— 2022 ᠤᠨ ᠤ 2 ᠰᠠᠷ᠎ᠠ ᠶᠢᠨ 11 ᠤ ᠡᠳᠦᠷ ᠤᠷᠳᠤᠰ ᠬᠤᠳᠠ ᠶᠢᠨ ᠲᠠᠪᠤᠳᠤᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ | ᠤᠨ ᠨᠢᠭᠡᠳᠦᠬᠡᠷ ᠤᠳᠠᠭᠠᠨ ᠤ ᠬᠤᠷᠠᠯᠳᠤᠭᠠᠨ ᠲᠡᠭᠡᠷ᠎ᠡ | ᠤᠷᠤᠯᠠᠭᠴᠢ ᠬᠤᠳᠠ ᠶᠢᠨ ᠲᠠᠷᠤᠭ᠎ᠠ ᠳ᠋ᠦ᠋ ᠬᠤᠢ ᠯᠢᠶᠠᠩ | ᠲᠦᠯᠦᠭᠡᠯᠡᠭᠴᠢᠳ ᠡ᠄ | ᠤᠳᠤ ᠪᠢ ᠬᠤᠳᠠ ᠶᠢᠨ ᠠᠷᠠᠳ ᠤᠨ ᠵᠠᠰᠠᠭ ᠤᠨ ᠣᠷᠳᠣᠨ ᠢ ᠲᠦᠯᠦᠬᠡᠯᠡᠨ ᠶᠡᠭᠡ ᠬᠤᠷᠠᠯ ᠳᠤ ᠠᠵᠢᠯ ᠤᠨ ᠢᠯᠡᠳᠬᠡᠯ ᠬᠢᠶ᠎ᠡ᠂ ᠬᠢᠨᠠᠨ ᠵᠦᠪᠯᠡᠬᠦ ᠪᠣᠯᠪᠠᠤ᠂ | ᠲᠡᠷᠡᠴᠢᠯᠡᠨ ᠬᠤᠳᠠ ᠶᠢᠨ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠪᠠ ᠪᠤᠰᠤᠳ ᠰᠤᠯᠠ ᠣᠷᠣᠯᠴᠠᠭᠰᠠᠳ ᠰᠠᠨᠠᠯ ᠢᠶᠠᠨ ᠳᠤᠷᠠᠳᠬᠤ ᠪᠣᠯᠪᠠᠤ᠃ | ᠨᠢᠭᠡ᠂ 2021 ᠣᠨ ᠤ ᠠᠵᠢᠯ ᠤᠨ ᠡᠷᠭᠢᠴᠡᠭᠦᠯᠦᠯ | 2021 ᠣᠨ ᠪᠣᠯ ᠨᠠᠮ ᠪᠣᠯᠣᠨ ᠤᠯᠤᠰ ᠤᠨ ᠲᠡᠦᠬᠡᠨ ᠳᠡᠭᠡᠷᠡᠬᠢ ᠪᠡᠯᠬᠡ ᠲᠡᠮᠳᠡᠭ ᠤᠨ ᠠᠴᠢ ᠬᠤᠯᠪᠣᠭᠳᠠᠯ ᠲᠠᠢ ᠨᠢᠭᠡ ᠵᠢᠯ ᠪᠣᠯᠣᠨ᠎ᠠ᠂ ᠮᠥᠨᠴᠦ ᠣᠷᠳᠣᠰ ᠤᠨ | ᠬᠥᠭᠵᠢᠯᠲᠡ ᠶᠢᠨ ᠶᠠᠪᠤᠴᠠ ᠳᠠᠬᠢ ᠶᠡᠷᠦ ᠪᠤᠰᠤ ᠶᠢᠨ ᠨᠢᠭᠡ ᠵᠢᠯ ᠪᠣᠯᠣᠨ᠎ᠠ᠃ ᠨᠢᠭᠡ ᠵᠢᠯ ᠤᠨ ᠲᠤᠷᠰᠢ᠂ ᠪᠢᠳᠡ ᠰᠢ ᠶᠢᠨ ᠫᠢᠩ ᠶᠡᠷᠦᠩᠬᠡᠢ ᠱᠦᠵᠢ ᠶᠢᠨ ᠥᠪᠥᠷ | ᠮᠣᠩᠭᠤᠯ ᠳᠤ ᠲᠠᠯᠪᠢᠭᠰᠠᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠵᠤ᠂ ᠲᠥᠪ ᠪᠠ ᠥᠪᠡᠷᠲᠡᠭᠡᠨ | ᠵᠠᠰᠠᠬᠤ ᠣᠷᠣᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠬᠤᠳᠠ ᠶᠢᠨ ᠨᠠᠮ ᠤᠨ ᠬᠤᠷᠢᠶᠠᠨ ᠤ ᠪᠠᠲᠤ ᠴᠢᠩᠭ᠎ᠠ | ᠤᠳᠤᠷᠢᠳᠤᠯᠭ᠎ᠠ ᠳᠣᠣᠷ᠎ᠠ᠂ ᠲᠣᠭᠲᠠᠭᠤᠨ ᠤ ᠳᠤᠮᠳᠠ ᠤᠷᠤᠭᠰᠢᠯᠠᠨ ᠲᠠᠪᠰᠢᠬᠤ ᠠᠵᠢᠯ ᠤᠨ ᠶᠡᠷᠦᠩᠬᠡᠢ ᠬᠦᠭ ᠠᠶᠠᠰ ᠢ ᠪᠠᠷᠢᠮᠲᠠᠯᠠᠵᠤ᠂ ᠰᠢᠨ᠎ᠡ ᠬᠥᠭᠵᠢᠯᠲᠡ ᠶᠢᠨ | ᠱᠠᠲᠤᠨ ᠳᠤ ᠰᠠᠭᠤᠷᠢᠯᠠᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠲᠤᠤᠱᠯᠠᠭᠤᠯᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠳᠤ ᠠᠭᠤᠰᠤᠯᠴᠠᠵᠤ᠂ ᠴᠢᠨᠠᠷ | ᠰᠠᠶᠢᠲᠠᠢ ᠬᠥᠭᠵᠢᠯᠲᠡ ᠶᠢ ᠠᠬᠢᠭᠤᠯᠵᠤ᠂ ᠠᠵᠤ ᠠᠬᠤᠢ ᠶᠢᠨ ᠠᠵᠢᠯᠯᠠᠭᠠᠨ ᠤ ᠪᠠᠶᠢᠳᠠᠯ ᠰᠠᠶᠢᠨ ᠪᠠᠶᠢᠵᠤ᠂ ᠨᠡᠶᠢᠭᠡᠮ ᠤᠨ ᠶᠡᠭᠡ ᠲᠠᠯ᠎ᠠ ᠡᠶ᠎ᠡ ᠵᠣᠬᠢᠴᠠᠩᠭᠤᠢ | ᠲᠣᠭᠲᠠᠭᠤᠨ ᠪᠠᠶᠢᠵᠤ᠂ ᠬᠤᠳᠠ ᠶᠢᠨ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠥᠷᠪᠡᠳᠦᠭᠡᠷ ᠤᠳᠠᠭᠠᠨ ᠤ | ᠬᠤᠷᠠᠯᠳᠤᠭᠠᠨ ᠠᠴᠠ ᠲᠣᠭᠲᠠᠭᠠᠭᠰᠠᠨ ᠡᠯ᠎ᠡ ᠵᠦᠢᠯ ᠤᠨ ᠬᠠᠷᠠᠯᠲᠠ ᠡᠭᠦᠷᠭᠡ ᠶᠢ ᠲᠡᠭᠦᠰ ᠠᠮᠵᠢᠯᠲᠠ ᠲᠠᠢ ᠪᠡᠶᠡᠯᠡᠭᠦᠯᠵᠦ᠂ ︽14 · 5︾ ᠶᠢᠨ ᠰᠠᠶᠢᠨ | ᠡᠬᠢᠯᠡᠯᠲᠡ ᠶᠢ ᠪᠡᠶᠡᠯᠡᠬᠦᠯᠪᠡ᠃ | ︱ ᠡᠨᠡ ᠨᠢᠭᠡ ᠵᠢᠯ ᠳᠤ᠂ ᠪᠢᠳᠡ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠯᠠᠪᠳᠠᠭᠤᠨ ᠪᠠᠲᠤᠲᠠᠢ ᠥᠷᠨᠢᠭᠦᠯᠵᠦ᠂ ᠵᠠᠭᠤᠨ ᠵᠢᠯ ᠤᠨ ᠨᠠᠮ ᠤᠨ | ᠲᠡᠦᠬᠡ ᠠᠴᠠ ᠡᠷᠡᠯᠬᠡᠭᠯᠡᠨ ᠤᠷᠤᠭᠰᠢᠯᠠᠬᠤ ᠬᠦᠴᠦᠨ ᠢ ᠣᠯᠪᠠ᠃ ᠪᠦᠬᠦ ᠬᠤᠳᠠ ᠪᠠᠷ ᠢᠶᠠᠨ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ ᠵᠠᠭᠤᠨ | ᠵᠢᠯ ᠤᠨ ᠤᠢ ᠶᠢ ᠦᠪᠡᠳᠡᠭᠰᠢ ᠶᠡᠭᠡ ᠪᠠᠷ ᠪᠡᠯᠭᠡᠯᠡᠵᠦ᠂ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠦᠬᠦᠳᠠ ᠬᠤᠷᠠᠯ ᠤᠨ | ᠵᠣᠷᠢᠭ ᠰᠠᠨᠠᠭ᠎ᠠ ᠪᠣᠯᠣᠨ ᠰᠢ ᠶᠢᠨ ᠫᠢᠩ ᠶᠡᠷᠦᠩᠬᠡᠢ ᠱᠦᠵᠢ ᠶᠢᠨ ︽ᠲᠤᠯᠤᠭᠠᠨ ᠰᠠᠷ᠎ᠠ ᠶᠢᠨ ᠨᠢᠭᠡᠨ︾ ᠤ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ | ᠰᠤᠷᠤᠯᠴᠠᠨ ᠲᠤᠤᠱᠯᠠᠭᠤᠯᠵᠤ᠂ ᠲᠡᠦᠬᠡ ᠶᠢ ᠰᠤᠷᠤᠯᠴᠠᠵᠤ ᠶᠣᠰᠣ ᠤᠴᠢᠷ ᠢ ᠣᠶᠢᠯᠠᠭᠠᠵᠤ᠂ ᠲᠡᠦᠬᠡ ᠶᠢ ᠰᠤᠷᠤᠯᠴᠠᠵᠤ ᠢᠲᠡᠭᠡᠯ ᠢᠶᠠᠨ ᠨᠡᠮᠡᠭᠳᠡᠬᠦᠯᠵᠤ᠂ ᠲᠡᠦᠬᠡ ᠶᠢ | ᠰᠤᠷᠤᠯᠴᠠᠵᠤ ᠶᠣᠰᠣ ᠰᠤᠷᠲᠠᠬᠤᠨ ᠢ ᠡᠷᠬᠢᠮᠯᠡᠵᠤ᠂ ᠲᠡᠦᠬᠡ ᠶᠢ ᠰᠤᠷᠤᠯᠴᠠᠵᠤ ᠴᠢᠷᠮᠠᠶᠢᠨ ᠦᠢᠯᠡᠳᠦᠯᠬᠡᠵᠢᠬᠦᠯᠪᠡ᠃ ᠪᠥᠬᠦ ᠬᠤᠲᠠ ᠶᠢᠨ ᠦᠨᠳᠦᠰᠦᠲᠡᠨ ᠨᠦᠭᠦᠳ ᠤᠨ | ᠠᠷᠠᠳ ᠲᠦᠮᠡᠨ ᠨᠠᠩ ᠢᠲᠡᠭᠡᠯ ᠲᠡᠭᠦᠯᠳᠡᠷ ᠢᠶᠠᠷ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠵᠤ᠂ ︽ᠬᠤᠶᠠᠷ ᠢ ᠲᠤᠭᠳᠠᠭᠠᠬᠤ︾ ᠤᠯᠤᠰ ᠲᠥᠷᠥ | ᠶᠢᠨ ᠦᠷ᠎ᠡ ᠪᠦᠲᠦᠭᠡᠯ ᠢ ︽ᠬᠤᠶᠠᠷ ᠢ ᠬᠠᠮᠠᠭᠠᠯᠠᠬᠤ︾ ᠤᠯᠤᠰ ᠲᠥᠷᠥ ᠶᠢᠨ ᠤᠬᠠᠮᠰᠠᠷ ᠪᠠ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠠᠵᠢᠯᠯᠠᠭᠠᠨ ᠤ | ᠤᠬᠠᠮᠰᠠᠷ ᠪᠣᠯᠭᠠᠨ ᠬᠤᠪᠢᠷᠠᠭᠤᠯᠪᠠ᠃ | ︱ ᠡᠨᠡ ᠨᠢᠭᠡ ᠵᠢᠯ ᠳᠤ᠂ ᠪᠢᠳᠡ ︽14 · 5︾ ᠶᠢᠨ ᠲᠥᠯᠦᠪᠵᠢᠭᠦᠯᠭᠡ ᠶᠢ ᠡᠬᠢᠯᠡᠬᠦᠯᠵᠤ᠂ ᠰᠢᠨ᠎ᠡ ᠠᠶᠠᠨ ᠢᠶᠠᠨ ᠡᠬᠢᠯᠡᠬᠦᠯᠦᠨ᠂ ᠪᠠᠶᠢᠯᠳᠤᠬᠤ | ᠪᠣᠳᠣᠯᠭ᠎ᠠ ᠶᠢᠨ ᠲᠠᠯ᠎ᠠ ᠪᠠᠷ ᠰᠠᠶᠢᠲᠤᠷ ᠪᠠᠶᠢᠷᠢᠯᠠᠭᠤᠯᠵᠤ᠂ ᠵᠠᠩᠭᠢᠯᠠᠭ᠎ᠠ ᠶᠢᠨ ᠲᠠᠯ᠎ᠠ ᠳᠤ ᠰᠠᠶᠢᠲᠤᠷ ᠬᠦᠴᠦᠯᠡᠪᠡ᠃ ᠬᠤᠳᠠ ᠶᠢᠨ ᠲᠠᠪᠤᠳᠤᠭᠠᠷ ᠤᠳᠠᠭ᠎ᠠ ᠶᠢᠨ ᠨᠠᠮ ᠤᠨ | ᠲᠥᠯᠥᠭᠡᠯᠡᠭᠴᠢᠳ ᠤᠨ ᠶᠡᠭᠡ ᠬᠤᠷᠠᠯ ᠠᠴᠠ ᠠᠮᠢ ᠠᠬᠤᠢ ᠶᠢ ᠲᠡᠷᠢᠭᠦᠨ ᠳᠤ ᠲᠠᠯᠪᠢᠵᠤ᠂ ᠪᠣᠬᠢᠷᠳᠤᠯ ᠦᠭᠡᠢ ᠬᠥᠭᠵᠢᠯᠲᠡ ᠪᠠᠷ ᠤᠳᠤᠷᠢᠳᠤᠮᠵᠢ ᠪᠤᠯᠭᠠᠭᠰᠠᠨ ᠴᠢᠨᠠᠷ | ᠰᠠᠶᠢᠲᠠᠢ ᠬᠥᠭᠵᠢᠯᠲᠡ ᠶᠢᠨ ᠰᠢᠨ᠎ᠡ ᠵᠠᠮ ᠢᠶᠠᠷ ᠵᠠᠮᠨᠠᠬᠤ ᠬᠤᠰᠢᠭᠤᠴᠢ ᠣᠷᠣᠨ ᠢ ᠪᠦᠲᠦᠭᠡᠨ ᠪᠠᠶᠢᠭᠤᠯᠬᠤ ᠪᠠᠶᠢᠯᠳᠤᠬᠤ ᠪᠣᠳᠣᠯᠭ᠎ᠠ ᠶᠢᠨ ᠪᠠᠶᠢᠷᠢ ᠲᠣᠭᠲᠠᠭᠠᠯᠲᠠ ᠶᠢ | ᠳᠤᠷᠠᠳᠴᠤ᠂ ᠪᠣᠳᠠᠲᠤ ᠬᠦᠴᠦᠨ ᠲᠠᠢ᠂ ᠠᠮᠢᠵᠢᠷᠠᠯ ᠤᠨ ᠬᠦᠴᠦᠨ ᠲᠠᠢ᠂ ᠪᠣᠬᠢᠷᠳᠤᠯ ᠦᠭᠡᠢ᠂ ᠣᠷᠣᠰᠢᠨ ᠰᠠᠭᠤᠬᠤ ᠳᠤ ᠲᠣᠬᠢᠷᠠᠮᠵᠢᠲᠠᠢ᠂ ᠵᠣᠯ ᠵᠢᠷᠭᠠᠯᠲᠤ | ᠣᠷᠳᠣᠰ ᠢ ᠪᠦᠲᠦᠭᠡᠨ ᠪᠠᠶᠢᠭᠤᠯᠬᠤ ᠠᠤᠭ᠎ᠠ ᠬᠠᠷᠠᠯᠲᠠ ᠶᠢ ᠲᠣᠳᠣᠷᠬᠠᠶᠢᠯᠠᠵᠤ᠂ ᠣᠳᠣᠬᠢᠴᠢᠯᠠᠭᠰᠠᠨ ᠣᠷᠳᠣᠰ ᠤᠨ ᠪᠦᠲᠦᠭᠡᠨ ᠪᠠᠶᠢᠭᠤᠯᠤᠯᠲᠠ ᠶᠢᠨ ᠦᠵᠡᠰᠬᠦᠯᠡᠩᠲᠦ | ᠰᠠᠶᠢᠬᠠᠨ ᠵᠢᠷᠤᠭ ᠲᠥᠰᠥᠪ ᠢ ᠵᠢᠷᠤᠭᠯᠠᠪᠠ᠃ ᠪᠢᠳᠡ ᠪᠥᠬᠦ ᠬᠤᠲᠠ ᠶᠢᠨ ︽14 · 5︾ ᠶᠢᠨ ᠲᠥᠯᠦᠪᠵᠢᠭᠦᠯᠭᠡ ᠶᠢᠨ ᠬᠦᠳᠦᠯᠪᠦᠷᠢ ᠪᠠ 36 ᠲᠤᠰᠬᠠᠢ | ᠲᠥᠯᠦᠪᠵᠢᠭᠦᠯᠭᠡ ᠶᠢ ᠨᠠᠷᠢᠨ ᠨᠢᠮᠪᠠᠢ ᠨᠠᠶᠢᠷᠠᠭᠤᠯᠤᠨ ᠵᠣᠬᠢᠶᠠᠵᠤ᠂ 1000 ᠭᠠᠷᠤᠢ ᠵᠦᠢᠯ ᠤᠨ ᠴᠢᠬᠤᠯᠠ ᠶᠡᠭᠡ ᠲᠥᠷᠥᠯ ᠵᠦᠢᠯ ᠢ ᠨᠥᠭᠡᠴᠡᠯᠡᠵᠦ᠂ ᠶᠡᠷᠦᠩᠬᠡᠢ ᠪᠡᠯᠡ | ᠣᠷᠣᠭᠤᠯᠤᠯᠲᠠ 1.8 ᠲᠦᠮᠡᠨ ᠳ᠋ᠦᠩᠰᠢᠭᠤᠷ ᠲᠥᠭᠦᠷᠢᠭ ᠢ ᠳᠠᠪᠠᠵᠤ᠂ ︽14 · 5︾ ᠶᠢᠨ ᠴᠢᠨᠠᠷ ᠰᠠᠶᠢᠲᠠᠢ ᠬᠥᠭᠵᠢᠯᠲᠡ ᠳᠤ ᠪᠠᠲᠤ ᠪᠠᠬᠢ ᠰᠠᠭᠤᠷᠢ ᠶᠢ | ᠲᠠᠯᠪᠢᠭᠰᠠᠨ ᠪᠠᠶᠢᠨ᠎ᠠ᠃ | ︱ ᠡᠨᠡ ᠨᠢᠭᠡ ᠵᠢᠯ ᠳᠤ᠂ ᠪᠢᠳᠡ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠢ ᠨᠡᠶᠢᠭᠡᠮ ᠤᠨ ᠬᠥᠭᠵᠢᠯᠲᠡ ᠶᠢ ᠨᠢᠭᠡᠳᠦᠯᠲᠡᠢ ᠲᠦᠯᠦᠪᠯᠡᠵᠤ | ᠂ ᠨᠢᠭᠡ ᠣᠷᠣᠨ ᠪᠦᠰᠡ ᠶᠢᠨ ᠲᠣᠭᠲᠠᠭᠤᠨ ᠢᠶᠠᠷ ᠪᠦᠬᠦ ᠣᠷᠣᠨ ᠤ ᠲᠣᠭᠲᠠᠭᠤᠨ ᠢ ᠠᠬᠢᠭᠤᠯᠵᠤ᠂ ᠨᠢᠭᠡ ᠣᠷᠣᠨ ᠪᠦᠰᠡ ᠶᠢᠨ ᠦᠩᠭᠡ ᠭᠡᠷᠡᠯ ᠢᠶᠠᠷ ᠪᠦᠬᠦ ᠲᠠᠯ᠎ᠠ ᠳᠤ | ᠭᠡᠷᠡᠯ ᠭᠢᠯᠪᠠᠭ᠎ᠠ ᠨᠡᠮᠡᠷᠢᠯᠡᠪᠡ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠡᠴᠦᠰ ᠲᠤᠨᠢ ᠲᠤᠯᠲᠠᠯ᠎ᠠ ᠪᠤᠯᠭᠤᠮᠵᠢᠲᠠᠢ ᠰᠠᠶᠢᠲᠤᠷ ᠠᠳᠬᠤᠵᠤ᠂ ᠰᠢᠨ᠎ᠡ | ᠲᠢᠳᠢᠮᠯᠢᠭ ᠠᠭᠤᠰᠬᠢᠨ ᠦᠷᠪᠢᠰᠦᠯ ᠤᠨ ᠸᠠᠺᠼᠢᠨ ᠢ ︽ᠲᠠᠷᠢᠯᠭ᠎ᠠ ᠬᠢᠬᠦ ᠰᠠᠨᠠᠭᠠᠲᠠᠢ ᠪᠦᠬᠦᠨ ᠳᠤ ᠴᠦᠮ ᠲᠠᠷᠢᠯᠭ᠎ᠠ ᠬᠢᠬᠦ︾᠂ ︽ᠲᠠᠷᠢᠯᠭ᠎ᠠ ᠬᠢᠪᠡᠰᠦ ᠵᠤᠬᠢᠬᠤ | ᠪᠦᠬᠦᠨ ᠳᠤ ᠴᠦᠮ ᠲᠠᠷᠢᠯᠭ᠎ᠠ ᠬᠢᠬᠦ︾ ᠶᠢ ᠪᠡᠶᠡᠯᠡᠭᠦᠯᠵᠦ᠂ ᠲᠤᠰ ᠭᠠᠵᠠᠷ ᠣᠷᠣᠨ ᠤ ᠡᠪᠡᠳᠴᠢᠨ ᠤ ᠵᠢᠱᠢᠶ᠎ᠡ ᠶᠢ ᠲᠦᠷᠭᠡᠨ ᠪᠥᠭᠡᠳ ᠪᠦᠲᠦᠮᠵᠢᠲᠡᠢ ᠡᠵᠡᠮᠳᠡᠵᠦ᠂ | ᠠᠯᠠᠱᠠ ᠠᠶᠢᠮᠠᠭ ᠲᠤ ᠬᠤᠴᠣᠷᠤᠭᠰᠠᠨ ᠵᠤᠭᠠᠴᠠᠭᠰᠠᠳ ᠢ ᠲᠥᠪᠯᠡᠷᠡᠭᠦᠯᠦᠨ ᠲᠤᠰᠠᠭᠠᠷᠯᠠᠵᠤ ᠡᠷᠡᠭᠦᠯ ᠮᠡᠨᠳᠦ ᠶᠢ ᠬᠢᠨᠠᠨ ᠬᠡᠮᠵᠢᠬᠦ ᠡᠭᠦᠷᠭᠡ ᠶᠢ ᠲᠡᠭᠦᠰ ᠠᠮᠵᠢᠯᠲᠠ ᠲᠠᠢ | ᠪᠡᠶᠡᠯᠡᠭᠦᠯᠵᠦ᠂ ᠠᠷᠠᠳ ᠤᠯᠠᠨ ᠤ ᠡᠷᠡᠭᠦᠯ ᠮᠡᠨᠳᠦ ᠶᠢᠨ ᠠᠮᠤᠷ ᠲᠦᠪᠰᠢᠨ ᠢ ᠪᠦᠬᠦ ᠬᠦᠴᠦᠨ ᠢᠶᠠᠷ ᠢᠶᠠᠨ ᠰᠠᠬᠢᠨ ᠬᠠᠮᠠᠭᠠᠯᠠᠪᠠ᠃ ᠡᠨᠧᠷᠭᠢ ᠶᠢᠨ ᠠᠮᠤᠷ ᠲᠦᠪᠰᠢᠨ ᠢ | ᠪᠠᠲᠤᠯᠠᠬᠤ ᠬᠦᠨᠳᠦ ᠡᠭᠦᠷᠭᠡ ᠶᠢ ᠡᠷᠡᠰ ᠡᠭᠦᠷᠭᠡᠯᠡᠵᠦ᠂ ᠲᠦᠷᠦᠭᠦᠯᠡᠨ ᠦᠢᠯᠡᠳᠪᠦᠷᠢᠯᠡᠯ ᠤᠨ ᠬᠡᠮᠵᠢᠶ᠎ᠡ ᠶᠢ ᠨᠡᠮᠡᠭᠳᠡᠭᠦᠯᠦᠨ ᠦᠨ᠎ᠡ ᠶᠢ ᠲᠣᠭᠲᠠᠪᠤᠷᠢᠵᠢᠭᠤᠯᠵᠤ᠂ ᠨᠢᠭᠡ | ᠬᠤᠳᠠ ᠶᠢᠨ ᠬᠦᠴᠦᠨ ᠢᠶᠠᠷ 18 ᠮᠤᠵᠢ ᠣᠷᠣᠨ ᠬᠤᠳᠠ᠂ 7 ᠠᠶᠢᠮᠠᠭ ᠬᠤᠳᠠ ᠶᠢᠨ ᠡᠪᠦᠯ ᠤᠨ ᠤᠯᠠᠷᠢᠯ ᠤᠨ ᠨᠡᠬᠦᠷᠡᠰᠦᠨ ᠤ ᠬᠠᠩᠭᠠᠯᠭ᠎ᠠ ᠶᠢ ᠪᠠᠲᠤᠯᠠᠬᠤ ᠶᠢ | ᠡᠭᠦᠷᠭᠡᠯᠡᠵᠦ᠂ ᠪᠣᠳᠠᠲᠤ ᠠᠵᠢᠯᠯᠠᠭ᠎ᠠ ᠪᠠᠷ ᠢᠶᠠᠨ ᠡᠨᠧᠷᠭᠢ ᠶᠢᠨ ᠲᠣᠮᠣ ᠬᠤᠳᠠ ᠶᠢᠨ ᠡᠭᠦᠷᠭᠡ ᠪᠠ ᠡᠭᠦᠷᠭᠡᠯᠡᠯ ᠢ ᠢᠯᠡᠷᠡᠭᠦᠯᠪᠡ᠃ ᠠᠵᠤ ᠠᠬᠤᠢ ᠶᠢᠨ ᠠᠵᠢᠯᠯᠠᠭᠠᠨ ᠢ | ᠴᠠᠭ ᠪᠠᠶᠢᠳᠠᠯ ᠳᠤᠨᠢ ᠲᠣᠬᠢᠷᠠᠭᠤᠯᠤᠨ ᠲᠣᠬᠢᠷᠠᠭᠤᠯᠵᠤ᠂ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠥᠷᠲᠡᠭ 7% ᠪᠠᠷ ᠨᠡᠮᠡᠭᠳᠡᠵᠤ᠂ ᠡᠩ ᠤᠨ ᠣᠯᠠᠨ | ᠨᠡᠶᠢᠲᠡ ᠶᠢᠨ ᠲᠥᠰᠥᠪ ᠤᠨ ᠣᠷᠣᠯᠭ᠎ᠠ 18.7% ᠪᠠᠷ ᠨᠡᠮᠡᠭᠳᠡᠨ᠂ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ 20.8% ᠪᠠᠷ ᠨᠡᠮᠡᠭᠳᠡᠵᠤ᠂ ᠭᠡᠪᠴᠢᠶᠡᠵᠢᠯ | ᠠᠴᠠ ᠲᠡᠭᠡᠭᠰᠢᠰᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ 5.8% ᠪᠠᠷ ᠨᠡᠮᠡᠭᠳᠡᠨ᠂ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ | ᠶᠡᠷᠦᠩᠬᠡᠢ ᠬᠡᠮᠵᠢᠶ᠎ᠡ 7.6% ᠪᠠᠷ ᠨᠡᠮᠡᠭᠳᠡᠵᠤ᠂ ᠪᠥᠬᠦ ᠣᠷᠣᠨ ᠤ ︽ᠳᠠᠭᠠᠭᠤᠯᠤᠭᠴᠢ︾ ᠶᠢᠨ ᠪᠠᠶᠢᠷᠢ ᠰᠠᠭᠤᠷᠢ ᠪᠠ ︽ᠰᠠᠭᠤᠷᠢ ᠴᠢᠯᠠᠭᠤ︾ ᠶᠢᠨ ᠦᠢᠯᠡᠳᠦᠯ ᠨᠠᠩ | ᠲᠣᠪᠣᠶᠢᠮ᠎ᠠ ᠪᠤᠯᠪᠠ᠃ | ᠨᠢᠭᠡ ᠵᠢᠯ ᠤᠨ ᠲᠤᠷᠰᠢ᠂ ᠶᠢᠰᠦᠨ ᠲᠠᠯ᠎ᠠ ᠶᠢᠨ ᠠᠵᠢᠯ ᠢ ᠭᠤᠣᠯᠳᠠᠯᠭ᠎ᠠ ᠲᠠᠢ ᠠᠳᠬᠤᠪᠠ᠄ | ︵ᠨᠢᠭᠡ︶ ᠠᠷᠭ᠎ᠠ ᠪᠤᠳᠤᠯᠭ᠎ᠠ ᠶᠢ ᠶᠡᠷᠦᠩᠬᠡᠶᠢᠯᠡᠨ ᠬᠡᠷᠡᠭᠵᠢᠬᠦᠯᠵᠤ ᠠᠵᠤ ᠠᠬᠤᠢ ᠶᠢᠨ ᠲᠣᠭᠲᠠᠭᠤᠨ ᠨᠡᠮᠡᠭᠳᠡᠯ ᠢ ᠪᠡᠶᠡᠯᠡᠬᠦᠯᠪᠡ᠃ ᠲᠦᠷᠦᠯ ᠵᠦᠢᠯ ᠢ ᠠᠳᠬᠤᠬᠤ᠂ | ᠪᠡᠯᠡ ᠣᠷᠣᠭᠤᠯᠤᠯᠲᠠ ᠶᠢ ᠠᠬᠢᠭᠤᠯᠬᠤ᠂ ᠣᠷᠴᠢᠨ ᠠᠬᠤᠢ ᠶᠢ ᠰᠢᠯᠢᠳᠡᠭᠵᠢᠭᠦᠯᠬᠦ ᠵᠠᠭᠤᠨ ᠡᠳᠦᠷ ᠤᠨ ᠪᠤᠭᠤᠮᠲᠠ ᠰᠢᠪᠲᠤᠯᠬᠤ ᠠᠵᠢᠯ ᠢ ᠥᠷᠨᠢᠭᠦᠯᠵᠦ᠂ 453 | ᠵᠦᠢᠯ ᠤᠨ ᠭᠤᠣᠯᠳᠠᠯᠭ᠎ᠠ ᠲᠠᠢ ᠲᠦᠷᠦᠯ ᠵᠦᠢᠯ ᠢ ᠬᠡᠷᠡᠭᠵᠢᠭᠦᠯᠵᠦ᠂ ᠪᠦᠬᠦ ᠨᠡᠶᠢᠭᠡᠮ ᠤᠨ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢ 690.4 | ᠳ᠋ᠦᠩᠰᠢᠭᠤᠷ ᠲᠥᠭᠦᠷᠢᠭ ᠪᠡᠶᠡᠯᠡᠭᠦᠯᠵᠣ᠂ ᠲᠦᠪ ᠤᠨ ᠲᠦᠰᠦᠪ ᠤᠨ ᠲᠤᠳᠤᠷᠠᠬᠢ ᠪᠡᠯᠡ ᠤᠷᠤᠭᠤᠯᠤᠯᠳᠠ ᠶᠢ 9.6 ᠳ᠋ᠦᠩᠰᠢᠭᠤᠷ ᠲᠦᠭᠦᠷᠢᠭ᠂ ᠤᠷᠤᠨ ᠨᠤᠳᠤᠭ | ᠤᠨ ᠲᠤᠰᠬᠠᠢ ᠵᠢᠬᠡᠯᠡᠯᠬᠡ ᠶᠢᠨ ᠲᠡᠮᠳᠡᠭᠳᠤ ᠶᠢ 19.2 ᠳ᠋ᠦᠩᠰᠢᠭᠤᠷ ᠲᠦᠭᠦᠷᠢᠭ ᠣᠯᠵᠣ᠂ 18 ᠭᠤᠤᠯᠳᠠᠯᠭ᠎ᠠ ᠲᠠᠢ ᠠᠵᠣ ᠣᠶᠢᠯᠡᠰ ᠤᠨ ᠬᠡᠯᠬᠢᠶ᠎ᠡ ᠶᠢ ᠡᠮᠬᠢᠯᠡᠨ | ᠲᠢᠭᠯᠡᠵᠣ᠂ ᠬᠡᠯᠬᠢᠶᠡᠨ ᠤ ᠳᠠᠷᠤᠭ᠎ᠠ ᠶᠢᠨ ᠳᠦᠷᠢᠮ ᠢᠶᠠᠷ ᠬᠤᠳᠠᠯᠳᠤᠭᠠᠴᠢᠨ ᠤᠷᠢᠬᠤ ᠠᠵᠢᠯ ᠢ ᠪᠥᠬᠦ ᠲᠠᠯ᠎ᠠ ᠪᠠᠷ ᠦᠷᠨᠢᠬᠦᠯᠵᠤ᠂ 327 ᠲᠥᠷᠥᠯ ᠵᠦᠢᠯ ᠤᠨ ᠭᠡᠷ᠎ᠡ | ᠲᠣᠭᠲᠠᠵᠤ᠂ 377 ᠳ᠋ᠦᠩᠰᠢᠭᠤᠷ ᠲᠥᠭᠦᠷᠢᠭ ᠤᠨ ᠪᠡᠯᠡ ᠮᠥᠩᠭᠦ ᠶᠢ ᠤᠷᠤᠨᠵᠢᠭᠤᠯᠵᠤ᠂ 25.8% ᠪᠠᠷ ᠨᠡᠮᠡᠭᠳᠡᠪᠡ᠃ ᠠᠷᠠᠯᠵᠢᠶ᠎ᠠ ᠬᠤᠳᠠᠯᠳᠤᠭᠠᠨ ᠤ ᠠᠵᠤ | ᠠᠬᠤᠶᠢᠯᠠᠯ ᠤᠨ ᠭᠡᠪ ᠪᠠᠷᠢᠮᠵᠢᠶ᠎ᠠ ᠶᠢ ᠳᠡᠭᠡᠭᠰᠢᠯᠡᠬᠦᠯᠵᠤ ᠲᠤᠭ᠎ᠠ ᠪᠦᠷᠢᠳᠭᠡᠯ ᠳᠤ ᠣᠷᠣᠭᠤᠯᠬᠤ ᠲᠤᠰᠬᠠᠢ ᠠᠵᠢᠯᠯᠠᠭ᠎ᠠ ᠶᠢ ᠬᠡᠷᠡᠭᠵᠢᠭᠦᠯᠵᠦ᠂ ᠣᠨᠴᠠᠯᠢᠭᠲᠤ | ᠪᠣᠷᠤᠯᠠᠭᠤᠯᠭ᠎ᠠ ᠶᠢ ᠠᠬᠢᠭᠤᠯᠬᠤ ᠠᠵᠢᠯᠯᠠᠭ᠎ᠠ ᠶᠢ ᠦᠷᠨᠢᠬᠦᠯᠵᠤ᠂ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠶᠡᠷᠦᠩᠬᠡᠢ ᠲᠤᠭ᠎ᠠ ᠶᠢᠨ | ᠨᠡᠮᠡᠭᠳᠡᠯ ᠤᠨ ᠬᠤᠷᠳᠤᠴᠠ ᠪᠦᠬᠦ ᠤᠷᠤᠨ ᠳᠠᠭᠠᠨ ᠲᠦᠷᠦᠬᠦᠯᠡᠪᠡ᠃ ᠵᠢᠭᠤᠯᠴᠢᠯᠠᠯ ᠰᠡᠯᠡᠭᠦᠴᠡᠯ ᠤᠨ ᠬᠤᠲᠠ ᠶᠢᠨ ᠪᠦᠲᠦᠭᠡᠨ ᠪᠠᠶᠢᠭᠤᠯᠤᠯᠲᠠ ᠶᠢ ᠯᠠᠪᠳᠠᠭᠤᠨ ᠢᠶᠠᠷ | ᠠᠬᠢᠭᠤᠯᠵᠤ᠂ ᠵᠤᠭᠠᠴᠠᠭᠰᠠᠳ ᠢ ᠭᠥᠯᠢᠶᠡᠨ ᠠᠪᠤᠭᠰᠠᠨ ᠬᠥᠮᠥᠨ ᠤ ᠲᠤᠭ᠎ᠠ ᠬᠢᠵᠢᠭ ᠤᠨ ᠪᠠᠶᠢᠳᠠᠯ ᠠᠴᠠ ᠡᠮᠦᠨᠡᠬᠢ ᠬᠢᠷᠢ ᠲᠦᠪᠰᠢᠨ ᠳᠤ ᠬᠦᠷᠪᠡ᠃ ᠬᠤᠰᠢᠭᠤ | ᠲᠣᠭᠤᠷᠢᠭ᠂ ᠬᠦᠷᠢᠶᠡᠯᠡᠩ ᠲᠣᠭᠤᠷᠢᠭ ᠤᠨ ᠶᠡᠷᠦᠩᠬᠡᠶᠢᠯᠡᠭᠰᠡᠨ ᠪᠣᠳᠠᠲᠤ ᠬᠦᠴᠦᠨ ᠢ ᠬᠦᠴᠦᠯᠡᠨ ᠳᠡᠭᠡᠭᠰᠢᠯᠡᠭᠦᠯᠵᠦ᠂ ᠵᠡᠭᠦᠨᠭᠠᠷ ᠬᠤᠰᠢᠭᠤ ᠪᠥᠬᠦ ᠣᠷᠣᠨ ᠤ | ᠠᠩᠬᠠᠳᠠᠭᠴᠢ ᠮᠢᠩᠭᠠᠨ ᠳ᠋ᠦᠩᠰᠢᠭᠤᠷ ᠲᠦᠬᠦᠷᠢᠭ ᠤᠨ ᠲᠠᠰ ᠤᠨ ᠬᠤᠰᠢᠭᠤ ᠰᠢᠶᠠᠨ ᠪᠣᠯᠵᠤ᠂ ᠣᠲᠤᠭ ᠤᠨ ᠠᠵᠤ ᠠᠬᠤᠢ ᠶᠢᠨ ᠨᠡᠭᠡᠭᠡᠯᠲᠡ ᠶᠢᠨ ᠲᠣᠭᠤᠷᠢᠭ | ᠮᠢᠩᠭᠠᠨ ᠳ᠋ᠦᠩᠰᠢᠭᠤᠷ ᠲᠦᠬᠦᠷᠢᠭ ᠤᠨ ᠲᠠᠰ ᠤᠨ ᠬᠦᠷᠢᠶᠡᠯᠡᠩ ᠲᠣᠭᠤᠷᠢᠭ ᠤᠨ ᠡᠩᠨᠡᠭᠡᠨ ᠳᠤ ᠣᠷᠣᠵᠤ᠂ 3 ᠬᠤᠰᠢᠭᠤ ᠲᠣᠭᠤᠷᠢᠭ ᠪᠥᠬᠦ ᠤᠯᠤᠰ ᠤᠨ | ᠶᠡᠷᠦᠩᠬᠡᠶᠢᠯᠡᠭᠰᠡᠨ ᠪᠣᠳᠠᠲᠤ ᠬᠦᠴᠦᠨ ᠤ ᠵᠠᠭᠤᠨ ᠬᠦᠴᠦᠷᠬᠡᠭ ᠰᠢᠶᠠᠨ ᠲᠣᠭᠤᠷᠢᠭ ᠲᠤ ᠵᠢᠭᠰᠠᠭᠠᠭᠳᠠᠪᠠ᠃ | ︵ᠬᠤᠶᠠᠷ︶ ᠬᠠᠷᠠᠯᠲᠠ ᠲᠣᠭᠲᠠᠭᠠᠵᠤ ᠠᠵᠤ ᠦᠢᠯᠡᠳᠪᠦᠷᠢ ᠶᠢᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ ᠶᠢ ᠲᠦᠷᠭᠡᠳᠭᠡᠪᠡ᠃ ︽ᠬᠤᠣᠰ | ᠨᠡᠭᠦᠷᠡᠰᠦᠲᠥ᠋ᠷᠥᠭᠴᠢ︾ ᠶᠢᠨ ᠬᠠᠷᠠᠯᠲᠠ ᠶᠢ ᠨᠠᠶᠢᠳᠠᠪᠤᠷᠢᠵᠢᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠠᠵᠤ ᠦᠢᠯᠡᠰ ᠤᠨ ᠪᠣᠬᠢᠷᠳᠤᠯ ᠦᠭᠡᠢ ᠲᠤᠤᠷ᠎ᠠ | ᠨᠡᠬᠦᠷᠡᠰᠦᠳᠦᠷᠦᠭᠴᠢᠲᠦ ᠬᠥᠭᠵᠢᠯᠲᠡ ᠶᠢ ᠲᠦᠷᠭᠡᠳᠭᠡᠪᠡ᠃ ︽ᠰᠠᠯᠬᠢ ᠬᠡᠷᠡᠯ ᠤᠰᠤᠲᠥ᠋ᠷᠥᠭᠴᠢ ᠨᠦᠬᠡᠴᠡᠯᠡᠯᠲᠡ ᠲᠡᠷᠭᠡ︾ ᠶᠢᠨ ᠪᠦᠬᠦ ᠠᠵᠤ ᠦᠢᠯᠡᠰ ᠤᠨ | ᠬᠡᠯᠬᠢᠶ᠎ᠡ ᠶᠢᠨ ᠬᠥᠭᠵᠢᠯᠲᠡ ᠶᠢ ᠶᠡᠬᠡᠪᠡᠷ ᠠᠬᠢᠭᠤᠯᠵᠤ᠂ 720 ᠲᠦᠮᠡᠨ ᠺᠢᠯᠣᠸᠠᠲ ᠤᠨ ᠰᠢᠨ᠎ᠡ ᠡᠨᠧᠷᠭᠢ ᠶᠢᠨ ᠲᠥᠷᠥᠯ ᠵᠦᠢᠯ ᠢ ᠪᠠᠶᠢᠭᠤᠯᠬᠤ ᠵᠦᠪᠰᠢᠶᠡᠷᠡᠯ ᠢ | ᠤᠯᠵᠤ᠂ ᠲᠠᠯᠠᠳ ᠤᠨ ᠬᠡᠷᠡᠯ ᠴᠡᠨᠡᠭ ᠢᠶᠠᠷ ᠴᠠᠬᠢᠯᠭᠠᠨ ᠭᠠᠷᠭᠠᠬᠤ ᠬᠡᠷᠡᠭᠯᠡᠭᠡᠨ ᠤ ᠳᠠᠭᠠᠭᠤᠯᠤᠭᠴᠢ ᠰᠠᠭᠤᠷᠢᠨ ᠭᠠᠵᠠᠷ ᠤᠨ ᠬᠤᠶᠠᠳᠤᠭᠠᠷ ᠬᠤᠭᠤᠴᠠᠭ᠎ᠠ᠂ ᠲᠢᠶᠠᠨ | ᠵᠢᠶᠣᠣ ᠯᠢᠤᠢ ᠨᠧᠩ ᠤᠨ ᠬᠡᠷᠡᠯ ᠴᠡᠨᠡᠭ ᠢᠶᠠᠷ ᠴᠠᠬᠢᠯᠭᠠᠨ ᠭᠠᠷᠭᠠᠬᠤ ᠲᠥᠷᠥᠯ ᠵᠦᠢᠯ ᠲᠣᠣᠷ ᠨᠡᠶᠢᠯᠡᠭᠦᠯᠦᠨ ᠴᠠᠬᠢᠯᠭᠠᠨ ᠭᠠᠷᠭᠠᠵᠤ᠂ ᠰᠢᠨ᠎ᠡ ᠪᠠᠷ ᠨᠡᠮᠡᠭᠳᠡᠭᠰᠡᠨ ᠰᠢᠨ᠎ᠡ | ᠡᠨᠧᠷᠭᠢ ᠶᠢᠨ ᠮᠠᠰᠢᠨ ᠴᠣᠭᠴᠠᠯᠠᠪᠤᠷᠢ 100.8 ᠲᠦᠮᠡᠨ ᠺᠢᠯᠣᠸᠠᠲ ᠲᠤ ᠬᠦᠷᠴᠦ᠂ ᠶᠤᠸᠠᠨ ᠵᠢᠩ᠂ ᠰᠢᠶᠧ ᠰᠢᠨ ᠵᠡᠷᠭᠡ ᠲᠡᠷᠢᠭᠦᠨ ᠤ ᠠᠵᠤ ᠠᠬᠤᠶᠢᠯᠠᠯ ᠤᠨ | ᠲᠥᠷᠥᠯ ᠵᠦᠢᠯ ᠢ ᠣᠷᠣᠭᠤᠯᠤᠨ ᠨᠤᠳᠤᠭᠰᠢᠯᠠᠭᠤᠯᠵᠤ᠂ ᠴᠢ ᠷᠦᠢ ᠰᠢᠨ᠎ᠡ ᠡᠨᠧᠷᠭᠢ ᠶᠢᠨ ᠠᠭᠤᠷᠬᠠᠢ ᠶᠢᠨ ᠠᠴᠢᠶᠠᠨ ᠤ ᠮᠠᠰᠢᠨ ᠲᠡᠷᠭᠡ ᠪᠠ ᠱᠠᠩᠬᠠᠢ ᠶᠢᠨ ᠮᠠᠰᠢᠨ | ᠲᠡᠷᠭᠡᠨ ᠤ ᠬᠤᠩ ᠶᠠᠨ᠂ ᠮᠧᠶ ᠶᠢᠨ ᠭᠦᠸᠧ ᠬᠤᠩ ᠤᠨ ᠤᠰᠤᠲᠥ᠋ᠷᠥᠭᠴᠢ ᠡᠨᠧᠷᠭᠢ ᠶᠢᠨ ᠬᠦᠨᠳᠦ ᠠᠴᠢᠶᠠᠨ ᠤ ᠮᠠᠰᠢᠨ ᠲᠡᠷᠭᠡ ᠶᠢ ᠠᠰᠢᠭᠯᠠᠯᠲᠠ ᠳᠤ ᠣᠷᠣᠭᠤᠯᠵᠤ᠂ | ᠠᠩᠬᠠᠳᠤᠭᠠᠷ ᠬᠤᠭᠤᠴᠠᠭᠠᠨ ᠤ ᠨᠡᠭᠦᠷᠡᠰᠦᠲᠥ᠋ᠷᠥᠭᠴᠢ ᠦᠬᠡᠢ ᠠᠵᠤ ᠦᠢᠯᠡᠰ ᠤᠨ ᠲᠦᠷᠦᠭᠦᠴᠦᠳ ᠤᠨ ᠬᠤᠷᠠᠯ ᠢ ᠡᠷᠭᠢᠯᠡᠨ ᠬᠤᠷᠠᠯᠳᠤᠭᠤᠯᠵᠤ᠂ ᠠᠩᠬᠠᠳᠠᠭᠴᠢ | ᠨᠡᠭᠦᠷᠡᠰᠦᠲᠥ᠋ᠷᠥᠭᠴᠢ ᠦᠬᠡᠢ ᠠᠵᠤ ᠦᠢᠯᠡᠰ ᠤᠨ ᠬᠦᠷᠢᠶᠡᠯᠡᠩ ᠢ ᠨᠤᠳᠤᠭᠰᠢᠯᠠᠭᠤᠯᠤᠨ ᠪᠦᠲᠦᠬᠡᠨ ᠪᠠᠶᠢᠭᠤᠯᠪᠠ᠃ ᠵᠢᠩ ᠳ᠋ᠦᠩ ᠹᠠᠩ ᠤᠨ ᠬᠡᠲᠦ ᠲᠠᠭᠤᠨ | ᠬᠤᠷᠤᠭᠤᠨ ᠣᠷᠣᠮ ᠤᠨ ᠬᠡᠪ᠂ ᠴᠠᠩ ᠴᠧᠩ ᠺᠣᠮᠫᠢᠦ᠋ᠲ᠋ᠧᠷ ᠤᠨ ᠣᠶᠤᠨᠴᠢ ᠦᠶᠯᠡᠳᠬᠦ ᠲᠥᠷᠥᠯ ᠵᠦᠢᠯ ᠢ ᠪᠠᠶᠢᠭᠤᠯᠵᠤ ᠳᠠᠭᠤᠰᠬᠠᠭᠠᠳ ᠠᠰᠢᠭᠯᠠᠯᠲᠠ ᠳᠤ | ᠣᠷᠣᠭᠤᠯᠵᠤ᠂ ᠣᠷᠳᠣᠰ ᠤᠨ ᠲᠣᠮᠣ ᠳ᠋ᠠᠶᠢᠲ᠋ᠠ ᠶᠢᠨ ᠲᠥᠪ ᠤᠯᠤᠰ ᠤᠨ ᠪᠣᠬᠢᠷᠳᠤᠯ ᠦᠭᠡᠢ ᠳ᠋ᠠᠶᠢᠲ᠋ᠠ ᠶᠢᠨ ᠲᠥᠪ ᠢᠶᠠᠷ ᠦᠨᠡᠯᠡᠭᠳᠡᠵᠦ᠂ ᠰᠢᠩᠭᠡᠨ ᠲᠠᠯᠠᠰᠲᠤ | ᠦᠵᠡᠭᠦᠯᠦᠭᠦᠷ ᠲᠣᠨᠤᠭ᠂ ᠮᠠᠰᠢᠨ ᠲᠡᠷᠭᠡᠨ ᠤ ᠦᠢᠯᠡᠳᠪᠦᠷᠢᠯᠡᠯ ᠤᠨ ᠬᠡᠮᠵᠢᠶ᠎ᠡ ᠲᠣᠰ ᠲᠣᠰ 39% ᠪᠠ 88.2% ᠢᠶᠠᠷ ᠨᠡᠮᠡᠭᠳᠡᠵᠦ᠂ ᠨᠡᠭᠦᠷᠡᠰᠦᠨ ᠤ ᠪᠤᠰᠤ ᠠᠵᠤ | ᠦᠢᠯᠡᠳᠪᠦᠷᠢ ᠶᠢᠨ ᠨᠡᠮᠡᠭᠳᠡᠯ ᠥᠷᠲᠡᠭ 8% ᠪᠠᠷ ᠨᠡᠮᠡᠭᠳᠡᠪᠡ᠃ ᠣᠶᠤᠨᠴᠢᠯᠠᠭᠰᠠᠨ ᠨᠡᠭᠦᠷᠡᠰᠦᠨ ᠠᠭᠤᠷᠬᠠᠢ ᠶᠢ 65 ᠪᠠᠶᠢᠭᠤᠯᠵᠤ᠂ ᠵᠦᠵᠢᠶᠠᠩ ᠮᠥᠷᠡᠨ ᠤ ᠵᠦ ᠵᠢᠶᠠ | ᠫᠢᠩ ᠤᠨ ᠴᠠᠬᠢᠯᠭᠠᠨ ᠤ ᠦᠢᠯᠡᠳᠪᠦᠷᠢ᠂ ᠤᠯᠤᠰ ᠤᠨ ᠡᠨᠧᠷᠬᠢ ᠶᠢᠨ ᠪᠦᠯᠦᠭᠯᠡᠯ ᠤᠨ ᠱᠠᠩᠬᠠᠢ ᠶᠢᠨ ᠰᠦᠮ᠎ᠡ ᠶᠢᠨ 1 ᠳ᠋ᠣᠭᠡᠷ ᠨᠣᠮᠧᠷᠲᠤ ᠮᠠᠰᠢᠨ ᠴᠣᠭᠴᠠᠯᠠᠪᠤᠷᠢ ᠶᠢ | ᠠᠰᠢᠭᠯᠠᠯᠲᠠ ᠳᠤ ᠣᠷᠣᠭᠤᠯᠵᠤ᠂ ᠬᠤᠢ ᠨᠧᠩ ᠤᠨ ᠨᠡᠭᠦᠷᠡᠰᠦ ᠪᠠᠷ ᠬᠡᠢ ᠦᠢᠯᠡᠳᠬᠦ ᠬᠤᠶᠠᠳᠤᠭᠠᠷ ᠬᠤᠭᠤᠴᠠᠭ᠎ᠠ᠂ ᠵᠦᠩ ᠮᠸᠢ ᠶᠢᠨ ᠨᠡᠶᠢᠯᠡᠮᠡᠯ ᠬᠡᠢ ᠪᠠᠷ ᠮᠧᠲ᠋ᠢᠯ | ᠠᠯᠺᠣᠣᠯ ᠦᠢᠯᠡᠳᠬᠦ ᠲᠦᠷᠦᠯ ᠵᠦᠢᠯ ᠢ ᠠᠰᠢᠭᠯᠠᠯᠲᠠ ᠳᠤ ᠣᠷᠣᠭᠤᠯᠵᠤ᠂ ᠨᠡᠭᠦᠷᠡᠰᠦ ᠴᠠᠬᠢᠯᠭᠠᠨ ᠤ ᠮᠠᠰᠢᠨ ᠴᠣᠭᠴᠠᠯᠠᠪᠤᠷᠢ ᠶᠢ 232 ᠲᠦᠮᠡᠨ ᠺᠢᠯᠣᠸᠠᠲ᠂ | ᠨᠡᠭᠦᠷᠡᠰᠦ ᠬᠢᠮᠢ ᠶᠢᠨ ᠠᠵᠤ ᠦᠢᠯᠡᠳᠪᠦᠷᠢ ᠶᠢᠨ ᠦᠢᠯᠡᠳᠪᠦᠷᠢᠯᠡᠯ ᠤᠨ ᠴᠢᠳᠠᠪᠤᠷᠢ ᠶᠢ 175 ᠲᠦᠮᠡᠨ ᠲᠣᠨ ᠰᠢᠨ᠎ᠡ ᠪᠠᠷ ᠨᠡᠮᠡᠭᠳᠡᠭᠦᠯᠪᠡ᠃ ᠡᠨᠧᠷᠭᠢ ᠶᠢᠨ | ᠬᠠᠩᠭᠠᠯᠭ᠎ᠠ ᠶᠢ ᠪᠠᠲᠤᠯᠠᠬᠤ ᠠᠵᠠ ᠲᠣᠬᠢᠶᠠᠯ ᠢ ᠠᠮᠵᠢᠵᠤ᠂ 109 ᠵᠠᠳᠠᠭᠠᠢ ᠨᠡᠭᠦᠷᠡᠰᠦᠨ ᠠᠭᠤᠷᠬᠠᠢ ᠳᠤ 1. 08 ᠲᠦᠮᠡᠨ ᠾᠧᠺᠲ᠋ᠠᠷ ᠤᠨ ᠲᠦᠷ ᠴᠠᠭ ᠬᠡᠷᠡᠭᠯᠡᠬᠦ | ᠭᠠᠵᠠᠷ ᠢ ᠬᠦᠢᠴᠡᠳᠬᠡᠨ ᠦᠭᠴᠦ᠂ 106 ᠨᠡᠭᠦᠷᠡᠰᠦᠨ ᠠᠭᠤᠷᠬᠠᠢ ᠶᠢᠨ ᠦᠢᠯᠡᠳᠪᠦᠷᠢᠯᠡᠯ ᠤᠨ ᠬᠡᠮᠵᠢᠶ᠎ᠡ ᠶᠢ ᠶᠢ 1.45 ᠳ᠋ᠦᠩᠰᠢᠭᠤᠷ ᠲᠣᠨ ᠨᠡᠮᠡᠭᠳᠡᠭᠦᠯᠵᠦ᠂ 7.2 | ᠳ᠋ᠦᠩᠰᠢᠭᠤᠷ ᠲᠣᠨ ᠨᠡᠭᠦᠷᠡᠰᠦ ᠪᠣᠷᠣᠯᠠᠭᠤᠯᠵᠤ᠂ 7. 5% ᠪᠠᠷ ᠨᠡᠮᠡᠭᠳᠡᠪᠡ᠃ | ︵ᠭᠤᠷᠪᠠ︶ ᠰᠢᠨ᠎ᠡ ᠶᠢ ᠡᠬᠦᠳᠦᠨ ᠬᠦᠭᠵᠢᠬᠦᠯᠬᠦ ᠬᠥᠳᠡᠯᠭᠡᠭᠴᠢ ᠡᠨᠧᠷᠭᠢ ᠶᠢ ᠪᠦᠬᠦ ᠲᠠᠯ᠎ᠠ ᠪᠠᠷ ᠬᠦᠴᠦᠯᠡᠨ ᠬᠤᠷᠠᠮᠳᠤᠭᠤᠯᠪᠠ᠃ ᠡᠳ᠋ ᠤᠨ ᠵᠠᠰᠠᠭ ᠤᠨ | ᠰᠢᠨᠵᠢᠯᠡᠬᠦ ᠤᠬᠠᠭᠠᠨ ᠮᠡᠷᠭᠡᠵᠢᠯ ᠤᠨ ᠣᠷᠣᠭᠤᠯᠤᠯᠲᠠ 8.17 ᠳ᠋ᠦᠩᠰᠢᠭᠤᠷ ᠲᠥᠭᠦᠷᠢᠭ ᠲᠤ ᠬᠦᠷᠴᠦ᠂ 15.3% ᠪᠠᠷ ᠨᠡᠮᠡᠭᠳᠡᠵᠤ᠂ ᠭᠡᠪᠴᠢᠶᠡᠵᠢᠯ ᠠᠴᠠ | ᠲᠡᠭᠡᠭᠰᠢᠬᠢ ᠠᠵᠤ ᠠᠬᠤᠶᠢᠯᠠᠯ ᠤᠨ ᠰᠤᠳᠤᠯᠤᠨ ᠨᠡᠭᠡᠭᠡᠬᠦ ᠵᠠᠷᠤᠳᠠᠯ 58.7 ᠳ᠋ᠦᠩᠰᠢᠭᠤᠷ ᠲᠥᠭᠦᠷᠢᠭ ᠲᠤ ᠬᠦᠷᠴᠦ᠂ 75.7% ᠪᠠᠷ ᠨᠡᠮᠡᠭᠳᠡᠵᠤ᠂ ᠪᠥᠬᠦ ᠣᠷᠣᠨ ᠤ | ᠲᠡᠷᠢᠭᠦᠨ ᠳᠤ ᠣᠷᠣᠪᠠ᠃ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠲᠥᠷᠥ ᠶᠢᠨ ᠪᠣᠳᠣᠯᠭ᠎ᠠ ᠶᠢ 30 ᠵᠤᠷᠪᠤᠰ ᠨᠡᠶᠢᠲᠡᠯᠡᠵᠦ᠂ ᠰᠢᠨᠵᠢᠯᠡᠬᠦ ᠤᠬᠠᠭᠠᠨ ᠤ | ᠰᠤᠳᠤᠯᠭᠠᠨ ᠤ ᠲᠥᠷᠥᠯ ᠵᠦᠢᠯ ᠤᠨ ︽ᠰᠢᠨ᠎ᠡ ᠶᠢ ᠡᠬᠦᠳᠦᠭᠰᠡᠨ ᠦᠷ᠎ᠡ ᠪᠦᠲᠦᠬᠡᠯ ᠢ ᠴᠤᠭᠯᠠᠭᠤᠯᠬᠤ︾ ᠲᠣᠭᠲᠠᠴᠠ ᠶᠢ ᠪᠠᠶᠢᠭᠤᠯᠵᠤ᠂ ᠭᠤᠣᠯᠳᠠᠯᠭ᠎ᠠ ᠲᠠᠢ | ᠪᠣᠭᠤᠮᠲᠠ ᠰᠢᠪᠲᠤᠯᠬᠤ 6 ᠲᠥᠷᠥᠯ ᠵᠦᠢᠯ ᠢ ᠨᠡᠶᠢᠲᠡᠯᠡᠵᠦ᠂ ᠨᠡᠶᠢᠲᠡ ᠵᠣᠭᠤᠰ ᠤᠨ ᠲᠤᠭ᠎ᠠ ᠨᠢ 1.15 ᠳ᠋ᠦᠩᠰᠢᠭᠤᠷ ᠲᠥᠭᠦᠷᠢᠭ ᠲᠤ ᠬᠦᠷᠴᠦ᠂ ᠰᠢᠨᠵᠢᠯᠡᠬᠦ | ᠤᠬᠠᠭᠠᠨ ᠮᠡᠷᠭᠡᠵᠢᠯ ᠤᠨ ᠲᠥᠯᠥᠪᠯᠡᠭᠡ ᠶᠢᠨ ᠲᠥᠷᠥᠯ ᠵᠦᠢᠯ ᠢ 195 ᠬᠡᠷᠡᠭᠵᠢᠭᠦᠯᠪᠡ᠃ ᠴᠢᠩᠬᠤᠸᠠ ᠶᠡᠭᠡ ᠰᠤᠷᠭᠠᠭᠤᠯᠢ᠂ ᠪᠡᠭᠡᠵᠢᠩ ᠶᠡᠭᠡ ᠰᠤᠷᠭᠠᠭᠤᠯᠢ᠂ | ᠳᠤᠮᠳᠠᠳᠤ ᠤᠯᠤᠰ ᠤᠨ ᠠᠭᠤᠷᠬᠠᠢ ᠶᠢᠨ ᠦᠢᠯᠡᠰ ᠤᠨ ᠶᠡᠭᠡ ᠰᠤᠷᠭᠠᠭᠤᠯᠢ ᠵᠡᠷᠭᠡ ᠲᠠᠢ ᠭᠦᠨᠵᠡᠭᠡᠢ ᠬᠠᠮᠲᠤᠷᠠᠯᠴᠠᠭ᠎ᠠ ᠥᠷᠨᠢᠭᠦᠯᠵᠦ᠂ ᠪᠥᠬᠦ ᠣᠷᠣᠨ ᠤ ᠠᠩᠬᠠᠳᠠᠭᠴᠢ | ᠨᠡᠭᠦᠷᠡᠰᠦᠲᠥ᠋ᠷᠥᠭᠴᠢ ᠶᠢᠨ ᠲᠠᠪᠬᠤᠷ ᠢᠰᠦᠯ ᠤᠨ ᠭᠠᠳᠠᠭᠰᠢᠯᠠᠭᠤᠯᠤᠯ ᠢ ᠵᠦᠭᠰᠢᠷᠡᠬᠦᠯᠦᠨ ᠨᠠᠮᠳᠠᠭᠠᠬᠤ ᠰᠤᠳᠤᠯᠭᠠᠨ ᠤ ᠬᠦᠷᠢᠶᠡᠯᠡᠩ ᠢ ᠪᠠᠶᠢᠭᠤᠯᠵᠤ᠂ ᠥᠪᠡᠷᠲᠡᠭᠡᠨ | ᠵᠠᠰᠠᠬᠤ ᠣᠷᠣᠨ ᠤ ᠲᠠᠰ ᠤᠨ ᠠᠵᠤ ᠠᠬᠤᠶᠢᠯᠠᠯ ᠤᠨ ᠰᠤᠳᠤᠯᠤᠨ ᠨᠡᠭᠡᠭᠡᠬᠦ ᠲᠥᠪ ᠢ ᠰᠢᠨ᠎ᠡ ᠪᠠᠷ 33 ᠨᠡᠮᠡᠭᠳᠡᠭᠦᠯᠪᠡ᠃ ᠬᠡᠪᠴᠢᠶᠡᠵᠢᠯ ᠠᠴᠠ ᠲᠡᠭᠡᠭᠰᠢᠬᠢ ᠠᠵᠤ | ᠦᠢᠯᠡᠳᠪᠦᠷᠢ ᠶᠢᠨ ᠠᠵᠤ ᠠᠬᠤᠶᠢᠯᠠᠯ ᠤᠨ ︽ᠭᠤᠷᠪᠠ ᠶᠢ ᠦᠬᠡᠶᠢᠰᠬᠡᠬᠦ︾ ᠠᠵᠢᠯᠯᠠᠭ᠎ᠠ ᠶᠢ ᠬᠡᠷᠡᠭᠵᠢᠭᠦᠯᠵᠦ᠂ ︽ᠭᠤᠷᠪᠠ ᠶᠢ ᠦᠬᠡᠶᠢᠰᠬᠡᠬᠦ︾ ᠠᠵᠤ ᠠᠬᠤᠶᠢᠯᠠᠯ ᠢ | ᠰᠢᠨ᠎ᠡ ᠪᠠᠷ 40 ᠨᠡᠮᠡᠭᠳᠡᠭᠦᠯᠵᠦ᠂ ᠰᠢᠨ᠎ᠡ ᠪᠠᠷ ᠮᠠᠭᠠᠳᠯᠠᠨ ᠲᠤᠭᠳᠠᠭᠠᠭᠰᠠᠨ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ 72 ᠬᠦᠷᠴᠦ᠂ 28% ᠪᠠᠷ | ᠨᠡᠮᠡᠭᠳᠡᠵᠤ᠂ ᠰᠢᠨ᠎ᠡ ᠪᠠᠷ ᠬᠥᠮᠥᠷᠭᠡ ᠳᠤ ᠣᠷᠣᠭᠤᠯᠤᠭᠰᠠᠨ ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ ᠳᠤᠮᠳᠠ ᠵᠢᠵᠢᠭ ᠠᠵᠤ ᠠᠬᠤᠶᠢᠯᠠᠯ 170 ᠪᠠᠶᠢᠵᠤ᠂ | 53% ᠪᠠᠷ ᠨᠡᠮᠡᠭᠳᠡᠪᠡ᠃ ᠴᠢᠳᠠᠪᠤᠷᠢᠲᠠᠨ ᠤ ᠰᠢᠨ᠎ᠡ ᠲᠥᠷᠥ ᠶᠢᠨ ᠪᠣᠳᠣᠯᠭ᠎ᠠ ᠶᠢ 30 ᠵᠤᠷᠪᠤᠰ ᠲᠣᠭᠲᠠᠭᠠᠵᠤ᠂ ᠪᠠᠴᠢᠮ ᠱᠠᠭᠠᠷᠳᠠᠭᠳᠠᠵᠤ ᠪᠠᠶᠢᠭ᠎ᠠ ᠳᠡᠭᠡᠳᠦ | ᠲᠠᠰ ᠤᠨ ᠴᠢᠳᠠᠪᠤᠷᠢᠲᠠᠨ ᠢ 325 ᠣᠷᠣᠭᠤᠯᠤᠨ ᠠᠪᠴᠢᠷᠠᠵᠤ᠂ ᠳᠡᠭᠡᠳᠦ ᠲᠠᠰ ᠤᠨ ᠴᠢᠳᠠᠪᠤᠷᠢᠲᠠᠨ ᠤ ᠠᠴᠢᠶᠠᠯᠠᠪᠤᠷᠢ ᠶᠢᠨ ᠲᠥᠷᠥᠯ ᠵᠦᠢᠯ ᠢ 44 ᠬᠡᠷᠡᠭᠵᠢᠭᠦᠯᠵᠦ᠂ | ᠮᠠᠨ ᠤ ᠬᠤᠲᠠ ᠪᠥᠬᠦ ᠤᠯᠤᠰ ᠤᠨ ᠬᠠᠮᠤᠭ ᠠᠴᠠ ᠴᠢᠳᠠᠪᠤᠷᠢᠲᠠᠨ ᠢ ᠲᠠᠲᠠᠬᠤ ᠬᠦᠴᠦᠨ ᠲᠠᠢ ᠬᠤᠲᠠ ᠶᠢᠨ 50 ᠬᠦᠴᠦᠷᠬᠡᠭ ᠲᠤ ᠣᠷᠣᠪᠠ᠃ | ︵ᠳᠥᠷᠪᠡ︶ ᠠᠮᠢ ᠠᠬᠤᠢ ᠶᠢᠨ ᠣᠷᠴᠢᠨ ᠲᠣᠭᠤᠷᠢᠨ ᠤ ᠶᠠᠰᠤ ᠴᠢᠨᠠᠷ ᠢ ᠰᠢᠰᠲ᠋ᠧᠮ ᠲᠠᠢ ᠵᠠᠰᠠᠵᠤ ᠰᠠᠶᠢᠵᠢᠷᠠᠭᠤᠯᠪᠠ᠃ ᠭᠤᠣᠯ ᠮᠥᠷᠡᠨ ᠨᠠᠭᠤᠷ | ᠴᠥᠭᠦᠷᠥᠮ ᠤᠨ ᠳᠠᠷᠤᠭ᠎ᠠ ᠶᠢᠨ ᠳᠦᠷᠢᠮ ᠢ ᠪᠦᠷᠢᠨᠰᠢᠭᠦᠯᠵᠦ᠂ ᠤᠢ ᠶᠢᠨ ᠳᠠᠷᠤᠭ᠎ᠠ ᠶᠢᠨ ᠳᠦᠷᠢᠮ ᠢ ᠪᠠᠶᠢᠭᠤᠯᠵᠤ᠂ ᠲᠤᠰᠬᠠᠢ ᠰᠡᠳᠦᠪᠲᠦ ᠪᠣᠯᠪᠠᠰᠤᠷᠠᠯ ᠢ ᠵᠣᠬᠢᠶᠠᠨ | ᠪᠠᠶᠢᠭᠤᠯᠵᠤ᠂ ᠴᠢᠳᠠᠪᠤᠷᠢ ᠶᠢᠨ ᠳᠡᠭᠡᠭᠰᠢᠯᠡᠯᠲᠡ ᠶᠢ ᠴᠢᠩᠭᠠᠳᠬᠠᠵᠤ᠂ ︽ᠨᠡᠷᠡᠲᠠᠢ︾ ᠪᠠᠶᠢᠭᠰᠠᠨ ᠠᠴᠠ ᠪᠠᠨ ︽ᠪᠣᠳᠠᠲᠠᠢ︾ ︽ᠪᠦᠲᠦᠮᠵᠢᠲᠡᠢ︾ ᠪᠣᠯᠭᠠᠨ | ᠬᠤᠪᠢᠷᠠᠭᠤᠯᠬᠤ ᠶᠢ ᠪᠡᠶᠡᠯᠡᠭᠦᠯᠵᠦ᠂ ᠭᠤᠣᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠶᠢᠨ ᠳᠦᠷᠢᠮ ᠤᠨ ᠶᠡᠷᠦᠩᠬᠡᠶᠢᠯᠡᠭᠰᠡᠨ ᠰᠢᠯᠭᠠᠨ ᠦᠨᠡᠯᠡᠯᠲᠡ ᠳᠤ ᠭᠤᠷᠪᠠᠨ | ᠵᠢᠯ ᠳᠠᠷᠠᠭᠠᠯᠠᠨ ᠪᠦᠬᠦ ᠣᠷᠣᠨ ᠤ ᠨᠢᠭᠡᠳᠦᠭᠡᠷ ᠲᠤ ᠤᠷᠤᠪᠠ᠃ ᠬᠠᠲᠤᠨ ᠭᠤᠣᠯ ᠤᠨ ᠵᠠᠮ ᠤᠨ ᠬᠤᠯᠪᠣᠭᠳᠠᠯ ᠪᠦᠬᠦᠢ ᠠᠰᠠᠭᠤᠳᠠᠯ ᠢ ᠴᠡᠭᠴᠡᠯᠡᠨ ᠵᠠᠰᠠᠬᠤ ᠠᠵᠢᠯ ᠢ | ᠯᠠᠪᠳᠠᠭᠤᠨ ᠪᠠᠲᠤᠲᠠᠢ ᠥᠷᠨᠢᠭᠦᠯᠵᠦ᠂ ᠥᠨᠳᠥᠷ ᠢᠯᠭᠠᠮᠵᠢᠲᠤ ᠳᠠᠭᠠᠭᠤᠯᠢ ᠣᠲᠣ ᠶᠢᠨ ᠲᠥᠪ ᠢ ᠪᠠᠶᠢᠭᠤᠯᠤᠨ ᠠᠵᠢᠯᠯᠠᠭᠤᠯᠵᠤ᠂ ᠬᠠᠲᠤᠨ ᠭᠤᠣᠯ ᠤᠨ ᠲᠠᠩ | ᠭᠠᠵᠠᠷ ᠤᠨ ᠰᠠᠭᠤᠭᠠᠯᠢ ᠠᠷᠠᠳ ᠢ ᠨᠡᠭᠦᠯᠭᠡᠨ ᠪᠠᠶᠢᠭᠤᠯᠬᠤ ᠠᠵᠢᠯ ᠢ ᠡᠬᠢᠯᠡᠭᠦᠯᠵᠦ᠂ ᠵᠢᠵᠢᠭ ᠰᠠᠪᠠ ᠭᠠᠵᠠᠷ ᠢ ᠶᠡᠷᠦᠩᠬᠡᠶᠢᠯᠡᠨ ᠵᠠᠰᠠᠬᠤ ᠪᠠᠷᠢᠯᠭ᠎ᠠ ᠶᠢ 247 ᠲᠡᠭᠰᠢ | ᠳᠥᠷᠪᠡᠯᠵᠢᠨ ᠺᠢᠯᠣᠮᠧᠲᠷ ᠬᠡᠷᠡᠭᠵᠢᠭᠦᠯᠵᠦ᠂ ᠬᠥᠷᠥᠰᠥ ᠰᠢᠷᠣᠢ ᠶᠢᠨ ᠢᠳᠡᠭᠳᠡᠯ ᠢ ᠶᠡᠷᠦᠩᠬᠡᠶᠢᠯᠡᠨ ᠵᠠᠰᠠᠬᠤ ᠶᠢ 1000 ᠲᠡᠭᠰᠢ ᠳᠥᠷᠪᠡᠯᠵᠢᠨ ᠺᠢᠯᠣᠮᠧᠲᠷ | ᠪᠡᠶᠡᠯᠡᠭᠦᠯᠪᠡ᠃ 473 ᠲᠦᠮᠡᠨ ᠮᠦ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢ ᠬᠡᠷᠡᠭᠵᠢᠭᠦᠯᠵᠦ᠂ ᠨᠤᠲᠤᠭ ᠪᠡᠯᠴᠢᠭᠡᠷ ᠣᠶᠢᠲᠤ ᠭᠠᠵᠠᠷ ᠢ ᠡᠪᠳᠡᠭᠰᠡᠨ ᠬᠠᠤᠯᠢ | ᠲᠣᠭᠲᠠᠭᠠᠯ ᠠᠴᠠ ᠵᠥᠷᠢᠴᠡᠭᠰᠡᠨ 4825 ᠠᠰᠠᠭᠤᠳᠠᠯ ᠢ ᠪᠦᠬᠦᠨ ᠢ ᠴᠡᠭᠴᠡᠯᠡᠨ ᠰᠠᠶᠢᠵᠢᠷᠠᠭᠤᠯᠵᠤ᠂ ᠨᠠᠢᠮᠠᠳᠤᠭᠠᠷ ᠬᠤᠭᠤᠴᠠᠭᠠᠨ ᠤ ᠬᠥᠪᠴᠢ ᠶᠢᠨ ᠣᠯᠠᠨ | ᠤᠯᠤᠰ ᠤᠨ ᠡᠯᠡᠰᠦᠨ ᠴᠥᠯ ᠤᠨ ᠶᠠᠷᠢᠶᠠᠨ ᠤ ᠲᠠᠪᠴᠠᠩ ᠢ ᠠᠮᠵᠢᠯᠲᠠ ᠲᠠᠢ ᠡᠷᠭᠢᠯᠡᠪᠡ᠃ ᠪᠣᠬᠢᠷᠳᠤᠯ ᠦᠭᠡᠢ ᠠᠭᠤᠷᠬᠠᠢ ᠶᠢ ᠰᠢᠨ᠎ᠡ ᠪᠠᠷ 62 ᠪᠠᠶᠢᠭᠤᠯᠵᠤ᠂ ᠪᠥᠬᠦ | ᠣᠷᠣᠨ ᠤ ᠪᠣᠬᠢᠷᠳᠤᠯ ᠦᠭᠡᠢ ᠠᠭᠤᠷᠬᠠᠢ ᠶᠢᠨ ᠪᠦᠲᠦᠭᠡᠨ ᠪᠠᠶᠢᠭᠤᠯᠤᠯᠲᠠ ᠶᠢᠨ ᠲᠤᠬᠠᠢ ᠶᠢᠨ ᠲᠠᠯᠠᠪᠤᠷ ᠤᠨ ᠬᠤᠷᠠᠯ ᠢ ᠲᠡᠭᠦᠰ ᠠᠮᠵᠢᠯᠲᠠ ᠲᠠᠢ ᠲᠠᠭᠠᠭᠠᠴᠢᠯᠠᠨ | ᠡᠷᠬᠢᠯᠡᠪᠡ᠃ ᠠᠭᠠᠷ ᠮᠠᠨᠳᠠᠯ᠂ ᠤᠰᠤ᠂ ᠬᠥᠷᠥᠰᠥ ᠰᠢᠷᠣᠢ ᠶᠢᠨ ᠪᠣᠬᠢᠷᠳᠤᠯ ᠢ ᠰᠡᠷᠭᠡᠶᠢᠯᠡᠨ ᠵᠠᠰᠠᠬᠤ 1070 ᠵᠦᠢᠯ ᠤᠨ ᠡᠭᠦᠷᠭᠡ ᠶᠢ ᠬᠡᠷᠡᠭᠵᠢᠭᠦᠯᠵᠦ᠂ ᠤᠯᠤᠰ ᠤᠨ | ᠭᠠᠵᠠᠷ ᠳᠣᠣᠷᠠᠬᠢ ᠤᠰᠤᠨ ᠤ ᠪᠣᠬᠢᠷᠳᠤᠯ ᠢ ᠰᠡᠷᠭᠡᠶᠢᠯᠡᠨ ᠵᠠᠰᠠᠬᠤ ᠲᠤᠷᠰᠢᠯᠲᠠ ᠶᠢᠨ ᠣᠷᠣᠨ ᠢ ᠠᠮᠵᠢᠯᠲᠠ ᠲᠠᠢ ᠪᠠᠷ ᠮᠡᠳᠡᠭᠦᠯᠵᠦ᠂ ᠪᠣᠬᠢᠷᠲᠤᠭᠰᠠᠨ ᠭᠠᠵᠠᠷ᠂ ᠲᠠᠷᠢᠶᠠᠨ | ᠭᠠᠵᠠᠷ ᠢ ᠠᠮᠤᠷ ᠲᠦᠪᠰᠢᠨ ᠢᠶᠠᠷ ᠠᠰᠢᠭᠯᠠᠭᠰᠠᠨ ᠨᠣᠷᠮ᠎ᠠ ᠴᠥᠮ 100% ᠳᠤ ᠬᠦᠷᠪᠡ᠃ ᠡᠨᠧᠷᠭᠢ ᠶᠢᠨ ᠬᠤᠷᠣᠭᠳᠠᠯ ᠤᠨ ᠲᠥᠰᠥᠪ ᠤᠨ ᠬᠠᠮᠢᠶᠠᠷᠤᠯᠲᠠ ᠶᠢ ᠪᠥᠬᠦ | ᠲᠠᠯ᠎ᠠ ᠪᠠᠷ ᠬᠡᠷᠡᠭᠵᠢᠭᠦᠯᠵᠦ᠂ ᠲᠣᠭᠲᠠᠭᠠᠯ ᠠᠴᠠ ᠵᠥᠷᠢᠴᠡᠨ ᠪᠦᠲᠦᠭᠡᠨ ᠪᠠᠶᠢᠭᠤᠯᠤᠭᠰᠠᠨ ︽ᠬᠤᠶᠠᠷ ᠶᠡᠬᠡᠲᠠᠢ︾ ᠲᠥᠷᠥᠯ ᠵᠦᠢᠯ ᠢ 17 ᠢᠯᠭᠠᠷᠠᠭᠤᠯᠵᠤ᠂ | ᠡᠨᠧᠷᠭᠢ ᠶᠢᠨ ᠬᠤᠷᠣᠭᠳᠠᠯ ᠤᠨ ᠨᠡᠮᠡᠭᠳᠡᠯ ᠤᠨ ᠬᠡᠮᠵᠢᠶ᠎ᠡ᠂ ᠬᠦᠴᠦᠯᠡᠴᠡ ᠶᠢᠨ ᠲᠠᠯ᠎ᠠ ᠪᠠᠷ ︽ᠬᠤᠣᠰ ᠨᠣᠭᠤᠭᠠᠨ︾ ᠢ ᠪᠡᠶᠡᠯᠡᠭᠦᠯᠪᠡ᠃ | ︵ᠲᠠᠪᠤ︶ ᠵᠠᠩᠭᠢᠯᠠᠭ᠎ᠠ ᠶᠢ ᠴᠢᠩᠭ᠎ᠠ ᠠᠳᠬᠤᠵᠤ᠂ ᠥᠭᠡᠷᠡᠴᠢᠯᠡᠯᠲᠡ ᠨᠡᠭᠡᠭᠡᠯᠲᠡ ᠶᠢᠨ ᠬᠤᠷᠳᠤᠴᠠ ᠶᠢ ᠬᠦᠴᠦᠯᠡᠨ ᠠᠬᠢᠭᠤᠯᠪᠠ᠃ ︽ᠣᠷᠳᠣᠰ ᠬᠤᠲᠠ ᠶᠢᠨ | ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠳᠦᠷᠢᠮ︾ ᠢ ᠲᠣᠭᠲᠠᠭᠠᠵᠤ᠂ ︽ᠨᠢᠭᠡ ᠶᠠᠪᠤᠳᠠᠯ ᠢ ᠨᠢᠭᠡ ᠤᠳᠠᠭ᠎ᠠ ᠳᠤ ᠭᠦᠢᠴᠡᠳᠬᠡᠬᠦ︾ ︽ᠨᠢᠭᠡ ᠦᠨᠡᠮᠯᠡᠯ ︵ | ᠬᠡᠷᠡᠴᠢ︶ ᠢᠶᠠᠷ ᠨᠡᠪᠲᠡᠷᠡᠬᠦ︾ ᠥᠭᠡᠷᠡᠴᠢᠯᠡᠯᠲᠡ ᠶᠢ ᠪᠦᠬᠦ ᠤᠷᠤᠨ ᠳᠤ ᠡᠩ ᠲᠡᠷᠢᠬᠦᠨ ᠳᠤ ᠬᠡᠷᠡᠭᠵᠢᠬᠦᠯᠵᠤ᠂ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠲᠤ | ︽ᠣᠷᠣᠨ ᠪᠦᠰᠡ ᠶᠢᠨ ᠦᠨᠡᠯᠡᠨ ᠵᠢᠱᠢᠯᠲᠡ︾ ᠶᠢ ᠥᠷᠨᠢᠭᠦᠯᠵᠦ᠂ ᠠᠵᠤ ᠠᠬᠤᠶᠢᠯᠠᠯ ᠨᠡᠭᠡᠭᠡᠨ ᠡᠷᠭᠢᠯᠡᠬᠦ ᠶᠢ ︽ᠨᠢᠭᠡ ᠯᠡ ᠡᠳᠦᠷ ᠲᠤ ᠭᠦᠢᠴᠡᠳᠬᠡᠵᠦ | ᠳᠠᠭᠤᠰᠬᠠᠬᠤ︾᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠢ ᠶᠡᠷᠦᠩᠬᠡᠶᠢᠯᠡᠭᠰᠡᠨ ᠨᠢᠭᠡ ᠴᠤᠩᠬᠤᠪᠴᠢ ᠪᠠᠷ ᠭᠥᠯᠢᠶᠡᠨ ᠠᠪᠴᠤ ᠰᠢᠢᠳᠪᠦᠷᠢᠯᠡᠬᠦ ᠨᠣᠷᠮ᠎ᠠ | 99%᠂ ᠰᠦᠯᠵᠢᠶᠡᠨ ᠳᠡᠭᠡᠷ᠎ᠡ ᠭᠦᠢᠴᠡᠳᠬᠡᠵᠦ ᠪᠣᠯᠬᠤ ᠨᠣᠷᠮ᠎ᠠ 96% ᠬᠦᠷᠴᠦ᠂ ᠠᠯᠠᠭᠠᠨ ᠳᠡᠭᠡᠷ᠎ᠡ ᠪᠠᠨ ᠭᠦᠢᠴᠡᠳᠬᠡᠵᠦ ᠪᠣᠯᠬᠤ᠂ ᠪᠥᠬᠦ ᠬᠤᠲᠠ ᠳᠤ ᠨᠡᠶᠢᠳᠡᠮ | ᠭᠦᠢᠴᠡᠳᠬᠡᠵᠦ ᠪᠣᠯᠬᠤ᠂ ᠬᠥᠬᠡᠬᠤᠲᠠ ᠪᠤᠭᠤᠲᠤ ᠣᠷᠳᠣᠰ ᠦᠬᠠᠢ ᠬᠠᠷᠢᠯᠴᠠᠨ ᠭᠦᠢᠴᠡᠳᠬᠡᠵᠦ ᠬᠠᠷᠢᠯᠴᠠᠨ ᠮᠡᠳᠡᠷᠡᠬᠦ᠂ ᠮᠤᠵᠢ ᠠᠯᠤᠰᠯᠠᠨ ᠨᠡᠶᠢᠳᠡᠮ ᠭᠦᠢᠴᠡᠳᠬᠡᠬᠦ | ᠵᠦᠢᠯᠡᠰ ᠲᠣᠰ ᠲᠣᠰ 7095᠂ 345᠂ 205 ᠪᠠ 306 ᠬᠦᠷᠪᠡ᠃ ︽ᠣᠷᠳᠣᠰ ᠬᠤᠲᠠ ᠶᠢᠨ ᠠᠷᠠᠳ ᠠᠴᠠ ᠡᠵᠡᠩᠨᠡᠭᠰᠡᠨ ᠠᠵᠤ ᠠᠬᠤᠢ ᠶᠢ ᠠᠬᠢᠭᠤᠯᠬᠤ | ᠳᠦᠷᠢᠮ︾ ᠢ ᠨᠡᠶᠢᠲᠡᠯᠡᠵᠦ᠂ 142.9 ᠳ᠋ᠦᠩᠰᠢᠭᠤᠷ ᠲᠥᠭᠦᠷᠢᠭ ᠤᠨ ᠭᠠᠶᠢᠯᠢ ᠰᠦᠢᠳᠬᠡᠯ ᠢ ᠬᠠᠰᠤᠵᠤ ᠬᠡᠯᠲᠦᠷᠢᠭᠦᠯᠦᠨ᠂ ᠠᠷᠠᠳ ᠤᠨ ᠡᠵᠡᠩᠨᠡᠯᠲᠡ ᠶᠢᠨ ᠠᠵᠤ | ᠠᠬᠤᠶᠢᠯᠠᠯ ᠪᠠ ᠳᠤᠮᠳᠠ ᠵᠢᠵᠢᠭ ᠠᠵᠤ ᠠᠬᠤᠶᠢᠯᠠᠯ ᠳᠤ ᠥᠷᠢᠲᠦᠵᠦ ᠪᠠᠶᠢᠭ᠎ᠠ 