣᠭᠤᠯᠤᠨ ᠠᠪᠴᠢᠷᠠᠵᠤ᠂ ᠳᠡᠭᠡᠳᠦ ᠲᠠᠰ ᠤᠨ ᠴᠢᠳᠠᠪᠤᠷᠢᠲᠠᠨ ᠤ ᠠᠴᠢᠶᠠᠯᠠᠪᠤᠷᠢ ᠶᠢᠨ ᠲᠥᠷᠥᠯ ᠵᠦᠢᠯ ᠢ 44 ᠬᠡᠷᠡᠭᠵᠢᠭᠦᠯᠵᠦ᠂ ᠮᠠᠨ ᠤ ᠬᠤᠲᠠ ᠪᠥᠬᠦ ᠤᠯᠤᠰ ᠤᠨ ᠬᠠᠮᠤᠭ ᠠᠴᠠ ᠴᠢᠳᠠᠪᠤᠷᠢᠲᠠᠨ ᠢ ᠲᠠᠲᠠᠬᠤ ᠬᠦᠴᠦᠨ ᠲᠠᠢ ᠬᠤᠲᠠ ᠶᠢᠨ 50 ᠬᠦᠴᠦᠷᠬᠡᠭ ᠲᠤ ᠣᠷᠣᠪᠠ᠃   ︵ᠳᠥᠷᠪᠡ︶ ᠠᠮᠢ ᠠᠬᠤᠢ ᠶᠢᠨ ᠣᠷᠴᠢᠨ ᠲᠣᠭᠤᠷᠢᠨ ᠤ ᠶᠠᠰᠤ ᠴᠢᠨᠠᠷ ᠢ ᠰᠢᠰᠲ᠋ᠧᠮ ᠲᠠᠢ ᠵᠠᠰᠠᠵᠤ ᠰᠠᠶᠢᠵᠢᠷᠠᠭᠤᠯᠪᠠ᠃ ᠭᠤᠣᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠶᠢᠨ ᠳᠦᠷᠢᠮ ᠢ ᠪᠦᠷᠢᠨᠰᠢᠭᠦᠯᠵᠦ᠂ ᠤᠢ ᠶᠢᠨ ᠳᠠᠷᠤᠭ᠎ᠠ ᠶᠢᠨ ᠳᠦᠷᠢᠮ ᠢ ᠪᠠᠶᠢᠭᠤᠯᠵᠤ᠂ ᠲᠤᠰᠬᠠᠢ ᠰᠡᠳᠦᠪᠲᠦ ᠪᠣᠯᠪᠠᠰᠤᠷᠠᠯ ᠢ ᠵᠣᠬᠢᠶᠠᠨ ᠪᠠᠶᠢᠭᠤᠯᠵᠤ᠂ ᠴᠢᠳᠠᠪᠤᠷᠢ ᠶᠢᠨ ᠳᠡᠭᠡᠭᠰᠢᠯᠡᠯᠲᠡ ᠶᠢ ᠴᠢᠩᠭᠠᠳᠬᠠᠵᠤ᠂ ︽ᠨᠡᠷᠡᠲᠠᠢ︾ ᠪᠠᠶᠢᠭᠰᠠᠨ ᠠᠴᠠ ᠪᠠᠨ ︽ᠪᠣᠳᠠᠲᠠᠢ︾ ︽ᠪᠦᠲᠦᠮᠵᠢᠲᠡᠢ︾ ᠪᠣᠯᠭᠠᠨ ᠬᠤᠪᠢᠷᠠᠭᠤᠯᠬᠤ ᠶᠢ ᠪᠡᠶᠡᠯᠡᠭᠦᠯᠵᠦ᠂ ᠭᠤᠣᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠶᠢᠨ ᠳᠦᠷᠢᠮ ᠤᠨ ᠶᠡᠷᠦᠩᠬᠡᠶᠢᠯᠡᠭᠰᠡᠨ ᠰᠢᠯᠭᠠᠨ ᠦᠨᠡᠯᠡᠯᠲᠡ ᠳᠤ ᠭᠤᠷᠪᠠᠨ ᠵᠢᠯ ᠳᠠᠷᠠᠭᠠᠯᠠᠨ ᠪᠦᠬᠦ ᠣᠷᠣᠨ ᠤ ᠨᠢᠭᠡᠳᠦᠭᠡᠷ ᠲᠤ ᠤᠷᠤᠪᠠ᠃ ᠬᠠᠲᠤᠨ ᠭᠤᠣᠯ ᠤᠨ ᠵᠠᠮ ᠤᠨ ᠬᠤᠯᠪᠣᠭᠳᠠᠯ ᠪᠦᠬᠦᠢ ᠠᠰᠠᠭᠤᠳᠠᠯ ᠢ ᠴᠡᠭᠴᠡᠯᠡᠨ ᠵᠠᠰᠠᠬᠤ ᠠᠵᠢᠯ ᠢ ᠯᠠᠪᠳᠠᠭᠤᠨ ᠪᠠᠲᠤᠲᠠᠢ ᠥᠷᠨᠢᠭᠦᠯᠵᠦ᠂ ᠥᠨᠳᠥᠷ ᠢᠯᠭᠠᠮᠵᠢᠲᠤ ᠳᠠᠭᠠᠭᠤᠯᠢ ᠣᠲᠣ ᠶᠢᠨ ᠲᠥᠪ ᠢ ᠪᠠᠶᠢᠭᠤᠯᠤᠨ ᠠᠵᠢᠯᠯᠠᠭᠤᠯᠵᠤ᠂ ᠬᠠᠲᠤᠨ ᠭᠤᠣᠯ ᠤᠨ ᠲᠠᠩ ᠭᠠᠵᠠᠷ ᠤᠨ ᠰᠠᠭᠤᠭᠠᠯᠢ ᠠᠷᠠᠳ ᠢ ᠨᠡᠭᠦᠯᠭᠡᠨ ᠪᠠᠶᠢᠭᠤᠯᠬᠤ ᠠᠵᠢᠯ ᠢ ᠡᠬᠢᠯᠡᠭᠦᠯᠵᠦ᠂ ᠵᠢᠵᠢᠭ ᠰᠠᠪᠠ ᠭᠠᠵᠠᠷ ᠢ ᠶᠡᠷᠦᠩᠬᠡᠶᠢᠯᠡᠨ ᠵᠠᠰᠠᠬᠤ ᠪᠠᠷᠢᠯᠭ᠎ᠠ ᠶᠢ 247 ᠲᠡᠭᠰᠢ ᠳᠥᠷᠪᠡᠯᠵᠢᠨ ᠺᠢᠯᠣᠮᠧᠲᠷ ᠬᠡᠷᠡᠭᠵᠢᠭᠦᠯᠵᠦ᠂ ᠬᠥᠷᠥᠰᠥ ᠰᠢᠷᠣᠢ ᠶᠢᠨ ᠢᠳᠡᠭᠳᠡᠯ ᠢ ᠶᠡᠷᠦᠩᠬᠡᠶᠢᠯᠡᠨ ᠵᠠᠰᠠᠬᠤ ᠶᠢ 1000 ᠲᠡᠭᠰᠢ ᠳᠥᠷᠪᠡᠯᠵᠢᠨ ᠺᠢᠯᠣᠮᠧᠲᠷ ᠪᠡᠶᠡᠯᠡᠭᠦᠯᠪᠡ᠃ 473 ᠲᠦᠮᠡᠨ ᠮᠦ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢ ᠬᠡᠷᠡᠭᠵᠢᠭᠦᠯᠵᠦ᠂ ᠨᠤᠲᠤᠭ ᠪᠡᠯᠴᠢᠭᠡᠷ ᠣᠶᠢᠲᠤ ᠭᠠᠵᠠᠷ ᠢ ᠡᠪᠳᠡᠭᠰᠡᠨ ᠬᠠᠤᠯᠢ ᠲᠣᠭᠲᠠᠭᠠᠯ ᠠᠴᠠ ᠵᠥᠷᠢᠴᠡᠭᠰᠡᠨ 4825 ᠠᠰᠠᠭᠤᠳᠠᠯ ᠢ ᠪᠦᠬᠦᠨ ᠢ ᠴᠡᠭᠴᠡᠯᠡᠨ ᠰᠠᠶᠢᠵᠢᠷᠠᠭᠤᠯᠵᠤ᠂ ᠨᠠᠢᠮᠠᠳᠤᠭᠠᠷ ᠬᠤᠭᠤᠴᠠᠭᠠᠨ ᠤ ᠬᠥᠪᠴᠢ ᠶᠢᠨ ᠣᠯᠠᠨ ᠤᠯᠤᠰ ᠤᠨ ᠡᠯᠡᠰᠦᠨ ᠴᠥᠯ ᠤᠨ ᠶᠠᠷᠢᠶᠠᠨ ᠤ ᠲᠠᠪᠴᠠᠩ ᠢ ᠠᠮᠵᠢᠯᠲᠠ ᠲᠠᠢ ᠡᠷᠭᠢᠯᠡᠪᠡ᠃ ᠪᠣᠬᠢᠷᠳᠤᠯ ᠦᠭᠡᠢ ᠠᠭᠤᠷᠬᠠᠢ ᠶᠢ ᠰᠢᠨ᠎ᠡ ᠪᠠᠷ 62 ᠪᠠᠶᠢᠭᠤᠯᠵᠤ᠂ ᠪᠥᠬᠦ ᠣᠷᠣᠨ ᠤ ᠪᠣᠬᠢᠷᠳᠤᠯ ᠦᠭᠡᠢ ᠠᠭᠤᠷᠬᠠᠢ ᠶᠢᠨ ᠪᠦᠲᠦᠭᠡᠨ ᠪᠠᠶᠢᠭᠤᠯᠤᠯᠲᠠ ᠶᠢᠨ ᠲᠤᠬᠠᠢ ᠶᠢᠨ ᠲᠠᠯᠠᠪᠤᠷ ᠤᠨ ᠬᠤᠷᠠᠯ ᠢ ᠲᠡᠭᠦᠰ ᠠᠮᠵᠢᠯᠲᠠ ᠲᠠᠢ ᠲᠠᠭᠠᠭᠠᠴᠢᠯᠠᠨ ᠡᠷᠬᠢᠯᠡᠪᠡ᠃ ᠠᠭᠠᠷ ᠮᠠᠨᠳᠠᠯ᠂ ᠤᠰᠤ᠂ ᠬᠥᠷᠥᠰᠥ ᠰᠢᠷᠣᠢ ᠶᠢᠨ ᠪᠣᠬᠢᠷᠳᠤᠯ ᠢ ᠰᠡᠷᠭᠡᠶᠢᠯᠡᠨ ᠵᠠᠰᠠᠬᠤ 1070 ᠵᠦᠢᠯ ᠤᠨ ᠡᠭᠦᠷᠭᠡ ᠶᠢ ᠬᠡᠷᠡᠭᠵᠢᠭᠦᠯᠵᠦ᠂ ᠤᠯᠤᠰ ᠤᠨ ᠭᠠᠵᠠᠷ ᠳᠣᠣᠷᠠᠬᠢ ᠤᠰᠤᠨ ᠤ ᠪᠣᠬᠢᠷᠳᠤᠯ ᠢ ᠰᠡᠷᠭᠡᠶᠢᠯᠡᠨ ᠵᠠᠰᠠᠬᠤ ᠲᠤᠷᠰᠢᠯᠲᠠ ᠶᠢᠨ ᠣᠷᠣᠨ ᠢ ᠠᠮᠵᠢᠯᠲᠠ ᠲᠠᠢ ᠪᠠᠷ ᠮᠡᠳᠡᠭᠦᠯᠵᠦ᠂ ᠪᠣᠬᠢᠷᠲᠤᠭᠰᠠᠨ ᠭᠠᠵᠠᠷ᠂ ᠲᠠᠷᠢᠶᠠᠨ ᠭᠠᠵᠠᠷ ᠢ ᠠᠮᠤᠷ ᠲᠦᠪᠰᠢᠨ ᠢᠶᠠᠷ ᠠᠰᠢᠭᠯᠠᠭᠰᠠᠨ ᠨᠣᠷᠮ᠎ᠠ ᠴᠥᠮ 100%᠎ ᠳᠤ ᠬᠦᠷᠪᠡ᠃ ᠡᠨᠧᠷᠭᠢ ᠶᠢᠨ ᠬᠤᠷᠣᠭᠳᠠᠯ ᠤᠨ ᠲᠥᠰᠥᠪ ᠤᠨ ᠬᠠᠮᠢᠶᠠᠷᠤᠯᠲᠠ ᠶᠢ ᠪᠥᠬᠦ ᠲᠠᠯ᠎ᠠ ᠪᠠᠷ ᠬᠡᠷᠡᠭᠵᠢᠭᠦᠯᠵᠦ᠂ ᠲᠣᠭᠲᠠᠭᠠᠯ ᠠᠴᠠ ᠵᠥᠷᠢᠴᠡᠨ ᠪᠦᠲᠦᠭᠡᠨ ᠪᠠᠶᠢᠭᠤᠯᠤᠭᠰᠠᠨ ︽ᠬᠤᠶᠠᠷ ᠶᠡᠬᠡᠲᠠᠢ︾ ᠲᠥᠷᠥᠯ ᠵᠦᠢᠯ ᠢ 17 ᠢᠯᠭᠠᠷᠠᠭᠤᠯᠵᠤ᠂ ᠡᠨᠧᠷᠭᠢ ᠶᠢᠨ ᠬᠤᠷᠣᠭᠳᠠᠯ ᠤᠨ ᠨᠡᠮᠡᠭᠳᠡᠯ ᠤᠨ ᠬᠡᠮᠵᠢᠶ᠎ᠡ᠂ ᠬᠦᠴᠦᠯᠡᠴᠡ ᠶᠢᠨ ᠲᠠᠯ᠎ᠠ ᠪᠠᠷ ︽ᠬᠤᠣᠰ ᠨᠣᠭᠤᠭᠠᠨ︾᠎ ᠢ ᠪᠡᠶᠡᠯᠡᠭᠦᠯᠪᠡ᠃    ︵ᠲᠠᠪᠤ︶ ᠵᠠᠩᠭᠢᠯᠠᠭ᠎ᠠ ᠶᠢ ᠴᠢᠩᠭ᠎ᠠ ᠠᠳᠬᠤᠵᠤ᠂ ᠥᠭᠡᠷᠡᠴᠢᠯᠡᠯᠲᠡ ᠨᠡᠭᠡᠭᠡᠯᠲᠡ ᠶᠢᠨ ᠬᠤᠷᠳᠤᠴᠠ ᠶᠢ ᠬᠦᠴᠦᠯᠡᠨ ᠠᠬᠢᠭᠤᠯᠪᠠ᠃ ︽ᠣᠷᠳᠣᠰ ᠬᠤᠲᠠ ᠶᠢᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠳᠦᠷᠢᠮ︾᠎ ᠢ ᠲᠣᠭᠲᠠᠭᠠᠵᠤ᠂ ︽ᠨᠢᠭᠡ ᠶᠠᠪᠤᠳᠠᠯ ᠢ ᠨᠢᠭᠡ ᠤᠳᠠᠭ᠎ᠠ ᠳᠤ ᠭᠦᠢᠴᠡᠳᠬᠡᠬᠦ︾ ︽ᠨᠢᠭᠡ ᠦᠨᠡᠮᠯᠡᠯ ︵ᠬᠡᠷᠡᠴᠢ︶᠎ ᠢᠶᠠᠷ ᠨᠡᠪᠲᠡᠷᠡᠬᠦ︾ ᠥᠭᠡᠷᠡᠴᠢᠯᠡᠯᠲᠡ ᠶᠢ ᠪᠦᠬᠦ ᠤᠷᠤᠨ ᠳᠤ ᠡᠩ ᠲᠡᠷᠢᠬᠦᠨ ᠳᠤ ᠬᠡᠷᠡᠭᠵᠢᠬᠦᠯᠵᠤ᠂ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠲᠤ ︽ᠣᠷᠣᠨ ᠪᠦᠰᠡ ᠶᠢᠨ ᠦᠨᠡᠯᠡᠨ ᠵᠢᠱᠢᠯᠲᠡ︾᠎ ᠶᠢ ᠥᠷᠨᠢᠭᠦᠯᠵᠦ᠂ ᠠᠵᠤ ᠠᠬᠤᠶᠢᠯᠠᠯ ᠨᠡᠭᠡᠭᠡᠨ ᠡᠷᠭᠢᠯᠡᠬᠦ ᠎ ᠶᠢ ︽ᠨᠢᠭᠡ ᠯᠡ ᠡᠳᠦᠷ ᠲᠤ ᠭᠦᠢᠴᠡᠳᠬᠡᠵᠦ ᠳᠠᠭᠤᠰᠬᠠᠬᠤ︾᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠢ ᠶᠡᠷᠦᠩᠬᠡᠶᠢᠯᠡᠭᠰᠡᠨ ᠨᠢᠭᠡ ᠴᠤᠩᠬᠤᠪᠴᠢ ᠪᠠᠷ ᠭᠥᠯᠢᠶᠡᠨ ᠠᠪᠴᠤ ᠰᠢᠢᠳᠪᠦᠷᠢᠯᠡᠬᠦ ᠨᠣᠷᠮ᠎ᠠ  99%᠂ ᠰᠦᠯᠵᠢᠶᠡᠨ ᠳᠡᠭᠡᠷ᠎ᠡ ᠭᠦᠢᠴᠡᠳᠬᠡᠵᠦ ᠪᠣᠯᠬᠤ ᠨᠣᠷᠮ᠎ᠠ 96% ᠬᠦᠷᠴᠦ᠂ ᠠᠯᠠᠭᠠᠨ ᠳᠡᠭᠡᠷ᠎ᠡ ᠪᠠᠨ ᠭᠦᠢᠴᠡᠳᠬᠡᠵᠦ ᠪᠣᠯᠬᠤ᠂ ᠪᠥᠬᠦ ᠬᠤᠲᠠ ᠳᠤ ᠨᠡᠶᠢᠳᠡᠮ ᠭᠦᠢᠴᠡᠳᠬᠡᠵᠦ ᠪᠣᠯᠬᠤ᠂ ᠬᠥᠬᠡᠬᠤᠲᠠ ᠪᠤᠭᠤᠲᠤ ᠣᠷᠳᠣᠰ ᠦᠬᠠᠢ ᠬᠠᠷᠢᠯᠴᠠᠨ ᠭᠦᠢᠴᠡᠳᠬᠡᠵᠦ ᠬᠠᠷᠢᠯᠴᠠᠨ ᠮᠡᠳᠡᠷᠡᠬᠦ᠂ ᠮᠤᠵᠢ ᠠᠯᠤᠰᠯᠠᠨ ᠨᠡᠶᠢᠳᠡᠮ ᠭᠦᠢᠴᠡᠳᠬᠡᠬᠦ ᠵᠦᠢᠯᠡᠰ ᠲᠣᠰ ᠲᠣᠰ 7095᠂ 345᠂ 205 ᠪᠠ 306 ᠬᠦᠷᠪᠡ᠃ ︽ᠣᠷᠳᠣᠰ ᠬᠤᠲᠠ ᠶᠢᠨ ᠠᠷᠠᠳ ᠎ ᠠᠴᠠ ᠡᠵᠡᠩᠨᠡᠭᠰᠡᠨ ᠠᠵᠤ ᠠᠬᠤᠢ ᠶᠢ ᠠᠬᠢᠭᠤᠯᠬᠤ ᠳᠦᠷᠢᠮ︾᠎ ᠢ ᠨᠡᠶᠢᠲᠡᠯᠡᠵᠦ᠂ 142.9 ᠳ᠋ᠦᠩᠰᠢᠭᠤᠷ ᠲᠥᠭᠦᠷᠢᠭ ᠤᠨ ᠭᠠᠶᠢᠯᠢ ᠰᠦᠢᠳᠬᠡᠯ ᠢ ᠬᠠᠰᠤᠵᠤ ᠬᠡᠯᠲᠦᠷᠢᠭᠦᠯᠦᠨ᠂ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠪᠠ ᠳᠤᠮᠳᠠ ᠵᠢᠵᠢᠭ ᠠᠵᠤ ᠠᠬᠤᠶᠢᠯᠠᠯ ᠳᠤ ᠥᠷᠢᠲᠦᠵᠦ ᠪᠠᠶᠢᠭ᠎ᠠ 18 ᠳ᠋ᠦᠩᠰᠢᠭᠤᠷ ᠲᠥᠭᠦᠷᠢᠭ ᠤᠨ ᠲᠠᠩᠰᠠᠨ ᠳᠠᠬᠢ ᠵᠣᠭᠤᠰ ᠢ ᠲᠥᠯᠥᠵᠦ ᠳᠠᠭᠤᠰᠬᠠᠵᠤ᠂ ᠠᠷᠪᠠᠨ ᠵᠦᠢᠯ ᠤᠨ ᠮᠥᠩᠭᠦᠨ ᠬᠦᠢᠯᠬᠡᠬᠡ ᠪᠠᠷ ᠴᠢᠳᠠᠪᠤᠷᠢ ᠤᠯᠭᠤᠬᠤ ᠶᠢ ᠬᠡᠷᠡᠭᠵᠢᠬᠦᠯᠵᠤ᠂ 28.1 ᠳ᠋ᠦᠩᠰᠢᠭᠤᠷ ᠲᠥᠭᠦᠷᠢᠭ ᠤᠨ ᠵᠢᠭᠡᠯᠡᠯᠭᠡ ᠲᠠᠯᠪᠢᠵᠤ᠂ 9.2 ᠳ᠋ᠦᠩᠰᠢᠭᠤᠷ ᠲᠥᠭᠦᠷᠢᠭ ᠤᠨ ᠪᠡᠯᠡᠨ ᠵᠣᠭᠤᠰ ᠰᠣᠯᠢᠵᠤ ᠦᠭᠬᠦ ᠶᠢ ᠭᠦᠢᠴᠡᠳᠬᠡᠵᠦ᠂ ᠪᠥᠬᠦ ᠬᠤᠲᠠ ᠶᠢᠨ ᠵᠢᠭᠡᠯᠡᠯᠭᠡ ᠶᠢᠨ ᠦᠯᠡᠳᠡᠪᠦᠷᠢ ᠲᠤᠭ᠎ᠠ 2.7%᠎ ᠪᠠᠷ ᠨᠡᠮᠡᠭᠳᠡᠵᠤ᠂ ᠰᠢᠨ᠎ᠡ ᠪᠠᠷ ᠳᠠᠩᠰᠠᠯᠠᠭᠤᠯᠤᠭᠰᠠᠨ ᠵᠠᠬ᠎ᠠ ᠳᠡᠯᠭᠡᠭᠦᠷ ᠤᠨ ᠭᠤᠣᠯ ᠴᠣᠭᠴᠠ 3.9 ᠲᠦᠮᠡᠨ ᠡᠷᠦᠬᠡ ᠳᠤ ᠬᠦᠷᠴᠦ᠂ ᠠᠷᠠᠳ ᠤᠨ ᠪᠡᠯᠡ ᠣᠷᠣᠭᠤᠯᠤᠯᠲᠠ 33.4 %᠎ ᠪᠠᠷ ᠨᠡᠮᠡᠭᠳᠡᠪᠡ᠃ ᠮᠠᠨ ᠤ ᠬᠤᠲᠠ ᠲᠦᠷᠦ ᠶᠢᠨ ᠶᠠᠪᠤᠳᠠᠯ ᠤᠨ ᠬᠤᠷᠢᠶᠠᠨ ᠤ ᠣᠯᠣᠰ ᠤᠨ ᠬᠢᠯᠢ ᠠᠯᠤᠰᠯᠠᠭᠰᠠᠨ ᠡᠯᠧᠺᠲᠷᠤᠨ ᠬᠤᠳᠠᠯᠳᠤᠭᠠᠨ ᠤ ᠶᠠᠪᠤᠳᠠᠯ ᠤᠨ ᠶᠡᠷᠦᠩᠬᠡᠶᠢᠯᠡᠭᠰᠡᠨ ᠲᠤᠷᠰᠢᠯᠲᠠ ᠶᠢᠨ ᠲᠤᠭᠤᠷᠢᠭ ᠢ ᠪᠠᠶᠢᠭᠤᠯᠬᠤ ᠶᠢ ᠵᠦᠪᠰᠢᠶᠡᠷᠡᠭᠰᠡᠨ ᠴᠤᠬᠤᠯᠠᠪᠤᠷᠢ ᠶᠢ ᠤᠯᠵᠤ᠂ ᠠᠷᠪᠠᠨ ᠵᠢᠷᠭᠤᠳᠤᠭᠠᠷ ᠬᠤᠭᠤᠴᠠᠭᠠᠨ ᠤ ᠣᠯᠠᠨ ᠤᠯᠤᠰ ᠤᠨ ᠨᠡᠭᠦᠷᠡᠰᠦ ᠵᠢᠴᠢ ᠡᠨᠧᠷᠭᠢ ᠶᠢᠨ ᠠᠵᠤ ᠦᠢᠯᠡᠳᠪᠦᠷᠢ ᠶᠢᠨ ᠦᠵᠡᠰᠬᠦᠯᠡᠩ᠂ ᠳᠥᠷᠪᠡᠳᠦᠭᠡᠷ ᠬᠤᠭᠤᠴᠠᠭᠠᠨ ᠤ ᠣᠯᠠᠨ ᠤᠯᠤᠰ ᠤᠨ ᠢᠮᠠᠭᠠᠨ ᠨᠣᠯᠤᠥᠷ ᠨᠣᠣᠰᠣᠨ ᠤ ᠦᠵᠡᠰᠬᠦᠯᠡᠩ ᠢ ᠠᠮᠵᠢᠯᠲᠠ ᠲᠠᠢ ᠡᠷᠭᠢᠯᠡᠵᠦ᠂ ᠣᠷᠳᠣᠰ ᠠᠴᠠ ᠮᠣᠰᠺᠸᠠ ᠬᠦᠷᠬᠦ ᠳᠤᠮᠳᠠᠳᠤ ᠡᠸᠦ᠋ᠷᠦᠫᠡ ᠶᠢᠨ ᠡᠭᠡᠯᠵᠢ ᠶᠢᠨ ᠭᠠᠯᠲᠤ ᠲᠡᠷᠭᠡ ᠶᠢ ᠨᠠᠪᠲᠠᠷᠡᠭᠦᠯᠵᠦ᠂ ᠪᠥᠬᠦ ᠬᠤᠲᠠ ᠶᠢᠨ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠭᠰᠠᠨ ᠪᠥᠬᠦ ᠲᠤᠭ᠎ᠠ 94.1% ᠨᠡᠮᠡᠭᠳᠡᠪᠡ᠃    ︵ᠵᠢᠷᠭᠤᠭ᠎ᠠ︶ ᠬᠤᠲᠠ ᠬᠥᠳᠡᠭᠡ ᠶᠢᠨ ᠬᠤᠣᠰ ᠴᠢᠭᠯᠡᠯ ᠢᠶᠠᠷ ᠠᠭᠤᠰᠤᠯᠴᠠᠬᠤ ᠶᠢ ᠨᠢᠭᠡᠳᠦᠯᠲᠡᠢ ᠲᠥᠯᠥᠪᠯᠡᠨ ᠵᠣᠬᠢᠴᠠᠭᠤᠯᠵᠤ ᠲᠦᠷᠭᠡᠳᠭᠡᠪᠡ᠃ 32.8 ᠲᠦᠮᠡᠨ ᠮᠦ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ ᠪᠦᠲᠦᠭᠡᠨ ᠪᠠᠶᠢᠭᠤᠯᠵᠤ᠂ ᠠᠮᠤ ᠪᠤᠳᠠᠭᠠᠨ ᠤ ᠤᠨᠠᠯᠲᠠ 40 ᠳ᠋ᠦᠩᠰᠢᠭᠤᠷ ᠵᠢᠩ ᠢ ᠳᠠᠪᠠᠵᠤ᠂ ᠬᠤᠲᠠ ᠶᠢᠨ ᠲᠠᠰ ᠤᠨ ᠲᠠᠭᠠᠭᠤᠯᠤᠭᠴᠢ ᠠᠵᠤ ᠠᠬᠤᠶᠢᠯᠠᠯ ᠪᠠ ᠬᠤᠯᠪᠣᠭᠠᠲᠤ ᠴᠣᠭᠴᠠ ᠶᠢ ᠰᠢᠨ᠎ᠡ ᠪᠠᠷ 38᠂ ᠮᠠᠯᠴᠢᠨ ᠲᠠᠷᠢᠶᠠᠴᠢᠨ ᠤ ᠲᠤᠰᠬᠠᠢ ᠬᠤᠷᠰᠢᠶ᠎ᠠ ᠶᠢ ᠰᠢᠨ᠎ᠡ ᠪᠠᠷ 659 ᠨᠡᠮᠡᠭᠳᠡᠬᠦᠯᠵᠤ᠂ 49 ᠲᠣᠰᠬᠤᠨ ᠪᠠᠯᠭᠠᠰᠤ ᠥᠪᠡᠷᠲᠡᠭᠡᠨ ᠵᠠᠰᠠᠬᠤ ᠣᠷᠣᠨ ᠤ ᠲᠠᠰ ᠤᠨ︽ᠨᠢᠭᠡ ᠲᠣᠰᠬᠤᠨ ᠨᠢᠭᠡ ᠦᠢᠯᠡᠳᠬᠦᠨ︾᠎ ᠤ ᠵᠢᠱᠢᠶ᠎ᠡ ᠦᠵᠡᠭᠦᠯᠬᠦ ᠲᠣᠰᠬᠤᠨ ᠪᠠᠯᠭᠠᠰᠤ ᠳᠤ ᠰᠣᠩᠭᠤᠭᠳᠠᠨ ᠣᠷᠣᠵᠤ᠂ ᠣᠲᠤᠭ ᠬᠤᠰᠢᠭᠤ ᠪᠥᠬᠦ ᠤᠯᠤᠰ ᠤᠨ ᠲᠠᠷᠢᠶᠠᠯᠠᠩ ᠤᠨ ᠣᠳᠣᠬᠢᠴᠢᠯᠠᠯᠲᠠ ᠶᠢᠨ ᠵᠢᠱᠢᠶ᠎ᠡ ᠦᠵᠡᠭᠦᠯᠬᠦ ᠣᠷᠣᠨ ᠢ ᠡᠭᠦᠳᠦᠨ ᠪᠠᠶᠢᠭᠤᠯᠬᠤ ᠪᠠᠷ ᠵᠥᠪᠰᠢᠶᠡᠷᠡᠭᠳᠡᠵᠦ᠂ ᠣᠷᠳᠣᠰ ᠤᠨ ᠤᠯᠤᠰ ᠤᠨ ᠲᠠᠷᠢᠶᠠᠯᠠᠩ ᠮᠠᠯ ᠠᠵᠤ ᠠᠬᠤᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠦᠷᠢᠶᠡᠯᠡᠩ ᠲᠣᠭᠤᠷᠢᠭ ᠰᠢᠨᠵᠢᠯᠡᠬᠦ ᠤᠬᠠᠭᠠᠨ ᠮᠡᠷᠭᠡᠵᠢᠯ ᠤᠨ ᠶᠠᠮᠤᠨ ᠤ ᠶᠡᠷᠦᠩᠬᠡᠶᠢᠯᠡᠭᠰᠡᠨ ᠦᠨᠡᠯᠡᠨ ᠵᠢᠱᠢᠯᠲᠡ ᠶᠢ ᠲᠠᠮᠵᠢᠪᠠ᠃ ︽ᠲᠦᠮᠡᠨ ᠠᠵᠤ ᠠᠬᠤᠶᠢᠯᠠᠯ  ᠲᠦᠮᠡᠨ ᠭᠠᠴᠠᠭ᠎ᠠ ᠲᠣᠰᠬᠤᠨ ᠢ ᠬᠥᠭᠵᠢᠭᠦᠯᠦᠨ ᠮᠠᠨᠳᠤᠭᠤᠯᠬᠤ︾ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠬᠦ ᠠᠵᠢᠯᠯᠠᠭ᠎ᠠ ᠶᠢ ᠡᠬᠢᠯᠡᠭᠦᠯᠵᠦ᠂ 735 ᠭᠠᠴᠠᠭ᠎ᠠ ᠲᠣᠰᠬᠤᠨ ᠤ ᠬᠠᠮᠲᠤ ᠶᠢᠨ ᠠᠵᠤ ᠠᠬᠤᠢ ᠶᠢᠨ ᠡᠵᠡᠩᠨᠡᠯᠲᠡ ᠶᠢᠨ ᠴᠢᠨᠠᠷᠲᠠᠢ ᠣᠷᠣᠯᠭ᠎ᠠ ᠴᠦᠮ 10 ᠲᠦᠮᠡᠨ ᠲᠥᠭᠦᠷᠢᠭ ᠢ ᠳᠠᠪᠠᠵᠤ᠂ ︽ᠠᠵᠤ ᠠᠬᠤᠶᠢᠯᠠᠯ ᠪᠠ ᠭᠠᠵᠠᠷ ᠣᠷᠣᠨ ᠬᠦᠴᠦ ᠪᠠᠨ ᠬᠠᠮᠲᠤᠳᠬᠠᠨ ᠬᠡᠷᠡᠭᠯᠡᠭᠡ ᠶᠢ ᠬᠠᠪᠰᠤᠷᠤᠨ ᠲᠡᠳᠬᠦᠬᠦ ᠶᠢ ᠠᠬᠢᠭᠤᠯᠬᠤ︾ ᠠᠵᠢᠯᠯᠠᠭ᠎ᠠ ᠪᠥᠬᠦ ᠤᠯᠤᠰ ᠤᠨ ᠰᠢᠯᠢᠳᠡᠭ ᠨᠡᠶᠢᠲᠡᠯᠢᠭ ᠬᠡᠷᠡᠭ ᠤᠨ ᠵᠢᠱᠢᠶ᠎ᠡ ᠪᠠᠷ ᠦᠨᠡᠯᠡᠭᠳᠡᠪᠡ᠃ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠶᠢ ᠢᠳᠡᠪᠬᠢᠲᠡᠢ ᠥᠷᠨᠢᠭᠦᠯᠵᠦ᠂ 7703 ᠡᠷᠦᠬᠡ ᠶᠢᠨ ᠵᠣᠷᠯᠣᠩ ᠢ ᠴᠡᠭᠴᠡᠯᠡᠨ ᠦᠬᠡᠷᠡᠴᠢᠯᠡᠵᠤ᠂ ᠬᠤᠭ ᠨᠣᠪᠰᠢ ᠪᠣᠬᠢᠷ ᠤᠰᠤ ᠶᠢ ᠵᠠᠰᠠᠬᠤ ᠶᠢ ᠨᠢᠭᠡᠳᠦᠯᠲᠡᠢ ᠲᠥᠯᠥᠪᠯᠡᠨ ᠰᠠᠶᠢᠲᠤᠷ ᠠᠳᠬᠤᠵᠤ᠂ ᠮᠠᠨ ᠤ ᠬᠤᠲᠠ ᠪᠥᠬᠦ ᠤᠯᠤᠰ ᠤᠨ ᠠᠩᠬᠠᠳᠠᠭᠴᠢ ᠪᠦᠯᠦᠭ ︽ᠳᠥᠷᠪᠡᠨ ᠰᠠᠶᠢᠨᠲᠠᠢ ᠬᠥᠳᠡᠭᠡ ᠲᠣᠰᠬᠤᠨ ᠤ ᠵᠠᠮ︾᠎ ᠤᠨ ᠵᠢᠱᠢᠶ᠎ᠡ ᠦᠵᠡᠭᠦᠯᠬᠦ ᠬᠤᠲᠠ ᠪᠠᠷ ᠦᠨᠡᠯᠡᠭᠳᠡᠪᠡ᠃ ᠬᠤᠳᠠ ᠶᠢᠨ ᠶᠠᠪᠤᠳᠠᠯ ᠤᠨ 128 ᠵᠦᠢᠯ ᠤᠨ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢᠨ ᠲᠦᠷᠦᠯ ᠵᠦᠢᠯ ᠢ ᠬᠡᠷᠡᠭᠵᠢᠭᠦᠯᠵᠦ᠂ 72 ᠬᠠᠭᠤᠴᠢᠨ ᠵᠢᠵᠢᠭ ᠲᠣᠭᠤᠷᠢᠭ᠂ 5553 ᠡᠷᠤᠭᠡ ᠶᠢ ᠥᠭᠡᠷᠡᠴᠢᠯᠡᠨ ᠵᠠᠰᠠᠵᠤ᠂ ᠲᠦᠬᠦᠮ ᠪᠦᠷᠭᠡ ᠣᠷᠣᠨ ᠰᠠᠭᠤᠴᠠ ᠶᠢᠨ ᠲᠣᠭᠤᠷᠢᠭ ᠢ ᠥᠭᠡᠷᠡᠴᠢᠯᠡᠨ ᠵᠠᠰᠠᠬᠤ ᠠᠵᠢᠯ ᠢ 1674 ᠢᠵᠢ ᠡᠬᠢᠯᠡᠭᠦᠯᠵᠦ᠂ ᠭᠡᠷ ᠪᠠᠶᠢᠰᠢᠩ ᠭᠠᠵᠠᠷ ᠬᠥᠷᠥᠩᠭᠡ ᠶᠢᠨ ᠲᠡᠦᠬᠡᠨ ᠠᠴᠠ ᠦᠯᠡᠳᠡᠭᠳᠡᠵᠦ ᠢᠷᠡᠭᠰᠡᠨ ᠠᠰᠠᠭᠤᠳᠠᠯ ᠢ ᠰᠢᠢᠳᠪᠦᠷᠢᠯᠡᠭᠰᠡᠨ ᠨᠤᠷᠮ᠎ᠠ 99% ᠰᠢᠬᠠᠮ ᠳᠤ ᠬᠦᠷᠪᠡ᠃ ᠠᠩᠬᠠᠳᠤᠭᠠᠷ ᠬᠤᠭᠤᠴᠠᠭᠠᠨ ᠤ ᠳᠤᠮᠳᠠᠳᠤ ᠤᠯᠤᠰ ᠤᠨ ᠰᠠᠯᠪᠤᠷᠢ ᠱᠤᠭᠤᠮ ᠤᠨ ᠠᠭᠠᠷ ᠤᠨ ᠠᠶᠠᠯᠠᠯ ᠤᠨ ᠬᠥᠭᠵᠢᠯᠲᠡ ᠶᠢᠨ ᠲᠦᠷᠦᠬᠦᠴᠦᠳ ᠤᠨ ᠬᠤᠷᠠᠯ ᠢ ᠡᠷᠬᠢᠯᠡᠨ ᠬᠤᠷᠠᠯᠳᠤᠭᠤᠯᠪᠠ᠃ ᠤᠯᠠᠭᠠᠨᠮᠥᠷᠡᠨ ᠭᠤᠣᠯ ᠤᠨ ᠭᠤᠷᠪᠠᠳᠤᠭᠠᠷ ᠨᠣᠮᠧᠷᠲᠤ ᠬᠥᠭᠦᠷᠭᠡ ᠶᠢ ᠪᠠᠶᠢᠭᠤᠯᠤᠨ ᠨᠠᠪᠲᠠᠷᠡᠭᠦᠯᠵᠦ᠂ ᠣᠷᠳᠣᠰ ᠠᠴᠠ ᠰᠢ ᠠᠨ ᠬᠦᠷᠬᠦ ᠣᠯᠠᠨ ᠬᠥᠳᠡᠯᠭᠡᠭᠦᠷᠲᠦ ᠴᠤᠪᠤᠭ᠎ᠠ ᠲᠡᠷᠭᠡ ᠶᠢ ᠨᠡᠪᠲᠡᠷᠡᠬᠦᠯᠵᠤ᠂ ᠪᠤᠭᠤᠲᠤ ᠠᠴᠠ ᠮᠣᠣ ᠮᠢᠩ ᠬᠦᠷᠬᠦ ᠲᠡᠭᠡᠳᠦ ᠬᠤᠷᠳᠤᠴᠠᠲᠤ ᠵᠠᠰᠠᠮᠠᠯ ᠵᠠᠮ ᠤᠨ ︽ᠲᠦᠷᠪᠡᠨ ᠲᠡᠷᠭᠡᠨ ᠵᠠᠮ ᠢ ᠨᠠᠢᠮᠠᠨ ᠲᠡᠷᠭᠡᠨ ᠵᠠᠮ ᠪᠣᠯᠭᠠᠨ ᠥᠭᠡᠷᠡᠴᠢᠯᠡᠬᠦ︾ ᠭᠤᠣᠯ ᠱᠤᠭᠤᠮ ᠢ ᠪᠥᠬᠦ ᠱᠤᠭᠤᠮ ᠢᠶᠠᠷ ᠨᠠᠪᠲᠠᠷᠡᠭᠦᠯᠵᠦ᠂ ᠬᠢᠯᠢ ᠶᠢᠨ ᠳᠣᠲᠣᠷᠠᠬᠢ ᠤᠯᠤᠰ ᠤᠨ ᠵᠠᠮ ᠤᠨ 242 ᠱᠤᠭᠤᠮ ᠢ ᠪᠥᠬᠦ ᠱᠤᠭᠤᠮ ᠢᠶᠠᠷ ᠨᠡᠪᠳᠡᠷᠡᠬᠦᠯᠵᠤ᠂ ᠪᠥᠬᠦ ᠤᠯᠤᠰ ᠤᠨ ᠠᠩᠬᠠᠳᠠᠭᠴᠢ ᠪᠦᠯᠦᠭ ᠪᠣᠬᠢᠷᠳᠤᠯ ᠦᠭᠡᠢ ᠪᠠᠷᠠᠭᠠᠨ ᠤ ᠲᠡᠭᠡᠭᠡᠪᠦᠷᠢ ᠶᠢᠨ ᠲᠣᠬᠢᠷᠠᠭᠤᠯᠤᠨ ᠬᠦᠷᠭᠡᠬᠦ ᠵᠢᠱᠢᠶ᠎ᠡ ᠦᠵᠡᠭᠦᠯᠬᠦ ᠬᠤᠲᠠ ᠪᠤᠯᠪᠠ᠃ ᠬᠤᠲᠠ ᠶᠢᠨ ᠭᠤᠤᠯᠳᠠᠯᠭᠠᠲᠤ ᠲᠣᠭᠤᠷᠢᠭ ᠪᠠ ᠬᠤᠰᠢᠭᠤ ᠵᠠᠰᠠᠭ ᠤᠨ ᠤᠷᠳᠤᠨ ᠤ ᠪᠠᠶᠢᠭ᠎ᠠ ᠭᠠᠵᠠᠷ ᠲᠤ 5G ᠰᠦᠯᠵᠢᠶ᠎ᠡ ᠶᠢ ᠨᠡᠶᠢᠳᠡᠮ ᠪᠦᠷᠬᠦᠭᠦᠯᠬᠦ ᠶᠢ ᠪᠡᠶᠡᠯᠡᠬᠦᠯᠪᠡ᠃ ᠮᠠᠨ ᠤ ᠬᠤᠲᠠ ᠪᠦᠬᠦ ᠤᠯᠤᠰ ᠤᠨ ᠪᠣᠯᠪᠠᠰᠤᠨ ᠤ ᠬᠡᠪ ᠳᠠᠭᠤᠷᠢᠶᠠᠯ ᠤᠨ ᠬᠤᠲᠠ ᠶᠢᠨ ᠲᠤᠷᠰᠢᠯᠲᠠ ᠶᠢᠨ ᠴᠡᠭ ᠢᠶᠠᠷ ᠲᠣᠭᠲᠠᠭᠠᠭᠳᠠᠪᠠ᠃   ︵ᠳᠣᠯᠤᠭ᠎ᠠ︶ ᠠᠷᠠᠳ ᠲᠤ ᠠᠰᠢᠭ ᠬᠦᠷᠲᠡᠭᠡᠵᠦ ᠠᠷᠠᠳ ᠢ ᠠᠮᠤᠷᠵᠢᠭᠤᠯᠬᠤ ᠪᠣᠳᠠᠲᠤ ᠶᠠᠪᠤᠳᠠᠯ ᠢ ᠦᠨᠡᠨ ᠰᠡᠳᠬᠢᠯ ᠠᠴᠠ ᠪᠠᠨ ᠰᠠᠶᠢᠲᠤᠷ ᠬᠢᠪᠡ᠃ ᠡᠳ᠋ ᠤᠨ ᠵᠠᠰᠠᠭ ᠠᠴᠠ ᠠᠷᠠᠳ ᠤᠨ ᠠᠮᠢᠳᠤᠷᠠᠯ ᠤᠨ ᠬᠡᠷᠡᠭᠯᠡᠭᠡ ᠳᠤ 522.1 ᠳ᠋ᠦᠩᠰᠢᠭᠤᠷ ᠲᠥᠭᠦᠷᠢᠭ  ᠵᠠᠷᠤᠴᠠᠭᠤᠯᠵᠤ᠂ 17.9%᠎ ᠪᠠᠷ ᠨᠡᠮᠡᠭᠳᠡᠪᠡ᠃ ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠬᠥᠮᠥᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠲᠤᠰ ᠲᠤᠰ 53676 ᠲᠥᠭᠦᠷᠢᠭ ᠪᠠ 23583 ᠲᠥᠭᠦᠷᠢᠭ ᠲᠤ ᠬᠦᠷᠴᠦ᠂ 6.7% ᠪᠠ 9.3%᠎ ᠪᠠᠷ ᠨᠡᠮᠡᠭᠳᠡᠪᠡ᠃ ᠬᠦᠴᠢᠷᠳᠡᠯ ᠲᠠᠢ ᠠᠵᠤ ᠠᠬᠤᠶᠢᠯᠠᠯ ᠳᠤ ᠠᠵᠤ ᠠᠬᠤᠶᠢᠯᠠᠯ ᠎ ᠢ ᠲᠤᠰᠠᠯᠠᠨ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠬᠤ ᠨᠥᠬᠦᠪᠦᠷᠢ ᠶᠢ 2.1 ᠳ᠋ᠦᠩᠰᠢᠭᠤᠷ ᠲᠥᠭᠦᠷᠢᠭ᠂ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢ ᠳᠡᠭᠡᠭᠰᠢᠯᠡᠭᠦᠯᠬᠦ ᠨᠥᠬᠦᠪᠦᠷᠢ ᠶᠢ 1.9 ᠳ᠋ᠦᠩᠰᠢᠭᠤᠷ ᠲᠥᠭᠦᠷᠢᠭ ᠲᠠᠷᠬᠠᠭᠠᠵᠤ᠂ ᠬᠤᠳᠠ ᠪᠠᠯᠭᠠᠰᠤᠨ ᠤ 2 ᠲᠦᠮᠡᠨ ᠬᠥᠮᠥᠨ ᠳᠤ ᠰᠢᠨ᠎ᠡ ᠪᠠᠷ ᠠᠵᠢᠯ ᠣᠯᠭᠤᠪᠠ᠃ ᠬᠤᠳᠠ ᠬᠥᠳᠡᠭᠡ ᠶᠢᠨ ᠨᠠᠭᠠᠲᠤ ᠵᠠᠬ᠎ᠠ ᠶᠢᠨ ᠪᠠᠲᠤᠯᠠᠭ᠎ᠠ ᠶᠢᠨ ᠪᠠᠷᠢᠮᠵᠢᠶ᠎ᠠ ᠶᠢ ᠲᠤᠰ ᠲᠤᠰ 6.3% ᠪᠠ 7.1%᠎ ᠪᠠᠷ ᠳᠡᠭᠡᠭᠰᠢᠯᠡᠭᠦᠯᠪᠡ᠃ ᠴᠠᠯᠢᠩ ᠤᠨ ᠦᠷᠢᠳᠦᠯ ᠢ ᠦᠨᠳᠦᠰᠦᠨ ᠠᠴᠠ ᠨᠢ ᠵᠠᠰᠠᠬᠤ ︽ᠵᠠᠭᠤᠨ ᠡᠳᠦᠷ ᠤᠨ ᠪᠤᠭᠤᠮᠲᠠ ᠰᠢᠪᠲᠤᠯᠬᠤ︾ ᠠᠵᠢᠯ ᠢ  ᠥᠷᠨᠢᠭᠦᠯᠵᠦ᠂ ᠬᠥᠯᠥᠰᠦᠨ ᠠᠵᠢᠯᠴᠢᠨ ᠤ ᠴᠠᠯᠢᠩ ᠤᠨ ᠦᠷᠢᠳᠦᠯ ᠤᠨ ᠠᠰᠠᠭᠤᠳᠠᠯ ᠢ ᠬᠥᠳᠡᠯᠦᠩᠭᠦᠢ ᠪᠠᠷ ᠦᠭᠡᠶᠢᠰᠬᠡᠪᠡ᠃ ᠳᠤᠮᠳᠠᠳᠤ ᠪᠠᠭ᠎ᠠ ᠰᠤᠷᠭᠠᠭᠤᠯᠢ ᠬᠡᠦᠬᠡᠳ ᠤᠨ ᠴᠡᠴᠡᠷᠯᠢᠭ ᠢ ᠰᠢᠨ᠎ᠡ ᠪᠠᠷ 26 ᠪᠠᠶᠢᠭᠤᠯᠤᠭᠰᠠᠨ ᠪᠤᠶᠤ ᠥᠭᠡᠷᠡᠴᠢᠯᠡᠵᠦ ᠥᠷᠭᠡᠳᠬᠡᠨ ᠪᠠᠶᠢᠭᠤᠯᠵᠤ᠂ ᠲᠦᠭᠡᠮᠡᠯ ᠬᠠᠷᠠᠭᠠᠯᠵᠠᠯ ᠤᠨ ᠴᠢᠨᠠᠷᠲᠠᠢ ᠠᠷᠠᠳ ᠠᠴᠠ ᠡᠷᠬᠢᠯᠡᠭᠰᠡᠨ ᠬᠡᠦᠬᠡᠳ ᠤᠨ ᠴᠡᠴᠡᠷᠯᠢᠭ ᠢ ᠰᠢᠨ᠎ᠡ ᠪᠠᠷ 6 ᠨᠡᠮᠡᠭᠳᠡᠬᠦᠯᠵᠤ᠂ ︽ᠬᠤᠶᠠᠷ ᠢ ᠬᠦᠩᠭᠡᠷᠡᠬᠦᠯᠬᠦ︾ ᠠᠵᠢᠯ ᠢ ᠯᠠᠪᠳᠠᠭᠤᠨ ᠪᠠᠲᠤᠲᠠᠢ ᠥᠷᠨᠢᠭᠦᠯᠵᠦ᠂ ᠰᠤᠷᠭᠠᠭᠤᠯᠢ ᠶᠢᠨ ᠭᠠᠳᠠᠨᠠᠬᠢ 397 ᠪᠣᠯᠪᠠᠰᠤᠷᠠᠭᠤᠯᠤᠯ ᠤᠨ ᠪᠠᠶᠢᠭᠤᠯᠤᠮᠵᠢ ᠶᠢ ᠰᠢᠨᠵᠢᠯᠡᠭᠡᠨ ᠤ ᠰᠠᠯᠠᠭ᠎ᠠ ᠶᠢᠨ ᠲᠦᠷᠦᠯ ᠤᠨ ᠪᠣᠯᠪᠠᠰᠤᠷᠠᠭᠤᠯᠤᠯ ᠠᠴᠠ ᠭᠠᠷᠭᠠᠪᠠ᠃ ᠬᠤᠲᠠ ᠶᠢᠨ ᠱᠠᠲᠤᠨ ᠤ ᠪᠡᠶ᠎ᠡ ᠶᠢᠨ ᠲᠠᠮᠢᠷ ᠤᠨ ᠬᠥᠳᠡᠯᠭᠡᠭᠡᠨ ᠤ ᠡᠷᠡᠭᠦᠯ ᠮᠡᠨᠳᠦ ᠶᠢᠨ ᠬᠠᠮᠢᠶᠠᠷᠤᠯᠲᠠ ᠶᠢᠨ ᠲᠥᠪ ᠢ ᠪᠠᠶᠢᠭᠤᠯᠵᠤ᠂ ᠣᠯᠠᠨ ᠲᠦᠮᠡᠨ ᠤ ᠰᠣᠶᠣᠯ ᠤᠨ ᠠᠵᠢᠯᠯᠠᠭ᠎ᠠ ᠶᠢ 3000 ᠭᠠᠷᠤᠢ ᠲᠠᠯᠠᠪᠤᠷ ᠤᠳᠠᠭ᠎ᠠ ᠡᠷᠭᠢᠯᠡᠪᠡ᠃ ᠪᠦᠦ ᠯᠢ ᠵᠦᠴᠦᠭᠡ ᠶᠢᠨ ᠬᠦᠷᠢᠶᠡᠯᠡᠩ ᠢ ᠣᠷᠣᠭᠤᠯᠤᠨ ᠣᠷᠳᠣᠰ ᠲᠣᠮᠣ ᠵᠦᠴᠦᠭᠡ ᠶᠢᠨ ᠬᠦᠷᠢᠶᠡᠯᠡᠩ ᠢ ᠡᠵᠡᠩᠨᠡᠬᠦᠯᠵᠤ᠂ ᠬᠤᠳᠠ ᠶᠢᠨ ᠣᠯᠠᠨ ᠲᠦᠮᠡᠨ ᠳᠤ ᠭᠡᠷ ᠤᠨ ᠡᠬᠦᠳᠡᠨ ᠲᠡᠭᠡᠷ᠎ᠡ ᠨᠢ ᠲᠡᠷᠢᠭᠦᠨ ᠵᠡᠷᠭᠡ ᠶᠢᠨ ᠲᠣᠭᠯᠠᠯᠲᠠ ᠶᠢ ᠰᠣᠨᠢᠷᠬᠠᠭᠤᠯᠪᠠ᠃ 555 ᠪᠠᠷᠢᠮᠵᠢᠶᠠᠵᠢᠭᠰᠠᠨ ᠲᠣᠰᠬᠤᠨ ᠤ ᠡᠷᠡᠭᠦᠯ ᠬᠠᠮᠠᠭᠠᠯᠠᠯ ᠤᠨ ᠲᠠᠰᠤᠭ ᠤᠨ ᠪᠦᠲᠦᠭᠡᠨ ᠪᠠᠶᠢᠭᠤᠯᠤᠯᠲᠠ ᠶᠢ ᠪᠡᠶᠡᠯᠡᠭᠦᠯᠵᠦ᠂ ᠬᠤᠲᠠ ᠶᠢᠨ ᠬᠢᠲᠠᠳ ᠡᠮᠨᠡᠯᠭᠡ ᠶᠢᠨ ᠬᠤᠷᠢᠶ᠎ᠠ᠂ ᠮᠣᠩᠭᠤᠯ ᠡᠮᠨᠡᠯᠭᠡ ᠶᠢᠨ ᠬᠤᠷᠢᠶ᠎ᠠ  ᠲᠡᠰ ᠲᠡᠪᠰᠢᠨ ᠭᠤᠷᠪᠠᠨ ᠬᠥᠬᠡ ᠲᠡᠰ ᠤᠨ ᠡᠮᠨᠡᠯᠭᠡ ᠶᠢᠨ ᠬᠤᠷᠢᠶ᠎ᠠ  ᠪᠤᠯᠵᠤ᠂ ᠮᠠᠨ ᠤ ᠬᠤᠲᠠ ᠵᠠᠯᠭᠠᠭ᠎ᠠ ᠪᠠᠷ ᠭᠤᠷᠪᠠᠨ ᠬᠤᠭᠤᠴᠠᠭ᠎ᠠ ᠤᠯᠤᠰ ᠤᠨ ᠡᠷᠡᠭᠦᠯ ᠬᠠᠮᠠᠭᠠᠯᠠᠯ ᠤᠨ ᠬᠤᠲᠠ ᠪᠠᠷ ᠦᠨᠡᠯᠡᠭᠳᠡᠪᠡ ᠃ ᠪᠥᠬᠦ ᠬᠤᠲᠠ ᠶᠢᠨ ᠨᠢᠭᠡ ᠴᠣᠭᠴᠠᠵᠢᠭᠰᠠᠨ ᠣᠶᠤᠨᠲᠤ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠠᠪᠴᠠᠩ ᠢ ᠪᠠᠶᠢᠭᠤᠯᠵᠤ᠂ ᠬᠤᠲᠠ  ᠶᠢᠨ ᠭᠤᠤᠯᠳᠠᠯᠭᠠᠲᠤ ᠲᠣᠭᠤᠷᠢᠭ ᠲᠤ ︽ᠨᠢᠭᠡ ᠮᠥᠴᠡ︾᠎ ᠶᠢᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠣᠭᠤᠷᠢᠭ ᠢ ᠪᠤᠢ ᠪᠤᠯᠭᠠᠪᠠ᠃ ︽ᠰᠡᠳᠬᠢᠯ ᠢ ᠲᠤᠯᠠᠭᠠᠴᠠᠭᠤᠯᠬᠤ ᠨᠡᠭᠦᠷᠡᠰᠦ︾ ︽ᠡᠩ ᠤᠨ ᠦᠨ᠎ᠡ ᠶᠢᠨ ᠨᠡᠭᠦᠷᠡᠰᠦ︾᠎ ᠶᠢ 40 ᠲᠦᠮᠡᠨ ᠲᠣᠨ ᠲᠠᠷᠬᠠᠭᠠᠵᠤ᠂ 17.9 ᠲᠦᠮᠡᠨ ᠡᠷᠦᠬᠡ ᠮᠠᠯᠴᠢᠨ ᠲᠠᠷᠢᠶᠠᠴᠢᠨ ᠤ ᠡᠪᠦᠯ ᠤᠨ ᠣᠯᠠᠷᠢᠯ ᠢ ᠳᠤᠯᠠᠭᠠᠨ ᠪᠦᠯᠢᠶᠡᠨ ᠥᠩᠭᠡᠷᠡᠭᠦᠯᠬᠦ ︽ᠨᠡᠭᠦᠷᠡᠰᠦ︾ ᠰᠢᠲᠠᠭᠠᠬᠤ ᠪᠠᠴᠢᠮ ᠪᠠᠶᠢᠳᠠᠯ ᠢ ᠰᠢᠢᠳᠪᠦᠷᠢᠯᠡᠪᠡ᠃    ︵ᠨᠠᠢᠮᠠ︶ ᠨᠡᠶᠢᠭᠡᠮ ᠤᠨ ᠠᠮᠤᠷ ᠲᠦᠪᠰᠢᠨ ᠲᠣᠭᠲᠠᠭᠤᠨ ᠪᠠᠶᠢᠳᠠᠯ ᠢ ᠪᠥᠬᠦ ᠬᠦᠴᠦᠨ ᠢᠶᠠᠷ ᠢᠶᠠᠨ ᠬᠠᠮᠠᠭᠠᠯᠠᠪᠠ᠃ ᠵᠠᠰᠠᠭ ᠤᠨ ᠣᠷᠳᠣᠨ ᠤ ᠳᠠᠯᠳᠠ ᠥᠷᠢ ᠥᠭᠴᠡᠭᠡ ᠶᠢ ᠢᠯᠭᠠᠷᠠᠭᠤᠯᠬᠤ ᠲᠠᠯ᠎ᠠ ᠪᠠᠷ ᠣᠨ ᠤ ᠬᠠᠷᠠᠯᠲᠠ ᠶᠢ 212.5%᠎ ᠪᠠᠷ ᠪᠡᠶᠡᠯᠡᠭᠦᠯᠵᠦ᠂ ᠬᠤᠲᠠ ᠶᠢᠨ ᠲᠣᠰ ᠱᠠᠲᠤᠨ ᠤ ᠳᠠᠯᠳᠠ ᠥᠷᠢ ᠥᠭᠴᠡᠭᠡ ᠶᠢ ᠦᠬᠡᠶᠢᠰᠬᠡᠬᠦ ᠶᠢ ᠪᠡᠶᠡᠯᠡᠭᠦᠯᠵᠦ᠂ ᠦᠦᠰᠢᠨ ᠬᠤᠰᠢᠭᠤ᠂ ᠬᠠᠩᠭᠢᠨ ᠬᠤᠰᠢᠭᠤ ︽ᠤᠯᠠᠭᠠᠨ ᠰᠤᠭᠤᠮ ᠠᠴᠠ ᠤᠬᠤᠷᠢᠨ ᠭᠠᠷᠬᠤ︾᠎ ᠶᠢ ᠤᠷᠤᠭᠰᠢᠲᠠᠢ ᠪᠡᠶᠡᠯᠡᠭᠦᠯᠪᠡ᠃ ︽1+2+6︾᠎ ᠶᠢᠨ ᠮᠥᠩᠭᠦᠨ ᠭᠦᠢᠯᠭᠡᠭᠡᠨ ᠤ ᠠᠶᠤᠯ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠲᠥᠰᠥᠯ ᠢ ᠲᠣᠭᠲᠠᠭᠠᠵᠤ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠡᠷᠡᠭᠦᠯ ᠪᠤᠰᠤ ᠵᠢᠭᠡᠯᠡᠯᠭᠡ ᠶᠢᠨ ᠨᠤᠷᠮ᠎ᠠ ᠶᠢ 0.72 ᠵᠠᠭᠤᠨ ᠤ ᠨᠢᠭᠡᠴᠢ ᠪᠠᠷ ᠪᠠᠭᠤᠷᠠᠭᠤᠯᠪᠠ᠃ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠴᠢᠩᠭᠠᠳᠬᠠᠵᠤ᠂ ᠲᠠᠯᠳᠠ ᠭᠡᠮ ᠢ ᠳᠠᠷᠠᠭᠠᠯᠠᠨ ᠪᠠᠶᠢᠴᠠᠭᠠᠵᠤ ᠵᠠᠰᠠᠬᠤ ᠠᠵᠢᠯ ᠢ ᠭᠦᠨᠵᠡᠭᠡᠢ ᠥᠷᠨᠢᠭᠦᠯᠵᠦ᠂ ᠡ᠊ᠨᠳᠡᠯ ᠭᠠᠷᠤᠭᠰᠠᠨ ᠲᠤᠭ᠎ᠠ᠂ ᠦᠬᠦᠭᠰᠡᠨ ᠬᠥᠮᠥᠨ ᠤ ᠲᠤᠭ᠎ᠠ ᠶᠢ ᠲᠤᠰ ᠲᠤᠰ 40% ᠪᠠ 31%᠎ ᠪᠠᠷ ᠪᠠᠭᠤᠷᠠᠭᠤᠯᠪᠠ᠃ ︽ᠳᠥᠷᠪᠡᠨ ᠬᠠᠮᠤᠭ ᠤᠨ ᠴᠢᠩᠭ᠎ᠠ︾᠎ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠢᠳᠡᠭᠡᠨ ᠤ ᠵᠦᠢᠯ ᠡᠮ ᠤᠨ ᠵᠦᠢᠯ ᠎ ᠤᠨ ᠬᠢᠨᠠᠨ ᠬᠠᠮᠢᠶᠠᠷᠤᠯᠲᠠ ᠎ ᠶᠢ ᠦᠷᠭᠦᠯᠵᠢᠯᠡᠨ ᠴᠢᠩᠭᠠᠳᠬᠠᠪᠠ᠃ ᠬᠤᠳᠠ ᠶᠢᠨ ᠴᠠᠷᠠᠭ᠎ᠠ ᠶᠢᠨ ᠨᠡᠶᠢᠭᠡᠮ ᠤᠨ ᠵᠠᠰᠠᠯᠲᠠ ᠶᠢᠨ ᠣᠳᠣᠬᠢᠴᠢᠯᠠᠯᠲᠠ ᠶᠢᠨ ᠲᠤᠷᠰᠢᠯᠲᠠ ᠎ ᠶᠢᠨ ᠴᠡᠭ ᠢ ᠡᠭᠦᠳᠦᠨ ᠪᠠᠶᠢᠭᠤᠯᠬᠤ ᠠᠵᠢᠯ ᠢ ᠯᠠᠪᠳᠠᠭᠤᠨ ᠢᠶᠠᠷ ᠠᠬᠢᠭᠤᠯᠵᠤ᠂ ᠲᠥᠪ ᠤᠨ ᠵᠠᠬᠢᠳᠠᠯ ᠰᠣᠷᠪᠤᠯᠵᠢᠯᠠᠭ᠎ᠠ ᠶᠢᠨ ᠬᠠᠮᠲᠤᠷᠠᠭᠰᠠᠨ ᠬᠤᠷᠠᠯ ᠤᠨ ᠠᠯᠪᠠᠨ ᠭᠡᠷ ᠤᠨ ᠲᠤᠰᠢᠶᠠᠨ ᠥᠭᠴᠦ ᠰᠢᠢᠳᠪᠦᠷᠢᠯᠡᠭᠦᠯᠦᠭᠰᠡᠨ ᠳᠠᠪᠬᠤᠷᠳᠠᠭᠰᠠᠨ ᠵᠠᠬᠢᠳᠠᠯ ᠰᠣᠷᠪᠤᠯᠵᠢᠯᠠᠭ᠎ᠠ ᠶᠢᠨ ᠵᠦᠢᠯᠡᠰ ᠢ ᠰᠢᠢᠳᠪᠦᠷᠢᠯᠡᠭᠰᠡᠨ ᠨᠤᠷᠮ᠎ᠠ 99.3%᠎ ᠳᠤ ᠬᠦᠷᠴᠦ᠂ ᠪᠦᠬᠦ ᠤᠯᠤᠰ ᠤᠨ ᠲᠦᠷᠦᠭᠦᠦ ᠪᠦᠯᠦᠭ ᠬᠤᠣᠷᠲᠤ ᠡᠳ᠋ ᠢ ᠴᠠᠭᠠᠵᠠᠯᠠᠬᠤ ᠵᠢᠱᠢᠶ᠎ᠡ ᠦᠵᠡᠭᠦᠯᠬᠦ ᠬᠤᠳᠠ᠂ ᠤᠯᠤᠰ ᠤᠨ ᠤᠶᠤᠨᠴᠢ ᠨᠡᠶᠢᠭᠡᠮ ᠤᠨ ᠵᠠᠰᠠᠯᠲᠠ ᠶᠢᠨ ᠲᠤᠷᠰᠢᠯᠲᠠ ᠶᠢᠨ ᠰᠠᠭᠤᠷᠢᠨ ᠭᠠᠵᠠᠷ ᠪᠣᠯᠵᠤ᠂ ᠠᠮᠤᠭᠤᠯᠠᠩ ᠳᠤᠮᠳᠠᠳᠤ ᠤᠯᠤᠰ ᠤᠨ ᠪᠦᠲᠦᠭᠡᠨ ᠪᠠᠶᠢᠭᠤᠯᠤᠯᠲᠠ ᠶᠢᠨ ᠬᠠᠮᠤᠭ ᠤᠨ ᠳᠡᠭᠡᠳᠦ ᠱᠠᠩᠨᠠᠯ ︽ᠴᠠᠩ ᠠᠨ ᠬᠤᠨᠳᠠᠭᠠᠳᠤ︾᠎ ᠶᠢ ᠬᠦᠷᠳᠡᠪᠡ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠲᠤᠰᠬᠠᠢ ᠰᠡᠳᠦᠪᠲᠦ ᠪᠣᠯᠪᠠᠰᠤᠷᠠᠭᠤᠯᠤᠯ᠂ ᠭᠤᠣᠯ ᠰᠡᠳᠦᠪᠲᠦ ᠠᠵᠢᠯᠯᠠᠭ᠎ᠠ ᠶᠢ 200 ᠭᠠᠷᠤᠢ ᠲᠠᠯᠠᠪᠤᠷ ᠤᠳᠠᠭ᠎ᠠ ᠡᠷᠬᠢᠯᠡᠵᠦ᠂ ᠤᠯᠤᠰ ᠠᠴᠠ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠬᠡᠷᠡᠭᠯᠡᠬᠦ ᠠᠵᠢᠯ ᠢ ᠡᠮᠬᠢ ᠵᠢᠷᠤᠮ ᠲᠠᠢ ᠪᠠᠷ ᠠᠬᠢᠭᠤᠯᠵᠤ᠂ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠪᠠᠶᠢᠳᠠᠯ ᠢ ᠤᠯᠠᠮ ᠨᠢᠭᠡ ᠠᠯᠬᠤᠮ ᠪᠠᠬᠢᠵᠢᠭᠦᠯᠪᠡ᠃    ︵ᠶᠢᠰᠦ︶ ᠵᠠᠰᠠᠭ ᠤᠨ ᠣᠷᠳᠣᠨ ᠤ ᠲᠣᠰ ᠪᠡᠶ᠎ᠡ ᠶᠢᠨ ᠪᠠᠶᠢᠭᠤᠯᠤᠯᠲᠠ ᠶᠢ ᠴᠢᠩᠭ᠎ᠠ ᠪᠥᠭᠡᠳ ᠪᠣᠳᠠᠲᠠᠢ ᠪᠠᠷ ᠴᠢᠩᠭᠠᠳᠬᠠᠪᠠ᠃ ᠰᠢ ᠶᠢᠨ ᠫᠢᠩ ᠶᠡᠷᠦᠩᠬᠡᠢ ᠱᠦᠵᠢ ᠶᠢᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠰᠤᠷᠤᠯᠴᠠᠬᠤ ᠶᠢ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ᠂ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠤᠨ ᠲᠡᠷᠢᠬᠦᠨ ᠴᠢᠬᠤᠯᠠ ᠵᠥᠪᠯᠡᠬᠦ ᠵᠦᠢᠯ ᠪᠣᠯᠭᠠᠬᠤ ᠶᠢ ᠪᠠᠷᠢᠮᠲᠠᠯᠠᠵᠤ᠂ ᠲᠥᠪ ᠤᠨ ᠲᠣᠭᠤᠷᠢᠨ ᠪᠠᠶᠢᠴᠠᠭᠠᠬᠤ᠂ ᠬᠢᠨᠠᠨ ᠪᠤᠳᠤᠬᠤ ᠪᠠ ᠲᠦᠷᠦ ᠶᠢᠨ ᠶᠠᠪᠤᠳᠠᠯ ᠤᠨ ᠬᠤᠷᠢᠶᠠᠨ ᠤ ᠶᠡᠭᠡ ᠰᠢᠪᠠᠳᠠᠨ ᠪᠠᠶᠢᠴᠠᠭᠠᠯᠲᠠ ᠵᠡᠷᠭᠡ ᠳᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠯᠠᠪᠳᠠᠭᠤᠨ ᠢᠶᠠᠷ ᠠᠬᠢᠭᠤᠯᠵᠤ᠂ ᠲᠤᠭ ᠲᠡᠮᠳᠡᠭ ᠲᠣᠳᠣᠷᠬᠠᠢ ᠪᠠᠷ ᠤᠯᠤᠰ ᠲᠦᠷᠦ ᠶᠢ ᠡᠷᠬᠢᠮᠯᠡᠵᠦ᠂ ᠪᠠᠷᠢᠮᠵᠢᠶ᠎ᠠ ᠲᠠᠢ ᠬᠠᠷᠭᠤᠭᠤᠯᠵᠤ ᠬᠦᠰᠦᠨᠦᠭᠲᠦ ᠲᠠᠢ ᠬᠠᠷᠭᠤᠭᠤᠯᠵᠤ ᠨᠠᠶᠢᠳᠠᠪᠤᠷᠢᠵᠢᠭᠤᠯᠬᠤ ᠶᠢ ᠠᠳᠬᠤᠪᠠ᠃ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠳᠤ ᠣᠷᠣᠨ ᠨᠤᠲᠤᠭ ᠤᠨ ᠴᠢᠨᠠᠷᠲᠠᠢ 3 ᠬᠠᠤᠯᠢ ᠲᠣᠭᠲᠠᠭᠠᠯ ᠢ ᠬᠢᠨᠠᠨ ᠵᠦᠪᠯᠡᠬᠦᠯᠬᠦ ᠪᠠᠷ ᠳᠡᠪᠰᠢᠭᠦᠯᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠤᠨ 140 ᠬᠤᠪᠢ ᠰᠠᠨᠠᠭᠤᠯᠭ᠎ᠠ᠂ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠤᠨ 190 ᠬᠤᠪᠢ ᠰᠠᠨᠠᠯ ᠳᠤᠷᠠᠳᠤᠯᠭ᠎ᠠ ᠶᠢ ᠰᠢᠢᠳᠪᠦᠷᠢᠯᠡᠵᠦ᠂ ᠰᠢᠢᠳᠪᠦᠷᠢᠯᠡᠵᠦ ᠬᠠᠷᠢᠭᠤᠯᠤᠭᠰᠠᠨ ᠨᠣᠷᠮ᠎ᠠ 100%᠎ ᠳᠤ ᠬᠦᠷᠪᠡ᠃ ᠬᠠᠤᠯᠢ ᠴᠠᠭᠠᠵᠠ ᠶᠢ ᠲᠦᠭᠡᠮᠡᠯᠵᠢᠭᠦᠯᠬᠦ ︽8 · 5︾᠎ ᠶᠢᠨ ᠲᠥᠯᠦᠪᠵᠢᠭᠦᠯᠭᠡ ᠶᠢ ᠡᠬᠢᠯᠡᠭᠦᠯᠪᠡ᠃ ᠬᠤᠳᠠ ᠶᠢᠨ ᠠᠷᠠᠳ ᠲᠤ ᠮᠡᠳᠡᠭᠦᠯᠬᠦ᠂ ᠬᠤᠳᠠ ᠶᠢᠨ ᠠᠷᠠᠳ ᠤᠨ ᠰᠠᠨᠠᠯ ᠢ ᠰᠣᠨᠣᠰᠬᠤ᠂ ᠬᠤᠳᠠ ᠶᠢᠨ ᠠᠷᠠᠳ ᠢᠶᠠᠷ ᠦᠨᠡᠯᠡᠭᠦᠯᠬᠦ ᠠᠵᠢᠯᠯᠠᠭ᠎ᠠ ᠶᠢ ᠥᠷᠨᠢᠭᠦᠯᠵᠦ᠂ ᠬᠤᠳᠠ ᠶᠢᠨ ᠵᠠᠰᠠᠭ ᠤᠨ ᠣᠷᠳᠣᠨ ᠤ ᠤᠳᠤᠷᠢᠳᠤᠯᠭ᠎ᠠ ᠵᠢᠴᠢ ᠵᠠᠰᠠᠭ ᠤᠨ ᠣᠷᠳᠣᠨ ᠤ ᠰᠠᠯᠠᠭ᠎ᠠ ᠮᠥᠴᠢᠷ ᠤᠨ ᠭᠤᠣᠯ ᠬᠠᠷᠢᠭᠤᠴᠠᠯᠭᠠᠲᠠᠨ ᠲᠣᠭᠲᠠᠮᠠᠯ ᠬᠤᠭᠤᠴᠠᠭ᠎ᠠ ᠲᠠᠢ ᠪᠠᠷ ᠰᠣᠷᠪᠤᠯᠵᠢᠯᠠᠭ᠎ᠠ ᠶᠢ ᠭᠥᠯᠢᠶᠡᠨ ᠠᠪᠬᠤ ᠪᠠ ᠬᠤᠳᠠ ᠶᠢᠨ ᠳᠠᠷᠤᠭ᠎ᠠ ᠶᠢᠨ ᠬᠠᠯᠠᠮᠰᠢᠯ ᠤᠲᠠᠰᠤ ᠶᠢ ᠭᠥᠯᠢᠶᠡᠨ ᠰᠣᠨᠣᠰᠬᠤ ᠳᠦᠷᠢᠮ ᠢ ᠬᠡᠷᠡᠭᠵᠢᠭᠦᠯᠵᠦ᠂ ᠠᠷᠭ᠎ᠠ ᠵᠠᠮ ᠢ ᠰᠠᠭᠠᠳ ᠦᠭᠡᠢ ᠨᠠᠪᠲᠠᠷᠡᠭᠦᠯᠵᠦ᠂ ᠠᠷᠠᠳ ᠤᠨ ᠰᠠᠨᠠᠯ ᠢ ᠰᠣᠨᠣᠰᠴᠤ᠂ ᠠᠷᠠᠳ ᠤᠨ ᠵᠣᠪᠠᠭᠤᠷᠢ ᠶᠢ ᠠᠷᠢᠯᠭᠠᠵᠤ᠂ ᠠᠷᠠᠳ ᠤᠨ ᠬᠦᠴᠢᠷᠳᠡᠯ ᠢ ᠠᠷᠢᠯᠭᠠᠵᠤ᠂ ᠲᠣᠭᠲᠠᠴᠠ ᠶᠢᠨ ᠲᠠᠯ᠎ᠠ ᠪᠠᠷ ᠰᠢᠨ᠎ᠡ ᠶᠢ ᠡᠬᠦᠳᠦᠨ ᠠᠷᠠᠳ ᠤᠯᠠᠨ ᠢᠶᠠᠷ ᠵᠠᠰᠠᠭ ᠤᠨ ᠣᠷᠳᠣᠨ ᠳᠤ ᠬᠢᠨᠠᠯᠲᠠ ᠲᠠᠯᠪᠢᠭᠤᠯᠪᠠ᠃ ᠨᠡᠭᠡᠭᠡᠨ ᠬᠥᠭᠵᠢᠭᠦᠯᠬᠦ ᠣᠷᠣᠨ ᠤ ᠬᠡᠷᠡᠭ ᠢᠶᠠᠷ ᠥᠭᠡᠷᠡᠴᠢᠯᠡᠯᠲᠡ ᠶᠢ ᠠᠬᠢᠭᠤᠯᠬᠤ ᠪᠠ ᠤᠯᠤᠰ ᠲᠦᠷᠦ ᠬᠠᠤᠯᠢ ᠴᠠᠭᠠᠵᠠ᠂ ᠬᠠᠩᠭᠠᠨ ᠪᠣᠷᠤᠯᠠᠭᠤᠯᠭ᠎ᠠ ᠂ ᠠᠮᠤ ᠪᠤᠳᠠᠭ᠎ᠠ ᠬᠤᠳᠠᠯᠳᠤᠨ ᠠᠪᠬᠤ ᠪᠠ ᠪᠣᠷᠣᠯᠠᠭᠤᠯᠬᠤ᠂ ᠡᠮ ᠡᠮᠨᠡᠯᠭᠡ ᠡᠷᠡᠭᠦᠯ ᠬᠠᠮᠠᠭᠠᠯᠠᠯ ᠡᠷᠡᠭᠦᠯ ᠮᠡᠨᠲᠦ ᠵᠡᠷᠭᠡ ᠬᠦᠷᠢᠶᠡᠨ ᠳᠠᠬᠢ ᠲᠤᠰᠬᠠᠢ ᠴᠡᠭᠴᠡᠯᠡᠯᠲᠡ ᠶᠢ ᠥᠷᠨᠢᠭᠦᠯᠵᠦ᠂ ᠨᠡᠭᠦᠷᠡᠰᠦᠨ ᠤ ᠡᠬᠢ ᠪᠠᠶᠠᠯᠢᠭ ᠤᠨ ᠬᠦᠷᠢᠶᠡᠨ ᠳᠠᠬᠢ ᠲᠣᠭᠲᠠᠭᠠᠯ ᠢ ᠵᠥᠷᠢᠴᠡᠵᠦ ᠬᠠᠤᠯᠢ ᠶᠢ ᠵᠥᠷᠢᠴᠡᠭᠰᠡᠨ ᠠᠰᠠᠭᠤᠳᠠᠯ ᠢ ᠴᠡᠭᠴᠡᠯᠡᠨ ᠵᠠᠰᠠᠭᠰᠠᠨ ᠨᠤᠷᠮ᠎ᠠ 96.2%᠎ ᠲᠤ ᠬᠦᠷᠴᠦ᠂ ᠰᠢᠨ᠎ᠡ ᠰᠤᠷᠲᠠᠯ ᠲᠥᠪ ᠰᠤᠷᠲᠠᠯ ᠲᠠᠰᠤᠷᠠᠯᠳᠠ ᠦᠭᠡᠢ ᠪᠠᠳᠠᠷᠠᠪᠠ᠃ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ᠂ ᠠᠷᠠᠳ ᠤᠨ ᠠᠭᠠᠷ ᠤᠨ ᠰᠡᠷᠭᠡᠶᠢᠯᠡᠯᠲᠡ᠂ ᠴᠡᠷᠢᠭ ᠤᠨ ᠠᠯᠪᠠᠨ ᠠᠴᠠ ᠪᠠᠭᠤᠭᠰᠠᠳ᠂ ᠲᠤᠭ᠎ᠠ ᠪᠦᠷᠢᠳᠬᠡᠯ ᠤᠨ ᠪᠠᠶᠢᠴᠠᠭᠠᠯᠲᠠ᠂ ᠭᠠᠵᠠᠷ ᠬᠥᠳᠡᠯᠦᠯᠲᠡ ᠴᠠᠭ ᠠᠭᠤᠷ᠂ ᠨᠡᠶᠢᠭᠡᠮ ᠤᠨ ᠰᠢᠨᠵᠢᠯᠡᠬᠦ ᠤᠬᠠᠭᠠᠨ᠂ ᠲᠠᠩᠰᠠ ᠡᠪᠬᠡᠮᠡᠯ ᠲᠡᠦᠬᠡ ᠣᠶᠢᠯᠠᠯᠭ᠎ᠠ᠂ ᠭᠠᠳᠠᠭᠠᠳᠤ ᠶᠠᠪᠤᠳᠠᠯ ᠬᠠᠷᠢᠶᠠᠲᠤ ᠶᠢᠨ ᠶᠠᠪᠤᠳᠠᠯ ᠵᠡᠷᠭᠡ ᠠᠵᠢᠯ ᠢ ᠤᠯᠠᠮ ᠨᠢᠭᠡ ᠠᠯᠬᠤᠮ ᠴᠢᠩᠭᠠᠳᠬᠠᠵᠤ᠂ ᠠᠵᠢᠯᠴᠢᠨ ᠤ ᠡᠪᠯᠡᠯ᠂ ᠡᠪ ᠬᠠᠮᠲᠤ ᠵᠠᠯᠠᠭᠤᠴᠤᠳ ᠤᠨ ᠡᠪᠯᠡᠯ᠂ ᠡᠮᠡᠭᠲᠡᠶᠢᠴᠦᠳ ᠤᠨ ᠬᠤᠯᠪᠤᠭ᠎ᠠ᠂ ᠤᠯᠠᠭᠠᠨ ᠵᠠᠭᠠᠯᠮᠠᠶᠢᠳᠠᠨ ᠤ ᠨᠡᠶᠢᠭᠡᠮᠯᠢᠭ᠂ ᠵᠡᠮᠳᠡᠭᠴᠦᠳ ᠪᠠ ᠬᠤᠶᠢᠴᠢ ᠦᠶ᠎ᠡ ᠢᠶᠠᠨ ᠬᠠᠯᠠᠮᠵᠢᠯᠠᠬᠤ ᠵᠡᠷᠭᠡ ᠠᠵᠢᠯ ᠢ ᠰᠢᠨ᠎ᠡ ᠲᠠᠪᠰᠢᠯᠳᠠ ᠲᠠᠢ ᠪᠣᠯᠭᠠᠪᠠ᠃    ᠲᠥᠯᠥᠭᠡᠯᠡᠭᠴᠢᠳ ᠠ᠋︕ ᠥᠩᠭᠡᠷᠡᠭᠰᠡᠨ ᠨᠢᠭᠡ ᠵᠢᠯ ᠳᠤ᠂ ᠠᠵᠤ ᠠᠬᠤᠢ ᠶᠢᠨ ᠪᠠᠶᠢᠳᠠᠯ ᠨᠠᠷᠢᠨ ᠪᠤᠳᠤᠯᠢᠶᠠᠨᠲᠠᠢ ᠪᠦᠬᠡᠳ ᠬᠤᠪᠢᠷᠠᠯᠲᠠ ᠶᠡᠬᠡᠲᠡᠢ᠂ ᠬᠢᠵᠢᠭ ᠤᠨ ᠪᠠᠶᠢᠳᠠᠯ ᠤᠨ ᠨᠥᠯᠥᠭᠡ ᠲᠠᠰᠤᠷᠠᠯᠲᠠ ᠦᠭᠡᠢ ᠦᠷᠭᠦᠯᠵᠢᠯᠡᠵᠦ᠂ ᠴᠡᠭᠴᠡᠯᠡᠨ ᠰᠠᠶᠢᠵᠢᠷᠠᠭᠤᠯᠬᠤ ᠪᠠ ᠴᠡᠭᠴᠡᠯᠡᠨ ᠵᠠᠰᠠᠬᠤ ᠡᠭᠦᠷᠭᠡ ᠬᠦᠨᠳᠦ ᠨᠦᠰᠡᠷ᠂ ᠬᠡᠯᠪᠡᠷᠢ ᠪᠠᠨ ᠬᠤᠪᠢᠷᠠᠭᠤᠯᠤᠨ ᠳᠡᠰ ᠲᠡᠪᠰᠢᠭᠦᠯᠬᠦ ᠨᠢ ᠥᠷᠢᠰᠦᠯᠳᠦᠭᠡᠨ ᠲᠤᠯᠭᠠᠷᠠᠵᠣ ᠪᠠᠶᠢᠭ᠎ᠠ ᠪᠠᠶᠢᠳᠠᠯ ᠳᠣᠣᠷ᠎ᠠ᠂ ᠡᠶᠢᠮᠦᠷᠬᠦ ᠠᠮᠵᠢᠯᠲᠠ ᠶᠢ ᠣᠯᠣᠭᠰᠠᠨ ᠨᠢ ᠲᠤᠶᠢᠯ ᠤᠨ ᠬᠢᠯᠪᠠᠷ ᠪᠤᠰᠤ ᠶᠤᠮ᠃ ᠬᠠᠮᠤᠭ ᠤᠨ ᠦᠨᠳᠦᠰᠦ ᠪᠣᠯ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠰᠢᠨᠵᠢᠯᠡᠬᠦ ᠤᠬᠠᠭᠠᠨᠴᠢ ᠵᠢᠯᠣᠭᠤᠳᠤᠯᠭ᠎ᠠ ᠪᠣᠯᠣᠨ᠎ᠠ᠂ ᠡᠬᠦᠨ ᠳᠤ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠣᠯᠣᠨ ᠬᠤᠳᠠ ᠶᠢᠨ ᠨᠠᠮ ᠤᠨ ᠬᠤᠷᠢᠶ᠎ᠠ ᠶᠢᠨ ᠪᠦᠬᠦ ᠲᠠᠯ᠎ᠠ ᠶᠢ ᠶᠡᠷᠦᠩᠬᠡᠶᠢᠯᠡᠨ ᠵᠢᠯᠤᠭᠤᠳᠬᠤ᠂ ᠰᠢᠨᠵᠢᠯᠡᠬᠦ ᠤᠬᠠᠭᠠᠨᠴᠢ ᠪᠠᠷ ᠰᠢᠢᠳᠪᠦᠷᠢᠲᠦ ᠪᠣᠳᠣᠯᠭ᠎ᠠ ᠲᠣᠭᠲᠠᠭᠠᠬᠤ ᠪᠠᠲᠤ ᠴᠢᠩᠭ᠎ᠠ ᠤᠳᠤᠷᠢᠳᠤᠯᠭ᠎ᠠ ᠲᠤᠪᠤᠶᠢᠮ᠎ᠠ ᠢᠯᠡᠷᠡᠵᠤ᠂ ᠬᠤᠳᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠬᠤᠳᠠ ᠶᠢᠨ ᠤᠯᠤᠰ ᠲᠦᠷᠦ ᠶᠢᠨ ᠵᠥᠪᠯᠡᠯᠭᠡᠨ ᠵᠢᠴᠢ ᠨᠡᠶᠢᠭᠡᠮ ᠤᠨ ᠡᠯ᠎ᠡ ᠡᠲᠡᠭᠡᠳ ᠤᠨ ᠬᠢᠨ ᠤ ᠨᠢᠭᠡ ᠰᠡᠳᠬᠢᠯ ᠨᠢᠬᠡ ᠵᠣᠷᠢᠭ᠂ ᠡᠷᠡᠰ ᠰᠢᠭᠤᠷᠬᠠᠢ ᠪᠠᠷ ᠤᠷᠤᠭᠰᠢᠯᠠᠨ ᠲᠠᠪᠰᠢᠬᠤ ᠤᠶᠤᠨ ᠤᠬᠠᠭᠠᠨ ᠬᠦᠴᠦᠨ ᠴᠢᠳᠠᠯ ᠨᠢᠭᠲᠠᠷᠠᠵᠤ᠂ ᠪᠦᠬᠦ ᠬᠤᠳᠠ ᠶᠢᠨ 215 ᠲᠦᠮᠡᠨ ᠺᠠᠳ᠋ᠷ ᠤᠯᠠᠨ ᠲᠦᠮᠡᠨ ᠤ ᠬᠦᠴᠢᠷ ᠢ ᠲᠤᠭᠤᠯᠤᠨ ᠪᠡᠷᠬᠡ ᠶᠢ ᠳᠠᠪᠠᠵᠤ᠂ ᠴᠤᠭ ᠰᠦᠯᠲᠡ ᠪᠠᠳᠠᠷᠠᠩᠭᠤᠢ ᠰᠢᠷᠭᠠᠭᠤ ᠬᠠᠲᠠᠭᠤᠵᠢᠯᠲᠠᠢ ᠲᠡᠮᠡᠴᠡᠭᠰᠡᠨ ᠠᠷᠢᠭᠤᠨ ᠬᠦᠴᠦ ᠬᠥᠯᠥᠰᠦ ᠰᠢᠩᠬᠡᠵᠣ ᠪᠠᠶᠢᠨ᠎ᠠ᠃ ᠬᠥᠮᠥᠨ ᠪᠣᠯᠭᠠᠨ ᠪᠦᠷ ᠬᠦᠴᠦ ᠬᠦᠯᠦᠰᠦ ᠪᠠᠨ ᠭᠠᠷᠭᠠᠵᠤ᠂ ᠬᠥᠮᠥᠨ ᠪᠣᠯᠭᠠᠨ ᠠᠮᠠᠷ ᠦᠬᠡᠢ ᠶᠣᠮ︕ ᠠᠳᠡ ᠪᠢ ᠬᠤᠳᠠ ᠶᠢᠨ ᠠᠷᠠᠳ ᠤᠨ ᠵᠠᠰᠠᠭ ᠤᠨ ᠣᠷᠳᠣᠨ ᠎ ᠢ ᠲᠦᠯᠦᠬᠡᠯᠡᠨ᠂ ᠣᠷᠳᠣᠰ ᠤᠨ ᠠᠵᠤ ᠠᠬᠤᠢ ᠨᠡᠶᠢᠭᠡᠮ ᠤᠨ ᠬᠥᠭᠵᠢᠯᠲᠡ ᠳᠤ ᠬᠦᠴᠦᠨ ᠴᠢᠳᠠᠯ ᠢᠶᠠᠨ ᠡᠷᠭᠦᠭᠰᠡᠨ ᠪᠦᠬᠦ ᠬᠤᠳᠠ ᠶᠢᠨ ᠠᠷᠠᠳ ᠲᠦᠮᠡᠨ ᠪᠣᠯᠣᠨ ᠡᠯ᠎ᠡ ᠡᠲᠡᠭᠡᠳ ᠤᠨ ᠬᠥᠮᠥᠰ ᠲᠤ ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠭᠦᠯᠬᠦ ᠶᠢᠨ ᠬᠠᠮᠲᠤ ᠡᠷᠬᠢᠮ ᠳᠡᠭᠡᠳᠦ ᠬᠦᠨᠳᠦᠳᠬᠡᠯ ᠢᠶᠠᠨ ᠳᠡᠪᠰᠢᠭᠦᠯᠦᠶ᠎ᠡ︕    ᠪᠢᠳᠡ ᠪᠠᠰᠠ ᠲᠤᠯᠭᠠᠷᠠᠵᠤ ᠪᠠᠶᠢᠭ᠎ᠠ ᠬᠦᠴᠢᠷᠳᠡᠯ ᠪᠠ ᠠᠰᠠᠭᠤᠳᠠᠯ ᠢ ᠰᠡᠷᠭᠡᠭ ᠢᠶᠠᠷ ᠣᠯᠵᠤ ᠬᠠᠷᠠᠪᠠ᠂ ᠭᠤᠤᠯ ᠢᠯᠡᠷᠡᠯ ᠨᠢ᠄ ᠬᠢᠵᠢᠭ ᠤᠨ ᠪᠠᠶᠢᠳᠠᠯ ᠤᠨ ᠬᠠᠨᠳᠤᠰᠢ ᠮᠥᠨ ᠯᠡ ᠮᠠᠰᠢ ᠶᠡᠭᠡ ᠬᠤᠪᠢᠷᠠᠯᠲᠠ ᠲᠠᠢ ᠪᠠᠶᠢᠵᠤ᠂ ᠭᠠᠳᠠᠨ᠎ᠠ ᠠᠴᠠ ᠤᠷᠤᠬᠤ ᠶᠢ ᠰᠡᠷᠭᠡᠶᠢᠯᠡᠬᠦ᠂ ᠳᠣᠲᠣᠭᠠᠳᠤ ᠳᠠᠭᠠᠨ ᠲᠠᠬᠢᠨ ᠡᠭᠦᠰᠬᠦ ᠶᠢ ᠰᠡᠷᠭᠡᠶᠢᠯᠡᠬᠦ ᠳᠠᠷᠤᠯᠲᠠ ᠮᠥᠨ ᠯᠡ ᠨᠡᠯᠢᠶᠡᠳ ᠶᠡᠭᠡ ᠪᠠᠶᠢᠨ᠎ᠠ᠃ ᠠᠵᠤ ᠦᠢᠯᠡᠰ ᠤᠨ ᠬᠡᠯᠬᠢᠶ᠎ᠡ ᠬᠠᠩᠭᠠᠯᠭ᠎ᠠ ᠶᠢᠨ ᠬᠡᠯᠬᠢᠶ᠎ᠡ ᠶᠢᠨ ᠣᠷᠴᠢᠯ ᠰᠢᠯᠤᠭᠤᠨ ᠪᠤᠰᠤ᠂ ᠡᠨᠧᠷᠭᠢ ᠲᠦᠭᠦᠬᠡᠢ ᠡᠳ᠋ ᠮᠠᠲ᠋ᠧᠷᠢᠶᠠᠯ ᠤᠨ ᠦᠨ᠎ᠡ ᠬᠠᠩᠰᠢ ᠥᠨᠳᠥᠷ ᠲᠦᠪᠰᠢᠨ ᠳᠤ ᠬᠡᠯᠪᠡᠯᠵᠡᠵᠦ᠂ ᠵᠠᠷᠢᠮ ᠠᠵᠤ ᠠᠬᠤᠶᠢᠯᠠᠯ ᠤᠨ ᠡᠵᠡᠩᠨᠡᠯᠲᠡ ᠬᠦᠴᠢᠷᠳᠡᠯ ᠲᠠᠢ ᠪᠠᠶᠢᠵᠤ᠂ ᠪᠡᠯᠡ ᠣᠷᠣᠭᠤᠯᠤᠯᠲᠠ ᠪᠠ ᠬᠡᠷᠡᠭᠯᠡᠭᠡᠨ ᠤ ᠨᠡᠮᠡᠭᠳᠡᠯ ᠤᠨ ᠬᠦᠳᠡᠯᠬᠡᠬᠦ ᠬᠦᠴᠦᠨ ᠪᠠᠭᠤᠷᠠᠢ ᠪᠠᠶᠢᠨ᠎ᠠ᠃ ᠰᠢᠨᠵᠢᠯᠡᠬᠦ ᠤᠬᠠᠭᠠᠨ ᠮᠡᠷᠭᠡᠵᠢᠯ᠂ ᠠᠵᠤ ᠦᠢᠯᠡᠰ᠂ ᠮᠥᠩᠭᠦᠨ ᠭᠦᠢᠯᠭᠡᠭᠡᠨ ᠤ ᠰᠢᠯᠢᠳᠡᠭ ᠰᠠᠶᠢᠨ ᠣᠷᠴᠢᠯ ᠬᠠᠷᠠᠬᠠᠨ ᠪᠦᠷᠢᠯᠳᠦᠭᠡᠳᠦᠢ᠂ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠭᠰᠠᠨ ᠪᠣᠬᠢᠷᠳᠤᠯ ᠦᠭᠡᠢ ᠬᠥᠭᠵᠢᠯᠲᠡ ᠶᠢᠨ ᠡᠭᠦᠷᠭᠡ ᠬᠦᠨᠳᠦ ᠵᠠᠮ ᠬᠤᠯᠠ ᠪᠠᠶᠢᠨ᠎ᠠ᠃ ᠵᠠᠩᠭᠢᠯᠠᠭ᠎ᠠ ᠶᠢᠨ ᠬᠦᠷᠢᠶᠡᠨ ᠳᠠᠬᠢ ᠥᠭᠡᠷᠡᠴᠢᠯᠡᠯᠲᠡ ᠶᠢᠨ ᠠᠬᠢᠴᠠ ᠲᠦᠷᠭᠡᠨ ᠪᠤᠰᠤ᠂ ᠬᠤᠳᠠᠯᠳᠤᠭ᠎ᠠ ᠡᠵᠡᠩᠨᠡᠬᠦ ᠣᠷᠴᠢᠨ ᠲᠤᠭᠤᠷᠢᠨ ᠢ ᠲᠡᠷᠢᠭᠦᠨ ᠤ ᠭᠠᠵᠠᠷ ᠣᠷᠣᠨ ᠲᠠᠢ ᠬᠠᠷᠢᠴᠠᠭᠤᠯᠪᠠᠯ ᠮᠥᠨ ᠯᠡ ᠵᠥᠷᠢᠶ᠎ᠡ ᠲᠠᠢ ᠪᠠᠶᠢᠵᠤ᠂ ᠤᠯᠤᠰ ᠤᠨ ᠳᠣᠲᠣᠭᠠᠳᠤ ᠭᠠᠳᠠᠭᠠᠳᠤ ᠶᠢᠨ ᠬᠤᠣᠰ ᠣᠷᠴᠢᠯ ᠳᠤ ᠠᠭᠤᠰᠤᠯᠴᠠᠬᠤ ᠳᠤ ᠵᠥᠭᠡᠯᠡᠨ ᠬᠠᠲᠠᠭᠤ ᠤᠷᠴᠢᠨ ᠲᠤᠭᠤᠷᠢᠨ ᠢ ᠬᠤᠯᠪᠤᠭᠠᠯᠠᠨ ᠨᠡᠪᠲᠡᠷᠡᠯᠴᠡᠬᠦᠯᠬᠦ ᠲᠠᠯ᠎ᠠ ᠪᠠᠷ ᠮᠥᠨ ᠯᠡ ᠲᠦᠭᠵᠢᠷᠡᠯ ᠲᠠᠢ ᠪᠠᠶᠢᠨ᠎ᠠ᠃ ᠠᠮᠢ ᠠᠬᠤᠢ ᠣᠷᠴᠢᠨ ᠲᠤᠭᠤᠷᠢᠨ ᠤ ᠬᠠᠮᠠᠭᠠᠯᠠᠯᠲᠠ᠂ ᠮᠥᠩᠭᠦᠨ ᠭᠦᠢᠯᠭᠡᠭᠡ᠂ ᠠᠶᠤᠯᠭᠦᠢ ᠦᠢᠯᠡᠳᠪᠦᠷᠢᠯᠡᠯ ᠵᠡᠷᠭᠡ ᠬᠦᠷᠢᠶᠡᠨ ᠳᠠᠬᠢ ᠠᠶᠤᠯ ᠲᠦᠭᠰᠢᠭᠦᠷᠢ ᠶᠢᠨ ᠲᠠᠯᠳᠠ ᠭᠡᠮ ᠢ ᠣᠮᠲᠣᠭᠠᠶᠢᠯᠠᠵᠤ ᠪᠣᠯᠣᠰᠢ ᠦᠭᠡᠢ ᠶᠤᠮ᠃ ᠬᠤᠳᠠ ᠬᠥᠳᠡᠭᠡ ᠶᠢᠨ ᠪᠦᠲᠦᠭᠡᠨ ᠪᠠᠶᠢᠭᠤᠯᠤᠯᠲᠠ᠂ ᠠᠷᠠᠳ ᠤᠨ ᠠᠮᠢᠳᠤᠷᠠᠯ ᠤᠨ ᠬᠦᠷᠢᠶᠡᠨ ᠳᠤ ᠪᠠᠰᠠ ᠴᠥᠭᠡᠨ ᠪᠤᠰᠤ ᠳᠤᠲᠠᠭᠤᠳᠠᠯ ᠣᠷᠣᠰᠢᠵᠤ ᠪᠠᠶᠢᠨ᠎ᠠ᠃ ᠵᠠᠷᠢᠮ ᠺᠠᠳ᠋ᠷᠴᠤᠳ ᠦᠵᠡᠯ ᠰᠠᠨᠠᠭ᠎ᠠ ᠪᠠᠨ ᠭᠦᠢᠴᠡᠳ ᠴᠢᠯᠦᠭᠡᠯᠡᠵᠦ ᠴᠢᠳᠠᠭᠰᠠᠨ ᠦᠭᠡᠢ᠂ ᠴᠢᠳᠠᠪᠤᠷᠢ ᠬᠡᠪ ᠴᠢᠨᠠᠷ᠂ ᠠᠵᠢᠯ ᠤᠨ ᠰᠤᠷᠲᠠᠯ ᠢᠶᠠᠨ ᠴᠢᠩᠭᠠᠳᠬᠠᠬᠤ ᠴᠢᠬᠤᠯᠠᠲᠠᠢ ᠪᠠᠶᠢᠨ᠎ᠠ᠃ ᠡᠳᠡᠭᠡᠷ ᠠᠰᠠᠭᠤᠳᠠᠯ ᠨᠢ ᠴᠢᠬᠤᠯᠠ ᠪᠥᠭᠡᠳ ᠵᠠᠩᠭᠢᠯᠠᠭ᠎ᠠ᠂ ᠪᠣᠳᠠᠲᠠᠢ ᠪᠥᠭᠡᠳ ᠪᠠᠴᠢᠮ ᠲᠤᠯᠭᠠᠮ᠎ᠠ ᠪᠠᠶᠢᠵᠤ᠂ ᠪᠢᠳᠡ ᠬᠦᠴᠢᠷ ᠢ ᠰᠥᠷᠦᠨ ᠤᠷᠤᠭᠰᠢᠯᠠᠵᠤ᠂ ᠡᠬᠦᠷᠭᠡᠯᠡᠯ ᠲᠠᠢ ᠠᠵᠢᠯᠯᠠᠭ᠎ᠠ ᠲᠠᠢ ᠪᠠᠶᠢᠵᠤ᠂ ᠶᠡᠭᠡ ᠬᠦᠴᠦ ᠣᠷᠣᠭᠤᠯᠵᠤ ᠪᠠᠶᠢᠭᠠᠳ ᠲᠦᠷᠭᠡᠨ ᠰᠢᠢᠳᠪᠦᠷᠢᠯᠡᠵᠤ᠂ ᠪᠦᠬᠦ ᠬᠤᠳᠠ ᠶᠢᠨ ᠠᠷᠠᠳ ᠲᠦᠮᠡᠨ ᠤ ᠬᠦᠰᠡᠯ ᠡᠷᠡᠮᠡᠯᠵᠡᠯ ᠢ ᠶᠠᠭᠠᠬᠢᠭᠰᠠᠨ ᠴᠤ ᠬᠥᠰᠡᠷᠳᠡᠭᠦᠯᠬᠦ ᠦᠭᠡᠢ ᠶᠤᠮ᠃   ᠬᠤᠶᠠᠷ᠂ ᠲᠤᠰ ᠬᠤᠭᠤᠴᠠᠭᠠᠨ ᠤ ᠵᠠᠰᠠᠭ ᠤᠨ ᠣᠷᠳᠣᠨ ᠤ ᠵᠠᠰᠠᠭ ᠶᠠᠪᠤᠭᠤᠯᠤᠭᠰᠠᠨ ᠦᠷ᠎ᠡ ᠪᠦᠲᠦᠭᠡᠯ ᠪᠠ ᠬᠤᠶᠢᠰᠢᠳᠠ ᠶᠢᠨ ᠲᠠᠪᠤᠨ ᠵᠢᠯ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠭᠤᠣᠯ ᠡᠭᠦᠷᠭᠡ    ᠬᠤᠲᠠ ᠶᠢᠨ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠤᠳᠠᠭᠠᠨ ᠤ ᠬᠤᠷᠠᠯᠳᠤᠭᠠᠨ ᠠᠴᠠ ᠨᠠᠰᠢ᠂ ᠪᠥᠬᠦ ᠬᠤᠲᠠ ᠶᠢᠨ ᠠᠵᠤ ᠠᠬᠤᠢ ᠨᠡᠶᠢᠭᠡᠮ ᠤᠨ ᠬᠥᠭᠵᠢᠯᠲᠡ ᠰᠢᠨ᠎ᠡ ᠲᠡᠦᠬᠡᠲᠦ ᠴᠢᠨᠠᠷᠲᠠᠢ ᠠᠮᠵᠢᠯᠲᠠ ᠣᠯᠪᠠ᠃ ᠶᠡᠷᠦᠩᠬᠡᠶᠢᠯᠡᠭᠰᠡᠨ ᠪᠣᠳᠠᠲᠤ ᠬᠦᠴᠦᠨ ᠪᠦᠬᠦ ᠲᠠᠯ᠎ᠠ ᠪᠠᠷ ᠴᠢᠩᠭᠠᠷᠠᠪᠠ᠃ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠥᠷᠲᠡᠭ 2017 ᠣᠨ ᠳᠤ 3150.2 ᠳ᠋ᠦᠩᠰᠢᠭᠤᠷ ᠲᠥᠭᠦᠷᠢᠭ ᠪᠠᠶᠢᠭᠰᠠᠨ ᠎ ᠠᠴᠠ ᠪᠠᠨ ᠨᠡᠮᠡᠭᠳᠡᠭᠡᠳ 4715.7 ᠳ᠋ᠦᠩᠰᠢᠭᠤᠷ ᠲᠥᠭᠦᠷᠢᠭ ᠪᠣᠯᠵᠤ᠂ 13.3%᠎ ᠪᠠᠷ ᠨᠡᠮᠡᠭᠳᠡᠵᠤ᠂ ᠬᠥᠮᠥᠨ ᠳᠤᠮᠳᠠᠴᠢ ᠶᠢᠨ GDP 20 ᠲᠦᠮᠡᠨ ᠲᠥᠭᠦᠷᠢᠭ ᠢ ᠳᠠᠪᠠᠪᠠ︔ ᠡᠩ ᠤᠨ ᠣᠯᠠᠨ ᠨᠡᠶᠢᠲᠡ ᠶᠢᠨ ᠲᠥᠰᠥᠪ ᠤᠨ ᠣᠷᠣᠯᠭ᠎ᠠ 2017 ᠣᠨ ᠳᠤ 356.8 ᠳ᠋ᠦᠩᠰᠢᠭᠤᠷ ᠲᠥᠭᠦᠷᠢᠭ ᠪᠠᠶᠢᠭᠰᠠᠨ ᠠᠴᠠ ᠪᠠᠨ ᠨᠡᠮᠡᠭᠳᠡᠭᠡᠳ 552 ᠳ᠋ᠦᠩᠰᠢᠭᠤᠷ ᠲᠥᠭᠦᠷᠢᠭ ᠪᠣᠯᠵᠤ᠂ ᠵᠢᠯ ᠪᠦᠷᠢ ᠳᠤᠮᠳᠠᠴᠢ ᠪᠠᠷ 11.5%᠎ ᠪᠠᠷ ᠨᠡᠮᠡᠭᠳᠡᠵᠤ᠂ ᠭᠤᠣᠯ ᠪᠣᠯᠬᠤ ᠠᠵᠤ ᠠᠬᠤᠢ ᠶᠢᠨ ᠭᠦᠢᠴᠡᠳᠬᠡᠯ ᠲᠤᠭ᠎ᠠ ᠪᠥᠬᠦ ᠣᠷᠣᠨ ᠳᠤ ᠲᠡᠷᠢᠭᠦᠯᠡᠬᠦ ᠶᠢ ᠪᠠᠲᠤᠯᠠᠪᠠ᠃ ᠠᠵᠤ ᠦᠢᠯᠡᠰ ᠤᠨ ᠬᠥᠭᠵᠢᠯᠲᠡ ᠭᠦᠨ ᠲᠠᠪᠬᠤᠷᠭ᠎ᠠ ᠲᠡᠰᠢ ᠬᠤᠪᠢᠰᠪᠠ᠃ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠬᠤ ᠨᠢᠭᠡ ᠪᠦᠯᠦᠭ ᠴᠢᠬᠤᠯᠠ ᠶᠡᠭᠡ ᠲᠥᠷᠥᠯ ᠵᠦᠢᠯ ᠢ ᠪᠠᠶᠢᠭᠤᠯᠤᠨ ᠪᠦᠲᠦᠭᠡᠵᠦ᠂ ᠨᠡᠭᠦᠷᠡᠰᠦ ᠴᠠᠬᠢᠯᠭᠠᠨ ᠤ ᠮᠠᠰᠢᠨ ᠴᠣᠭᠴᠠᠯᠠᠪᠤᠷᠢ 2531 ᠲᠦᠮᠡᠨ ᠺᠢᠯᠣᠸᠠᠲ ᠲᠤ ᠬᠦᠷᠴᠦ᠂ ᠰᠢᠨ᠎ᠡ ᠡᠨᠧᠷᠭᠢ ᠶᠢᠨ ᠮᠠᠰᠢᠨ ᠴᠣᠭᠴᠠᠯᠠᠪᠤᠷᠢ 400 ᠲᠦᠮᠡᠨ ᠺᠢᠯᠣᠸᠠᠲ ᠢ ᠳᠠᠪᠠᠵᠤ᠂ ᠣᠲᠣ ᠦᠶ᠎ᠡ ᠶᠢᠨ ᠨᠡᠭᠦᠷᠡᠰᠦ ᠬᠢᠮᠢ ᠶᠢᠨ ᠠᠵᠤ ᠦᠢᠯᠡᠳᠪᠦᠷᠢ ᠶᠢᠨ ᠦᠢᠯᠡᠳᠪᠦᠷᠢᠯᠡᠯ ᠤᠨ ᠴᠢᠳᠠᠪᠤᠷᠢ 2000 ᠲᠦᠮᠡᠨ ᠲᠣᠨ ᠰᠢᠬᠠᠮ ᠪᠣᠯᠵᠤ᠂ ᠨᠡᠭᠦᠷᠡᠰᠦᠨ ᠤ ᠪᠤᠰᠤ ᠠᠵᠤ ᠦᠢᠯᠡᠰ ᠲᠠᠰᠤᠷᠠᠯᠲᠠ ᠦᠭᠡᠢ ᠪᠤᠵᠠᠭᠠᠶᠢᠷᠠᠵᠤ᠂ ᠮᠠᠨ ᠤ ᠬᠤᠲᠠ ᠤᠯᠤᠰ ᠤᠨ ᠣᠲᠣ ᠦᠶ᠎ᠡ ᠶᠢᠨ ᠨᠡᠭᠦᠷᠡᠰᠦ ᠬᠢᠮᠢ ᠶᠢᠨ ᠠᠵᠤ ᠦᠢᠯᠡᠳᠪᠦᠷᠢ ᠶᠢᠨ ᠠᠵᠤ ᠦᠢᠯᠡᠰ ᠤᠨ ᠵᠢᠱᠢᠶ᠎ᠡ ᠦᠵᠡᠭᠦᠯᠬᠦ ᠣᠷᠣᠨ᠂ ᠤᠯᠤᠰ ᠤᠨ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ ᠲᠦᠷᠦᠭᠦᠸ ᠪᠦᠯᠦᠭ ᠤᠨ ᠵᠢᠱᠢᠶ᠎ᠡ ᠦᠵᠡᠭᠦᠯᠬᠦ ᠣᠷᠣᠨ᠂ ᠤᠯᠤᠰ ᠤᠨ ᠰᠣᠶᠣᠯ  ᠪᠠ ᠵᠢᠭᠤᠯᠴᠢᠯᠠᠯ ᠤᠨ ᠬᠡᠷᠡᠭᠯᠡᠭᠡᠨ ᠤ ᠲᠦᠷᠦᠭᠦᠸ ᠪᠦᠯᠦᠭ ᠤᠨ ᠵᠢᠱᠢᠶ᠎ᠡ ᠦᠵᠡᠭᠦᠯᠬᠦ ᠬᠤᠲᠠ ᠪᠠᠷ ᠲᠣᠭᠲᠠᠭᠠᠭᠳᠠᠪᠠ᠃ ᠥᠭᠡᠷᠡᠴᠢᠯᠡᠯᠲᠡ ᠨᠡᠭᠡᠭᠡᠯᠲᠡ  ᠬᠦᠨᠵᠡᠬᠡᠢ ᠠᠬᠢᠯᠲᠠ ᠲᠠᠢ ᠪᠤᠯᠪᠠ᠃ ᠭᠤᠣᠯᠳᠠᠯᠭ᠎ᠠ ᠲᠠᠢ ᠬᠦᠷᠢᠶᠡᠨ ᠳᠠᠬᠢ ᠥᠭᠡᠷᠡᠴᠢᠯᠡᠯᠲᠡ ᠦᠨᠡᠨ ᠪᠣᠳᠠᠲᠠᠢ ᠦᠷ᠎ᠡ ᠪᠦᠲᠦᠬᠡᠯ ᠣᠯᠵᠤ᠂ ᠬᠤᠳᠠᠯᠳᠤᠭ᠎ᠠ ᠡᠵᠡᠩᠨᠡᠬᠦ ᠣᠷᠴᠢᠨ ᠲᠤᠭᠤᠷᠢᠨ ᠪᠥᠬᠦ ᠣᠷᠣᠨ ᠤ ᠡᠮᠦᠨ᠎ᠡ ᠡᠩᠨᠡᠭᠡᠨ ᠳᠤ ᠣᠷᠣᠵᠤ᠂ ᠵᠠᠬ᠎ᠠ ᠳᠡᠯᠭᠡᠭᠦᠷ ᠤᠨ ᠭᠤᠣᠯ ᠴᠣᠭᠴᠠ 26.5 ᠲᠦᠮᠡᠨ ᠡᠷᠦᠬᠡ ᠳᠤ ᠬᠦᠷᠴᠦ᠂ ᠠᠷᠠᠳ ᠠᠴᠠ ᠡᠵᠡᠩᠨᠡᠭᠰᠡᠨ ᠠᠵᠤ ᠠᠬᠤᠢ ᠶᠢᠨ ᠨᠡᠮᠡᠭᠳᠡᠯ ᠥᠷᠲᠡᠭ GDP᠎ ᠶᠢᠨ 60%᠎ ᠠᠴᠠ ᠳᠡᠭᠡᠭᠰᠢᠬᠢ ᠶᠢ ᠡᠵᠡᠯᠡᠪᠡ᠃ ᠬᠤᠳᠠᠯᠳᠤᠭᠠᠴᠢᠨ ᠤᠷᠢᠵᠤ ᠪᠡᠯᠡ ᠤᠷᠤᠭᠤᠯᠤᠭᠰᠠᠨ ᠤᠷᠤᠨᠵᠢᠭᠰᠠᠨ ᠪᠡᠯᠡ ᠮᠦᠩᠬᠦ ᠨᠡᠶᠢᠲᠡ 1239 ᠳ᠋ᠦᠩᠰᠢᠭᠤᠷ ᠲᠥᠭᠦᠷᠢᠭ ᠎ ᠲᠤ ᠬᠦᠷᠴᠦ᠂ 47.8 ᠳ᠋ᠦᠩᠰᠢᠭᠤᠷ ᠳ᠋ᠣᠯᠯᠠᠷ ᠤᠨ ᠭᠠᠳᠠᠭᠠᠳᠤ ᠪᠡᠯᠡ ᠶᠢ ᠪᠣᠳᠠᠲᠠᠢ ᠠᠰᠢᠭᠯᠠᠭᠰᠠᠨ ᠪᠠᠶᠢᠨ᠎ᠠ᠃ ᠠᠮᠢ ᠠᠬᠤᠢ ᠶᠢᠨ ᠳᠠᠪᠠᠭᠤᠯᠢᠭ  ᠦᠷᠬᠦᠯᠵᠢᠯᠡᠨ ᠪᠠᠬᠢᠵᠢᠪᠡ᠃ ᠤᠯᠤᠰ ᠤᠨ ᠭᠠᠵᠠᠷ ᠰᠢᠷᠤᠢ ᠶᠢ ᠶᠡᠬᠡᠪᠡᠷ ᠨᠣᠭᠤᠭᠠᠷᠠᠭᠤᠯᠬᠤ ᠠᠵᠢᠯᠯᠠᠭ᠎ᠠ ᠶᠢ ᠬᠡᠷᠡᠭᠵᠢᠭᠦᠯᠵᠦ᠂ ᠬᠥᠬᠡ ᠣᠭᠲᠠᠷᠭᠤᠢ᠂ ᠨᠤᠮᠢᠨ ᠤᠰᠤ᠂ ᠠᠷᠢᠭᠤᠨ ᠬᠥᠷᠥᠰᠥ ᠶᠢ ᠬᠠᠮᠠᠭᠠᠯᠠᠬᠤ ᠳᠠᠶᠢᠯᠠᠯᠳᠤᠭᠠᠨ ᠤ ᠱᠠᠲᠤᠴᠢ ᠴᠢᠨᠠᠷᠲᠠᠢ ᠬᠠᠷᠠᠯᠲᠠ ᠡᠭᠦᠷᠭᠡ ᠶᠢ ᠲᠡᠭᠦᠰ ᠠᠮᠵᠢᠯᠲᠠ ᠲᠠᠢ ᠪᠡᠶᠡᠯᠡᠭᠦᠯᠵᠦ᠂ ᠤᠢ ᠰᠢᠭᠤᠢ ᠶᠢᠨ ᠪᠦᠷᠬᠦᠴᠡ ᠶᠢᠨ ᠨᠤᠷᠮ᠎ᠠ 27.3%᠎ ᠳᠤ ᠬᠦᠷᠴᠦ᠂ ᠤᠷᠭᠤᠮᠠᠯ ᠤᠨ ᠪᠦᠷᠬᠦᠴᠡ 70%᠎ ᠠᠴᠠ ᠳᠡᠭᠡᠭᠰᠢ ᠳᠤ ᠲᠤᠭᠳᠠᠪᠤᠷᠢᠵᠢᠵᠤ᠂ ᠠᠭᠠᠷ ᠤᠨ ᠶᠠᠰᠤ ᠴᠢᠨᠠᠷ ᠤᠨ ᠰᠢᠯᠢᠳᠡᠭ ᠰᠠᠶᠢᠨ ᠨᠤᠷᠮ᠎ᠠ 90%ᠣᠷᠴᠢᠮ ᠳᠤ ᠲᠤᠭᠳᠠᠪᠤᠷᠢᠵᠢᠵᠤ᠂ ᠳᠤᠮᠳᠠᠳᠤ ᠤᠯᠤᠰ ᠤᠨ ᠬᠠᠮᠤᠭ ᠤᠨ ᠶᠡᠭᠡ ᠠᠮᠢ ᠠᠬᠤᠢ ᠶᠢᠨ ᠥᠷᠢᠰᠦᠯᠳᠦᠬᠦ ᠬᠦᠴᠦᠨ ᠲᠠᠢ ᠬᠤᠳᠠ ᠪᠠᠷ ᠦᠨᠡᠯᠡᠭᠳᠡᠪᠡ᠃ ᠬᠤᠲᠠ ᠬᠥᠳᠡᠭᠡ ᠶᠢᠨ ᠳᠦᠷᠰᠦ ᠪᠠᠶᠢᠳᠠᠯ ᠣᠯᠠᠨ ᠬᠡᠮᠵᠢᠯ ᠢᠶᠠᠷ ᠳᠡᠭᠡᠭᠰᠢᠯᠡᠪᠡ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠯᠠᠪᠳᠠᠭᠤᠨ ᠪᠠᠲᠤᠲᠠᠢ ᠶᠠᠪᠤᠭᠳᠠᠵᠤ᠂ ᠮᠠᠯᠵᠢᠬᠤ ᠲᠠᠷᠢᠶᠠᠯᠠᠬᠤ ᠣᠷᠣᠨ ᠤ ᠳᠦᠷᠰᠦ ᠪᠠᠶᠢᠳᠠᠯ ᠪᠦᠬᠦ ᠲᠠᠯ᠎ᠠ ᠪᠠᠷ ᠰᠠᠶᠢᠵᠢᠷᠠᠪᠠ᠃ ᠬᠤᠳᠠ ᠪᠠᠯᠭᠠᠰᠣᠵᠢᠯᠲᠠ ᠶᠢᠨ ᠨᠤᠷᠮ᠎ᠠ  ᠳᠡᠭᠡᠭᠰᠢᠯᠡᠨ 77.5% ᠪᠤᠯᠪᠠ︔ ᠪᠣᠰᠤᠭ᠎ᠠ ᠴᠣᠭᠴᠠᠲᠤ ᠤᠳᠤ ᠦᠶ᠎ᠡ ᠶᠢᠨ ᠵᠠᠮ ᠲᠡᠭᠡᠭᠡᠪᠦᠷᠢ ᠶᠢᠨ ᠲᠣᠣᠷ ᠪᠦᠬᠦ ᠲᠠᠯ᠎ᠠ ᠪᠠᠷ ᠪᠦᠷᠢᠯᠳᠦᠪᠡ᠃ ᠤᠯᠤᠰ ᠤᠨ ᠪᠠᠷᠠᠭᠤᠨ ᠤᠷᠤᠨ ᠤ ᠪᠦᠬᠦ ᠤᠯᠤᠰ ᠤᠨ ᠪᠣᠯᠪᠠᠰᠤᠨ ᠬᠤᠳᠠ ᠶᠢᠨ ᠲᠤᠭ᠎ᠠ ᠪᠠᠷ ᠬᠠᠮᠤᠭ ᠤᠨ ᠤᠯᠠᠨ ᠪᠣᠯᠪᠠᠰᠤᠨ ᠬᠤᠳᠠ ᠶᠢᠨ ᠰᠦᠷᠦᠭᠵᠢᠯ ᠢ ᠪᠠᠶᠢᠭᠤᠯᠪᠠ᠃ ᠠᠷᠠᠳ ᠤᠨ ᠠᠮᠢᠳᠤᠷᠠᠯ ᠤᠨ ᠪᠤᠶᠠᠨ ᠵᠢᠷᠭᠠᠯ ᠶᠡᠬᠡᠪᠡᠷ ᠰᠠᠶᠢᠵᠢᠷᠠᠪᠠ᠃ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠡᠭᠦᠷᠭᠡ ᠶᠢ ᠴᠢᠨᠠᠷ ᠰᠠᠶᠢᠲᠠᠢ ᠪᠡᠶᠡᠯᠡᠭᠦᠯᠵᠦ᠂ ᠲᠤᠶᠢᠯ ᠤᠨ ᠶᠠᠳᠠᠭᠤ ᠬᠦᠴᠢᠷᠳᠡᠯ ᠲᠠᠢ ᠠᠰᠠᠭᠤᠳᠠᠯ ᠢ ᠲᠡᠦᠬᠡᠲᠦ ᠴᠢᠨᠠᠷᠲᠠᠢ ᠪᠠᠷ ᠰᠢᠢᠳᠪᠦᠷᠢᠯᠡᠪᠡ᠃ ᠰᠠᠭᠤᠷᠢ ᠰᠤᠷᠭᠠᠨ ᠬᠥᠮᠦᠵᠢᠯ ᠤᠨ ᠬᠥᠭᠵᠢᠯᠲᠡ ᠲᠦᠬᠡᠮᠡᠯᠵᠢᠬᠦᠯᠵᠤ ᠲᠦᠭᠡᠮᠡᠯ ᠠᠰᠢᠭ ᠬᠦᠷᠲᠡᠭᠡᠬᠦ ᠰᠢᠨ᠎ᠡ ᠱᠠᠲᠤᠨ ᠳᠤ ᠣᠷᠣᠵᠤ᠂ ᠳᠡᠭᠡᠳᠦ ᠵᠡᠷᠭᠡ ᠶᠢᠨ ᠰᠤᠷᠭᠠᠨ ᠬᠥᠮᠦᠵᠢᠯ ᠤᠨ ︽ᠨᠢᠭᠡ ᠵᠢᠩᠬᠢᠨᠢ ᠠᠩᠬᠢ ᠭᠤᠷᠪᠠᠨ ᠲᠤᠰᠬᠠᠢ ᠮᠡᠷᠭᠡᠵᠢᠯ︾᠎ ᠤᠨ ᠪᠠᠶᠢᠳᠠᠯ ᠢ ᠪᠦᠷᠢᠯᠳᠦᠭᠦᠯᠪᠡ᠃ ᠪᠦᠬᠦ ᠣᠷᠣᠨ ᠳᠤ ᠡᠩ ᠲᠡᠷᠢᠭᠦᠨ ᠳᠤ ᠤᠯᠤᠰ ᠤᠨ ᠡᠷᠡᠭᠦᠯ ᠬᠠᠮᠠᠭᠠᠯᠠᠯ ᠤᠨ ᠰᠢᠶᠠᠨ ᠬᠤᠳᠠ ᠶᠢ ᠴᠦᠮ ᠪᠦᠷᠬᠦᠬᠦᠯᠬᠦ ᠶᠢ ᠪᠡᠶᠡᠯᠡᠭᠦᠯᠵᠦ᠂ ᠬᠤᠶᠠᠷ ᠬᠤᠭᠤᠴᠠᠭ᠎ᠠ ᠳᠠᠷᠠᠭᠠᠯᠠᠨ ᠪᠦᠬᠦ ᠤᠯᠤᠰ ᠤᠨ ᠨᠡᠶᠢᠭᠡᠮ ᠤᠨ ᠠᠮᠤᠷ ᠲᠦᠪᠰᠢᠨ ᠢ ᠶᠡᠷᠦᠩᠬᠡᠶᠢᠯᠡᠨ ᠵᠠᠰᠠᠬᠤ ᠰᠢᠯᠢᠳᠡᠭ ᠬᠤᠳᠠ ᠪᠠᠷ ᠦᠨᠡᠯᠡᠭᠳᠡᠵᠦ᠂ ᠪᠦᠬᠦ ᠤᠯᠤᠰ ᠤᠨ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠵᠢᠱᠢᠶ᠎ᠡ ᠦᠵᠡᠭᠦᠯᠬᠦ ᠬᠤᠳᠠ ᠶᠢ ᠠᠮᠵᠢᠯᠲᠠ ᠲᠠᠢ ᠡᠭᠦᠳᠦᠨ ᠪᠠᠶᠢᠭᠤᠯᠵᠤ᠂ ᠳᠤᠮᠳᠠᠳᠤ ᠤᠯᠤᠰ  ᠤᠨ ᠬᠠᠮᠤᠭ ᠤᠨ ᠵᠣᠯ ᠵᠢᠷᠭᠠᠯᠲᠤ ᠲᠥᠷᠥᠭᠳᠡᠯ ᠲᠠᠢ ᠬᠤᠳᠠ ᠶᠢᠨ ᠢᠷᠠᠭᠤ ᠠᠯᠳᠠᠷ ᠢ ᠬᠦᠷᠳᠡᠪᠡ᠃ ᠪᠥᠬᠦ ᠬᠤᠲᠠ ᠶᠢᠨ ᠺᠠᠳ᠋ᠷ ᠣᠯᠠᠨ ᠲᠦᠮᠡᠨ ᠴᠥᠬᠦᠷᠡᠰᠢ ᠦᠭᠡᠢ ᠲᠡᠮᠡᠴᠡᠬᠦ ᠪᠠᠷ ᠳᠡᠮᠵᠢᠨ᠂ ︽13 · 5︾᠎ ᠶᠢᠨ ᠭᠤᠣᠯ ᠬᠠᠷᠠᠯᠲᠠ ᠡᠭᠦᠷᠭᠡ ᠶᠢ ᠤᠷᠤᠭᠰᠢᠲᠠᠢ ᠪᠡᠶᠡᠯᠡᠭᠦᠯᠵᠦ᠂ ᠴᠢᠨᠡᠭᠡᠯᠢᠭ ᠨᠡᠶᠢᠭᠡᠮ ᠢ ᠪᠥᠬᠦ ᠲᠠᠯ᠎ᠠ ᠪᠠᠷ ᠪᠠᠶᠢᠭᠤᠯᠤᠨ ᠪᠦᠲᠦᠭᠡᠬᠦ ᠠᠭᠤᠤ ᠶᠡᠭᠡ ᠢᠯᠠᠯᠲᠠ ᠶᠢ ᠲᠡᠮᠡᠴᠡᠨ ᠣᠯᠵᠤ᠂ ᠲᠣᠰ ᠬᠤᠭᠤᠴᠠᠭᠠᠨ ᠤ ᠵᠠᠰᠠᠭ ᠤᠨ ᠣᠷᠳᠣᠨ ᠤ ᠲᠡᠭᠦᠰ ᠠᠮᠵᠢᠯᠲᠠ ᠲᠠᠢ ᠲᠡᠭᠦᠰᠬᠡᠯ ᠢ ᠪᠡᠶᠡᠯᠡᠭᠦᠯᠪᠡ︕    ᠲᠥᠯᠥᠭᠡᠯᠡᠭᠴᠢᠳ ᠠ᠋︕ ᠰᠢᠨ᠎ᠡ ᠨᠢᠬᠡᠨ ᠬᠤᠭᠤᠴᠠᠭᠠᠨ ᠤ ᠵᠠᠰᠠᠭ ᠤᠨ ᠣᠷᠳᠣᠨ ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠰᠢᠨ᠎ᠡ ᠠᠶᠠᠨ ᠢ ᠡᠬᠢᠯᠡᠬᠦᠯᠬᠦ ᠵᠠᠷᠯᠢᠭ ᠢ ᠲᠤᠰᠴᠣ᠂ ᠬᠤᠶᠠᠳᠤᠭᠠᠷ ᠵᠠᠭᠤᠨ ᠵᠢᠯ ᠤᠨ ᠲᠡᠮᠡᠴᠡᠬᠦ ᠬᠠᠷᠠᠯᠲᠠ ᠲᠡᠰᠢ ᠤᠷᠤᠭᠰᠢᠯᠠᠬᠤ ᠵᠠᠩᠭᠢᠯᠠᠭ᠎ᠠ ᠶᠢᠨ ᠴᠠᠭ ᠦᠶ᠎ᠡ ᠳᠤ ᠣᠷᠣᠵᠤ᠂ ︽14 · 5︾᠎ ᠶᠢᠨ ᠲᠥᠯᠦᠪᠵᠢᠭᠦᠯᠭᠡ ᠶᠢ ᠢᠯᠠᠯᠲᠠ ᠲᠠᠢ ᠪᠠᠷ ᠪᠡᠶᠡᠯᠡᠭᠦᠯᠬᠦ ᠪᠠ ︽ᠰᠢᠨ᠎ᠡ ᠵᠠᠮ ᠢᠶᠠᠷ ᠰᠠᠶᠢᠲᠤᠷ ᠵᠠᠮᠨᠠᠵᠤ᠂ ᠬᠤᠰᠢᠭᠤᠴᠢ ᠣᠷᠣᠨ ᠢ ᠪᠦᠲᠦᠭᠡᠨ ᠪᠠᠶᠢᠭᠤᠯᠬᠤ︾ ᠴᠢᠬᠤᠯᠠ ᠶᠡᠭᠡ ᠡᠭᠦᠷᠭᠡ ᠶᠢ ᠡᠭᠦᠷᠭᠡᠯᠡᠵᠦ ᠪᠤᠢ᠃ ᠲᠡᠦᠬᠡ ᠶᠢᠨ ︽ᠪᠤᠤᠬᠢᠶ᠎ᠠ︾᠎ ᠶᠢ ᠳᠤᠰᠴᠤ᠂ ᠰᠢᠨ᠎ᠡ ᠡᠭᠦᠷᠭᠡ᠂ ᠰᠢᠨ᠎ᠡ ᠥᠷᠢᠰᠦᠯᠳᠦᠭᠡᠨ ᠢ ᠤᠭᠲᠤᠬᠤ ᠳᠤ ᠬᠦᠴᠦᠨ ᠢᠶᠠᠨ ᠡᠷᠬᠡᠪᠰᠢ ᠬᠤᠳᠠ ᠶᠢᠨ ᠲᠠᠪᠤᠳᠤᠭᠠᠷ ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠠᠴᠠ ᠲᠣᠭᠲᠠᠭᠠᠭᠰᠠᠨ ᠬᠠᠷᠠᠯᠲᠠ ᠡᠭᠦᠷᠭᠡ ᠳᠤ ᠲᠥᠪᠯᠡᠷᠡᠭᠦᠯᠵᠦ᠂ ︽ᠵᠢᠷᠭᠤᠭᠠᠨ ᠰᠢᠨ᠎ᠡ ᠰᠢᠪᠲᠤᠯᠤᠯᠲᠠ︾᠎ ᠶᠢ ᠪᠡᠶᠡᠯᠡᠭᠦᠯᠬᠦ ᠶᠢ ᠠᠬᠢᠭᠤᠯᠬᠤ ᠬᠡᠷᠡᠭᠲᠡᠢ   ᠨᠢᠭᠡ ᠳᠤ ᠶᠡᠷᠦᠩᠬᠡᠶᠢᠯᠡᠭᠰᠡᠨ ᠠᠵᠤ ᠠᠬᠤᠢ ᠶᠢᠨ ᠪᠣᠳᠠᠲᠤ ᠬᠦᠴᠦᠨ ᠢ ᠰᠢᠨ᠎ᠡ ᠰᠢᠪᠲᠤᠯᠤᠯᠲᠠ ᠲᠠᠢ ᠪᠤᠯᠭᠠᠨ᠎ᠠ᠃ ᠠᠵᠤ ᠠᠬᠤᠢ ᠶᠢᠨ ᠬᠥᠭᠵᠢᠯᠲᠡ ᠦᠷᠭᠦᠯᠵᠢᠯᠡᠨ ᠪᠥᠬᠦ ᠣᠷᠣᠨ ᠢ ᠬᠦᠲᠦᠯᠦᠨ ᠲᠠᠭᠠᠭᠤᠯᠵᠤ᠂ ᠶᠡᠷᠦᠩᠬᠡᠢ ᠬᠡᠮᠵᠢᠶ᠎ᠡ ᠪᠠᠷ ᠪᠥᠬᠦ ᠤᠯᠤᠰ ᠤᠨ 50 ᠬᠦᠴᠦᠷᠬᠡᠭ ᠲᠤ ᠤᠷᠤᠵᠤ᠂ ︽ᠲᠦᠮᠡᠨ ᠳ᠋ᠦᠩᠰᠢᠭᠤᠷ ᠲᠦᠬᠦᠷᠢᠭ ᠤᠨ GDP᠎ ᠲᠠᠢ ᠬᠤᠲᠠ︾᠎ ᠎ ᠶᠢᠨ ᠡᠩᠨᠡᠭᠡᠨ ᠳᠤ ᠡᠷᠲᠡ ᠨᠢᠭᠡᠨ ᠡᠳᠦᠷ ᠳᠠᠪᠰᠢᠨ ᠤᠷᠤᠨ᠎ᠠ᠃ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ ᠠᠯᠬᠤᠴᠠ ᠶᠢ ᠲᠦᠷᠭᠡᠳᠭᠡᠵᠤ᠂ ᠨᠡᠭᠦᠷᠡᠰᠦ᠂ ᠨᠡᠭᠦᠷᠡᠰᠦ ᠬᠢᠮᠢ ᠶᠢᠨ ᠠᠵᠤ ᠦᠢᠯᠡᠳᠪᠦᠷᠢ ᠶᠢᠨ ᠦᠢᠯᠡᠳᠬᠦᠨ ᠤ ᠥᠷᠲᠡᠭ ᠨᠢ 2000 ᠳ᠋ᠦᠩᠰᠢᠭᠤᠷ ᠲᠥᠭᠦᠷᠢᠭ ᠢ ᠳᠠᠪᠠᠭᠰᠠᠨ 2 ᠠᠵᠤ ᠦᠢᠯᠡᠰ ᠤᠨ ᠰᠦᠷᠦᠭᠵᠢᠯ᠂ ᠰᠢᠨ᠎ᠡ ᠡᠨᠧᠷᠭᠢ᠂ ᠲᠤᠨᠤᠭᠯᠠᠯ ᠦᠶᠯᠡᠳᠬᠦ᠂ ᠰᠢᠨ᠎ᠡ ᠮᠠᠲ᠋ᠧᠷᠢᠶᠠᠯ ᠤᠨ 1000 ᠳ᠋ᠦᠩᠰᠢᠭᠤᠷ ᠲᠥᠭᠦᠷᠢᠭ ᠢ ᠳᠠᠪᠠᠭᠰᠠᠨ 3 ᠠᠵᠤ ᠦᠢᠯᠡᠰ ᠤᠨ ᠰᠦᠷᠦᠭᠵᠢᠯ᠂ ᠴᠠᠬᠢᠯᠭᠠᠨ ᠬᠦᠴᠦᠨ᠂ ᠲᠣᠰᠣ ᠬᠡᠢ ᠵᠡᠷᠭᠡ 500 ᠳ᠋ᠦᠩᠰᠢᠭᠤᠷ ᠲᠥᠭᠦᠷᠢᠭ ᠢ ᠳᠠᠪᠠᠭᠰᠠᠨ 2 ᠠᠵᠤ ᠦᠢᠯᠡᠰ ᠤᠨ ᠰᠦᠷᠦᠭᠵᠢᠯ᠂ ᠲᠣᠭᠠᠴᠢᠯᠠᠭᠰᠠᠨ ᠠᠵᠤ ᠠᠬᠤᠢ᠂ ᠡᠨᠧᠷᠭᠢ ᠠᠷᠪᠢᠯᠠᠵᠤ ᠣᠷᠴᠢᠨ ᠲᠣᠭᠤᠷᠢᠨ ᠢ ᠬᠠᠮᠠᠭᠠᠯᠠᠬᠤ᠂ ᠨᠣᠯᠤᠥᠷ ᠤᠨ ᠨᠡᠬᠡᠮᠡᠯ᠂ ᠠᠮᠢᠳᠤ ᠪᠣᠳᠠᠰ ᠤᠨ ᠡᠮ ᠡᠮᠨᠡᠯᠭᠡ ᠵᠡᠷᠭᠡ ᠦᠢᠯᠡᠳᠬᠦᠨ ᠤ ᠥᠷᠲᠡᠭ ᠨᠢ ᠵᠠᠭᠤᠨ ᠳ᠋ᠦᠩᠰᠢᠭᠤᠷ ᠲᠥᠭᠦᠷᠢᠭ ᠢ ᠳᠠᠪᠠᠭᠰᠠᠨ 2 ᠠᠵᠤ ᠦᠢᠯᠡᠰ ᠤᠨ ᠰᠦᠷᠦᠭᠵᠢᠯ ᠢ ᠪᠣᠶᠢᠵᠢᠭᠤᠯᠤᠨ ᠪᠦᠷᠢᠯᠳᠦᠭᠦᠯᠦᠨ᠎ᠡ᠃   ᠬᠤᠶᠠᠷ ᠲᠤ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠴᠢᠳᠠᠪᠤᠷᠢ ᠶᠢ ᠰᠢᠨ᠎ᠡ ᠰᠢᠪᠲᠤᠯᠤᠯᠲᠠ ᠲᠠᠢ ᠪᠤᠯᠭᠠᠨ᠎ᠠ᠃ ᠪᠦᠬᠦ ᠨᠡᠶᠢᠭᠡᠮ ᠤᠨ ᠰᠤᠳᠤᠯᠤᠨ ᠨᠡᠭᠡᠭᠡᠬᠦ ᠵᠠᠷᠤᠳᠠᠯ ᠢ ᠵᠢᠯ ᠪᠦᠷᠢ ᠳᠤᠮᠳᠠᠴᠢ ᠪᠠᠷ 25%᠎ ᠠᠴᠠ ᠳᠡᠭᠡᠭᠰᠢ ᠨᠡᠮᠡᠭᠳᠡᠭᠦᠯᠵᠦ᠂ ᠬᠦᠴᠦᠯᠡᠴᠡ ᠶᠢ 2.1% ᠣᠷᠴᠢᠮ ᠬᠦᠷᠭᠡᠵᠤ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠰᠤᠳᠤᠯᠤᠨ ᠨᠡᠭᠡᠭᠡᠬᠦ ᠠᠵᠢᠯᠯᠠᠭ᠎ᠠ ᠶᠢ ᠨᠡᠶᠢᠳᠡᠮ ᠪᠦᠷᠬᠦᠬᠦᠯᠵᠤ᠂ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠪᠠ ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ ᠳᠤᠮᠳᠠ ᠵᠢᠵᠢᠭ ᠠᠵᠤ ᠠᠬᠤᠶᠢᠯᠠᠯ ᠤᠨ ᠲᠤᠭ᠎ᠠ ᠬᠡᠮᠵᠢᠶ᠎ᠡ ᠶᠢ ᠬᠤᠶᠠᠷ ᠳᠠᠬᠢᠨ ᠢᠶᠠᠷ ᠨᠡᠮᠡᠭᠳᠡᠬᠦᠯᠵᠤ ᠂ ᠥᠪᠡᠷᠲᠡᠭᠡᠨ ᠵᠠᠰᠠᠬᠤ ᠣᠷᠣᠨ ᠤ ᠲᠠᠰ ᠠᠴᠠ ᠳᠡᠭᠡᠭᠰᠢᠬᠢ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠲᠠᠪᠴᠠᠩ ᠢ 200᠎ ᠠᠴᠠ ᠳᠡᠭᠡᠭᠰᠢ ᠳᠤ ᠬᠦᠷᠭᠡᠨ᠂ ᠰᠢᠨᠵᠢᠯᠡᠬᠦ ᠤᠬᠠᠭᠠᠨ ᠮᠡᠷᠭᠡᠵᠢᠯ ᠤᠨ ᠲᠡᠷᠢᠭᠦᠨ ᠤ ᠳᠠᠭᠠᠭᠤᠯᠤᠭᠴᠢ ᠴᠢᠳᠠᠪᠤᠷᠢᠲᠠᠨ ᠪᠠ ᠰᠢᠨ᠎ᠡ ᠶᠢ ᠡᠭᠦᠳᠬᠦ ᠪᠦᠯᠬᠦᠮ ᠨᠡᠶᠢᠲᠡ ᠶᠢ ᠪᠣᠶᠢᠵᠢᠭᠤᠯᠤᠨ᠂ ᠳᠤᠮᠳᠠ ᠪᠠᠷᠠᠭᠤᠨ ᠤᠷᠤᠨ ᠤ ᠭᠠᠵᠠᠷ ᠣᠷᠣᠨ ᠤ ᠴᠢᠬᠤᠯᠠ ᠴᠢᠳᠠᠪᠤᠷᠢᠲᠠᠨ ᠤ ᠲᠥᠪ ᠪᠠ ᠰᠢᠨ᠎ᠡ ᠶᠢ ᠡᠭᠦᠳᠬᠦ ᠥᠨᠳᠦᠷᠯᠢᠭ ᠢ ᠪᠣᠶ ᠪᠣᠯᠭᠠᠵᠤ᠂ ᠤᠯᠤᠰ ᠤᠨ ᠰᠢᠨ᠎ᠡ ᠶᠢ ᠡᠭᠦᠳᠬᠦ ᠬᠡᠯᠪᠡᠷᠢ ᠶᠢᠨ ᠬᠤᠲᠠ ᠶᠢ ᠪᠠᠶᠢᠭᠤᠯᠤᠨ᠎ᠠ᠃   ᠭᠤᠷᠪᠠ ᠳᠤ ᠥᠭᠡᠷᠡᠴᠢᠯᠡᠯᠲᠡ ᠨᠡᠭᠡᠭᠡᠯᠲᠡ ᠎ ᠶᠢ ᠬᠦᠨᠵᠡᠬᠡᠶᠢᠷᠡᠬᠦᠯᠬᠦ ᠶᠢ ᠰᠢᠨ᠎ᠡ ᠰᠢᠪᠲᠤᠯᠤᠯᠲᠠ ᠲᠠᠢ ᠪᠤᠯᠭᠠᠨ᠎ᠠ᠃ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠢ ᠭᠡᠳᠦᠷᠡᠬᠦ ᠳᠠᠭᠠᠨ ᠨᠢᠭᠡ ᠤᠳᠠᠭ᠎ᠠ ᠬᠦᠶᠦᠬᠦ ᠶᠢ ᠪᠦᠬᠦ ᠲᠠᠯ᠎ᠠ ᠪᠠᠷ ᠪᠡᠶᠡᠯᠡᠭᠦᠯᠵᠦ᠂ ᠡᠯᠧᠮᠧᠨ᠋ᠲ ᠢ ᠵᠠᠬ᠎ᠠ ᠳᠡᠯᠭᠡᠭᠦᠷᠴᠢᠯᠡᠨ ᠲᠣᠬᠢᠷᠠᠭᠤᠯᠬᠤ ᠪᠠᠶᠢᠭᠤᠯᠤᠯ ᠲᠣᠭᠲᠠᠴᠠ ᠶᠢ ᠨᠡᠩ ᠲᠡᠭᠦᠯᠳᠡᠷᠵᠢᠭᠦᠯᠵᠦ᠂ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠮᠦ ᠪᠦᠷᠢ ᠶᠢᠨ ᠳᠤᠮᠳᠠᠴᠢ ᠦᠷ᠎ᠡ ᠠᠰᠢᠭ ᠢ ᠬᠤᠶᠠᠷ ᠳᠠᠬᠢᠨ ᠢᠶᠠᠷ ᠨᠡᠮᠡᠭᠳᠡᠭᠦᠯᠵᠦ᠂ ᠵᠠᠬ᠎ᠠ ᠳᠡᠯᠭᠡᠭᠦᠷᠴᠢᠯᠡᠭᠰᠡᠨ᠂ ᠬᠠᠤᠯᠢᠵᠢᠭᠰᠠᠨ᠂ ᠳᠡᠯᠡᠬᠡᠶᠢᠵᠢᠭᠰᠡᠨ ᠲᠡᠷᠢᠭᠦᠨ ᠤ ᠬᠤᠳᠠᠯᠳᠤᠭ᠎ᠠ ᠡᠵᠡᠩᠨᠡᠬᠦ ᠣᠷᠴᠢᠨ ᠲᠤᠭᠤᠷᠢᠨ ᠢ ᠪᠤᠢ ᠪᠣᠯᠭᠠᠨ᠎ᠠ᠃ ᠤᠷᠳᠤᠰ ︱ ᠲᠡᠮᠡᠭᠡᠲᠦ︱ ᠶᠠᠨ ᠠᠨ ᠬᠦᠷᠬᠦ ᠳᠡᠭᠡᠳᠦ ᠬᠤᠷᠳᠤᠴᠠᠲᠤ ᠲᠡᠮᠦᠷ ᠵᠠᠮ᠂ ᠪᠤᠭᠤᠲᠤ ︱ ᠣᠷᠳᠣᠰ ᠬᠦᠷᠬᠦ ᠳᠡᠭᠡᠳᠦ ᠬᠤᠷᠳᠤᠴᠠᠲᠤ ᠲᠡᠮᠦᠷ ᠵᠠᠮ ᠢ ᠴᠢᠷᠮᠠᠶᠢᠨ ᠪᠠᠶᠢᠭᠤᠯᠵᠤ᠂ ᠬᠥᠬᠡᠬᠤᠲᠠ ︱ ᠪᠤᠭᠤᠲᠤ ︱ ᠣᠷᠳᠣᠰ ︱ ᠲᠡᠮᠡᠭᠡᠲᠦ ᠶᠢᠨ 1 ᠴᠠᠭ ᠤᠨ ᠲᠦᠷᠬᠡᠨ ᠬᠦᠷᠬᠦ ᠲᠡᠮᠦᠷ ᠵᠠᠮ ᠢ ᠨᠡᠪᠲᠡᠷᠡᠭᠦᠯᠬᠦ ᠶᠢ ᠪᠡᠶᠡᠯᠡᠬᠦᠯᠵᠤ᠂ ︽ᠭᠤᠤᠯ ᠰᠠᠯᠪᠤᠷᠢ ᠨᠡᠪᠲᠡᠷᠡᠬᠦ᠂ ᠪᠥᠬᠦ ᠰᠦᠯᠵᠢᠶ᠎ᠡ ᠪᠠᠷ ᠬᠤᠯᠪᠣᠭᠠᠯᠠᠬᠤ︾ ᠣᠷᠣᠨ ᠪᠦᠰᠡ ᠶᠢᠨ ᠴᠢᠨᠠᠷᠲᠠᠢ ᠠᠭᠠᠷ ᠤᠨ ᠠᠶᠠᠯᠠᠯ ᠤᠨ ᠬᠦᠢᠰᠦ ᠶᠢ ᠪᠠᠶᠢᠭᠤᠯᠤᠨ᠎ᠠ᠃ ᠬᠠᠲᠤᠨ ᠭᠤᠣᠯ ᠤᠨ ︽几︾ ᠦᠰᠦᠭᠲᠦ ᠲᠤᠬᠤᠢ ᠶᠢᠨ ᠬᠤᠲᠠ ᠶᠢᠨ ᠲᠣᠭᠤᠷᠢᠭ᠂ ᠬᠥᠬᠡᠬᠤᠲᠠ ᠪᠤᠭᠤᠲᠤ ᠣᠷᠳᠣᠰ ᠲᠡᠮᠡᠭᠡᠲᠦ ᠶᠢᠨ ᠬᠤᠲᠠ ᠶᠢᠨ ᠰᠦᠷᠦᠭᠵᠢᠯ᠂ ᠬᠥᠬᠡᠬᠤᠲᠠ ᠪᠤᠭᠤᠲᠤ ᠣᠷᠳᠣᠰ ᠦᠬᠠᠢ ᠶᠢᠨ ᠨᠢᠭᠡ ᠴᠣᠭᠴᠠᠵᠢᠯᠲᠠ ᠵᠡᠷᠭᠡ ᠪᠠᠶᠢᠯᠳᠤᠬᠤ ᠪᠣᠳᠣᠯᠭ᠎ᠠ ᠶᠢᠨ ᠳᠤᠮᠳᠠᠬᠢ ᠬᠥᠲᠥᠯᠥᠨ ᠳᠠᠭᠠᠭᠤᠯᠬᠤ ᠦᠢᠯᠡᠳᠦᠯ ᠢ ᠪᠥᠬᠦ ᠲᠠᠯ᠎ᠠ ᠪᠠᠷ ᠲᠣᠪᠣᠶᠢᠮ᠎ᠠ ᠪᠤᠯᠭᠠᠵᠤ᠂ ᠪᠥᠬᠦ ᠤᠯᠤᠰ ᠤᠨ ᠭᠠᠳᠠᠭᠠᠳᠤ ᠠᠷᠠᠯᠵᠢᠶᠠᠨ ᠤ ᠵᠠᠭᠤᠨ ᠬᠦᠴᠦᠷᠬᠡᠭ ᠬᠤᠲᠠ ᠶᠢᠨ 50 ᠬᠦᠴᠦᠷᠬᠡᠭ ᠲᠤ ᠣᠷᠣᠵᠤ᠂ ᠮᠠᠨ ᠤ ᠤᠯᠤᠰ ᠤᠨ ᠤᠮᠠᠷᠠᠰᠢ ᠨᠡᠭᠡᠭᠡᠯᠲᠡ ᠬᠢᠬᠦ ᠴᠢᠬᠤᠯᠠ ᠪᠠᠬᠢᠯᠡᠯᠲᠡ ᠪᠤᠯᠭᠠᠨ᠎ᠠ᠃   ᠳᠥᠷᠪᠡ ᠳᠤ ᠪᠣᠬᠢᠷᠳᠤᠯ ᠦᠭᠡᠢ ᠲᠤᠤᠷ᠎ᠠ ᠨᠡᠬᠦᠷᠡᠰᠦᠳᠦ᠋ᠷᠦᠭᠴᠢᠲᠦ ᠬᠥᠭᠵᠢᠯᠲᠡ ᠶᠢ ᠰᠢᠨ᠎ᠡ ᠰᠢᠪᠲᠤᠯᠤᠯᠲᠠ ᠲᠠᠢ ᠪᠤᠯᠭᠠᠨ᠎ᠠ᠃ ᠠᠮᠢ ᠠᠬᠤᠢ ᠶᠢᠨ ᠪᠣᠬᠢᠷᠳᠤᠯ ᠦᠭᠡᠢ᠂ ᠦᠢᠯᠡᠳᠪᠦᠷᠢᠯᠡᠯ ᠤᠨ ᠡᠨᠧᠷᠭᠢ ᠠᠷᠪᠢᠯᠠᠬᠤ᠂ ᠠᠮᠢᠳᠤᠷᠠᠯ ᠤᠨ ᠳᠣᠣᠷ᠎ᠠ ᠨᠡᠬᠦᠷᠡᠰᠦᠳᠦᠶᠢᠷᠦᠭᠴᠢᠲᠦ ᠬᠢᠷᠢ ᠲᠦᠪᠰᠢᠨ ᠢ ᠶᠡᠭᠡ ᠪᠠᠷ ᠳᠡᠭᠡᠭᠰᠢᠯᠡᠭᠦᠯᠵᠦ᠂ ᠠᠭᠤᠯᠠ ᠤᠰᠤ ᠣᠶ ᠰᠢᠭᠤᠢ ᠲᠠᠷᠢᠶᠠᠨ ᠭᠠᠵᠠᠷ ᠨᠠᠭᠤᠷ ᠴᠥᠭᠦᠷᠥᠮ ᠡᠪᠡᠰᠦ ᠡᠯᠡᠰᠦ ᠶᠢ ᠨᠢᠭᠡ ᠴᠣᠭᠴᠠᠵᠢᠭᠤᠯᠤᠨ ᠬᠠᠮᠠᠭᠠᠯᠠᠬᠤ ᠪᠠ ᠰᠢᠰᠲ᠋ᠧᠮ ᠲᠠᠢ ᠵᠠᠰᠠᠬᠤ ᠠᠵᠢᠯ ᠤᠨ ᠦᠷ᠎ᠡ ᠪᠦᠲᠦᠮᠵᠢ ᠶᠢ ᠨᠡᠩ ᠢᠯᠡᠷᠬᠡᠢ ᠪᠤᠯᠭᠠᠵᠤ᠂ ᠪᠣᠶ ᠪᠦᠬᠦᠢ ᠠᠭᠤᠷᠬᠠᠢ ᠶᠢ ᠪᠣᠬᠢᠷᠳᠤᠯ ᠦᠭᠡᠢ ᠠᠭᠤᠷᠬᠠᠢ ᠪᠤᠯᠭᠠᠨ ᠪᠥᠬᠦ ᠲᠠᠯ᠎ᠠ ᠪᠠᠷ ᠪᠠᠶᠢᠭᠤᠯᠤᠨ ᠪᠦᠲᠦᠭᠡᠵᠦ᠂ ᠲᠦᠮᠡᠨ ᠲᠥᠭᠦᠷᠢᠭ ᠤᠨ GDP᠎ ᠶᠢᠨ ᠤᠰᠤ ᠬᠡᠷᠡᠭᠯᠡᠬᠦ ᠬᠡᠮᠵᠢᠶ᠎ᠡ ᠶᠢ 10%᠎ ᠠᠴᠠ ᠳᠡᠭᠡᠭᠰᠢ ᠪᠠᠭᠤᠷᠠᠭᠤᠯᠵᠤ᠂ ᠠᠵᠤ ᠠᠬᠤᠶᠢᠯᠠᠯ ᠤᠨ ᠡᠨᠧᠷᠭᠢ ᠶᠢᠨ ᠬᠤᠷᠣᠭᠳᠠᠯ᠂ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠬᠦᠴᠦᠯᠡᠴᠡ ᠶᠢᠨ ᠬᠢᠵᠠᠭᠠᠷᠯᠠᠯ ᠢ ᠪᠥᠬᠦ ᠤᠯᠤᠰ ᠤᠨ ᠲᠡᠷᠢᠭᠦᠨ ᠤ ᠬᠢᠷᠢ ᠲᠦᠪᠰᠢᠨ ᠳᠤ ᠬᠦᠷᠭᠡᠵᠤ᠂ ᠠᠵᠤ ᠦᠢᠯᠡᠰ ᠤᠨ ᠠᠮᠢ ᠠᠬᠤᠶᠢᠵᠢᠯᠲᠠ᠂ ᠠᠮᠢ ᠠᠬᠤᠢ ᠶᠢᠨ ᠠᠵᠤ ᠦᠢᠯᠡᠰᠵᠢᠯᠲᠡ ᠶᠢ ᠬᠠᠷᠢᠯᠴᠠᠨ ᠠᠬᠢᠭᠤᠯᠵᠤ ᠬᠠᠮᠲᠤ ᠪᠠᠷ ᠠᠭᠤᠰᠤᠯᠴᠠᠭᠤᠯᠵᠤ᠂ ᠤᠯᠤᠰ ᠤᠨ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠬᠤᠲᠠ᠂ ᠬᠠᠲᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠠ ᠴᠢᠨᠠᠷ ᠰᠠᠶᠢᠲᠠᠢ ᠬᠥᠭᠵᠢᠯᠲᠡ ᠶᠢᠨ ᠬᠤᠰᠢᠭᠤᠴᠢ ᠣᠷᠣᠨ ᠢ ᠪᠠᠶᠢᠭᠤᠯᠤᠨ᠎ᠠ᠃    ᠲᠠᠪᠤ ᠳᠤ ᠪᠦᠬᠦ ᠣᠷᠣᠨ ᠪᠦᠰᠡ ᠶᠢᠨ ᠵᠣᠬᠢᠴᠠᠩᠭᠤᠢ ᠬᠥᠭᠵᠢᠯᠲᠡ ᠎ ᠶᠢ ᠰᠢᠨ᠎ᠡ ᠰᠢᠪᠲᠤᠯᠤᠯᠲᠠ ᠲᠠᠢ ᠪᠤᠯᠭᠠᠨ᠎ᠠ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠭᠦᠨᠵᠡᠭᠡᠢ ᠬᠡᠷᠡᠭᠵᠢᠭᠦᠯᠵᠦ᠂ ᠴᠡᠴᠡᠷᠯᠢᠭᠵᠢᠬᠦᠯᠦᠭᠰᠡᠨ ᠬᠤᠳᠠ ᠶᠢᠨ ᠪᠦᠲᠦᠭᠡᠨ ᠪᠠᠶᠢᠭᠤᠯᠤᠯᠲᠠ ᠳᠤ ᠪᠣᠳᠠᠲᠤ ᠦᠷ᠎ᠡ ᠪᠦᠲᠦᠮᠵᠢ ᠣᠯᠵᠤ᠂ ᠪᠦᠬᠦ ᠤᠯᠤᠰ ᠤᠨ ᠪᠣᠯᠪᠠᠰᠤᠨ ᠤ ᠨᠡᠶᠢᠲᠡᠯᠢᠭ ᠵᠢᠱᠢᠶ᠎ᠡ ᠬᠤᠳᠠ ᠶᠢ ᠪᠦᠲᠦᠭᠡᠨ ᠪᠠᠶᠢᠭᠤᠯᠤᠨ᠎ᠠ᠃ ᠳ᠋ᠦᠩᠱᠧᠩ ᠲᠣᠭᠤᠷᠢᠭ ᠤᠨ ᠣᠳᠣ ᠦᠶ᠎ᠡ ᠶᠢᠨ ᠲᠤᠨᠤᠭᠯᠠᠯ ᠦᠢᠯᠡᠳᠬᠦ ᠰᠠᠭᠤᠷᠢᠨ ᠭᠠᠵᠠᠷ ᠢ ᠪᠠᠶᠢᠭᠤᠯᠬᠤ ᠶᠢ ᠳᠡᠮᠵᠢᠵᠦ᠂ ᠬᠢᠶ᠎ᠠ ᠪᠠᠭᠰᠢ ᠲᠣᠭᠤᠷᠢᠭ ᠤᠨ ᠲᠤᠭᠠᠴᠢᠯᠠᠭᠰᠠᠨ ᠠᠵᠤ ᠠᠬᠤᠢ ᠶᠢ ᠠᠭᠤᠰᠤᠯᠴᠠᠭᠤᠯᠬᠤ ᠶᠢ ᠬᠡᠷᠡᠭᠵᠢᠬᠦᠯᠬᠦ ᠬᠤᠰᠢᠭᠤᠴᠢ ᠤᠷᠤᠨ ᠢ ᠪᠠᠶᠢᠭᠤᠯᠬᠤ ᠶᠢ ᠳᠡᠮᠵᠢᠵᠦ᠂ ᠳᠠᠯᠠᠳ ᠬᠤᠰᠢᠭᠤᠨ ᠤ ᠮᠢᠩᠭᠠᠨ ᠲᠦᠮᠡᠨ ᠺᠢᠯᠣᠸᠠᠲ ᠤᠨ ᠳᠡᠰ ᠤᠨ ᠰᠢᠨ᠎ᠡ ᠡᠨᠧᠷᠭᠢ ᠶᠢᠨ ᠰᠠᠭᠤᠷᠢᠨ ᠭᠠᠵᠠᠷ ᠢ ᠪᠠᠶᠢᠭᠤᠯᠬᠤ ᠶᠢ ᠳᠡᠮᠵᠢᠵᠦ᠂ ᠵᠡᠭᠦᠨᠭᠠᠷ ᠬᠤᠰᠢᠭᠤᠨ ᠤ ᠰᠢᠨ᠎ᠡ ᠡᠨᠧᠷᠭᠢ + ᠲᠤᠨᠤᠭᠯᠠᠯ ᠦᠢᠯᠡᠳᠬᠦ ᠠᠵᠤ ᠦᠢᠯᠡᠰ ᠤᠨ ᠬᠤᠯᠪᠣᠭ᠎ᠠ ᠶᠢ ᠪᠠᠶᠢᠭᠤᠯᠬᠤ ᠶᠢ ᠳᠡᠮᠵᠢᠵᠦ᠂ ᠡᠵᠡᠨ ᠬᠤᠷᠤᠭ᠎ᠠ ᠬᠤᠰᠢᠭᠤᠨ ᠤ ︽ᠤᠮᠠᠷᠠᠲᠤ ᠬᠢᠯᠢ ᠶᠢᠨ ᠪᠤᠬᠢᠷᠳᠤᠯ ᠦᠬᠡᠢ ᠤᠰᠤᠲᠥ᠋ᠷᠥᠭᠴᠢ ᠶᠢᠨ ᠬᠤᠲᠠ︾᠎ ᠶᠢ ᠪᠠᠶᠢᠭᠤᠯᠬᠤ ᠶᠢ ᠳᠡᠮᠵᠢᠵᠦ᠂ ᠦᠦᠰᠢᠨ ᠬᠤᠰᠢᠭᠤᠨ ᠤ ᠣᠲᠣ ᠦᠶ᠎ᠡ ᠶᠢᠨ ᠨᠡᠭᠦᠷᠡᠰᠦ ᠬᠢᠮᠢ ᠶᠢᠨ ᠠᠵᠤ ᠦᠢᠯᠡᠳᠪᠦᠷᠢ ᠶᠢᠨ ᠠᠵᠤ ᠦᠢᠯᠡᠰ ᠤᠨ ᠰᠠᠭᠤᠷᠢᠨ ᠭᠠᠵᠠᠷ ᠪᠠᠶᠢᠭᠤᠯᠬᠤ ᠶᠢ ᠳᠡᠮᠵᠢᠵᠦ᠂ ᠬᠠᠩᠭᠢᠨ ᠬᠤᠰᠢᠭᠤᠨ ᠤ ᠲᠣᠮᠣ ᠬᠡᠯᠪᠡᠷᠢ ᠶᠢᠨ ᠰᠠᠯᠬᠢᠨ ᠡᠨᠧᠷᠬᠢ ᠭᠡᠷᠡᠯ ᠴᠡᠨᠡᠭ ᠨᠥᠭᠡᠴᠡᠯᠡᠬᠦ ᠰᠠᠭᠤᠷᠢᠨ ᠭᠠᠵᠠᠷ ᠢ ᠪᠠᠶᠢᠭᠤᠯᠬᠤ ᠶᠢ ᠳᠡᠮᠵᠢᠵᠦ᠂ ᠣᠲᠤᠭ ᠬᠤᠰᠢᠭᠤᠨ ᠤ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ ᠵᠢᠱᠢᠶ᠎ᠡ ᠦᠵᠡᠭᠦᠯᠬᠦ ᠣᠷᠣᠨ ᠢ ᠪᠠᠶᠢᠭᠤᠯᠬᠤ ᠶᠢ ᠳᠡᠮᠵᠢᠵᠦ᠂ ᠣᠲᠤᠭ ᠤᠨ ᠡᠮᠦᠨᠡᠲᠦ ᠬᠤᠰᠢᠭᠤᠨ ᠤ ᠰᠢᠨ᠎ᠡ ᠡᠨᠧᠷᠭᠢ ᠶᠢᠨ ᠠᠵᠤ ᠦᠢᠯᠡᠰ ᠤᠨ ᠴᠢᠬᠤᠯᠠ ᠵᠠᠩᠭᠢᠯᠠᠭ᠎ᠠ ᠴᠡᠭ ᠢ ᠪᠠᠶᠢᠭᠤᠯᠬᠤ ᠶᠢ ᠳᠡᠮᠵᠢᠵᠦ᠂ ᠣᠨᠴᠠᠯᠢᠭ ᠢᠶᠠᠷ ᠢᠯᠡ ᠲᠣᠳᠣ᠂ ᠠᠵᠢᠯ ᠤᠨ ᠬᠤᠪᠢᠶᠠᠷᠢᠯᠠᠯ ᠢᠶᠠᠷ ᠵᠦᠢ ᠵᠣᠬᠢᠰᠲᠠᠢ᠂ ᠳᠠᠪᠠᠭᠤᠯᠢᠭ ᠢᠶᠠᠨ ᠬᠠᠷᠢᠯᠴᠠᠨ ᠨᠥᠬᠦᠪᠦᠷᠢᠯᠡᠭᠰᠡᠨ᠂ ᠥᠷᠢᠰᠦᠯᠳᠦᠨ ᠬᠥᠭᠵᠢᠭᠰᠡᠨ ᠰᠢᠶᠠᠨ ᠤ ᠬᠡᠪᠴᠢᠶᠡᠨ ᠤ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠪᠠᠶᠢᠳᠠᠯ ᠢ ᠪᠥᠬᠦ ᠲᠠᠯ᠎ᠠ ᠪᠠᠷ ᠪᠠᠶᠢᠭᠤᠯᠤᠨ᠎ᠠ᠃   ᠵᠢᠷᠭᠤᠭ᠎ᠠ ᠳᠤ ᠬᠠᠮᠲᠤ ᠪᠠᠷ ᠴᠢᠨᠡᠭᠡᠯᠢᠭᠵᠢᠬᠦ ᠶᠢ ᠠᠬᠢᠭᠤᠯᠬᠤ ᠶᠢ ᠰᠢᠨ᠎ᠡ ᠰᠢᠪᠲᠤᠯᠤᠯᠲᠠ ᠎ ᠲᠠᠢ ᠪᠤᠯᠭᠠᠨ᠎ᠠ᠃ ᠣᠯᠠᠨ ᠲᠥᠷᠥᠯ ᠤᠨ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠠᠷᠠᠲᠤ ᠲᠥᠷᠥᠯ ᠲᠡᠮᠳᠡᠭᠲᠦ ᠶᠢ ᠪᠣᠶ ᠪᠣᠯᠭᠠᠵᠤ᠂ ᠤᠯᠤᠰ ᠤᠨ ᠲᠠᠰ ᠤᠨ ᠪᠥᠬᠦ ᠤᠷᠤᠨ ᠪᠦᠰᠡ ᠶᠢᠨ ᠵᠢᠭᠤᠯᠴᠢᠯᠠᠯ ᠤᠨ ᠵᠢᠱᠢᠶ᠎ᠡ ᠦᠵᠡᠭᠦᠯᠬᠦ ᠣᠷᠣᠨ ᠢ ᠡᠭᠦᠳᠦᠨ ᠪᠠᠶᠢᠭᠤᠯᠵᠤ᠂ ᠭᠤᠷᠪᠠᠨ ᠠᠵᠤ ᠦᠢᠯᠡᠰ ᠤᠨ ᠪᠦᠲᠦᠴᠡ ᠶᠢ ᠨᠠᠩ ᠰᠢᠯᠢᠳᠡᠭᠵᠢᠭᠦᠯᠦᠨ ᠵᠦᠢ ᠵᠣᠬᠢᠰᠲᠠᠢ ᠪᠣᠯᠭᠠᠨ᠎ᠠ᠃ ᠨᠠᠩ ᠪᠦᠷᠢᠨ ᠭᠦᠢᠴᠡᠳ᠂ ᠨᠠᠩ ᠴᠢᠨᠠᠷᠯᠢᠭ ᠠᠵᠢᠯ ᠣᠯᠭᠤᠯᠲᠠ ᠶᠢ ᠪᠡᠶᠡᠯᠡᠭᠦᠯᠵᠦ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠣᠷᠣᠯᠭ᠎ᠠ ᠶᠢ ᠲᠣᠰ ᠲᠣᠰ 65000 ᠲᠥᠭᠦᠷᠢᠭ ᠪᠠ 30000 ᠲᠥᠭᠦᠷᠢᠭ ᠠᠴᠠ ᠳᠡᠭᠡᠭᠰᠢ ᠳᠤ ᠬᠦᠷᠭᠡᠨ᠎ᠡ᠃ ᠰᠤᠷᠭᠠᠨ ᠬᠥᠮᠦᠵᠢᠯ ᠤᠨ ᠣᠳᠣᠬᠢᠴᠢᠯᠠᠯᠲᠠ ᠶᠢ ᠲᠦᠷᠭᠡᠪᠴᠢᠯᠡᠨ ᠠᠬᠢᠭᠤᠯᠵᠤ᠂ ᠡᠯ᠎ᠡ ᠱᠠᠲᠤᠨ ᠤ ᠡᠯ᠎ᠡ ᠲᠦᠷᠦᠯ ᠤᠨ ᠰᠤᠷᠭᠠᠨ ᠬᠥᠮᠦᠵᠢᠯ ᠢ ᠨᠡᠩ ᠴᠢᠨᠠᠷᠯᠢᠭ ᠪᠥᠭᠡᠳ ᠲᠡᠩᠴᠡᠭᠦᠷᠢᠲᠡᠢ ᠬᠥᠭᠵᠢᠭᠦᠯᠵᠦ᠂ ᠤᠯᠤᠰ ᠤᠨ ᠪᠠᠷᠠᠭᠤᠨ ᠣᠷᠣᠨ ᠤ ᠰᠤᠷᠭᠠᠨ ᠬᠥᠮᠦᠵᠢᠯ ᠤᠨ ᠬᠦᠴᠦᠷᠬᠡᠭ ᠬᠤᠳᠠ ᠶᠢ ᠪᠠᠶᠢᠭᠤᠯᠤᠨ᠎ᠠ᠃ ᠡᠮ ᠡᠮᠨᠡᠯᠭᠡ ᠡᠷᠡᠭᠦᠯ ᠬᠠᠮᠠᠭᠠᠯᠠᠯ ᠢ ᠪᠥᠬᠦ ᠣᠷᠣᠨ ᠤ ᠲᠡᠷᠢᠭᠦᠨ ᠤ ᠬᠢᠷᠢ ᠲᠦᠪᠰᠢᠨ ᠳᠤ ᠬᠦᠷᠭᠡᠵᠤ᠂ ᠦᠨᠳᠦᠰᠦᠨ ᠡᠮ ᠡᠮᠨᠡᠯᠭᠡ ᠶᠢᠨ ᠳᠠᠭᠠᠳᠬᠠᠯ ᠳᠤ ᠣᠷᠤᠯᠴᠠᠬᠤ ᠨᠣᠷᠮ᠎ᠠ ᠶᠢ 95%᠎ ᠠᠴᠠ ᠳᠡᠭᠡᠭᠰᠢ ᠳᠤ ᠲᠤᠭᠳᠠᠪᠤᠷᠢᠵᠢᠭᠤᠯᠵᠤ᠂ ᠣᠯᠠᠨ ᠡᠰᠢᠲᠦ ᠨᠠᠰᠤᠵᠢᠯ ᠤᠨ ᠦᠢᠯᠡᠴᠢᠯᠡᠭᠡᠨ ᠤ ᠲᠤᠭᠳᠠᠯᠴᠠᠭ᠎ᠠ ᠶᠢ ᠦᠨᠳᠦᠰᠦᠨ ᠳᠡᠭᠡᠨ ᠪᠦᠷᠢᠯᠳᠦᠭᠦᠯᠵᠦ᠂ ᠰᠣᠶᠣᠯ ᠪᠡᠶ᠎ᠡ ᠶᠢᠨ ᠲᠠᠮᠢᠷ ᠤᠨ ᠦᠢᠯᠡᠰ ᠢ ᠴᠡᠴᠡᠭᠯᠡᠭᠦᠯᠦᠨ ᠬᠥᠭᠵᠢᠭᠦᠯᠵᠦ᠂ ᠠᠷᠠᠳ ᠣᠯᠠᠨ ᠤ ᠵᠣᠯ ᠵᠢᠷᠭᠠᠯ ᠤᠨ ᠵᠢᠭᠠᠯᠲᠠ ᠲᠤᠭ᠎ᠠ ᠶᠢ ᠶᠡᠬᠡᠪᠡᠷ ᠳᠡᠭᠡᠭᠰᠢᠯᠡᠭᠦᠯᠦᠨ᠎ᠡ᠃    ᠳᠡᠭᠡᠷ᠎ᠡ ᠳᠤᠷᠠᠳᠤᠭᠰᠠᠨ ᠬᠥᠭᠵᠢᠯᠲᠡ ᠶᠢᠨ ᠬᠠᠷᠠᠯᠲᠠ ᠶᠢ ᠪᠡᠶᠡᠯᠡᠭᠦᠯᠬᠦ ᠳᠤ ᠡᠷᠬᠡᠪᠰᠢ ︽ᠴᠠᠭ ᠲᠤᠬᠢᠶᠠᠯ︾ ᠪᠠ ︽ᠪᠠᠶᠢᠳᠠᠯ︾᠎ ᠢ ᠣᠨᠣᠪᠴᠢᠲᠠᠶ ᠡᠵᠡᠮᠳᠡᠬᠦ ᠬᠡᠷᠡᠭᠲᠡᠢ᠃ ᠣᠳᠣᠬᠠᠨ ᠳᠤ᠂ ᠣᠳᠣᠬᠢᠴᠢᠯᠠᠭᠰᠠᠨ ᠣᠷᠳᠣᠰ ᠤᠨ ᠪᠦᠲᠦᠭᠡᠨ ᠪᠠᠶᠢᠭᠤᠯᠤᠯᠲᠠ ᠲᠡᠦᠬᠡ ᠶᠢᠨ ᠰᠢᠨ᠎ᠡ ᠡᠬᠢᠯᠡᠯᠲᠡ ᠶᠢᠨ ᠴᠡᠭ ᠳᠡᠭᠡᠷ᠎ᠡ ᠤᠷᠤᠰᠢᠵᠤ ᠪᠠᠶᠢᠨ᠎ᠠ᠃ ᠪᠢᠳᠡ ᠰᠢᠨ᠎ᠡ ᠬᠥᠭᠵᠢᠯᠲᠡ ᠶᠢᠨ ᠪᠠᠶᠢᠳᠠᠯ ᠢ ᠪᠠᠶᠢᠭᠤᠯᠬᠤ ᠪᠠᠶᠢᠯᠳᠤᠬᠤ ᠪᠣᠳᠣᠯᠭ᠎ᠠ ᠶᠢᠨ ᠠᠵᠠ ᠲᠣᠬᠢᠶᠠᠯ᠂ ᠰᠢᠨ᠎ᠡ ᠴᠠᠭ ᠦᠶ᠎ᠡ ᠶᠢᠨ ᠪᠠᠷᠠᠭᠤᠨ ᠣᠷᠣᠨ ᠢ ᠶᠡᠬᠡᠪᠡᠷ ᠨᠡᠭᠡᠭᠡᠨ ᠬᠥᠭᠵᠢᠭᠦᠯᠬᠦ ᠶᠢ ᠠᠬᠢᠭᠤᠯᠬᠤ ᠲᠦᠷᠦ ᠶᠢᠨ ᠪᠣᠳᠣᠯᠭ᠎ᠠ ᠶᠢᠨ ᠠᠵᠠ ᠲᠣᠬᠢᠶᠠᠯ᠂ ᠬᠠᠳᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠣᠯᠣᠨ ᠴᠢᠨᠠᠷ ᠰᠠᠶᠢᠲᠠᠢ ᠬᠥᠭᠵᠢᠯᠲᠡ ᠶᠢᠨ ᠲᠡᠦᠬᠡ ᠶᠢᠨ ᠠᠵᠠ ᠲᠣᠬᠢᠶᠠᠯ ᠢ ᠡᠵᠡᠮᠳᠡᠵᠤ᠂ ᠪᠠᠶᠢᠳᠠᠯ ᠢ ᠠᠵᠢᠭᠯᠠᠵᠤ ᠪᠠᠶᠢᠳᠠᠯ ᠢ ᠠᠮᠵᠢᠨ ᠪᠠᠶᠢᠳᠠᠯ ᠢ ᠡᠵᠡᠮᠳᠡᠵᠦ᠂ ᠠᠰᠬᠠᠨ ᠵᠠᠮ ᠳᠤ ᠲᠠᠭᠠᠷᠢᠯᠲᠠ ᠬᠢᠵᠦ᠂ ᠮᠤᠷᠤᠢ ᠵᠠᠮ ᠳᠤ ᠲᠠᠭᠠᠷᠢᠨ ᠲᠠᠪᠠᠵᠤ᠂ ᠵᠠᠮ ᠰᠣᠯᠢᠵᠤ ᠳᠠᠭᠠᠭᠤᠯᠤᠨ ᠭᠦᠶᠦᠬᠦ ᠬᠡᠷᠡᠭᠲᠡᠢ᠃ ᠡᠷᠬᠡᠪᠰᠢ ︽ᠯᠠᠪᠳᠠᠭᠤᠨ︾ ᠪᠠ︽ᠤᠷᠤᠭᠰᠢᠯᠠᠬᠤ︾᠎ ᠶᠢ ᠣᠨᠣᠪᠴᠢᠲᠠᠶ ᠡᠵᠡᠮᠳᠡᠬᠦ ᠬᠡᠷᠡᠭᠲᠡᠢ᠃ ᠲᠣᠭᠲᠠᠭᠤᠨ ᠪᠠᠶᠢᠯᠭᠠᠬᠤ ᠶᠢ ᠲᠡᠷᠢᠭᠦᠨ ᠳᠤ ᠲᠠᠯᠪᠢᠬᠤ ᠶᠢ ᠪᠠᠷᠢᠮᠲᠠᠯᠠᠵᠤ᠂ ᠲᠣᠭᠲᠠᠭᠤᠨ ᠢᠶᠠᠷ ᠨᠡᠮᠡᠭᠳᠡᠭᠦᠯᠬᠦ ᠶᠢ ᠨᠡᠩ ᠲᠣᠪᠣᠶᠢᠮ᠎ᠠ ᠪᠠᠶᠢᠷᠢᠨ ᠳᠤ ᠲᠠᠯᠪᠢᠵᠤ᠂ ᠵᠦᠢ ᠵᠣᠬᠢᠰᠲᠠᠢ ᠨᠡᠮᠡᠭᠳᠡᠯ ᠤᠨ ᠬᠤᠷᠳᠤᠴᠠ ᠶᠢ ᠪᠠᠲᠤᠯᠠᠵᠤ᠂ ᠠᠵᠢᠯ ᠣᠯᠭᠤᠯᠲᠠ ᠶᠢ ᠲᠣᠭᠲᠠᠪᠤᠷᠢᠵᠢᠭᠤᠯᠬᠤ᠂ ᠠᠷᠠᠳ ᠤᠨ ᠠᠮᠢᠳᠤᠷᠠᠯ ᠢ ᠪᠠᠲᠤᠯᠠᠬᠤ᠂ ᠠᠶᠤᠯ ᠲᠦᠭᠰᠢᠭᠦᠷᠢ ᠶᠢ ᠰᠡᠷᠭᠡᠶᠢᠯᠡᠬᠦ ᠳᠤ ᠬᠦᠴᠦᠷᠬᠡᠭ ᠶᠡᠭᠡ ᠲᠤᠯᠭᠠᠭᠤᠷᠢᠯᠠᠯ ᠬᠠᠩᠭᠠᠬᠤ ᠬᠡᠷᠡᠭᠲᠡᠢ᠃ ᠪᠠᠰᠠ ᠲᠣᠭᠲᠠᠭᠤᠨ ᠤ ᠳᠤᠮᠳᠠ ᠤᠷᠤᠭᠰᠢᠯᠠᠨ ᠳᠠᠪᠰᠢᠵᠤ᠂ ᠬᠡᠯᠪᠡᠷᠢ ᠪᠠᠨ ᠬᠤᠪᠢᠷᠠᠭᠤᠯᠬᠤ ᠶᠢ ᠴᠢᠬᠤᠯᠠ ᠠᠴᠠ ᠴᠢᠬᠤᠯᠠ ᠵᠦᠢᠯ ᠪᠣᠯᠭᠠᠵᠤ᠂ ᠰᠢᠨ᠎ᠡ ᠶᠢ ᠡᠭᠦᠳᠬᠦ ᠶᠢ ᠨᠢᠭᠡᠳᠦᠭᠡᠷ ᠬᠦᠳᠡᠯᠬᠡᠬᠦ ᠬᠦᠴᠦᠨ ᠪᠣᠯᠭᠠᠵᠤ᠂ ᠶᠠᠰᠤ ᠴᠢᠨᠠᠷ ᠤᠨ ᠬᠤᠪᠢᠰᠤᠯᠲᠠ᠂ ᠦᠷ᠎ᠡ ᠠᠰᠢᠭ ᠤᠨ ᠬᠤᠪᠢᠰᠤᠯᠲᠠ᠂ ᠬᠦᠳᠡᠯᠬᠡᠬᠦ ᠬᠦᠴᠦᠨ ᠤ ᠬᠤᠪᠢᠰᠤᠯᠲᠠ ᠶᠢ ᠲᠦᠷᠭᠡᠳᠬᠡᠬᠦ ᠬᠡᠷᠡᠭᠲᠡᠢ᠃ ᠡᠷᠬᠡᠪᠰᠢ ᠭᠤᠣᠯᠳᠠᠯᠭ᠎ᠠ ᠲᠠᠢ ᠪᠠᠷ ᠪᠣᠭᠤᠮᠲᠠ ᠰᠢᠪᠲᠤᠯᠤᠨ ᠰᠢᠪᠲᠤᠯᠤᠯᠲᠠ ᠬᠢᠬᠦ ᠪᠠ ᠪᠦᠬᠦ ᠲᠠᠯ᠎ᠠ ᠪᠠᠷ ᠲᠡᠷᠢᠬᠦᠯᠡᠬᠦ ᠪᠠᠷ ᠴᠢᠷᠮᠠᠶᠢᠨ ᠤᠷᠤᠨ ᠲᠡᠪᠰᠢᠬᠦ ᠪᠠᠷ ᠵᠡᠷᠭᠡᠪᠡᠷ ᠬᠦᠴᠦᠯᠡᠬᠦ ᠶᠢ ᠴᠢᠩᠭᠠᠳᠬᠠᠬᠤ ᠬᠡᠷᠡᠭᠲᠠᠢ᠃ ᠭᠤᠣᠯ ᠵᠥᠷᠢᠴᠡᠯ ᠪᠣᠯᠣᠨ ᠭᠤᠣᠯᠳᠠᠯᠭ᠎ᠠ ᠲᠠᠢ ᠠᠵᠢᠯ ᠢ ᠡᠵᠡᠮᠳᠡᠵᠦ᠂ ᠰᠢᠷᠭᠠᠭᠤ ᠬᠠᠲᠠᠭᠤᠵᠢᠯᠲᠠᠢ ᠠᠵᠢᠯᠯᠠᠵᠤ᠂ ᠤᠨᠢᠨ ᠲᠡᠭᠡᠷ᠎ᠡ ᠨᠢ ᠬᠦᠴᠦᠯᠡᠵᠤ᠂ ᠬᠦᠴᠢᠷ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ᠠᠮᠢᠨ ᠭᠠᠵᠠᠷ ᠢ ᠵᠠᠰᠠᠵᠤ᠂ ᠲᠦᠭᠵᠢᠷᠡᠯ ᠢ ᠰᠢᠯᠤᠭᠤᠳᠬᠠᠬᠤ ᠶᠢᠨ ᠬᠠᠮᠲᠤ ᠪᠠᠰᠠ ᠣᠷᠳᠣᠰ ᠂ ᠥᠪᠥᠷ ᠮᠣᠩᠭᠤᠯ ᠤᠨ ᠬᠦᠷᠢᠶᠡᠨ ᠠᠴᠠ ᠦᠰᠦᠷᠦᠨ ᠭᠠᠷᠴᠤ᠂ ᠪᠦᠬᠦ ᠲᠠᠯ᠎ᠠ ᠪᠠᠷ ᠦᠵᠡᠯ ᠰᠠᠨᠠᠭ᠎ᠠ ᠪᠠᠨ ᠴᠢᠯᠦᠭᠡᠯᠡᠵᠦ ᠲᠠᠬᠢᠨ ᠠᠶᠠᠨ ᠳᠤ ᠮᠣᠷᠳᠠᠵᠤ᠂ ᠪᠦᠬᠦ ᠲᠠᠯ᠎ᠠ ᠪᠠᠷ ᠪᠠᠷᠢᠮᠵᠢᠶ᠎ᠠ ᠲᠠᠢ ᠬᠠᠷᠢᠴᠠᠭᠤᠯᠤᠨ ᠲᠡᠷᠢᠭᠦᠨ ᠳᠤ ᠣᠷᠣᠬᠤ ᠪᠠᠷ ᠡᠷᠡᠯᠬᠡᠭᠯᠡᠨ ᠲᠡᠮᠡᠴᠡᠵᠤ᠂ ᠶᠠᠭᠠᠬᠢᠭᠰᠠᠨ ᠴᠤ ᠬᠠᠭᠤᠴᠢᠨ ᠢᠶᠠᠨ ᠪᠠᠷᠢᠮᠲᠠᠯᠠᠵᠤ ᠬᠡᠪᠰᠢᠷᠡᠨ ᠵᠣᠭᠰᠤᠩᠭᠤᠶᠢᠷᠠᠵᠤ᠂ ᠣᠳᠣᠬᠢ ᠪᠠᠶᠢᠳᠠᠯ ᠳᠠᠭᠠᠨ ᠰᠡᠳᠬᠢᠯ ᠬᠠᠨᠤᠵᠤ ᠪᠣᠯᠬᠤ ᠦᠭᠡᠢ᠃ ᠡᠷᠬᠡᠪᠰᠢ ᠪᠦᠲᠦᠮᠵᠢᠲᠡᠶ ᠵᠠᠬ᠎ᠠ ᠳᠡᠯᠭᠡᠭᠦᠷ ᠪᠠ ᠵᠠᠰᠠᠭ ᠤᠨ ᠣᠷᠳᠣᠨ ᠤ ᠦᠢᠯᠡᠳᠦᠯ ᠢ ᠰᠠᠶᠢᠲᠤᠷ ᠪᠠᠳᠠᠷᠠᠭᠤᠯᠬᠤ ᠬᠡᠷᠡᠭᠲᠡᠢ᠃ ᠵᠠᠬ᠎ᠠ ᠳᠡᠯᠭᠡᠭᠦᠷ ᠤᠨ ᠵᠢᠮ᠎ᠡ ᠶᠣᠰᠣ ᠶᠢ ᠬᠦᠨᠳᠦᠳᠬᠡᠭᠰᠡᠨ ᠰᠠᠭᠤᠷᠢᠨ ᠳᠡᠭᠡᠷ᠎ᠡ᠂ ᠲᠦᠷᠦ ᠶᠢᠨ ᠪᠣᠳᠣᠯᠭ᠎ᠠ ᠪᠠᠷ ᠵᠠᠬ᠎ᠠ ᠳᠡᠯᠭᠡᠭᠦᠷ ᠤᠨ ᠵᠢᠱᠢᠯᠲᠡ ᠶᠢ ᠵᠢᠯᠤᠭᠤᠳᠴᠤ᠂ ᠲᠥᠯᠦᠪᠵᠢᠭᠦᠯᠭᠡ ᠪᠠᠷ ᠪᠡᠯᠡ ᠣᠷᠣᠭᠤᠯᠤᠯᠲᠠ ᠶᠢᠨ ᠴᠢᠭᠯᠡᠯ ᠢ ᠲᠣᠳᠣᠷᠬᠠᠶᠢᠯᠠᠵᠤ᠂ ᠥᠭᠡᠷᠡᠴᠢᠯᠡᠯᠲᠡ ᠪᠠᠷ ᠵᠠᠬ᠎ᠠ ᠳᠡᠯᠭᠡᠭᠦᠷ ᠤᠨ ᠠᠮᠢᠵᠢᠷᠠᠯ ᠤᠨ ᠬᠦᠴᠦᠨ ᠢ ᠬᠥᠭᠵᠢᠭᠡᠵᠦ᠂ ᠬᠠᠤᠯᠢ ᠪᠠᠷ ᠵᠠᠰᠠᠬᠤ ᠪᠠᠷ ᠵᠠᠬ᠎ᠠ ᠳᠡᠯᠭᠡᠭᠦᠷ ᠤᠨ ᠠᠵᠢᠯᠯᠠᠭ᠎ᠠ ᠶᠢ ᠵᠢᠷᠤᠮᠵᠢᠭᠤᠯᠵᠤ᠂ ᠭᠤᠣᠯᠴᠢ ᠪᠠᠷ ᠥᠷᠢᠰᠦᠯᠳᠦᠬᠦ᠂ ᠢᠯᠡ ᠲᠣᠳᠣ ᠵᠠᠬ᠎ᠠ ᠳᠡᠯᠭᠡᠭᠦᠷ ᠤᠨ ᠣᠷᠴᠢᠨ ᠲᠤᠭᠤᠷᠢᠨ ᠢ ᠪᠤᠢ ᠪᠤᠯᠭᠠᠬᠤ ᠬᠡᠷᠡᠭᠲᠠᠢ᠃ ᠡᠷᠬᠡᠪᠰᠢ ᠬᠥᠭᠵᠢᠯᠲᠡ ᠪᠠ ᠠᠮᠤᠷ ᠲᠦᠪᠰᠢᠨ ᠤ ᠬᠤᠶᠠᠷ ᠶᠡᠭᠡ ᠶᠠᠪᠤᠳᠠᠯ ᠢ ᠰᠠᠶᠢᠲᠤᠷ ᠨᠢᠭᠡᠳᠦᠯᠲᠡᠢ ᠲᠦᠯᠦᠪᠯᠡᠬᠦ ᠬᠡᠷᠡᠭᠲᠡᠢ᠃ ᠠᠷᠠᠳ ᠲᠦᠮᠡᠨ ᠢ ᠳᠡᠭᠡᠳᠦᠯᠡᠬᠦ᠂ ᠠᠮᠢ ᠨᠠᠰᠤ ᠶᠢ ᠳᠡᠭᠡᠳᠦᠯᠡᠬᠦ ᠣᠶᠢᠯᠠᠭᠠᠭᠳᠠᠬᠤᠨ ᠢ ᠪᠠᠲᠤ ᠪᠠᠬᠢ ᠪᠤᠢ ᠪᠣᠯᠭᠠᠵᠤ᠂ ᠵᠣᠪᠠᠨᠢᠬᠤᠢ ᠤᠬᠠᠮᠰᠠᠷ᠂ ᠠᠶᠤᠯ ᠲᠦᠭᠰᠢᠭᠦᠷᠢ ᠶᠢᠨ ᠤᠬᠠᠮᠰᠠᠷ ᠢᠶᠠᠨ ᠴᠢᠩᠭᠠᠳᠬᠠᠵᠤ᠂ ᠰᠢᠰᠲ᠋ᠧᠮᠲᠦ ᠰᠡᠳᠬᠢᠬᠦᠢ᠂ ᠬᠤᠷᠢᠭ᠎ᠠ ᠱᠤᠭᠤᠮ ᠤᠨ ᠰᠡᠳᠬᠢᠬᠦᠢ ᠪᠠᠨ ᠴᠢᠩᠭᠠᠳᠬᠠᠵᠤ᠂ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ ᠪᠠ ᠠᠶᠤᠯ ᠲᠦᠭᠰᠢᠭᠦᠷᠢ ᠥᠷᠢᠰᠦᠯᠳᠦᠭᠡᠨ ᠢ ᠰᠡᠷᠭᠡᠶᠢᠯᠡᠨ ᠠᠷᠢᠯᠭᠠᠬᠤ ᠴᠢᠳᠠᠪᠤᠷᠢ ᠬᠢᠷᠢ ᠲᠦᠪᠰᠢᠨ ᠢᠶᠠᠨ ᠳᠡᠭᠡᠭᠰᠢᠯᠡᠭᠦᠯᠵᠦ᠂ ᠤᠷᠤᠭᠰᠢᠯᠠᠯᠲᠠ ᠶᠢᠨ ᠵᠠᠮ ᠳᠡᠭᠡᠷᠡᠬᠢ ᠠᠯᠢᠪᠠ ᠬᠦᠴᠢᠷ ᠪᠡᠷᠬᠡᠰᠢᠶᠡᠯ ᠬᠠᠷᠰᠢ ᠰᠠᠭᠠᠳ ᠢ ᠳᠠᠰᠤᠷᠠᠯᠳᠠ ᠦᠭᠡᠢ ᠢᠯᠠᠨ ᠳᠠᠪᠠᠭ᠋ᠤ ᠬᠡᠷᠡᠭᠲᠡᠢ︕   ᠭᠤᠷᠪᠠ᠂ 2022 ᠣᠨ ᠤ ᠭᠤᠣᠯᠳᠠᠯᠭ᠎ᠠ ᠲᠠᠢ ᠠᠵᠢᠯ ᠤᠨ ᠲᠣᠬᠢᠷᠠᠭᠤᠯᠤᠯᠲᠠ    ᠡᠨᠡ ᠵᠢᠯ  ᠨᠠᠮ ᠤᠨ ᠬᠤᠷᠢᠳᠤᠭᠠᠷ ᠶᠡᠭᠡ ᠬᠤᠷᠠᠯ ᠢ ᠠᠮᠵᠢᠯᠲᠠ ᠲᠠᠢ ᠪᠠᠷ ᠬᠤᠷᠠᠯᠳᠤᠭᠤᠯᠬᠤ ᠪᠤᠯᠤᠨ᠎ᠠ᠂ ᠰᠢᠨ᠎ᠡ ᠨᠢᠬᠡᠨ ᠬᠤᠭᠤᠴᠠᠭᠠᠨ ᠤ ᠵᠠᠰᠠᠭ ᠤᠨ ᠣᠷᠳᠣᠨ ᠤ ᠰᠠᠶᠢᠨ ᠰᠠᠶᠢᠬᠠᠨ ᠡᠬᠢᠯᠡᠯᠲᠡ ᠎ ᠶᠢ ᠪᠡᠶᠡᠯᠡᠭᠦᠯᠬᠦ ᠨᠢ ᠠᠯᠤᠰ ᠬᠡᠳᠤ ᠳᠤ ᠬᠤᠯᠪᠣᠭᠳᠠᠬᠤ ᠪᠥᠭᠡᠳ ᠴᠢᠬᠤᠯᠠ ᠶᠡᠭᠡ ᠠᠴᠢ ᠬᠤᠯᠪᠣᠭᠳᠠᠯ ᠲᠠᠢ ᠶᠤᠮ᠃ ᠵᠠᠰᠠᠭ ᠤᠨ ᠣᠷᠳᠣᠨ ᠤ ᠠᠵᠢᠯ ᠢ ᠰᠠᠶᠢᠲᠤᠷ ᠬᠢᠬᠦ ᠳᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠣᠯᠣᠨ ᠠᠷᠪᠠ ᠶᠢᠰᠦᠳᠦᠭᠡᠷ ᠬᠤᠭᠤᠴᠠᠭᠠᠨ ᠤ ᠤᠳᠠᠭ᠎ᠠ ᠪᠦᠷᠢ ᠶᠢᠨ ᠪᠦᠭᠦᠳᠡ ᠬᠤᠷᠠᠯ ᠤᠨ ᠵᠣᠷᠢᠭ ᠰᠠᠨᠠᠭ᠎ᠠ᠂ ᠲᠥᠪ ᠤᠨ ᠠᠵᠤ ᠠᠬᠤᠢ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠰᠢ ᠶᠢᠨ ᠫᠢᠩ ᠶᠡᠷᠦᠩᠬᠡᠢ ᠱᠦᠵᠢ ᠶᠢᠨ ᠥᠪᠥᠷ ᠮᠣᠩᠭᠤᠯ ᠳᠤ ᠲᠠᠯᠪᠢᠭᠰᠠᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ᠂ ᠬᠤᠲᠠ ᠶᠢᠨ ᠲᠠᠪᠤᠳᠤᠭᠠᠷ ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠠᠭᠤᠤ ᠶᠡᠭᠡ ᠨᠠᠮ ᠪᠠᠶᠢᠭᠤᠯᠤᠭᠰᠠᠨ ᠵᠣᠷᠢᠭ ᠰᠠᠨᠠᠭ᠎ᠠ ᠶᠢ ᠪᠠᠳᠠᠷᠠᠭᠤᠯᠵᠤ᠂ ︽ᠬᠤᠶᠠᠷ ᠬᠠᠯᠬᠠᠪᠴᠢ᠂ ᠬᠤᠶᠠᠷ ᠰᠠᠭᠤᠷᠢᠨ᠂ ᠨᠢᠭᠡ ᠪᠠᠬᠢᠯᠡᠯᠲᠡ︾᠎ ᠶᠢ ᠪᠦᠲᠦᠭᠡᠨ ᠪᠠᠶᠢᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠯᠠᠪᠳᠠᠭᠤᠨ ᠢᠶᠠᠷ ᠲᠠᠪᠰᠢᠬᠤ ᠠᠵᠢᠯ ᠤᠨ ᠶᠡᠷᠦᠩᠬᠡᠢ ᠬᠥᠭ ᠠᠶᠠᠰ ᠢ ᠪᠠᠷᠢᠮᠲᠠᠯᠠᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠲᠡᠬᠦᠯᠳᠡᠷ᠂ ᠣᠨᠣᠪᠴᠢᠲᠠᠶ᠂ ᠪᠦᠬᠦ ᠲᠠᠯ᠎ᠠ ᠪᠠᠷ ᠲᠤᠤᠱᠯᠠᠭᠤᠯᠵᠤ᠂ ᠰᠢᠨ᠎ᠡ ᠬᠥᠭᠵᠢᠯᠲᠡ ᠶᠢᠨ ᠪᠠᠶᠢᠳᠠᠯ ᠳᠤ ᠢᠳᠡᠪᠬᠢᠲᠡᠢ ᠪᠠᠷ ᠦᠢᠯᠡᠴᠢᠯᠡᠬᠦ ᠪᠠ ᠠᠭᠤᠰᠤᠯᠴᠠᠵᠤ᠂ ᠥᠭᠡᠷᠡᠴᠢᠯᠡᠯᠲᠡ ᠨᠡᠭᠡᠭᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠵᠦ᠂ ᠰᠢᠨ᠎ᠡ ᠶᠢ ᠡᠭᠦᠳᠬᠦ ᠪᠠᠷ ᠬᠦᠳᠡᠯᠬᠡᠬᠦᠷ ᠪᠤᠯᠭᠠᠨ ᠬᠦᠭᠵᠢᠬᠦᠯᠬᠦ ᠶᠢ ᠪᠠᠷᠢᠮᠲᠠᠯᠠᠵᠤ᠂ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠥᠭᠡᠷᠡᠴᠢᠯᠡᠯᠲᠡ ᠪᠠᠷ ᠭᠤᠣᠯ ᠱᠤᠭᠤᠮ ᠪᠣᠯᠭᠠᠬᠤ ᠶᠢ ᠪᠠᠷᠢᠮᠲᠠᠯᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠢ ᠨᠡᠶᠢᠭᠡᠮ ᠤᠨ ᠬᠥᠭᠵᠢᠯᠲᠡ ᠶᠢ ᠨᠢᠭᠡᠳᠦᠯᠲᠡᠢ ᠲᠦᠯᠦᠪᠯᠡᠵᠤ᠂ ᠬᠥᠭᠵᠢᠯᠲᠡ ᠪᠠ ᠠᠮᠤᠷ ᠲᠦᠪᠰᠢᠨ  ᠢ  ᠨᠢᠭᠡᠳᠦᠯᠲᠡᠢ ᠲᠦᠯᠦᠪᠯᠡᠨ᠂ ᠳᠤᠮᠳᠠᠳᠤ ᠶᠢᠨ ᠦᠨᠳᠦᠰᠦᠲᠡᠨ ᠤ  ᠬᠠᠮᠲᠤ ᠶᠢᠨ ᠴᠣᠭᠴᠠ ᠶᠢᠨ  ᠤᠬᠠᠮᠰᠠᠷ  ᠎ ᠢ ᠴᠥᠬᠦᠷᠡᠰᠢ ᠦᠭᠡᠢ ᠪᠠᠲᠤ ᠪᠠᠬᠢ ᠪᠤᠢ ᠪᠣᠯᠭᠠᠵᠤ᠂ ︽ᠵᠢᠷᠭᠤᠭ᠎ᠠ ᠶᠢ ᠲᠣᠭᠲᠠᠪᠤᠷᠢᠵᠢᠭᠤᠯᠬᠤ︾ ︽ᠵᠢᠷᠭᠤᠭ᠎ᠠ ᠶᠢ ᠪᠠᠲᠤᠯᠠᠬᠤ︾ ᠠᠵᠢᠯ ᠢ ᠦᠷᠭᠦᠯᠵᠢᠯᠡᠨ ᠰᠠᠶᠢᠲᠤᠷ ᠬᠢᠵᠦ᠂ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ ᠪᠠᠷ ᠬᠦᠴᠦᠯᠡᠵᠦ᠂ ᠠᠵᠤ ᠠᠬᠤᠢ ᠶᠢᠨ ᠠᠵᠢᠯᠯᠠᠭᠠᠨ ᠢ ᠵᠣᠬᠢᠰᠲᠠᠢ ᠣᠷᠣᠨ ᠵᠠᠢ ᠳᠤ ᠪᠠᠶᠢᠯᠭᠠᠬᠤ ᠶᠢ ᠪᠠᠲᠤᠯᠠᠵᠤ᠂ ᠨᠡᠶᠢᠭᠡᠮ ᠤᠨ ᠶᠡᠭᠡ ᠲᠠᠯ᠎ᠠ ᠶᠢᠨ ᠡᠶ᠎ᠡ ᠵᠣᠬᠢᠴᠠᠩᠭᠤᠢ ᠲᠣᠭᠲᠠᠭᠤᠨ ᠢ ᠪᠠᠲᠤᠯᠠᠵᠤ᠂ ᠰᠢᠯᠢᠳᠡᠭ ᠪᠦᠲᠦᠮᠵᠢ ᠪᠠᠷ  ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠪᠠᠷ ᠬᠤᠷᠠᠯᠳᠤᠬᠤ ᠶᠢ ᠤᠭᠲᠤᠨ᠎ᠠ᠃    ᠪᠥᠬᠦ ᠬᠤᠲᠠ ᠶᠢᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠭᠤᠣᠯ ᠵᠢᠱᠢᠭᠰᠡᠨ ᠬᠠᠷᠠᠯᠲᠠ ᠪᠣᠯ᠄ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠥᠷᠲᠡᠭ ᠢ 7% ᠣᠷᠴᠢᠮ ᠢᠶᠠᠷ ᠨᠡᠮᠡᠭᠳᠡᠭᠦᠯᠵᠦ᠂ ᠬᠤᠲᠠ ᠪᠠᠯᠭᠠᠰᠤᠨ ᠤ ᠳᠠᠩᠰᠠᠯᠠᠭᠤᠯᠤᠭᠰᠠᠨ ᠠᠵᠢᠯ ᠠᠯᠳᠠᠯᠲᠠ ᠶᠢᠨ ᠨᠣᠷᠮ᠎ᠠ ᠶᠢ 5%᠎ ᠶᠢᠨ ᠳᠣᠲᠣᠷ᠎ᠠ ᠬᠢᠵᠠᠭᠠᠷᠯᠠᠵᠤ᠂ ᠰᠠᠭᠤᠭᠠᠯᠢ ᠠᠷᠠᠳ ᠤᠨ ᠣᠷᠣᠯᠭ᠎ᠠ ᠶᠢᠨ ᠨᠡᠮᠡᠭᠳᠡᠯ ᠢ ᠠᠵᠤ ᠠᠬᠤᠢ ᠶᠢᠨ ᠨᠡᠮᠡᠭᠳᠡᠯ ᠲᠠᠢ ᠦᠨᠳᠦᠰᠦᠨ ᠳᠡᠭᠡᠨ ᠠᠳᠠᠯᠢ ᠪᠠᠶᠢᠯᠭᠠᠵᠤ᠂ ᠥᠪᠡᠷᠲᠡᠭᠡᠨ ᠵᠠᠰᠠᠬᠤ ᠣᠷᠣᠨ ᠠᠴᠠ ᠪᠠᠭᠤᠯᠭᠠᠭᠰᠠᠨ ᠡᠨᠧᠷᠭᠢ ᠠᠷᠪᠢᠯᠠᠵᠤ ᠪᠣᠬᠢᠷᠳᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠬᠠᠷᠠᠯᠲᠠ ᠡᠭᠦᠷᠭᠡ ᠶᠢ ᠪᠡᠶᠡᠯᠡᠭᠦᠯᠦᠨ᠎ᠡ ᠃ ᠠᠵᠤ ᠠᠬᠤᠢ ᠶᠢᠨ ᠨᠡᠮᠡᠭᠳᠡᠯ ᠤᠨ ᠬᠠᠷᠠᠯᠲᠠ ᠶᠢ 7%᠎ ᠪᠠᠷ ᠲᠤᠭᠳᠠᠭᠠᠵᠣ᠂ ᠳᠠᠪᠠᠭᠤᠯᠢᠭ ᠲᠠᠯ᠎ᠠ ᠪᠠ ᠲᠠᠯᠳᠠ ᠴᠢᠳᠠᠪᠤᠷᠢ ᠶᠢ ᠭᠦᠢᠴᠡᠳ ᠪᠣᠳᠣᠯᠬᠢᠯᠠᠨ᠂ ᠬᠦᠴᠢᠷᠳᠡᠯ ᠪᠠ ᠥᠷᠢᠰᠦᠯᠳᠦᠭᠡᠨ ᠢ ᠵᠢᠱᠢᠵᠦ᠂ ᠪᠠᠶᠢᠯᠳᠤᠬᠤ ᠪᠣᠳᠣᠯᠭ᠎ᠠ ᠪᠠ ᠲᠥᠯᠦᠪᠵᠢᠭᠦᠯᠭᠡ ᠶᠢ ᠠᠪᠴᠠᠯᠳᠣᠭᠤᠯᠵᠤ᠂ ᠵᠢᠱᠢᠯᠲᠡ ᠶᠢ ᠬᠥᠲᠥᠯᠥᠨ ᠵᠢᠯᠤᠭᠤᠳᠬᠤ᠂ ᠢᠲᠡᠭᠡᠯ ᠵᠣᠷᠢᠭ ᠢ ᠬᠥᠪᠴᠢᠯᠡᠬᠦ᠂ ᠬᠦᠴᠦᠨ ᠴᠢᠳᠠᠯ ᠢ ᠨᠢᠭᠲᠠᠷᠠᠭᠤᠯᠬᠤ ᠳᠤ ᠠᠰᠢᠭᠲᠠᠢ ᠪᠠᠶᠢᠵᠣ᠂ ᠡᠨᠡ ᠪᠣᠯ ᠢᠳᠡᠪᠬᠢᠲᠡᠢ ᠮᠦᠷᠳᠡᠬᠡᠨ ᠠᠮᠵᠢᠯᠳᠠ ᠲᠠᠢ ᠶᠤᠮ᠂ ᠮᠥᠨ ᠴᠦ ᠰᠢᠷᠭᠠᠭᠤ ᠬᠠᠲᠠᠭᠤᠵᠢᠯᠲᠠᠢ ᠴᠢᠷᠮᠠᠶᠢᠯᠭ᠎ᠠ ᠭᠠᠷᠭᠠᠪᠠᠯ ᠰᠠᠶ᠋ᠢ ᠪᠡᠶᠡᠯᠡᠭᠦᠯᠵᠦ ᠴᠢᠳᠠᠬᠤ ᠪᠤᠯᠤᠨ᠎ᠠ᠃ᠳᠣᠣᠷᠠᠬᠢ ᠬᠡᠳᠦᠨ ᠲᠠᠯ᠎ᠠ ᠶᠢᠨ ᠠᠵᠢᠯ ᠢ ᠭᠤᠣᠯᠳᠠᠯᠭ᠎ᠠ ᠲᠠᠢ ᠰᠠᠶᠢᠲᠤᠷ ᠬᠢᠨ᠎ᠡ᠄    ︵ᠨᠢᠭᠡ︶ ᠲᠤᠭᠳᠠᠭᠤᠨ ᠢᠶᠠᠷ ᠨᠡᠮᠡᠭᠳᠡᠭᠦᠯᠬᠦ ᠤᠯᠤᠰ ᠲᠦᠷᠦ ᠶᠢᠨ ᠬᠠᠷᠢᠭᠤᠴᠠᠯᠭ᠎ᠠ ᠶᠢ ᠡᠷᠡᠰ ᠡᠭᠦᠷᠭᠡᠯᠡᠵᠦ᠂ ᠠᠵᠤ ᠠᠬᠤᠢ ᠶᠢᠨ ᠲᠣᠭᠲᠠᠭᠤᠨ ᠮᠦᠷᠳᠡᠬᠡᠨ ᠡᠷᠡᠭᠦᠯ ᠢᠶᠠᠷ ᠬᠥᠭᠵᠢᠬᠦ ᠶᠢ ᠦᠨᠡᠨ ᠬᠦ ᠪᠠᠲᠤᠯᠠᠨ᠎ᠠ᠃ ᠬᠡᠷᠡᠭᠴᠡᠭᠡ ᠪᠠᠭᠠᠰᠴᠣ ᠪᠠᠶᠢᠭ᠎ᠠ᠂ ᠬᠠᠩᠭᠠᠯᠭ᠎ᠠ ᠶᠢᠨ ᠲᠠᠭᠠᠷᠢᠯᠳᠠ᠂ ᠵᠢᠱᠢᠯᠲᠡ ᠪᠠᠭᠤᠷᠠᠢ ᠪᠤᠯᠵᠤ ᠪᠠᠶᠢᠭ᠎ᠠ ᠭᠤᠷᠪᠠᠨ ᠳᠠᠪᠬᠤᠷ ᠳᠠᠷᠤᠯᠲᠠ ᠶᠢᠨ ᠡᠮᠦᠨ᠎ᠡ᠂ ᠡᠷᠬᠡᠪᠰᠢ ᠲᠣᠭᠲᠠᠭᠤᠨ ᠢᠶᠠᠷ ᠨᠡᠮᠡᠭᠳᠡᠭᠦᠯᠬᠦ ᠶᠢ ᠨᠡᠩ ᠲᠣᠪᠣᠶᠢᠮ᠎ᠠ ᠪᠠᠶᠢᠷᠢᠨ ᠳᠤ ᠲᠠᠯᠪᠢᠵᠤ᠂ ᠠᠵᠤ ᠠᠬᠤᠢ ᠶᠢᠨ ᠦᠨᠳᠦᠰᠦᠨ ᠪᠠᠶᠢᠳᠠᠯ ᠢ ᠦᠨᠡᠨ ᠬᠦ ᠲᠣᠭᠲᠠᠭᠤᠨ ᠪᠠᠶᠢᠯᠭᠠᠨ᠎ᠠ᠃    ᠠᠷᠭ᠎ᠠ ᠪᠦᠬᠦᠨ ᠢ ᠰᠦᠪᠡᠭᠴᠢᠯᠡᠵᠦ ᠪᠠᠶᠢᠭᠠᠳ ᠪᠦᠲᠦᠮᠵᠢᠲᠡᠶ ᠪᠡᠯᠡ ᠣᠷᠣᠭᠤᠯᠤᠯᠲᠠ ᠶᠢ ᠥᠷᠭᠡᠳᠬᠡᠨ᠎ᠡ᠃ ᠲᠣᠭᠲᠠᠭᠤᠨ ᠢᠶᠠᠷ ᠨᠡᠮᠡᠭᠳᠡᠭᠦᠯᠬᠦ ᠰᠢᠷᠢᠰ ᠲᠦᠷᠦ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠲᠣᠭᠲᠠᠭᠠᠵᠤ ᠨᠡᠶᠢᠳᠡᠯᠡᠨ᠎ᠡ᠃ ᠲᠥᠷᠥᠯ ᠵᠦᠢᠯ ᠢᠶᠠᠷ ᠭᠤᠤᠯ ᠪᠣᠯᠭᠠᠬᠤ ᠶᠢ ᠪᠠᠷᠢᠮᠲᠠᠯᠠᠵᠤ᠂ ︽ᠰᠦᠪᠡᠭᠴᠢᠯᠡᠬᠦ᠂ ᠲᠤᠭᠳᠠᠭᠠᠬᠤ᠂ ᠠᠬᠢᠭᠤᠯᠬᠤ᠂ ᠪᠠᠶᠢᠭᠤᠯᠬᠤ︾ ᠠᠵᠢᠯ ᠢ ᠪᠥᠬᠦ ᠲᠠᠯ᠎ᠠ ᠪᠠᠷ ᠰᠠᠶᠢᠲᠤᠷ ᠬᠢᠨ᠎ᠡ᠃ ᠠᠵᠤ ᠦᠢᠯᠡᠰ ᠤᠨ ᠬᠡᠯᠪᠡᠷᠢ ᠶᠢ ᠬᠤᠪᠢᠷᠠᠭᠤᠯᠬᠤ᠂ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ᠂ ᠰᠠᠭᠤᠷᠢ ᠲᠥᠬᠦᠭᠡᠷᠦᠮᠵᠢ᠂ ᠠᠮᠢ ᠠᠬᠤᠢ ᠣᠷᠴᠢᠨ ᠲᠤᠭᠤᠷᠢᠨ ᠤ ᠬᠠᠮᠠᠭᠠᠯᠠᠯᠲᠠ᠂ ᠠᠷᠠᠳ ᠤᠨ ᠠᠮᠢᠳᠤᠷᠠᠯ ᠤᠨ ᠪᠠᠲᠤᠯᠠᠭ᠎ᠠ ᠵᠡᠷᠭᠡ ᠭᠤᠣᠯᠳᠠᠯᠭ᠎ᠠ ᠲᠠᠢ ᠬᠦᠷᠢᠶᠡᠨ ᠤ ᠲᠤᠭᠤᠷᠢᠨ ᠳᠤ᠂ ᠨᠢᠭᠡ ᠪᠦᠯᠦᠭ ᠴᠢᠨᠠᠷ ᠰᠠᠶᠢᠲᠠᠢ ᠲᠦᠷᠦᠯ ᠵᠣᠶᠢᠯ ᠢ ᠤᠬᠠᠭᠠᠯᠠᠨ ᠰᠦᠪᠡᠭᠴᠢᠯᠡᠵᠣ᠂ ᠲᠥᠪ ᠤᠨ ᠲᠥᠰᠥᠪ ᠤᠨ ᠳᠣᠲᠣᠷᠠᠬᠢ ᠪᠡᠯᠡ ᠣᠷᠣᠭᠤᠯᠤᠯᠲᠠ ᠪᠠ ᠤᠷᠤᠨ ᠨᠤᠳᠤᠭ ᠤᠨ ᠲᠤᠰᠬᠠᠢ ᠵᠢᠬᠡᠯᠡᠯᠬᠡ ᠶᠢᠨ ᠲᠡᠮᠳᠡᠭᠳᠤ ᠶᠢ ᠢᠳᠡᠪᠬᠢᠲᠠᠢ ᠪᠠᠷ ᠲᠡᠮᠡᠴᠡᠨ ᠣᠯᠵᠣ᠂ ᠭᠦᠢᠴᠡᠳ ᠰᠠᠶᠢᠲᠤᠷ ᠬᠡᠷᠡᠭᠯᠡᠨ᠎ᠡ᠃ ᠬᠢᠨᠠᠨ ᠵᠥᠪᠰᠢᠶᠡᠷᠡᠬᠦ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ︽ᠭᠠᠵᠠᠷ ᠰᠢᠷᠣᠢ ᠠᠪᠤᠪᠠᠯ ᠳᠠᠷᠤᠢ ᠠᠵᠢᠯ ᠡᠬᠢᠯᠡᠭᠦᠯᠬᠦ︾ ᠵᠠᠭᠪᠤᠷ ᠢ ᠪᠥᠬᠦ ᠲᠠᠯ᠎ᠠ ᠪᠠᠷ ᠬᠡᠷᠡᠭᠵᠢᠭᠦᠯᠦᠨ᠎ᠡ᠃ ᠭᠠᠷᠠᠭ ᠲᠤ ᠲᠣᠬᠢᠷᠠᠭᠤᠯᠤᠯᠲᠠ ᠬᠢᠬᠦ᠂ ᠰᠠᠷ᠎ᠠ ᠳᠤ ᠠᠬᠢᠭᠤᠯᠬᠤ᠂ ᠤᠯᠠᠷᠢᠯ ᠳᠤ ᠦᠨᠡᠯᠡᠬᠦ᠂ ᠬᠠᠭᠠᠰ ᠵᠢᠯ ᠪᠥᠬᠦ ᠵᠢᠯ ᠳᠤ ᠰᠢᠯᠭᠠᠨ ᠬᠢᠨᠠᠬᠤ ᠶᠢ ᠬᠡᠷᠡᠭᠵᠢᠭᠦᠯᠵᠦ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠬᠡᠳᠡᠷᠬᠦ ᠰᠢᠬᠠᠮᠳᠠᠭᠤᠯᠤᠨ ᠬᠤᠷᠳᠤᠴᠠ ᠶᠢ ᠲᠦᠷᠬᠡᠳᠬᠡᠵᠣ᠂ 454 ᠭᠤᠣᠯᠳᠠᠯᠭ᠎ᠠ ᠲᠠᠢ ᠲᠥᠷᠥᠯ ᠵᠦᠢᠯ ᠤᠨ ᠪᠠᠷᠢᠯᠭ᠎ᠠ ᠶᠢᠨ ᠠᠵᠢᠯ ᠢ ᠡᠬᠢᠯᠡᠭᠦᠯᠬᠦ ᠪᠠ ᠰᠡᠷᠭᠦᠭᠡᠬᠦ ᠶᠢ ᠦᠨᠡᠨᠬᠦ ᠪᠠᠲᠤᠯᠠᠵᠤ᠂ 930 ᠳ᠋ᠦᠩᠰᠢᠭᠤᠷ ᠲᠥᠭᠦᠷᠢᠭ ᠠᠴᠠ ᠳᠡᠭᠡᠭᠰᠢ ᠪᠡᠯᠡ ᠣᠷᠣᠭᠤᠯᠤᠯᠲᠠ ᠶᠢ ᠪᠡᠶᠡᠯᠡᠭᠦᠯᠵᠦ᠂ 1000 ᠳ᠋ᠦᠩᠰᠢᠭᠤᠷ ᠲᠥᠭᠦᠷᠢᠭ ᠢ ᠲᠠᠪᠠᠭᠤᠯᠬᠤ ᠪᠠᠷ ᠴᠢᠷᠮᠠᠶᠢᠨ᠎ᠠ᠃ ᠳᠤᠲᠠᠭᠤᠳᠠᠯ ᠢ ᠨᠥᠬᠦᠪᠦᠷᠢᠯᠡᠬᠦ᠂ ᠪᠦᠲᠦᠴᠡ ᠶᠢ ᠲᠣᠬᠢᠷᠠᠭᠤᠯᠬᠤ᠂ ᠬᠡᠯᠪᠡᠷᠢ ᠪᠠᠨ ᠬᠤᠪᠢᠷᠠᠭᠤᠯᠬᠤ ᠶᠢ ᠠᠬᠢᠭᠤᠯᠬᠤ ᠳᠤ ᠦᠵᠡᠭᠦᠯᠬᠦ ᠪᠡᠯᠡ ᠣᠷᠣᠭᠤᠯᠤᠯᠲᠠ ᠶᠢᠨ ᠵᠠᠩᠭᠢᠯᠠᠭ᠎ᠠ ᠶᠢᠨ ᠦᠢᠯᠡᠳᠦᠯ ᠢ ᠨᠡᠩ ᠰᠠᠶᠢᠲᠤᠷ ᠪᠠᠳᠠᠷᠠᠭᠤᠯᠵᠤ᠂ ᠦᠢᠯᠡᠳᠬᠦ ᠦᠢᠯᠡᠰ᠂ ᠠᠵᠤ ᠦᠢᠯᠡᠳᠪᠦᠷᠢ ᠶᠢᠨ ᠮᠡᠷᠭᠡᠵᠢᠯ ᠤᠨ ᠥᠭᠡᠷᠡᠴᠢᠯᠡᠯᠲᠡ᠂ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠪᠡᠯᠡ ᠣᠷᠣᠭᠤᠯᠤᠯᠲᠠ ᠶᠢ ᠲᠤᠰᠪᠤᠷᠢ 20%᠎ ᠠᠴᠠ ᠳᠡᠭᠡᠭᠰᠢ ᠨᠡᠮᠡᠭᠳᠡᠭᠦᠯᠦᠨ᠎ᠡ᠃ 18 ᠭᠤᠣᠯᠳᠠᠯᠭ᠎ᠠ ᠲᠠᠢ ᠠᠵᠤ ᠦᠢᠯᠡᠰ ᠤᠨ ᠬᠡᠯᠬᠢᠶ᠎ᠡ ᠳᠤ ᠠᠩᠬᠠᠷᠤᠯ ᠢᠶᠠᠨ ᠲᠥᠪᠯᠡᠷᠡᠭᠦᠯᠵᠦ᠂ ᠪᠥᠬᠦ ᠵᠢᠯ᠂ ᠪᠥᠬᠦ ᠠᠵᠢᠯᠲᠠᠨ᠂ ᠪᠥᠬᠦ ᠤᠷᠤᠨ ᠪᠦᠰᠡ ᠶᠢᠨ ᠬᠤᠳᠠᠯᠳᠤᠭᠠᠴᠢᠨ ᠤᠷᠢᠬᠤ ᠶᠢ ᠴᠢᠩᠭᠠᠳᠬᠠᠨ᠂ ᠤᠷᠤᠨᠵᠢᠭᠤᠯᠤᠭᠰᠠᠨ ᠪᠡᠯᠡ ᠮᠥᠩᠭᠦ ᠶᠢ 10%᠎ ᠠᠴᠠ ᠳᠡᠭᠡᠭᠰᠢ ᠨᠡᠮᠡᠭᠳᠡᠭᠦᠯᠬᠦ ᠶᠢ ᠦᠨᠡᠨ ᠬᠦ ᠪᠠᠲᠤᠯᠠᠵᠤ᠂ ᠨᠠᠩ ᠣᠯᠠᠨ ᠴᠢᠨᠠᠷ ᠰᠠᠶᠢᠲᠠᠢ ᠲᠥᠷᠥᠯ ᠵᠦᠢᠯ ᠤᠨ ᠪᠠᠷᠢᠯᠭ᠎ᠠ ᠶᠢᠨ ᠠᠵᠢᠯ ᠢ ᠡᠬᠢᠯᠡᠭᠦᠯᠬᠦ ᠪᠠᠷ ᠲᠠᠮᠵᠢᠨ᠂ ︽ᠲᠣᠭᠲᠠᠭᠤᠨ︾᠎ ᠤ ᠰᠠᠭᠤᠷᠢ ᠶᠢ ᠪᠠᠬᠢᠵᠢᠭᠦᠯᠵᠦ᠂ ︽ᠤᠷᠤᠭᠰᠢᠯᠠᠬᠤ︾ ᠦᠷ᠎ᠡ ᠪᠦᠲᠦᠮᠵᠢ ᠶᠢ ᠥᠷᠭᠡᠳᠬᠡᠨ᠎ᠡ᠃    ᠬᠡᠷᠡᠭᠯᠡᠭᠡᠨ ᠤ ᠳᠠᠯᠳᠠ ᠬᠦᠴᠦᠨ ᠢ ᠭᠦᠨᠵᠡᠭᠡᠢ ᠠᠭᠤᠳᠠᠯᠤᠨ᠎ᠠ᠃ ᠬᠡᠷᠡᠭᠯᠡᠭᠡᠨ ᠤ ᠲᠠᠰ ᠢ ᠲᠡᠪᠰᠢᠭᠦᠯᠬᠦ᠂ ᠣᠲᠣ ᠦᠶ᠎ᠡ ᠶᠢᠨ ᠪᠠᠷᠠᠭᠠᠨ ᠤ ᠭᠦᠢᠯᠭᠡᠭᠡᠨ ᠤ ᠦᠢᠯᠡᠰ ᠤᠨ ᠬᠥᠭᠵᠢᠯᠲᠡ᠂ ᠦᠢᠯᠡᠴᠢᠯᠡᠭᠡᠨ ᠤ ᠦᠢᠯᠡᠰ ᠤᠨ ᠬᠢᠷᠢ ᠲᠦᠪᠰᠢᠨ ᠢ ᠲᠡᠭᠡᠭᠰᠢᠯᠡᠭᠦᠯᠬᠦ ᠭᠤᠷᠪᠠᠨ ᠵᠢᠯ ᠤᠨ ᠠᠵᠢᠯᠯᠠᠭ᠎ᠠ ᠶᠢ ᠬᠡᠷᠡᠭᠵᠢᠭᠦᠯᠵᠦ᠂ ᠨᠠᠩ ᠣᠯᠠᠨ ᠰᠢᠨ᠎ᠡ ᠠᠷᠭ᠎ᠠ᠂ ᠪᠣᠳᠠᠲᠠᠢ ᠠᠷᠭ᠎ᠠ᠂ ᠬᠠᠲᠠᠭᠤ ᠠᠷᠭ᠎ᠠ ᠪᠠᠷ ᠬᠡᠷᠡᠭᠯᠡᠭᠡᠨ ᠤ ᠳᠠᠯᠳᠠ ᠬᠦᠴᠦᠨ ᠪᠠ ᠠᠮᠢᠵᠢᠷᠠᠯ ᠤᠨ ᠬᠦᠴᠦᠨ ᠢ ᠬᠥᠭᠵᠢᠭᠡᠨ᠎ᠡ᠃ ᠰᠣᠶᠣᠯ ᠵᠢᠭᠤᠯᠴᠢᠯᠠᠯ ᠤᠨ ᠬᠡᠷᠡᠭᠯᠡᠭᠡ ᠶᠢ ᠳᠡᠭᠡᠭᠰᠢᠯᠡᠭᠦᠯᠵᠦ᠂ ᠲᠠᠭᠤᠳᠤ ᠨᠠᠭᠤᠷ ᠤᠨ ᠵᠢᠭᠤᠯᠴᠢᠯᠠᠯ ᠤᠨ ᠣᠷᠣᠨ ᠢ ᠤᠯᠤᠰ ᠤᠨ 5A ᠲᠠᠰ ᠤᠨ ᠦᠵᠡᠮᠵᠢ ᠶᠢᠨ ᠣᠷᠣᠨ ᠪᠤᠯᠭᠠᠨ ᠡᠭᠦᠳᠦᠨ ᠪᠠᠶᠢᠭᠤᠯᠬᠤ᠂ ᠪᠦᠷᠢᠶ᠎ᠡ ᠮᠠᠩᠬ᠎ᠠ ᠶᠢᠨ ᠵᠢᠭᠤᠯᠴᠢᠯᠠᠯ ᠤᠨ ᠣᠷᠣᠨ ᠢ ᠤᠯᠤᠰ ᠤᠨ ᠲᠠᠰ ᠤᠨ ᠵᠤᠭᠠᠴᠠᠨ ᠠᠮᠠᠷᠠᠬᠤ ᠣᠷᠣᠨ ᠪᠤᠯᠭᠠᠨ ᠡᠭᠦᠳᠦᠨ ᠪᠠᠶᠢᠭᠤᠯᠬᠤ ᠶᠢ ᠠᠬᠢᠭᠤᠯᠵᠤ᠂ ᠬᠠᠲᠤᠨ ᠭᠤᠣᠯ ᠤᠨ ︽几︾ ᠦᠰᠦᠭᠳᠤ ᠲᠤᠬᠤᠢ᠂ ᠪᠤᠷᠤᠪᠠᠯᠭᠠᠰᠤᠨ ᠤ ᠬᠤᠪᠢᠰᠬᠠᠯ ᠤᠨ ᠰᠣᠶᠣᠯ ᠤᠨ ᠵᠢᠭᠤᠯᠴᠢᠯᠠᠯ ᠤᠨ ᠣᠷᠣᠨ ᠵᠡᠷᠭᠡ ᠳᠠᠪᠠᠭᠤᠯᠢᠭ ᠣᠷᠣᠨ ᠤ ᠬᠥᠭᠵᠢᠯᠲᠡ ᠶᠢ ᠳᠡᠮᠵᠢᠵᠦ᠂ ᠡᠬᠢ ᠪᠠᠶᠠᠯᠢᠭ ᠢ ᠭᠦᠨᠵᠡᠭᠡᠢ ᠡᠮᠬᠢᠯᠡᠨ ᠨᠡᠶᠢᠯᠡᠭᠦᠯᠦᠭᠰᠡᠨ᠂ ᠰᠣᠶᠣᠯ ᠵᠢᠭᠤᠯᠴᠢᠯᠠᠯ ᠢ ᠭᠦᠨᠵᠡᠭᠡᠢ ᠠᠭᠤᠰᠤᠯᠴᠠᠭᠤᠯᠤᠭᠰᠠᠨ ᠨᠢᠭᠡ ᠪᠦᠯᠦᠭ ᠵᠢᠱᠢᠶ᠎ᠡ ᠦᠵᠡᠭᠦᠯᠬᠦ ᠵᠠᠭᠪᠤᠷ ᠢ ᠪᠣᠶ ᠪᠣᠯᠭᠠᠵᠤ᠂ ᠰᠣᠶᠣᠯ ᠵᠢᠭᠤᠯᠴᠢᠯᠠᠯ ᠤᠨ ᠬᠡᠷᠡᠭᠯᠡᠭᠡ ᠶᠢ ᠲᠠᠬᠢᠨ ᠲᠡᠰ ᠲᠡᠪᠰᠢᠭᠦᠯᠬᠦ ᠶᠢ ᠠᠬᠢᠭᠤᠯᠤᠨ᠎ᠠ᠃ ᠰᠢᠨ᠎ᠡ ᠮᠠᠶ᠋ᠢᠭ ᠤᠨ ᠬᠡᠷᠡᠭᠯᠡᠭᠡ ᠶᠢ ᠲᠦᠷᠬᠡᠨ ᠢᠶᠠᠷ ᠪᠣᠶᠢᠵᠢᠭᠤᠯᠵᠤ᠂ 5G᠎ ᠶᠢᠨ ᠦᠵᠦᠭᠦᠷ ᠲᠦᠭᠦᠭᠡᠷᠤᠮᠵᠢ᠂ ᠤᠶᠤᠨᠳᠤ ᠭᠡᠷ ᠤᠨ ᠬᠡᠷᠡᠭᠰᠡᠯ᠂ ᠤᠶᠤᠨᠳᠤ ᠬᠤᠳᠠᠯᠳᠤᠭᠠᠨ ᠤ ᠲᠡᠯᠬᠡᠭᠦᠷ ᠴᠢᠯᠤᠬᠡᠳᠤ ᠳᠡᠯᠭᠡᠭᠦᠷ ᠵᠡᠷᠭᠡ ᠣᠶᠢᠯᠡᠳᠭᠦᠨ ᠤ ᠬᠡᠷᠡᠭᠯᠡᠭᠡ ᠶᠢ ᠥᠷᠭᠡᠳᠬᠡᠵᠦ᠂ ᠰᠦᠯᠵᠢᠶᠡᠨ ᠳᠡᠭᠡᠷᠡᠬᠢ ᠡᠮ ᠡᠮᠨᠡᠯᠭᠡ ᠰᠤᠷᠭᠠᠨ ᠬᠥᠮᠦᠵᠢᠯ᠂ ᠰᠣᠶᠣᠯ ᠪᠡᠶ᠎ᠡ ᠶᠢᠨ ᠲᠠᠮᠢᠷ ᠵᠤᠭ᠎ᠠ ᠴᠡᠩᠭᠡᠯ ᠵᠡᠷᠭᠡ ᠦᠢᠯᠡᠴᠢᠯᠡᠭᠡᠨ ᠤ ᠬᠡᠷᠡᠭᠯᠡᠭᠡ ᠶᠢ ᠲᠡᠰ ᠳᠡᠪᠰᠢᠭᠦᠯᠦᠨ᠎ᠡ᠃ ᠬᠤᠳᠠᠯᠳᠤᠭ᠎ᠠ ᠠᠷᠠᠯᠵᠢᠶ᠎ᠠ ᠶᠢᠨ ᠪᠠᠷᠠᠭᠠᠨ ᠤ ᠭᠦᠢᠯᠭᠡᠭᠡᠨ ᠤ ᠲᠤᠭᠳᠠᠯᠴᠠᠭ᠎ᠠ ᠶᠢ ᠲᠡᠭᠦᠯᠳᠡᠷᠵᠢᠭᠦᠯᠵᠦ᠂ ᠨᠢᠭᠡ ᠪᠦᠯᠦᠭ ᠰᠢᠨ᠎ᠡ ᠮᠠᠶ᠋ᠢᠭ ᠤᠨ ᠪᠠᠷᠠᠭᠠᠨ ᠤ ᠭᠦᠢᠯᠭᠡᠭᠡᠨ ᠤ ᠬᠦᠷᠢᠶᠡᠯᠡᠩ ᠲᠣᠭᠤᠷᠢᠭ᠂ ᠰᠦᠯᠵᠢᠶ᠎ᠡ ᠶᠢᠨ ᠪᠠᠷᠠᠭᠠᠨ ᠤ ᠭᠦᠢᠯᠭᠡᠭᠡᠨ ᠤ ᠲᠠᠪᠴᠠᠩ᠂ ᠬᠦᠢᠲᠡᠨ ᠬᠡᠯᠬᠢᠶᠡᠲᠦ ᠪᠠᠷᠠᠭᠠᠨ ᠤ ᠭᠦᠢᠯᠬᠡᠬᠡᠨ ᠤ ᠲᠦᠷᠦᠯ ᠵᠣᠶᠢᠯ ᠢ ᠪᠠᠶᠢᠷᠢᠯᠠᠭᠤᠯᠤᠨ ᠪᠦᠲᠦᠬᠡᠨ ᠪᠠᠶᠢᠭᠤᠯᠤᠨ᠎ᠠ᠃    ᠲᠦᠭᠰᠢᠭᠦᠷᠢ ᠶᠢ ᠬᠦᠴᠦᠯᠡᠨ ᠰᠡᠷᠭᠡᠶᠢᠯᠡᠨ ᠠᠷᠢᠯᠭᠠᠨ᠎ᠠ᠃ ᠵᠠᠰᠠᠭ ᠤᠨ ᠣᠷᠳᠣᠨ ᠤ ᠥᠷᠢ ᠥᠭᠴᠡᠭᠡ ᠶᠢᠨ ᠬᠠᠮᠢᠶᠠᠷᠤᠯᠲᠠ ᠶᠢ ᠴᠢᠩᠭᠠᠳᠬᠠᠵᠤ᠂ ᠳᠠᠯᠳᠠ ᠥᠷᠢ ᠥᠭᠴᠡᠭᠡ ᠶᠢ ᠰᠢᠨ᠎ᠡ ᠪᠠᠷ ᠨᠡᠮᠡᠭᠳᠡᠭᠦᠯᠬᠦ ᠶᠢ ᠡᠷᠡᠰ ᠬᠤᠷᠢᠭᠯᠠᠵᠤ᠂ ᠣᠯᠠᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠦᠨᠳᠦᠰᠦᠨ ᠱᠠᠲᠤ ᠶᠢ ᠬᠠᠪᠰᠤᠷᠤᠨ ᠥᠷᠢ ᠥᠭᠴᠡᠭᠡ ᠶᠢ ᠢᠯᠭᠠᠷᠠᠭᠤᠯᠵᠤ᠂ ᠰᠢᠶᠠᠨ ᠤ ᠬᠡᠪᠴᠢᠶᠡᠨ ᠤ ᠥᠷᠢ ᠥᠭᠴᠡᠭᠡ ᠶᠢᠨ ᠲᠦᠭᠰᠢᠭᠦᠷᠢ ᠶᠢ ᠤᠯᠠᠭᠠᠨ ᠱᠤᠭᠤᠮ ᠠᠴᠠ ᠭᠠᠷᠭᠠᠵᠣ ᠲᠠᠰ ᠪᠠᠭᠤᠷᠠᠭᠤᠯᠬᠤ ᠶᠢ ᠯᠠᠪᠳᠠᠭᠤᠨ ᠪᠠᠲᠤᠲᠠᠢ ᠠᠬᠢᠭᠤᠯᠵᠤ᠂ ᠣᠲᠤᠭ ᠵᠡᠷᠭᠡ ᠬᠤᠰᠢᠭᠤ ᠲᠤᠭᠤᠷᠢᠭ ᠤᠨ ᠳᠠᠯᠳᠠ ᠥᠷᠢ ᠥᠭᠴᠡᠭᠡ ᠶᠢ ᠢᠯᠭᠠᠷᠠᠭᠤᠯᠬᠤ ᠶᠢ ᠲᠦᠷᠬᠡᠨ ᠢᠶᠠᠷ ᠪᠡᠶᠡᠯᠡᠭᠦᠯᠦᠨ᠎ᠡ᠃ ᠮᠥᠩᠭᠦᠨ ᠭᠦᠢᠯᠭᠡᠭᠡᠨ ᠤ ᠬᠠᠤᠯᠢᠵᠢᠯ ᠤᠨ ᠪᠠᠶᠢᠭᠤᠯᠤᠯᠲᠠ ᠶᠢ ᠴᠢᠩᠭᠠᠳᠬᠠᠵᠤ᠂ ᠮᠠᠭᠤ ᠰᠠᠨᠠᠭ᠎ᠠ ᠲᠠᠢ ᠪᠠᠷ ᠥᠷᠢ ᠥᠭᠴᠡᠭᠡ ᠠᠴᠠ ᠵᠠᠶᠢᠯᠠᠬᠤ ᠪᠠ ᠥᠷᠢ ᠥᠭᠴᠡᠭᠡ ᠶᠢ ᠬᠦᠴᠦᠨ ᠦᠭᠡᠢ ᠪᠣᠯᠭᠠᠬᠤ ᠣᠶᠢᠯᠠ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ︽ᠨᠢᠭᠡ ᠠᠵᠢᠯ ᠲᠥᠷᠥᠯ ᠳᠤ ᠨᠢᠭᠡ ᠠᠷᠭ᠎ᠠ ᠪᠣᠳᠣᠯᠭ᠎ᠠ ᠠᠪᠬᠤ ︾᠎ ᠪᠠᠷ ᠲᠠᠮᠵᠢᠨ ᠣᠷᠣᠨ ᠨᠤᠲᠤᠭ ᠤᠨ ᠬᠠᠤᠯᠢ ᠶᠢᠨ ᠡᠷᠬᠡᠲᠡᠨ ᠤ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠲᠦᠭᠰᠢᠭᠦᠷᠢ ᠶᠢ ᠠᠷᠢᠯᠭᠠᠨ ᠰᠢᠢᠳᠪᠦᠷᠢᠯᠡᠵᠦ᠂ ᠬᠤᠲᠠ ᠶᠢᠨ ᠬᠤᠳᠠᠯᠳᠤᠭᠠᠨ ᠤ ᠪᠠᠩᠬᠢ᠂ ᠬᠥᠳᠡᠭᠡ ᠲᠣᠰᠬᠤᠨ ᠤ ᠢᠲᠡᠭᠡᠮᠵᠢ ᠶᠢᠨ ᠬᠤᠷᠰᠢᠶ᠎ᠠ ᠶᠢᠨ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠦᠨ᠂ ᠠᠵᠤ ᠠᠬᠤᠶᠢᠯᠠᠯ ᠤᠨ ᠭᠡᠷ᠎ᠡ ᠵᠥᠷᠢᠴᠡᠬᠦ᠂ ᠬᠠᠤᠯᠢ ᠪᠤᠰᠤ ᠪᠠᠷ ᠪᠡᠯᠡ ᠴᠤᠭᠯᠠᠭᠤᠯᠬᠤ᠂ ᠭᠡᠷ ᠪᠠᠶᠢᠰᠢᠩ ᠭᠠᠵᠠᠷ ᠬᠥᠷᠥᠩᠭᠡ ᠶᠢᠨ ᠦᠢᠯᠡᠰ ᠵᠡᠷᠭᠡ ᠭᠤᠣᠯᠳᠠᠯᠭ᠎ᠠ ᠲᠠᠢ ᠬᠦᠷᠢᠶᠡᠨ ᠤ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠠᠵᠢᠯ ᠢ ᠨᠢᠭᠡᠳᠦᠯᠲᠡᠢ ᠲᠥᠯᠥᠪᠯᠡᠨ ᠰᠠᠶᠢᠲᠤᠷ ᠠᠳᠬᠤᠵᠤ᠂ ᠰᠢᠰᠲ᠋ᠧᠮ ᠤᠨ ᠴᠢᠨᠠᠷᠲᠠᠢ ᠲᠦᠭᠰᠢᠭᠦᠷᠢ ᠡᠭᠦᠰᠬᠦ ᠦᠭᠡᠢ ᠪᠠᠶᠢᠬᠤ ᠶᠢ ᠦᠨᠡᠨᠬᠦ ᠪᠠᠲᠤᠯᠠᠨ᠎ᠠ᠃    ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠠᠮᠢᠵᠢᠷᠠᠯ ᠤᠨ ᠬᠦᠴᠦᠨ ᠢ ᠭᠦᠢᠴᠡᠳ ᠬᠥᠭᠵᠢᠭᠡᠨ᠎ᠡ᠃ ᠤᠯᠤᠰ ᠤᠨ ᠦᠮᠴᠢᠯᠡᠯᠳᠤ ᠬᠥᠷᠥᠩᠭᠡ᠂ ᠤᠯᠤᠰ ᠤᠨ ᠦᠮᠴᠢᠯᠡᠯᠳᠤ ᠠᠵᠤ ᠠᠬᠤᠶᠢᠯᠠᠯ ᠢ ᠡᠷᠡᠰ ᠭᠤᠶᠢᠪᠢᠰᠢ ᠦᠭᠡᠢ ᠪᠠᠷ ᠬᠦᠴᠦᠷᠬᠡᠭᠵᠢᠭᠦᠯᠦᠨ ᠰᠢᠯᠢᠳᠡᠭᠵᠢᠭᠦᠯᠵᠦ᠂ ᠤᠯᠤᠰ ᠤᠨ ᠦᠮᠴᠢᠯᠡᠯᠳᠤ ᠠᠵᠤ ᠠᠬᠤᠶᠢᠯᠠᠯ ᠤᠨ ᠥᠭᠡᠷᠡᠴᠢᠯᠡᠯᠲᠡ ᠶᠢᠨ ᠭᠤᠷᠪᠠᠨ ᠵᠢᠯ ᠤᠨ ᠠᠵᠢᠯᠯᠠᠭ᠎ᠠ ᠶᠢ ᠪᠡᠶᠡᠯᠡᠭᠦᠯᠵᠦ᠂ ᠤᠯᠤᠰ ᠤᠨ ᠦᠮᠴᠢᠯᠡᠯᠳᠤ ᠬᠥᠷᠥᠩᠭᠡ᠂ ᠤᠯᠤᠰ ᠤᠨ ᠦᠮᠴᠢᠯᠡᠯᠳᠤ ᠠᠵᠤ ᠠᠬᠤᠶᠢᠯᠠᠯ ᠤᠨ ᠰᠢᠨ᠎ᠡ ᠡᠨᠧᠷᠭᠢ᠂ ᠡᠨᠧᠷᠭᠢ ᠠᠷᠪᠢᠯᠠᠵᠤ ᠣᠷᠴᠢᠨ ᠲᠣᠭᠤᠷᠢᠨ ᠢ ᠬᠠᠮᠠᠭᠠᠯᠠᠬᠤ᠂ ᠬᠤᠳᠠ ᠶᠢᠨ ᠪᠦᠲᠦᠭᠡᠨ ᠪᠠᠶᠢᠭᠤᠯᠤᠯᠲᠠ ᠵᠡᠷᠭᠡ ᠬᠦᠷᠢᠶᠡᠨ ᠳᠠᠬᠢ ᠬᠥᠲᠥᠯᠥᠨ ᠲᠠᠭᠠᠭᠤᠯᠵᠤ ᠲᠤᠯᠭᠠᠭᠤᠷᠢᠯᠠᠬᠤ ᠦᠢᠯᠡᠳᠦᠯ ᠢ ᠴᠢᠩᠭᠠᠳᠬᠠᠵᠤ᠂ ᠥᠷᠢᠰᠦᠯᠳᠦᠬᠦ ᠬᠦᠴᠦᠨ ᠢ ᠴᠢᠩᠭᠠᠷᠠᠭᠤᠯᠤᠨ᠎ᠠ᠃ ᠤᠯᠤᠰ ᠤᠨ ᠰᠢᠨ᠎ᠡ ᠨᠢᠭᠡ ᠡᠭᠡᠯᠵᠢ ᠶᠢᠨ ᠭᠠᠶᠢᠯᠢ ᠶᠢ ᠬᠥᠩᠭᠡᠯᠡᠵᠦ ᠰᠦᠢᠳᠬᠡᠯ ᠢ ᠪᠠᠭᠤᠷᠠᠭᠤᠯᠬᠤ ᠲᠦᠷᠦ ᠶᠢᠨ ᠪᠣᠳᠣᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ︽ᠲᠦᠷᠪᠡᠨ ᠲᠦᠷᠦᠯ ᠤᠨ ᠬᠡᠪᠴᠢᠶᠡᠵᠢᠯ ᠠᠴᠠ ᠲᠡᠭᠡᠭᠰᠢᠬᠢ︾ ᠠᠵᠤ ᠠᠬᠤᠶᠢᠯᠠᠯ ᠢ ᠰᠢᠨ᠎ᠡ ᠪᠠᠷ 40 ᠨᠡᠮᠡᠭᠳᠡᠭᠦᠯᠵᠦ᠂ ᠵᠠᠬ᠎ᠠ ᠳᠡᠯᠭᠡᠭᠦᠷ ᠤᠨ ᠭᠤᠤᠯ ᠴᠣᠭᠴᠠ ᠶᠢ ᠰᠢᠨ᠎ᠡ ᠪᠠᠷ 3 ᠲᠦᠮᠡᠨ ᠡᠷᠦᠬᠡ ᠠᠴᠠ ᠲᠡᠭᠡᠭᠰᠢ ᠨᠡᠮᠡᠭᠳᠡᠭᠦᠯᠦᠨ᠎ᠡ᠃ ᠮᠥᠩᠭᠦᠨ ᠭᠦᠢᠯᠭᠡᠭᠡᠨ ᠠᠴᠠ ᠴᠢᠳᠠᠪᠦᠷᠢ ᠣᠯᠭᠤᠬᠤ ᠶᠠᠰᠤ ᠴᠢᠨᠠᠷ ᠦᠷ᠎ᠡ ᠠᠰᠢᠭ ᠢ ᠳᠡᠭᠡᠭᠰᠢᠯᠡᠭᠦᠯᠵᠦ᠂ ᠢᠲᠡᠭᠡᠮᠵᠢᠲᠦ ᠵᠢᠭᠡᠯᠡᠯᠭᠡ ᠶᠢᠨ ᠦᠯᠡᠳᠡᠪᠦᠷᠢ ᠲᠤᠭ᠎ᠠ ᠶᠢ ᠰᠢᠨ᠎ᠡ ᠪᠠᠷ 150 ᠳ᠋ᠦᠩᠰᠢᠭᠤᠷ ᠲᠥᠭᠦᠷᠢᠭ ᠠᠴᠠ ᠳᠡᠭᠡᠭᠰᠢ ᠨᠡᠮᠡᠭᠳᠡᠭᠦᠯᠦᠨ᠎ᠡ᠃ ᠠᠵᠤ ᠠᠬᠤᠶᠢᠯᠠᠯ ᠤᠨ ᠰᠲ᠋ᠤᠺ ᠢ ᠵᠠᠬ᠎ᠠ ᠳᠡᠯᠭᠡᠭᠦᠷ ᠲᠤ ᠭᠠᠷᠭᠠᠬᠤ ᠶᠢ ᠠᠬᠢᠭᠤᠯᠵᠤ᠂ ᠮᠠᠨ ᠤ ᠬᠤᠲᠠ ᠶᠢᠨ ᠰᠲ᠋ᠤᠺ ᠢ 20 ᠵᠢᠯ ᠭᠤᠣᠯ ᠰᠠᠮᠪᠠᠷ᠎ᠠ ᠶᠢᠨ ᠵᠠᠬ᠎ᠠ ᠲᠡᠯᠬᠡᠭᠦᠷ ᠲᠤ ᠭᠠᠷᠭᠠᠭᠰᠠᠨ ᠦᠭᠡᠢ ᠲᠡᠦᠬᠡ ᠶᠢ ᠡᠴᠦᠰᠯᠡᠭᠦᠯᠦᠨ᠎ᠡ᠃ ᠠᠷᠠᠳ ᠠᠴᠠ ᠡᠵᠡᠩᠨᠡᠭᠰᠡᠨ ᠠᠵᠤ ᠠᠬᠤᠢ ᠪᠣᠯ ᠲᠣᠭᠲᠠᠭᠤᠨ ᠢᠶᠠᠷ ᠨᠡᠮᠡᠭᠳᠡᠭᠦᠯᠬᠦ ᠶᠢ ᠪᠠᠳᠤᠯᠠᠬᠤ ︽ᠲᠤᠯᠭᠠᠭᠤᠷᠢ ᠭᠦᠴᠦᠨ︾ ᠪᠣᠯᠬᠤ ᠶᠣᠮ᠂ ᠬᠦᠴᠦᠲᠡᠢ ᠪᠦᠲᠦᠮᠵᠢ ᠲᠠᠢ ᠠᠷᠭ᠎ᠠ ᠬᠡᠮᠵᠢᠶ᠎ᠡ ᠠᠪᠴᠣ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠬᠥᠭᠵᠢᠯᠲᠡ ᠶᠢᠨ ᠣᠷᠴᠢᠨ ᠲᠣᠭᠤᠷᠢᠨ ᠢ ᠨᠡᠩ ᠰᠢᠯᠢᠳᠡᠭ ᠰᠠᠶᠢᠨ᠂ ᠤᠷᠤᠯᠳᠤᠭᠠᠨ ᠤ ᠲᠠᠯᠠᠪᠤᠷ ᠢ ᠨᠡᠩ ᠡᠷᠬᠡ ᠲᠡᠭᠰᠢ᠂ ᠲᠠᠪᠴᠠᠩ ᠢ ᠨᠡᠩ ᠥᠷᠭᠡᠨ ᠠᠭᠤᠳᠠᠮ᠂ ᠢᠷᠡᠭᠡᠳᠦᠢ ᠶᠢ ᠨᠡᠩ ᠭᠡᠭᠡᠨ ᠰᠠᠷᠠᠭᠤᠯ ᠪᠤᠯᠭᠠᠨ᠎ᠠ︕    ︵ᠬᠤᠶᠠᠷ︶ ᠣᠲᠣ ᠦᠶ᠎ᠡ ᠶᠢᠨ ᠠᠵᠤ ᠦᠢᠯᠡᠰ ᠤᠨ ᠲᠤᠭᠳᠠᠯᠴᠠᠭ᠎ᠠ ᠶᠢ ᠲᠦᠷᠬᠡᠨ ᠢᠶᠠᠷ ᠪᠠᠶᠢᠭᠤᠯᠵᠤ᠂ ᠠᠵᠤ ᠦᠢᠯᠡᠰ ᠤᠨ ᠬᠡᠯᠬᠢᠶ᠎ᠡ ᠬᠠᠩᠭᠠᠯᠭ᠎ᠠ ᠶᠢᠨ ᠬᠡᠯᠬᠢᠶ᠎ᠡ ᠶᠢᠨ ᠤᠶᠠᠨ ᠬᠠᠳᠠᠨ ᠴᠢᠨᠠᠷ ᠪᠠ ᠥᠷᠢᠰᠦᠯᠳᠦᠬᠦ ᠬᠦᠴᠦᠨ ᠢ ᠴᠢᠩᠭᠠᠷᠠᠭᠤᠯᠤᠨ᠎ᠠ᠃ ᠪᠣᠬᠢᠷᠳᠤᠯ ᠦᠭᠡᠢ ᠲᠤᠤᠷ᠎ᠠ ᠨᠡᠭᠦᠷᠡᠰᠦᠳᠦ᠋ᠷᠦᠭᠴᠢᠳᠤ ᠪᠠᠷ ᠬᠠᠳᠠᠭᠠᠯᠠᠯᠲᠠ ᠶᠢᠨ ᠬᠡᠮᠵᠢᠶ᠎ᠡ ᠶᠢ ᠲᠡᠰ ᠳᠡᠪᠰᠢᠭᠦᠯᠬᠦ ᠶᠢ ᠠᠬᠢᠭᠤᠯᠵᠤ᠂ ᠦᠵᠦᠭᠦᠷ ᠲᠡᠰ ᠢᠶᠠᠷ ᠵᠢᠱᠢᠶ᠎ᠡ ᠦᠵᠡᠭᠦᠯᠬᠦ ᠪᠠᠷ ᠬᠡᠮᠵᠢᠶ᠎ᠡ ᠶᠢ ᠨᠡᠮᠡᠭᠳᠡᠭᠦᠯᠦᠨ ᠬᠡᠯᠪᠡᠷᠢ ᠶᠢ ᠬᠤᠪᠢᠷᠠᠭᠤᠯᠬᠤ ᠶᠢ ᠬᠦᠳᠦᠯᠦᠨ ᠲᠠᠭᠠᠭᠤᠯᠵᠤ᠂ ᠠᠵᠤ ᠦᠢᠯᠡᠰ ᠤᠨ ᠰᠠᠭᠤᠷᠢ ᠶᠢ ᠳᠡᠭᠡᠳᠦ ᠵᠡᠷᠬᠡ ᠲᠡᠰᠵᠢᠭᠦᠯᠬᠦ ᠪᠠ ᠠᠵᠤ ᠦᠢᠯᠡᠰ ᠤᠨ ᠬᠡᠯᠬᠢᠶ᠎ᠡ ᠶᠢ ᠤᠳᠤᠬᠢᠴᠢᠯᠠᠬᠤ ᠶᠢ ᠲᠦᠷᠭᠡᠳᠬᠡᠵᠦ᠂ ᠠᠵᠤ ᠠᠬᠤᠢ ᠶᠢᠨ ᠤᠷᠴᠢᠯ ᠪᠠ ᠠᠵᠤ ᠦᠢᠯᠡᠰ ᠤᠨ ᠰᠠᠭᠠᠳ ᠦᠬᠡᠢ ᠨᠡᠪᠲᠡᠷᠡᠬᠦ ᠶᠢ ᠠᠬᠢᠭᠤᠯᠤᠨ᠎ᠠ᠃    ᠤᠳᠤ ᠦᠶ᠎ᠡ ᠶᠢᠨ ᠡᠨᠧᠷᠭᠢ ᠶᠢᠨ ᠠᠵᠤ ᠠᠬᠤᠢ ᠶᠢᠨ ᠬᠦᠭᠵᠢᠯᠳᠡ ᠶᠢ ᠶᠡᠬᠡᠪᠡᠷ ᠠᠬᠢᠭᠤᠯᠤᠨ᠎ᠠ᠃ ︽ᠬᠤᠶᠠᠷ ᠢ ᠲᠦᠷᠦᠭᠦᠯᠡᠨ ᠪᠡᠶᠡᠯᠡᠭᠦᠯᠬᠦ︾ ︽ᠬᠤᠶᠠᠷ ᠢ ᠳᠠᠪᠠᠭᠤᠯᠬᠤ︾᠎ ᠳᠤ ᠠᠩᠬᠠᠷᠤᠯ ᠢᠶᠠᠨ ᠲᠥᠪᠯᠡᠷᠡᠭᠦᠯᠵᠦ᠂ ᠰᠢᠨ᠎ᠡ ᠬᠡᠯᠪᠡᠷᠢ ᠶᠢᠨ ᠴᠠᠬᠢᠯᠭᠠᠨ ᠬᠦᠴᠦᠨ ᠤ ᠰᠢᠰᠲ᠋ᠧᠮ ᠤᠨ ᠪᠦᠲᠦᠭᠡᠨ ᠪᠠᠶᠢᠭᠤᠯᠤᠯᠲᠠ ᠶᠢᠨ ︽ᠠᠷᠪᠠᠨ ᠶᠡᠭᠡ ᠪᠠᠷᠢᠯᠭ᠎ᠠ︾᠎ ᠶᠢ ᠬᠡᠷᠡᠭᠵᠢᠭᠦᠯᠦᠨ᠂ ᠰᠢᠨ᠎ᠡ ᠡᠨᠧᠷᠭᠢ ᠶᠢᠨ ᠮᠠᠰᠢᠨ ᠴᠤᠭᠴᠠᠯᠠᠪᠤᠷᠢ᠂ ᠴᠠᠬᠢᠯᠭᠠᠨ ᠭᠠᠷᠭᠠᠬᠤ᠂ ᠰᠢᠩᠭᠡᠭᠡᠬᠦ ᠬᠠᠷᠢᠴᠠᠯ ᠢ ᠲᠦᠷᠬᠡᠨ ᠢᠶᠠᠷ ᠳᠡᠭᠡᠭᠰᠢᠯᠡᠭᠦᠯᠵᠦ᠂ 670 ᠲᠦᠮᠡᠨ ᠺᠢᠯᠣᠸᠠᠲ ᠤᠨ ᠰᠢᠨ᠎ᠡ ᠡᠨᠧᠷᠭᠢ ᠶᠢᠨ ᠲᠥᠷᠥᠯ ᠵᠦᠢᠯ ᠤᠨ ᠪᠠᠷᠢᠯᠭ᠎ᠠ ᠶᠢᠨ ᠠᠵᠢᠯ ᠢ ᠡᠬᠢᠯᠡᠭᠦᠯᠦᠨ᠂ ᠲᠣᠣᠷ ᠨᠡᠶᠢᠯᠡᠭᠦᠯᠦᠨ ᠴᠠᠬᠢᠯᠭᠠᠨ ᠭᠠᠷᠭᠠᠬᠤ ᠶᠢ 400 ᠲᠦᠮᠡᠨ ᠺᠢᠯᠣᠸᠠᠲ ᠲᠤ ᠬᠦᠷᠬᠡᠵᠣ᠂ ᠣᠨᠴᠠ ᠥᠨᠳᠥᠷ ᠬᠦᠴᠦᠳᠡᠯᠲᠦ ᠴᠠᠬᠢᠯᠭᠠᠨ ᠲᠣᠣᠷ᠂ ᠭᠠᠳᠠᠭᠰᠢ ᠬᠦᠷᠭᠡᠬᠦ ᠵᠠᠮ ᠪᠠ ᠢᠵᠢ ᠪᠦᠷᠢᠳᠦᠭᠰᠡᠨ ᠴᠠᠬᠢᠯᠭᠠᠨ ᠡᠭᠦᠰᠬᠡᠭᠴᠢ ᠶᠢᠨ ᠴᠡᠭ ᠤᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠮᠧᠩ ᠰᠢ ᠠᠴᠠ ᠪᠡᠭᠡᠵᠢᠩ ᠲᠢᠶᠠᠨᠵᠢᠨ ᠾᠧᠪᠧᠢ ᠬᠦᠷᠬᠦ ᠴᠠᠬᠢᠯᠭᠠᠨ ᠬᠦᠴᠦᠨ ᠢ ᠭᠠᠳᠠᠭᠰᠢ ᠬᠦᠷᠭᠡᠬᠦ ᠵᠠᠮ ᠢ ᠵᠦᠪᠰᠢᠶᠡᠷᠡᠭᠦᠯᠬᠦ ᠶᠢ ᠠᠬᠢᠭᠤᠯᠤᠨ᠎ᠠ᠃ ᠨᠡᠭᠦᠷᠡᠰᠦᠨ ᠠᠭᠤᠷᠬᠠᠢ ᠶᠢᠨ ᠭᠠᠵᠠᠷ ᠬᠡᠷᠡᠭᠯᠡᠬᠦ ᠶᠢ ᠬᠢᠨᠠᠨ ᠵᠥᠪᠰᠢᠶᠡᠷᠡᠬᠦ᠂ ᠭᠠᠷᠳᠠᠮ ᠢ ᠭᠦᠢᠴᠡᠳᠬᠡᠬᠦ᠂ ᠣᠶᠢᠯᠡᠳᠪᠦᠷᠢᠯᠠᠯ ᠤᠨ ᠴᠢᠳᠠᠪᠤᠷᠢ ᠶᠢ ᠨᠡᠮᠡᠭᠳᠡᠭᠦᠯᠬᠦ ᠶᠢ ᠨᠢᠭᠡᠳᠦᠯᠲᠡᠢ ᠲᠥᠯᠥᠪᠯᠡᠨ ᠠᠬᠢᠭᠤᠯᠵᠤ᠂ ᠪᠠᠴᠢᠮ ᠪᠠᠶᠢᠳᠠᠯ ᠢ ᠠᠷᠭᠠᠴᠠᠬᠤ ᠣᠶᠢᠯᠡᠳᠪᠦᠷᠢᠯᠠᠯ ᠤᠨ ᠴᠢᠳᠠᠪᠤᠷᠢ ᠶᠢᠨ ᠨᠥᠭᠡᠴᠡᠯᠡᠯᠲᠡ ᠶᠢ ᠴᠢᠩᠭᠠᠷᠠᠭᠤᠯᠵᠤ᠂ ᠨᠡᠭᠦᠷᠡᠰᠦᠨ ᠤ ᠭᠠᠷᠤᠯᠲᠠ ᠶᠢ 7.5 ᠳ᠋ᠦᠩᠰᠢᠭᠤᠷ ᠲᠣᠨ ᠳᠤ ᠬᠦᠷᠭᠡᠨ᠎ᠡ᠃ ᠬᠤᠢ ᠨᠧᠩ ᠤᠨ ᠴᠠᠩ ᠲᠠᠨ᠂ ᠵᠢᠩ ᠲᠠᠢ ᠰᠣᠸᠠᠨ ᠼᠢ ᠭᠸᠣ ᠶᠢᠨ ᠬᠤᠶᠠᠳᠤᠭᠠᠷ ᠬᠤᠭᠤᠴᠠᠭ᠎ᠠ᠂ ᠮᠧᠩ ᠲᠠᠢ ᠶᠢᠨ ᠬᠤᠶᠠᠳᠤᠭᠠᠷ ᠬᠤᠭᠤᠴᠠᠭ᠎ᠠ ᠵᠡᠷᠭᠡ ᠴᠠᠬᠢᠯᠭᠠᠨ ᠤ ᠦᠢᠯᠡᠳᠪᠦᠷᠢ ᠶᠢ ᠪᠠᠶᠢᠭᠤᠯᠤᠨ ᠪᠦᠲᠦᠬᠡᠵᠣ᠂ 35 ᠺᠢᠯᠣᠸᠠᠲ ᠠᠴᠠ ᠳᠡᠭᠡᠭᠰᠢᠬᠢ ᠴᠠᠬᠢᠯᠭᠠᠨ ᠲᠣᠣᠷ ᠤᠨ ᠪᠠᠷᠢᠯᠭ᠎ᠠ ᠶᠢ 35 ᠬᠡᠷᠡᠭᠵᠢᠭᠦᠯᠵᠦ᠂ ᠨᠡᠭᠦᠷᠡᠰᠤᠨ ᠴᠠᠬᠢᠯᠭᠠᠨ ᠤ ᠮᠠᠰᠢᠨ ᠴᠣᠭᠴᠠᠯᠠᠪᠤᠷᠢ ᠶᠢ ᠰᠢᠨ᠎ᠡ ᠪᠠᠷ 596 ᠲᠦᠮᠡᠨ ᠺᠢᠯᠣᠸᠠᠲ ᠨᠡᠮᠡᠭᠳᠡᠭᠦᠯᠦᠨ᠎ᠡ᠃ ᠬᠡᠪ ᠤᠨ ᠪᠤᠰᠤ ᠲᠤᠰᠤ ᠬᠡᠢ ᠶᠢ ᠬᠠᠶᠢᠨ ᠰᠢᠨᠵᠢᠯᠡᠵᠣ ᠨᠡᠬᠡᠬᠡᠨ ᠠᠰᠢᠭᠯᠠᠬᠤ ᠡᠷᠴᠢᠮ ᠢ ᠨᠡᠮᠡᠭᠳᠡᠭᠦᠯᠦᠨ᠎ᠡ᠃ ᠪᠦᠦ ᠹᠧᠩ ᠤᠨ ᠨᠡᠭᠦᠷᠡᠰᠦ ᠪᠠᠷ ᠠᠯᠺᠧᠨ ᠦᠶᠯᠡᠳᠬᠦ᠂ ᠱᠧᠩ ᠬᠤᠩ ᠤᠨ ᠪᠣᠬᠢᠷᠳᠤᠯ ᠦᠭᠡᠢ ᠰᠢᠨ᠎ᠡ ᠮᠠᠲ᠋ᠧᠷᠢᠶᠠᠯ ᠤᠨ ᠣᠷᠴᠢᠯ ᠠᠵᠤ ᠠᠬᠤᠢ ᠶᠢᠨ ᠠᠵᠤ ᠦᠢᠯᠡᠰ ᠤᠨ ᠬᠦᠷᠢᠶᠡᠯᠡᠩ ᠲᠤᠭᠤᠷᠢᠭ ᠵᠡᠷᠭᠡ ᠴᠢᠬᠤᠯᠠ ᠶᠡᠭᠡ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ ᠂ ᠨᠡᠭᠦᠷᠡᠰᠦ ᠪᠠᠷ ᠲᠦᠭᠦᠬᠡᠢ ᠡᠳ᠋ ᠪᠣᠯᠭᠠᠭᠰᠠᠨ ᠣᠨᠴᠠ ᠲᠥᠷᠥᠯ ᠤᠨ ᠲᠦᠯᠡᠰᠢ᠂ ᠨᠡᠭᠦᠷᠡᠰᠦ ᠪᠠᠷ ᠲᠦᠭᠦᠬᠡᠢ ᠡᠳ᠋ ᠪᠣᠯᠭᠠᠭᠰᠠᠨ ᠵᠠᠳᠠᠷᠠᠵᠤ ᠪᠣᠯᠬᠤ ᠠᠮᠢᠳᠤ ᠪᠣᠳᠠᠰ ᠤᠨ ᠮᠠᠲ᠋ᠧᠷᠢᠶᠠᠯ ᠤᠨ ᠲᠥᠷᠥᠯ ᠵᠦᠢᠯ ᠢ ᠢᠳᠡᠪᠬᠢᠲᠡᠢ ᠪᠠᠶᠢᠷᠢᠰᠢᠭᠤᠯᠵᠤ᠂ ᠨᠡᠭᠦᠷᠡᠰᠣᠨ ᠤ ᠬᠢᠮᠢ ᠶᠢᠨ ᠠᠵᠤ ᠦᠢᠯᠡᠳᠪᠦᠷᠢ ᠶᠢᠨ ᠠᠵᠤ ᠦᠢᠯᠡᠰ ᠤᠨ ᠦᠵᠦᠭᠦᠷ ᠲᠡᠰᠵᠢᠭᠰᠡᠨ᠂ ᠣᠯᠠᠨ ᠡᠰᠢᠵᠢᠭᠰᠡᠨ᠂ ᠲᠤᠤᠷ᠎ᠠ ᠨᠡᠭᠦᠷᠡᠰᠦᠳᠦ᠋ᠷᠦᠭᠵᠢᠭᠰᠡᠨ ᠬᠦᠭᠵᠢᠯᠳᠡ ᠶᠢ ᠶᠡᠬᠡᠪᠡᠷ ᠠᠬᠢᠭᠤᠯᠤᠨ᠎ᠠ᠃    ᠲᠡᠷᠢᠭᠦᠨ ᠤ ᠦᠢᠯᠡᠳᠬᠦ ᠦᠢᠯᠡᠰ ᠤᠨ ᠬᠥᠭᠵᠢᠯᠲᠡ ᠶᠢ ᠶᠡᠬᠡᠪᠡᠷ ᠠᠬᠢᠭᠤᠯᠤᠨ᠎ᠠ᠃ ᠬᠡᠯᠬᠢᠶ᠎ᠡ ᠶᠢ ᠪᠠᠶᠢᠭᠤᠯᠤᠨ ᠬᠡᠯᠬᠢᠶ᠎ᠡ ᠶᠢ ᠤᠷᠲᠤᠳᠬᠠᠨ ᠬᠡᠯᠬᠢᠶ᠎ᠡ ᠶᠢ ᠨᠥᠬᠦᠪᠦᠷᠢᠯᠡᠵᠦ ᠬᠡᠯᠬᠢᠶ᠎ᠡ ᠶᠢ ᠭᠦᠴᠦᠷᠬᠡᠭᠵᠢᠭᠦᠯᠬᠦ ᠠᠵᠢᠯᠯᠠᠭ᠎ᠠ ᠶᠢ ᠬᠡᠷᠡᠭᠵᠢᠭᠦᠯᠵᠦ᠂ ᠨᠠᠷᠢᠨ ᠬᠤᠪᠢᠶᠠᠬᠤ ᠲᠤᠳᠤᠮ ᠡᠵᠡᠯᠡᠬᠦ ᠬᠠᠷᠢᠴᠠᠯ ᠨᠢ ᠤᠯᠠᠮ ᠥᠨᠳᠥᠷ ᠪᠣᠯᠬᠤ ᠦᠶᠯᠡᠳᠬᠦ ᠦᠢᠯᠡᠰ ᠤᠨ ᠲᠥᠷᠥᠯ ᠵᠦᠢᠯ ᠤᠨ ᠪᠦᠲᠦᠴᠡ ᠶᠢ ᠪᠦᠷᠢᠯᠳᠦᠭᠦᠯᠬᠦ ᠶᠢ ᠠᠬᠢᠭᠤᠯᠤᠨ᠎ᠠ᠃ ︽ᠰᠠᠯᠬᠢ ᠬᠡᠷᠡᠯ ᠤᠰᠤᠲᠥ᠋ᠷᠥᠭᠴᠢ ᠨᠦᠬᠡᠴᠡᠯᠡᠬᠦ ᠲᠡᠷᠭᠡ︾᠎ ᠶᠢᠨ ᠠᠵᠤ ᠦᠢᠯᠡᠰ ᠤᠨ ᠰᠦᠷᠦᠭᠵᠢᠯ ᠢ ᠪᠤᠵᠠᠭᠠᠶᠢᠷᠠᠭᠤᠯᠤᠨ᠂ ᠰᠢᠨ᠎ᠡ ᠡᠨᠧᠷᠭᠢ ᠶᠢᠨ ᠲᠤᠨᠤᠭᠯᠠᠯ ᠦᠶᠯᠡᠳᠬᠦ ᠠᠵᠤ ᠦᠢᠯᠡᠰ ᠤᠨ ᠬᠥᠭᠵᠢᠯᠲᠡ ᠶᠢᠨ ᠰᠠᠭᠤᠷᠢ ᠮᠥᠩᠭᠦ ᠶᠢ ᠪᠡᠯᠡᠳᠬᠡᠵᠦ᠂ ᠶᠤᠸᠠᠨ ᠵᠢᠩ ᠤᠨ ᠨᠢᠭᠡᠳᠦᠭᠡᠷ ᠬᠤᠭᠤᠴᠠᠭᠠᠨ ᠤ ᠬᠦᠳᠡᠯᠬᠡᠬᠦ ᠬᠦᠴᠦᠨ ᠤ ᠳ᠋ᠢᠶᠠᠨ ᡂᠢ᠂ ᠰᠢᠶᠧ ᠰᠢᠨ ᠤ ᠪᠤᠬᠢᠷᠳᠤᠯ ᠦᠬᠡᠢ ᠤᠰᠤᠲᠥ᠋ᠷᠥᠭᠴᠢ ᠶᠢᠨ ᠲᠤᠨᠤᠭᠯᠠᠯ ᠤᠨ ᠣᠶᠤᠨᠲᠤ ᠦᠢᠯᠡᠳᠪᠦᠷᠢ ᠶᠢ ᠪᠠᠶᠢᠭᠤᠯᠤᠨ ᠠᠰᠢᠭᠯᠠᠯᠲᠠ ᠳᠤ ᠣᠷᠣᠭᠤᠯᠵᠤ᠂ ᠵᠢᠶᠧ ᠴᠢᠩ ᠵᠡᠷᠭᠡ ᠤᠰᠤᠲᠥ᠋ᠷᠥᠭᠴᠢ ᠡᠨᠧᠷᠭᠢ ᠶᠢ ᠦᠢᠯᠡᠳᠴᠦ ᠲᠡᠭᠡᠭᠡᠪᠦᠷᠢᠯᠡᠨ ᠬᠠᠳᠠᠭᠠᠯᠠᠵᠤ ᠬᠡᠷᠡᠭᠯᠡᠬᠦ ᠲᠥᠷᠥᠯ ᠵᠦᠢᠯ ᠢ ᠲᠦᠷᠬᠡᠨ ᠢᠶᠠᠷ ᠪᠦᠲᠦᠬᠡᠨ ᠪᠠᠶᠢᠭᠤᠯᠵᠤ᠂ ᠯᠦᠩ ᠵᠢᠢ᠂ ᠳ᠋ᠦᠩ ᠵᠢᠩ᠂ ᠲᠤᠮᠳᠠᠳᠤ ᠤᠯᠤᠰ ᠤᠨ ᠵᠦᠩ ᠴᠧ᠂ ᠢ ᠴᠢ ᠵᠢᠶᠧ ᠹᠠᠩ ᠵᠡᠷᠭᠡ ᠰᠢᠨ᠎ᠡ ᠡᠨᠧᠷᠭᠢ ᠶᠢᠨ ᠲᠤᠨᠤᠭᠯᠠᠯ ᠦᠶᠯᠡᠳᠬᠦ ᠲᠥᠷᠥᠯ ᠵᠦᠢᠯ ᠢ ᠠᠬᠢᠭᠤᠯᠤᠨ᠎ᠠ᠃ ᠬᠦᠨᠳᠦ ᠬᠡᠯᠪᠡᠷᠢ ᠶᠢᠨ ᠢᠵᠢ ᠪᠦᠷᠢᠳᠦᠭᠰᠡᠨ ᠲᠥᠬᠦᠭᠡᠷᠦᠮᠵᠢ᠂ ᠪᠠᠷᠢᠯᠭ᠎ᠠ ᠶᠢᠨ ᠮᠠᠰᠢᠨ᠂ ᠶᠡᠷᠦᠩᠬᠡᠶᠢᠯᠡᠨ ᠮᠠᠯᠲᠠᠬᠤ ᠲᠤᠨᠤᠭ ᠲᠦᠭᠦᠭᠡᠷᠤᠮᠵᠢ ᠵᠡᠷᠭᠡ ᠠᠵᠤ ᠦᠢᠯᠡᠰ ᠢ ᠰᠢᠯᠢᠳᠡᠭᠵᠢᠭᠦᠯᠦᠨ ᠲᠡᠰ ᠳᠡᠪᠰᠢᠭᠦᠯᠬᠦ ᠶᠢ ᠠᠬᠢᠭᠤᠯᠵᠤ᠂ ᠨᠢᠭᠡ ᠪᠦᠯᠦᠭ ᠲᠤᠰᠬᠠᠢ ᠨᠠᠷᠢᠯᠢᠭ ᠣᠨᠴᠠ ᠰᠢᠨ᠎ᠡ ︽ᠵᠢᠵᠢᠭ ᠠᠪᠤᠷᠭᠤ ᠬᠥᠮᠥᠨ︾᠎ ᠤ ᠠᠵᠤ ᠠᠬᠤᠶᠢᠯᠠᠯ ᠢ ᠪᠣᠶᠢᠵᠢᠭᠤᠯᠤᠨ᠎ᠠ᠃ ᠰᠢᠨ᠎ᠡ ᠮᠠᠲ᠋ᠧᠷᠢᠶᠠᠯ᠂ ᠠᠮᠢᠳᠤ ᠪᠣᠳᠠᠰ ᠤᠨ ᠡᠮ ᠦᠢᠯᠡᠳᠬᠦ ᠵᠡᠷᠭᠡ ᠰᠢᠨ᠎ᠡ ᠪᠠᠷ ᠬᠦᠭᠵᠢᠭᠰᠡᠨ ᠠᠵᠤ ᠦᠢᠯᠡᠰ ᠢ ᠢᠳᠡᠪᠬᠢᠲᠡᠢ ᠪᠠᠷ ᠬᠥᠭᠵᠢᠭᠦᠯᠵᠦ᠂ ᠳ᠋ᠦᠩ ᠿᠢ ᠶᠢᠨ ᠰᠢᠨ᠎ᠡ ᠮᠠᠲ᠋ᠧᠷᠢᠶᠠᠯ᠂ ᠮᠦᠸᠧ ᠷᠦᠢ ᠶᠢᠨ ᠦᠵᠦᠭᠦᠷ ᠲᠡᠰ ᠤᠨ ᠬᠢᠮᠢ ᠶᠢᠨ ᠪᠣᠳᠠᠰ᠂ ᠯᠦᠩ ᠲᠦᠩ ᠤᠨ ᠨᠡᠭᠦᠷᠡᠰᠦᠲᠥ᠋ᠷᠥᠭᠴᠢ ᠶᠢᠨ ᠰᠢᠷᠬᠡᠭᠯᠢᠭ ᠴᠠᠬᠢᠯᠭᠠᠨ ᠲᠤᠶᠢᠯ ᠤᠨ ᠮᠠᠲ᠋ᠧᠷᠢᠶᠠᠯ ᠵᠡᠷᠭᠡ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ ᠱᠠᠩ ᠳ᠋ᠧ ᠠᠢ ᠺᠠᠩ ᠡᠮ ᠤᠨ ᠦᠢᠯᠡᠰ᠂ ᠱᠧᠩ ᠬᠤᠤ ᠡᠮ ᠡᠮᠨᠡᠯᠭᠡ ᠶᠢᠨ ᠬᠢᠮᠢ ᠶᠢᠨ ᠲᠦᠭᠦᠬᠡᠢ ᠡᠳ᠋ ᠵᠡᠷᠭᠡ ᠲᠦᠷᠦᠯ ᠵᠦᠢᠯ ᠢ ᠪᠠᠶᠢᠭᠤᠯᠵᠤ ᠠᠰᠢᠭᠯᠠᠯᠲᠠ ᠳᠤ ᠣᠷᠣᠭᠤᠯᠤᠨ᠎ᠠ᠃ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠦᠵᠦᠭᠦᠷ ᠲᠡᠰᠵᠢᠭᠦᠯᠬᠦ᠂ ᠤᠶᠤᠨᠴᠢᠯᠠᠬᠤ᠂ ᠪᠣᠬᠢᠷᠳᠤᠯ ᠦᠬᠡᠶᠢᠵᠢᠭᠦᠯᠬᠦ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ᠂ 1000 ᠳ᠋ᠦᠩᠰᠢᠭᠤᠷ᠂ 500 ᠳ᠋ᠦᠩᠰᠢᠭᠤᠷ᠂ 300 ᠳ᠋ᠦᠩᠰᠢᠭᠤᠷ ᠲᠦᠭᠦᠷᠢᠭ ᠤᠨ ᠲᠠᠰ ᠤᠨ ᠱᠠᠲᠤᠯᠢᠭ ᠬᠥᠭᠵᠢᠯᠲᠡ ᠶᠢ ᠲᠦᠷᠭᠡᠨ ᠢᠶᠠᠷ ᠪᠣᠶ ᠪᠣᠯᠭᠠᠵᠤ᠂ ᠰᠢᠨ᠎ᠡ ᠪᠠᠶᠢᠳᠠᠯ ᠢ ᠪᠦᠬᠦ ᠲᠠᠯ᠎ᠠ ᠪᠠᠷ ᠪᠤᠢ ᠪᠤᠯᠭᠠᠨ᠎ᠠ᠃    ᠲᠤᠭᠠᠴᠢᠯᠠᠭᠰᠠᠨ ᠠᠵᠤ ᠠᠬᠤᠢ ᠶᠢᠨ ᠬᠥᠭᠵᠢᠯᠲᠡ ᠶᠢ ᠶᠡᠬᠡᠪᠡᠷ ᠠᠬᠢᠭᠤᠯᠤᠨ᠎ᠠ᠃ ᠪᠥᠬᠦ ᠬᠤᠲᠠ ᠶᠢᠨ ᠲᠣᠭᠠᠴᠢᠯᠠᠭᠰᠠᠨ ᠠᠵᠤ ᠠᠬᠤᠢ ᠶᠢᠨ ᠬᠥᠭᠵᠢᠯᠲᠡ ᠶᠢᠨ ᠲᠥᠯᠦᠪᠵᠢᠭᠦᠯᠭᠡ ᠶᠢ ᠨᠠᠶᠢᠷᠠᠭᠤᠯᠤᠨ ᠵᠣᠬᠢᠶᠠᠵᠤ᠂ ᠠᠵᠤ ᠦᠢᠯᠡᠰ ᠤᠨ ᠲᠣᠭᠠᠴᠢᠯᠠᠯᠲᠠ᠂ ᠲᠤᠭᠠᠴᠢᠯᠠᠯᠳᠠ ᠶᠢᠨ ᠠᠵᠣ ᠣᠶᠢᠯᠡᠰᠵᠢᠯᠳᠡ ᠶᠢ ᠭᠦᠨᠵᠡᠭᠡᠶᠢᠷᠡᠭᠦᠯᠦᠨ᠎ᠡ᠃ ᠠᠵᠤ ᠦᠢᠯᠡᠰ ᠤᠨ ︽ᠡᠭᠦᠯᠡᠨ ᠣᠶᠢᠯᠡᠴᠢᠯᠡᠭᠡ ᠶᠢ ᠲᠡᠮᠵᠢᠬᠦ ᠲᠦᠷᠦ ᠶᠢᠨ ᠪᠤᠳᠤᠯᠭ᠎ᠠ ᠶᠢ ᠰᠦᠪᠡᠭᠴᠢᠯᠠᠨ ᠬᠡᠷᠡᠭᠵᠢᠭᠦᠯᠵᠣ ᠲᠤᠮᠤ ᠳ᠋ᠠᠶᠢᠲᠨ ᠶᠢ ᠬᠦᠨᠵᠡᠬᠡᠢ ᠠᠭᠤᠰᠤᠯᠴᠠᠭᠤᠯᠤᠨ ᠬᠡᠷᠡᠭᠯᠡᠬᠦ ᠶᠢ ᠠᠬᠢᠭᠤᠯᠵᠤ ᠠᠵᠤ ᠠᠬᠤᠶᠢᠯᠠᠯ ᠤᠨ ᠤᠶᠤᠨᠴᠢᠯᠠᠭᠰᠠᠨ ᠦᠬᠡᠷᠡᠴᠢᠯᠡᠯᠳᠡ ᠶᠢ ᠲᠡᠮᠵᠢᠬᠦ ᠭᠦᠴᠦᠯᠡᠴᠡ ᠶᠢ ᠨᠡᠮᠡᠭᠳᠡᠭᠦᠯᠬᠦ︾ ᠢᠨᠵᠧᠨᠧᠷᠢᠩ ᠢ ᠬᠡᠷᠡᠭᠵᠢᠭᠦᠯᠵᠦ᠂ ᠮᠡᠳᠡᠭᠡ ᠵᠠᠩᠭᠢᠵᠢᠯᠲᠠ ᠶᠢᠨ ᠲᠥᠷᠥᠯ ᠵᠦᠢᠯ ᠢ 100 ᠵᠦᠢᠯ ᠠᠴᠠ ᠳᠡᠭᠡᠭᠰᠢ ᠪᠦᠲᠦᠭᠡᠨ ᠪᠠᠶᠢᠭᠤᠯᠵᠤ᠂ ᠠᠵᠤ ᠠᠬᠤᠶᠢᠯᠠᠯ ᠤᠨ ᠲᠠᠰ᠂ ᠠᠵᠢᠯ ᠲᠥᠷᠥᠯ ᠤᠨ ᠲᠠᠰ᠂ ᠣᠷᠣᠨ ᠪᠦᠰᠡ ᠶᠢᠨ ᠲᠠᠰ ᠤᠨ ᠠᠵᠤ ᠦᠢᠯᠡᠳᠪᠦᠷᠢ ᠶᠢᠨ ᠢᠨᠲ᠋ᠧᠷ ᠰᠦᠯᠵᠢᠶᠡᠨ ᠤ ᠲᠠᠪᠴᠠᠩ ᠢ 15᠎ ᠠᠴᠠ ᠳᠡᠭᠡᠭᠰᠢ ᠪᠠᠶᠢᠭᠤᠯᠵᠤ᠂ ᠨᠢᠭᠡ ᠪᠦᠯᠦᠭ ᠣᠶᠤᠨᠲᠤ ᠠᠭᠤᠷᠬᠠᠢ᠂ ᠣᠶᠤᠨᠲᠤ ᠦᠢᠯᠡᠳᠪᠦᠷᠢ᠂ ᠲᠣᠭᠠᠴᠢᠯᠠᠭᠰᠠᠨ ᠦᠢᠯᠡᠳᠪᠦᠷᠢ ᠶᠢᠨ ᠲᠠᠰᠤᠭ ᠢ ᠪᠦᠲᠦᠭᠡᠨ ᠪᠠᠶᠢᠭᠤᠯᠵᠤ᠂ ᠣᠶᠤᠨᠲᠤ ᠬᠦᠷᠢᠶᠡᠯᠡᠩ ᠲᠣᠭᠤᠷᠢᠭ ᠢ ᠪᠦᠬᠦ ᠲᠠᠯ᠎ᠠ ᠪᠠᠷ ᠪᠦᠷᠬᠦᠬᠦᠯᠬᠦ ᠶᠢ ᠪᠡᠶᠡᠯᠡᠭᠦᠯᠦᠨ᠎ᠡ᠃ ᠲᠣᠭᠠᠴᠢᠯᠠᠭᠰᠠᠨ ᠡᠨᠧᠷᠭᠢ᠂ ᠲᠣᠭᠠᠴᠢᠯᠠᠭᠰᠠᠨ ᠠᠮᠢ ᠠᠬᠤᠢ᠂ ᠲᠣᠭᠠᠴᠢᠯᠠᠭᠰᠠᠨ ᠵᠠᠰᠠᠭ ᠤᠨ ᠣᠷᠳᠣᠨ ︽ᠭᠤᠷᠪᠠ ᠶᠢ ᠨᠢᠭᠡ ᠴᠣᠭᠴᠠᠵᠢᠭᠤᠯᠤᠭᠰᠠᠨ︾ ᠣᠨᠴᠠᠯᠢᠭ ᠢᠶᠠᠷ ᠢᠯᠡ ᠲᠣᠳᠣ ᠲᠣᠭᠠᠴᠢᠯᠠᠭᠰᠠᠨ ᠠᠵᠤ ᠦᠢᠯᠡᠰ ᠤᠨ ᠰᠠᠭᠤᠷᠢᠨ ᠭᠠᠵᠠᠷ ᠢ ᠡᠬᠢᠯᠡᠨ ᠪᠦᠲᠦᠭᠡᠨ ᠪᠠᠶᠢᠭᠤᠯᠵᠤ᠂ ᠲᠣᠭᠠᠴᠢᠯᠠᠭᠰᠠᠨ ᠨᠡᠶᠢᠭᠡᠮ᠂ ᠲᠣᠭᠠᠴᠢᠯᠠᠭᠰᠠᠨ ᠬᠥᠳᠡᠭᠡ ᠲᠣᠰᠬᠤᠨ᠂ ᠲᠣᠭᠠᠴᠢᠯᠠᠭᠰᠠᠨ ᠵᠢᠭᠤᠯᠴᠢᠯᠠᠯ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ᠂ ᠠᠷᠠᠳ ᠲᠤ ᠲᠥᠬᠦᠮ ᠦᠵᠡᠭᠦᠯᠬᠦ ᠣᠶᠢᠯᠡᠴᠢᠯᠡᠭᠡ ᠶᠢ ᠬᠡᠷᠡᠭᠯᠡᠬᠦ ᠲᠠᠯᠠᠪᠤᠷ ᠢ ᠨᠠᠩ ᠣᠯᠠᠨ ᠭᠠᠷᠭᠠᠨ᠎ᠠ᠃ ᠡᠭᠦᠯᠡᠨ ᠪᠣᠳᠣᠯᠲᠠ᠂ ᠣᠷᠣᠨ ᠬᠡᠰᠡᠭ ᠤᠨ ᠬᠡᠯᠬᠢᠶ᠎ᠡ᠂ ᠵᠣᠬᠢᠶᠠᠮᠠᠯ ᠣᠶᠤᠨ᠂ ᠵᠥᠭᠡᠯᠡᠨ ᠬᠡᠷᠡᠭᠰᠡᠯ ᠤᠨ ᠨᠡᠬᠡᠬᠡᠯᠳᠡ ᠬᠥᠭᠵᠢᠭᠦᠯᠦᠯᠲᠡ ᠵᠡᠷᠭᠡ ᠲᠣᠭᠠᠴᠢᠯᠠᠭᠰᠠᠨ ᠠᠵᠤ ᠦᠢᠯᠡᠰ ᠢ ᠲᠦᠷᠬᠡᠨ ᠢᠶᠠᠷ ᠬᠥᠭᠵᠢᠭᠦᠯᠵᠦ᠂ 5G᠎ ᠶᠢᠨ ᠰᠠᠭᠤᠷᠢ ᠥᠷᠲᠡᠭᠡ ᠶᠢ ᠰᠢᠨ᠎ᠡ ᠪᠠᠷ 1400᠎ ᠠᠴᠠ ᠳᠡᠭᠡᠭᠰᠢ ᠪᠠᠶᠢᠭᠤᠯᠵᠤ᠂ ᠬᠤᠣᠰ ᠮᠢᠩᠭᠠᠨ ᠮᠧᠭ᠎ᠠ ᠶᠢᠨ ᠬᠤᠲᠠ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠤᠨ᠎ᠠ᠃    ᠤᠳᠤ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠶᠢᠨ ᠬᠥᠭᠵᠢᠯᠲᠡ ᠶᠢ ᠶᠡᠬᠡᠪᠡᠷ ᠠᠬᠢᠭᠤᠯᠤᠨ᠎ᠠ᠃ ᠠᠮᠤ ᠪᠤᠳᠠᠭᠠᠨ ᠤ ᠠᠮᠤᠷ ᠲᠦᠪᠰᠢᠨ ᠤ ᠤᠯᠤᠰ ᠲᠥᠷᠥ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠂ ᠡᠭᠦᠷᠢᠳᠡ ᠶᠢᠨ ᠦᠨᠳᠦᠰᠦᠨ ᠲᠠᠷᠢᠶᠠᠨ ᠭᠠᠵᠠᠷ ᠢ ᠬᠠᠷᠭᠤᠭᠤᠯᠤᠨ ᠴᠡᠭᠴᠡᠯᠡᠨ ᠰᠠᠶᠢᠵᠢᠷᠠᠭᠤᠯᠵᠤ ᠭᠦᠢᠴᠡᠳ ᠨᠥᠬᠦᠪᠦᠷᠢᠯᠡᠬᠦ ᠪᠠ ᠨᠥᠭᠡᠴᠡᠯᠡᠬᠦ ᠣᠷᠣᠨ ᠢ ᠬᠤᠪᠢᠶᠠᠷᠢᠯᠠᠨ ᠲᠣᠭᠲᠠᠭᠠᠬᠤ ᠠᠵᠢᠯ ᠢ ᠥᠷᠨᠢᠭᠦᠯᠵᠦ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ ᠰᠢᠨ᠎ᠡ ᠪᠠᠷ 16.6 ᠲᠦᠮᠡᠨ ᠮᠦ ᠪᠠᠶᠢᠭᠤᠯᠵᠤ᠂ ︽ᠨᠣᠭᠤᠭ᠎ᠠ ᠶᠢᠨ ᠰᠠᠭᠰᠤ︾᠎ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠤᠨ᠂ ᠣᠶᠢᠯᠡᠳᠪᠦᠷᠢᠯᠠᠵᠣ ᠬᠠᠩᠭᠠᠬᠤ ᠴᠢᠳᠠᠪᠤᠷᠢ ᠶᠢ ᠳᠡᠭᠡᠭᠰᠢᠯᠡᠭᠦᠯᠦᠨ᠎ᠡ᠃ ᠦᠷ᠎ᠡ ᠡᠭᠦᠯᠳᠡᠷ ᠤᠨ ᠦᠢᠯᠡᠰ ᠢ ᠬᠥᠭᠵᠢᠭᠦᠯᠦᠨ ᠮᠠᠨᠳᠤᠭᠤᠯᠬᠤ ᠠᠵᠢᠯᠯᠠᠭ᠎ᠠ ᠶᠢ ᠬᠡᠷᠡᠭᠵᠢᠭᠦᠯᠵᠦ᠂ ᠦᠷ᠎ᠡ ᠡᠳ᠋ ᠤᠨ ᠡᠬᠢ ᠪᠠᠶᠠᠯᠢᠭ ᠢ ᠬᠠᠮᠠᠭᠠᠯᠠᠨ ᠠᠰᠢᠭᠯᠠᠬᠤ᠂ ᠰᠠᠶᠢᠨ ᠡᠭᠦᠯᠳᠡᠷ ᠤᠨ ᠬᠢᠷᠢ ᠲᠦᠪᠰᠢᠨ ᠢ ᠳᠡᠭᠡᠭᠰᠢᠯᠡᠭᠦᠯᠬᠦ᠂ ᠣᠨᠴᠠᠯᠢᠭᠲᠤ ᠲᠦᠷᠦᠯ ᠵᠣᠶᠢᠯ ᠢ ᠪᠣᠶᠢᠵᠢᠭᠤᠯᠬᠤ ᠭᠤᠷᠪᠠᠨ ᠶᠡᠭᠡ ᠢᠨᠵᠧᠨᠧᠷᠢᠩ ᠢ ᠠᠬᠢᠭᠤᠯᠤᠨ᠎ᠠ᠃ ᠢᠮᠠᠭᠠᠨ ᠨᠣᠯᠤᠥᠷ ᠬᠤᠨᠢᠨ ᠨᠣᠣᠰᠣ᠂ ᠢᠳᠡᠰᠢᠨ ᠦᠬᠡᠷ ᠬᠤᠨᠢ᠂ ᠣᠷᠭᠠᠨᠢᠭ ᠭᠤᠸᠠ ᠵᠢᠮᠢᠰ ᠨᠣᠭᠤᠭ᠎ᠠ ᠴᠠᠭ᠎ᠠ᠂ ᠡᠯᠳᠡᠪ ᠠᠮᠤ ᠵᠡᠷᠭᠡ ᠭᠤᠣᠯᠳᠠᠯᠭ᠎ᠠ ᠲᠠᠢ ᠠᠵᠤ ᠦᠢᠯᠡᠰ ᠤᠨ ᠬᠡᠯᠬᠢᠶ᠎ᠡ ᠶᠢᠨ ᠪᠦᠲᠦᠭᠡᠨ ᠪᠠᠶᠢᠭᠤᠯᠤᠯᠲᠠ ᠶᠢ ᠰᠠᠶᠢᠲᠤᠷ ᠠᠳᠬᠤᠵᠤ᠂ ᠡᠷᠳᠡᠨᠢ ᠰᠢᠰᠢ ᠰᠢᠷ᠎ᠠ ᠪᠤᠷᠴᠠᠭ ᠤᠨ ᠪᠦᠰᠡᠯᠢᠭ ᠨᠡᠶᠢᠯᠡᠮᠡᠯ ᠲᠠᠷᠢᠮᠠᠯ ᠢ ᠳᠡᠯᠭᠡᠷᠡᠭᠦᠯᠦᠨ᠂ ᠲᠠᠷᠢᠶᠠᠯᠠᠩ ᠮᠠᠯ ᠠᠵᠤ ᠠᠬᠤᠢ ᠶᠢᠨ ᠠᠵᠤ ᠣᠶᠢᠯᠡᠰᠵᠢᠯᠳᠡ ᠶᠢᠨ ᠲᠤᠯᠤᠭᠠᠶᠢᠯᠠᠬᠤ ᠠᠵᠤ ᠠᠬᠤᠶᠢᠯᠠᠯ ᠢ ᠪᠤᠵᠠᠭᠠᠶᠢᠷᠠᠭᠤᠯᠤᠨ ᠬᠦᠴᠦᠷᠬᠡᠭᠵᠢᠭᠦᠯᠵᠦ᠂ ᠤᠯᠤᠰ ᠤᠨ ᠨᠤᠲᠤᠭ ᠪᠡᠯᠴᠢᠭᠡᠷ ᠤᠨ ᠮᠠᠯ ᠠᠵᠤ ᠠᠬᠤᠢ ᠶᠢᠨ ᠬᠡᠯᠪᠡᠷᠢ ᠪᠠᠨ ᠬᠤᠪᠢᠷᠠᠭᠤᠯᠤᠨ ᠲᠠᠰ ᠲᠡᠪᠰᠢᠭᠦᠯᠬᠦ ᠲᠤᠷᠰᠢᠯᠲᠠ ᠶᠢᠨ ᠴᠡᠭ ᠢ ᠲᠡᠮᠡᠴᠡᠨ ᠣᠯᠣᠨ᠎ᠠ᠃ ᠥᠪᠡᠷᠮᠢᠴᠡ ᠴᠢᠨᠠᠷ ᠲᠠᠢ ᠵᠠᠬᠢᠶᠠᠯᠠᠨ ᠦᠶᠯᠡᠳᠬᠦ᠂ ᠰᠢᠭᠤᠳ ᠨᠡᠪᠲᠡᠷᠡᠭᠦᠯᠭᠡ ᠪᠠᠷ ᠪᠠᠷᠠᠭ᠎ᠠ ᠬᠤᠳᠠᠯᠳᠤᠬᠤ ᠶᠢ ᠴᠢᠩᠭᠠᠳᠬᠠᠵᠤ᠂ ︽ᠣᠷᠣᠨ ᠪᠦᠰᠡ ᠶᠢᠨ ᠨᠠᠷᠠᠲᠤ ᠲᠡᠮᠳᠡᠭ + ᠠᠵᠤ ᠠᠬᠤᠶᠢᠯᠠᠯ ᠤᠨ ᠨᠠᠷᠠᠲᠤ ᠲᠡᠮᠳᠡᠭ + ᠦᠢᠯᠡᠳᠬᠦᠨ ᠤ ᠨᠠᠷᠠᠲᠤ ᠲᠡᠮᠳᠡᠭ︾᠎ ᠶᠢᠨ ᠬᠥᠭᠵᠢᠯᠲᠡ ᠶᠢᠨ ᠵᠢᠭᠰᠠᠭᠠᠯ ᠢ ᠲᠦᠷᠬᠡᠨ ᠎ ᠢᠶᠠᠷ ᠪᠠᠶᠢᠭᠤᠯᠵᠤ᠂ ᠨᠡᠷ᠎ᠡ ᠴᠤᠤᠲᠠᠢ᠂ ᠪᠣᠷᠤᠯᠠᠭᠤᠯᠭ᠎ᠠ ᠰᠠᠶᠢᠲᠠᠢ ᠣᠷᠳᠣᠰ ᠤᠨ ᠰᠢᠯᠢᠳᠡᠭ ᠨᠠᠷᠠᠲᠤ ᠲᠡᠮᠳᠡᠭ ᠢ ᠨᠡᠩ ᠣᠯᠠᠨ ᠪᠣᠶ ᠪᠣᠯᠭᠠᠨ᠎ᠠ᠃    ︵ᠭᠤᠷᠪᠠ︶ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠶᠢ ᠨᠠᠩ ᠶᠡᠭᠡ ᠡᠷᠴᠢᠮ ᠢᠶᠠᠷ ᠠᠬᠢᠭᠤᠯᠵᠤ᠂ ᠰᠢᠨ᠎ᠡ ᠶᠢ ᠡᠭᠦᠳᠬᠦ ᠮᠠᠶ᠋ᠢᠭ ᠤᠨ ᠣᠷᠳᠣᠰ ᠢ ᠲᠦᠷᠬᠡᠨ ᠢᠶᠠᠷ ᠪᠦᠲᠦᠬᠡᠨ ᠪᠠᠶᠢᠭᠤᠯᠤᠨ᠎ᠠ᠃ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠶᠢᠨ ᠲᠤᠯᠭᠠᠭᠤᠷᠢᠯᠠᠬᠤ ᠦᠢᠯᠡᠳᠦᠯ ᠢ ᠴᠢᠩᠭᠠᠳᠬᠠᠵᠤ᠂ ᠨᠢᠭᠡ ᠪᠦᠯᠦᠭ ᠪᠡᠯᠭᠡ ᠲᠡᠮᠳᠡᠭ ᠤᠨ ᠴᠢᠨᠠᠷᠲᠠᠢ ᠰᠢᠨ᠎ᠡ ᠶᠢ ᠡᠭᠦᠳᠦᠭᠰᠡᠨ ᠦᠷ᠎ᠡ ᠪᠦᠲᠦᠭᠡᠯ ᠢ ᠬᠦᠴᠦᠯᠡᠨ ᠪᠣᠶᠢᠵᠢᠭᠤᠯᠵᠤ᠂ ᠨᠢᠭᠡ ᠪᠦᠯᠦᠭ ᠪᠡᠯᠭᠡ ᠲᠡᠮᠳᠡᠭ ᠤᠨ ᠴᠢᠨᠠᠷᠲᠠᠢ ᠰᠢᠨ᠎ᠡ ᠶᠢ ᠡᠭᠦᠳᠬᠦ ᠪᠦᠯᠬᠦᠮ ᠨᠡᠶᠢᠲᠡ ᠶᠢ ᠣᠷᠣᠭᠤᠯᠤᠨ ᠠᠪᠴᠢᠷᠠᠵᠤ᠂ ᠨᠢᠭᠡ ᠪᠦᠯᠦᠭ ᠪᠡᠯᠭᠡ ᠲᠡᠮᠳᠡᠭ ᠤᠨ ᠴᠢᠨᠠᠷᠲᠠᠢ ᠰᠢᠨ᠎ᠡ ᠶᠢ ᠡᠭᠦᠳᠬᠦ ᠲᠦᠷᠦᠯ ᠵᠣᠶᠢᠯ ᠢ ᠪᠦᠲᠦᠬᠡᠨ ᠪᠠᠶᠢᠭᠤᠯᠵᠤ᠂ ᠰᠢᠨ᠎ᠡ ᠶᠢ ᠡᠭᠦᠳᠬᠦ ᠪᠠᠷ ᠰᠠᠨᠠᠭᠠᠴᠢᠯᠠᠭᠠᠲᠤ ᠡᠷᠬᠡ᠂ ᠳᠠᠪᠠᠭᠤᠯᠢᠭ ᠢ ᠣᠯᠵᠤ᠂ ᠢᠷᠡᠭᠡᠳᠦᠢ ᠶᠢ ᠣᠯᠣᠨ᠎ᠠ᠃    ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠲᠤᠭᠳᠠᠯᠴᠠᠭ᠎ᠠ ᠶᠢ ᠲᠡᠭᠦᠯᠳᠡᠷᠵᠢᠭᠦᠯᠦᠨ᠎ᠡ᠃ ᠤᠯᠤᠰ ᠤᠨ ᠳᠡᠭᠡᠳᠦ ᠰᠢᠨ᠎ᠡ ᠮᠡᠷᠭᠡᠵᠢᠯ ᠤᠨ ᠬᠦᠷᠢᠶᠡᠯᠡᠩ ᠲᠣᠭᠤᠷᠢᠭ ᠤᠨ ᠶᠠᠰᠤ ᠴᠢᠨᠠᠷ ᠢ ᠳᠡᠭᠡᠭᠰᠢᠯᠡᠭᠦᠯᠦᠨ ᠣᠷᠣᠨ ᠲᠡᠪᠰᠢᠬᠦ ᠪᠠ ᠥᠪᠡᠷᠲᠡᠭᠡᠨ ᠵᠠᠰᠠᠬᠤ ᠣᠷᠣᠨ ᠤ ᠳᠡᠭᠡᠳᠦ ᠰᠢᠨ᠎ᠡ ᠮᠡᠷᠭᠡᠵᠢᠯ ᠤᠨ ᠬᠦᠷᠢᠶᠡᠯᠡᠩ ᠲᠣᠭᠤᠷᠢᠭ ᠤᠨ ᠰᠢᠯᠢᠳᠡᠭ ᠢ ᠠᠬᠢᠭᠤᠯᠤᠨ ᠪᠣᠶᠢᠵᠢᠭᠤᠯᠬᠤ ᠠᠵᠢᠯᠯᠠᠭ᠎ᠠ ᠶᠢ ᠬᠡᠷᠡᠭᠵᠢᠭᠦᠯᠵᠦ᠂ ᠲᠡᠷᠢᠭᠦᠨ ᠵᠡᠷᠭᠡ ᠶᠢᠨ ᠳᠡᠭᠡᠳᠦ ᠰᠤᠷᠭᠠᠭᠤᠯᠢ᠂ ᠬᠦᠷᠢᠶᠡᠯᠡᠩ ᠭᠠᠵᠠᠷ ᠎ ᠯᠤᠭ᠎ᠠ ᠶᠢᠨ ᠠᠵᠤ ᠠᠬᠤᠶᠢᠯᠠᠯ ᠳᠡᠭᠡᠳᠦ ᠰᠤᠷᠭᠠᠭᠤᠯᠢ ᠰᠢᠨᠵᠢᠯᠡᠬᠦ ᠤᠬᠠᠭᠠᠨ ᠤ ᠰᠤᠳᠤᠯᠭᠠᠨ ᠤ ᠪᠠᠶᠢᠭᠤᠯᠤᠮᠵᠢ ᠶᠢᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠵᠦ᠂ ᠤᠯᠤᠰ ᠤᠨ ᠳᠣᠲᠣᠭᠠᠳᠤ ᠶᠢᠨ ᠲᠡᠷᠢᠭᠦᠨ ᠲᠠᠢ ᠬᠠᠷᠢᠴᠠᠭᠤᠯᠤᠨ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯ ᠢ ᠵᠦᠭᠰᠢᠷᠡᠭᠦᠯᠦᠨ ᠨᠠᠮᠳᠠᠭᠤᠯᠬᠤ ᠰᠤᠳᠤᠯᠭᠠᠨ ᠤ ᠬᠦᠷᠢᠶᠡᠯᠡᠩ ᠢ ᠪᠠᠶᠢᠭᠤᠯᠵᠤ᠂ ᠪᠡᠭᠡᠵᠢᠩ ᠶᠡᠭᠡ ᠰᠤᠷᠭᠠᠭᠤᠯᠢ ᠶᠢᠨ ᠣᠷᠳᠣᠰ ᠤᠨ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯ ᠢ ᠵᠦᠭᠰᠢᠷᠡᠭᠦᠯᠦᠨ ᠨᠠᠮᠳᠠᠭᠠᠬᠤ ᠬᠠᠮᠲᠤᠷᠠᠭᠰᠠᠨ ᠲᠤᠷᠰᠢᠯᠲᠠ ᠶᠢᠨ ᠲᠠᠰᠤᠭ᠂ ᠴᠢᠩᠬᠤᠸᠠ ᠶᠡᠭᠡ ᠰᠤᠷᠭᠠᠭᠤᠯᠢ ᠶᠢᠨ ᠣᠷᠳᠣᠰ ᠤᠨ ︽ᠬᠤᠣᠰ ᠨᠡᠭᠦᠷᠡᠰᠦᠲᠥ᠋ᠷᠥᠭᠴᠢ︾᠎ ᠶᠢᠨ ᠰᠢᠨ᠎ᠡ ᠶᠢ ᠡᠭᠦᠳᠬᠦ ᠰᠠᠭᠤᠷᠢᠨ ᠭᠠᠵᠠᠷ ᠢ ᠲᠦᠷᠬᠡᠨ ᠢᠶᠠᠷ ᠪᠠᠶᠢᠭᠤᠯᠵᠤ᠂ ᠤᠯᠤᠰ ᠤᠨ ᠨᠡᠭᠦᠷᠡᠰᠦᠲᠥ᠋ᠷᠥᠭᠴᠢ ᠪᠠᠷ ᠲᠦᠭᠦᠬᠡᠢ ᠡᠳ᠋ ᠪᠣᠯᠭᠠᠭᠰᠠᠨ ᠰᠢᠨ᠎ᠡ ᠮᠠᠲ᠋ᠧᠷᠢᠶᠠᠯ ᠤᠨ ᠭᠤᠣᠯᠳᠠᠯᠭ᠎ᠠ ᠲᠠᠢ ᠲᠤᠷᠰᠢᠯᠲᠠ ᠶᠢᠨ ᠲᠠᠰᠤᠭ᠂ ᠰᠢᠨ᠎ᠡ ᠬᠡᠯᠪᠡᠷᠢ ᠶᠢᠨ ᠴᠠᠬᠢᠯᠭᠠᠨ ᠬᠦᠴᠦᠨ ᠤ ᠰᠢᠰᠲ᠋ᠧᠮ ᠤᠨ ᠭᠤᠣᠯᠳᠠᠯᠭ᠎ᠠ ᠲᠠᠢ ᠲᠤᠷᠰᠢᠯᠲᠠ ᠶᠢᠨ ᠲᠠᠰᠤᠭ ᠤᠨ ᠪᠦᠲᠦᠭᠡᠨ ᠪᠠᠶᠢᠭᠤᠯᠤᠯᠲᠠ ᠶᠢ ᠢᠳᠡᠪᠬᠢᠲᠡᠢ ᠠᠬᠢᠭᠤᠯᠵᠤ᠂ ᠰᠢᠨ᠎ᠡ ᠶᠢ ᠡᠭᠦᠳᠬᠦ ᠲᠠᠪᠴᠠᠩ ᠢ ᠰᠢᠨ᠎ᠡ ᠪᠠᠷ 10᠎ ᠠᠴᠠ ᠳᠡᠭᠡᠭᠰᠢ ᠨᠡᠮᠡᠭᠳᠡᠭᠦᠯᠦᠨ᠎ᠡ᠃ ᠤᠯᠤᠰ ᠤᠨ ᠦᠷᠭᠦᠯᠵᠢᠯᠡᠭᠦᠶᠢᠴᠡ ᠬᠥᠭᠵᠢᠯᠲᠡ ᠶᠢᠨ ᠵᠥᠪᠯᠡᠬᠦ ᠵᠦᠢᠯ ᠤᠨ ᠰᠢᠨ᠎ᠡ ᠶᠢ ᠡᠭᠦᠳᠬᠦ ᠵᠢᠱᠢᠶ᠎ᠡ ᠦᠵᠡᠭᠦᠯᠬᠦ ᠣᠷᠣᠨ ᠢ ᠵᠦᠪᠰᠢᠶᠡᠷᠡᠭᠦᠯᠬᠦ ᠶᠢ ᠠᠬᠢᠭᠤᠯᠵᠤ᠂ ᠬᠥᠬᠡᠬᠤᠲᠠ ᠪᠤᠭᠤᠲᠤ ᠣᠷᠳᠣᠰ ᠤᠨ ᠤᠯᠤᠰ ᠤᠨ ᠪᠡᠶ᠎ᠡ ᠪᠠᠨ ᠳᠠᠭᠠᠭᠠᠵᠤ ᠰᠢᠨ᠎ᠡ ᠶᠢ ᠡᠭᠦᠳᠬᠦ ᠵᠢᠱᠢᠶ᠎ᠡ ᠦᠵᠡᠭᠦᠯᠬᠦ ᠣᠷᠣᠨ᠂ ᠬᠤᠣᠰ ᠨᠡᠭᠦᠷᠡᠰᠦᠲᠥ᠋ᠷᠥᠭᠴᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠶᠡᠷᠦᠩᠬᠡᠶᠢᠯᠡᠭᠰᠡᠨ ᠵᠢᠱᠢᠶ᠎ᠡ ᠦᠵᠡᠭᠦᠯᠬᠦ ᠣᠷᠣᠨ ᠢ ᠡᠭᠦᠳᠦᠨ ᠪᠠᠶᠢᠭᠤᠯᠬᠤ ᠶᠢ ᠠᠬᠢᠭᠤᠯᠤᠨ᠎ᠠ᠃    ᠰᠢᠨ᠎ᠡ ᠶᠢ ᠡᠭᠦᠳᠬᠦ ᠭᠤᠤᠯ ᠴᠣᠭᠴᠠ ᠶᠢᠨ ᠪᠠᠶᠢᠷᠢ ᠰᠠᠭᠤᠷᠢ ᠶᠢ ᠴᠢᠩᠭᠠᠷᠠᠭᠤᠤᠯᠤᠨ᠎ᠠ᠃ ︽ᠭᠤᠷᠪᠠ ᠶᠢ ᠦᠬᠡᠶᠢᠰᠬᠡᠬᠦ︾ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠤᠯᠤᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ ᠳᠤᠮᠳᠠ ᠵᠢᠵᠢᠭ ᠠᠵᠤ ᠠᠬᠤᠶᠢᠯᠠᠯ᠂ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠢ ᠪᠣᠶᠢᠵᠢᠭᠤᠯᠬᠤ ︽ᠬᠤᠶᠠᠷ ᠲᠠᠬᠢᠨ ᠢᠶᠠᠷ ᠨᠡᠮᠡᠭᠳᠡᠭᠦᠯᠬᠦ︾ ᠲᠥᠯᠥᠪᠯᠡᠭᠡ ᠶᠢ ᠬᠡᠷᠡᠭᠵᠢᠭᠦᠯᠵᠦ᠂ ︽ᠭᠤᠷᠪᠠ ᠶᠢ ᠦᠬᠡᠶᠢᠰᠬᠡᠬᠦ︾ ᠠᠵᠤ ᠠᠬᠤᠶᠢᠯᠠᠯ ᠢ ᠰᠢᠨ᠎ᠡ ᠪᠠᠷ 40 ᠨᠡᠮᠡᠭᠳᠡᠭᠦᠯᠵᠦ᠂ ᠤᠯᠤᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠢ 185᠎ ᠳᠤ ᠬᠦᠷᠬᠡᠵᠣ᠂ ᠬᠥᠮᠥᠷᠭᠡ ᠳᠤ ᠣᠷᠣᠭᠤᠯᠤᠭᠰᠠᠨ ᠤᠯᠤᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ ᠳᠤᠮᠳᠠ ᠵᠢᠵᠢᠭ ᠠᠵᠤ ᠠᠬᠤᠶᠢᠯᠠᠯ ᠢ 180᠎ ᠠᠴᠠ ᠳᠡᠭᠡᠭᠰᠢ ᠳᠤ ᠬᠦᠷᠬᠡᠵᠣ᠂ ᠬᠡᠪᠴᠢᠶᠡᠵᠢᠯ ᠠᠴᠠ ᠲᠡᠭᠡᠭᠰᠢᠬᠢ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠤᠨ ᠦᠢᠯᠡᠳᠬᠦᠨ ᠤ ᠦᠷᠳᠡᠭ ᠤᠨ ᠬᠡᠪᠴᠢᠶᠡᠵᠢᠯ ᠠᠴᠠ ᠲᠡᠭᠡᠭᠰᠢᠬᠢ ᠠᠵᠤ ᠦᠢᠯᠡᠳᠪᠦᠷᠢ ᠶᠢᠨ ᠦᠢᠯᠡᠳᠬᠦᠨ ᠤ ᠶᠡᠷᠦᠩᠬᠡᠢ ᠦᠷᠳᠡᠭ ᠲᠤ ᠡᠵᠡᠯᠡᠬᠦ ᠬᠤᠪᠢ ᠶᠢᠨ ᠵᠢᠩ ᠢ 30%᠎ ᠳᠤ ᠬᠦᠷᠭᠡᠨ᠎ᠡ᠃ ᠲᠠᠭᠠᠭᠤᠯᠤᠭᠴᠢ ᠠᠵᠤ ᠠᠬᠤᠶᠢᠯᠠᠯ ᠠᠴᠠ ᠲᠦᠷᠦᠭᠦᠯᠡᠨ ᠰᠢᠨ᠎ᠡ ᠶᠢ ᠡᠭᠦᠳᠬᠦ ᠬᠤᠯᠪᠣᠭᠠᠲᠤ ᠴᠣᠭᠴᠠ ᠶᠢ ᠵᠣᠬᠢᠶᠠᠨ ᠪᠠᠶᠢᠭᠤᠯᠬᠤ ᠶᠢ ᠳᠡᠮᠵᠢᠵᠦ᠂ ᠬᠤᠲᠠ ᠶᠢᠨ ᠱᠠᠲᠤᠨ ᠠᠴᠠ ᠳᠡᠭᠡᠭᠰᠢᠬᠢ ᠰᠢᠨᠵᠢᠯᠡᠬᠦ ᠤᠬᠠᠭᠠᠨ ᠮᠡᠷᠭᠡᠵᠢᠯ ᠤᠨ ᠴᠢᠬᠤᠯᠠ ᠶᠡᠭᠡ ᠲᠤᠰᠬᠠᠢ ᠲᠥᠷᠥᠯ ᠵᠣᠶᠢᠯ ᠢ 20᠂ ᠰᠢᠨᠵᠢᠯᠡᠬᠦ ᠤᠬᠠᠭᠠᠨ ᠮᠡᠷᠭᠡᠵᠢᠯ ᠤᠨ ᠲᠦᠯᠦᠪᠯᠡᠬᠡᠨ ᠤ ᠲᠥᠷᠥᠯ ᠵᠦᠢᠯ ᠢ 150 ᠬᠡᠷᠡᠭᠵᠢᠭᠦᠯᠦᠨ᠎ᠡ᠃    ᠰᠢᠨ᠎ᠡ ᠶᠢ ᠡᠭᠦᠳᠦᠨ ᠠᠳᠠᠯ ᠦᠢᠯᠡᠰ ᠴᠣᠭᠴᠠᠯᠠᠬᠤ ᠠᠮᠢ ᠠᠬᠤᠢ ᠶᠢ ᠰᠢᠯᠢᠳᠡᠭᠵᠢᠭᠦᠯᠦᠨ᠎ᠡ᠃ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠲᠥᠷᠥ ᠶᠢᠨ ᠪᠣᠳᠣᠯᠭ᠎ᠠ ᠶᠢᠨ 30 ︽1+N︾ ᠲᠥᠷᠥ ᠶᠢᠨ ᠪᠣᠳᠣᠯᠭ᠎ᠠ ᠶᠢᠨ ᠲᠤᠭᠳᠠᠯᠴᠠᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠰᠤᠳᠤᠯᠤᠨ ᠨᠡᠭᠡᠭᠡᠬᠦ ᠣᠷᠣᠭᠤᠯᠤᠯᠲᠠ ᠶᠢ ᠦᠷᠭᠦᠯᠵᠢᠯᠡᠨ ᠨᠡᠮᠡᠭᠳᠡᠭᠦᠯᠵᠣ᠂ ᠡᠳ᠋ ᠤᠨ ᠵᠠᠰᠠᠭ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠣᠷᠣᠭᠤᠯᠤᠯᠲᠠ ᠶᠢ ᠡᠷᠬᠡᠪᠰᠢ ᠨᠡᠮᠡᠭᠳᠡᠭᠦᠯᠬᠦ ᠲᠣᠭᠲᠠᠴᠠ ᠶᠢ ᠨᠠᠶᠢᠳᠠᠪᠤᠷᠢᠵᠢᠭᠤᠯᠤᠨ᠎ᠠ᠃ ᠮᠥᠩᠭᠦᠨ ᠭᠦᠢᠯᠭᠡᠭᠡᠨ ᠠᠴᠠ ᠴᠢᠳᠠᠪᠦᠷᠢ ᠣᠯᠭᠤᠬᠤ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠶᠢ ᠴᠢᠩᠭᠠᠳᠬᠠᠵᠤ᠂ 30 ᠳ᠋ᠦᠩᠰᠢᠭᠤᠷ ᠲᠥᠭᠦᠷᠢᠭ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠰᠠᠭᠤᠷᠢ ᠮᠥᠩᠭᠦ ᠶᠢ ᠪᠠᠶᠢᠭᠤᠯᠤᠨ᠎ᠠ᠃ ᠰᠢᠨᠵᠢᠯᠡᠬᠦ ᠤᠬᠠᠭᠠᠨ ᠮᠡᠷᠭᠡᠵᠢᠯ ᠤᠨ ᠪᠠᠶᠢᠭᠤᠯᠤᠯ ᠢ ᠦᠬᠡᠷᠡᠴᠢᠯᠡᠬᠦ ᠭᠤᠷᠪᠠᠨ ᠵᠢᠯ ᠤᠨ ᠪᠤᠭᠤᠮᠳᠠ ᠰᠢᠪᠳᠤᠯᠬᠤ ᠠᠵᠢᠯᠯᠠᠭ᠎ᠠ ᠶᠢ ᠬᠡᠷᠡᠭᠵᠢᠭᠦᠯᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠲᠥᠯᠥᠪᠯᠡᠭᠡᠨ ᠤ ᠲᠦᠷᠦᠯ ᠵᠣᠶᠢᠯ ᠪᠠ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠲᠤᠰᠬᠠᠢ ᠪᠡᠯᠡ ᠮᠥᠩᠭᠦ ᠶᠢᠨ ᠬᠠᠮᠢᠶᠠᠷᠤᠯᠳᠠ ᠶᠢ ᠰᠢᠯᠢᠳᠡᠭᠵᠢᠭᠦᠯᠦᠨ᠎ᠡ᠃ ᠰᠢᠨᠵᠢᠯᠡᠬᠦ ᠤᠬᠠᠭᠠᠨ ᠤ ᠰᠤᠳᠤᠯᠭᠠᠨ ᠤ ᠵᠠᠷᠤᠳᠠᠯ ᠤᠨ ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠠᠮᠠᠭᠠᠯᠠᠯᠲᠠ ᠶᠢ ᠴᠢᠩᠭᠠᠳᠬᠠᠨ᠎ᠠ᠃ ︽ᠵᠠᠮ ᠳᠠᠭᠠᠤ ᠦᠨᠳᠡᠬᠡᠯᠡᠭᠦᠯᠬᠦ︾᠂ ︽ᠲᠣᠭᠲᠠᠭᠰᠠᠨ ᠭᠠᠵᠠᠷ ᠲᠤ ᠦᠨᠳᠡᠬᠡᠯᠡᠭᠦᠯᠬᠦ︾᠂ ︽ᠬᠦᠷᠦᠰᠦ ᠰᠢᠷᠤᠢ ᠲᠠᠢ ᠨᠢ ᠰᠢᠯᠵᠢᠭᠦᠯᠦᠨ ᠤᠷᠭᠤᠭᠤᠯᠬᠤ︾ ᠵᠡᠷᠭᠡ ᠰᠢᠨ᠎ᠡ ᠶᠢ ᠡᠭᠦᠳᠬᠦ ᠪᠠ ᠴᠢᠳᠠᠪᠤᠷᠢᠲᠠᠨ ᠢ ᠣᠷᠣᠭᠤᠯᠬᠤ ᠵᠠᠭᠪᠤᠷ ᠢ ᠲᠡᠯᠬᠡᠷᠡᠭᠦᠯᠵᠣ᠂ ᠴᠢᠳᠠᠪᠤᠷᠢᠲᠠᠨ ᠤ ᠦᠢᠯᠡᠴᠢᠯᠡᠭᠡᠨ ᠤ ᠪᠠᠲᠤᠯᠠᠭ᠎ᠠ ᠶᠢᠨ ᠲᠣᠭᠲᠠᠴᠠ ᠶᠢ ᠪᠦᠷᠢᠨᠰᠢᠭᠦᠯᠵᠦ᠂ ᠨᠠᠩ ᠣᠯᠠᠨ ᠴᠢᠳᠠᠪᠤᠷᠢᠲᠠᠨ ᠢ ᠣᠷᠳᠣᠰ ᠲᠤ ᠢᠷᠡᠭᠦᠯᠦᠨ᠂ ᠣᠷᠳᠣᠰ ᠲᠤ ᠨᠤᠳᠤᠭᠰᠢᠭᠤᠯᠵᠤ᠂ ᠣᠷᠳᠣᠰ ᠲᠤ ᠬᠦᠰᠡᠯ ᠵᠡᠭᠦᠳᠦ ᠶᠢ ᠨᠢ ᠲᠡᠷᠭᠡᠯᠰᠢᠭᠦᠯᠦᠨ᠎ᠡ᠃   ︵ᠳᠥᠷᠪᠡ︶ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢ ᠴᠢᠩᠭᠠᠳᠬᠠᠬᠤ ᠪᠠᠶᠢᠯᠳᠤᠬᠤ ᠪᠣᠳᠣᠯᠭ᠎ᠠ ᠶᠢᠨ ᠲᠣᠭᠲᠠᠯ ᠬᠦᠴᠦᠨ ᠢ ᠪᠠᠳᠤᠯᠠᠵᠣ᠂ ᠠᠮᠢ ᠠᠬᠤᠢ ᠶᠢᠨ ᠣᠷᠴᠢᠨ ᠲᠣᠭᠤᠷᠢᠨ ᠤ ᠶᠠᠰᠤ ᠴᠢᠨᠠᠷ ᠢ ᠲᠠᠰᠤᠷᠠᠯᠲᠠ ᠦᠭᠡᠢ ᠰᠠᠶᠢᠵᠢᠷᠠᠭᠤᠯᠤᠨ᠎ᠠ᠃ ᠬᠥᠮᠥᠨ ᠬᠡᠷᠪᠡ ᠬᠥᠬᠡᠮᠳᠦᠭ ᠠᠭᠤᠯᠠ ᠶᠢ ᠬᠥᠰᠡᠷᠳᠡᠭᠦᠯᠬᠦ ᠦᠭᠡᠢ ᠪᠣᠯ ᠬᠥᠬᠡᠮᠳᠦᠭ ᠠᠭᠤᠯᠠ ᠯᠠᠪᠳᠠᠶ᠎ᠠ ᠬᠥᠮᠥᠨ ᠢ ᠬᠥᠰᠡᠷᠳᠡᠭᠦᠯᠬᠦ ᠦᠭᠡᠢ ᠶᠤᠮ᠃ ᠬᠠᠲᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠵᠠᠰᠠᠯᠲᠠ ᠶᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠠᠵᠤ ᠠᠬᠤᠢ ᠨᠡᠶᠢᠭᠡᠮ ᠤᠨ ᠪᠥᠬᠦ ᠲᠠᠯ᠎ᠠ ᠪᠠᠷ ᠬᠦᠭᠵᠢᠯᠳᠡ ᠶᠢᠨ ᠬᠡᠯᠪᠡᠷᠢ ᠪᠠᠨ ᠬᠤᠪᠢᠷᠠᠭᠤᠯᠵᠣ ᠪᠣᠬᠢᠷᠳᠤᠯ ᠦᠭᠡᠢ ᠪᠠᠷ ᠬᠦᠭᠵᠢᠭᠦᠯᠬᠦ ᠶᠢ ᠠᠬᠢᠭᠤᠯᠤᠨ᠂ ᠳᠤᠮᠳᠠᠳᠤ ᠤᠯᠤᠰ ᠤᠨ ᠤᠮᠠᠷᠠᠲᠤ ᠶᠢᠨ ᠠᠮᠢ ᠠᠬᠤᠢ ᠶᠢᠨ ᠠᠮᠤᠷ ᠲᠦᠪᠰᠢᠨ ᠤ ᠴᠢᠬᠤᠯᠠ ᠬᠠᠯᠬᠠᠪᠴᠢ ᠪᠣᠯᠬᠤ ᠣᠷᠳᠣᠰ ᠤᠨ ᠰᠡᠷᠭᠡᠶᠢᠯᠡᠯᠲᠡ ᠶᠢᠨ ᠱᠤᠭᠤᠮ ᠢ ᠪᠠᠲᠤ ᠪᠠᠬᠢ ᠴᠤᠭᠴᠠᠯᠠᠨ ᠪᠠᠶᠢᠭᠤᠯᠤᠨ᠎ᠠ᠃    ᠬᠠᠲᠤᠨ ᠭᠤᠣᠯ ᠤᠨ ᠪᠦᠬᠦ ᠰᠠᠪᠠ ᠭᠠᠵᠠᠷ ᠤᠨ ᠬᠠᠮᠠᠭᠠᠯᠠᠯᠲᠠ ᠶᠢ ᠴᠢᠩᠭᠠᠳᠬᠠᠨ᠎ᠠ᠃ ᠬᠠᠲᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠠ ᠴᠢᠨᠠᠷ ᠰᠠᠶᠢᠲᠠᠢ ᠬᠥᠭᠵᠢᠯᠲᠡ ᠶᠢᠨ ᠬᠤᠰᠢᠭᠤᠴᠢ ᠣᠷᠣᠨ ᠢ ᠪᠦᠲᠦᠭᠡᠨ ᠪᠠᠶᠢᠭᠤᠯᠬᠤ ᠭᠤᠷᠪᠠᠨ ᠵᠢᠯ ᠤᠨ ᠠᠵᠢᠯᠯᠠᠭ᠎ᠠ ᠶᠢ ᠬᠡᠷᠡᠭᠵᠢᠭᠦᠯᠵᠦ᠂ ᠬᠤᠲᠠ ᠶᠢᠨ ᠲᠤᠰ ᠱᠠᠳᠤᠨ ᠤ ᠡᠳ᠋ ᠤᠨ ᠵᠠᠰᠠᠭ ᠠᠴᠠ ᠵᠢᠯ ᠪᠦᠷᠢ 10 ᠳ᠋ᠦᠩᠰᠢᠭᠤᠷ ᠲᠥᠭᠦᠷᠢᠭ ᠭᠠᠷᠭᠠᠵᠤ ︽ᠠᠷᠪᠠᠨ ᠶᠡᠭᠡ ᠠᠵᠢᠯᠯᠠᠭ᠎ᠠ︾᠎ ᠶᠢ ᠦᠷᠨᠢᠭᠦᠯᠦᠨ᠎ᠡ᠃ ᠠᠷᠪᠠᠨ ᠶᠡᠭᠡ ᠬᠦᠨᠳᠡᠢ ᠶᠢ ᠶᠡᠷᠦᠩᠬᠡᠶᠢᠯᠡᠨ ᠵᠠᠰᠠᠬᠤ ᠶᠢ ᠴᠢᠩᠭᠠᠳᠬᠠᠵᠤ᠂ ᠰᠢ ᠯᠢᠦ ᠭᠧᠦ ᠶᠢ ᠶᠡᠷᠦᠩᠬᠡᠶᠢᠯᠡᠨ ᠵᠠᠰᠠᠬᠤ ᠠᠵᠢᠯ ᠢ ᠡᠬᠢᠯᠡᠭᠦᠯᠵᠦ᠂ ᠬᠠᠳᠤᠨ ᠭᠤᠣᠯ ᠤᠨ ᠣᠷᠳᠣᠰ ᠤᠨ ᠬᠡᠰᠡᠭ ᠤᠨ ᠦᠶᠡᠷ ᠢ ᠰᠡᠷᠭᠡᠶᠢᠯᠡᠬᠦ ᠭᠤᠷᠪᠠᠳᠤᠭᠠᠷ ᠬᠤᠭᠤᠴᠠᠭᠠᠨ ᠤ ᠪᠠᠷᠢᠯᠭ᠎ᠠ ᠶᠢ ᠲᠦᠷᠬᠡᠨ ᠢᠶᠠᠷ ᠠᠬᠢᠭᠤᠯᠵᠤ᠂ ᠬᠠᠳᠤᠨ ᠭᠤᠣᠯ ᠤᠨ ᠲᠠᠩ ᠭᠠᠵᠠᠷ ᠤᠨ ᠰᠠᠭᠤᠭᠠᠯᠢ ᠠᠷᠠᠳ ᠢ ᠨᠡᠭᠦᠯᠭᠡᠨ ᠪᠠᠶᠢᠭᠤᠯᠬᠤ ᠶᠢ ᠯᠠᠪᠳᠠᠭᠤᠨ ᠡᠮᠬᠢ ᠵᠢᠷᠤᠮ ᠲᠠᠢ ᠪᠠᠷ ᠠᠬᠢᠭᠤᠯᠵᠤ᠂ ᠬᠠᠳᠤᠨ ᠭᠤᠣᠯ ᠤᠨ ᠠᠮᠤᠷ ᠲᠦᠪᠰᠢᠨ ᠪᠠᠶᠢᠬᠤ ᠶᠢ ᠦᠨᠡᠨᠬᠦ ᠪᠠᠲᠤᠯᠠᠨ᠎ᠠ᠃ ︽ᠤᠰᠤ ᠪᠠᠷ ᠲᠦᠷᠪᠡ ᠶᠢ ᠲᠣᠭᠲᠠᠭᠠᠬᠤ︾ ᠲᠥᠰᠥᠯ ᠢ ᠨᠠᠶᠢᠷᠠᠭᠤᠯᠤᠨ ᠵᠣᠬᠢᠶᠠᠵᠤ᠂ ᠤᠰᠤ ᠶᠢ ᠠᠷᠪᠢᠯᠠᠵᠤ ᠤᠰᠤ ᠶᠢ ᠬᠢᠵᠠᠭᠠᠷᠯᠠᠬᠤ ᠠᠵᠢᠯ ᠢ ᠥᠷᠨᠢᠭᠦᠯᠵᠦ᠂ ᠭᠠᠵᠠᠷ ᠳᠣᠣᠷᠠᠬᠢ ᠤᠰᠤ ᠶᠢ ᠬᠡᠲᠦᠷᠡᠲᠡᠯ᠎ᠡ ᠲᠠᠳᠠᠬᠤ᠂ ᠲᠣᠭᠲᠠᠭᠠᠯ ᠠᠴᠠ ᠵᠥᠷᠢᠴᠡᠨ ᠤᠰᠤ ᠲᠠᠲᠠᠵᠤ ᠬᠡᠷᠡᠭᠯᠡᠬᠦ ᠶᠢ ᠵᠠᠰᠠᠬᠤ ᠶᠢ ᠴᠢᠩᠭ᠎ᠠ ᠠᠳᠬᠤᠨ᠎ᠠ᠃ ᠬᠠᠲᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠣᠷᠴᠢᠨ ᠲᠣᠭᠤᠷᠢᠨ ᠤ ᠲᠤᠭ᠎ᠠ ᠪᠠᠷᠢᠮᠲᠠ ᠶᠢᠨ ᠡᠬᠢ ᠪᠠᠶᠠᠯᠢᠭ ᠤᠨ ᠲᠥᠪ ᠵᠢᠴᠢ ᠤᠶᠤᠨᠴᠢ ᠬᠠᠮᠢᠶᠠᠷᠤᠨ ᠡᠵᠡᠮᠳᠡᠬᠦ ᠲᠠᠪᠴᠠᠩ ᠢ ᠪᠦᠲᠦᠭᠡᠨ ᠪᠠᠶᠢᠭᠤᠯᠵᠤ᠂ ᠴᠠᠭ ᠠᠭᠤᠷ ᠤᠨ ᠦᠨᠳᠦᠷ ᠢᠯᠭᠠᠮᠵᠢ ᠶᠢᠨ ᠲᠥᠪ ᠤᠨ ᠶᠡᠷᠦᠩᠬᠡᠶᠢᠯᠡᠭᠰᠡᠨ ᠦᠢᠯᠡᠳᠦᠯ ᠴᠢᠳᠠᠪᠤᠷᠢ ᠶᠢ ᠳᠡᠭᠡᠭᠰᠢᠯᠡᠭᠦᠯᠦᠨ᠂ ᠲᠣᠪᠣᠶᠢᠮ᠎ᠠ ᠠᠰᠠᠭᠤᠳᠠᠯ ᠢ ᠲᠤᠶᠢᠯᠪᠦᠷᠢᠲᠠᠢ ᠴᠡᠭᠴᠡᠯᠡᠨ ᠰᠠᠶᠢᠵᠢᠷᠠᠭᠤᠯᠬᠤ ᠶᠢ ᠠᠬᠢᠭᠤᠯᠵᠤ᠂ ︽ᠡᠵᠢ ᠭᠤᠣᠯ︾᠎ ᠢ ᠪᠥᠬᠦ ᠬᠦᠴᠦᠨ ᠢᠶᠠᠷ ᠢᠶᠠᠨ ᠬᠠᠮᠠᠭᠠᠯᠠᠵᠤ᠂ ︽ᠵᠣᠯ ᠵᠢᠷᠭᠠᠯᠲᠤ ᠭᠤᠣᠯ︾᠎ ᠢ ᠴᠣᠭᠴᠠᠯᠠᠨ ᠪᠠᠶᠢᠭᠤᠯᠤᠨ᠎ᠠ᠃    ᠠᠮᠢ ᠠᠬᠤᠢ ᠶᠢ ᠰᠡᠷᠭᠦᠭᠡᠨ ᠵᠠᠰᠠᠬᠤ ᠠᠵᠢᠯ ᠢ ᠰᠢᠰᠲ᠋ᠧᠮ ᠲᠠᠢ ᠪᠠᠷ ᠠᠬᠢᠭᠤᠯᠤᠨ᠎ᠠ᠃ ᠬᠤᠲᠠ᠂ ᠬᠤᠰᠢᠭᠤ ᠲᠣᠭᠤᠷᠢᠭ ᠤᠨ ᠤᠯᠤᠰ ᠤᠨ ᠭᠠᠵᠠᠷ ᠰᠢᠷᠣᠢ ᠶᠢᠨ ᠣᠷᠣᠨ ᠵᠠᠢ ᠶᠢᠨ ᠲᠥᠯᠦᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠶᠢ ᠪᠡᠶᠡᠯᠡᠭᠦᠯᠵᠦ᠂ ︽ᠭᠤᠷᠪᠠᠨ ᠱᠤᠭᠤᠮ ᠨᠢᠭᠡ ᠨᠠᠷᠢᠨ ᠲᠠᠩᠰᠠ︾᠎ ᠶᠢᠨ ᠣᠷᠣᠨ ᠬᠤᠪᠢᠶᠠᠨ ᠬᠠᠮᠢᠶᠠᠷᠤᠨ ᠡᠵᠡᠮᠳᠡᠬᠦ ᠶᠢ ᠴᠢᠩᠭᠠᠳᠬᠠᠨ᠂ ᠠᠮᠢ ᠠᠬᠤᠢ ᠶᠢᠨ ᠬᠠᠮᠠᠭᠠᠯᠠᠯᠲᠠ ᠶᠢᠨ ᠤᠯᠠᠭᠠᠨ ᠱᠤᠭᠤᠮ ᠢ ᠡᠷᠡᠰ ᠪᠠᠲᠤ ᠰᠠᠬᠢᠨ᠎ᠠ᠃ ᠣᠶ ᠶᠢᠨ ᠳᠠᠷᠤᠭ᠎ᠠ ᠶᠢᠨ ᠳᠦᠷᠢᠮ ᠂ ᠭᠤᠣᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠶᠢᠨ ᠳᠦᠷᠢᠮ ᠢ ᠴᠢᠩᠭᠠᠷᠠᠭᠤᠯᠵᠤ᠂ ᠨᠤᠲᠤᠭ ᠪᠡᠯᠴᠢᠭᠡᠷ ᠣᠶᠢᠲᠤ ᠭᠠᠵᠠᠷ ᠢ ᠡᠪᠳᠡᠭᠰᠡᠨ ᠬᠠᠤᠯᠢ ᠠᠴᠠ ᠵᠥᠷᠢᠴᠡᠭᠰᠡᠨ ᠦᠶᠯᠡ ᠠᠵᠢᠯᠯᠠᠭ᠎ᠠ ᠶᠢ ᠴᠡᠭᠴᠡᠯᠡᠨ ᠵᠠᠰᠠᠬᠤ ᠶᠢ ᠭᠦᠨᠵᠡᠭᠡᠶᠢᠷᠡᠭᠦᠯᠦᠨ᠂ ᠤᠯᠤᠰ ᠤᠨ ᠭᠠᠵᠠᠷ ᠰᠢᠷᠤᠢ ᠶᠢ ᠨᠣᠭᠤᠭᠠᠷᠠᠭᠤᠯᠬᠤ ᠪᠠ ᠡᠯᠡᠰᠦ ᠶᠢ ᠰᠡᠷᠭᠡᠶᠢᠯᠡᠨ ᠵᠠᠰᠠᠬᠤ ᠶᠢ ᠰᠢᠨᠵᠢᠯᠡᠬᠦ ᠤᠬᠠᠭᠠᠨᠴᠢ ᠪᠠᠷ ᠠᠬᠢᠭᠤᠯᠵᠤ᠂ ᠣᠶ ᠰᠢᠭᠤᠢ ᠡᠪᠡᠰᠦᠨ ᠤ ᠦᠷ᠎ᠡ ᠡᠳ᠋ ᠤᠨ ᠡᠬᠢ ᠪᠠᠶᠠᠯᠢᠭ ᠤᠨ ᠨᠡᠶᠢᠳᠡᠮ ᠪᠠᠶᠢᠴᠠᠭᠠᠯᠲᠠ ᠶᠢ ᠥᠷᠨᠢᠭᠦᠯᠵᠦ᠂ ᠨᠤᠭᠤ ᠭᠠᠵᠠᠷ ᠤᠨ ᠬᠠᠮᠠᠭᠠᠯᠠᠯᠲᠠ ᠶᠢᠨ ᠨᠡᠷᠡᠰ ᠤᠨ ᠵᠢᠭᠰᠠᠭᠠᠯᠲᠠ ᠶᠢ ᠲᠣᠭᠲᠠᠭᠠᠨ᠂ ᠣᠶ ᠰᠢᠭᠤᠢ ᠨᠤᠲᠤᠭ ᠪᠡᠯᠴᠢᠭᠡᠷ ᠨᠤᠭᠤ ᠭᠠᠵᠠᠷ ᠤᠨ ᠬᠠᠮᠠᠭᠠᠯᠠᠯᠲᠠ ᠶᠢᠨ ᠲᠤᠭᠳᠠᠯᠴᠠᠭ᠎ᠠ ᠶᠢ ᠲᠡᠭᠦᠯᠳᠡᠷᠵᠢᠭᠦᠯᠦᠨ᠎ᠡ᠃ ᠠᠭᠤᠷᠬᠠᠢ ᠶᠢᠨ ᠠᠮᠢ ᠠᠬᠤᠢ ᠶᠢ ᠰᠡᠷᠭᠦᠭᠡᠨ ᠵᠠᠰᠠᠬᠤ ᠡᠷᠴᠢᠮ ᠢ ᠴᠢᠩᠭᠠᠷᠠᠭᠤᠯᠵᠤ᠂ ᠮᠧᠩ ᠰᠢ ᠪᠠ ᠴᠢ ᠫᠠᠨ ᠵᠢᠩ ᠭᠠᠵᠠᠷ ᠣᠷᠣᠨ ᠤ ᠠᠭᠤᠷᠬᠠᠢ ᠶᠢ ᠡᠮᠬᠢᠯᠡᠨ ᠨᠡᠶᠢᠯᠡᠭᠦᠯᠵᠦ ᠭᠠᠷᠭᠠᠬᠤ ᠶᠢ ᠠᠬᠢᠭᠤᠯᠵᠤ᠂ ᠲᠥᠪᠯᠡᠷᠡᠭᠦᠯᠦᠨ ᠬᠡᠰᠡᠭ ᠢ ᠬᠤᠯᠪᠤᠭᠠᠯᠠᠨ ᠵᠠᠰᠠᠬᠤ ᠪᠠ ᠲᠡᠦᠬᠡᠨ ᠠᠴᠠ ᠦᠯᠡᠳᠡᠭᠳᠡᠵᠦ ᠢᠷᠡᠭᠰᠡᠨ ᠡᠵᠡᠨ ᠦᠭᠡᠢ ᠠᠭᠤᠷᠬᠠᠢ ᠶᠢᠨ ᠭᠠᠵᠠᠷ ᠰᠢᠨᠵᠢᠯᠡᠬᠡᠨ ᠤ ᠣᠷᠴᠢᠨ ᠲᠣᠭᠤᠷᠢᠨ ᠤ ᠵᠠᠰᠠᠯᠲᠠ ᠶᠢ ᠠᠬᠢᠭᠤᠯᠵᠤ᠂ ᠪᠣᠬᠢᠷᠳᠤᠯ ᠦᠭᠡᠢ ᠠᠭᠤᠷᠬᠠᠢ ᠶᠢ ᠰᠢᠨ᠎ᠡ ᠪᠠᠷ 40᠎ ᠠᠴᠠ ᠲᠡᠭᠡᠭᠰᠢ ᠪᠠᠶᠢᠭᠤᠯᠤᠨ᠎ᠠ᠃ ᠠᠮᠢᠳᠤ ᠪᠣᠳᠠᠰ ᠤᠨ ᠣᠯᠠᠨ ᠶᠠᠩᠵᠤᠲᠤ ᠴᠢᠨᠠᠷ ᠤᠨ ᠬᠠᠮᠠᠭᠠᠯᠠᠯᠲᠠ ᠶᠢ ᠴᠢᠩᠭᠠᠳᠬᠠᠵᠤ᠂ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠬᠠᠮᠢᠶᠠᠷᠴᠤ ᠬᠠᠮᠠᠭᠠᠯᠠᠬᠤ ᠬᠢᠷᠢ ᠲᠦᠪᠰᠢᠨ ᠢ ᠳᠡᠭᠡᠭᠰᠢᠯᠡᠭᠦᠯᠦᠨ᠂ ᠬᠥᠮᠥᠨ ᠪᠤᠯᠤᠨ ᠪᠠᠶᠢᠭᠠᠯᠢ ᠶᠢᠨ ᠡᠶ᠎ᠡ ᠨᠠᠶᠢᠷᠰᠠᠭ ᠲᠠᠢ ᠬᠠᠮᠲᠤ ᠪᠠᠷ ᠣᠷᠣᠰᠢᠬᠤ ᠰᠠᠶᠢᠨ ᠰᠠᠶᠢᠬᠠᠨ ᠭᠡᠷ ᠣᠷᠣᠨ ᠢ ᠪᠦᠲᠦᠭᠡᠨ ᠪᠠᠶᠢᠭᠤᠯᠤᠨ᠎ᠠ᠃    ᠡᠨᠧᠷᠭᠢ ᠠᠷᠪᠢᠯᠠᠨ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯ ᠢ ᠪᠠᠭᠤᠷᠠᠭᠤᠯᠵᠤ ᠪᠣᠬᠢᠷᠳᠤᠯ ᠢ ᠪᠠᠭᠠᠰᠬᠠᠬᠤ ᠶᠢ ᠨᠢᠭᠡᠳᠦᠯᠲᠡᠢ ᠲᠥᠯᠥᠪᠯᠡᠨ ᠰᠠᠶᠢᠲᠤᠷ ᠬᠢᠨ᠎ᠡ᠃ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯ ᠢ ᠣᠷᠭᠢᠯ ᠬᠡᠮᠵᠢᠭᠳᠡᠯ ᠳᠤ ᠬᠦᠷᠬᠡᠬᠦ᠂ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯ ᠢ ᠵᠦᠭᠰᠢᠷᠡᠭᠦᠯᠦᠨ ᠨᠠᠮᠳᠠᠭᠠᠬᠤ ᠪᠠ ︽1+N+X︾᠎ ᠤᠨ ᠲᠥᠷᠥ ᠶᠢᠨ ᠪᠣᠳᠣᠯᠭ᠎ᠠ ᠶᠢᠨ ᠲᠤᠭᠳᠠᠯᠴᠠᠭ᠎ᠠ ᠶᠢ ᠲᠡᠭᠦᠯᠳᠡᠷᠵᠢᠭᠦᠯᠵᠦ᠂ ︽ᠬᠤᠶᠠᠷ ᠶᠡᠬᠡᠲᠠᠢ︾ ᠲᠥᠷᠥᠯ ᠵᠦᠢᠯ ᠢ ᠳᠣᠣᠷ᠎ᠠ ᠬᠢᠷᠢ ᠲᠦᠪᠰᠢᠨ ᠢᠶᠠᠷ ᠰᠣᠬᠤᠷ ᠪᠠᠯᠠᠢ ᠪᠠᠷ ᠬᠦᠭᠵᠢᠭᠦᠯᠬᠦ ᠶᠢ ᠡᠷᠡᠰ ᠬᠤᠷᠢᠭᠯᠠᠨ᠂ ᠠᠵᠤ ᠦᠢᠯᠡᠳᠪᠦᠷᠢ ᠶᠢᠨ ᠡᠨᠧᠷᠭᠢ ᠠᠷᠪᠢᠯᠠᠬᠤ ᠮᠡᠷᠭᠡᠵᠢᠯ ᠤᠨ ᠥᠭᠡᠷᠡᠴᠢᠯᠡᠯᠲᠡ ᠶᠢᠨ ᠭᠤᠷᠪᠠᠨ ᠵᠢᠯ ᠤᠨ ᠠᠵᠢᠯᠯᠠᠭ᠎ᠠ ᠶᠢ ᠬᠡᠷᠡᠭᠵᠢᠭᠦᠯᠵᠦ᠂ ᠣᠷᠣᠨ ᠪᠦᠰᠡ ᠶᠢᠨ ᠡᠨᠧᠷᠭᠢ ᠶᠢᠨ ᠦᠨᠡᠯᠡᠯᠲᠡ ᠶᠢᠨ ᠲᠤᠷᠰᠢᠯᠲᠠ ᠶᠢᠨ ᠴᠡᠭ ᠢ ᠥᠷᠨᠢᠭᠦᠯᠦᠨ᠂ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯ ᠢ ᠬᠢᠨᠠᠨ ᠬᠡᠮᠵᠢᠬᠦ ᠲᠠᠪᠴᠠᠩ ᠢ ᠪᠠᠶᠢᠭᠤᠯᠵᠤ᠂ ᠲᠤᠤᠷ᠎ᠠ ᠨᠡᠭᠦᠷᠡᠰᠦᠳᠦ᠋ᠷᠦᠭᠴᠢᠳᠤ ᠲᠤᠷᠰᠢᠯᠲᠠ ᠶᠢᠨ ᠴᠡᠭ ᠤᠨ ᠵᠢᠱᠢᠶ᠎ᠡ ᠦᠵᠡᠭᠦᠯᠬᠦ ᠤᠷᠤᠨ ᠢ ᠡᠭᠦᠳᠦᠨ ᠪᠠᠶᠢᠭᠤᠯᠵᠤ᠂ ᠮᠧᠩ ᠰᠦ᠋ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯ ᠦᠬᠡᠢ ᠠᠵᠤ ᠦᠢᠯᠡᠰ ᠤᠨ ᠬᠦᠷᠢᠶᠡᠯᠡᠩ ᠲᠤᠭᠤᠷᠢᠭ ᠪᠠ ᠴᠢ ᠫᠠᠨ ᠵᠢᠩ᠂ ᠲᠡᠯᠡᠳ ᠵᠡᠷᠭᠡ ᠲᠤᠤᠷ᠎ᠠ ᠨᠡᠭᠦᠷᠡᠰᠦᠳᠦ᠋ᠷᠦᠭᠴᠢᠳᠤ ᠠᠵᠤ ᠦᠢᠯᠡᠰ ᠤᠨ ᠬᠦᠷᠢᠶᠡᠯᠡᠩ ᠲᠤᠭᠤᠷᠢᠭ ᠢ ᠪᠠᠶᠢᠭᠤᠯᠤᠨ᠎ᠠ᠃ ᠠᠭᠠᠷ ᠮᠠᠨᠳᠠᠯ ᠤᠨ ᠪᠣᠬᠢᠷᠳᠤᠯ ᠪᠣᠳᠠᠰ ᠤᠨ ᠬᠡᠮᠵᠢᠶ᠎ᠡ ᠶᠢ ᠪᠠᠭᠠᠰᠬᠠᠨ ᠬᠢᠵᠠᠭᠠᠷᠯᠠᠬᠤ ᠶᠢ ᠴᠢᠩᠭᠠᠷᠠᠭᠤᠯᠵᠤ᠂ ᠴᠢ ᠫᠠᠨ ᠵᠢᠩ᠂ ᠮᠧᠩ ᠰᠢ ᠵᠡᠷᠬᠡ ᠭᠠᠵᠠᠷ ᠣᠷᠣᠨ ᠤ ᠠᠭᠠᠷ ᠮᠠᠨᠳᠠᠯ ᠤᠨ ᠪᠣᠬᠢᠷᠳᠤᠯ ᠢ ᠬᠤᠯᠪᠤᠭᠠᠯᠠᠨ ᠰᠡᠷᠭᠡᠶᠢᠯᠡᠵᠦ ᠬᠢᠵᠠᠭᠠᠷᠯᠠᠬᠤ ᠶᠢ ᠴᠢᠩᠭᠠᠳᠬᠠᠨ᠂ ᠬᠢᠮᠢ ᠶᠢᠨ ᠠᠵᠤ ᠦᠢᠯᠡᠳᠪᠦᠷᠢ᠂ ᠬᠡᠦᠷᠰᠢᠭᠦᠯᠬᠦ ᠵᠡᠷᠭᠡ ᠭᠤᠣᠯᠳᠠᠯᠭ᠎ᠠ ᠲᠠᠢ ᠠᠵᠢᠯ ᠲᠥᠷᠥᠯ ᠤᠨ ᠳᠡᠭᠳᠡᠮᠡᠬᠡᠢ ᠴᠢᠨᠠᠷᠲᠠᠢ ᠣᠷᠭᠠᠨᠢᠭ ᠪᠣᠳᠠᠰ ᠢ ᠵᠠᠰᠠᠬᠤ ᠶᠢ ᠪᠡᠶᠡᠯᠡᠭᠦᠯᠵᠦ᠂ ︽ᠲᠠᠷᠠᠬᠠᠢ ᠪᠤᠲᠠᠷᠬᠠᠢ᠂ ᠡᠮᠬᠢ ᠵᠠᠮᠪᠠᠷᠠᠭ᠎ᠠ ᠦᠭᠡᠢ᠂ ᠪᠣᠬᠢᠷᠳᠤᠯ ᠲᠠᠢ︾ ᠠᠵᠤ ᠠᠬᠤᠶᠢᠯᠠᠯ ᠪᠠ ᠨᠡᠭᠦᠷᠡᠰᠦᠨ ᠴᠢᠯᠠᠭᠤᠨ ᠤ ᠭᠠᠯ ᠤᠨ ᠴᠡᠭ ᠢ ᠬᠥᠳᠡᠯᠦᠩᠭᠦᠢ ᠪᠠᠷ ᠦᠬᠡᠶᠢᠰᠬᠡᠬᠦ ᠶᠢ ᠪᠡᠶᠡᠯᠡᠭᠦᠯᠦᠨ᠂ ᠨᠡᠭᠦᠷᠡᠰᠦ ᠶᠢ ᠴᠡᠪᠡᠷ ᠢᠶᠠᠷ ᠨᠡᠭᠡᠭᠡᠨ ᠮᠠᠯᠲᠠᠵᠤ ᠲᠡᠭᠡᠭᠡᠪᠦᠷᠢᠯᠡᠬᠦ ᠶᠢ ᠠᠬᠢᠭᠤᠯᠵᠤ᠂ ᠶᠡᠭᠡ ᠬᠡᠮᠵᠢᠶᠡᠨ ᠤ ᠡᠳ᠋ ᠪᠠᠷᠠᠭ᠎ᠠ ᠶᠢᠨ ᠲᠡᠭᠡᠭᠡᠪᠦᠷᠢ ᠶᠢ ︽ᠵᠠᠰᠠᠮᠠᠯ ᠵᠠᠮ ᠤᠨ ᠲᠡᠬᠡᠬᠡᠪᠦᠷᠢ ᠶᠢ ᠲᠡᠮᠦᠷ ᠵᠠᠮ ᠤᠨ ᠲᠡᠬᠡᠬᠡᠪᠦᠷᠢ ᠪᠤᠯᠭᠠᠨ ᠬᠤᠪᠢᠷᠠᠭᠤᠯᠬᠤ︾ ︽ᠤᠪᠤᠭᠠᠯᠠᠨ ᠲᠡᠬᠡᠬᠡᠪᠦᠷᠢᠯᠡᠬᠦ ᠶᠢ ᠴᠢᠩᠬᠡᠯᠢᠭ ᠢᠶᠠᠷ ᠲᠡᠬᠡᠬᠡᠪᠦᠷᠢᠯᠡᠬᠦ ᠪᠤᠯᠭᠠᠨ ᠦᠬᠡᠷᠡᠴᠢᠯᠡᠬᠦ︾᠎ ᠶᠢ ᠲᠦᠷᠭᠡᠳᠬᠡᠨ᠎ᠡ᠃ ᠭᠤᠣᠯᠳᠠᠯᠭ᠎ᠠ ᠲᠠᠢ ᠰᠠᠪᠠ ᠭᠠᠵᠠᠷ ᠤᠨ ᠤᠰᠤᠨ ᠤ ᠣᠷᠴᠢᠨ ᠲᠣᠭᠤᠷᠢᠨ ᠤ ᠬᠠᠮᠠᠭᠠᠯᠠᠯᠲᠠ ᠪᠠ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠤᠰᠤᠨ ᠤ ᠪᠣᠬᠢᠷᠳᠤᠯ ᠢ ᠵᠠᠰᠠᠬᠤ ᠶᠢ ᠴᠢᠩᠭᠠᠳᠬᠠᠵᠤ᠂ ᠯᠦᠩ ᠸᠠᠩ ᠭᠧᠦ ᠶᠢᠨ ᠰᠠᠪᠠ ᠭᠠᠵᠠᠷ ᠤᠨ ᠤᠰᠤᠨ ᠤ ᠴᠢᠨᠠᠷ ᠢ ᠯᠠᠪᠳᠠᠭᠤᠨ ᠢᠶᠠᠷ ᠪᠠᠷᠢᠮᠵᠢᠶ᠎ᠠ ᠳᠤ ᠬᠦᠷᠬᠡᠬᠦ ᠶᠢ ᠠᠬᠢᠭᠤᠯᠤᠨ᠎ᠠ᠃ ᠲᠠᠷᠢᠶᠠᠯᠠᠩ ᠤᠨ ᠤᠯᠠᠨ ᠡᠬᠢᠲᠦ ᠪᠣᠬᠢᠷᠳᠤᠯ ᠢ ᠰᠡᠷᠭᠡᠶᠢᠯᠡᠨ ᠵᠠᠰᠠᠬᠤ ᠠᠵᠢᠯ ᠢ ᠭᠦᠨᠵᠡᠭᠡᠢ ᠠᠬᠢᠭᠤᠯᠵᠤ᠂ ᠶᠡᠭᠡ ᠬᠡᠮᠵᠢᠶᠡᠨ ᠤ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠶᠡᠷᠦᠩᠬᠡᠶᠢᠯᠡᠨ ᠠᠰᠢᠭᠯᠠᠬᠤ ᠵᠢᠱᠢᠶ᠎ᠡ ᠦᠵᠡᠭᠦᠯᠬᠦ ᠠᠵᠢᠯ ᠢ ᠥᠷᠨᠢᠭᠦᠯᠵᠦ᠂ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠤᠶᠤᠨᠴᠢᠯᠠᠨ ᠬᠢᠨᠠᠨ ᠬᠠᠮᠢᠶᠠᠷᠬᠤ ᠲᠠᠪᠴᠠᠩ ᠢ ᠪᠠᠶᠢᠭᠤᠯᠵᠤ᠂ ︽ᠬᠠᠶᠠᠭᠳᠠᠮᠠᠯ ᠪᠣᠳᠠᠰ ᠦᠭᠡᠢ ᠬᠤᠳᠠ︾᠎ ᠶᠢ ᠲᠦᠷᠬᠡᠨ ᠢᠶᠠᠷ ᠪᠦᠲᠦᠭᠡᠨ ᠪᠠᠶᠢᠭᠤᠯᠤᠨ᠎ᠠ᠃ ᠪᠣᠬᠢᠷᠳᠤᠯ ᠦᠭᠡᠢ ᠲᠤᠤᠷ᠎ᠠ ᠨᠡᠭᠦᠷᠡᠰᠦᠳᠦ᠋ᠷᠦᠭᠴᠢᠳᠤ ᠠᠮᠢᠳᠤᠷᠠᠯ ᠤᠨ ᠠᠷᠭ᠎ᠠ ᠮᠠᠶ᠋ᠢᠭ ᠢ ᠶᠡᠬᠡᠪᠡᠷ ᠰᠠᠨᠠᠭᠠᠴᠢᠯᠠᠵᠤ᠂ ᠪᠣᠬᠢᠷᠳᠤᠯ ᠦᠭᠡᠢ ᠣᠷᠳᠣᠰ ᠤᠨ ᠪᠦᠲᠦᠬᠡᠨ ᠪᠠᠶᠢᠭᠤᠯᠤᠯᠳᠠ ᠶᠢ ᠪᠥᠬᠦ ᠬᠤᠲᠠ ᠶᠢᠨ ᠠᠷᠠᠳ ᠲᠦᠮᠡᠨ ᠤ ᠦᠵᠡᠯ ᠰᠠᠨᠠᠭᠠᠨ ᠤ ᠬᠠᠮᠲᠤ ᠶᠢᠨ ᠲᠠᠨᠢᠯᠲᠠ ᠪᠠ ᠠᠵᠢᠯᠯᠠᠭᠠᠨ ᠤ ᠤᠬᠠᠮᠰᠠᠷ ᠪᠤᠯᠭᠠᠨ᠎ᠠ᠃    ︵ᠲᠠᠪᠤ︶ ᠳᠤᠲᠠᠭᠤᠳᠠᠯ ᠢ ᠬᠦᠴᠦᠯᠡᠨ ᠨᠥᠬᠦᠪᠦᠷᠢᠯᠡᠵᠦ ᠴᠢᠳᠠᠮᠵᠢ ᠶᠢ ᠴᠢᠩᠭᠠᠳᠬᠠᠵᠤ᠂ ᠨᠠᠩ ᠥᠨᠳᠥᠷ ᠬᠢᠷᠢ ᠲᠦᠪᠰᠢᠨ ᠨᠠᠩ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠤᠨ᠎ᠠ᠃     ᠬᠥᠳᠡᠭᠡ ᠲᠣᠰᠬᠤᠨ ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠠᠬᠢᠭᠤᠯᠤᠨ᠎ᠠ᠃ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠳᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠯᠤᠭ᠎ᠠ ᠪᠦᠲᠦᠮᠵᠢᠲᠡᠶ ᠪᠠᠷ ᠵᠣᠯᠭᠠᠭᠤᠯᠬᠤ ᠠᠵᠢᠯ ᠢ ᠰᠠᠶᠢᠲᠤᠷ ᠬᠢᠵᠦ᠂ ︽ᠲᠦᠮᠡᠨ ᠠᠵᠤ ᠠᠬᠤᠶᠢᠯᠠᠯ ᠲᠦᠮᠡᠨ ᠭᠠᠴᠠᠭ᠎ᠠ ᠲᠣᠰᠬᠤᠨ ᠢ ᠬᠥᠭᠵᠢᠭᠦᠯᠦᠨ ᠮᠠᠨᠳᠤᠭᠤᠯᠬᠤ︾ ᠠᠵᠢᠯᠯᠠᠭ᠎ᠠ ᠶᠢ ᠭᠦᠨᠵᠡᠭᠡᠶᠢᠷᠡᠭᠦᠯᠦᠨ᠂ ᠵᠠᠬᠢᠶᠠᠯᠠᠭ᠎ᠠ ᠶᠢᠨ ᠭᠡᠷ᠎ᠡ᠂ ᠦᠢᠯᠡᠴᠢᠯᠡᠭᠡᠨ ᠤ ᠬᠠᠮᠵᠢᠯᠴᠠᠭ᠎ᠠ᠂ ᠬᠤᠪᠢ ᠣᠷᠣᠭᠤᠯᠤᠨ ᠬᠤᠷᠰᠢᠬᠤ ᠵᠡᠷᠭᠡ ᠮᠠᠯᠴᠢᠨ ᠲᠠᠷᠢᠶᠠᠴᠢᠨ ᠪᠤᠯᠤᠨ ᠠᠵᠤ ᠠᠬᠤᠶᠢᠯᠠᠯ ᠤᠨ ᠠᠰᠢᠭ ᠲᠤᠰᠠ ᠶᠢ ᠬᠤᠯᠪᠤᠭᠳᠠᠭᠤᠯᠬᠤ ᠵᠠᠭᠪᠤᠷ ᠢ ᠬᠡᠷᠡᠭᠵᠢᠭᠦᠯᠵᠦ᠂ ᠬᠦᠳᠡᠯᠮᠦᠷᠢ ᠶᠢᠨ ᠴᠢᠳᠠᠪᠦᠷᠢ ᠲᠠᠢ ᠮᠠᠯᠴᠢᠨ ᠲᠠᠷᠢᠶᠠᠴᠢᠳ ᠢ ᠠᠵᠤ ᠦᠢᠯᠡᠰ ᠲᠤ ᠴᠦᠮ ᠪᠦᠷᠬᠦᠬᠦᠯᠬᠦ ᠶᠢ ᠪᠡᠶᠡᠯᠡᠭᠦᠯᠦᠨ᠎ᠡ᠃ ᠭᠠᠴᠠᠭ᠎ᠠ ᠲᠣᠰᠬᠤᠨ ᠤ ᠬᠠᠮᠲᠤ ᠶᠢᠨ ᠠᠵᠤ ᠠᠬᠤᠢ ᠶᠢ ᠦᠷᠭᠦᠯᠵᠢᠯᠡᠨ ᠪᠤᠵᠠᠭᠠᠶᠢᠷᠠᠭᠤᠯᠵᠤ᠂ ᠲᠤᠰᠬᠠᠢ ᠠᠵᠢᠯ ᠤᠨ ᠬᠤᠷᠰᠢᠶ᠎ᠠ ᠶᠢ ᠵᠢᠷᠤᠮᠵᠢᠭᠤᠯᠤᠨ ᠬᠥᠭᠵᠢᠭᠦᠯᠵᠦ᠂ ᠮᠠᠯᠴᠢᠨ ᠲᠠᠷᠢᠶᠠᠴᠢᠳ ᠲᠤ ᠠᠵᠤ ᠦᠢᠯᠡᠰ ᠤᠨ ᠠᠰᠢᠭ ᠣᠯᠵᠠᠪᠤᠷᠢ ᠶᠢ ᠲᠣᠭᠲᠠᠭᠤᠨ ᠢᠶᠠᠷ ᠡᠳ᠋ᠯᠡᠭᠦᠯᠦᠨ᠎ᠡ᠃ ᠠᠶᠢᠯ ᠲᠣᠰᠬᠤᠨ ᠤ ᠪᠠᠶᠢᠷᠢᠰᠢᠭᠤᠯᠤᠯᠲᠠ ᠶᠢᠨ ᠲᠥᠯᠦᠪᠵᠢᠭᠦᠯᠭᠡ ᠶᠢ ᠪᠡᠶᠡᠯᠡᠭᠦᠯᠵᠦ᠂ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ ︽ᠵᠣᠷᠯᠣᠩ ᠤᠨ ᠬᠤᠪᠢᠰᠬᠠᠯ︾᠎ ᠢ ᠠᠬᠢᠭᠤᠯᠵᠤ᠂ ᠠᠷᠢᠭᠤᠨ ᠴᠡᠪᠡᠷ ᠵᠣᠷᠯᠣᠩ ᠢ ᠰᠢᠨ᠎ᠡ ᠪᠠᠷ 5000᠎ ᠠᠴᠠ ᠲᠡᠭᠡᠭᠰᠢ ᠪᠠᠶᠢᠭᠤᠯᠵᠤ᠂ ᠠᠮᠢᠳᠤᠷᠠᠯ ᠤᠨ ᠬᠤᠭ ᠨᠣᠪᠰᠢ ᠪᠣᠬᠢᠷ ᠤᠰᠤ ᠶᠢ ᠰᠢᠢᠳᠪᠦᠷᠢᠯᠡᠬᠦ ᠶᠢ ᠣᠷᠣᠨ ᠬᠤᠪᠢᠶᠠᠨ ᠲᠦᠷᠦᠯ ᠬᠤᠪᠢᠶᠠᠨ ᠠᠬᠢᠭᠤᠯᠵᠤ᠂ ᠬᠥᠳᠡᠭᠡ ᠲᠣᠰᠬᠤᠨ ᠤ ᠤᠰᠤᠨ ᠤ ᠬᠠᠩᠭᠠᠯᠭ᠎ᠠ ᠶᠢᠨ ᠪᠠᠲᠤᠯᠠᠭ᠎ᠠ ᠶᠢᠨ ᠪᠠᠷᠢᠯᠭ᠎ᠠ ᠶᠢ 81 ᠬᠡᠷᠡᠭᠵᠢᠭᠦᠯᠵᠦ᠂ ᠬᠥᠳᠡᠭᠡ ᠲᠣᠰᠬᠤᠨ ᠤ ᠴᠡᠪᠡᠷ ᠲᠤᠤᠷ᠎ᠠ ᠨᠡᠭᠦᠷᠡᠰᠦᠳᠦ᠋ᠷᠦᠭᠴᠢᠳᠤ ᠡᠨᠧᠷᠭᠢ ᠬᠡᠷᠡᠭᠯᠡᠬᠦ ᠠᠵᠢᠯᠯᠠᠭ᠎ᠠ ᠶᠢ ᠥᠷᠨᠢᠭᠦᠯᠵᠦ᠂ 54 ᠪᠠᠶᠢᠭᠤᠯᠤᠯᠲᠤ ᠲᠣᠰᠬᠤᠨ ᠤ ᠣᠷᠴᠢᠨ ᠲᠤᠭᠤᠷᠢᠨ ᠎ ᠢ ᠴᠡᠭᠴᠡᠯᠡᠨ ᠵᠠᠰᠠᠬᠤ ᠠᠵᠢᠯ ᠢ ᠪᠡᠶᠡᠯᠡᠭᠦᠯᠵᠦ᠂ ᠨᠡᠩ ᠯᠠᠪᠳᠠᠭᠤᠨ ᠬᠦᠴᠦᠲᠡᠢ ᠠᠷᠭ᠎ᠠ ᠬᠡᠮᠵᠢᠶ᠎ᠡ ᠪᠠᠷ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠶᠢ ᠠᠬᠢᠭᠤᠯᠤᠨ᠎ᠠ᠃ᠠᠮᠢ ᠠᠬᠤᠢ ᠶᠢᠨ ᠣᠷᠣᠰᠢᠨ ᠰᠠᠭᠤᠬᠤ ᠳᠤ ᠲᠣᠬᠢᠷᠠᠮᠵᠢᠲᠠᠢ ᠴᠡᠴᠡᠷᠯᠢᠭ ᠬᠤᠳᠠ ᠶᠢ ᠪᠠᠶᠢᠭᠤᠯᠤᠨ᠎ᠠ᠃ ᠨᠤᠭᠤᠭᠠᠨ ᠦᠩᠬᠡ ᠶᠢ ᠨᠡᠮᠡᠭᠳᠡᠭᠦᠯᠦᠨ ᠬᠡᠷᠡᠯ ᠬᠢᠯᠪᠠᠭ᠎ᠠ ᠨᠡᠮᠡᠷᠢᠯᠡᠬᠦ᠂ ᠬᠡᠮᠵᠢᠶ᠎ᠡ ᠶᠢ ᠨᠡᠮᠡᠭᠳᠡᠭᠦᠯᠦᠨ ᠶᠠᠰᠤ ᠴᠢᠨᠠᠷ ᠢ ᠳᠡᠭᠡᠭᠰᠢᠯᠡᠭᠦᠯᠬᠦ ᠪᠠᠷᠢᠯᠭ᠎ᠠ ᠶᠢ ᠰᠢᠨᠵᠢᠯᠡᠬᠦ ᠤᠬᠠᠭᠠᠨᠴᠢ ᠪᠠᠷ ᠬᠡᠷᠡᠭᠵᠢᠭᠦᠯᠵᠦ᠂ ᠨᠢᠭᠡ ᠪᠦᠯᠦᠭ ︽ᠤᠭᠤᠳᠠᠨ ᠴᠡᠴᠡᠷᠯᠢᠭ︾᠎ ᠢ ᠰᠢᠨ᠎ᠡ ᠪᠠᠷ ᠪᠠᠶᠢᠭᠤᠯᠬᠤ ᠪᠠ ᠥᠭᠡᠷᠡᠴᠢᠯᠡᠨ ᠳᠡᠭᠡᠭᠰᠢᠯᠡᠭᠦᠯᠵᠦ᠂ ᠰᠠᠶᠢᠮᠡᠬᠡᠢ ᠬᠤᠲᠠ ᠶᠢᠨ ᠵᠢᠱᠢᠶ᠎ᠡ ᠦᠵᠡᠭᠦᠯᠬᠦ ᠪᠦᠲᠦᠭᠡᠨ ᠪᠠᠶᠢᠭᠤᠯᠤᠯᠲᠠ ᠶᠢ ᠠᠬᠢᠭᠤᠯᠤᠨ᠎ᠠ᠃ ᠬᠤᠳᠠ ᠶᠢᠨ ᠰᠢᠨᠡᠴᠢᠯᠡᠯᠲᠡ ᠶᠢᠨ ᠠᠵᠢᠯᠯᠠᠭ᠎ᠠ ᠶᠢ ᠶᠡᠬᠡᠪᠡᠷ ᠬᠡᠷᠡᠭᠵᠢᠭᠦᠯᠵᠦ᠂ 66 ᠬᠠᠭᠤᠴᠢᠨ ᠵᠢᠵᠢᠭ ᠲᠣᠭᠤᠷᠢᠭ ᠢ ᠥᠭᠡᠷᠡᠴᠢᠯᠡᠨ ᠰᠠᠶᠢᠵᠢᠷᠠᠭᠤᠯᠵᠤ᠂ ᠬᠤᠳᠠ ᠶᠢᠨ ᠪᠡᠶ᠎ᠡ ᠶᠢᠨ ᠪᠠᠶᠢᠴᠠᠭᠠᠯᠲᠠ ᠶᠢ ᠪᠠᠶᠢᠩᠭᠤᠵᠢᠭᠤᠯᠤᠨ ᠥᠷᠨᠢᠭᠦᠯᠵᠦ᠂ ᠬᠤᠳᠠ ᠶᠢᠨ ᠶᠠᠪᠤᠳᠠᠯ ᠤᠨ ᠵᠠᠮ᠂ ᠬᠠᠭᠤᠴᠢᠨ ᠬᠤᠭᠤᠯᠠᠢ ᠲᠣᠣᠷ ᠤᠨ ᠥᠭᠡᠷᠡᠴᠢᠯᠡᠯᠲᠡ ᠶᠢ ᠴᠢᠩᠭᠠᠳᠬᠠᠨ᠎ᠠ᠃ ᠪᠠᠲᠤᠯᠠᠭ᠎ᠠ ᠶᠢᠨ ᠴᠢᠨᠠᠷᠲᠠᠢ ᠲᠦᠷᠢᠶᠡᠰᠦᠨ ᠣᠷᠣᠨ ᠰᠠᠭᠤᠴᠠ ᠶᠢᠨ ᠪᠦᠲᠦᠭᠡᠨ ᠪᠠᠶᠢᠭᠤᠯᠤᠯᠲᠠ ᠶᠢ ᠡᠮᠬᠢ ᠵᠢᠷᠤᠮ ᠲᠠᠢ ᠪᠠᠷ ᠠᠬᠢᠭᠤᠯᠵᠤ᠂ ᠲᠠᠸᠠᠷ ᠤᠨ ᠭᠡᠷ ᠪᠠᠶᠢᠰᠢᠩ ᠤᠨ ᠵᠠᠬ᠎ᠠ ᠳᠡᠯᠭᠡᠭᠦᠷ ᠤᠨ ᠭᠡᠷ ᠪᠠᠶᠢᠰᠢᠩ ᠬᠤᠳᠠᠯᠳᠤᠨ ᠠᠪᠤᠭᠴᠢ ᠶᠢᠨ ᠵᠦᠢ ᠵᠣᠬᠢᠰᠲᠠᠢ ᠣᠷᠣᠨ ᠰᠠᠭᠤᠴᠠ ᠶᠢᠨ ᠬᠡᠷᠡᠭᠴᠡᠭᠡ ᠶᠢ ᠨᠡᠩ ᠰᠠᠶᠢᠲᠤᠷ ᠬᠠᠩᠭᠠᠬᠤ ᠶᠢ ᠲᠡᠮᠵᠢᠨ᠎ᠡ᠃ ᠬᠤᠳᠠ ᠶᠢᠨ ᠮᠡᠳᠡᠭᠡ ᠵᠠᠩᠭᠢ ᠶᠢᠨ ᠵᠠᠭᠪᠤᠷ ᠤᠨ ᠲᠠᠪᠴᠠᠩ ᠢ ᠪᠠᠶᠢᠭᠤᠯᠵᠤ᠂ ︽ᠬᠤᠳᠠ ᠶᠢᠨ ᠲᠠᠷᠢᠬᠢ︾᠎ ᠶᠢ ᠪᠤᠢ ᠪᠣᠯᠭᠠᠵᠤ᠂ ᠨᠠᠷᠢᠯᠢᠭᠵᠢᠭᠰᠠᠨ᠂ ᠣᠶᠤᠨᠴᠢᠯᠠᠭᠰᠠᠨ ᠬᠠᠮᠢᠶᠠᠷᠤᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ᠪᠦᠬᠦ ᠤᠯᠤᠰ ᠤᠨ ᠪᠣᠯᠪᠠᠰᠤᠨ ᠤ ᠨᠡᠶᠢᠲᠡᠯᠢᠭ ᠬᠤᠳᠠ ᠶᠢ ᠡᠭᠦᠳᠦᠨ ᠪᠠᠶᠢᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠭᠦᠢᠴᠡᠳ ᠭᠦᠴᠣ ᠣᠷᠤᠭᠤᠯᠵᠣ᠂ ᠬᠤᠳᠠ ᠶᠢᠨ ᠴᠢᠨᠠᠷ ᠲᠡᠰ ᠨᠡᠷᠡᠳᠤ ᠲᠡᠮᠳᠡᠭ ᠢ ᠪᠤᠢ ᠪᠤᠯᠭᠠᠵᠣ᠂ ᠬᠤᠳᠠ ᠶᠢ ᠠᠮᠢᠵᠢᠷᠠᠯ ᠤᠨ ᠬᠦᠴᠦᠨ ᠲᠠᠢ᠂ ᠴᠢᠨᠠᠷ ᠲᠡᠰ ᠲᠠᠢ᠂ ᠥᠩᠭᠡ ᠵᠢᠰᠦ ᠲᠠᠢ᠂ ᠳᠤᠯᠠᠭᠠᠨ ᠰᠡᠷᠡᠯ ᠲᠠᠢ ᠪᠤᠯᠭᠠᠨ᠎ᠠ︕    ᠬᠤᠳᠠ ᠬᠥᠳᠡᠭᠡ ᠶᠢᠨ ᠣᠷᠣᠨ ᠪᠦᠰᠡ ᠶᠢᠨ ᠵᠣᠬᠢᠴᠠᠩᠭᠤᠢ ᠬᠥᠭᠵᠢᠯᠲᠡ ᠶᠢ ᠠᠬᠢᠭᠤᠯᠤᠨ᠎ᠠ᠃ ᠬᠤᠲᠠ ᠶᠢᠨ ᠭᠤᠤᠯᠳᠠᠯᠭᠠᠳᠤ ᠲᠣᠭᠤᠷᠢᠭ ᠤᠨ ᠬᠥᠭᠵᠢᠯᠲᠡ ᠶᠢᠨ ᠴᠢᠳᠠᠪᠤᠷᠢ ᠲᠠᠰ ᠢ ᠳᠡᠭᠡᠭᠰᠢᠯᠡᠭᠦᠯᠵᠦ᠂ ᠳ᠋ᠦᠩᠱᠧᠩ ᠬᠢᠶ᠎ᠡ ᠪᠠᠭᠰᠢ ᠠᠯᠳᠠᠨᠰᠢᠷᠡᠬᠡᠳᠤ ᠶᠢᠨ ᠣᠯᠠᠨ ᠨᠡᠶᠢᠲᠡ ᠶᠢᠨ ᠦᠨᠳᠦᠰᠦᠨ ᠦᠢᠯᠡᠴᠢᠯᠡᠭᠡ ᠶᠢ ᠨᠢᠭᠡ ᠴᠣᠭᠴᠠᠵᠢᠭᠤᠯᠤᠨ ᠠᠭᠤᠰᠤᠯᠴᠠᠭᠤᠯᠤᠨ ᠬᠥᠭᠵᠢᠭᠦᠯᠬᠦ ᠶᠢ ᠲᠦᠷᠭᠡᠳᠬᠡᠨ᠎ᠡ᠃ ᠬᠤᠰᠢᠭᠤᠨ ᠤ ᠵᠠᠰᠠᠭ ᠤᠨ ᠣᠷᠳᠣᠨ ᠤ ᠪᠠᠶᠢᠭ᠎ᠠ ᠭᠠᠵᠠᠷ ᠤᠨ ᠰᠠᠭᠤᠷᠢ ᠲᠦᠭᠦᠭᠡᠷᠤᠮᠵᠢ ᠶᠢ ᠲᠡᠭᠦᠯᠳᠡᠷᠵᠢᠭᠦᠯᠵᠦ᠂ ᠬᠥᠮᠥᠨ ᠠᠮᠠ ᠶᠢᠨ ᠲᠥᠪᠯᠡᠷᠡᠯ ᠤᠨ ᠬᠡᠮᠵᠢᠶ᠎ᠡ ᠪᠠ ᠶᠡᠷᠦᠩᠬᠡᠶᠢᠯᠡᠭᠰᠡᠨ ᠳᠠᠭᠠᠭᠠᠴᠠ ᠶᠢ ᠳᠡᠭᠡᠭᠰᠢᠯᠡᠭᠦᠯᠦᠨ᠎ᠡ᠃ ᠣᠨᠴᠠᠯᠢᠭᠲᠤ ᠵᠢᠵᠢᠭ ᠪᠠᠯᠭᠠᠰᠤ ᠶᠢ ᠪᠠᠶᠢᠭᠤᠯᠬᠤ ᠪᠠᠷᠢᠯᠭ᠎ᠠ ᠶᠢ ᠬᠡᠷᠡᠭᠵᠢᠭᠦᠯᠵᠦ᠂ ᠲᠠᠯ᠎ᠠ ᠨᠤᠲᠤᠭ ᠤᠨ ᠲᠣᠷᠭᠠᠨ ᠵᠠᠮ ᠤᠨ ᠰᠣᠶᠣᠯ ᠤᠨ ᠵᠢᠵᠢᠭ ᠪᠠᠯᠭᠠᠰᠤ᠂ ᠠᠭᠠᠷ ᠤᠨ ᠠᠶᠠᠯᠠᠯ ᠤᠨ ᠵᠢᠵᠢᠭ ᠪᠠᠯᠭᠠᠰᠤ᠂ ᠵᠡᠭᠦᠨᠭᠠᠷ ᠤᠨ ᠸᠠᠭᠠᠷ ᠱᠠᠭᠠᠵᠠᠩ ᠤᠨ ᠵᠢᠵᠢᠭ ᠪᠠᠯᠭᠠᠰᠤ ᠵᠡᠷᠭᠡ ᠶᠢᠨ ᠬᠥᠭᠵᠢᠯᠲᠡ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ᠤᠷᠳᠤᠰ ︱ ᠲᠡᠮᠡᠬᠡᠳᠤ ︱ ᠶᠠᠨ ᠠᠨ ᠤ ᠳᠡᠭᠡᠳᠦ ᠬᠤᠷᠳᠤᠴᠠᠳᠤ ᠲᠡᠮᠦᠷ ᠵᠠᠮ ᠤᠨ ᠪᠠᠷᠢᠯᠭ᠎ᠠ ᠶᠢᠨ ᠠᠵᠢᠯ ᠢ ᠡᠬᠢᠯᠡᠭᠦᠯᠦᠨ ᠪᠦᠲᠦᠭᠡᠨ ᠪᠠᠶᠢᠭᠤᠯᠵᠤ᠂ ᠪᠤᠭᠤᠲᠤ ︱ ᠣᠷᠳᠣᠰ ᠤᠨ ᠳᠡᠭᠡᠳᠦ ᠬᠤᠷᠳᠤᠴᠠᠳᠤ ᠲᠡᠮᠦᠷ ᠵᠠᠮ᠂ ᠬᠥᠬᠡᠬᠤᠲᠠ ︱ ᠣᠷᠳᠣᠰ ᠤᠨ ᠬᠤᠲᠠ ᠶᠢᠨ ᠬᠤᠭᠤᠷᠣᠨᠳᠣᠬᠢ ᠲᠡᠮᠦᠷ ᠵᠠᠮ᠂ ᠬᠥᠬᠡᠬᠤᠲᠠ ︱ ᠣᠷᠳᠣᠰ ᠤᠨ ᠳᠡᠭᠡᠳᠦ ᠬᠤᠷᠳᠤᠴᠠᠳᠤ ᠵᠠᠰᠠᠮᠠᠯ ᠵᠠᠮ ᠤᠨ ᠡᠮᠦᠨᠡᠬᠢ ᠬᠤᠭᠤᠴᠠᠭᠠᠨ ᠤ ᠠᠵᠢᠯ ᠢ ᠲᠦᠷᠬᠡᠨ ᠢᠶᠠᠷ ᠠᠬᠢᠭᠤᠯᠤᠨ᠎ᠠ᠃ ᠨᠠᠷᠠᠰᠤ ᠠᠴᠠ ᠯᠥᠩ ᠺᠧᠦ ᠬᠦᠷᠬᠦ ᠳᠡᠭᠡᠳᠦ ᠬᠤᠷᠳᠤᠴᠠᠳᠤ ᠵᠠᠰᠠᠮᠠᠯ ᠵᠠᠮ᠂ ᠮᠧᠩ ᠰᠢ ᠠᠴᠠ ᠴᠢ ᠫᠠᠨ ᠵᠢᠩ ᠬᠦᠷᠬᠦ ᠨᠢᠭᠡᠳᠦᠭᠡᠷ ᠳᠡᠰ ᠤᠨ ᠵᠠᠰᠠᠮᠠᠯ ᠵᠠᠮ ᠤᠨ ᠪᠠᠷᠢᠯᠭ᠎ᠠ ᠶᠢᠨ ᠠᠵᠢᠯ ᠢ ᠡᠬᠢᠯᠡᠭᠦᠯᠦᠨ ᠪᠦᠲᠦᠭᠡᠨ ᠪᠠᠶᠢᠭᠤᠯᠵᠤ᠂ ᠲᠤᠯᠢ ᠠᠴᠠ ᠨᠠᠩᠰᠤ ᠬᠦᠷᠬᠦ᠂ ᠲᠡᠬᠡᠷᠮ᠎ᠡ ᠶᠢᠨ ᠰᠢᠯᠢ ᠠᠴᠠ ᠶᠤᠸᠠᠢ ᠵᠢᠶᠠ ᠬᠤᠸ ᠬᠦᠷᠬᠦ ᠨᠢᠭᠡᠳᠦᠭᠡᠷ ᠳᠡᠰ ᠤᠨ ᠵᠠᠰᠠᠮᠠᠯ ᠵᠠᠮ ᠢ ᠪᠠᠶᠢᠭᠤᠯᠤᠨ ᠲᠡᠷᠬᠡ ᠨᠠᠪᠲᠠᠷᠡᠭᠦᠯᠵᠦ᠂ ᠬᠥᠳᠡᠭᠡ ᠲᠣᠰᠬᠤᠨ ᠤ ᠵᠠᠰᠠᠮᠠᠯ ᠵᠠᠮ ᠢ ᠰᠢᠨ᠎ᠡ ᠪᠠᠷ 300 ᠺᠢᠯᠤᠮᠧᠲᠷ ᠠᠴᠠ ᠲᠡᠭᠡᠭᠰᠢ ᠪᠠᠶᠢᠭᠤᠯᠬᠤ ᠪᠤᠶᠤ ᠥᠭᠡᠷᠡᠴᠢᠯᠡᠨ ᠪᠠᠶᠢᠭᠤᠯᠤᠨ᠎ᠠ᠃ ᠳᠤᠮᠳᠠᠳᠤ ᠤᠯᠤᠰ ᠤᠨ ᠬᠤᠳᠠᠯᠳᠤᠭᠠᠨ ᠤ ᠨᠢᠰᠬᠡᠯ ᠤᠨ ᠬᠢᠵᠠᠭᠠᠷᠳᠤ ᠬᠠᠷᠢᠭᠤᠴᠠᠯᠭᠠᠳᠤ ᠺᠤᠮᠫᠠᠨᠢ ᠯᠤᠭ᠎ᠠ ᠶᠢᠨ ︽ᠳᠥᠷᠪᠡᠨ ᠲᠥᠪ ᠨᠢᠭᠡ ᠳᠡᠭᠡᠳᠦ ᠰᠤᠷᠭᠠᠭᠤᠯᠢ︾᠎ ᠶᠢᠨ ᠪᠦᠲᠦᠭᠡᠨ ᠪᠠᠶᠢᠭᠤᠯᠤᠯᠲᠠ ᠶᠢ ᠢᠳᠡᠪᠬᠢᠲᠡᠢ ᠠᠬᠢᠭᠤᠯᠵᠤ᠂ ᠬᠠᠩᠭᠢᠨ ᠬᠤᠰᠢᠭᠤᠨ ᠤ ᠨᠡᠶᠢᠳᠡᠮ ᠬᠡᠷᠡᠭᠯᠡᠭᠡᠨ ᠤ ᠨᠢᠰᠬᠡᠯ ᠤᠨ ᠪᠠᠭᠤᠳᠠᠯ ᠤᠨ ᠪᠦᠲᠦᠭᠡᠨ ᠪᠠᠶᠢᠭᠤᠯᠤᠯᠲᠠ ᠶᠢ ᠡᠬᠢᠯᠡᠭᠦᠯᠵᠦ᠂ ᠣᠲᠤᠭ ᠬᠤᠰᠢᠭᠤ᠂ ᠦᠦᠰᠢᠨ ᠬᠤᠰᠢᠭᠤᠨ ᠤ ᠨᠡᠶᠢᠳᠡᠮ ᠬᠡᠷᠡᠭᠯᠡᠭᠡᠨ ᠤ ᠨᠢᠰᠬᠡᠯ ᠤᠨ ᠪᠠᠭᠤᠳᠠᠯ ᠢ ᠪᠠᠶᠢᠭᠤᠯᠵᠤ ᠲᠠᠭᠤᠰᠬᠠᠨ᠎ᠠ᠃    ︵ᠵᠢᠷᠭᠤᠭ᠎ᠠ︶ ᠥᠭᠡᠷᠡᠴᠢᠯᠡᠯᠲᠡ ᠨᠡᠭᠡᠭᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠵᠠᠬ᠎ᠠ ᠳᠡᠯᠭᠡᠭᠦᠷ ᠤᠨ ᠠᠮᠢᠵᠢᠷᠠᠯ ᠤᠨ ᠬᠦᠴᠦᠨ ᠪᠠ ᠬᠥᠭᠵᠢᠯᠲᠡ ᠶᠢᠨ ᠬᠦᠳᠡᠯᠬᠡᠬᠦ ᠬᠦᠴᠦᠨ ᠢ ᠭᠦᠢᠴᠡᠳ ᠬᠥᠭᠵᠢᠭᠡᠨ᠎ᠡ᠃    ᠬᠤᠳᠠᠯᠳᠤᠭ᠎ᠠ ᠡᠵᠡᠩᠨᠡᠬᠦ ᠣᠷᠴᠢᠨ ᠲᠤᠭᠤᠷᠢᠨ ᠢ ᠨᠠᠩ ᠶᠡᠭᠡ ᠬᠦᠴᠦ ᠣᠷᠣᠭᠤᠯᠵᠤ ᠰᠢᠯᠢᠳᠡᠭᠵᠢᠭᠦᠯᠦᠨ᠎ᠡ᠃ ᠬᠠᠮᠤᠭ ᠤᠨ ᠬᠦᠴᠢᠷᠲᠡᠢ ᠭᠠᠵᠠᠷ ᠠᠴᠠ ᠭᠠᠷᠳᠠᠵᠣ᠂ ᠬᠠᠮᠤᠭ ᠤᠨ ᠥᠨᠳᠥᠷ ᠪᠠᠷᠢᠮᠵᠢᠶ᠎ᠠ ᠲᠠᠢ ᠵᠡᠷᠬᠡᠴᠡᠭᠦᠯᠵᠣ᠂ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠪᠦᠬᠦ ᠬᠦᠴᠦᠨ ᠢᠶᠠᠷ ᠢᠶᠠᠨ ᠰᠢᠯᠢᠳᠡᠭᠵᠢᠭᠦᠯᠦᠨ᠎ᠡ᠃ ︽ᠲᠠᠯᠪᠢᠵᠣ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠬᠠᠷᠢᠴᠠᠩᠭᠤᠢ ᠪᠠᠷ ᠲᠥᠪᠯᠡᠷᠡᠭᠰᠡᠨ ᠵᠠᠰᠠᠭ ᠵᠠᠬᠢᠷᠭᠠᠨ ᠤ ᠵᠥᠪᠰᠢᠶᠡᠷᠡᠯ ᠤᠨ ᠡᠷᠬᠡ ᠶᠢᠨ ᠥᠭᠡᠷᠡᠴᠢᠯᠡᠯᠲᠡ ᠶᠢ ᠠᠬᠢᠭᠤᠯᠤᠨ᠂ ︽ᠨᠢᠭᠡ ᠲᠠᠮᠠᠭ᠎ᠠ ᠪᠠᠷ ᠬᠢᠨᠠᠨ ᠵᠥᠪᠰᠢᠶᠡᠷᠡᠬᠦ ᠶᠢ ᠬᠠᠮᠢᠶᠠᠷᠬᠤ︾᠎ ᠶᠢ ᠲᠦᠷᠬᠡᠨ ᠢᠶᠠᠷ ᠪᠡᠶᠡᠯᠡᠭᠦᠯᠵᠦ᠂ ᠬᠦᠷᠢᠶᠡᠯᠡᠩ ᠲᠣᠭᠤᠷᠢᠭ ᠤᠨ ᠣᠷᠣᠨ ᠪᠦᠰᠡ ᠶᠢᠨ ᠦᠨᠡᠯᠡᠨ ᠵᠢᠱᠢᠯᠲᠡ ᠶᠢ ᠪᠥᠬᠦ ᠲᠠᠯ᠎ᠠ ᠪᠠᠷ ᠪᠡᠶᠡᠯᠡᠭᠦᠯᠦᠨ᠎ᠡ᠃ ︽ᠦᠨᠡᠮᠯᠡᠯ ᠪᠠ ᠭᠡᠷᠡᠴᠢ ᠶᠢ ᠰᠠᠯᠭᠠᠬᠤ︾ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠠᠵᠤ ᠠᠬᠤᠶᠢᠯᠠᠯ ᠳᠤ ᠬᠤᠯᠪᠣᠭᠳᠠᠭᠰᠠᠨ ᠦᠨᠡᠮᠯᠡᠯ ᠪᠠ ᠭᠡᠷᠡᠴᠢ ᠶᠢ ᠡᠯᠧᠺᠲᠷᠤᠨᠴᠢᠯᠠᠬᠤ ᠶᠢ ᠪᠡᠶᠡᠯᠡᠭᠦᠯᠬᠦ ᠶᠢ ᠠᠬᠢᠭᠤᠯᠵᠤ᠂ ᠦᠯᠦ ᠬᠥᠳᠡᠯᠬᠦ ᠬᠥᠷᠥᠩᠭᠡ ᠶᠢ ᠳᠠᠩᠰᠠᠯᠠᠬᠤ ᠳᠤ ︽ᠭᠡᠷ ᠪᠠᠶᠢᠰᠢᠩ ᠢ ᠲᠤᠰᠢᠶᠠᠪᠠᠯ ᠳᠠᠷᠤᠢ ᠦᠨᠡᠮᠯᠡᠯ ᠢ ᠭᠠᠷᠳᠠᠭᠤᠯᠬᠤ︾ ᠲᠤᠷᠰᠢᠯᠲᠠ ᠶᠢᠨ ᠴᠡᠭ ᠤᠨ ᠠᠵᠢᠯ ᠢ ᠥᠷᠨᠢᠭᠦᠯᠵᠦ᠂ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠤᠬᠤᠷᠢᠨ ᠭᠠᠷᠭᠠᠬᠤ ᠲᠣᠭᠲᠠᠴᠠ ᠶᠢ ᠲᠡᠭᠦᠯᠳᠡᠷᠵᠢᠭᠦᠯᠦᠨ᠎ᠡ᠃ ︽ᠳᠥᠷᠪᠡ ᠶᠢ ᠭᠦᠢᠴᠡᠳᠬᠡᠬᠦ︾ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ 10 ᠵᠦᠢᠯ ᠤᠨ ᠭᠦᠢᠴᠡᠳᠬᠡᠬᠦ ᠳᠠᠪᠲᠠᠮᠵᠢ ᠪᠠᠷ ᠦᠨᠳᠦᠷ ︽ᠨᠢᠭᠡ ᠶᠠᠪᠤᠳᠠᠯ ᠢ ᠨᠢᠭᠡ ᠯᠡ ᠤᠳᠠᠭ᠎ᠠ ᠳᠤ ᠭᠦᠢᠴᠡᠳᠬᠡᠬᠦ︾ ᠵᠦᠢᠯᠡᠰ ᠢ ᠨᠠᠶᠢᠳᠠᠪᠤᠷᠢᠵᠢᠭᠤᠯᠤᠨ ᠬᠡᠷᠡᠭᠵᠢᠭᠦᠯᠬᠦ ᠶᠢ ᠠᠬᠢᠭᠤᠯᠵᠤ᠂ 70%᠎ ᠠᠴᠠ ᠳᠡᠭᠡᠭᠰᠢᠬᠢ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠢ ︽ᠨᠢᠭᠡ ᠰᠦᠯᠵᠢᠶ᠎ᠡ ᠪᠠᠷ ᠨᠡᠶᠢᠳᠡᠮ ᠭᠦᠢᠴᠡᠳᠬᠡᠬᠦ︾᠎ ᠶᠢ ᠪᠡᠶᠡᠯᠡᠭᠦᠯᠦᠨ᠎ᠡ᠃ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠲᠤᠷᠤᠭᠰᠢ ᠪᠠᠭᠤᠯᠭᠠᠭᠰᠠᠨ ᠡᠷᠬᠡ ᠶᠢᠨ ᠵᠦᠢᠯᠡᠰ ᠢ ᠬᠦᠯᠢᠶᠡᠨ ᠠᠪᠬᠤ ᠠᠵᠢᠯ ᠢ ᠰᠠᠶᠢᠲᠤᠷ ᠬᠢᠵᠦ᠂ ᠭᠥᠯᠢᠶᠡᠨ ᠠᠪᠴᠤ ᠳᠡᠶᠢᠯᠬᠦ᠂ ᠨᠠᠶᠢᠳᠠᠪᠤᠷᠢᠵᠢᠭᠤᠯᠵᠤ ᠳᠡᠶᠢᠯᠬᠦ᠂ ᠪᠣᠳᠠᠲᠤ ᠦᠷ᠎ᠡ ᠪᠦᠲᠦᠮᠵᠢ ᠲᠠᠢ ᠪᠠᠶᠢᠬᠤ ᠶᠢ ᠦᠨᠡᠨᠬᠦ ᠪᠠᠳᠤᠯᠠᠨ᠎ᠠ᠃ 12345 ᠬᠠᠯᠠᠮᠰᠢᠯ ᠤᠳᠠᠰᠤ ᠪᠠᠷ ᠲᠤᠰᠬᠠᠭᠰᠠᠨ ᠤᠴᠢᠷ ᠶᠠᠪᠤᠳᠠᠯ ᠢ ᠰᠢᠢᠳᠪᠦᠷᠢᠯᠡᠬᠦ ᠴᠤᠪᠤᠷᠠᠯ ᠢ ᠰᠢᠯᠢᠳᠡᠭᠵᠢᠭᠦᠯᠵᠦ᠂ ︽ᠨᠢᠭᠡ ᠨᠤᠮᠧᠷ ᠢᠶᠠᠷ ᠬᠦᠯᠢᠶᠡᠨ ᠠᠪᠴᠣ ᠰᠢᠢᠳᠪᠦᠷᠢᠯᠡᠬᠦ︾᠎ ᠶᠢ ᠪᠡᠶᠡᠯᠡᠭᠦᠯᠦᠨ᠂ ︽ᠵᠠᠭᠠᠯᠳᠤᠯᠭ᠎ᠠ ᠶᠢ ᠭᠥᠯᠢᠶᠡᠨ ᠠᠪᠤᠪᠠᠯ ᠳᠠᠷᠤᠢ ᠰᠢᠢᠳᠪᠦᠷᠢᠯᠡᠬᠦ︾᠎ ᠶᠢ ᠪᠦᠬᠦ ᠲᠠᠯ᠎ᠠ ᠪᠠᠷ ᠥᠷᠨᠢᠭᠦᠯᠵᠦ᠂ ᠵᠠᠰᠠᠭ ᠤᠨ ᠶᠠᠪᠤᠳᠠᠯ ᠤᠨ ᠬᠢᠴᠢᠶᠡᠩᠭᠦᠢ ᠰᠠᠶᠢᠬᠠᠨ ᠣᠶᠢᠯᠡᠴᠢᠯᠡᠭᠡ ᠪᠠᠷ ᠠᠵᠤ ᠠᠬᠤᠶᠢᠯᠠᠯ ᠢ ᠨᠡᠩ ᠲᠠᠶᠢᠪᠤᠰᠢᠷᠠᠭᠤᠯᠤᠨ ᠬᠦᠭᠵᠢᠭᠦᠯᠵᠣ᠂ ᠠᠷᠠᠳ ᠲᠦᠮᠡᠨ ᠢ ᠰᠡᠳᠬᠢᠯ ᠰᠠᠨᠠᠭ᠎ᠠ ᠠᠮᠦᠷ ᠲᠠᠶᠢᠪᠣᠩ ᠢᠶᠠᠷ ᠣᠴᠢᠷ ᠶᠠᠪᠣᠳᠠᠯ ᠢ ᠭᠦᠢᠴᠡᠳᠬᠡᠯᠬᠡᠨ᠎ᠡ᠃    ᠭᠤᠣᠯᠳᠠᠯᠭ᠎ᠠ ᠲᠠᠢ ᠬᠦᠷᠢᠶᠡᠨ ᠳᠠᠬᠢ ᠥᠭᠡᠷᠡᠴᠢᠯᠡᠯᠲᠡ ᠶᠢ ᠯᠠᠪᠳᠠᠭᠤᠨ ᠪᠠᠲᠤᠲᠠᠢ ᠠᠬᠢᠭᠤᠯᠤᠨ᠎ᠠ᠃ ᠡᠳ᠋ ᠤᠨ ᠵᠠᠰᠠᠭ ᠤᠨ ᠬᠠᠮᠢᠶᠠᠷᠤᠯᠲᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠴᠢᠬᠤᠯᠠ ᠶᠡᠭᠡ ᠪᠠᠶᠢᠯᠳᠤᠬᠤ ᠪᠣᠳᠣᠯᠭ᠎ᠠ ᠶᠢᠨ ᠡᠭᠦᠷᠭᠡ ᠪᠠ ᠭᠤᠣᠯᠳᠠᠯᠭ᠎ᠠ ᠲᠠᠢ ᠲᠦᠷᠦᠯ ᠵᠣᠶᠢᠯ ᠤᠨ ᠪᠠᠲᠤᠯᠠᠭ᠎ᠠ ᠶᠢ ᠴᠢᠩᠭᠠᠳᠬᠠᠨ᠎ᠠ᠃ ︽ᠴᠢᠬᠤᠯᠠ ᠬᠦᠴᠦᠨ ᠵᠦᠢᠯ ᠨᠢ ᠲᠥᠷᠥᠯ ᠵᠦᠢᠯ ᠢ ᠳᠠᠭᠠᠵᠤ ᠶᠠᠪᠤᠬᠤ︾ ᠥᠭᠡᠷᠡᠴᠢᠯᠡᠯᠲᠡ ᠶᠢ ᠠᠬᠢᠭᠤᠯᠵᠤ᠂ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠰᠢᠷᠣᠢ ᠶᠢᠨ ︽ᠨᠡᠮᠡᠭᠳᠡᠭᠦᠯᠬᠦ ᠪᠠ ᠬᠠᠳᠠᠭᠠᠯᠠᠭᠳᠠᠴᠠ ᠶᠢ ᠬᠤᠯᠪᠤᠭᠳᠠᠭᠤᠯᠬᠤ︾ ᠲᠣᠭᠲᠠᠴᠠ ᠶᠢ ᠨᠠᠶᠢᠳᠠᠪᠤᠷᠢᠵᠢᠭᠤᠯᠤᠨ᠂ ᠬᠢᠨᠠᠨ ᠵᠦᠪᠰᠢᠶᠡᠷᠡᠬᠡᠳ ᠬᠠᠩᠭᠠᠭᠠᠳᠤᠢ ᠪᠠ ᠰᠤᠯᠠ ᠪᠠᠶᠢᠭ᠎ᠠ ᠭᠠᠵᠠᠷ ᠰᠢᠷᠣᠢ ᠶᠢ ᠰᠢᠢᠳᠪᠦᠷᠢᠯᠡᠬᠦ ᠡᠷᠴᠢᠮ ᠢ ᠴᠢᠩᠭᠠᠷᠠᠭᠤᠯᠤᠨ᠎ᠠ᠃ ᠴᠠᠬᠢᠯᠭᠠᠨ ᠤ ᠦᠨ᠎ᠡ ᠶᠢ ᠵᠠᠬ᠎ᠠ ᠳᠡᠯᠭᠡᠭᠦᠷᠴᠢᠯᠡᠬᠦ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠠᠷᠠᠯᠵᠢᠶᠠᠯᠠᠬᠤ ᠴᠠᠬᠢᠯᠭᠠᠨ ᠤ ᠦᠨ᠎ᠡ ᠶᠢᠨ ᠬᠥᠳᠡᠯᠦᠩᠭᠦᠢ ᠲᠣᠭᠲᠠᠴᠠ ᠶᠢ ᠨᠠᠶᠢᠳᠠᠪᠦᠷᠢᠵᠢᠭᠤᠯᠤᠨ᠎ᠠ᠃ ᠭᠠᠵᠠᠷ ᠰᠢᠷᠣᠢ ᠨᠤᠲᠤᠭ ᠪᠡᠯᠴᠢᠭᠡᠷ ᠤᠨ ︽ᠭᠤᠷᠪᠠᠨ ᠡᠷᠬᠡ ᠶᠢ ᠰᠠᠯᠭᠠᠬᠤ︾᠎ ᠶᠢ ᠯᠠᠪᠳᠠᠭᠤᠨ ᠢᠶᠠᠷ ᠠᠬᠢᠭᠤᠯᠵᠤ᠂ ᠬᠥᠳᠡᠭᠡ ᠲᠣᠰᠬᠤᠨ ᠤ ᠦᠯᠦ ᠬᠥᠳᠡᠯᠬᠦ ᠬᠥᠷᠥᠩᠭᠡ ᠶᠢᠨ ︽ᠭᠤᠷᠪᠠᠨ ᠡᠷᠬᠡ︾᠎ ᠶᠢᠨ ᠳᠠᠩᠰᠠᠯᠠᠯᠲᠠ ᠶᠢ ᠲᠤᠷᠤᠭᠰᠢ ᠰᠢᠶᠠᠩ ᠪᠠᠯᠭᠠᠰᠤᠨ ᠳᠤ ᠪᠠᠭᠤᠯᠭᠠᠨ ᠭᠦᠢᠴᠡᠳᠬᠡᠬᠦ ᠲᠤᠷᠰᠢᠯᠲᠠ ᠶᠢᠨ ᠴᠡᠭ ᠤᠨ ᠠᠵᠢᠯ ᠢ ᠥᠷᠨᠢᠭᠦᠯᠦᠨ᠎ᠡ᠃    ᠭᠠᠳᠠᠭᠰᠢ ᠨᠡᠬᠡᠬᠡᠯᠳᠡ ᠬᠢᠬᠦ ᠬᠢᠷᠢ ᠲᠦᠪᠰᠢᠨ ᠢᠶᠠᠨ ᠳᠡᠭᠡᠭᠰᠢᠯᠡᠭᠦᠯᠦᠨ᠎ᠡ᠃ ︽ᠨᠢᠭᠡ ᠪᠦᠰᠡ ᠨᠢᠭᠡ ᠵᠠᠮ︾᠎ ᠢ ᠬᠠᠮᠳᠤ ᠪᠠᠷ ᠪᠠᠶᠢᠭᠤᠯᠬᠤ ᠳᠤ ᠢᠳᠡᠪᠬᠢᠲᠡᠢ ᠠᠭᠤᠰᠤᠯᠴᠠᠵᠤ᠂ ᠶᠡᠷᠦᠩᠬᠡᠶᠢᠯᠡᠭᠰᠡᠨ ᠭᠠᠶᠢᠯᠢ ᠪᠠᠲᠤᠯᠠᠬᠤ ᠣᠷᠣᠨ ᠤ ᠰᠠᠭᠤᠷᠢ ᠲᠥᠬᠦᠷᠵᠢᠭᠦᠯᠦᠯᠲᠡ ᠶᠢ ᠴᠢᠩᠭᠠᠷᠠᠭᠤᠯᠤᠨ᠂ ᠲᠤᠨᠤᠭᠯᠠᠯ ᠦᠶᠯᠡᠳᠬᠦ᠂ ᠢᠮᠠᠭᠠᠨ ᠨᠣᠯᠤᠥᠷ ᠤᠨ ᠪᠦᠲᠦᠭᠡᠭᠳᠡᠬᠦᠨ ᠤ ᠤᠯᠤᠰ ᠤᠨ ᠲᠠᠰ ᠤᠨ ᠭᠠᠳᠠᠭᠠᠳᠤ ᠠᠷᠠᠯᠵᠢᠶ᠎ᠠ ᠶᠢᠨ ᠬᠡᠯᠪᠡᠷᠢ ᠪᠠᠨ ᠬᠤᠪᠢᠷᠠᠭᠤᠯᠤᠨ ᠲᠠᠰ ᠲᠡᠪᠰᠢᠭᠦᠯᠬᠦ ᠰᠠᠭᠤᠷᠢᠨ ᠭᠠᠵᠠᠷ ᠢ ᠪᠤᠵᠠᠭᠠᠶᠢᠷᠠᠭᠤᠯᠤᠨ ᠬᠦᠴᠦᠷᠬᠡᠭᠵᠢᠭᠦᠯᠵᠦ᠂ ᠤᠯᠤᠰ ᠤᠨ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠶᠡᠷᠦᠩᠬᠡᠶᠢᠯᠡᠭᠰᠡᠨ ᠲᠤᠷᠰᠢᠯᠲᠠ ᠶᠢᠨ ᠣᠷᠣᠨ ᠢ ᠪᠤᠳᠠᠳᠠᠶᠢᠵᠢᠭᠤᠯᠵᠤ᠂ ︽ᠣᠷᠳᠣᠰ ︱ ᠲᠧᠾᠷᠠᠨ︾ ᠬᠦᠷᠬᠦ ᠡᠬᠡᠯᠵᠢ ᠶᠢᠨ ᠭᠠᠯᠲᠤ ᠲᠡᠷᠭᠡ ᠶᠢ ᠰᠢᠨ᠎ᠡ ᠪᠠᠷ ᠨᠡᠪᠲᠡᠷᠡᠭᠦᠯᠵᠣ᠂ ᠣᠨᠴᠠᠯᠢᠭᠲᠤ ᠪᠦᠲᠦᠭᠡᠭᠳᠡᠬᠦᠨ ᠢ ᠭᠠᠳᠠᠭᠠᠳᠤ ᠳᠤ ᠭᠠᠷᠭᠠᠨ ᠦᠷᠢᠰᠦᠯᠳᠦᠬᠦ ᠳᠠᠪᠠᠭᠤᠯᠢᠭ ᠢ ᠴᠢᠩᠭᠠᠷᠠᠭᠤᠯᠤᠨ᠎ᠠ᠃ ᠣᠷᠣᠨ ᠪᠦᠰᠡ ᠶᠢᠨ ᠬᠠᠮᠵᠢᠯᠴᠠᠨ ᠬᠦᠭᠵᠢᠬᠦ ᠶᠢ ᠭᠦᠨᠵᠡᠭᠡᠶᠢᠷᠡᠭᠦᠯᠵᠦ᠂ ᠵᠥᠪᠯᠡᠨ ᠲᠣᠭᠲᠠᠭᠠᠭᠰᠠᠨ ᠵᠦᠢᠯᠡᠰ ᠢ ᠰᠠᠶᠢᠲᠤᠷ ᠨᠠᠶᠢᠳᠠᠪᠤᠷᠢᠵᠢᠭᠤᠯᠵᠤ᠂ ᠬᠠᠮᠲᠤᠷᠠᠯᠴᠠᠭᠠᠨ ᠤ ᠵᠦᠢᠯᠡᠰ ᠢ ᠰᠠᠶᠢᠲᠤᠷ ᠲᠥᠯᠥᠪᠯᠡᠨ᠂ ᠠᠵᠤ ᠦᠢᠯᠡᠰ ᠤᠨ ᠰᠢᠯᠵᠢᠯᠲᠡ ᠶᠢ ᠰᠠᠶᠢᠲᠤᠷ ᠭᠥᠯᠢᠶᠡᠨ ᠠᠪᠴᠤ᠂ ᠬᠠᠮᠲᠤᠷᠠᠨ ᠠᠵᠢᠯᠯᠠᠵᠤ ᠬᠠᠮᠲᠤ ᠪᠠᠷ ᠠᠰᠢᠭ ᠬᠦᠷᠲᠡᠬᠦ ᠰᠢᠨ᠎ᠡ ᠪᠠᠶᠢᠳᠠᠯ ᠢ ᠲᠠᠰᠤᠷᠠᠯᠳᠠ ᠦᠬᠡᠢ ᠪᠤᠢ ᠪᠤᠯᠭᠠᠨ᠎ᠠ᠃    ︵ᠳᠣᠯᠤᠭ᠎ᠠ︶ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠲᠤ ᠪᠠᠬᠢ ᠪᠣᠶ ᠪᠣᠯᠭᠠᠵᠤ᠂ ᠠᠷᠠᠳ ᠤᠨ ᠠᠮᠢᠳᠤᠷᠠᠯ ᠢ ᠦᠨᠡᠨᠬᠦ ᠪᠠᠲᠤᠯᠠᠨ ᠰᠠᠶᠢᠵᠢᠷᠠᠭᠤᠯᠤᠨ᠎ᠠ᠃ ᠠᠷᠠᠳ ᠲᠦᠮᠡᠨ ᠪᠣᠯ ᠳᠠᠷᠤᠢ ᠲᠦᠷᠦ ᠭᠦᠷᠦᠨ᠂ ᠲᠦᠷᠦ ᠭᠦᠷᠦᠨ ᠪᠣᠯ ᠳᠠᠷᠤᠢ ᠠᠷᠠᠳ ᠲᠦᠮᠡᠨ ᠮᠥᠨ᠃ ᠬᠠᠮᠳᠤ ᠪᠠᠷ ᠴᠢᠨᠡᠭᠡᠯᠢᠭᠵᠢᠬᠦ ᠶᠢ ᠯᠠᠪᠳᠠᠭᠤᠨ ᠪᠠᠲᠤᠲᠠᠢ ᠠᠬᠢᠭᠤᠯᠵᠤ᠂ ᠣᠷᠳᠣᠰ ᠲᠤ ᠠᠮᠢᠳᠤᠷᠠᠵᠤ ᠪᠠᠶᠢᠭ᠎ᠠ ᠬᠥᠮᠥᠰ ᠢ ᠨᠡᠩ ᠬᠠᠯᠠᠭᠤᠨ ᠳᠤᠯᠠᠭᠠᠨ ᠲᠦᠷᠦᠭᠳᠡᠯ ᠲᠠᠢ᠂ ᠨᠡᠷ᠎ᠡ ᠬᠦᠨᠳᠦ ᠲᠠᠢ᠂ ᠠᠵᠢᠯ ᠦᠢᠯᠡᠰ ᠲᠠᠢ᠂ ᠬᠦᠰᠡᠯ ᠡᠷᠡᠮᠡᠯᠵᠡᠯ ᠲᠠᠢ ᠪᠤᠯᠭᠠᠨ᠎ᠠ᠃   ᠨᠡᠩ ᠴᠢᠨᠠᠷ ᠰᠠᠶᠢᠲᠠᠢ ᠠᠵᠢᠯ ᠣᠯᠭᠤᠯᠲᠠ ᠶᠢ ᠠᠬᠢᠭᠤᠯᠤᠨ᠎ᠠ᠃ ᠠᠵᠢᠯ ᠣᠯᠭᠤᠯᠲᠠ ᠶᠢ ᠲᠡᠷᠢᠭᠦᠨ ᠳᠤ ᠲᠠᠯᠪᠢᠬᠤ ᠤᠳᠤᠷᠢᠳᠤᠮᠵᠢ ᠶᠢ ᠴᠢᠩᠭᠠᠳᠬᠠᠵᠤ᠂ ᠳᠡᠭᠡᠳᠦ ᠰᠤᠷᠭᠠᠭᠤᠯᠢ ᠲᠡᠭᠦᠰᠦᠭᠰᠡᠳ᠂ ᠬᠥᠯᠥᠰᠦᠨ ᠠᠵᠢᠯᠴᠢᠨ᠂ ᠴᠡᠷᠢᠭ ᠤᠨ ᠠᠯᠪᠠᠨ ᠠᠴᠠ ᠪᠠᠭᠤᠭᠰᠠᠳ ᠵᠡᠷᠭᠡ ᠭᠤᠣᠯᠳᠠᠯᠭ᠎ᠠ ᠲᠠᠢ ᠬᠦᠮᠦᠰ ᠤᠨ ᠠᠵᠢᠯ ᠤᠯᠭᠤᠯᠳᠠ ᠶᠢ ᠲᠦᠷᠦᠯ ᠬᠤᠪᠢᠶᠠᠨ ᠪᠠᠲᠤᠯᠠᠨ᠎ᠠ᠃ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠶᠡᠭᠡ ᠬᠡᠪᠴᠢᠶᠡᠨ ᠤ ᠪᠣᠯᠪᠠᠰᠤᠷᠠᠭᠤᠯᠤᠯ ᠢ ᠥᠷᠨᠢᠭᠦᠯᠵᠦ᠂ ᠪᠦᠬᠦ ᠬᠡᠯᠬᠢᠶᠡᠨ ᠤ ᠠᠳᠠᠯ ᠦᠢᠯᠡᠰ ᠴᠣᠭᠴᠠᠯᠠᠬᠤ ᠶᠢ ᠲᠡᠳᠬᠦᠨ ᠳᠡᠮᠵᠢᠬᠦ ᠲᠦᠷᠦ ᠶᠢᠨ ᠪᠣᠳᠣᠯᠭ᠎ᠠ ᠶᠢ ᠲᠡᠭᠦᠯᠳᠡᠷᠵᠢᠭᠦᠯᠵᠦ᠂ ᠬᠤᠳᠠ ᠪᠠᠯᠭᠠᠰᠤᠨ ᠤ 1.7 ᠲᠦᠮᠡ ᠠᠴᠠ ᠳᠡᠭᠡᠭᠰᠢ ᠬᠥᠮᠥᠨ ᠳᠤ ᠰᠢᠨ᠎ᠡ ᠪᠠᠷ ᠠᠵᠢᠯ ᠤᠯᠭᠤᠨ᠎ᠠ᠃ ᠬᠥᠯᠥᠰᠦᠨ ᠠᠵᠢᠯᠴᠢᠨ ᠤ ᠴᠠᠯᠢᠩ ᠢ ᠥᠭᠬᠦ ᠪᠠᠲᠤᠯᠠᠭ᠎ᠠ ᠶᠢ ᠴᠢᠩᠭᠠᠳᠬᠠᠵᠤ᠂ ᠠᠴᠢᠶᠠᠨ ᠤ ᠮᠠᠰᠢᠨ ᠲᠡᠷᠬᠡᠨ ᠤ ᠵᠢᠯᠣᠭᠤᠴᠢ᠂ ᠲᠦᠷᠭᠡᠨ ᠬᠦᠷᠭᠡᠭᠴᠢ᠂ ᠭᠠᠳᠠᠭᠰᠢ ᠬᠤᠭᠤᠯᠠ ᠬᠦᠷᠭᠡᠭᠴᠢ ᠵᠡᠷᠭᠡ ᠬᠦᠮᠦᠰ ᠤᠨ ᠬᠠᠤᠯᠢ ᠶᠣᠰᠣᠨ ᠤ ᠡᠷᠬᠡ ᠠᠰᠢᠭ ᠢ ᠰᠠᠶᠢᠲᠤᠷ ᠬᠠᠮᠠᠭᠠᠯᠠᠨ᠎ᠠ᠃    ᠠᠷᠠᠳ ᠲᠦᠮᠡᠨ ᠤ ᠰᠠᠨᠠᠭᠠᠨ ᠳᠤ ᠨᠡᠶᠢᠴᠡᠭᠰᠡᠨ ᠰᠤᠷᠭᠠᠨ ᠬᠥᠮᠦᠵᠢᠯ ᠢ ᠰᠠᠶᠢᠲᠤᠷ ᠡᠷᠬᠢᠯᠡᠨ᠎ᠠ᠃ ᠳᠤᠮᠳᠠᠳᠤ ᠪᠠᠭ᠎ᠠ ᠰᠤᠷᠭᠠᠭᠤᠯᠢ᠂ ᠬᠡᠦᠬᠡᠳ ᠤᠨ ᠴᠡᠴᠡᠷᠯᠢᠭ ᠢ ᠰᠢᠨ᠎ᠡ ᠪᠠᠷ 27 ᠪᠠᠶᠢᠭᠤᠯᠬᠤ ᠪᠤᠶᠤ ᠥᠭᠡᠷᠡᠴᠢᠯᠡᠵᠦ ᠥᠷᠭᠡᠳᠬᠡᠨ ᠪᠠᠶᠢᠭᠤᠯᠵᠤ᠂ ᠰᠤᠷᠤᠯᠭ᠎ᠠ ᠶᠢᠨ ᠤᠷᠤ ᠶᠢ ᠰᠢᠨ᠎ᠡ ᠪᠠᠷ 8200 ᠨᠡᠮᠡᠭᠳᠡᠭᠦᠯᠦᠨ᠎ᠡ᠃ ︽ᠬᠤᠶᠠᠷ ᠢ ᠬᠦᠩᠬᠡᠷᠡᠭᠦᠯᠬᠦ︾ ᠦᠷ᠎ᠡ ᠪᠦᠲᠦᠭᠡᠯ ᠢ ᠪᠠᠬᠢᠵᠢᠭᠦᠯᠦᠨ ᠳᠡᠭᠡᠭᠰᠢᠯᠡᠭᠦᠯᠵᠦ᠂ ᠬᠢᠴᠢᠶᠡᠯ ᠤᠨ ᠲᠠᠩᠬᠢᠮ ᠤᠨ ᠵᠢᠭᠠᠨ ᠰᠤᠷᠭᠠᠯᠲᠠ ᠪᠠ ᠬᠢᠴᠢᠶᠡᠯ ᠤᠨ ᠳᠠᠷᠠᠭᠠᠬᠢ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠦᠨ᠂ ᠣᠨᠴᠠ ᠴᠢᠳᠠᠪᠤᠷᠢ ᠶᠢᠨ ᠪᠣᠯᠪᠠᠰᠤᠷᠠᠭᠤᠯᠤᠯ᠂ ᠥᠪᠡᠷᠮᠢᠴᠡ ᠴᠢᠨᠠᠷ ᠤᠨ ᠬᠦᠮᠦᠵᠢᠯ ᠢ ᠴᠢᠩᠭᠠᠳᠬᠠᠵᠤ᠂ ᠬᠡᠦᠬᠡᠳ ᠪᠤᠯᠭᠠᠨ ᠳᠤ ᠥᠪᠡᠷ ᠤᠨ ᠪᠡᠶ᠎ᠡ ᠳᠤᠨᠢ ᠵᠤᠬᠢᠷᠠᠬᠤ ᠴᠢᠳᠠᠪᠤᠷᠢᠲᠠᠨ ᠪᠣᠯᠬᠤ ᠵᠠᠮ ᠮᠦᠷ ᠣᠯᠭᠤᠬᠤ ᠪᠠᠷ ᠴᠢᠷᠮᠠᠶᠢᠨ᠎ᠠ᠃ ᠦᠵᠡᠯ ᠰᠠᠨᠠᠭ᠎ᠠ ᠤᠯᠤᠰ ᠲᠦᠷᠦ ᠶᠢᠨ ᠬᠢᠴᠢᠶᠡᠯ ᠳᠤ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢ ᠭᠦᠨᠵᠡᠭᠡᠶᠢᠷᠡᠭᠦᠯᠵᠦ᠂ ᠵᠠᠯᠠᠭᠤᠴᠤᠳ ᠪᠠᠭᠠᠴᠤᠳ ᠤᠨ ᠪᠡᠶ᠎ᠡ ᠰᠡᠳᠬᠢᠯ ᠤᠨ ᠡᠷᠡᠭᠦᠯ ᠮᠡᠨᠳᠦ ᠶᠢᠨ ᠬᠦᠮᠦᠵᠢᠯ ᠢ ᠴᠢᠩᠭᠠᠳᠬᠠᠨ᠎ᠠ᠃ ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠣᠯᠠᠨ ᠶᠠᠩᠵᠤᠯᠠᠭᠰᠠᠨ᠂ ᠤᠨᠴᠠᠯᠢᠭᠵᠢᠭᠰᠠᠨ ᠬᠥᠭᠵᠢᠯᠲᠡ ᠶᠢ ᠠᠬᠢᠭᠤᠯᠵᠤ᠂ ᠬᠤᠰᠢᠭᠤ ᠲᠣᠭᠤᠷᠢᠭ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢ ᠰᠢᠯᠢᠳᠡᠭᠵᠢᠭᠦᠯᠦᠨ ᠬᠦᠴᠦᠷᠬᠡᠭᠵᠢᠭᠦᠯᠦᠨ᠎ᠡ᠃ ᠣᠷᠳᠣᠰ ᠤᠨ ᠬᠡᠷᠡᠭᠯᠡᠭᠡᠨ ᠤ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠰᠤᠷᠭᠠᠭᠤᠯᠢ ᠡᠷᠭᠢᠯᠡᠬᠦ ᠶᠠᠰᠤ ᠴᠢᠨᠠᠷ ᠢᠶᠠᠨ ᠳᠡᠭᠡᠭᠰᠢᠯᠡᠭᠦᠯᠬᠦ ᠶᠢ ᠳᠡᠮᠵᠢᠵᠦ᠂ ᠥᠪᠥᠷ ᠮᠣᠩᠭᠤᠯ ᠤᠨ ᠦᠨᠳᠦᠰᠦᠲᠡᠨ ᠤ ᠬᠡᠦᠬᠡᠳ ᠤᠨ ᠪᠠᠭᠰᠢ ᠶᠢᠨ ᠳᠡᠭᠡᠳᠦ ᠵᠡᠷᠬᠡ ᠶᠢᠨ ᠲᠤᠰᠬᠠᠢ ᠮᠡᠷᠭᠡᠵᠢᠯ ᠤᠨ ᠰᠤᠷᠭᠠᠭᠤᠯᠢ ᠶᠢᠨ ᠠᠵᠢᠯ ᠮᠡᠷᠭᠡᠵᠢᠯ ᠤᠨ ᠵᠢᠩᠬᠢᠨᠢ ᠠᠩᠭᠢ ᠪᠠᠶᠢᠭᠤᠯᠬᠤ ᠶᠢ ᠠᠬᠢᠭᠤᠯᠤᠨ᠎ᠠ᠃ ᠠᠵᠣ ᠣᠶᠢᠯᠡᠰ ᠪᠠ ᠵᠢᠭᠠᠨ ᠰᠤᠷᠭᠠᠯᠲᠠ ᠶᠢ ᠠᠭᠤᠰᠤᠯᠴᠠᠭᠤᠯᠬᠤ ᠲᠤᠷᠰᠢᠯᠲᠠ ᠶᠢᠨ ᠴᠡᠭ ᠤᠨ ᠪᠠᠶᠢᠭᠤᠯᠤᠯᠲᠠ ᠶᠢ ᠪᠦᠬᠦ ᠲᠠᠯ᠎ᠠ ᠪᠠᠷ ᠠᠬᠢᠭᠤᠯᠵᠤ᠂ ᠲᠢᠩᠬᠢᠮ ᠪᠠ ᠤᠷᠤᠨ ᠨᠤᠳᠤᠭ᠂ ᠰᠤᠷᠭᠠᠭᠤᠯᠢ ᠪᠠ ᠤᠷᠤᠨ ᠨᠤᠳᠤᠭ᠂ ᠰᠤᠷᠭᠠᠭᠤᠯᠢ ᠶᠢᠨ ᠬᠤᠭᠤᠷᠣᠨᠳᠣᠬᠢ ᠬᠠᠮᠲᠤᠷᠠᠯᠴᠠᠭ᠎ᠠ ᠶᠢ ᠴᠢᠩᠭᠠᠳᠬᠠᠵᠤ᠂ ᠲᠤᠰᠬᠠᠢ ᠮᠡᠷᠭᠡᠵᠢᠯ ᠤᠨ ᠲᠤᠬᠢᠷᠠᠭᠤᠯᠤᠯᠳᠠ ᠶᠢ ᠰᠢᠯᠢᠳᠡᠭᠵᠢᠭᠦᠯᠦᠨ᠂ ᠰᠤᠷᠤᠭᠴᠢ ᠡᠯᠰᠡᠬᠦ ᠬᠡᠪᠴᠢᠶ᠎ᠡ ᠶᠢ ᠥᠷᠭᠡᠳᠬᠡᠵᠦ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠬᠦᠴᠦᠷᠬᠡᠭ ᠬᠤᠳᠠ ᠶᠢ ᠪᠤᠢ ᠪᠣᠯᠭᠠᠨ᠎ᠠ᠃    ᠡᠷᠡᠭᠦᠯ ᠡᠩᠬᠡ ᠣᠷᠳᠣᠰ ᠢ ᠪᠦᠲᠦᠭᠡᠨ ᠪᠠᠶᠢᠭᠤᠯᠤᠨ᠎ᠠ᠃ ᠬᠢᠵᠢᠭ ᠤᠨ ᠪᠠᠶᠢᠳᠠᠯ ᠢ ᠪᠥᠬᠦ ᠬᠡᠯᠬᠢᠶ᠎ᠡ ᠪᠠᠷ ᠨᠠᠷᠢᠯᠢᠭ ᠤᠨᠤᠪᠴᠢᠲᠠᠢ ᠪᠠᠷ ᠰᠡᠷᠭᠡᠶᠢᠯᠡᠨ ᠡᠵᠡᠮᠳᠡᠬᠦ ᠠᠵᠢᠯ ᠢ ᠰᠠᠶᠢᠲᠤᠷ ᠠᠳᠬᠤᠵᠤ᠂ ᠬᠤᠲᠠ ᠶᠢᠨ ᠱᠠᠲᠤᠨ ᠤ ᠬᠦᠨᠳᠦ ᠶᠡᠭᠡ ᠬᠢᠵᠢᠭ ᠤᠨ ᠪᠠᠶᠢᠳᠠᠯ ᠢ ᠰᠡᠷᠭᠡᠶᠢᠯᠡᠨ ᠵᠠᠰᠠᠬᠤ ᠰᠠᠭᠤᠷᠢᠨ ᠭᠠᠵᠠᠷ ᠢ ᠪᠠᠶᠢᠭᠤᠯᠤᠨ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠭᠰᠡᠨ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠦᠨ᠎ᠡ᠃ ᠬᠤᠳᠠ ᠶᠢᠨ ᠭᠤᠤᠯᠳᠠᠯᠭᠠᠳᠤ ᠡᠮᠨᠡᠯᠭᠡ ᠶᠢᠨ ᠬᠤᠷᠢᠶ᠎ᠠ᠂ ᠬᠤᠳᠠ ᠶᠢᠨ ᠬᠤᠶᠠᠳᠤᠭᠠᠷ ᠡᠮᠨᠡᠯᠭᠡ ᠶᠢᠨ ᠬᠤᠷᠢᠶ᠎ᠠ᠂ ᠬᠤᠳᠠ ᠶᠢᠨ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠲᠥᠪ ᠢ ᠥᠭᠡᠷᠡᠴᠢᠯᠡᠵᠦ ᠥᠷᠭᠡᠳᠬᠡᠨ ᠪᠠᠶᠢᠭᠤᠯᠬᠤ ᠪᠠᠷᠢᠯᠭ᠎ᠠ ᠶᠢ ᠬᠡᠷᠡᠭᠵᠢᠭᠦᠯᠵᠦ᠂ ᠬᠤᠳᠠ ᠶᠢᠨ ᠳᠥᠷᠪᠡᠳᠦᠭᠡᠷ ᠡᠮᠨᠡᠯᠭᠡ ᠶᠢᠨ ᠬᠤᠷᠢᠶ᠎ᠠ ᠶᠢ ᠥᠷᠭᠡᠳᠬᠡᠨ ᠪᠠᠶᠢᠭᠤᠯᠬᠤ ᠶᠢ ᠪᠡᠶᠡᠯᠡᠭᠦᠯᠦᠨ᠎ᠡ᠃ ᠤᠯᠤᠰ ᠤᠨ ᠣᠷᠣᠨ ᠪᠦᠰᠡ ᠶᠢᠨ ᠬᠢᠲᠠᠳ ᠡᠮᠨᠡᠯᠭᠡ ᠶᠢᠨ ᠡᠮᠴᠢᠯᠡᠭᠡᠨ ᠤ ᠲᠥᠪ᠂ ᠬᠤᠲᠠ ᠶᠢᠨ ᠡᠮᠴᠢᠯᠡᠭᠡᠨ ᠤ ᠪᠦᠯᠦᠭᠯᠡᠯ᠂ ᠨᠢᠭᠲᠠ ᠬᠡᠯᠪᠡᠷᠢ ᠶᠢᠨ ᠰᠢᠶᠠᠨ ᠪᠦᠰᠡ ᠶᠢᠨ ᠡᠮᠴᠢᠯᠡᠭᠡᠨ ᠤ ᠬᠠᠮᠲᠤ ᠶᠢᠨ ᠴᠣᠭᠴᠠ ᠶᠢᠨ ᠪᠦᠲᠦᠬᠡᠨ ᠪᠠᠶᠢᠭᠤᠯᠤᠯᠲᠠ ᠶᠢ ᠠᠬᠢᠭᠤᠯᠵᠤ᠂ ᠡᠮᠨᠡᠯᠬᠡ ᠶᠢᠨ ᠳᠠᠭᠠᠳᠬᠠᠯ ᠤᠨ ᠵᠤᠭᠤᠰ ᠦᠭᠬᠦ ᠠᠷᠭ᠎ᠠ ᠮᠠᠶ᠋ᠢᠭ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠂ ᠠᠷᠠᠳ ᠲᠦᠮᠡᠨ ᠢ ᠡᠪᠡᠳᠴᠢᠨ ᠢᠶᠠᠨ ᠦᠵᠡᠭᠦᠯᠵᠦ ᠲᠡᠶᠢᠯᠬᠦ᠂ ᠡᠪᠡᠳᠴᠢᠨ ᠢᠶᠠᠨ ᠰᠠᠶᠢᠬᠠᠨ ᠡᠮᠨᠡᠭᠦᠯᠵᠣ ᠲᠡᠶᠢᠯᠬᠦ ᠪᠤᠯᠭᠠᠨ᠎ᠠ᠃    ᠰᠣᠶᠣᠯ ᠪᠡᠶ᠎ᠡ ᠶᠢᠨ ᠲᠠᠮᠢᠷ ᠤᠨ ᠦᠢᠯᠡᠰ ᠢ ᠴᠡᠴᠡᠭᠯᠡᠭᠦᠯᠦᠨ ᠬᠥᠭᠵᠢᠭᠦᠯᠦᠨ᠎ᠡ᠃ ᠤᠯᠤᠰ ᠤᠨ ᠲᠠᠰ ᠤᠨ ᠰᠣᠶᠣᠯ ᠤᠨ ᠠᠮᠢ ᠠᠬᠤᠢ ᠶᠢᠨ ᠬᠠᠮᠠᠭᠠᠯᠠᠯᠲᠠ ᠶᠢᠨ ᠲᠤᠷᠰᠢᠯᠲᠠ ᠶᠢᠨ ᠣᠷᠣᠨ᠂ ᠤᠯᠤᠰ ᠤᠨ ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠨ ᠠᠰᠢᠭᠯᠠᠬᠤ ᠵᠢᠱᠢᠶ᠎ᠡ ᠦᠵᠡᠭᠦᠯᠬᠦ ᠣᠷᠣᠨ ᠢ ᠡᠭᠦᠳᠦᠨ ᠪᠠᠶᠢᠭᠤᠯᠬᠤ ᠶᠢ ᠠᠬᠢᠭᠤᠯᠵᠤ᠂ ᠴᠠᠬᠢᠯᠳᠠᠭ ᠴᠡᠴᠡᠭ ᠤᠨ ᠤᠳᠬ᠎ᠠ ᠵᠣᠬᠢᠶᠠᠯ ᠤᠷᠠᠯᠢᠭ ᠢ ᠵᠣᠷᠢᠭᠵᠢᠭᠤᠯᠤᠨ ᠲᠡᠳᠬᠦᠬᠦ ᠢᠨᠵᠧᠨᠧᠷᠢᠩ ᠪᠠ ᠭᠤᠣᠯᠳᠠᠯᠭ᠎ᠠ ᠲᠠᠢ ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠬᠤ ᠢᠨᠵᠧᠨᠧᠷᠢᠩ ᠢ ᠬᠡᠷᠡᠭᠵᠢᠭᠦᠯᠦᠨ᠂ ᠤᠯᠠᠭᠠᠨᠮᠥ᠋ᠴᠢᠷ᠂ ᠰᠣᠨᠢᠨ ᠮᠡᠳᠡᠭᠡ ᠷᠠᠳᠢᠣ᠋ ᠲᠧᠯᠸᠢᠰ᠂ ᠤᠳᠬ᠎ᠠ ᠤᠷᠠᠯᠢᠭ ᠤᠨ ᠵᠣᠬᠢᠶᠠᠨ ᠪᠦᠲᠦᠭᠡᠯᠭᠡ ᠶᠢᠨ ᠲᠥᠪ ᠶᠣᠰᠣ ᠶᠢ ᠰᠠᠬᠢᠵᠤ ᠰᠢᠨ᠎ᠡ ᠶᠢ ᠡᠭᠦᠳᠬᠦ ᠬᠦᠭᠵᠢᠯᠳᠡ ᠶᠢ ᠳᠡᠮᠵᠢᠵᠦ᠂ ᠬᠠᠲᠤᠨ ᠭᠤᠣᠯ ᠤᠨ ᠤᠯᠤᠰ ᠤᠨ ᠰᠣᠶᠣᠯ ᠤᠨ ᠴᠡᠴᠡᠷᠯᠢᠭ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠤᠨ᠎ᠠ᠃ ᠬᠤᠲᠠ ᠶᠢᠨ ᠠᠵᠢᠯᠴᠢᠨ ᠤ ᠰᠣᠶᠣᠯ ᠤᠨ ᠣᠷᠳᠣᠨ ᠢ ᠪᠠᠶᠢᠭᠤᠯᠤᠨ ᠠᠰᠢᠭᠯᠠᠯᠳᠠ ᠳᠤ ᠤᠷᠤᠭᠤᠯᠵᠤ᠂ ᠪᠥᠬᠦ ᠠᠷᠠᠳ ᠤᠨ ᠪᠡᠶ᠎ᠡ ᠴᠢᠬᠢᠷᠠᠭᠵᠢᠭᠤᠯᠬᠤ ︽ᠲᠤᠯᠤᠭᠠᠨ 100︾᠎ ᠶᠢᠨ ᠠᠵᠢᠯᠯᠠᠭ᠎ᠠ ᠶᠢ ᠥᠷᠨᠢᠭᠦᠯᠵᠦ᠂ ᠪᠥᠬᠦ ᠣᠷᠣᠨ ᠤ ᠠᠷᠪᠠᠨ ᠲᠠᠪᠤᠳᠤᠭᠠᠷ ᠬᠤᠭᠤᠴᠠᠭᠠᠨ ᠤ ᠪᠡᠶ᠎ᠡ ᠶᠢᠨ ᠲᠠᠮᠢᠷ ᠤᠨ ᠴᠤᠭᠯᠠᠭᠠᠨ᠂ ᠵᠢᠷᠭᠤᠳᠤᠭᠠᠷ ᠬᠤᠭᠤᠴᠠᠭᠠᠨ ᠤ ᠵᠡᠮᠳᠡᠭᠴᠦᠳ ᠤᠨ ᠪᠡᠶ᠎ᠡ ᠶᠢᠨ ᠲᠠᠮᠢᠷ ᠤᠨ ᠴᠤᠭᠯᠠᠭᠠᠨ ᠢ ᠰᠠᠶᠢᠳᠤᠷ ᠡᠷᠬᠢᠯᠡᠨ᠎ᠡ᠃    ᠨᠡᠶᠢᠭᠡᠮ ᠤᠨ ᠪᠠᠲᠤᠯᠠᠭ᠎ᠠ ᠶᠢᠨ ᠡᠷᠴᠢᠮ ᠢ ᠴᠢᠩᠭᠠᠷᠠᠭᠤᠯᠤᠨ᠎ᠠ᠃ ᠪᠥᠬᠦ ᠠᠷᠠᠳ ᠢᠶᠠᠷ ᠢᠶᠠᠨ ᠳᠠᠭᠠᠳᠬᠠᠯ ᠳᠤ ᠤᠷᠤᠬᠤ ᠲᠥᠯᠥᠪᠯᠡᠭᠡ ᠶᠢ ᠭᠦᠨᠵᠡᠭᠡᠢ ᠬᠡᠷᠡᠭᠵᠢᠭᠦᠯᠵᠦ᠂ ᠦᠨᠳᠦᠰᠦᠨ ᠡᠮᠨᠡᠯᠬᠡ ᠶᠢᠨ ᠳᠠᠭᠠᠳᠬᠠᠯ᠂ ᠠᠵᠢᠯ ᠠᠯᠳᠠᠯᠲᠠ ᠶᠢᠨ ᠳᠠᠭᠠᠳᠬᠠᠯ ᠢ ᠥᠪᠡᠷᠲᠡᠭᠡᠨ ᠵᠠᠰᠠᠬᠤ ᠣᠷᠣᠨ ᠤ ᠱᠠᠲᠤᠨ ᠠᠴᠠ ᠨᠢᠭᠡᠳᠦᠯᠲᠡᠢ ᠲᠥᠯᠥᠪᠯᠡᠬᠦ ᠶᠢ ᠨᠠᠶᠢᠳᠠᠪᠤᠷᠢᠵᠢᠭᠤᠯᠤᠨ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠨᠠᠭᠠᠲᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠶᠢᠨ ᠪᠠᠷᠢᠮᠵᠢᠶ᠎ᠠ ᠶᠢ ᠲᠤᠭᠳᠠᠭᠤᠨ ᠢᠶᠠᠷ ᠲᠡᠭᠡᠭᠰᠢᠯᠡᠭᠦᠯᠦᠨ᠎ᠡ᠃ ︽ᠨᠠᠰᠤᠲᠠᠶᠢᠴᠣᠳ ᠪᠠ ᠬᠡᠣᠬᠡᠳ︾᠎ ᠤᠨ ᠦᠢᠯᠡᠴᠢᠯᠡᠭᠡᠨ ᠤ ᠪᠠᠲᠤᠯᠠᠭ᠎ᠠ ᠶᠢ ᠴᠢᠩᠭᠠᠳᠬᠠᠵᠤ᠂ ᠪᠥᠬᠦ ᠬᠤᠲᠠ ᠶᠢᠨ ᠪᠣᠶ ᠪᠦᠬᠦᠢ ᠵᠡᠭᠡᠯᠢ ᠭᠤᠳᠤᠮᠵᠢ ᠳᠤ ᠴᠥᠮ ᠪᠦᠷᠢᠨ ᠰᠠᠭᠠᠳᠠᠭᠤᠯᠬᠤ᠂ ᠡᠳᠦᠷ ᠰᠠᠭᠠᠳᠠᠭᠤᠯᠬᠤ᠂ ᠭᠡᠷ ᠲᠤᠨᠢ ᠬᠦᠷᠴᠦ ᠦᠢᠯᠡᠴᠢᠯᠡᠬᠦ ᠵᠡᠷᠭᠡ ᠶᠡᠷᠦᠩᠬᠡᠶᠢᠯᠡᠭᠰᠡᠨ ᠴᠢᠳᠠᠮᠵᠢ ᠲᠠᠢ ᠨᠠᠰᠤᠳᠠᠶᠢᠴᠣᠳ ᠲᠤ ᠣᠶᠢᠯᠡᠴᠢᠯᠡᠬᠦ ᠲᠥᠪ ᠵᠢᠴᠢ 90%᠎ ᠠᠴᠠ ᠳᠡᠭᠡᠭᠰᠢᠬᠢ ᠨᠡᠶᠢᠭᠡᠮ ᠲᠣᠭᠤᠷᠢᠭ ᠲᠤ ᠨᠠᠰᠤᠲᠠᠶᠢᠴᠤᠳ ᠲᠤ ᠦᠢᠯᠡᠴᠢᠯᠡᠬᠦ ᠥᠷᠲᠡᠭᠡ ᠶᠢ ᠪᠠᠶᠢᠭᠤᠯᠤᠨ᠎ᠠ᠃ ᠭᠤᠷᠪᠠᠨ ᠬᠡᠦᠬᠡᠳ ᠠᠪᠬᠤ ᠲᠥᠷᠥ ᠶᠢᠨ ᠪᠣᠳᠣᠯᠭ᠎ᠠ ᠵᠢᠴᠢ ᠢᠵᠢ ᠪᠦᠷᠢᠳᠦᠭᠦᠯᠦᠭᠰᠡᠨ ᠳᠡᠮᠵᠢᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠵᠤ᠂ 3 ᠨᠠᠰᠤᠨ ᠠᠴᠠ ᠳᠣᠷᠣᠭᠰᠢᠬᠢ ᠨᠢᠯᠬ᠎ᠠ ᠬᠡᠦᠬᠡᠳ ᠢ ᠰᠠᠭᠠᠳᠠᠭᠤᠯᠬᠤ ᠣᠷᠣᠨ ᠪᠠᠶᠢᠷᠢ ᠶᠢᠨ ᠲᠤᠭ᠎ᠠ ᠶᠢ 1500 ᠨᠡᠮᠡᠭᠳᠡᠭᠦᠯᠦᠨ᠎ᠡ᠃ ᠨᠡᠶᠢᠭᠡᠮ ᠤᠨ ᠠᠪᠤᠷᠠᠨ ᠲᠤᠰᠠᠯᠠᠬᠤ ᠲᠤᠭᠳᠠᠯᠴᠠᠭ᠎ᠠ ᠶᠢ ᠲᠡᠭᠦᠯᠳᠡᠷᠵᠢᠭᠦᠯᠵᠦ᠂ ᠨᠡᠶᠢᠭᠡᠮ ᠤᠨ ᠪᠠᠲᠤᠯᠠᠭ᠎ᠠ ᠶᠢᠨ ᠳᠡᠭᠡᠳᠦ ᠱᠤᠭᠤᠮ ᠢᠶᠠᠷ ᠠᠷᠠᠳ ᠤᠯᠠᠨ ᠤ ᠵᠣᠯ ᠵᠢᠷᠭᠠᠯ ᠎ ᠢ ᠪᠠᠳᠤᠯᠠᠨ᠎ᠠ᠃    ᠨᠡᠶᠢᠭᠡᠮ ᠤᠨ ᠵᠠᠰᠠᠯᠲᠠ ᠶᠢᠨ ᠴᠢᠳᠠᠪᠤᠷᠢ ᠶᠢ ᠳᠡᠭᠡᠭᠰᠢᠯᠡᠭᠦᠯᠦᠨ᠎ᠡ᠃ ︽ᠲᠠᠪᠤᠨ ᠨᠡᠶᠢᠬᠡᠮ︾ ᠬᠤᠯᠪᠤᠭᠠᠯᠠᠨ ᠬᠦᠳᠡᠯᠦᠯᠴᠡᠬᠦ ᠶᠢ ᠭᠦᠨᠵᠡᠭᠡᠶᠢᠷᠡᠭᠦᠯᠵᠦ᠂ ᠨᠢᠭᠡ ᠯᠡ ᠥᠷᠲᠡᠭᠡᠨ ᠤ ᠮᠠᠶ᠋ᠢᠭ ᠤᠨ ᠤᠯᠠᠨ ᠡᠰᠢᠵᠢᠭᠰᠡᠨ ᠵᠢᠭᠤᠷᠠᠯᠳᠤᠭᠠᠨ ᠢ ᠰᠢᠢᠳᠪᠦᠷᠢᠯᠡᠬᠦ ᠲᠣᠭᠲᠠᠴᠠ ᠶᠢ ᠲᠡᠭᠦᠯᠳᠡᠷᠵᠢᠭᠦᠯᠦᠨ᠎ᠡ᠃ ︽ᠭᠡᠭᠡᠨ ᠰᠠᠷᠠᠭᠤᠯ ᠢᠨᠵᠧᠨᠧᠷᠢᠩ︾᠎ ᠢ ᠲᠦᠷᠬᠡᠨ ᠢᠶᠠᠷ ᠠᠬᠢᠭᠤᠯᠵᠤ᠂ ᠪᠥᠬᠦ ᠤᠯᠤᠰ ᠤᠨ ᠬᠤᠲᠠ ᠶᠢᠨ ᠪᠦᠰᠡ ᠶᠢᠨ ᠨᠡᠶᠢᠭᠡᠮ ᠤᠨ ᠵᠠᠰᠠᠯᠲᠠ ᠶᠢᠨ ᠣᠳᠤᠬᠢᠴᠢᠯᠠᠭᠰᠠᠨ ᠲᠤᠷᠰᠢᠯᠲᠠ ᠶᠢᠨ ᠴᠡᠭ ᠤᠨ ᠰᠢᠯᠭᠠᠨ ᠬᠤᠷᠢᠶᠠᠯᠳᠠ ᠶᠢ ᠲᠠᠮᠵᠢᠬᠤ ᠶᠢ ᠪᠠᠲᠤᠯᠠᠵᠤ᠂ ᠠᠮᠤᠭᠤᠯᠠᠩ ᠳᠤᠮᠳᠠᠳᠤ ᠤᠯᠤᠰ ᠤᠨ ᠪᠦᠲᠦᠭᠡᠨ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠬᠤᠲᠠ ᠶᠢᠨ ᠪᠦᠲᠦᠭᠡᠨ ᠪᠠᠶᠢᠭᠤᠯᠤᠯᠲᠠ ᠶᠢᠨ ᠬᠢᠷᠢ ᠲᠦᠪᠰᠢᠨ ᠢ ᠪᠠᠬᠢᠵᠢᠭᠦᠯᠦᠨ ᠳᠡᠭᠡᠭᠰᠢᠯᠡᠭᠦᠯᠦᠨ᠎ᠡ᠃ ᠪᠠᠴᠢᠮ ᠪᠠᠶᠢᠳᠠᠯ ᠢ ᠠᠷᠭᠠᠴᠠᠬᠤ ᠴᠢᠳᠠᠪᠤᠷᠢ ᠶᠢᠨ ᠪᠠᠶᠢᠭᠤᠯᠤᠯᠲᠠ ᠶᠢ ᠪᠥᠬᠦ ᠲᠠᠯ᠎ᠠ ᠪᠠᠷ ᠴᠢᠩᠭᠠᠳᠬᠠᠵᠤ᠂ ᠠᠶᠤᠯ ᠦᠭᠡᠢ ᠦᠢᠯᠡᠳᠪᠦᠷᠢᠯᠡᠯ ᠤᠨ ᠲᠤᠰᠬᠠᠢ ᠴᠡᠭᠴᠡᠯᠡᠨ ᠵᠠᠰᠠᠬᠤ ᠭᠤᠷᠪᠠᠨ ᠵᠢᠯ ᠤᠨ ᠠᠵᠢᠯᠯᠠᠭ᠎ᠠ ᠶᠢᠨ ᠡᠭᠦᠷᠭᠡ ᠶᠢ ᠪᠡᠶᠡᠯᠡᠭᠦᠯᠵᠦ᠂ ᠠᠶᠤᠯ ᠲᠠᠢ ᠬᠢᠮᠢ ᠶᠢᠨ ᠪᠣᠳᠠᠰ᠂ ᠬᠤᠲᠠ ᠪᠠᠯᠭᠠᠰᠤ ᠶᠢᠨ ᠰᠢᠲᠠᠮᠠᠬᠠᠢ ᠬᠡᠢ ᠶᠢᠨ ᠬᠤᠭᠤᠯᠠᠢ ᠲᠣᠣᠷ᠂ ᠵᠠᠮ ᠬᠠᠷᠢᠯᠴᠠᠭ᠎ᠠ ᠵᠡᠷᠭᠡ ᠭᠤᠣᠯᠳᠠᠯᠭ᠎ᠠ ᠲᠠᠢ ᠬᠦᠷᠢᠶᠡᠨ ᠳᠠᠬᠢ ᠲᠤᠰᠬᠠᠢ ᠴᠡᠭᠴᠡᠯᠡᠨ ᠵᠠᠰᠠᠯᠳᠠ ᠶᠢ ᠬᠡᠷᠡᠭᠵᠢᠭᠦᠯᠦᠨ᠎ᠡ᠃ ᠢᠳᠡᠭᠡᠨ ᠡᠮ ᠤᠨ ᠵᠦᠢᠯ ᠤᠨ ᠠᠮᠤᠷ ᠲᠦᠪᠰᠢᠨ ᠤ ᠢᠳᠡᠬᠡᠮᠵᠢᠲᠠᠢ ᠣᠷᠳᠣᠰ ᠢ ᠪᠦᠲᠦᠭᠡᠨ ᠪᠠᠶᠢᠭᠤᠯᠤᠨ᠎ᠠ᠃ ᠤᠯᠤᠰ ᠤᠨ ᠪᠠᠲᠤᠯᠠᠨ ᠬᠠᠮᠠᠭᠠᠯᠠᠯᠲᠠ ᠶᠢᠨ ᠴᠡᠷᠢᠭ ᠠᠩᠭᠢ ᠶᠢᠨ ᠪᠠᠶᠢᠭᠤᠯᠤᠯᠲᠠ ᠶᠢ ᠲᠡᠮᠵᠢᠵᠤ᠂ ᠴᠡᠷᠢᠭ ᠤᠨ ᠠᠯᠪᠠ ᠠᠴᠠ ᠪᠠᠭᠤᠭᠰᠠᠳ ᠤᠨ ᠠᠵᠢᠯ ᠤᠨ ᠲᠤᠭᠳᠠᠯᠴᠠᠭ᠎ᠠ ᠶᠢ ᠪᠦᠷᠢᠨᠰᠢᠭᠦᠯᠦᠨ᠎ᠡ᠃ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢ ᠡᠭᠦᠳᠦᠨ ᠪᠠᠶᠢᠭᠤᠯᠬᠤ ᠠᠵᠢᠯ ᠢ ᠭᠦᠨᠵᠡᠭᠡᠢ ᠥᠷᠨᠢᠭᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠦᠷᠭᠦᠯᠵᠢᠯᠡᠨ ᠪᠠᠲᠤ ᠪᠠᠬᠢ ᠪᠤᠢ ᠪᠣᠯᠭᠠᠵᠤ᠂ ᠡᠯ᠎ᠡ ᠦᠨᠳᠦᠰᠦᠲᠡᠨ ᠨᠦᠭᠦᠳ ᠠᠨᠠᠷ ᠤᠨ ᠦᠷ᠎ᠡ ᠰᠢᠭ ᠨᠢᠭᠲᠠᠷᠠᠨ ᠪᠦᠯᠬᠦᠮᠳᠡᠬᠦ ᠶᠢ ᠠᠬᠢᠭᠤᠯᠤᠨ᠎ᠠ᠃   ᠳᠥᠷᠪᠡ᠂ ᠵᠠᠰᠠᠭ ᠤᠨ ᠣᠷᠳᠣᠨ ᠤ ᠵᠠᠰᠠᠯᠲᠠ ᠶᠢᠨ ᠲᠤᠭᠳᠠᠯᠴᠠᠭ᠎ᠠ ᠪᠣᠯᠣᠨ ᠵᠠᠰᠠᠯᠲᠠ ᠶᠢᠨ ᠴᠢᠳᠠᠪᠤᠷᠢ ᠶᠢᠨ ᠤᠳᠤᠬᠢᠴᠢᠯᠠᠭᠰᠠᠨ ᠬᠢᠷᠢ ᠲᠦᠪᠰᠢᠨ ᠢ ᠶᠡᠬᠡᠪᠡᠷ ᠳᠡᠭᠡᠭᠰᠢᠯᠡᠭᠦᠯᠦᠨ᠎ᠡ    ᠤᠭ ᠰᠠᠨᠠᠭ᠎ᠠ ᠪᠠᠲᠤ ᠪᠠᠬᠢ ᠪᠠᠶᠢᠵᠣ ᠬᠦᠨᠳᠦ ᠡᠭᠦᠷᠭᠡ ᠮᠥᠷᠥᠨ ᠳᠡᠭᠡᠷ᠎ᠡ ᠪᠠᠨ ᠲᠠᠯᠪᠢᠭᠳᠠᠵᠣ ᠪᠠᠶᠢᠨ᠎ᠠ᠃ ᠪᠥᠬᠦ ᠬᠤᠲᠠ ᠶᠢᠨ ᠵᠠᠰᠠᠭ ᠤᠨ ᠣᠷᠳᠣᠨ ᠤ ᠰᠢᠰᠲ᠋ᠧᠮ ᠤᠨ ᠬᠢᠨ ᠲᠤᠰᠢᠶᠠᠯ ᠬᠠᠷᠢᠭᠤᠴᠠᠯᠭ᠎ᠠ ᠪᠠᠨ ᠦᠨᠡᠨᠴᠢ ᠰᠢᠳᠤᠷᠭᠤ ᠪᠠᠷ ᠭᠦᠢᠴᠡᠳᠬᠡᠵᠦ᠂ ᠡᠷᠡᠰ ᠰᠢᠭᠤᠷᠬᠠᠢ ᠪᠠᠷ ᠤᠷᠤᠭᠰᠢᠯᠠᠨ ᠳᠠᠪᠰᠢᠵᠤ᠂ ᠵᠠᠰᠠᠭ ᠤᠨ ᠣᠷᠳᠣᠨ ᠤ ᠠᠵᠢᠯ ᠤᠨ ︽ᠦᠢᠯᠡᠴᠢᠯᠡᠭᠡᠨ ᠤ ᠵᠢᠭᠠᠯᠲᠠ ᠲᠤᠭ᠎ᠠ︾᠎ ᠪᠠᠷ ᠠᠷᠠᠳ ᠣᠯᠠᠨ ᠤ ︽ᠵᠣᠯ ᠵᠢᠷᠭᠠᠯ ᠤᠨ ᠵᠢᠭᠠᠯᠲᠠ ᠲᠤᠭ᠎ᠠ︾᠎ ᠶᠢ ᠰᠣᠯᠢᠵᠤ ᠠᠪᠤᠨ᠎ᠠ᠃    ︵ᠨᠢᠭᠡ︶ ᠤᠯᠤᠰ ᠲᠦᠷᠦ ᠶᠢᠨ ᠲᠠᠯ᠎ᠠ ᠪᠠᠷ ᠦᠨᠡᠨᠴᠢ ᠰᠢᠳᠤᠷᠭᠤ ᠪᠠᠶᠢᠬᠤ ᠶᠢ ᠲᠡᠷᠢᠭᠦᠨ ᠴᠢᠬᠤᠯᠠ ᠵᠠᠩ ᠴᠢᠨᠠᠷ ᠪᠣᠯᠭᠠᠨ᠎ᠠ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ᠂ ᠠᠭᠤᠤ ᠶᠡᠭᠡ ᠨᠠᠮ ᠪᠠᠶᠢᠭᠤᠯᠤᠭᠰᠠᠨ ᠵᠣᠷᠢᠭ ᠰᠠᠨᠠᠭ᠎ᠠ ᠶᠢ ᠪᠠᠳᠠᠷᠠᠭᠤᠯᠵᠤ᠂ ︽ᠬᠤᠶᠠᠷ ᠢ ᠲᠣᠭᠲᠠᠭᠠᠬᠤ︾᠎ ᠶᠢ ᠴᠢᠩ ᠰᠡᠳᠬᠢᠯ ᠠᠴᠠ ᠪᠠᠨ ᠬᠦᠷᠢᠶᠡᠯᠡᠵᠦ᠂ ︽ᠬᠤᠶᠠᠷ ᠢ ᠬᠠᠮᠠᠭᠠᠯᠠᠬᠤ︾᠎ ᠶᠢ ᠦᠨᠡᠨᠴᠢ ᠰᠢᠳᠤᠷᠭᠤ ᠪᠠᠷ ᠦᠢᠯᠡᠳᠦᠯᠭᠡᠵᠢᠭᠦᠯᠦᠨ᠎ᠡ᠃ ᠢᠮᠠᠭᠲᠠ ᠬᠡᠬᠦᠳᠡᠭ ᠴᠡᠭᠡᠵᠢᠨ ᠳᠡᠭᠡᠨ ︽ᠬᠤᠶᠠᠷ ᠶᠡᠭᠡ ᠲᠠᠯ᠎ᠠ︾᠎ ᠶᠢ ᠪᠠᠭᠲᠠᠭᠠᠵᠤ᠂ ᠰᠡᠳᠬᠢᠯ ᠳᠡᠭᠡᠨ ︽ᠤᠯᠤᠰ ᠤᠨ ᠶᠡᠭᠡ ᠶᠠᠪᠤᠳᠠᠯ ᠢ ᠪᠤᠳᠤᠯᠬᠢᠯᠠᠵᠣ︾᠂ ᠤᠬᠠᠮᠰᠠᠷ ᠠᠴᠠ ᠪᠠᠨ ᠪᠦᠬᠦ ᠲᠠᠯ᠎ᠠ ᠶᠢᠨ ᠲᠤᠳᠤᠷ᠎ᠠ ᠰᠡᠳᠬᠢᠵᠦ᠂ ᠶᠡᠭᠡ ᠲᠠᠯ᠎ᠠ ᠶᠢᠨ ᠳᠣᠣᠷ᠎ᠠ ᠠᠵᠢᠯᠯᠠᠨ᠂ ᠤᠴᠢᠷ ᠶᠠᠪᠤᠳᠠᠯ ᠰᠡᠳᠦᠬᠦ ᠳᠡᠭᠡᠨ ᠤᠯᠤᠰ ᠲᠦᠷᠦ ᠶᠢᠨ ᠱᠠᠭᠠᠷᠳᠠᠯᠭ᠎ᠠ ᠶᠢ ᠢᠯᠡᠭᠦᠦ ᠪᠣᠳᠣᠯᠬᠢᠯᠠᠵᠤ᠂ ᠠᠵᠢᠯ ᠶᠠᠪᠤᠳᠠᠯ ᠬᠢᠬᠦ ᠳᠡᠭᠡᠨ ᠤᠯᠤᠰ ᠲᠦᠷᠦ ᠶᠢᠨ ᠨᠥᠯᠥᠭᠡ ᠶᠢ ᠢᠯᠡᠭᠦᠦ ᠪᠣᠳᠣᠯᠬᠢᠯᠠᠵᠤ᠂ ᠠᠵᠢᠯ ᠶᠠᠪᠤᠳᠠᠯ ᠪᠦᠲᠦᠭᠡᠬᠦ ᠳᠡᠭᠡᠨ ᠤᠯᠤᠰ ᠲᠦᠷᠦ ᠶᠢᠨ ᠦᠷ᠎ᠡ ᠪᠦᠲᠦᠮᠵᠢ ᠶᠢ ᠢᠯᠡᠭᠦᠦ ᠪᠣᠳᠣᠯᠬᠢᠯᠠᠵᠤ᠂ ᠤᠯᠤᠰ ᠲᠦᠷᠦ ᠶᠢᠨ ᠮᠠᠭᠠᠳᠯᠠᠬᠤ ᠴᠢᠳᠠᠪᠤᠷᠢ᠂ ᠤᠯᠤᠰ ᠲᠦᠷᠦ ᠶᠢᠨ ᠤᠬᠠᠬᠤ ᠴᠢᠳᠠᠪᠤᠷᠢ᠂ ᠤᠯᠤᠰ ᠲᠦᠷᠦ ᠶᠢᠨ ᠬᠡᠷᠡᠭᠵᠢᠭᠦᠯᠬᠦ ᠬᠦᠴᠦᠨ ᠢ ᠦᠨᠡᠨ ᠬᠦ ᠳᠡᠭᠡᠭᠰᠢᠯᠡᠭᠦᠯᠦᠨ᠎ᠡ᠃    ︵ᠬᠤᠶᠠᠷ︶ ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠪᠠᠷᠢᠮᠵᠢᠶ᠎ᠠ ᠪᠣᠯᠭᠠᠨ᠎ᠠ᠃ ᠰᠢ ᠶᠢᠨ ᠫᠢᠩ ᠤᠨ ᠬᠠᠤᠯᠢᠵᠢᠯ ᠤᠨ ᠦᠵᠡᠯ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠲᠤᠤᠱᠯᠠᠭᠤᠯᠵᠤ᠂ ᠪᠥᠬᠦ ᠤᠯᠤᠰ ᠤᠨ ᠬᠠᠤᠯᠢᠵᠢᠯ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠬᠤᠳᠠ ᠶᠢ ᠴᠢᠷᠮᠠᠶᠢᠨ ᠡᠭᠦᠳᠦᠨ᠎ᠡ᠃ ᠬᠤᠳᠠ ᠶᠢᠨ ᠨᠠᠮ ᠤᠨ ᠬᠤᠷᠢᠶᠠᠨ ᠤ ᠲᠣᠭᠲᠠᠭᠠᠯ ᠢ ᠡᠷᠡᠰ ᠬᠡᠷᠡᠭᠵᠢᠭᠦᠯᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠠᠤᠯᠢ ᠴᠠᠭᠠᠵᠠ ᠶᠢᠨ ᠬᠢᠨᠠᠯᠲᠠ ᠲᠠᠯᠪᠢᠯᠳᠠ᠂ ᠠᠵᠢᠯ ᠤᠨ ᠬᠢᠨᠠᠯᠲᠠ ᠲᠠᠯᠪᠢᠯᠳᠠ ᠶᠢ ᠤᠬᠠᠮᠰᠠᠷ ᠠᠴᠠ ᠪᠠᠨ ᠬᠦᠯᠢᠶᠡᠵᠦ᠂ ᠤᠯᠤᠰ ᠲᠦᠷᠦ ᠶᠢᠨ ᠵᠥᠪᠯᠡᠯᠭᠡᠨ ᠤ ᠠᠷᠠᠳᠴᠢᠯᠠᠯ ᠢᠶᠠᠷ ᠬᠢᠨᠠᠯᠲᠠ ᠲᠠᠯᠪᠢᠬᠤ᠂ ᠨᠡᠶᠢᠭᠡᠮ ᠤᠨ ᠡᠯ᠎ᠡ ᠡᠲᠡᠭᠡᠳ ᠤᠨ ᠬᠢᠨᠠᠯᠲᠠ ᠲᠠᠯᠪᠢᠯᠳᠠ ᠶᠢ ᠰᠠᠨᠠᠭᠠᠴᠢᠯᠠᠭ᠎ᠠ ᠠᠴᠠ ᠪᠠᠨ ᠬᠦᠯᠢᠶᠡᠵᠦ᠂ ᠬᠢᠨᠠᠨ ᠪᠣᠳᠣᠯᠲᠠ ᠶᠢᠨ ᠬᠢᠨᠠᠯᠲᠠ ᠲᠠᠯᠪᠢᠯᠳᠠ ᠶᠢ ᠴᠢᠩᠭᠠᠳᠬᠠᠵᠤ᠂ ᠵᠠᠰᠠᠭ ᠤᠨ ᠶᠠᠪᠤᠳᠠᠯ ᠢ ᠢᠯᠡ ᠪᠣᠯᠭᠠᠬᠤ ᠶᠢ ᠭᠦᠨᠵᠡᠭᠡᠢ ᠠᠬᠢᠭᠤᠯᠵᠤ᠂ ᠡᠷᠬᠡ ᠶᠢᠨ ᠠᠵᠢᠯᠯᠠᠭᠠᠨ ᠢ ᠢᠯᠡ ᠪᠣᠯᠭᠠᠨ᠎ᠠ᠃ ᠰᠢᠨᠵᠢᠯᠡᠬᠦ ᠤᠬᠠᠭᠠᠨᠴᠢ᠂ ᠠᠷᠠᠳᠴᠢᠯᠠᠯ᠂ ᠬᠠᠤᠯᠢ ᠶᠣᠰᠣᠭᠠᠷ ᠰᠢᠢᠳᠪᠦᠷᠢᠲᠦ ᠪᠣᠳᠣᠯᠭ᠎ᠠ ᠲᠣᠭᠲᠠᠭᠠᠬᠤ ᠶᠢ ᠪᠠᠷᠢᠮᠲᠠᠯᠠᠵᠤ᠂ ᠬᠠᠤᠯᠢ ᠪᠠᠷ ᠵᠠᠰᠠᠬᠤ ᠰᠡᠳᠬᠢᠬᠦᠢ ᠪᠠ ᠬᠠᠤᠯᠢ ᠪᠠᠷ ᠵᠠᠰᠠᠬᠤ ᠠᠷᠭ᠎ᠠ ᠮᠠᠶ᠋ᠢᠭ ᠢᠶᠠᠷ ᠠᠵᠢᠯ ᠢᠶᠠᠨ ᠠᠬᠢᠭᠤᠯᠵᠤ᠂ ᠠᠰᠠᠭᠤᠳᠠᠯ ᠢ ᠰᠢᠢᠳᠪᠦᠷᠢᠯᠡᠵᠣ᠂ ᠬᠠᠤᠯᠢ ᠪᠠᠷ ᠵᠠᠰᠠᠬᠤ ᠎ ᠶᠢ ᠵᠠᠰᠠᠭ ᠵᠠᠬᠢᠷᠭᠠᠨ ᠤ ᠪᠣᠳᠠᠲᠠᠢ ᠦᠢᠯᠡ ᠠᠵᠢᠯᠯᠠᠭ᠎ᠠ ᠨᠢᠭᠡᠪᠦᠷᠢ ᠳᠤ ᠦᠨᠡᠨ ᠬᠦ ᠨᠡᠪᠴᠢᠭᠦᠯᠵᠦ᠂ ᠵᠠᠰᠠᠭ ᠤᠨ ᠣᠷᠳᠣᠨ ᠤ ᠠᠵᠢᠯᠲᠠᠨ ᠨᠢᠭᠡᠪᠦᠷᠢ ᠶᠢᠨ ᠤᠬᠠᠮᠰᠠᠷᠲᠤ ᠳᠠᠳᠬᠠᠯ ᠪᠠ ᠰᠠᠨᠠᠭᠠᠴᠢᠯᠠᠭᠠᠲᠤ ᠬᠥᠭᠡᠭᠡᠴᠡᠯᠳᠦᠯ ᠪᠣᠯᠭᠠᠨ᠎ᠠ᠃   ︵ᠭᠤᠷᠪᠠ︶ ᠠᠷᠠᠳ ᠲᠦᠮᠡᠨ ᠳᠤ ᠦᠢᠯᠡᠴᠢᠯᠡᠬᠦ ᠪᠠᠷ ᠦᠨᠳᠦᠰᠦᠨ ᠵᠣᠭᠰᠣᠯᠲᠠ ᠪᠠᠨ ᠪᠣᠯᠭᠠᠨ᠎ᠠ᠃ ︽ᠳᠡᠯᠡᠬᠡᠢ ᠳᠡᠭᠡᠷᠡᠬᠢ ᠬᠠᠮᠤᠭ ᠤᠨ ᠶᠡᠭᠡ ᠵᠣᠯ ᠵᠢᠷᠭᠠᠯ ᠪᠣᠯ ᠠᠷᠠᠳ ᠲᠦᠮᠡᠨ ᠤ ᠵᠣᠯ ᠵᠢᠷᠭᠠᠯ ᠤᠨ ᠲᠥᠯᠥᠭᠡ ᠲᠡᠮᠡᠴᠡᠬᠦ ᠶᠠᠪᠤᠳᠠᠯ ᠪᠤᠯᠤᠨ᠎ᠠ︾᠂ ᠠᠷᠠᠳ ᠤᠨ ᠰᠠᠨᠠᠭᠠᠰᠢᠷᠠᠯ ᠢ ᠪᠣᠳᠣᠯᠬᠢᠯᠠᠵᠤ᠂ ᠠᠷᠠᠳ ᠤᠨ ᠬᠦᠰᠡᠯ ᠡᠷᠡᠮᠡᠯᠵᠡᠯ ᠢ ᠭᠦᠢᠴᠡᠳᠬᠡᠵᠦ᠂ ᠤᠯᠠᠨ ᠲᠦᠮᠡᠨ ᠤ ᠵᠢᠵᠢᠭ ᠶᠠᠪᠤᠳᠠᠯ ᠢ ᠶᠡᠭᠡ ᠶᠠᠪᠤᠳᠠᠯ ᠪᠣᠯᠭᠠᠵᠤ᠂ ᠤᠯᠠᠨ ᠲᠦᠮᠡᠨ ᠤ ᠪᠠᠴᠢᠮ ᠶᠠᠪᠤᠳᠠᠯ ᠬᠦᠴᠢᠷ ᠶᠠᠪᠤᠳᠠᠯ ᠢ ᠴᠢᠬᠤᠯᠠ ᠶᠠᠪᠤᠳᠠᠯ ᠪᠣᠯᠭᠠᠵᠤ᠂ ︽ᠪᠢ ᠤᠯᠠᠨ ᠲᠦᠮᠡᠨ ᠳᠤ ᠪᠣᠳᠠᠲᠠᠢ ᠶᠠᠪᠤᠳᠠᠯ ᠬᠢᠵᠦ ᠥᠭᠬᠦ︾᠎ ᠶᠢ ᠦᠷᠭᠦᠯᠵᠢᠯᠡᠨ ᠠᠬᠢᠭᠤᠯᠤᠨ᠎ᠠ᠃ ᠤᠳᠤᠷᠢᠳᠬᠤ ᠺᠠᠳ᠋ᠷᠴᠤᠳ ᠤᠨ ᠰᠣᠷᠪᠤᠯᠵᠢᠯᠠᠭ᠎ᠠ ᠶᠢ ᠭᠥᠯᠢᠶᠡᠨ ᠠᠪᠬᠤ᠂ ᠤᠳᠠᠰᠤ ᠲᠤᠰᠬᠤ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ︽ᠭᠤᠷᠪᠠᠨ ᠠᠷᠠᠳ︾᠎ ᠤᠨ ᠠᠵᠢᠯᠯᠠᠭ᠎ᠠ ᠶᠢ ᠭᠦᠨᠵᠡᠭᠡᠶᠢᠷᠡᠭᠦᠯᠦᠨ᠂ ᠤᠯᠠᠨ ᠲᠦᠮᠡᠨ ᠤ ᠬᠦᠰᠡᠯ ᠱᠠᠭᠠᠷᠳᠠᠯᠭ᠎ᠠ ᠶᠢ ᠰᠣᠨᠣᠰᠴᠤ᠂ ᠤᠯᠠᠨ ᠲᠦᠮᠡᠨ ᠤ ᠠᠰᠠᠭᠤᠳᠠᠯ ᠢ ᠦᠨᠡᠨ ᠪᠣᠳᠠᠲᠠᠢ ᠪᠠᠷ ᠰᠢᠢᠳᠪᠦᠷᠢᠯᠡᠨ᠎ᠡ᠃ ᠦᠨᠳᠦᠰᠦᠨ ᠱᠠᠲᠤ ᠪᠠ ᠤᠯᠠᠨ ᠲᠦᠮᠡᠨ ᠤ ᠡᠭᠦᠳᠦᠨ ᠪᠦᠲᠦᠭᠡᠬᠦ ᠵᠣᠷᠢᠭ ᠰᠠᠨᠠᠭ᠎ᠠ ᠶᠢ ᠬᠦᠨᠳᠦᠳᠬᠡᠵᠦ᠂ ᠬᠠᠮᠲᠤ ᠪᠠᠷ ᠠᠵᠢᠯᠯᠠᠬᠤ ᠨᠡᠶᠢᠯᠡᠮᠡᠯ ᠬᠦᠴᠦᠨ ᠢ ᠪᠦᠷᠢᠯᠳᠦᠭᠦᠯᠦᠨ᠎ᠡ     ︵ᠳᠥᠷᠪᠡ︶ ᠦᠨᠡᠨ ᠬᠦ ᠠᠳᠬᠤᠵᠤ ᠪᠣᠳᠠᠲᠠᠢ ᠬᠢᠬᠦ ᠶᠢ ᠢᠯᠡ ᠲᠣᠳᠣ ᠲᠡᠪᠢᠰᠬᠡᠷ ᠥᠩᠭᠡ ᠪᠤᠯᠭᠠᠨ᠎ᠠ᠃ ᠤᠴᠢᠷ ᠶᠠᠪᠤᠳᠠᠯ ᠠᠴᠠ ᠵᠠᠶᠢᠯᠠᠬᠤ ᠦᠭᠡᠢ᠂ ᠬᠠᠷᠢᠭᠤᠴᠠᠯᠭ᠎ᠠ ᠠᠴᠠ ᠵᠠᠶᠢᠯᠠᠬᠤ ᠦᠭᠡᠢ᠂ ᠲᠡᠮᠡᠴᠡᠯ ᠤᠨ ᠵᠤᠷᠢᠭ ᠵᠤᠷᠢᠭ᠎ᠠ ᠶᠢ ᠡᠷᠴᠢᠮᠵᠢᠭᠦᠯᠵᠣ᠂ ᠬᠡᠯᠪᠡᠷᠢ ᠶᠢᠨ ᠦᠵᠡᠯ᠂ ᠨᠣᠶᠠᠨᠴᠢ ᠰᠤᠷᠲᠠᠯ ᠢ ᠡᠷᠡᠰ ᠡᠰᠡᠷᠭᠦᠴᠡᠵᠦ ᠂ ︽ᠬᠡᠯᠡᠭᠰᠡᠨ ᠢ ᠬᠢᠭᠰᠡᠨ ᠢᠶᠠᠷ ᠪᠣᠳᠤᠬᠤ᠂ ᠬᠢᠭᠰᠡᠨ ᠢ ᠪᠦᠲᠦᠬᠡᠬᠦ ᠪᠠᠷ ᠪᠤᠳᠤᠬᠤ︾᠎ ᠶᠢ ᠡᠷᠡᠰ ᠲᠡᠪᠴᠢᠵᠣ᠂ ︽ᠳᠠᠷᠤᠢ ᠳᠤᠨᠢ ᠬᠢᠵᠦ᠂ ᠦᠨᠡᠨ ᠬᠦ ᠠᠳᠬᠤᠵᠤ ᠪᠣᠳᠠᠲᠠᠢ ᠬᠢᠬᠦ︾ ᠠᠵᠢᠯ ᠤᠨ ᠰᠤᠷᠲᠠᠯ ᠢ ᠶᠡᠬᠡᠪᠡᠷ ᠪᠠᠳᠠᠷᠠᠭᠤᠯᠤᠨ᠎ᠠ᠃ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ᠂ ᠬᠠᠷᠠᠯᠲᠠ ᠪᠠᠷ ᠤᠳᠤᠷᠢᠳᠤᠮᠵᠢ ᠪᠣᠯᠭᠠᠬᠤ᠂ ᠦᠷ᠎ᠡ ᠳ᠋ᠦᠩ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠢᠨᠵᠧᠨᠧᠷᠢᠩ ᠤᠨ ᠰᠡᠳᠬᠢᠬᠦᠢ ᠶᠢ ᠴᠢᠩᠭᠠᠳᠬᠠᠵᠤ᠂ ᠠᠵᠢᠯ ᠢ ᠲᠦᠷᠦᠯ ᠵᠦᠢᠯᠴᠢᠯᠡᠬᠦ᠂ ᠨᠠᠷᠢᠨ ᠳᠠᠩᠰᠠᠴᠢᠯᠠᠬᠤ᠂ ᠬᠠᠷᠢᠭᠤᠴᠠᠯᠭ᠎ᠠ ᠲᠠᠢ ᠪᠣᠯᠭᠠᠬᠤ ᠶᠢ ᠠᠬᠢᠭᠤᠯᠵᠤ᠂ ᠨᠠᠶᠢᠳᠠᠪᠤᠷᠢᠵᠢᠭᠤᠯᠤᠯᠲᠠ ᠶᠢ ᠠᠳᠬᠤᠬᠤ ︽ᠡᠴᠦᠰ ᠤᠨ ᠨᠢᠭᠡ ᠠᠯᠬᠤᠮ︾᠎ ᠢ ᠰᠠᠶᠢᠳᠤᠷ ᠠᠯᠬᠤᠨ᠎ᠠ᠃ ᠬᠢᠴᠢᠶᠡᠯ ᠨᠥᠬᠦᠵᠦ ᠴᠠᠬᠢᠯᠭᠠᠨ ᠴᠡᠨᠡᠭᠯᠡᠨ ᠡᠨᠧᠷᠬᠢ ᠤᠯᠬᠤ ᠶᠢ ᠴᠢᠩᠭᠠᠳᠬᠠᠵᠤ᠂ ᠪᠦᠲᠦᠭᠡᠯᠴᠢ ᠴᠢᠨᠠᠷᠲᠠᠢ ᠪᠠᠷ ᠨᠠᠶᠢᠳᠠᠪᠤᠷᠢᠵᠢᠭᠤᠯᠤᠯᠲᠠ ᠶᠢ ᠠᠳᠬᠤᠬᠤ ᠴᠢᠳᠠᠪᠤᠷᠢ ᠪᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ ᠴᠠᠭᠠᠷᠠᠭᠰᠠᠨ ᠴᠢᠳᠠᠪᠤᠷᠢ ᠪᠠᠷ ᠢᠶᠠᠨ ᠲᠡᠷᠢᠭᠦᠨ ᠲᠣᠬᠢᠶᠠᠯ ᠢ ᠪᠣᠶ ᠪᠣᠯᠭᠠᠵᠤ᠂ ᠰᠢᠨ᠎ᠡ ᠪᠠᠶᠢᠳᠠᠯ ᠢ ᠨᠡᠭᠡᠭᠡᠨ᠎ᠡ᠃   ︵ᠲᠠᠪᠤ︶ ᠠᠷᠢᠭᠤᠨ ᠴᠢᠬᠡᠴᠢ ᠶᠢ ᠮᠥᠩᠬᠡ ᠶᠢᠨ ᠵᠢᠷᠤᠮᠯᠠᠯ ᠪᠣᠯᠭᠠᠨ᠎ᠠ᠃ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠱᠠᠭᠠᠷᠳᠠᠯᠭ᠎ᠠ ᠶᠢ ᠭᠦᠨᠵᠡᠭᠡᠢ ᠲᠤᠤᠱᠯᠠᠭᠤᠯᠵᠤ᠂ ᠨᠠᠮ ᠤᠨ ᠰᠤᠷᠲᠠᠯ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢᠨ ︽ᠨᠢᠭᠡ ᠠᠵᠢᠯ ᠤᠨ ᠪᠠᠶᠢᠷᠢ ᠳᠤ ᠬᠤᠶᠠᠷ ᠬᠠᠷᠢᠭᠤᠴᠠᠯᠭ᠎ᠠ ᠎ ᠲᠠᠢ ᠪᠠᠶᠢᠬᠤ︾᠎ ᠶᠢ ᠨᠠᠷᠢᠨ ᠬᠢᠨᠠᠮᠠᠭᠠᠢ ᠭᠦᠢᠴᠡᠳᠬᠡᠵᠦ᠂ ᠠᠷᠢᠭᠤᠨ ᠴᠢᠬᠡᠴᠢ ᠪᠠᠷ ᠵᠠᠰᠠᠭ ᠪᠠᠷᠢᠬᠤ ᠬᠤᠷᠢᠭ᠎ᠠ ᠱᠤᠭᠤᠮ ᠢ ᠰᠠᠶᠢᠲᠤᠷ ᠰᠠᠬᠢᠵᠤ᠂ ᠠᠷᠢᠭᠤᠨ ᠴᠢᠬᠡᠴᠢ ᠵᠠᠰᠠᠭ ᠤᠨ ᠣᠷᠳᠣᠨ ᠢ ᠪᠠᠶᠢᠭᠤᠯᠤᠨ᠎ᠠ᠃ ᠢᠳᠡᠬᠡᠯ ᠲᠠᠢ ᠪᠠᠶᠢᠵᠣ ᠠᠮᠠᠯᠠᠯᠲᠠ ᠪᠠᠨ ᠪᠡᠶᠡᠯᠡᠭᠦᠯᠬᠦ ᠲᠣᠭᠲᠠᠴᠠ ᠶᠢ ᠪᠦᠷᠢᠨᠰᠢᠭᠦᠯᠵᠦ᠂ ᠬᠡᠯᠡᠪᠡᠯ ᠢᠳᠡᠬᠡᠯ ᠲᠠᠢ᠂ ᠬᠢᠪᠡᠯ ᠦᠷ᠎ᠡ ᠳ᠋ᠦᠩ ᠲᠠᠢ ᠪᠠᠶᠢᠵᠣ᠂ ︽ᠰᠢᠨ᠎ᠡ ᠨᠣᠶᠠᠨ ᠬᠠᠭᠤᠴᠢᠨ ᠲᠠᠩᠰᠠ ᠶᠢ ᠬᠠᠮᠢᠶᠠᠷᠬᠤ ᠦᠭᠡᠢ︾ ᠪᠠᠶᠢᠵᠤ ᠤᠭᠳᠤ ᠪᠣᠯᠬᠤ ᠦᠭᠡᠢ᠃ ᠠᠷᠪᠢᠯᠠᠨ ᠭᠠᠮᠨᠠᠵᠤ ᠠᠮᠢᠳᠤᠷᠠᠬᠤ ᠱᠠᠭᠠᠷᠳᠠᠯᠭ᠎ᠠ ᠶᠢ ᠰᠠᠶᠢᠲᠤᠷ ᠨᠠᠶᠢᠳᠠᠪᠤᠷᠢᠵᠢᠭᠤᠯᠤᠨ᠂ ᠡᠳ᠋ ᠤᠨ ᠵᠠᠰᠠᠭ ᠤᠨ ᠪᠡᠯᠡ ᠮᠥᠩᠭᠦ ᠶᠢᠨ ᠠᠮᠵᠢᠯᠲᠠ ᠪᠦᠲᠦᠮᠵᠢ ᠶᠢ ᠦᠨᠡᠯᠡᠨ ᠵᠢᠱᠢᠬᠦ ᠶᠢ ᠴᠢᠩᠭᠠᠳᠬᠠᠵᠤ᠂ ︽ᠭᠤᠷᠪᠠᠨ ᠵᠦᠢᠯ ᠤᠨ ᠠᠯᠪᠠᠨ ᠤ ᠵᠠᠷᠤᠳᠠᠯ︾᠎ ᠢ ᠪᠠᠭᠠᠰᠬᠠᠨ᠂ ᠡᠩ ᠤᠨ ᠴᠢᠨᠠᠷᠲᠠᠢ ᠵᠠᠷᠤᠯᠭ᠎ᠠ ᠶᠢ ᠴᠢᠩᠭ᠎ᠠ ᠬᠢᠵᠠᠭᠠᠷᠯᠠᠵᠤ᠂ ᠭᠤᠣᠯᠳᠠᠯᠭ᠎ᠠ ᠲᠠᠢ ᠵᠠᠷᠤᠯᠭ᠎ᠠ ᠶᠢ ᠪᠠᠲᠤᠯᠠᠵᠤ᠂ ᠵᠣᠭᠤᠰ ᠨᠢᠭᠡᠪᠦᠷᠢ ᠶᠢ ᠴᠥᠮ ᠵᠠᠩᠭᠢᠯᠠᠭ᠎ᠠ ᠶᠢᠨ ᠭᠠᠵᠠᠷ ᠲᠤᠨᠢ ᠬᠡᠷᠡᠭᠯᠡᠨ᠎ᠡ᠃ ᠪᠡᠶ᠎ᠡ ᠳᠡᠭᠡᠨ ᠬᠤᠪᠢᠰᠬᠠᠯ ᠬᠢᠬᠦ ᠵᠤᠷᠢᠭ ᠰᠠᠨᠠᠭ᠎ᠠ ᠶᠢ ᠶᠡᠬᠡᠪᠡᠷ ᠪᠠᠳᠠᠷᠠᠭᠤᠯᠵᠤ᠂ ᠲᠥᠪ ᠤᠨ ᠨᠠᠢᠮᠠᠨ ᠲᠣᠭᠲᠠᠭᠠᠯ ᠵᠢᠴᠢ ᠬᠡᠷᠡᠭᠵᠢᠭᠦᠯᠬᠦ ᠨᠠᠷᠢᠨ ᠳᠦᠷᠢᠮ ᠤᠨ ᠵᠣᠷᠢᠭ ᠰᠠᠨᠠᠭ᠎ᠠ ᠶᠢ ᠴᠥᠬᠦᠷᠡᠯ ᠦᠭᠡᠢ ᠨᠠᠶᠢᠳᠠᠪᠤᠷᠢᠵᠢᠭᠤᠯᠵᠤ᠂ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠠᠷᠠᠳ ᠤᠨ ᠲᠥᠯᠥᠭᠡ ᠵᠢᠳᠬᠦᠬᠦ᠂ ᠪᠣᠳᠠᠲᠠᠢ ᠶᠢ ᠡᠷᠬᠢᠮᠯᠡᠬᠦ᠂ ᠠᠷᠢᠭᠤᠨ ᠴᠢᠬᠡᠴᠢ ᠪᠠᠶᠢᠬᠤ ᠤᠯᠤᠰ ᠲᠦᠷᠦ ᠶᠢᠨ ᠮᠦᠨ ᠴᠢᠨᠠᠷ ᠢᠶᠠᠨ ᠡᠭᠦᠷᠢᠳᠡ ᠬᠠᠳᠠᠭᠠᠯᠠᠨ᠎ᠠ᠃    ᠲᠥᠯᠥᠭᠡᠯᠡᠭᠴᠢᠳ ᠠ᠋︕ ᠵᠠᠭᠤᠨ ᠵᠢᠯ ᠤᠨ ᠲᠡᠦᠬᠡ ᠶᠢᠨ ᠠᠮᠵᠢᠯᠲᠠ ᠪᠦᠲᠦᠮᠵᠢ ᠭᠡᠷᠡᠯ ᠰᠠᠴᠤᠷᠠᠩᠭᠤᠢ ᠪᠠᠶᠢᠵᠤ᠂ ᠰᠢᠨ᠎ᠡ ᠠᠶᠠᠨ ᠨᠢᠭᠡᠨᠲᠡ ᠡᠬᠢᠯᠡᠯ᠎ᠡ᠂ ᠪᠢᠳᠡ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠡᠩ ᠨᠢᠭᠲᠠᠷᠠᠨ ᠪᠦᠯᠬᠦᠮᠳᠡᠵᠦ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠣᠯᠣᠨ ᠬᠤᠳᠠ ᠶᠢᠨ ᠨᠠᠮ ᠤᠨ ᠬᠤᠷᠢᠶ᠎ᠠ ᠶᠢᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠭᠠᠷ ᠬᠤᠯᠪᠣᠨ ᠬᠠᠮᠳᠤ ᠪᠠᠷ ᠢᠷᠡᠭᠡᠳᠦᠢ ᠵᠦᠭ ᠤᠷᠤᠭᠰᠢᠯᠠᠵᠤ᠂ ᠰᠢᠯᠢᠳᠡᠭ ᠠᠮᠵᠢᠯᠲᠠ ᠪᠠᠷ ᠢᠶᠠᠨ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠪᠠᠷ ᠬᠤᠷᠠᠯᠳᠤᠬᠤ ᠶᠢ ᠤᠭᠲᠤᠵᠤ᠂ ᠦᠵᠡᠰᠬᠦᠯᠡᠩᠲᠦ ᠰᠠᠶᠢᠬᠠᠨ ᠥᠪᠥᠷ ᠮᠣᠩᠭᠤᠯ ᠢᠶᠠᠨ ᠪᠦᠲᠦᠭᠡᠨ ᠪᠠᠶᠢᠭᠤᠯᠵᠤ᠂ ᠠᠭᠤᠤ ᠶᠡᠭᠡ ᠳᠤᠮᠳᠠᠳᠤ ᠶᠢᠨ ᠵᠡᠭᠦᠳᠦ ᠪᠠᠨ ᠬᠠᠮᠳᠤ ᠪᠠᠷ ᠲᠡᠷᠭᠡᠯᠰᠢᠭᠦᠯᠬᠦ ᠳᠤ ᠨᠡᠩ ᠶᠡᠭᠡ ᠰᠢᠨ᠎ᠡ ᠬᠤᠪᠢ ᠨᠡᠮᠡᠷᠢ ᠦᠵᠡᠭᠦᠯᠦᠶ᠎ᠡ︕   ᠨᠡᠷ᠎ᠡ ᠦᠬᠡᠰ ᠤᠨ ᠲᠠᠶᠢᠯᠪᠤᠷᠢ   18 ᠭᠤᠣᠯᠳᠠᠯᠭ᠎ᠠ ᠲᠠᠢ ᠠᠵᠤ ᠦᠢᠯᠡᠰ ᠤᠨ ᠬᠡᠯᠬᠢᠶ᠎ᠡ᠄ ᠰᠢᠨ᠎ᠡ ᠡᠨᠧᠷᠭᠢ ᠶᠢᠨ ᠬᠦᠨᠳᠦ ᠬᠡᠯᠪᠡᠷᠢ ᠶᠢᠨ ᠠᠴᠢᠶᠠᠨ ᠤ ᠮᠠᠰᠢᠨ ᠲᠡᠷᠬᠡ ᠶᠢᠨ ᠠᠵᠤ ᠦᠢᠯᠡᠰ ᠤᠨ ᠬᠡᠯᠬᠢᠶ᠎ᠡ᠂ ᠨᠣᠭᠤᠭᠠᠨ ᠤᠰᠤᠲᠥ᠋ᠷᠥᠭᠴᠢ ᠶᠢᠨ ᠠᠵᠤ ᠦᠢᠯᠡᠰ ᠤᠨ ᠬᠡᠯᠬᠢᠶ᠎ᠡ᠂ ᠰᠠᠯᠬᠢᠨ ᠡᠨᠧᠷᠬᠢ ᠬᠡᠷᠡᠯ ᠴᠡᠨᠡᠭ ᠤᠨ ᠠᠵᠤ ᠦᠢᠯᠡᠰ ᠤᠨ ᠬᠡᠯᠬᠢᠶ᠎ᠡ᠂ ᠡᠨᠧᠷᠭᠢ ᠬᠠᠳᠠᠭᠠᠯᠠᠬᠤ ᠠᠵᠤ ᠦᠢᠯᠡᠰ ᠤᠨ ᠬᠡᠯᠬᠢᠶ᠎ᠡ᠂ ᠬᠢᠮᠢ ᠶᠢᠨ ᠠᠵᠤ ᠦᠢᠯᠡᠳᠪᠦᠷᠢ ᠶᠢᠨ ᠠᠵᠤ ᠦᠢᠯᠡᠰ ᠤᠨ ᠬᠡᠯᠬᠢᠶ᠎ᠡ᠂ ᠾᠯᠣᠷ ᠱᠦᠯᠲᠦ ᠶᠢᠨ ᠬᠢᠮᠢ ᠶᠢᠨ ᠠᠵᠤ ᠦᠢᠯᠡᠳᠪᠦᠷᠢ ᠶᠢᠨ ᠠᠵᠤ ᠣᠶᠢᠯᠡᠰ ᠤᠨ ᠬᠡᠯᠬᠢᠶ᠎ᠡ᠂ ᠬᠡᠣᠷᠰᠢᠮᠠᠯ ᠤᠨ ᠳᠣᠣᠷᠠᠳᠤ ᠤᠷᠤᠰᠬᠠᠯ ᠤᠨ ᠠᠵᠤ ᠦᠢᠯᠡᠰ ᠤᠨ ᠬᠡᠯᠬᠢᠶ᠎ᠡ᠂ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠶᠡᠷᠦᠩᠬᠡᠶᠢᠯᠡᠨ ᠠᠰᠢᠭᠯᠠᠬᠤ ᠵᠢᠴᠢ ᠰᠢᠨ᠎ᠡ ᠮᠠᠲ᠋ᠧᠷᠢᠶᠠᠯ ᠤᠨ ᠠᠵᠤ ᠦᠢᠯᠡᠰ ᠤᠨ ᠬᠡᠯᠬᠢᠶ᠎ᠡ᠂ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠪᠠ ᠬᠥᠮᠥᠵᠢᠭᠦᠯᠬᠦ ᠠᠵᠤ ᠦᠢᠯᠡᠰ ᠤᠨ ᠬᠡᠯᠬᠢᠶ᠎ᠡ᠂ ᠰᠢᠨᠵᠢᠯᠡᠬᠦ ᠤᠬᠠᠭᠠᠨ ᠮᠡᠷᠭᠡᠵᠢᠯ ᠢᠶᠠᠷ ᠴᠢᠳᠠᠪᠦᠷᠢ ᠣᠯᠭᠤᠬᠤ ᠠᠵᠤ ᠦᠢᠯᠡᠰ ᠤᠨ ᠬᠡᠯᠬᠢᠶ᠎ᠡ᠂ ᠲᠣᠭᠠᠴᠢᠯᠠᠭᠰᠠᠨ ᠠᠵᠤ ᠦᠢᠯᠡᠰ ᠤᠨ ᠬᠡᠯᠬᠢᠶ᠎ᠡ᠂ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠬᠡᠯᠬᠢᠶ᠎ᠡ᠂ ᠠᠭᠠᠷ ᠤᠨ ᠠᠶᠠᠯᠠᠯ ᠤᠨ ᠠᠵᠤ ᠦᠢᠯᠡᠰ ᠤᠨ ᠬᠡᠯᠬᠢᠶ᠎ᠡ᠂ ᠮᠥᠩᠭᠦᠨ ᠭᠦᠢᠯᠭᠡᠭᠡᠨ ᠤ ᠦᠢᠯᠡᠴᠢᠯᠡᠭᠡᠨ ᠤ ᠠᠵᠤ ᠦᠢᠯᠡᠰ ᠤᠨ ᠬᠡᠯᠬᠢᠶ᠎ᠡ᠂ ᠠᠷᠠᠯᠵᠢᠶ᠎ᠠ ᠬᠤᠳᠠᠯᠳᠤᠭᠠᠨ ᠤ ᠦᠢᠯᠡᠴᠢᠯᠡᠭᠡ ᠪᠠ ᠣᠲᠣ ᠦᠶ᠎ᠡ ᠶᠢᠨ ᠪᠠᠷᠠᠭᠠᠨ ᠤ ᠭᠦᠢᠯᠭᠡᠭᠡᠨ ᠤ ᠠᠵᠤ ᠦᠢᠯᠡᠰ ᠤᠨ ᠬᠡᠯᠬᠢᠶ᠎ᠡ᠂ ᠠᠮᠢᠳᠤ ᠪᠣᠳᠠᠰ ᠡᠮ ᠡᠮᠨᠡᠯᠭᠡ ᠵᠢᠴᠢ ᠡᠷᠡᠭᠦᠯ ᠮᠡᠨᠳᠦ ᠶᠢᠨ ᠠᠵᠤ ᠦᠢᠯᠡᠰ ᠤᠨ ᠬᠡᠯᠬᠢᠶ᠎ᠡ᠂ ᠬᠥᠩᠭᠡᠨ ᠠᠵᠣ ᠣᠶᠢᠯᠡᠳᠪᠦᠷᠢ ᠶᠢᠨ ᠨᠡᠬᠡᠮᠡᠯ ᠤᠨ ᠠᠵᠤ ᠦᠢᠯᠡᠰ ᠤᠨ ᠬᠡᠯᠬᠢᠶ᠎ᠡ᠂ ᠪᠣᠬᠢᠷᠳᠤᠯ ᠦᠭᠡᠢ ᠲᠠᠷᠢᠶᠠᠯᠠᠩ ᠤᠨ ᠪᠦᠲᠦᠭᠡᠭᠳᠡᠭᠦᠨ ᠮᠠᠯ ᠤᠨ ᠠᠰᠢᠭ ᠰᠢᠮ᠎ᠡ ᠶᠢ ᠨᠠᠷᠢᠯᠢᠭ ᠡᠳ᠋ᠰᠢᠭᠦᠯᠬᠦ ᠠᠵᠤ ᠦᠢᠯᠡᠰ ᠤᠨ ᠬᠡᠯᠬᠢᠶ᠎ᠡ   ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠲᠥᠷᠥ ᠶᠢᠨ ᠪᠣᠳᠣᠯᠭ᠎ᠠ 30 ᠵᠤᠷᠪᠤᠰ᠄ 2021 ᠣᠨ ᠤ 5 ᠰᠠᠷ᠎ᠠ ᠶᠢᠨ 19᠎ ᠤ ᠡᠳᠦᠷ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠠᠴᠠ ︽ᠣᠷᠳᠣᠰ ᠬᠤᠲᠠ ᠶᠢᠨ ︿ᠰᠢᠨᠵᠢᠯᠡᠬᠦ ᠤᠬᠠᠭᠠᠨ ᠮᠡᠷᠭᠡᠵᠢᠯ ᠢᠶᠠᠷ ᠦᠪᠦᠷ ᠮᠣᠩᠭᠤᠯ ᠢᠶᠠᠨ ᠮᠠᠨᠳᠤᠭᠤᠯᠬᠤ﹀ ᠠᠵᠢᠯᠯᠠᠭ᠎ᠠ ᠶᠢ ᠭᠦᠨᠵᠡᠭᠡᠢ ᠨᠠᠶᠢᠳᠠᠪᠤᠷᠢᠵᠢᠭᠤᠯᠵᠤ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠪᠠᠷ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠵᠢᠭᠦᠯᠬᠦ ᠲᠥᠰᠥᠯ︾᠎ ᠢ ᠳᠠᠷᠤᠮᠠᠯᠯᠠᠨ ᠲᠠᠷᠬᠠᠭᠠᠪᠠ᠂ ᠡᠨᠡ ᠪᠣᠯ ᠪᠥᠬᠦ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠦᠷᠢᠶᠡᠨ ᠳᠠᠬᠢ ᠰᠢᠰᠲ᠋ᠧᠮᠲᠦ ᠴᠢᠨᠠᠷ ᠢᠶᠠᠷ ᠬᠠᠮᠤᠭ ᠤᠨ ᠪᠦᠷᠢᠨ ᠪᠦᠲᠦᠨ᠂ ᠬᠠᠨᠳᠤᠯᠭᠠᠲᠤ ᠴᠢᠨᠠᠷ ᠢᠶᠠᠷ ᠬᠠᠮᠤᠭ ᠤᠨ ᠴᠢᠩᠭ᠎ᠠ᠂ ᠰᠢᠨ᠎ᠡ ᠶᠢ ᠡᠭᠦᠳᠬᠦ ᠡᠷᠴᠢᠮ ᠢᠶᠠᠷ ᠬᠠᠮᠤᠭ ᠤᠨ ᠶᠡᠭᠡ᠂ ᠦᠨ᠎ᠡ ᠦᠷᠳᠡᠭ ᠢᠶᠠᠷ ᠬᠠᠮᠤᠭ ᠤᠨ ᠥᠨᠳᠥᠷ ᠲᠥᠷᠥ ᠶᠢᠨ ᠪᠣᠳᠣᠯᠭ᠎ᠠ ᠶᠢᠨ ᠪᠢᠴᠢᠭ ᠮᠠᠲ᠋ᠧᠷᠢᠶᠠᠯ ᠪᠣᠯᠣᠨ᠎ᠠ᠃   ︽ᠰᠢᠨ᠎ᠡ ᠶᠢ ᠡᠭᠦᠳᠦᠭᠰᠡᠨ ᠦᠷ᠎ᠡ ᠪᠦᠲᠦᠬᠡᠯ ᠢ ᠴᠤᠭᠯᠠᠭᠤᠯᠬᠤ︾ ᠲᠣᠭᠲᠠᠴᠠ᠄ ᠨᠢᠭᠡ ᠵᠦᠢᠯ ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠦᠷ᠎ᠡ ᠪᠦᠲᠦᠭᠡᠯ ᠢᠶᠠᠷ ᠪᠡᠯᠡᠨ ᠵᠣᠭᠤᠰ ᠪᠣᠯᠭᠠᠬᠤ ᠰᠢᠨᠵᠢᠯᠡᠬᠦ ᠤᠬᠠᠭᠠᠨ ᠤ ᠰᠤᠳᠤᠯᠭᠠᠨ ᠤ ᠵᠠᠷᠤᠳᠠᠯ ᠤᠨ ᠣᠷᠣᠭᠤᠯᠤᠯᠲᠠ ᠶᠢᠨ ᠪᠠᠶᠢᠭᠤᠯᠤᠯ᠂ ᠵᠠᠰᠠᠭ ᠤᠨ ᠣᠷᠳᠣᠨ ᠤ ᠵᠣᠬᠢᠶᠠᠨ ᠪᠠᠶᠢᠭᠤᠯᠤᠯᠲᠠ ᠠᠴᠠ ᠪᠥᠬᠦ ᠨᠡᠶᠢᠭᠡᠮ ᠳᠤ ᠬᠠᠨᠳᠤᠭᠤᠯᠤᠨ ᠨᠡᠭᠡᠭᠡᠯᠲᠡ ᠲᠠᠢ ᠪᠠᠷ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠦᠭᠰᠡᠨ ᠦᠷ᠎ᠡ ᠪᠦᠲᠦᠭᠡᠯ ᠢ ᠴᠤᠭᠯᠠᠭᠤᠯᠬᠤ ᠨᠢᠭᠡ ᠵᠦᠢᠯ ᠤᠨ ᠦᠶᠡᠯᠡᠯ ᠤᠨ ᠪᠤᠰᠤ ᠴᠢᠨᠠᠷᠲᠠᠢ ᠰᠢᠨᠵᠢᠯᠡᠬᠦ ᠤᠬᠠᠭᠠᠨ ᠤ ᠰᠤᠳᠤᠯᠭᠠᠨ ᠤ ᠲᠤᠰᠠᠯᠠᠮᠵᠢ ᠶᠢᠨ ᠲᠣᠬᠢᠷᠠᠭᠤᠯᠤᠯᠲᠠ ᠪᠣᠯᠣᠨ᠎ᠠ    ︽ᠭᠤᠷᠪᠠ ᠶᠢ ᠦᠭᠡᠶᠢᠰᠬᠡᠬᠦ︾ ᠠᠵᠢᠯᠯᠠᠭ᠎ᠠ᠄ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠳᠤ ᠰᠤᠳᠤᠯᠤᠨ ᠨᠡᠭᠡᠭᠡᠬᠦ ᠣᠷᠣᠭᠤᠯᠤᠯᠲᠠ ᠦᠭᠡᠢ᠂ ᠰᠤᠳᠤᠯᠤᠨ ᠨᠡᠭᠡᠭᠡᠬᠦ ᠪᠠᠶᠢᠭᠤᠯᠤᠮᠵᠢ ᠦᠭᠡᠢ᠂ ᠡᠭᠦᠳᠦᠯᠲᠡ ᠶᠢᠨ ᠲᠤᠰᠬᠠᠢ ᠠᠰᠢᠭ ᠪᠠᠶᠢᠬᠤ ᠶᠢ ︽ᠦᠭᠡᠶᠢᠰᠬᠡᠬᠦ︾᠎ ᠶᠢ ᠪᠡᠶᠡᠯᠡᠭᠦᠯᠦᠨ᠎ᠡ᠃     ᠴᠢᠳᠠᠪᠤᠷᠢᠲᠠᠨ ᠤ ᠰᠢᠨ᠎ᠡ ᠲᠥᠷᠥ ᠶᠢᠨ ᠪᠣᠳᠣᠯᠭ᠎ᠠ 30 ᠵᠤᠷᠪᠤᠰ᠄ 2021 ᠣᠨ ᠤ 9 ᠰᠠᠷ᠎ᠠ ᠶᠢᠨ 8᠎ ᠤ ᠡᠳᠦᠷ᠂ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠠᠴᠠ ︽ᠣᠷᠳᠣᠰ ᠬᠤᠲᠠ ᠶᠢᠨ ᠰᠢᠨ᠎ᠡ ᠴᠠᠭ ᠦᠶ᠎ᠡ ᠶᠢᠨ ᠴᠢᠳᠠᠪᠤᠷᠢᠲᠠᠨ ᠤ ᠠᠵᠢᠯ ᠢ ᠴᠢᠩᠭᠠᠳᠬᠠᠵᠤ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠲᠤᠬᠠᠢ ᠲᠥᠷᠥ ᠶᠢᠨ ᠪᠣᠳᠣᠯᠭ᠎ᠠ ᠨᠤᠭᠤᠳ︾᠎ ᠢ ᠳᠠᠷᠤᠮᠠᠯᠯᠠᠨ ᠲᠠᠷᠬᠠᠭᠠᠪᠠ᠂ ᠡᠨᠡ ᠪᠣᠯ ᠪᠥᠬᠦ ᠬᠤᠲᠠ ᠶᠢᠨ ᠥᠩᠭᠡᠷᠡᠭᠰᠡᠨ ᠵᠢᠯ ᠤᠳ ᠤᠨ ᠲᠥᠷᠥ ᠶᠢᠨ ᠪᠣᠳᠣᠯᠭ᠎ᠠ ᠪᠠᠷ ᠬᠠᠮᠤᠭ ᠤᠨ ᠰᠢᠯᠢᠳᠡᠭ᠂ ᠡᠷᠴᠢᠮ ᠢᠶᠠᠷ ᠬᠠᠮᠤᠭ ᠤᠨ ᠶᠡᠭᠡ᠂ ᠲᠠᠰ ᠳᠠᠪᠬᠤᠷᠭ᠎ᠠ ᠪᠠᠷ ᠬᠠᠮᠤᠭ ᠤᠨ ᠣᠯᠠᠨ᠂ ᠠᠷᠭ᠎ᠠ ᠮᠠᠶ᠋ᠢᠭ ᠢᠶᠠᠷ ᠬᠠᠮᠤᠭ ᠤᠨ ᠠᠮᠢᠳᠤᠯᠢᠭ ︽ᠪᠦᠬᠦᠨ ᠢ ᠬᠠᠮᠤᠷᠤᠭᠰᠠᠨ︾ ᠴᠢᠳᠠᠪᠤᠷᠢᠲᠠᠨ ᠤ ᠲᠥᠷᠥ ᠶᠢᠨ ᠪᠣᠳᠣᠯᠭ᠎ᠠ ᠮᠥᠨ᠃    ︽ᠬᠤᠶᠠᠷ ᠶᠡᠬᠡᠲᠡᠢ︾ ᠲᠦᠷᠦᠯ ᠵᠣᠶᠢᠯ᠄ ᠡᠨᠧᠷᠬᠢ ᠶᠢᠨ ᠬᠤᠷᠤᠭᠳᠠᠭᠤᠯᠤᠯ ᠶᠡᠬᠡᠲᠠᠢ᠂ ᠪᠤᠬᠢᠷᠳᠤᠯ ᠶᠡᠬᠡᠲᠠᠢ ᠲᠦᠷᠦᠯ ᠵᠣᠶᠢᠯ᠃    ︽ᠨᠢᠭᠡ ᠶᠠᠪᠤᠳᠠᠯ ᠢ ᠨᠢᠭᠡ ᠤᠳᠠᠭ᠎ᠠ ᠳᠤ ᠭᠦᠢᠴᠡᠳᠬᠡᠬᠦ︾ ᠥᠭᠡᠷᠡᠴᠢᠯᠡᠯᠲᠡ᠄ ᠡᠯ᠎ᠡ ᠰᠠᠯᠠᠭ᠎ᠠ ᠮᠥᠴᠢᠷ ᠤᠨ ᠬᠤᠭᠤᠷᠣᠨᠳᠤ ᠬᠠᠷᠢᠯᠴᠠᠨ ᠬᠤᠯᠪᠤᠭᠳᠠᠬᠤ ︽ᠲᠠᠩ ᠭᠠᠭᠴᠠ ᠵᠣᠶᠢᠯᠡᠰ︾᠎ ᠢ ᠠᠵᠤ ᠠᠬᠤᠶᠢᠯᠠᠯ ᠣᠯᠠᠨ ᠲᠦᠮᠡᠨ ᠤ ᠨᠢᠳᠤᠨ ᠳᠠᠬᠢ ︽ᠨᠢᠭᠡ ᠶᠠᠪᠤᠳᠠᠯ︾ ᠪᠣᠯᠭᠠᠵᠤ᠂ ᠰᠦᠯᠵᠢᠶᠡᠨ ᠳᠡᠭᠡᠷ᠎ᠡ ᠨᠢᠭᠡ ᠯᠡ ᠤᠳᠠᠭ᠎ᠠ ᠳᠤ ᠭᠠᠷᠴᠣ᠂ ᠨᠢᠭᠡ ᠯᠡ ᠰᠦᠯᠵᠢᠶ᠎ᠡ ᠪᠠᠷ ᠨᠡᠶᠢᠳᠡᠮ ᠭᠦᠢᠴᠡᠳᠬᠡᠵᠣ᠂ ᠰᠦᠯᠵᠢᠶᠡᠨ ᠭᠠᠳᠠᠨ᠎ᠠ ᠨᠢᠭᠡ ᠯᠡ ᠡᠭᠦᠳᠡ ᠪᠠᠷ ᠣᠷᠣᠵᠤ᠂ ᠠᠭᠳᠠᠬᠤ ᠳᠠᠭᠠᠨ ᠨᠢᠭᠡ ᠯᠡ ᠤᠳᠠᠭ᠎ᠠ ᠭᠦᠶᠦᠨ᠎ᠡ᠃   ︽ᠨᠢᠭᠡ ᠦᠨᠡᠮᠯᠡᠯ ︵ᠬᠡᠷᠡᠴᠢ︶᠎ ᠢᠶᠠᠷ ᠨᠡᠪᠲᠡᠷᠡᠬᠦ︾ ᠥᠭᠡᠷᠡᠴᠢᠯᠡᠯᠲᠡ᠄ ︽ᠨᠢᠭᠡ ᠶᠠᠪᠤᠳᠠᠯ︾᠎ ᠢ ᠪᠦᠲᠦᠭᠡᠬᠦ ᠪᠠᠷ ᠤᠳᠤᠷᠢᠳᠤᠮᠵᠢ ᠪᠣᠯᠭᠠᠵᠤ᠂ ᠠᠵᠢᠯ ᠲᠥᠷᠥᠯ ᠤᠨ ᠶᠡᠷᠦᠩᠬᠡᠶᠢᠯᠡᠭᠰᠡᠨ ᠵᠥᠪᠰᠢᠶᠡᠷᠡᠯ ᠤᠨ ᠳᠦᠷᠢᠮ ᠢ ᠪᠠᠶᠢᠭᠤᠯᠤᠨ᠂ ᠨᠢᠭᠡ ᠠᠵᠢᠯ ᠲᠥᠷᠥᠯ ᠤᠨ ᠤᠷᠤᠭᠤᠯᠬᠤ ᠪᠠ ᠡᠵᠡᠩᠨᠡᠬᠦ ᠶᠢ ᠵᠦᠪᠰᠢᠶᠡᠷᠡᠬᠦ ᠳᠤ ᠬᠤᠯᠪᠣᠭᠳᠠᠬᠤ ᠣᠯᠠᠨ ᠵᠥᠪᠰᠢᠶᠡᠷᠡᠯ ᠤᠨ ᠦᠨᠡᠮᠯᠡᠯ ᠢ ᠨᠡᠶᠢᠯᠡᠭᠦᠯᠦᠭᠡᠳ ᠨᠢᠭᠡ ᠠᠵᠢᠯ ᠲᠥᠷᠥᠯ ᠤᠨ ᠶᠡᠷᠦᠩᠬᠡᠶᠢᠯᠡᠭᠰᠡᠨ ᠵᠥᠪᠰᠢᠶᠡᠷᠡᠯ ᠤᠨ ᠦᠨᠡᠮᠯᠡᠯ ᠪᠣᠯᠭᠠᠵᠤ᠂ ᠠᠵᠢᠯ ᠲᠥᠷᠥᠯ ᠤᠨ ᠪᠥᠬᠦ ᠬᠡᠯᠬᠢᠶᠡᠨ ᠤ ᠵᠥᠪᠰᠢᠶᠡᠷᠡᠯ᠂ ᠣᠯᠠᠨ ᠵᠣᠶᠢᠯᠡᠰ ᠢ ᠡᠮᠬᠢᠯᠡᠨ ᠨᠡᠶᠢᠯᠡᠭᠦᠯᠬᠦ᠂ ᠨᠢᠭᠡ ᠲᠠᠮᠠᠭ᠎ᠠ ᠪᠠᠷ ᠬᠢᠨᠠᠨ ᠵᠥᠪᠰᠢᠶᠡᠷᠡᠬᠦ ᠥᠭᠡᠷᠡᠴᠢᠯᠡᠯᠲᠡ ᠶᠢᠨ ᠰᠢᠨ᠎ᠡ ᠵᠠᠭᠪᠤᠷ ᠢ ᠪᠣᠶ ᠪᠣᠯᠭᠠᠨ᠎ᠠ᠃   ᠣᠷᠣᠨ ᠪᠦᠰᠡ ᠶᠢᠨ ᠦᠨᠡᠯᠡᠨ ᠵᠢᠱᠢᠯᠲᠡ᠄ ᠤᠨᠴᠠ ᠲᠣᠭᠲᠠᠭᠠᠭᠰᠠᠨ ᠣᠷᠣᠨ ᠪᠦᠰᠡ ᠶᠢᠨ ᠬᠡᠪᠴᠢᠶᠡᠨ ᠳᠣᠲᠣᠷ᠎ᠠ᠂ ᠵᠠᠰᠠᠭ ᠤᠨ ᠣᠷᠳᠣᠨ ᠠᠴᠠ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠳᠤ ᠬᠤᠯᠪᠣᠭᠳᠠᠬᠤ ᠬᠢᠨᠠᠨ ᠲᠣᠭᠲᠠᠭᠠᠵᠤ ᠬᠢᠨᠠᠨ ᠵᠥᠪᠰᠢᠶᠡᠷᠡᠬᠦ ᠵᠦᠢᠯᠡᠰ ᠤᠨ ᠦᠨᠡᠯᠡᠨ ᠵᠢᠱᠢᠬᠦ ᠠᠵᠢᠯ ᠢ ᠬᠠᠷᠢᠭᠤᠴᠠᠨ ᠪᠡᠶᠡᠯᠡᠭᠦᠯᠵᠦ᠂ ᠪᠦᠬᠦᠯᠢ ᠴᠣᠭᠴᠠ ᠶᠢᠨ ᠴᠢᠨᠠᠷᠲᠠᠢ᠂ ᠣᠷᠣᠨ ᠪᠦᠰᠡ ᠶᠢᠨ ᠴᠢᠨᠠᠷᠲᠠᠢ ᠦᠨᠡᠯᠡᠨ ᠵᠢᠱᠢᠭᠰᠡᠨ ᠦᠷ᠎ᠡ ᠳ᠋ᠦᠩ ᠢ ᠪᠣᠶ ᠪᠣᠯᠭᠠᠵᠤ᠂ ᠲᠣᠰ ᠣᠷᠣᠨ ᠪᠦᠰᠡ ᠳᠤ ᠣᠷᠣᠵᠤ ᠰᠠᠭᠤᠭᠰᠠᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠳᠤ ᠦᠨ᠎ᠡ ᠲᠥᠯᠥᠪᠦᠷᠢ ᠦᠭᠡᠢ ᠪᠠᠷ ᠬᠠᠮᠲᠤᠪᠠᠷ ᠬᠦᠷᠳᠡᠬᠡᠵᠣ ᠬᠡᠷᠡᠭᠯᠡᠭᠦᠯᠬᠦ ᠶᠢ ᠵᠢᠭᠠᠵᠤ ᠪᠣᠶ᠃   ᠠᠷᠪᠠᠨ ᠵᠦᠢᠯ ᠤᠨ ᠮᠥᠩᠭᠦᠨ ᠭᠦᠢᠯᠬᠡᠬᠡ ᠠᠴᠠ ᠴᠢᠳᠠᠪᠤᠷᠢ ᠤᠯᠭᠤᠬᠤ᠄ ᠬᠤᠲᠠ ᠶᠢᠨ ᠠᠷᠠᠳ ᠤᠨ ᠵᠠᠰᠠᠭ ᠤᠨ ᠣᠷᠳᠣᠨ ᠠᠴᠠ ᠲᠣᠭᠲᠠᠭᠠᠭᠰᠠᠨ ᠠᠷᠪᠠᠨ ᠵᠦᠢᠯ ᠤᠨ ᠮᠥᠩᠭᠦᠨ ᠭᠦᠢᠯᠭᠡᠭᠡ ᠪᠠᠷ ᠪᠣᠳᠠᠲᠤ ᠴᠣᠭᠴᠠ ᠶᠢᠨ ᠠᠵᠤ ᠠᠬᠤᠢ ᠶᠢ ᠳᠡᠮᠵᠢᠬᠦ᠂ ᠴᠢᠨᠠᠷ ᠰᠠᠶᠢᠲᠠᠢ ᠬᠥᠭᠵᠢᠯᠲᠡ ᠳᠤ ᠦᠢᠯᠡᠴᠢᠯᠡᠬᠦ ᠪᠣᠳᠠᠲᠠᠢ ᠠᠷᠭ᠎ᠠ ᠬᠡᠮᠵᠢᠶ᠎ᠡ᠂ ᠲᠤᠰᠪᠤᠷᠢ᠄ ᠮᠥᠩᠭᠦᠨ ᠭᠦᠢᠯᠬᠡᠬᠡ ᠪᠠᠷ ᠠᠮᠢ ᠠᠬᠤᠢ ᠶᠢᠨ ᠠᠵᠤ ᠦᠢᠯᠡᠰ ᠪᠠ ᠪᠣᠬᠢᠷᠳᠤᠯ ᠦᠭᠡᠢ ᠲᠤᠤᠷ᠎ᠠ ᠨᠡᠭᠦᠷᠡᠰᠤᠳᠦ᠋ᠷᠦᠭᠴᠢ ᠪᠠᠷ ᠬᠡᠯᠪᠡᠷᠢ ᠶᠢ ᠬᠤᠪᠢᠷᠠᠭᠤᠯᠬᠤ᠂ ᠠᠵᠤ ᠦᠢᠯᠡᠰ ᠤᠨ ᠬᠡᠯᠬᠢᠶ᠎ᠡ ᠪᠠ ᠠᠵᠤ ᠦᠢᠯᠡᠰ ᠤᠨ ᠰᠦᠷᠦᠭᠵᠢᠯ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ᠂ ᠳᠤᠮᠳᠠ ᠵᠢᠵᠢᠭ ᠪᠢᠴᠢᠯ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠠᠮᠢᠵᠢᠷᠠᠯ ᠤᠨ ᠬᠦᠴᠦᠨ᠂ ᠬᠤᠶᠠᠷ ᠡᠷᠭᠢᠯᠲᠡ ᠶᠢ ᠨᠡᠪᠲᠡᠷᠡᠭᠦᠯᠬᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠠᠷᠠᠳ ᠤᠨ ᠠᠮᠢᠳᠤᠷᠠᠯ ᠳᠤ ᠨᠡᠶᠢᠳᠡᠮ ᠠᠰᠢᠭ ᠬᠦᠷᠲᠡᠭᠡᠬᠦ᠂ ᠰᠣᠶᠣᠯ ᠵᠢᠭᠤᠯᠴᠢᠯᠠᠯ ᠤᠨ ᠬᠡᠷᠡᠭᠯᠡᠭᠡ ᠶᠢᠨ ᠵᠡᠷᠬᠡ ᠲᠡᠰ ᠢ ᠲᠡᠭᠡᠭᠰᠢᠯᠡᠭᠦᠯᠬᠦ᠂ ᠬᠤᠲᠠ ᠶᠢᠨ ᠪᠦᠲᠦᠭᠡᠨ ᠪᠠᠶᠢᠭᠤᠯᠤᠯᠲᠠ ᠬᠠᠮᠢᠶᠠᠷᠤᠯᠲᠠ ᠪᠠ ᠦᠨᠳᠦᠰᠦᠨ ᠱᠠᠲᠤᠨ ᠤ ᠵᠠᠰᠠᠯᠲᠠ ᠶᠢᠨ ᠣᠳᠣᠬᠢᠴᠢᠯᠠᠯᠲᠠ᠂ ᠥᠷᠢ ᠥᠭᠴᠡᠭᠡ ᠶᠢᠨ ᠲᠦᠭᠰᠢᠭᠦᠷᠢ ᠶᠢ ᠰᠡᠷᠭᠡᠶᠢᠯᠡᠨ ᠢᠯᠭᠠᠷᠠᠭᠤᠯᠬᠤ ᠶᠢ ᠲᠡᠮᠵᠢᠨ᠎ᠡ᠃   ︽ᠲᠦᠮᠡᠨ ᠠᠵᠤ ᠠᠬᠤᠶᠢᠯᠠᠯ  ᠲᠦᠮᠡᠨ ᠭᠠᠴᠠᠭ᠎ᠠ ᠲᠣᠰᠬᠤᠨ ᠢ ᠬᠦᠭᠵᠢᠭᠦᠯᠦᠨ ᠮᠠᠨᠳᠤᠭᠤᠯᠬᠤ︾ ᠠᠵᠢᠯᠯᠠᠭ᠎ᠠ᠄ ᠪᠦᠬᠦ ᠤᠯᠤᠰ ᠤᠨ ᠨᠢᠭᠡᠳᠦᠯᠲᠡᠢ ᠥᠷᠨᠢᠭᠦᠯᠦᠭᠰᠡᠨ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯᠯᠠᠭ᠎ᠠ ᠳᠤ ᠤᠷᠤᠯᠴᠠᠬᠤ᠃   ︽ᠬᠤᠶᠠᠷ ᠢ ᠬᠥᠩᠭᠡᠷᠡᠭᠦᠯᠬᠦ︾ ᠠᠵᠢᠯ᠄ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤᠨ ᠤ ᠰᠤᠷᠤᠭᠴᠢᠳ ᠤᠨ ᠳᠠᠰᠬᠠᠯ ᠤᠨ ᠳᠠᠷᠤᠭᠠᠰᠤ ᠪᠠ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠭᠤᠯᠤᠯ ᠤᠨ ᠳᠠᠷᠤᠭᠠᠰᠤ ᠶᠢ ᠤᠯᠠᠮ ᠨᠢᠭᠡ ᠠᠯᠬᠤᠮ ᠬᠥᠩᠭᠡᠷᠡᠭᠦᠯᠦᠨ᠎ᠡ᠃   ︽ᠳᠥᠷᠪᠡᠨ ᠬᠠᠮᠤᠭ ᠤᠨ ᠴᠢᠩᠭ᠎ᠠ︾᠄ ᠬᠠᠮᠤᠭ ᠤᠨ ᠴᠢᠩᠭ᠎ᠠ ᠪᠠᠷᠢᠮᠵᠢᠶ᠎ᠠ᠂ ᠬᠠᠮᠤᠭ ᠤᠨ ᠴᠢᠩᠭ᠎ᠠ ᠬᠢᠨᠠᠯᠲᠠ ᠬᠠᠮᠢᠶᠠᠷᠤᠯᠲᠠ᠂ ᠬᠠᠮᠤᠭ ᠤᠨ ᠴᠢᠩᠭ᠎ᠠ ᠰᠢᠳᠬᠡᠯ᠂ ᠬᠠᠮᠤᠭ ᠤᠨ ᠴᠢᠩᠭ᠎ᠠ ᠬᠠᠷᠢᠭᠤᠴᠠᠯᠭ᠎ᠠ ᠨᠡᠬᠡᠮᠵᠢᠯᠡᠬᠦ᠃    ᠳᠡᠭᠡᠳᠦ ᠵᠡᠷᠭᠡ ᠶᠢᠨ ᠰᠤᠷᠭᠠᠨ ᠬᠥᠮᠦᠵᠢᠯ ᠤᠨ ︽ᠨᠢᠭᠡ ᠵᠢᠩᠬᠢᠨᠢ ᠭᠤᠷᠪᠠᠨ ᠲᠤᠰᠬᠠᠢ ᠮᠡᠷᠭᠡᠵᠢᠯ︾᠄ ᠣᠷᠳᠣᠰ ᠤᠨ ᠬᠡᠷᠡᠭᠯᠡᠭᠡᠨ ᠤ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠪᠦᠬᠦᠯᠢ ᠡᠳᠦᠷ ᠤᠨ ᠳᠦᠷᠢᠮᠲᠦ ᠡᠩ ᠤᠨ ᠵᠢᠩᠬᠢᠨᠢ ᠠᠩᠭᠢ ᠶᠢᠨ ᠨᠢᠭᠡ ᠳᠡᠭᠡᠳᠦ ᠰᠤᠷᠭᠠᠭᠤᠯᠢ᠂ ᠣᠷᠳᠣᠰ ᠤᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ᠂ ᠥᠪᠥᠷ ᠮᠣᠩᠭᠤᠯ ᠤᠨ ᠦᠨᠳᠦᠰᠦᠲᠡᠨ ᠤ ᠬᠡᠦᠬᠡᠳ ᠤᠨ ᠪᠠᠭᠰᠢ ᠶᠢᠨ ᠳᠡᠭᠡᠳᠦ ᠵᠡᠷᠭᠡ ᠶᠢᠨ ᠲᠤᠰᠬᠠᠢ ᠮᠡᠷᠭᠡᠵᠢᠯ ᠤᠨ ᠰᠤᠷᠭᠠᠭᠤᠯᠢ᠂ ᠣᠷᠳᠣᠰ ᠤᠨ ᠠᠮᠢ ᠠᠬᠤᠢ ᠣᠷᠴᠢᠨ ᠲᠣᠭᠤᠷᠢᠨ ᠤ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠪᠦᠬᠦᠯᠢ ᠡᠳᠦᠷ ᠤᠨ ᠳᠦᠷᠢᠮᠲᠦ ᠡᠩ ᠤᠨ ᠳᠡᠭᠡᠳᠦ ᠵᠡᠷᠭᠡ ᠶᠢᠨ ᠲᠤᠰᠬᠠᠢ ᠮᠡᠷᠭᠡᠵᠢᠯ ᠤᠨ ᠭᠤᠷᠪᠠᠨ ᠳᠡᠭᠡᠳᠦ ᠰᠤᠷᠭᠠᠭᠤᠯᠢ᠃    ︽ᠭᠤᠤᠯ ᠰᠠᠯᠪᠤᠷᠢ ᠱᠣᠭᠤᠮ ᠢ ᠨᠡᠪᠲᠡᠷᠡᠭᠦᠯᠬᠦ᠂ ᠪᠥᠬᠦ ᠰᠦᠯᠵᠢᠶ᠎ᠡ ᠶᠢ ᠬᠤᠯᠪᠣᠬᠤ︾᠄ ᠭᠤᠣᠯ ᠱᠤᠭᠤᠮ ᠤᠨ ᠨᠢᠰᠬᠡᠯ ᠤᠨ ᠪᠠᠭᠤᠳᠠᠯ ᠬᠢᠭᠡᠳ ᠰᠠᠯᠪᠤᠷᠢ ᠱᠤᠭᠤᠮ ᠤᠨ ᠨᠢᠰᠬᠡᠯ ᠤᠨ ᠪᠠᠭᠤᠳᠠᠯ ᠤᠨ ᠬᠤᠭᠤᠷᠣᠨᠳᠤ ᠠᠭᠠᠷ ᠤᠨ ᠠᠶᠠᠯᠠᠯ ᠤᠨ ᠱᠤᠭᠤᠮ ᠢ ᠨᠡᠪᠲᠡᠷᠡᠭᠦᠯᠵᠣ᠂ ᠰᠠᠯᠪᠤᠷᠢ ᠱᠤᠭᠤᠮ ᠤᠨ ᠨᠢᠰᠬᠡᠯ ᠤᠨ ᠪᠠᠭᠤᠳᠠᠯ ᠬᠢᠭᠡᠳ ᠰᠠᠯᠪᠤᠷᠢ ᠱᠤᠭᠤᠮ ᠤᠨ ᠨᠢᠰᠬᠡᠯ ᠤᠨ ᠪᠠᠭᠤᠳᠠᠯ ᠤᠨ ᠬᠤᠭᠤᠷᠣᠨᠳᠤ ᠠᠭᠠᠷ ᠤᠨ ᠠᠶᠠᠯᠠᠯ ᠤᠨ ᠱᠤᠭᠤᠮ ᠢ ᠨᠡᠪᠲᠡᠷᠡᠭᠦᠯᠵᠣ᠂ ᠭᠤᠣᠯ ᠱᠤᠭᠤᠮ ᠤᠨ ᠨᠢᠰᠬᠡᠯ ᠤᠨ ᠪᠠᠭᠤᠳᠠᠯ᠂ ᠰᠠᠯᠪᠤᠷᠢ ᠱᠤᠭᠤᠮ ᠤᠨ ᠨᠢᠰᠬᠡᠯ ᠤᠨ ᠪᠠᠭᠤᠳᠠᠯ᠂ ᠨᠡᠶᠢᠳᠡᠮ ᠬᠡᠷᠡᠭᠯᠡᠭᠡᠨ ᠤ ᠨᠢᠰᠬᠡᠯ ᠤᠨ ᠪᠠᠭᠤᠳᠠᠯ ᠬᠠᠷᠢᠯᠴᠠᠨ ᠨᠡᠪᠲᠡᠷᠡᠯᠴᠡᠬᠦ ᠣᠯᠠᠨ ᠨᠡᠶᠢᠲᠡ ᠶᠢᠨ ᠠᠭᠠᠷ ᠤᠨ ᠲᠡᠭᠡᠭᠡᠪᠦᠷᠢ ᠶᠢᠨ ᠰᠦᠯᠵᠢᠶ᠎ᠡ ᠶᠢ ᠪᠠᠶᠢᠭᠤᠯᠤᠨ᠎ᠠ᠃   ︽ᠭᠠᠵᠠᠷ ᠰᠢᠷᠣᠢ ᠠᠪᠤᠪᠠᠯ ᠳᠠᠷᠤᠢ ᠠᠵᠢᠯ ᠡᠬᠢᠯᠡᠭᠦᠯᠬᠦ︾ ᠵᠠᠭᠪᠤᠷ᠄ ᠵᠠᠰᠠᠭ ᠤᠨ ᠣᠷᠳᠣᠨ ᠠᠴᠠ ᠤᠷᠢᠳᠴᠢᠯᠠᠨ ᠪᠠᠷᠢᠮᠵᠢᠶ᠎ᠠ ᠨᠥᠬᠦᠴᠡᠯ ᠲᠣᠭᠲᠠᠭᠠᠬᠤ᠂ ᠪᠦᠲᠦᠭᠡᠨ ᠪᠠᠶᠢᠭᠤᠯᠬᠤ ᠨᠢᠭᠡᠴᠡ ᠠᠴᠠ ᠤᠷᠢᠳᠴᠢᠯᠠᠨ ᠪᠢᠴᠢᠭ ᠨᠠᠶᠢᠷᠠᠭᠤᠯᠤᠨ ᠵᠣᠬᠢᠶᠠᠬᠤ᠂ ᠭᠠᠵᠠᠷ ᠰᠢᠷᠣᠢ ᠶᠢ ᠰᠢᠯᠵᠢᠭᠦᠯᠦᠨ ᠬᠤᠳᠠᠯᠳᠤᠬᠤ ᠭᠡᠷ᠎ᠡ ᠲᠣᠭᠲᠠᠬᠤ ᠪᠠ ᠡᠯ᠎ᠡ ᠲᠥᠷᠥᠯ ᠤᠨ ᠬᠢᠨᠠᠨ ᠵᠥᠪᠰᠢᠶᠡᠷᠡᠯ ᠢ ᠪᠡᠶᠡᠯᠡᠭᠦᠯᠬᠦ ᠶᠢ ᠵᠡᠷᠭᠡ ᠳᠤᠨᠢ ᠨᠠᠶᠢᠳᠠᠪᠤᠷᠢᠵᠢᠭᠤᠯᠵᠤ᠂ ᠲᠥᠷᠥᠯ ᠵᠦᠢᠯ ᠤᠨ ᠭᠠᠵᠠᠷ ᠬᠡᠷᠡᠭᠯᠡᠬᠦ ᠶᠢ ᠬᠢᠨᠠᠨ ᠵᠥᠪᠰᠢᠶᠡᠷᠡᠬᠦ ᠬᠤᠷᠳᠤᠴᠠ ᠶᠢ ᠪᠥᠬᠦ ᠲᠠᠯ᠎ᠠ ᠪᠠᠷ ᠳᠡᠭᠡᠭᠰᠢᠯᠡᠭᠦᠯᠦᠨ᠎ᠡ᠃    ︽ᠲᠦᠷᠪᠡᠨ ᠲᠦᠷᠦᠯ ᠤᠨ ᠬᠡᠪᠴᠢᠶᠡᠵᠢᠯ ᠠᠴᠠ ᠲᠡᠭᠡᠭᠰᠢᠬᠢ︾ ᠠᠵᠤ ᠠᠬᠤᠶᠢᠯᠠᠯ᠄ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ᠂ ᠬᠢᠷᠢ ᠬᠡᠮ ᠵᠡᠷᠬᠡ ᠲᠡᠰ ᠤᠨ ᠪᠠᠷᠢᠯᠭ᠎ᠠ ᠶᠢᠨ ᠦᠢᠯᠡᠰ ᠤᠨ ᠠᠵᠤ ᠠᠬᠤᠶᠢᠯᠠᠯ᠂ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠪᠥᠭᠡᠮ ᠢᠶᠠᠷ ᠬᠤᠳᠠᠯᠳᠤᠬᠤ ᠪᠠ ᠵᠢᠵᠢᠭᠯᠡᠨ ᠬᠤᠳᠠᠯᠳᠤᠬᠤ ᠬᠤᠨᠤᠭᠯᠠᠬᠤ ᠬᠤᠭᠤᠯᠠ ᠤᠮᠳᠠᠭᠠᠨ ᠤ ᠠᠵᠤ ᠠᠬᠤᠶᠢᠯᠠᠯ᠂ ᠤᠯᠤᠰ ᠤᠨ ᠭᠤᠣᠯᠳᠠᠯᠭ᠎ᠠ ᠲᠠᠢ ᠦᠢᠯᠡᠴᠢᠯᠡᠭᠡᠨ ᠤ ᠦᠢᠯᠡᠰ ᠤᠨ ᠠᠵᠤ ᠠᠬᠤᠶᠢᠯᠠᠯ ᠵᠡᠷᠭᠡ ᠳᠥᠷᠪᠡᠨ ᠲᠥᠷᠥᠯ ᠤᠨ ᠬᠡᠪᠴᠢᠶᠡᠵᠢᠯ ᠠᠴᠠ ᠳᠡᠭᠡᠭᠰᠢᠬᠢ ᠠᠵᠤ ᠠᠬᠤᠶᠢᠯᠠᠯ ᠤᠨ ᠶᠡᠷᠦᠩᠬᠡᠢ ᠨᠡᠷᠡᠶᠢᠳᠦᠯ᠃    ︽ᠬᠤᠶᠠᠷ ᠢ ᠲᠦᠷᠦᠭᠦᠯᠡᠨ ᠪᠠᠶᠢᠭᠤᠯᠬᠤ︾ ︽ᠬᠤᠶᠠᠷ ᠢ ᠳᠠᠪᠠᠭᠤᠯᠬᠤ︾ ᠬᠠᠷᠠᠯᠲᠠ᠄ ᠪᠥᠬᠦ ᠤᠯᠤᠰ ᠲᠤ ᠰᠢᠨ᠎ᠡ ᠡᠨᠧᠷᠭᠢ ᠪᠠᠷ ᠭᠤᠣᠯ ᠴᠣᠭᠴᠠ ᠪᠣᠯᠭᠠᠭᠰᠠᠨ ᠡᠨᠧᠷᠭᠢ ᠶᠢᠨ ᠬᠠᠩᠭᠠᠯᠭ᠎ᠠ ᠶᠢᠨ ᠲᠤᠭᠳᠠᠯᠴᠠᠭ᠎ᠠ ᠶᠢ ᠲᠦᠷᠦᠭᠦᠯᠡᠨ ᠪᠠᠶᠢᠭᠤᠯᠵᠤ᠂ ᠰᠢᠨ᠎ᠡ ᠡᠨᠧᠷᠭᠢ ᠪᠠᠷ ᠭᠤᠣᠯ ᠴᠣᠭᠴᠠ ᠪᠣᠯᠭᠠᠭᠰᠠᠨ ᠰᠢᠨ᠎ᠡ ᠬᠡᠯᠪᠡᠷᠢ ᠶᠢᠨ ᠴᠠᠬᠢᠯᠭᠠᠨ ᠬᠦᠴᠦᠨ ᠤ ᠰᠢᠰᠲ᠋ᠧᠮ ᠢ ᠲᠦᠷᠦᠭᠦᠯᠡᠨ ᠪᠠᠶᠢᠭᠤᠯᠤᠨ᠎ᠠ︔ 2025 ᠣᠨ ᠪᠣᠯᠬᠤ ᠳᠤ ᠰᠢᠨ᠎ᠡ ᠡᠨᠧᠷᠭᠢ ᠶᠢᠨ ᠮᠠᠰᠢᠨ ᠴᠣᠭᠴᠠᠯᠠᠪᠤᠷᠢ ᠶᠢᠨ ᠬᠡᠪᠴᠢᠶ᠎ᠡ ᠶᠢ ᠢᠯᠴᠢ ᠶᠢᠨ ᠴᠠᠬᠢᠯᠭᠠᠨ ᠤ ᠮᠠᠰᠢᠨ ᠴᠣᠭᠴᠠᠯᠠᠪᠤᠷᠢ ᠶᠢᠨ ᠬᠡᠪᠴᠢᠶ᠎ᠡ ᠠᠴᠠ ᠳᠠᠪᠠᠭᠤᠯᠵᠤ᠂ 2030 ᠣᠨ ᠪᠣᠯᠬᠤ ᠳᠤ ᠰᠢᠨ᠎ᠡ ᠡᠨᠧᠷᠭᠢ ᠶᠢᠨ ᠴᠠᠬᠢᠯᠭᠠᠨ ᠭᠠᠷᠭᠠᠬᠤ ᠶᠡᠷᠦᠩᠬᠡᠢ ᠬᠡᠮᠵᠢᠶ᠎ᠡ ᠶᠢ ᠢᠯᠴᠢ ᠶᠢᠨ ᠴᠠᠬᠢᠯᠭᠠᠨ ᠤ ᠴᠠᠬᠢᠯᠭᠠᠨ ᠭᠠᠷᠭᠠᠬᠤ ᠶᠡᠷᠦᠩᠬᠡᠢ ᠬᠡᠮᠵᠢᠶ᠎ᠡ ᠠᠴᠠ ᠲᠠᠪᠠᠭᠤᠯᠤᠨ᠎ᠠ᠃   ᠰᠢᠨ᠎ᠡ ᠬᠡᠯᠪᠡᠷᠢ ᠶᠢᠨ ᠴᠠᠬᠢᠯᠭᠠᠨ ᠬᠦᠴᠦᠨ ᠤ ᠰᠢᠰᠲ᠋ᠧᠮ ᠤᠨ ᠪᠦᠲᠦᠭᠡᠨ ᠪᠠᠶᠢᠭᠤᠯᠤᠯᠲᠠ ᠶᠢᠨ ︽ᠠᠷᠪᠠᠨ ᠶᠡᠭᠡ ᠪᠠᠷᠢᠯᠭ᠎ᠠ︾᠄ ᠥᠩᠭᠡ ᠦᠵᠡᠮᠵᠢ ᠶᠢᠨ ᠠᠮᠢ ᠠᠬᠤᠢ ᠶᠢᠨ ᠵᠠᠰᠠᠯᠲᠠ ᠶᠢᠨ ᠪᠠᠷᠢᠯᠭ᠎ᠠ᠂ ᠪᠣᠬᠢᠷᠳᠤᠯ ᠦᠭᠡᠢ ᠴᠠᠬᠢᠯᠭᠠᠨ ᠬᠦᠴᠦᠨ ᠢ ᠭᠠᠳᠠᠭᠰᠢ ᠬᠦᠷᠭᠡᠬᠦ ᠪᠠᠷᠢᠯᠭ᠎ᠠ᠂ ᠰᠢᠰᠲ᠋ᠧᠮ ᠤᠨ ᠤᠶᠠᠨ ᠬᠠᠳᠠᠨ ᠴᠢᠨᠠᠷ ᠢ ᠳᠡᠭᠡᠭᠰᠢᠯᠡᠭᠦᠯᠬᠦ ᠪᠠᠷᠢᠯᠭ᠎ᠠ᠂ ᠣᠷᠣᠨ ᠪᠦᠰᠡ ᠶᠢᠨ ᠪᠠᠲᠤ ᠴᠢᠩᠭ᠎ᠠ ᠴᠠᠬᠢᠯᠭᠠᠨ ᠲᠣᠣᠷ ᠤᠨ ᠪᠠᠷᠢᠯᠭ᠎ᠠ᠂ ᠣᠶᠤᠨᠴᠢ ᠪᠠᠷ ᠲᠤᠬᠢᠷᠠᠭᠤᠯᠤᠨ ᠡᠵᠡᠮᠳᠡᠬᠦ ᠶᠢ ᠲᠠᠰ ᠳᠡᠪᠰᠢᠭᠦᠯᠬᠦ ᠪᠠᠷᠢᠯᠭ᠎ᠠ᠂ ᠲᠤᠤᠷ᠎ᠠ ᠨᠡᠭᠦᠷᠡᠰᠦᠳᠦ᠋ᠷᠦᠭᠴᠢᠳᠤ ᠬᠤᠲᠠ ᠶᠢᠨ ᠲᠣᠭᠤᠷᠢᠭ ᠬᠦᠷᠢᠶᠡᠯᠡᠩ ᠲᠣᠭᠤᠷᠢᠭ ᠤᠨ ᠪᠠᠷᠢᠯᠭ᠎ᠠ᠂ ᠨᠡᠭᠦᠷᠡᠰᠦᠲᠥ᠋ᠷᠥᠭᠴᠢ ᠦᠭᠡᠢ ᠠᠵᠤ ᠦᠢᠯᠡᠰ ᠢ ᠳᠠᠶᠢᠴᠢᠯᠠᠬᠤ ᠪᠠᠷᠢᠯᠭ᠎ᠠ᠂ ᠪᠣᠬᠢᠷᠳᠤᠯ ᠦᠭᠡᠢ ᠤᠰᠤᠲᠥ᠋ᠷᠥᠭᠴᠢ ᠶᠢᠨ ᠠᠵᠤ ᠦᠢᠯᠡᠰ ᠤᠨ ᠵᠢᠱᠢᠶ᠎ᠡ ᠦᠵᠡᠭᠦᠯᠬᠦ ᠪᠠᠷᠢᠯᠭ᠎ᠠ᠂ ᠠᠵᠤ ᠠᠬᠤᠶᠢᠯᠠᠯ ᠤᠨ ᠲᠤᠤᠷ᠎ᠠ ᠨᠡᠭᠦᠷᠡᠰᠦᠳᠦ᠋ᠷᠦᠭᠴᠢ ᠪᠠᠷ ᠬᠡᠯᠪᠡᠷᠢ ᠶᠢ ᠬᠤᠪᠢᠷᠠᠭᠤᠯᠬᠤ ᠢᠨᠵᠧᠨᠧᠷᠢᠩ᠂ ᠰᠢᠨ᠎ᠡ ᠡᠨᠧᠷᠭᠢ ᠪᠠᠷ ᠠᠷᠠᠳ ᠲᠤ ᠠᠰᠢᠭ ᠬᠦᠷᠲᠡᠭᠡᠵᠦ ᠬᠥᠭᠵᠢᠭᠦᠯᠦᠨ ᠮᠠᠨᠳᠤᠭᠤᠯᠬᠤ ᠪᠠᠷᠢᠯᠭ᠎ᠠ ᠵᠡᠷᠭᠡ ᠠᠷᠪᠠᠨ ᠵᠦᠢᠯ ᠤᠨ ᠪᠠᠷᠢᠯᠭ᠎ᠠ ᠪᠣᠯᠣᠨ᠎ᠠ᠃   ᠲᠤᠰᠬᠠᠢ ᠨᠠᠷᠢᠯᠢᠭ ᠣᠨᠴᠠ ᠰᠢᠨ᠎ᠡ ︽ᠵᠢᠵᠢᠭ ᠠᠪᠤᠷᠭᠤ ᠬᠥᠮᠥᠨ︾᠎ ᠤ ᠠᠵᠤ ᠠᠬᠤᠶᠢᠯᠠᠯ᠄ ᠭᠤᠣᠯᠳᠠᠭᠤ ᠰᠢᠨ᠎ᠡ ᠨᠢᠭᠡ ᠦᠶ᠎ᠡ ᠶᠢᠨ ᠮᠡᠳᠡᠭᠡ ᠵᠠᠩᠭᠢ ᠶᠢᠨ ᠮᠡᠷᠭᠡᠵᠢᠯ᠂ ᠳᠡᠭᠡᠳᠦ ᠲᠠᠰ ᠤᠨ ᠲᠤᠨᠤᠭᠯᠠᠯ ᠦᠶᠯᠡᠳᠬᠦ᠂ ᠰᠢᠨ᠎ᠡ ᠡᠨᠧᠷᠭᠢ᠂ ᠰᠢᠨ᠎ᠡ ᠮᠠᠲ᠋ᠧᠷᠢᠶᠠᠯ᠂ ᠠᠮᠢᠳᠤ ᠪᠣᠳᠠᠰ ᠡᠮ ᠡᠮᠨᠡᠯᠭᠡ ᠵᠡᠷᠭᠡ ᠳᠤᠮᠳᠠ ᠳᠡᠭᠡᠳᠦ ᠲᠠᠰ ᠤᠨ ᠠᠵᠤ ᠦᠢᠯᠡᠰ ᠤᠨ ᠬᠦᠷᠢᠶᠡᠨ ᠳᠠᠬᠢ ᠬᠥᠭᠵᠢᠯᠲᠡ ᠶᠢᠨ ᠡᠬᠢᠨ ᠤ ᠬᠤᠭᠤᠴᠠᠭᠠᠨ ᠳᠤ ᠪᠠᠶᠢᠭ᠎ᠠ ᠵᠢᠵᠢᠭ ᠬᠡᠯᠪᠡᠷᠢ ᠶᠢᠨ ᠠᠵᠤ ᠠᠬᠤᠶᠢᠯᠠᠯ ᠢ ᠵᠢᠭᠠᠵᠤ ᠪᠣᠶ᠂ ᠡᠲᠡᠭᠡᠷ ᠠᠵᠤ ᠠᠬᠤᠶᠢᠯᠠᠯ ᠨᠢ ᠨᠡᠶᠢᠳᠡᠮ ᠳᠡᠭᠡᠨ ᠡᠵᠡᠩᠨᠡᠯᠲᠡ ᠶᠢᠨ ᠦᠷ᠎ᠡ ᠪᠦᠲᠦᠮᠵᠢ ᠪᠠᠷ ᠰᠠᠶᠢᠨ᠂ ᠰᠢᠨᠵᠢᠯᠡᠬᠦ ᠤᠬᠠᠭᠠᠨ ᠮᠡᠷᠭᠡᠵᠢᠯ ᠤᠨ ᠠᠭᠤᠯᠤᠭᠳᠠᠴᠠ ᠪᠠᠷ ᠥᠨᠳᠥᠷ᠂ ᠲᠡᠷᠢᠭᠦᠨ ᠤ ᠲᠣᠨᠤᠭ ᠲᠥᠬᠦᠭᠡᠷᠦᠮᠵᠢ ᠪᠤᠯᠪᠠᠰᠤᠷᠠᠭᠤᠯᠬᠤ ᠤᠷᠠᠯᠠᠯ ᠲᠠᠢ᠂ ᠬᠠᠮᠢᠶᠠᠷᠤᠯᠲᠠ ᠶᠢᠨ ᠰᠢᠰᠲ᠋ᠧᠮ ᠪᠦᠷᠢᠨ ᠲᠡᠭᠦᠯᠳᠡᠷ᠂ ᠵᠠᠬ᠎ᠠ ᠳᠡᠯᠭᠡᠭᠦᠷ ᠤᠨ ᠥᠷᠢᠰᠦᠯᠳᠦᠬᠦ ᠬᠦᠴᠦᠨ ᠢᠶᠠᠷ ᠴᠢᠩᠭ᠎ᠠ ᠵᠡᠷᠭᠡ ᠣᠨᠴᠠᠯᠢᠭ ᠲᠠᠢ ᠪᠠᠶᠢᠳᠠᠭ᠃    ︽ᠵᠠᠮ ᠳᠠᠭᠠᠤ ᠦᠨᠳᠡᠬᠡᠯᠡᠭᠦᠯᠬᠦ︾ ︽ᠲᠣᠭᠲᠠᠭᠰᠠᠨ ᠭᠠᠵᠠᠷ ᠲᠤ ᠦᠨᠳᠡᠬᠡᠯᠡᠭᠦᠯᠬᠦ︾ ︽ᠬᠦᠷᠦᠰᠤ ᠰᠢᠷᠤᠢ ᠲᠠᠢ ᠨᠢ ᠰᠢᠯᠵᠢᠭᠦᠯᠦᠨ ᠤᠷᠭᠤᠭᠤᠯᠬᠤ︾ ᠰᠢᠨ᠎ᠡ ᠶᠢ ᠡᠭᠦᠳᠬᠦ ᠪᠠ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠵᠠᠭᠪᠤᠷ᠄ ︽ᠵᠠᠮ ᠳᠠᠭᠠᠤ ᠦᠨᠳᠡᠬᠡᠯᠡᠭᠦᠯᠬᠦ︾ ᠰᠢᠨᠵᠢᠯᠡᠬᠦ ᠤᠬᠠᠭᠠᠨ ᠤ ᠰᠤᠳᠤᠯᠭᠠᠨ ᠤ ᠠᠵᠢᠯᠲᠠᠨ ᠲᠣᠮᠣ ᠲᠥᠬᠦᠭᠡᠷᠦᠮᠵᠢ ᠶᠢ ᠠᠰᠢᠭᠯᠠᠨ ᠠᠩᠬᠠᠨ ᠤ ᠰᠢᠨ᠎ᠡ ᠶᠢ ᠡᠭᠦᠳᠬᠦ ᠠᠵᠢᠯᠯᠠᠭ᠎ᠠ ᠶᠢ ᠥᠷᠨᠢᠭᠦᠯᠵᠦ᠂ ᠠᠳᠠᠯ ᠦᠢᠯᠡᠰ ᠴᠣᠭᠴᠠᠯᠠᠭᠴᠢᠳ ᠠᠩᠬᠠᠨ ᠤ ᠰᠢᠨ᠎ᠡ ᠶᠢ ᠡᠭᠦᠳᠬᠦ ᠳᠤ ᠢᠨᠵᠧᠨᠧᠷᠢᠩ ᠤᠨ ᠮᠡᠷᠭᠡᠵᠢᠯ ᠤᠨ ᠨᠡᠭᠡᠭᠡᠯᠲᠡ ᠪᠠ ᠠᠰᠢᠭᠯᠠᠯᠳᠠ ᠳᠤ ᠤᠷᠣᠭᠤᠯᠬᠤ ᠠᠴᠠ ᠡᠮᠦᠨᠡᠬᠢ ᠲᠤᠷᠰᠢᠯᠲᠠ ᠶᠢᠨ ᠬᠤᠪᠢᠷᠠᠭᠤᠯᠤᠯᠲᠠ ᠬᠢᠵᠦ᠂ ᠨᠠᠩ ᠣᠯᠠᠨ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠵᠠᠮ ᠳᠠᠭᠠᠤ ᠬᠤᠪᠢᠷᠠᠭᠤᠯᠬᠤ ᠶᠢ ᠠᠬᠢᠭᠤᠯᠵᠤ᠂ ᠰᠢᠨ᠎ᠡ ᠶᠢ ᠡᠭᠦᠳᠬᠦ ᠦᠷ᠎ᠡ ᠪᠦᠲᠦᠭᠡᠯ ᠢ ᠬᠤᠪᠢᠷᠠᠭᠤᠯᠵᠤ ᠳᠠᠬᠢᠨ ᠠᠵᠤ ᠦᠶᠢᠯᠡᠰᠵᠢᠭᠦᠯᠬᠦ ᠬᠤᠭᠤᠴᠠᠭᠠᠨ ᠤ ᠦᠶᠡᠯᠡᠯ ᠢ ᠪᠣᠭᠤᠨᠢᠰᠬᠠᠵᠤ᠂ ︽ᠰᠢᠨᠵᠢᠯᠡᠬᠦ ᠤᠬᠠᠭᠠᠨ ᠤ ᠰᠤᠳᠤᠯᠭᠠᠨ ︱ ᠬᠤᠪᠢᠷᠠᠭᠤᠯᠬᠤ ︱ ᠠᠵᠤ ᠦᠢᠯᠡᠰ︾᠎ ᠤᠨ ᠪᠥᠬᠦ ᠬᠡᠯᠬᠢᠶᠡᠨ ᠤ ᠠᠵᠤ ᠠᠬᠤᠶᠢᠯᠠᠯ ᠢ ᠪᠣᠶᠢᠵᠢᠭᠤᠯᠬᠤ ᠵᠠᠭᠪᠤᠷ ᠢ ᠪᠣᠶ ᠪᠣᠯᠭᠠᠨ᠎ᠠ᠃ ︽ᠲᠤᠭᠳᠠᠭᠰᠠᠨ ᠭᠠᠵᠠᠷ ᠲᠤ ᠥᠨᠳᠡᠭᠡᠯᠡᠭᠦᠯᠬᠦ︾ ᠭᠡᠳᠡᠭ ᠨᠢ ᠠᠵᠤ ᠦᠢᠯᠡᠰ ᠤᠨ ᠬᠡᠷᠡᠭᠴᠡᠭᠡ ᠪᠠ ᠵᠠᠬ᠎ᠠ ᠳᠡᠯᠭᠡᠭᠦᠷ ᠤᠨ ᠬᠡᠷᠡᠭᠴᠡᠭᠡ ᠱᠠᠭᠠᠷᠳᠠᠯᠭ᠎ᠠ ᠶᠢ ᠨᠠᠷᠢᠯᠢᠭ ᠤᠨᠤᠪᠴᠢᠲᠠᠢ ᠪᠠᠷ ᠵᠣᠯᠭᠠᠭᠤᠯᠵᠤ᠂ ᠬᠠᠨᠳᠤᠯᠭᠠᠲᠤ ᠴᠢᠨᠠᠷᠲᠠᠢ ᠪᠠᠷ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠶᠢ ᠥᠷᠨᠢᠭᠦᠯᠦᠨ᠂ ᠦᠷ᠎ᠡ ᠪᠦᠲᠦᠭᠡᠯ ᠢ ᠭᠠᠷᠭᠠᠵᠣ ᠬᠤᠪᠢᠷᠠᠭᠤᠯᠬᠤ ᠶᠢ ᠵᠢᠭᠠᠵᠤ ᠪᠣᠶ᠃ ︽ᠬᠦᠷᠦᠰᠤ ᠰᠢᠷᠤᠢ ᠲᠠᠢ ᠨᠢ ᠰᠢᠯᠵᠢᠭᠦᠯᠦᠨ ᠤᠷᠭᠤᠭᠤᠯᠬᠤ︾ ᠭᠡᠳᠡᠭ ᠨᠢ ᠲᠥᠷᠥᠯ ᠵᠦᠢᠯ᠂ ᠪᠦᠯᠬᠦᠮ ᠨᠡᠶᠢᠲᠡ᠂ ᠮᠡᠷᠭᠡᠵᠢᠯ ᠲᠠᠢ ᠰᠢᠨᠵᠢᠯᠡᠬᠦ ᠤᠬᠠᠭᠠᠨ ᠮᠡᠷᠭᠡᠵᠢᠯ ᠤᠨ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠶᠢ ᠵᠢᠭᠠᠵᠤ ᠪᠣᠶ᠃    ︽ᠡᠭᠦᠯᠡᠨ ᠣᠶᠢᠯᠡᠴᠢᠯᠡᠭᠡ ᠶᠢ ᠲᠡᠮᠵᠢᠬᠦ ᠲᠦᠷᠦ ᠶᠢᠨ ᠪᠤᠳᠤᠯᠭ᠎ᠠ ᠶᠢ ᠰᠦᠪᠡᠭᠴᠢᠯᠠᠨ ᠬᠡᠷᠡᠭᠵᠢᠭᠦᠯᠵᠣ ᠲᠤᠮᠤ ᠳ᠋ᠠᠶᠢᠲᠨ ᠶᠢ ᠬᠦᠨᠵᠡᠬᠡᠢ ᠠᠭᠤᠰᠤᠯᠴᠠᠭᠤᠯᠤᠨ ᠬᠡᠷᠡᠭᠯᠡᠬᠦ ᠶᠢ ᠠᠬᠢᠭᠤᠯᠵᠤ ᠠᠵᠤ ᠠᠬᠤᠶᠢᠯᠠᠯ ᠤᠨ ᠤᠶᠤᠨᠴᠢᠯᠠᠭᠰᠠᠨ ᠦᠬᠡᠷᠡᠴᠢᠯᠡᠯᠳᠡ ᠶᠢ ᠲᠡᠮᠵᠢᠬᠦ ᠭᠦᠴᠦᠯᠡᠴᠡ ᠶᠢ ᠨᠡᠮᠡᠭᠳᠡᠭᠦᠯᠬᠦ︾ ᠢᠨᠵᠧᠨᠧᠷᠢᠩ᠄ ︽ᠡᠭᠦᠯᠡᠨ ᠪᠣᠳᠣᠯᠲᠠ ᠳᠤ ᠬᠡᠷᠡᠭᠯᠡᠬᠦ︾᠎ ᠶᠢᠨ ᠭᠤᠣᠯᠳᠠᠯᠭ᠎ᠠ ᠨᠢ ᠲᠦᠭᠡᠮᠡᠯ ᠬᠠᠷᠠᠭᠠᠯᠵᠠᠯ ᠤᠨ ᠴᠢᠨᠠᠷᠲᠠᠢ ᠡᠭᠦᠯᠡᠨ ᠦᠢᠯᠡᠴᠢᠯᠡᠭᠡ ᠶᠢ ᠳᠡᠮᠵᠢᠬᠦ ᠲᠥᠷᠥ ᠶᠢᠨ ᠪᠣᠳᠣᠯᠭ᠎ᠠ ᠶᠢ ᠬᠡᠷᠡᠭᠵᠢᠭᠦᠯᠦᠨ᠎ᠡ᠂ ︽ᠲᠤᠮᠤ ᠳ᠋ᠠᠶᠢᠲᠨ ᠶᠢ ᠬᠡᠷᠡᠭᠯᠡᠬᠦ︾᠎ ᠶᠢᠨ ᠭᠤᠣᠯᠳᠠᠯᠭ᠎ᠠ ᠨᠢ ᠲᠣᠮᠣ ᠳ᠋ᠠᠶᠢᠲ᠋ᠠ ᠶᠢ ᠠᠭᠤᠰᠤᠯᠴᠠᠭᠤᠯᠤᠨ ᠬᠡᠷᠡᠭᠯᠡᠬᠦ ᠶᠢ ᠨᠠᠩ ᠭᠦᠨ ᠲᠠᠰ ᠳᠠᠪᠬᠤᠷᠭ᠎ᠠ ᠪᠠᠷ ᠠᠬᠢᠭᠤᠯᠤᠨ᠎ᠠ᠂ ︽ᠣᠶᠤᠨ ᠤᠬᠠᠭᠠᠨ ᠣᠯᠭᠤᠬᠤ︾᠎ ᠶᠢᠨ ᠭᠤᠣᠯᠳᠠᠯᠭ᠎ᠠ ᠨᠢ ᠠᠵᠤ ᠠᠬᠤᠶᠢᠯᠠᠯ ᠤᠨ ᠣᠶᠤᠨᠴᠢᠯᠠᠭᠰᠠᠨ ᠥᠭᠡᠷᠡᠴᠢᠯᠡᠯᠲᠡ ᠶᠢ ᠳᠡᠮᠵᠢᠨ᠎ᠡ᠃    ︽ᠬᠤᠶᠠᠷ ᠳᠠᠬᠢᠨ ᠢᠶᠠᠷ ᠨᠡᠮᠡᠭᠳᠡᠭᠦᠯᠬᠦ︾ ᠲᠥᠯᠥᠪᠯᠡᠭᠡ᠄ 2021 ᠣᠨ ᠠᠴᠠ 2025 ᠣᠨ ᠪᠣᠯᠲᠠᠯ᠎ᠠ᠂ ᠪᠥᠬᠦ ᠬᠤᠲᠠ ᠶᠢᠨ ᠤᠯᠤᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠪᠠ ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ ᠳᠤᠮᠳᠠ ᠵᠢᠵᠢᠭ ᠠᠵᠤ ᠠᠬᠤᠶᠢᠯᠠᠯ ᠤᠨ ᠲᠤᠭ᠎ᠠ ᠬᠡᠮᠵᠢᠶ᠎ᠡ ᠶᠢ ᠬᠤᠶᠠᠷ ᠳᠠᠬᠢᠨ ᠢᠶᠠᠷ ᠨᠡᠮᠡᠭᠳᠡᠭᠦᠯᠦᠨ᠎ᠡ᠃    ᠬᠠᠲᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠶᠢᠨ ︽ᠠᠷᠪᠠᠨ ᠶᠡᠭᠡ ᠠᠵᠢᠯᠯᠠᠭ᠎ᠠ︾᠄ ᠬᠠᠲᠤᠨ ᠭᠤᠣᠯ ᠢ ᠠᠮᠦᠷ ᠲᠠᠶᠢᠪᠤᠩ ᠪᠤᠯᠭᠠᠬᠤ ᠠᠵᠢᠯᠯᠠᠭ᠎ᠠ᠂ ︽ᠤᠰᠤ ᠪᠠᠷ ᠲᠦᠷᠪᠡ ᠶᠢ ᠲᠣᠭᠲᠠᠭᠠᠬᠤ︾᠎ ᠶᠢ ᠠᠬᠢᠭᠤᠯᠬᠤ ᠠᠵᠢᠯᠯᠠᠭ᠎ᠠ᠂ ᠴᠦᠯᠯᠡᠷᠭᠡᠭᠵᠢᠯ ᠢ ᠰᠡᠷᠭᠡᠶᠢᠯᠡᠨ ᠵᠠᠰᠠᠬᠤ ᠠᠵᠢᠯᠯᠠᠭ᠎ᠠ᠂ ᠬᠠᠲᠤᠨ ᠭᠤᠣᠯ ᠳᠤ ᠤᠷᠤᠰᠤᠨ ᠤᠷᠤᠬᠤ ᠡᠯᠡᠰᠦ ᠰᠢᠪᠠᠷ ᠤᠨ ᠬᠡᠮᠵᠢᠶ᠎ᠡ ᠶᠢ ᠪᠠᠭᠠᠰᠬᠠᠬᠤ ᠠᠵᠢᠯᠯᠠᠭ᠎ᠠ᠂ ᠤᠯᠤᠰ ᠤᠨ ᠭᠠᠵᠠᠷ ᠰᠢᠷᠤᠢ ᠶᠢ ᠦᠨᠳᠦᠷ ᠬᠢᠷᠢ ᠲᠦᠪᠰᠢᠨ ᠢᠶᠠᠷ ᠨᠣᠭᠤᠭᠠᠷᠠᠭᠤᠯᠬᠤ ᠠᠵᠢᠯᠯᠠᠭ᠎ᠠ᠂ ᠪᠣᠬᠢᠷᠳᠤᠯ ᠢ ᠰᠡᠷᠭᠡᠶᠢᠯᠡᠨ ᠵᠠᠰᠠᠬᠤ ᠪᠤᠭᠤᠮᠳᠠ ᠰᠢᠪᠳᠤᠯᠬᠤ ᠠᠵᠢᠯᠯᠠᠭ᠎ᠠ᠂ ᠬᠤᠷᠣᠭᠳᠠᠯ ᠢ ᠪᠠᠭᠠᠰᠬᠠᠵᠤ ᠨᠡᠭᠦᠷᠡᠰᠦᠲᠥ᠋ᠷᠥᠭᠴᠢ ᠶᠢ ᠪᠠᠭᠠᠰᠬᠠᠬᠤ ᠠᠵᠢᠯᠯᠠᠭ᠎ᠠ᠂ ᠠᠵᠤ ᠦᠢᠯᠡᠰ ᠤᠨ ᠬᠦᠭᠵᠢᠯᠳᠡ ᠶᠢ ᠬᠡᠯᠪᠡᠷᠢ ᠶᠢ ᠪᠣᠬᠢᠷᠳᠤᠯ ᠦᠭᠡᠢ ᠪᠠᠷ ᠬᠤᠪᠢᠷᠠᠭᠤᠯᠬᠤ ᠠᠵᠢᠯᠯᠠᠭ᠎ᠠ᠂ ᠬᠠᠲᠤᠨ ᠭᠤᠣᠯ ᠤᠨ ᠰᠣᠶᠣᠯ ᠢ ᠤᠯᠠᠮᠵᠢᠯᠠᠨ ᠵᠠᠯᠭᠠᠮᠵᠢᠯᠠᠬᠤ ᠠᠵᠢᠯᠯᠠᠭ᠎ᠠ᠂ ᠠᠮᠢ ᠠᠬᠤᠢ ᠪᠠᠷ ᠠᠷᠠᠳ ᠲᠤ ᠠᠰᠢᠭ ᠬᠦᠷᠲᠡᠭᠡᠬᠦ ᠠᠵᠢᠯᠯᠠᠭ᠎ᠠ᠃   ︽ᠤᠰᠤ ᠪᠠᠷ ᠲᠦᠷᠪᠡ ᠶᠢ ᠲᠣᠭᠲᠠᠭᠠᠬᠤ︾᠄ ᠤᠰᠤ ᠪᠠᠷ ᠬᠤᠳᠠ ᠶᠢ ᠲᠣᠭᠲᠠᠭᠠᠵᠤ᠂ ᠤᠰᠤ ᠪᠠᠷ ᠭᠠᠵᠠᠷ ᠢ ᠲᠣᠭᠲᠠᠭᠠᠵᠤ᠂ ᠤᠰᠤ ᠪᠠᠷ ᠬᠥᠮᠥᠨ ᠢ ᠲᠣᠭᠲᠠᠭᠠᠵᠤ᠂ ᠤᠰᠤ ᠪᠠᠷ ᠣᠶᠢᠯᠡᠳᠪᠦᠷᠢᠯᠠᠯ ᠠᠮᠢᠳᠤᠷᠠᠯ ᠢ ᠲᠣᠭᠲᠠᠭᠠᠨ᠎ᠠ᠃    ︽ᠭᠤᠷᠪᠠᠨ ᠱᠤᠭᠤᠮ ᠨᠢᠭᠡ ᠨᠠᠷᠢᠨ ᠲᠠᠩᠰᠠ︾᠄ ᠠᠮᠢ ᠠᠬᠤᠢ ᠶᠢᠨ ᠬᠠᠮᠠᠭᠠᠯᠠᠯᠲᠠ ᠶᠢᠨ ᠤᠯᠠᠭᠠᠨ ᠱᠤᠭᠤᠮ᠂ ᠣᠷᠴᠢᠨ ᠲᠤᠭᠤᠷᠢᠨ ᠤ ᠶᠠᠰᠤ ᠴᠢᠨᠠᠷ ᠤᠨ ᠰᠠᠭᠤᠷᠢ ᠱᠤᠭᠤᠮ᠂ ᠡᠬᠢ ᠪᠠᠶᠠᠯᠢᠭ ᠤᠨ ᠠᠰᠢᠭᠯᠠᠯᠲᠠ ᠶᠢᠨ ᠳᠡᠭᠡᠳᠦ ᠱᠤᠭᠤᠮ ᠪᠠ ᠠᠮᠢ ᠠᠬᠤᠢ ᠣᠷᠴᠢᠨ ᠲᠤᠭᠤᠷᠢᠨ ᠤ ᠤᠷᠤᠭᠤᠯᠬᠤ ᠶᠢ ᠵᠦᠪᠰᠢᠶᠡᠷᠡᠬᠦ ᠨᠠᠷᠢᠨ ᠲᠠᠩᠰᠠ᠃    ︽ᠵᠠᠰᠠᠮᠠᠯ ᠵᠠᠮ ᠤᠨ ᠲᠡᠭᠡᠭᠡᠪᠦᠷᠢ ᠶᠢ ᠲᠡᠮᠦᠷ ᠵᠠᠮ ᠤᠨ ᠲᠡᠭᠡᠭᠡᠪᠦᠷᠢ ᠪᠣᠯᠭᠠᠨ ᠬᠤᠪᠢᠷᠠᠭᠤᠯᠵᠤ᠂ ᠤᠪᠤᠭᠠᠯᠠᠨ ᠲᠡᠬᠡᠬᠡᠪᠦᠷᠢᠯᠡᠬᠦ ᠶᠢ ᠴᠢᠩᠭᠡᠯᠢᠭ ᠢᠶᠠᠷ ᠲᠡᠭᠡᠭᠡᠪᠦᠷᠢᠯᠡᠬᠦ ᠪᠣᠯᠭᠠᠨ ᠦᠬᠡᠷᠡᠴᠢᠯᠡᠬᠦ︾᠄ ᠵᠠᠰᠠᠮᠠᠯ ᠵᠠᠮ ᠤᠨ ᠲᠡᠭᠡᠭᠡᠪᠦᠷᠢ ᠶᠢ ᠲᠡᠮᠦᠷ ᠵᠠᠮ ᠤᠨ ᠲᠡᠭᠡᠭᠡᠪᠦᠷᠢ ᠪᠣᠯᠭᠠᠨ ᠬᠤᠪᠢᠷᠠᠭᠤᠯᠵᠤ᠂ ᠤᠪᠤᠭᠠᠯᠠ᠊‍ᠨ ᠲᠡᠬᠡᠬᠡᠪᠦᠷᠢᠯᠡᠬᠦ ᠶᠢ ᠴᠢᠩᠭᠡᠯᠢᠭ ᠎ ᠢᠶᠠᠷ ᠲᠡᠭᠡᠭᠡᠪᠦᠷᠢᠯᠡᠬᠦ ᠪᠣᠯᠭᠠᠨ ᠥᠭᠡᠷᠡᠴᠢᠯᠡᠨ᠎ᠡ᠃    ︽ᠤᠭᠤᠳᠠᠨ ᠴᠡᠴᠡᠷᠯᠢᠭ︾᠄ ᠨᠡᠯᠢᠶᠡᠳ ᠪᠠᠭ᠎ᠠ ᠭᠠᠵᠠᠷ ᠢ ᠨᠣᠭᠤᠭᠠᠷᠠᠭᠤᠯᠤᠨ ᠳᠠᠷᠢᠵᠤ᠂ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠲᠥᠬᠦᠭᠡᠷᠦᠮᠵᠢ ᠲᠣᠬᠢᠷᠠᠭᠤᠯᠵᠤ᠂ ᠨᠢᠭᠡ ᠵᠦᠢᠯ ᠤᠨ ᠰᠢᠨ᠎ᠡ ᠬᠡᠯᠪᠡᠷᠢ ᠶᠢᠨ ᠬᠤᠲᠠ ᠶᠢᠨ ᠨᠡᠭᠡᠭᠡᠯᠲᠡ ᠶᠢᠨ ᠣᠷᠣᠨ ᠵᠠᠢ ᠪᠣᠯᠣᠨ᠎ᠠ᠃    ︽ᠳᠥᠷᠪᠡᠨ ᠲᠥᠪ ᠨᠢᠭᠡ ᠳᠡᠭᠡᠳᠦ ᠰᠤᠷᠭᠠᠭᠤᠯᠢ︾᠄ ᠤᠯᠤᠰ ᠲᠠᠭᠠᠨ ᠦᠢᠯᠡᠳᠪᠦᠷᠢᠯᠡᠭᠰᠡᠨ ᠨᠢᠰᠬᠡᠯ ᠤᠨ ᠤᠮᠠᠷᠠᠲᠤ ᠶᠢᠨ ᠲᠤᠷᠰᠢᠨ ᠨᠢᠰᠬᠦ ᠲᠥᠪ᠂ ᠠᠭᠠᠷ ᠤᠨ ᠠᠶᠠᠯᠠᠯ ᠤᠨ ᠪᠣᠯᠪᠠᠰᠤᠷᠠᠯ ᠤᠨ ᠲᠥᠪ᠂ ᠰᠡᠯᠪᠢᠨ ᠵᠠᠰᠠᠬᠤ ᠲᠥᠪ᠂ ᠲᠤᠰᠢᠶᠠᠨ ᠥᠭᠬᠦ ᠲᠥᠪ ᠪᠠ ᠲᠣᠮᠣ ᠨᠢᠰᠬᠡᠯ ᠤᠨ ᠳᠡᠭᠡᠳᠦ ᠰᠤᠷᠭᠠᠭᠤᠯᠢ᠃    ︽ᠳᠥᠷᠪᠡ ᠶᠢ ᠭᠦᠢᠴᠡᠳᠬᠡᠬᠦ︾ ᠥᠭᠡᠷᠡᠴᠢᠯᠡᠯᠲᠡ᠄ ᠨᠢᠭᠡ ᠰᠦᠯᠵᠢᠶ᠎ᠡ ᠪᠠᠷ ᠭᠦᠢᠴᠡᠳᠬᠡᠬᠦ᠂ ᠠᠯᠠᠭᠠᠨ ᠲᠡᠬᠡᠷ᠎ᠡ ᠭᠦᠢᠴᠡᠳᠬᠡᠬᠦ᠂ ᠨᠢᠭᠡ ᠯᠡ ᠤᠳᠠᠭ᠎ᠠ ᠳᠤ ᠭᠦᠢᠴᠡᠳᠬᠡᠬᠦ᠂ ᠲᠠᠨ ᠢ ᠬᠠᠪᠰᠤᠷᠤᠨ ᠭᠦᠢᠴᠡᠳᠬᠡᠬᠦ᠃    ︽ᠨᠡᠮᠡᠭᠳᠡᠭᠦᠯᠬᠦ ᠪᠠ ᠬᠠᠳᠠᠭᠠᠯᠠᠭᠳᠠᠴᠠ ᠶᠢ ᠬᠤᠯᠪᠣᠭᠳᠠᠭᠤᠯᠬᠤ︾᠄ ᠪᠠᠶᠢᠭᠠᠯᠢ ᠶᠢᠨ ᠡᠬᠢ ᠪᠠᠶᠠᠯᠢᠭ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠰᠢᠨ᠎ᠡ ᠪᠠᠷ ᠨᠡᠮᠡᠭᠳᠡᠭᠦᠯᠬᠦ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠲᠥᠯᠥᠪᠯᠡᠭᠡ ᠶᠢ ᠪᠠᠭᠤᠯᠭᠠᠵᠤ᠂ ᠵᠥᠪᠰᠢᠶᠡᠷᠡᠭᠰᠡᠨ ᠪᠠᠶᠢᠲᠠᠯ᠎ᠠ ᠬᠠᠩᠭᠠᠭᠰᠠᠨ ᠦᠭᠡᠢ ᠪᠠ ᠰᠤᠯᠠ ᠲᠠᠯᠪᠢᠭᠰᠠᠨ ᠭᠠᠵᠠᠷ ᠰᠢᠷᠣᠢ ᠶᠢᠨ ᠲᠤᠭ᠎ᠠ ᠬᠡᠮᠵᠢᠶ᠎ᠡ ᠶᠢ ᠴᠢᠬᠤᠯᠠ ᠲᠥᠰᠥᠭᠡᠯᠡᠨ ᠪᠤᠳᠤᠬᠤ ᠭᠦᠢᠴᠡᠳᠬᠡᠯ ᠲᠤᠭ᠎ᠠ ᠪᠣᠯᠭᠠᠵᠤ᠂ ᠵᠥᠪᠰᠢᠶᠡᠷᠡᠭᠰᠡᠨ ᠪᠠᠶᠢᠲᠠᠯ᠎ᠠ ᠬᠠᠩᠭᠠᠭᠰᠠᠨ ᠦᠭᠡᠢ᠂ ᠰᠤᠯᠠ ᠲᠠᠯᠪᠢᠭᠰᠠᠨ ᠭᠠᠵᠠᠷ ᠰᠢᠷᠣᠢ ᠠᠷᠪᠢᠨ ᠪᠠ ᠰᠠᠶᠢᠳᠤᠷ ᠰᠢᠢᠳᠪᠦᠷᠢᠯᠡᠭᠰᠡᠨ ᠦᠬᠡᠢ ᠭᠠᠵᠠᠷ ᠣᠷᠣᠨ ᠤ ᠰᠢᠨ᠎ᠡ ᠪᠠᠷ ᠨᠡᠮᠡᠭᠳᠡᠭᠦᠯᠬᠦ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠲᠥᠯᠥᠪᠯᠡᠭᠡ ᠶᠢᠨ ᠲᠣᠬᠢᠷᠠᠭᠤᠯᠤᠯᠲᠠ ᠶᠢ ᠵᠢᠯ ᠳᠠᠷᠠᠭᠠᠯᠠᠨ ᠪᠠᠭᠠᠰᠬᠠᠨ᠎ᠠ᠃   ︽ᠭᠤᠷᠪᠠᠨ ᠡᠷᠬᠡ ᠶᠢ ᠰᠠᠯᠭᠠᠬᠤ︾᠄ ᠥᠮᠴᠢᠯᠡᠬᠦ ᠡᠷᠬᠡ᠂ ᠳᠠᠭᠠᠭᠠᠴᠢᠯᠠᠬᠤ ᠡᠷᠬᠡ᠂ ᠡᠵᠡᠩᠨᠡᠬᠦ ᠡᠷᠬᠡ ᠭᠤᠷᠪᠠᠨ ᠡᠷᠬᠡ ᠶᠢ ᠰᠠᠯᠭᠠᠨ᠎ᠠ᠃    ︽ᠲᠠᠪᠤᠨ ᠨᠡᠶᠢᠬᠡᠮ ᠬᠤᠯᠪᠤᠭᠠᠯᠠᠨ ᠬᠥᠳᠡᠯᠦᠯᠴᠡᠬᠦ︾᠄ ᠨᠡᠶᠢᠭᠡᠮ ᠲᠣᠭᠤᠷᠢᠭ᠂ ᠨᠡᠶᠢᠭᠡᠮ ᠤᠨ ᠵᠣᠬᠢᠶᠠᠨ ᠪᠠᠶᠢᠭᠤᠯᠤᠯᠲᠠ᠂ ᠨᠡᠶᠢᠭᠡᠮ ᠤᠨ ᠠᠵᠢᠯᠴᠢᠨ᠂ ᠨᠡᠶᠢᠭᠡᠮ ᠤᠨ ᠡᠬᠢ ᠪᠠᠶᠠᠯᠢᠭ ᠵᠢᠴᠢ ᠨᠡᠶᠢᠭᠡᠮ ᠲᠣᠭᠤᠷᠢᠭ ᠤᠨ ᠥᠪᠡᠷᠲᠡᠭᠡᠨ ᠵᠠᠰᠠᠬᠤ ᠵᠣᠬᠢᠶᠠᠨ ᠪᠠᠶᠢᠭᠤᠯᠤᠯᠲᠠ ᠬᠤᠯᠪᠤᠭᠠᠯᠠᠨ ᠬᠥᠳᠡᠯᠦᠯᠴᠡᠬᠦ᠃   ︽ᠭᠡᠭᠡᠨ ᠰᠠᠷᠠᠭᠤᠯ ᠢᠨᠵᠧᠨᠧᠷᠢᠩ︾᠄ ᠬᠤᠰᠢᠭᠤ ᠲᠣᠭᠤᠷᠢᠭ᠂ ᠰᠢᠶᠠᠩ ᠪᠠᠯᠭᠠᠰᠤ᠂ ᠭᠠᠴᠠᠭ᠎ᠠ ᠲᠣᠰᠬᠤᠨ ᠭᠤᠷᠪᠠᠨ ᠱᠠᠲᠤᠨ ᠤ ᠶᠡᠷᠦᠩᠬᠡᠶᠢᠯᠡᠨ ᠵᠠᠰᠠᠬᠤ ᠲᠥᠪ ᠢᠶᠠᠷ ᠵᠢᠯᠤᠭᠤᠳᠬᠤ ᠲᠠᠪᠴᠠᠩ ᠪᠣᠯᠭᠠᠵᠤ᠂ ᠶᠡᠷᠦᠩᠬᠡᠶᠢᠯᠡᠨ ᠵᠠᠰᠠᠬᠤ ᠮᠡᠳᠡᠭᠡ ᠵᠠᠩᠭᠢᠵᠢᠯᠲᠠ ᠪᠠᠷ ᠲᠤᠯᠭᠠᠭᠤᠷᠢᠯᠠᠯ ᠪᠣᠯᠭᠠᠨ᠂ ᠲᠣᠥᠷᠵᠢᠭᠤᠯᠤᠭᠰᠠᠨ ᠬᠠᠮᠢᠶᠠᠷᠤᠯᠲᠠ ᠪᠠᠷ ᠰᠠᠭᠤᠷᠢ ᠪᠣᠯᠭᠠᠵᠤ᠂ ᠣᠯᠠᠨ ᠨᠡᠶᠢᠲᠡ ᠶᠢᠨ ᠠᠮᠤᠷ ᠲᠦᠪᠰᠢᠨ ᠤ ᠸᠢᠳᠢᠣ᠋ ᠪᠠᠷ ᠬᠢᠨᠠᠨ ᠡᠵᠡᠮᠳᠡᠵᠦ ᠰᠦᠯᠵᠢᠶ᠎ᠡ ᠳᠤ ᠬᠤᠯᠪᠤᠨ ᠬᠡᠷᠡᠭᠯᠡᠬᠦ ᠪᠠᠷ ᠭᠤᠣᠯᠳᠠᠯᠭ᠎ᠠ ᠪᠣᠯᠭᠠᠭᠰᠠᠨ ᠣᠯᠠᠨ ᠲᠦᠮᠡᠨᠴᠢ ᠴᠢᠨᠠᠷᠲᠠᠢ ᠠᠮᠤᠷ ᠲᠦᠪᠰᠢᠨ ᠤ ᠰᠡᠷᠭᠡᠶᠢᠯᠡᠨ ᠡᠵᠡᠮᠳᠡᠬᠦ ᠢᠨᠵᠧᠨᠧᠷᠢᠩ᠃
ᠢᠷᠡᠯᠲᠡ᠄ ᠤᠷᠳᠤᠰ ᠬᠤᠳᠠ ᠶᠢᠨ ᠵᠠᠰᠠᠭ ᠤᠨ ᠤᠷᠳᠤᠨ ᠤ ᠰᠦᠯᠵᠢᠶ᠎ᠡ