18 ᠳ᠋ᠦᠩᠰᠢᠭᠤᠷ ᠲᠥᠭᠦᠷᠢᠭ ᠤᠨ ᠲᠠᠩᠰᠠᠨ ᠳᠠᠬᠢ ᠵᠣᠭᠤᠰ ᠢ ᠲᠥᠯᠥᠵᠦ | ᠳᠠᠭᠤᠰᠬᠠᠵᠤ᠂ ᠠᠷᠪᠠᠨ ᠵᠦᠢᠯ ᠤᠨ ᠮᠥᠩᠭᠦᠨ ᠬᠦᠢᠯᠬᠡᠬᠡ ᠪᠠᠷ ᠴᠢᠳᠠᠪᠤᠷᠢ ᠤᠯᠭᠤᠬᠤ ᠶᠢ ᠬᠡᠷᠡᠭᠵᠢᠬᠦᠯᠵᠤ᠂ 28.1 ᠳ᠋ᠦᠩᠰᠢᠭᠤᠷ ᠲᠥᠭᠦᠷᠢᠭ ᠤᠨ ᠵᠢᠭᠡᠯᠡᠯᠭᠡ | ᠲᠠᠯᠪᠢᠵᠤ᠂ 9.2 ᠳ᠋ᠦᠩᠰᠢᠭᠤᠷ ᠲᠥᠭᠦᠷᠢᠭ ᠤᠨ ᠪᠡᠯᠡᠨ ᠵᠣᠭᠤᠰ ᠰᠣᠯᠢᠵᠤ ᠦᠭᠬᠦ ᠶᠢ ᠭᠦᠢᠴᠡᠳᠬᠡᠵᠦ᠂ ᠪᠥᠬᠦ ᠬᠤᠲᠠ ᠶᠢᠨ ᠵᠢᠭᠡᠯᠡᠯᠭᠡ ᠶᠢᠨ ᠦᠯᠡᠳᠡᠪᠦᠷᠢ ᠲᠤᠭ᠎ᠠ | 2.7% ᠪᠠᠷ ᠨᠡᠮᠡᠭᠳᠡᠵᠤ᠂ ᠰᠢᠨ᠎ᠡ ᠪᠠᠷ ᠳᠠᠩᠰᠠᠯᠠᠭᠤᠯᠤᠭᠰᠠᠨ ᠵᠠᠬ᠎ᠠ ᠳᠡᠯᠭᠡᠭᠦᠷ ᠤᠨ ᠭᠤᠣᠯ ᠴᠣᠭᠴᠠ 3.9 ᠲᠦᠮᠡᠨ ᠡᠷᠦᠬᠡ ᠳᠤ ᠬᠦᠷᠴᠦ᠂ ᠠᠷᠠᠳ ᠤᠨ ᠪᠡᠯᠡ | ᠣᠷᠣᠭᠤᠯᠤᠯᠲᠠ 33.4 % ᠪᠠᠷ ᠨᠡᠮᠡᠭᠳᠡᠪᠡ᠃ ᠮᠠᠨ ᠤ ᠬᠤᠲᠠ ᠲᠦᠷᠦ ᠶᠢᠨ ᠶᠠᠪᠤᠳᠠᠯ ᠤᠨ ᠬᠤᠷᠢᠶᠠᠨ ᠤ ᠣᠯᠣᠰ ᠤᠨ ᠬᠢᠯᠢ ᠠᠯᠤᠰᠯᠠᠭᠰᠠᠨ ᠡᠯᠧᠺᠲᠷᠤᠨ | ᠬᠤᠳᠠᠯᠳᠤᠭᠠᠨ ᠤ ᠶᠠᠪᠤᠳᠠᠯ ᠤᠨ ᠶᠡᠷᠦᠩᠬᠡᠶᠢᠯᠡᠭᠰᠡᠨ ᠲᠤᠷᠰᠢᠯᠲᠠ ᠶᠢᠨ ᠲᠤᠭᠤᠷᠢᠭ ᠢ ᠪᠠᠶᠢᠭᠤᠯᠬᠤ ᠶᠢ ᠵᠦᠪᠰᠢᠶᠡᠷᠡᠭᠰᠡᠨ ᠴᠤᠬᠤᠯᠠᠪᠤᠷᠢ ᠶᠢ ᠤᠯᠵᠤ᠂ ᠠᠷᠪᠠᠨ | ᠵᠢᠷᠭᠤᠳᠤᠭᠠᠷ ᠬᠤᠭᠤᠴᠠᠭᠠᠨ ᠤ ᠣᠯᠠᠨ ᠤᠯᠤᠰ ᠤᠨ ᠨᠡᠭᠦᠷᠡᠰᠦ ᠵᠢᠴᠢ ᠡᠨᠧᠷᠭᠢ ᠶᠢᠨ ᠠᠵᠤ ᠦᠢᠯᠡᠳᠪᠦᠷᠢ ᠶᠢᠨ ᠦᠵᠡᠰᠬᠦᠯᠡᠩ᠂ ᠳᠥᠷᠪᠡᠳᠦᠭᠡᠷ ᠬᠤᠭᠤᠴᠠᠭᠠᠨ ᠤ | ᠣᠯᠠᠨ ᠤᠯᠤᠰ ᠤᠨ ᠢᠮᠠᠭᠠᠨ ᠨᠣᠯᠤᠥᠷ ᠨᠣᠣᠰᠣᠨ ᠤ ᠦᠵᠡᠰᠬᠦᠯᠡᠩ ᠢ ᠠᠮᠵᠢᠯᠲᠠ ᠲᠠᠢ ᠡᠷᠭᠢᠯᠡᠵᠦ᠂ ᠣᠷᠳᠣᠰ ᠠᠴᠠ ᠮᠣᠰᠺᠸᠠ ᠬᠦᠷᠬᠦ ᠳᠤᠮᠳᠠᠳᠤ ᠡᠸᠦ᠋ᠷᠦᠫᠡ ᠶᠢᠨ | ᠡᠭᠡᠯᠵᠢ ᠶᠢᠨ ᠭᠠᠯᠲᠤ ᠲᠡᠷᠭᠡ ᠶᠢ ᠨᠠᠪᠲᠠᠷᠡᠭᠦᠯᠵᠦ᠂ ᠪᠥᠬᠦ ᠬᠤᠲᠠ ᠶᠢᠨ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠭᠰᠠᠨ ᠪᠥᠬᠦ ᠲᠤᠭ᠎ᠠ 94.1% | ᠨᠡᠮᠡᠭᠳᠡᠪᠡ᠃ | ︵ᠵᠢᠷᠭᠤᠭ᠎ᠠ︶ ᠬᠤᠲᠠ ᠬᠥᠳᠡᠭᠡ ᠶᠢᠨ ᠬᠤᠣᠰ ᠴᠢᠭᠯᠡᠯ ᠢᠶᠠᠷ ᠠᠭᠤᠰᠤᠯᠴᠠᠬᠤ ᠶᠢ ᠨᠢᠭᠡᠳᠦᠯᠲᠡᠢ ᠲᠥᠯᠥᠪᠯᠡᠨ ᠵᠣᠬᠢᠴᠠᠭᠤᠯᠵᠤ ᠲᠦᠷᠭᠡᠳᠭᠡᠪᠡ᠃ 32.8 | ᠲᠦᠮᠡᠨ ᠮᠦ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ ᠪᠦᠲᠦᠭᠡᠨ ᠪᠠᠶᠢᠭᠤᠯᠵᠤ᠂ ᠠᠮᠤ ᠪᠤᠳᠠᠭᠠᠨ ᠤ ᠤᠨᠠᠯᠲᠠ 40 ᠳ᠋ᠦᠩᠰᠢᠭᠤᠷ ᠵᠢᠩ ᠢ ᠳᠠᠪᠠᠵᠤ᠂ | ᠬᠤᠲᠠ ᠶᠢᠨ ᠲᠠᠰ ᠤᠨ ᠲᠠᠭᠠᠭᠤᠯᠤᠭᠴᠢ ᠠᠵᠤ ᠠᠬᠤᠶᠢᠯᠠᠯ ᠪᠠ ᠬᠤᠯᠪᠣᠭᠠᠲᠤ ᠴᠣᠭᠴᠠ ᠶᠢ ᠰᠢᠨ᠎ᠡ ᠪᠠᠷ 38᠂ ᠮᠠᠯᠴᠢᠨ ᠲᠠᠷᠢᠶᠠᠴᠢᠨ ᠤ ᠲᠤᠰᠬᠠᠢ ᠬᠤᠷᠰᠢᠶ᠎ᠠ ᠶᠢ | ᠰᠢᠨ᠎ᠡ ᠪᠠᠷ 659 ᠨᠡᠮᠡᠭᠳᠡᠬᠦᠯᠵᠤ᠂ 49 ᠲᠣᠰᠬᠤᠨ ᠪᠠᠯᠭᠠᠰᠤ ᠥᠪᠡᠷᠲᠡᠭᠡᠨ ᠵᠠᠰᠠᠬᠤ ᠣᠷᠣᠨ ᠤ ᠲᠠᠰ ᠤᠨ︽ᠨᠢᠭᠡ ᠲᠣᠰᠬᠤᠨ ᠨᠢᠭᠡ ᠦᠢᠯᠡᠳᠬᠦᠨ︾ ᠤ ᠵᠢᠱᠢᠶ᠎ᠡ | ᠦᠵᠡᠭᠦᠯᠬᠦ ᠲᠣᠰᠬᠤᠨ ᠪᠠᠯᠭᠠᠰᠤ ᠳᠤ ᠰᠣᠩᠭᠤᠭᠳᠠᠨ ᠣᠷᠣᠵᠤ᠂ ᠣᠲᠤᠭ ᠬᠤᠰᠢᠭᠤ ᠪᠥᠬᠦ ᠤᠯᠤᠰ ᠤᠨ ᠲᠠᠷᠢᠶᠠᠯᠠᠩ ᠤᠨ ᠣᠳᠣᠬᠢᠴᠢᠯᠠᠯᠲᠠ ᠶᠢᠨ ᠵᠢᠱᠢᠶ᠎ᠡ | ᠦᠵᠡᠭᠦᠯᠬᠦ ᠣᠷᠣᠨ ᠢ ᠡᠭᠦᠳᠦᠨ ᠪᠠᠶᠢᠭᠤᠯᠬᠤ ᠪᠠᠷ ᠵᠥᠪᠰᠢᠶᠡᠷᠡᠭᠳᠡᠵᠦ᠂ ᠣᠷᠳᠣᠰ ᠤᠨ ᠤᠯᠤᠰ ᠤᠨ ᠲᠠᠷᠢᠶᠠᠯᠠᠩ ᠮᠠᠯ ᠠᠵᠤ ᠠᠬᠤᠢ ᠶᠢᠨ ᠰᠢᠨᠵᠢᠯᠡᠬᠦ ᠤᠬᠠᠭᠠᠨ | ᠮᠡᠷᠭᠡᠵᠢᠯ ᠤᠨ ᠬᠦᠷᠢᠶᠡᠯᠡᠩ ᠲᠣᠭᠤᠷᠢᠭ ᠰᠢᠨᠵᠢᠯᠡᠬᠦ ᠤᠬᠠᠭᠠᠨ ᠮᠡᠷᠭᠡᠵᠢᠯ ᠤᠨ ᠶᠠᠮᠤᠨ ᠤ ᠶᠡᠷᠦᠩᠬᠡᠶᠢᠯᠡᠭᠰᠡᠨ ᠦᠨᠡᠯᠡᠨ ᠵᠢᠱᠢᠯᠲᠡ ᠶᠢ ᠲᠠᠮᠵᠢᠪᠠ᠃ ︽ᠲᠦᠮᠡᠨ ᠠᠵᠤ | ᠠᠬᠤᠶᠢᠯᠠᠯ ᠲᠦᠮᠡᠨ ᠭᠠᠴᠠᠭ᠎ᠠ ᠲᠣᠰᠬᠤᠨ ᠢ ᠬᠥᠭᠵᠢᠭᠦᠯᠦᠨ ᠮᠠᠨᠳᠤᠭᠤᠯᠬᠤ︾ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠬᠦ | ᠠᠵᠢᠯᠯᠠᠭ᠎ᠠ ᠶᠢ ᠡᠬᠢᠯᠡᠭᠦᠯᠵᠦ᠂ 735 ᠭᠠᠴᠠᠭ᠎ᠠ ᠲᠣᠰᠬᠤᠨ ᠤ ᠬᠠᠮᠲᠤ ᠶᠢᠨ ᠠᠵᠤ ᠠᠬᠤᠢ ᠶᠢᠨ ᠡᠵᠡᠩᠨᠡᠯᠲᠡ ᠶᠢᠨ ᠴᠢᠨᠠᠷᠲᠠᠢ ᠣᠷᠣᠯᠭ᠎ᠠ ᠴᠦᠮ 10 ᠲᠦᠮᠡᠨ | ᠲᠥᠭᠦᠷᠢᠭ ᠢ ᠳᠠᠪᠠᠵᠤ᠂ ︽ᠠᠵᠤ ᠠᠬᠤᠶᠢᠯᠠᠯ ᠪᠠ ᠭᠠᠵᠠᠷ ᠣᠷᠣᠨ ᠬᠦᠴᠦ ᠪᠠᠨ ᠬᠠᠮᠲᠤᠳᠬᠠᠨ ᠬᠡᠷᠡᠭᠯᠡᠭᠡ ᠶᠢ ᠬᠠᠪᠰᠤᠷᠤᠨ ᠲᠡᠳᠬᠦᠬᠦ ᠶᠢ ᠠᠬᠢᠭᠤᠯᠬᠤ︾ | ᠠᠵᠢᠯᠯᠠᠭ᠎ᠠ ᠪᠥᠬᠦ ᠤᠯᠤᠰ ᠤᠨ ᠰᠢᠯᠢᠳᠡᠭ ᠨᠡᠶᠢᠲᠡᠯᠢᠭ ᠬᠡᠷᠡᠭ ᠤᠨ ᠵᠢᠱᠢᠶ᠎ᠡ ᠪᠠᠷ ᠦᠨᠡᠯᠡᠭᠳᠡᠪᠡ᠃ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠶᠢ ᠢᠳᠡᠪᠬᠢᠲᠡᠢ | ᠥᠷᠨᠢᠭᠦᠯᠵᠦ᠂ 7703 ᠡᠷᠦᠬᠡ ᠶᠢᠨ ᠵᠣᠷᠯᠣᠩ ᠢ ᠴᠡᠭᠴᠡᠯᠡᠨ ᠦᠬᠡᠷᠡᠴᠢᠯᠡᠵᠤ᠂ ᠬᠤᠭ ᠨᠣᠪᠰᠢ ᠪᠣᠬᠢᠷ ᠤᠰᠤ ᠶᠢ ᠵᠠᠰᠠᠬᠤ ᠶᠢ ᠨᠢᠭᠡᠳᠦᠯᠲᠡᠢ ᠲᠥᠯᠥᠪᠯᠡᠨ ᠰᠠᠶᠢᠲᠤᠷ | ᠠᠳᠬᠤᠵᠤ᠂ ᠮᠠᠨ ᠤ ᠬᠤᠲᠠ ᠪᠥᠬᠦ ᠤᠯᠤᠰ ᠤᠨ ᠠᠩᠬᠠᠳᠠᠭᠴᠢ ᠪᠦᠯᠦᠭ ︽ᠳᠥᠷᠪᠡᠨ ᠰᠠᠶᠢᠨᠲᠠᠢ ᠬᠥᠳᠡᠭᠡ ᠲᠣᠰᠬᠤᠨ ᠤ ᠵᠠᠮ︾ ᠤᠨ ᠵᠢᠱᠢᠶ᠎ᠡ ᠦᠵᠡᠭᠦᠯᠬᠦ | ᠬᠤᠲᠠ ᠪᠠᠷ ᠦᠨᠡᠯᠡᠭᠳᠡᠪᠡ᠃ ᠬᠤᠳᠠ ᠶᠢᠨ ᠶᠠᠪᠤᠳᠠᠯ ᠤᠨ 128 ᠵᠦᠢᠯ ᠤᠨ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢᠨ ᠲᠦᠷᠦᠯ ᠵᠦᠢᠯ ᠢ | ᠬᠡᠷᠡᠭᠵᠢᠭᠦᠯᠵᠦ᠂ 72 ᠬᠠᠭᠤᠴᠢᠨ ᠵᠢᠵᠢᠭ ᠲᠣᠭᠤᠷᠢᠭ᠂ 5553 ᠡᠷᠤᠭᠡ ᠶᠢ ᠥᠭᠡᠷᠡᠴᠢᠯᠡᠨ ᠵᠠᠰᠠᠵᠤ᠂ ᠲᠦᠬᠦᠮ ᠪᠦᠷᠭᠡ ᠣᠷᠣᠨ ᠰᠠᠭᠤᠴᠠ ᠶᠢᠨ ᠲᠣᠭᠤᠷᠢᠭ ᠢ | ᠥᠭᠡᠷᠡᠴᠢᠯᠡᠨ ᠵᠠᠰᠠᠬᠤ ᠠᠵᠢᠯ ᠢ 1674 ᠢᠵᠢ ᠡᠬᠢᠯᠡᠭᠦᠯᠵᠦ᠂ ᠭᠡᠷ ᠪᠠᠶᠢᠰᠢᠩ ᠭᠠᠵᠠᠷ ᠬᠥᠷᠥᠩᠭᠡ ᠶᠢᠨ ᠲᠡᠦᠬᠡᠨ ᠠᠴᠠ ᠦᠯᠡᠳᠡᠭᠳᠡᠵᠦ ᠢᠷᠡᠭᠰᠡᠨ ᠠᠰᠠᠭᠤᠳᠠᠯ ᠢ | ᠰᠢᠢᠳᠪᠦᠷᠢᠯᠡᠭᠰᠡᠨ ᠨᠤᠷᠮ᠎ᠠ 99% ᠰᠢᠬᠠᠮ ᠳᠤ ᠬᠦᠷᠪᠡ᠃ ᠠᠩᠬᠠᠳᠤᠭᠠᠷ ᠬᠤᠭᠤᠴᠠᠭᠠᠨ ᠤ ᠳᠤᠮᠳᠠᠳᠤ ᠤᠯᠤᠰ ᠤᠨ ᠰᠠᠯᠪᠤᠷᠢ ᠱᠤᠭᠤᠮ ᠤᠨ ᠠᠭᠠᠷ ᠤᠨ | ᠠᠶᠠᠯᠠᠯ ᠤᠨ ᠬᠥᠭᠵᠢᠯᠲᠡ ᠶᠢᠨ ᠲᠦᠷᠦᠬᠦᠴᠦᠳ ᠤᠨ ᠬᠤᠷᠠᠯ ᠢ ᠡᠷᠬᠢᠯᠡᠨ ᠬᠤᠷᠠᠯᠳᠤᠭᠤᠯᠪᠠ᠃ ᠤᠯᠠᠭᠠᠨᠮᠥᠷᠡᠨ ᠭᠤᠣᠯ ᠤᠨ ᠭᠤᠷᠪᠠᠳᠤᠭᠠᠷ ᠨᠣᠮᠧᠷᠲᠤ ᠬᠥᠭᠦᠷᠭᠡ ᠶᠢ | ᠪᠠᠶᠢᠭᠤᠯᠤᠨ ᠨᠠᠪᠲᠠᠷᠡᠭᠦᠯᠵᠦ᠂ ᠣᠷᠳᠣᠰ ᠠᠴᠠ ᠰᠢ ᠠᠨ ᠬᠦᠷᠬᠦ ᠣᠯᠠᠨ ᠬᠥᠳᠡᠯᠭᠡᠭᠦᠷᠲᠦ ᠴᠤᠪᠤᠭ᠎ᠠ ᠲᠡᠷᠭᠡ ᠶᠢ ᠨᠡᠪᠲᠡᠷᠡᠬᠦᠯᠵᠤ᠂ ᠪᠤᠭᠤᠲᠤ ᠠᠴᠠ ᠮᠣᠣ ᠮᠢᠩ ᠬᠦᠷᠬᠦ | ᠲᠡᠭᠡᠳᠦ ᠬᠤᠷᠳᠤᠴᠠᠲᠤ ᠵᠠᠰᠠᠮᠠᠯ ᠵᠠᠮ ᠤᠨ ︽ᠲᠦᠷᠪᠡᠨ ᠲᠡᠷᠭᠡᠨ ᠵᠠᠮ ᠢ ᠨᠠᠢᠮᠠᠨ ᠲᠡᠷᠭᠡᠨ ᠵᠠᠮ ᠪᠣᠯᠭᠠᠨ ᠥᠭᠡᠷᠡᠴᠢᠯᠡᠬᠦ︾ ᠭᠤᠣᠯ ᠱᠤᠭᠤᠮ ᠢ ᠪᠥᠬᠦ ᠱᠤᠭᠤᠮ ᠢᠶᠠᠷ | ᠨᠠᠪᠲᠠᠷᠡᠭᠦᠯᠵᠦ᠂ ᠬᠢᠯᠢ ᠶᠢᠨ ᠳᠣᠲᠣᠷᠠᠬᠢ ᠤᠯᠤᠰ ᠤᠨ ᠵᠠᠮ ᠤᠨ 242 ᠱᠤᠭᠤᠮ ᠢ ᠪᠥᠬᠦ ᠱᠤᠭᠤᠮ ᠢᠶᠠᠷ ᠨᠡᠪᠳᠡᠷᠡᠬᠦᠯᠵᠤ᠂ ᠪᠥᠬᠦ ᠤᠯᠤᠰ ᠤᠨ ᠠᠩᠬᠠᠳᠠᠭᠴᠢ | ᠪᠦᠯᠦᠭ ᠪᠣᠬᠢᠷᠳᠤᠯ ᠦᠭᠡᠢ ᠪᠠᠷᠠᠭᠠᠨ ᠤ ᠲᠡᠭᠡᠭᠡᠪᠦᠷᠢ ᠶᠢᠨ ᠲᠣᠬᠢᠷᠠᠭᠤᠯᠤᠨ ᠬᠦᠷᠭᠡᠬᠦ ᠵᠢᠱᠢᠶ᠎ᠡ ᠦᠵᠡᠭᠦᠯᠬᠦ ᠬᠤᠲᠠ ᠪᠤᠯᠪᠠ᠃ ᠬᠤᠲᠠ ᠶᠢᠨ ᠭᠤᠤᠯᠳᠠᠯᠭᠠᠲᠤ | ᠲᠣᠭᠤᠷᠢᠭ ᠪᠠ ᠬᠤᠰᠢᠭᠤ ᠵᠠᠰᠠᠭ ᠤᠨ ᠤᠷᠳᠤᠨ ᠤ ᠪᠠᠶᠢᠭ᠎ᠠ ᠭᠠᠵᠠᠷ ᠲᠤ 5G ᠰᠦᠯᠵᠢᠶ᠎ᠡ ᠶᠢ ᠨᠡᠶᠢᠳᠡᠮ ᠪᠦᠷᠬᠦᠭᠦᠯᠬᠦ ᠶᠢ ᠪᠡᠶᠡᠯᠡᠬᠦᠯᠪᠡ᠃ ᠮᠠᠨ ᠤ ᠬᠤᠲᠠ ᠪᠦᠬᠦ | ᠤᠯᠤᠰ ᠤᠨ ᠪᠣᠯᠪᠠᠰᠤᠨ ᠤ ᠬᠡᠪ ᠳᠠᠭᠤᠷᠢᠶᠠᠯ ᠤᠨ ᠬᠤᠲᠠ ᠶᠢᠨ ᠲᠤᠷᠰᠢᠯᠲᠠ ᠶᠢᠨ ᠴᠡᠭ ᠢᠶᠠᠷ ᠲᠣᠭᠲᠠᠭᠠᠭᠳᠠᠪᠠ᠃ | ︵ᠳᠣᠯᠤᠭ᠎ᠠ︶ ᠠᠷᠠᠳ ᠲᠤ ᠠᠰᠢᠭ ᠬᠦᠷᠲᠡᠭᠡᠵᠦ ᠠᠷᠠᠳ ᠢ ᠠᠮᠤᠷᠵᠢᠭᠤᠯᠬᠤ ᠪᠣᠳᠠᠲᠤ ᠶᠠᠪᠤᠳᠠᠯ ᠢ ᠦᠨᠡᠨ ᠰᠡᠳᠬᠢᠯ ᠠᠴᠠ ᠪᠠᠨ ᠰᠠᠶᠢᠲᠤᠷ ᠬᠢᠪᠡ᠃ ᠡᠳ᠋ ᠤᠨ | ᠵᠠᠰᠠᠭ ᠠᠴᠠ ᠠᠷᠠᠳ ᠤᠨ ᠠᠮᠢᠳᠤᠷᠠᠯ ᠤᠨ ᠬᠡᠷᠡᠭᠯᠡᠭᠡ ᠳᠤ 522.1 ᠳ᠋ᠦᠩᠰᠢᠭᠤᠷ ᠲᠥᠭᠦᠷᠢᠭ ᠵᠠᠷᠤᠴᠠᠭᠤᠯᠵᠤ᠂ 17.9% ᠪᠠᠷ ᠨᠡᠮᠡᠭᠳᠡᠪᠡ᠃ ᠬᠤᠳᠠ | ᠬᠥᠳᠡᠭᠡ ᠶᠢᠨ ᠰᠠᠭᠤᠭᠠᠯᠢ ᠠᠷᠠᠳ ᠤᠨ ᠬᠥᠮᠥᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠲᠤᠰ ᠲᠤᠰ 53676 ᠲᠥᠭᠦᠷᠢᠭ ᠪᠠ 23583 ᠲᠥᠭᠦᠷᠢᠭ ᠲᠤ | ᠬᠦᠷᠴᠦ᠂ 6.7% ᠪᠠ 9.3% ᠪᠠᠷ ᠨᠡᠮᠡᠭᠳᠡᠪᠡ᠃ ᠬᠦᠴᠢᠷᠳᠡᠯ ᠲᠠᠢ ᠠᠵᠤ ᠠᠬᠤᠶᠢᠯᠠᠯ ᠳᠤ ᠠᠵᠤ ᠠᠬᠤᠶᠢᠯᠠᠯ ᠢ ᠲᠤᠰᠠᠯᠠᠨ ᠠᠵᠢᠯ ᠤᠨ ᠪᠠᠶᠢᠷᠢ ᠶᠢ | ᠲᠣᠭᠲᠠᠪᠤᠷᠢᠵᠢᠭᠤᠯᠬᠤ ᠨᠥᠬᠦᠪᠦᠷᠢ ᠶᠢ 2.1 ᠳ᠋ᠦᠩᠰᠢᠭᠤᠷ ᠲᠥᠭᠦᠷᠢᠭ᠂ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢ ᠳᠡᠭᠡᠭᠰᠢᠯᠡᠭᠦᠯᠬᠦ ᠨᠥᠬᠦᠪᠦᠷᠢ ᠶᠢ 1.9 | ᠳ᠋ᠦᠩᠰᠢᠭᠤᠷ ᠲᠥᠭᠦᠷᠢᠭ ᠲᠠᠷᠬᠠᠭᠠᠵᠤ᠂ ᠬᠤᠳᠠ ᠪᠠᠯᠭᠠᠰᠤᠨ ᠤ 2 ᠲᠦᠮᠡᠨ ᠬᠥᠮᠥᠨ ᠳᠤ ᠰᠢᠨ᠎ᠡ ᠪᠠᠷ ᠠᠵᠢᠯ ᠣᠯᠭᠤᠪᠠ᠃ ᠬᠤᠳᠠ ᠬᠥᠳᠡᠭᠡ ᠶᠢᠨ ᠨᠠᠭᠠᠲᠤ | ᠵᠠᠬ᠎ᠠ ᠶᠢᠨ ᠪᠠᠲᠤᠯᠠᠭ᠎ᠠ ᠶᠢᠨ ᠪᠠᠷᠢᠮᠵᠢᠶ᠎ᠠ ᠶᠢ ᠲᠤᠰ ᠲᠤᠰ 6.3% ᠪᠠ 7.1% ᠪᠠᠷ ᠳᠡᠭᠡᠭᠰᠢᠯᠡᠭᠦᠯᠪᠡ᠃ ᠴᠠᠯᠢᠩ ᠤᠨ ᠦᠷᠢᠳᠦᠯ ᠢ ᠦᠨᠳᠦᠰᠦᠨ ᠠᠴᠠ ᠨᠢ | ᠵᠠᠰᠠᠬᠤ ︽ᠵᠠᠭᠤᠨ ᠡᠳᠦᠷ ᠤᠨ ᠪᠤᠭᠤᠮᠲᠠ ᠰᠢᠪᠲᠤᠯᠬᠤ︾ ᠠᠵᠢᠯ ᠢ ᠥᠷᠨᠢᠭᠦᠯᠵᠦ᠂ ᠬᠥᠯᠥᠰᠦᠨ ᠠᠵᠢᠯᠴᠢᠨ ᠤ ᠴᠠᠯᠢᠩ ᠤᠨ ᠦᠷᠢᠳᠦᠯ ᠤᠨ ᠠᠰᠠᠭᠤᠳᠠᠯ ᠢ | ᠬᠥᠳᠡᠯᠦᠩᠭᠦᠢ ᠪᠠᠷ ᠦᠭᠡᠶᠢᠰᠬᠡᠪᠡ᠃ ᠳᠤᠮᠳᠠᠳᠤ ᠪᠠᠭ᠎ᠠ ᠰᠤᠷᠭᠠᠭᠤᠯᠢ ᠬᠡᠦᠬᠡᠳ ᠤᠨ ᠴᠡᠴᠡᠷᠯᠢᠭ ᠢ ᠰᠢᠨ᠎ᠡ ᠪᠠᠷ 26 ᠪᠠᠶᠢᠭᠤᠯᠤᠭᠰᠠᠨ ᠪᠤᠶᠤ ᠥᠭᠡᠷᠡᠴᠢᠯᠡᠵᠦ | ᠥᠷᠭᠡᠳᠬᠡᠨ ᠪᠠᠶᠢᠭᠤᠯᠵᠤ᠂ ᠲᠦᠭᠡᠮᠡᠯ ᠬᠠᠷᠠᠭᠠᠯᠵᠠᠯ ᠤᠨ ᠴᠢᠨᠠᠷᠲᠠᠢ ᠠᠷᠠᠳ ᠠᠴᠠ ᠡᠷᠬᠢᠯᠡᠭᠰᠡᠨ ᠬᠡᠦᠬᠡᠳ ᠤᠨ ᠴᠡᠴᠡᠷᠯᠢᠭ ᠢ ᠰᠢᠨ᠎ᠡ ᠪᠠᠷ 6 ᠨᠡᠮᠡᠭᠳᠡᠬᠦᠯᠵᠤ᠂ ︽ | ᠬᠤᠶᠠᠷ ᠢ ᠬᠦᠩᠭᠡᠷᠡᠬᠦᠯᠬᠦ︾ ᠠᠵᠢᠯ ᠢ ᠯᠠᠪᠳᠠᠭᠤᠨ ᠪᠠᠲᠤᠲᠠᠢ ᠥᠷᠨᠢᠭᠦᠯᠵᠦ᠂ ᠰᠤᠷᠭᠠᠭᠤᠯᠢ ᠶᠢᠨ ᠭᠠᠳᠠᠨᠠᠬᠢ 397 ᠪᠣᠯᠪᠠᠰᠤᠷᠠᠭᠤᠯᠤᠯ ᠤᠨ ᠪᠠᠶᠢᠭᠤᠯᠤᠮᠵᠢ ᠶᠢ | ᠰᠢᠨᠵᠢᠯᠡᠭᠡᠨ ᠤ ᠰᠠᠯᠠᠭ᠎ᠠ ᠶᠢᠨ ᠲᠦᠷᠦᠯ ᠤᠨ ᠪᠣᠯᠪᠠᠰᠤᠷᠠᠭᠤᠯᠤᠯ ᠠᠴᠠ ᠭᠠᠷᠭᠠᠪᠠ᠃ ᠬᠤᠲᠠ ᠶᠢᠨ ᠱᠠᠲᠤᠨ ᠤ ᠪᠡᠶ᠎ᠡ ᠶᠢᠨ ᠲᠠᠮᠢᠷ ᠤᠨ ᠬᠥᠳᠡᠯᠭᠡᠭᠡᠨ ᠤ ᠡᠷᠡᠭᠦᠯ | ᠮᠡᠨᠳᠦ ᠶᠢᠨ ᠬᠠᠮᠢᠶᠠᠷᠤᠯᠲᠠ ᠶᠢᠨ ᠲᠥᠪ ᠢ ᠪᠠᠶᠢᠭᠤᠯᠵᠤ᠂ ᠣᠯᠠᠨ ᠲᠦᠮᠡᠨ ᠤ ᠰᠣᠶᠣᠯ ᠤᠨ ᠠᠵᠢᠯᠯᠠᠭ᠎ᠠ ᠶᠢ 3000 ᠭᠠᠷᠤᠢ ᠲᠠᠯᠠᠪᠤᠷ ᠤᠳᠠᠭ᠎ᠠ ᠡᠷᠭᠢᠯᠡᠪᠡ᠃ ᠪᠦᠦ | ᠯᠢ ᠵᠦᠴᠦᠭᠡ ᠶᠢᠨ ᠬᠦᠷᠢᠶᠡᠯᠡᠩ ᠢ ᠣᠷᠣᠭᠤᠯᠤᠨ ᠣᠷᠳᠣᠰ ᠲᠣᠮᠣ ᠵᠦᠴᠦᠭᠡ ᠶᠢᠨ ᠬᠦᠷᠢᠶᠡᠯᠡᠩ ᠢ ᠡᠵᠡᠩᠨᠡᠬᠦᠯᠵᠤ᠂ ᠬᠤᠳᠠ ᠶᠢᠨ ᠣᠯᠠᠨ ᠲᠦᠮᠡᠨ ᠳᠤ ᠭᠡᠷ ᠤᠨ | ᠡᠬᠦᠳᠡᠨ ᠲᠡᠭᠡᠷ᠎ᠡ ᠨᠢ ᠲᠡᠷᠢᠭᠦᠨ ᠵᠡᠷᠭᠡ ᠶᠢᠨ ᠲᠣᠭᠯᠠᠯᠲᠠ ᠶᠢ ᠰᠣᠨᠢᠷᠬᠠᠭᠤᠯᠪᠠ᠃ 555 ᠪᠠᠷᠢᠮᠵᠢᠶᠠᠵᠢᠭᠰᠠᠨ ᠲᠣᠰᠬᠤᠨ ᠤ ᠡᠷᠡᠭᠦᠯ ᠬᠠᠮᠠᠭᠠᠯᠠᠯ ᠤᠨ ᠲᠠᠰᠤᠭ ᠤᠨ | ᠪᠦᠲᠦᠭᠡᠨ ᠪᠠᠶᠢᠭᠤᠯᠤᠯᠲᠠ ᠶᠢ ᠪᠡᠶᠡᠯᠡᠭᠦᠯᠵᠦ᠂ ᠬᠤᠲᠠ ᠶᠢᠨ ᠬᠢᠲᠠᠳ ᠡᠮᠨᠡᠯᠭᠡ ᠶᠢᠨ ᠬᠤᠷᠢᠶ᠎ᠠ᠂ ᠮᠣᠩᠭᠤᠯ ᠡᠮᠨᠡᠯᠭᠡ ᠶᠢᠨ ᠬᠤᠷᠢᠶ᠎ᠠ ᠲᠡᠰ ᠲᠡᠪᠰᠢᠨ ᠭᠤᠷᠪᠠᠨ ᠬᠥᠬᠡ | ᠲᠡᠰ ᠤᠨ ᠡᠮᠨᠡᠯᠭᠡ ᠶᠢᠨ ᠬᠤᠷᠢᠶ᠎ᠠ ᠪᠤᠯᠵᠤ᠂ ᠮᠠᠨ ᠤ ᠬᠤᠲᠠ ᠵᠠᠯᠭᠠᠭ᠎ᠠ ᠪᠠᠷ ᠭᠤᠷᠪᠠᠨ ᠬᠤᠭᠤᠴᠠᠭ᠎ᠠ ᠤᠯᠤᠰ ᠤᠨ ᠡᠷᠡᠭᠦᠯ ᠬᠠᠮᠠᠭᠠᠯᠠᠯ ᠤᠨ ᠬᠤᠲᠠ ᠪᠠᠷ ᠦᠨᠡᠯᠡᠭᠳᠡᠪᠡ | ᠃ ᠪᠥᠬᠦ ᠬᠤᠲᠠ ᠶᠢᠨ ᠨᠢᠭᠡ ᠴᠣᠭᠴᠠᠵᠢᠭᠰᠠᠨ ᠣᠶᠤᠨᠲᠤ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠠᠪᠴᠠᠩ ᠢ ᠪᠠᠶᠢᠭᠤᠯᠵᠤ᠂ ᠬᠤᠲᠠ ᠶᠢᠨ | ᠭᠤᠤᠯᠳᠠᠯᠭᠠᠲᠤ ᠲᠣᠭᠤᠷᠢᠭ ᠲᠤ ︽ᠨᠢᠭᠡ ᠮᠥᠴᠡ︾ ᠶᠢᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠣᠭᠤᠷᠢᠭ ᠢ ᠪᠤᠢ ᠪᠤᠯᠭᠠᠪᠠ᠃ ︽ᠰᠡᠳᠬᠢᠯ ᠢ | ᠲᠤᠯᠠᠭᠠᠴᠠᠭᠤᠯᠬᠤ ᠨᠡᠭᠦᠷᠡᠰᠦ︾ ︽ᠡᠩ ᠤᠨ ᠦᠨ᠎ᠡ ᠶᠢᠨ ᠨᠡᠭᠦᠷᠡᠰᠦ︾ ᠶᠢ 40 ᠲᠦᠮᠡᠨ ᠲᠣᠨ ᠲᠠᠷᠬᠠᠭᠠᠵᠤ᠂ 17.9 ᠲᠦᠮᠡᠨ ᠡᠷᠦᠬᠡ ᠮᠠᠯᠴᠢᠨ ᠲᠠᠷᠢᠶᠠᠴᠢᠨ ᠤ | ᠡᠪᠦᠯ ᠤᠨ ᠣᠯᠠᠷᠢᠯ ᠢ ᠳᠤᠯᠠᠭᠠᠨ ᠪᠦᠯᠢᠶᠡᠨ ᠥᠩᠭᠡᠷᠡᠭᠦᠯᠬᠦ ︽ᠨᠡᠭᠦᠷᠡᠰᠦ︾ ᠰᠢᠲᠠᠭᠠᠬᠤ ᠪᠠᠴᠢᠮ ᠪᠠᠶᠢᠳᠠᠯ ᠢ ᠰᠢᠢᠳᠪᠦᠷᠢᠯᠡᠪᠡ᠃ | ︵ᠨᠠᠢᠮᠠ︶ ᠨᠡᠶᠢᠭᠡᠮ ᠤᠨ ᠠᠮᠤᠷ ᠲᠦᠪᠰᠢᠨ ᠲᠣᠭᠲᠠᠭᠤᠨ ᠪᠠᠶᠢᠳᠠᠯ ᠢ ᠪᠥᠬᠦ ᠬᠦᠴᠦᠨ ᠢᠶᠠᠷ ᠢᠶᠠᠨ ᠬᠠᠮᠠᠭᠠᠯᠠᠪᠠ᠃ ᠵᠠᠰᠠᠭ ᠤᠨ ᠣᠷᠳᠣᠨ ᠤ ᠳᠠᠯᠳᠠ ᠥᠷᠢ | ᠥᠭᠴᠡᠭᠡ ᠶᠢ ᠢᠯᠭᠠᠷᠠᠭᠤᠯᠬᠤ ᠲᠠᠯ᠎ᠠ ᠪᠠᠷ ᠣᠨ ᠤ ᠬᠠᠷᠠᠯᠲᠠ ᠶᠢ 212.5% ᠪᠠᠷ ᠪᠡᠶᠡᠯᠡᠭᠦᠯᠵᠦ᠂ ᠬᠤᠲᠠ ᠶᠢᠨ ᠲᠣᠰ ᠱᠠᠲᠤᠨ ᠤ ᠳᠠᠯᠳᠠ ᠥᠷᠢ ᠥᠭᠴᠡᠭᠡ ᠶᠢ | ᠦᠬᠡᠶᠢᠰᠬᠡᠬᠦ ᠶᠢ ᠪᠡᠶᠡᠯᠡᠭᠦᠯᠵᠦ᠂ ᠦᠦᠰᠢᠨ ᠬᠤᠰᠢᠭᠤ᠂ ᠬᠠᠩᠭᠢᠨ ᠬᠤᠰᠢᠭᠤ ︽ᠤᠯᠠᠭᠠᠨ ᠰᠤᠭᠤᠮ ᠠᠴᠠ ᠤᠬᠤᠷᠢᠨ ᠭᠠᠷᠬᠤ︾ ᠶᠢ ᠤᠷᠤᠭᠰᠢᠲᠠᠢ ᠪᠡᠶᠡᠯᠡᠭᠦᠯᠪᠡ᠃ | ︽1+2+6︾ ᠶᠢᠨ ᠮᠥᠩᠭᠦᠨ ᠭᠦᠢᠯᠭᠡᠭᠡᠨ ᠤ ᠠᠶᠤᠯ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠲᠥᠰᠥᠯ ᠢ ᠲᠣᠭᠲᠠᠭᠠᠵᠤ᠂ ᠮᠥᠩᠭᠦᠨ ᠭᠦᠢᠯᠭᠡᠭᠡᠨ ᠤ | ᠪᠠᠶᠢᠭᠤᠯᠤᠮᠵᠢ ᠶᠢᠨ ᠡᠷᠡᠭᠦᠯ ᠪᠤᠰᠤ ᠵᠢᠭᠡᠯᠡᠯᠭᠡ ᠶᠢᠨ ᠨᠤᠷᠮ᠎ᠠ ᠶᠢ 0.72 ᠵᠠᠭᠤᠨ ᠤ ᠨᠢᠭᠡᠴᠢ ᠪᠠᠷ ᠪᠠᠭᠤᠷᠠᠭᠤᠯᠪᠠ᠃ ᠠᠶᠤᠯᠭᠦᠢ ᠦᠢᠯᠡᠳᠪᠦᠷᠢᠯᠡᠯ ᠤᠨ | ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠴᠢᠩᠭᠠᠳᠬᠠᠵᠤ᠂ ᠲᠠᠯᠳᠠ ᠭᠡᠮ ᠢ ᠳᠠᠷᠠᠭᠠᠯᠠᠨ ᠪᠠᠶᠢᠴᠠᠭᠠᠵᠤ ᠵᠠᠰᠠᠬᠤ ᠠᠵᠢᠯ ᠢ ᠭᠦᠨᠵᠡᠭᠡᠢ ᠥᠷᠨᠢᠭᠦᠯᠵᠦ᠂ ᠡ᠊ᠨᠳᠡᠯ | ᠭᠠᠷᠤᠭᠰᠠᠨ ᠲᠤᠭ᠎ᠠ᠂ ᠦᠬᠦᠭᠰᠡᠨ ᠬᠥᠮᠥᠨ ᠤ ᠲᠤᠭ᠎ᠠ ᠶᠢ ᠲᠤᠰ ᠲᠤᠰ 40% ᠪᠠ 31% ᠪᠠᠷ ᠪᠠᠭᠤᠷᠠᠭᠤᠯᠪᠠ᠃ ︽ᠳᠥᠷᠪᠡᠨ ᠬᠠᠮᠤᠭ ᠤᠨ ᠴᠢᠩᠭ᠎ᠠ︾ ᠶᠢ | ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠢᠳᠡᠭᠡᠨ ᠤ ᠵᠦᠢᠯ ᠡᠮ ᠤᠨ ᠵᠦᠢᠯ ᠤᠨ ᠬᠢᠨᠠᠨ ᠬᠠᠮᠢᠶᠠᠷᠤᠯᠲᠠ ᠶᠢ ᠦᠷᠭᠦᠯᠵᠢᠯᠡᠨ ᠴᠢᠩᠭᠠᠳᠬᠠᠪᠠ᠃ ᠬᠤᠳᠠ ᠶᠢᠨ | ᠴᠠᠷᠠᠭ᠎ᠠ ᠶᠢᠨ ᠨᠡᠶᠢᠭᠡᠮ ᠤᠨ ᠵᠠᠰᠠᠯᠲᠠ ᠶᠢᠨ ᠣᠳᠣᠬᠢᠴᠢᠯᠠᠯᠲᠠ ᠶᠢᠨ ᠲᠤᠷᠰᠢᠯᠲᠠ ᠶᠢᠨ ᠴᠡᠭ ᠢ ᠡᠭᠦᠳᠦᠨ ᠪᠠᠶᠢᠭᠤᠯᠬᠤ ᠠᠵᠢᠯ ᠢ ᠯᠠᠪᠳᠠᠭᠤᠨ ᠢᠶᠠᠷ ᠠᠬᠢᠭᠤᠯᠵᠤ᠂ | ᠲᠥᠪ ᠤᠨ ᠵᠠᠬᠢᠳᠠᠯ ᠰᠣᠷᠪᠤᠯᠵᠢᠯᠠᠭ᠎ᠠ ᠶᠢᠨ ᠬᠠᠮᠲᠤᠷᠠᠭᠰᠠᠨ ᠬᠤᠷᠠᠯ ᠤᠨ ᠠᠯᠪᠠᠨ ᠭᠡᠷ ᠤᠨ ᠲᠤᠰᠢᠶᠠᠨ ᠥᠭᠴᠦ ᠰᠢᠢᠳᠪᠦᠷᠢᠯᠡᠭᠦᠯᠦᠭᠰᠡᠨ ᠳᠠᠪᠬᠤᠷᠳᠠᠭᠰᠠᠨ ᠵᠠᠬᠢᠳᠠᠯ | ᠰᠣᠷᠪᠤᠯᠵᠢᠯᠠᠭ᠎ᠠ ᠶᠢᠨ ᠵᠦᠢᠯᠡᠰ ᠢ ᠰᠢᠢᠳᠪᠦᠷᠢᠯᠡᠭᠰᠡᠨ ᠨᠤᠷᠮ᠎ᠠ 99.3% ᠳᠤ ᠬᠦᠷᠴᠦ᠂ ᠪᠦᠬᠦ ᠤᠯᠤᠰ ᠤᠨ ᠲᠦᠷᠦᠭᠦᠦ ᠪᠦᠯᠦᠭ ᠬᠤᠣᠷᠲᠤ ᠡᠳ᠋ ᠢ ᠴᠠᠭᠠᠵᠠᠯᠠᠬᠤ | ᠵᠢᠱᠢᠶ᠎ᠡ ᠦᠵᠡᠭᠦᠯᠬᠦ ᠬᠤᠳᠠ᠂ ᠤᠯᠤᠰ ᠤᠨ ᠤᠶᠤᠨᠴᠢ ᠨᠡᠶᠢᠭᠡᠮ ᠤᠨ ᠵᠠᠰᠠᠯᠲᠠ ᠶᠢᠨ ᠲᠤᠷᠰᠢᠯᠲᠠ ᠶᠢᠨ ᠰᠠᠭᠤᠷᠢᠨ ᠭᠠᠵᠠᠷ ᠪᠣᠯᠵᠤ᠂ ᠠᠮᠤᠭᠤᠯᠠᠩ ᠳᠤᠮᠳᠠᠳᠤ | ᠤᠯᠤᠰ ᠤᠨ ᠪᠦᠲᠦᠭᠡᠨ ᠪᠠᠶᠢᠭᠤᠯᠤᠯᠲᠠ ᠶᠢᠨ ᠬᠠᠮᠤᠭ ᠤᠨ ᠳᠡᠭᠡᠳᠦ ᠱᠠᠩᠨᠠᠯ ︽ᠴᠠᠩ ᠠᠨ ᠬᠤᠨᠳᠠᠭᠠᠳᠤ︾ ᠶᠢ ᠬᠦᠷᠳᠡᠪᠡ᠃ ᠳᠤᠮᠳᠠᠳᠤ ᠶᠢᠨ ᠦᠨᠳᠦᠰᠦᠲᠡᠨ ᠤ | ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠲᠤᠰᠬᠠᠢ ᠰᠡᠳᠦᠪᠲᠦ ᠪᠣᠯᠪᠠᠰᠤᠷᠠᠭᠤᠯᠤᠯ᠂ ᠭᠤᠣᠯ ᠰᠡᠳᠦᠪᠲᠦ ᠠᠵᠢᠯᠯᠠᠭ᠎ᠠ ᠶᠢ 200 ᠭᠠᠷᠤᠢ | ᠲᠠᠯᠠᠪᠤᠷ ᠤᠳᠠᠭ᠎ᠠ ᠡᠷᠬᠢᠯᠡᠵᠦ᠂ ᠤᠯᠤᠰ ᠠᠴᠠ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠬᠡᠷᠡᠭᠯᠡᠬᠦ ᠠᠵᠢᠯ ᠢ ᠡᠮᠬᠢ ᠵᠢᠷᠤᠮ ᠲᠠᠢ ᠪᠠᠷ ᠠᠬᠢᠭᠤᠯᠵᠤ᠂ | ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠪᠠᠶᠢᠳᠠᠯ ᠢ ᠤᠯᠠᠮ ᠨᠢᠭᠡ ᠠᠯᠬᠤᠮ ᠪᠠᠬᠢᠵᠢᠭᠦᠯᠪᠡ᠃ | ︵ᠶᠢᠰᠦ︶ ᠵᠠᠰᠠᠭ ᠤᠨ ᠣᠷᠳᠣᠨ ᠤ ᠲᠣᠰ ᠪᠡᠶ᠎ᠡ ᠶᠢᠨ ᠪᠠᠶᠢᠭᠤᠯᠤᠯᠲᠠ ᠶᠢ ᠴᠢᠩᠭ᠎ᠠ ᠪᠥᠭᠡᠳ ᠪᠣᠳᠠᠲᠠᠢ ᠪᠠᠷ ᠴᠢᠩᠭᠠᠳᠬᠠᠪᠠ᠃ ᠰᠢ ᠶᠢᠨ ᠫᠢᠩ ᠶᠡᠷᠦᠩᠬᠡᠢ | ᠱᠦᠵᠢ ᠶᠢᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠰᠤᠷᠤᠯᠴᠠᠬᠤ ᠶᠢ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ᠂ | ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠤᠨ ᠲᠡᠷᠢᠬᠦᠨ ᠴᠢᠬᠤᠯᠠ ᠵᠥᠪᠯᠡᠬᠦ ᠵᠦᠢᠯ ᠪᠣᠯᠭᠠᠬᠤ ᠶᠢ ᠪᠠᠷᠢᠮᠲᠠᠯᠠᠵᠤ᠂ ᠲᠥᠪ ᠤᠨ ᠲᠣᠭᠤᠷᠢᠨ ᠪᠠᠶᠢᠴᠠᠭᠠᠬᠤ᠂ | ᠬᠢᠨᠠᠨ ᠪᠤᠳᠤᠬᠤ ᠪᠠ ᠲᠦᠷᠦ ᠶᠢᠨ ᠶᠠᠪᠤᠳᠠᠯ ᠤᠨ ᠬᠤᠷᠢᠶᠠᠨ ᠤ ᠶᠡᠭᠡ ᠰᠢᠪᠠᠳᠠᠨ ᠪᠠᠶᠢᠴᠠᠭᠠᠯᠲᠠ ᠵᠡᠷᠭᠡ ᠳᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ | ᠰᠠᠶᠢᠵᠢᠷᠠᠭᠤᠯᠬᠤ ᠶᠢ ᠯᠠᠪᠳᠠᠭᠤᠨ ᠢᠶᠠᠷ ᠠᠬᠢᠭᠤᠯᠵᠤ᠂ ᠲᠤᠭ ᠲᠡᠮᠳᠡᠭ ᠲᠣᠳᠣᠷᠬᠠᠢ ᠪᠠᠷ ᠤᠯᠤᠰ ᠲᠦᠷᠦ ᠶᠢ ᠡᠷᠬᠢᠮᠯᠡᠵᠦ᠂ ᠪᠠᠷᠢᠮᠵᠢᠶ᠎ᠠ ᠲᠠᠢ ᠬᠠᠷᠭᠤᠭᠤᠯᠵᠤ | ᠬᠦᠰᠦᠨᠦᠭᠲᠦ ᠲᠠᠢ ᠬᠠᠷᠭᠤᠭᠤᠯᠵᠤ ᠨᠠᠶᠢᠳᠠᠪᠤᠷᠢᠵᠢᠭᠤᠯᠬᠤ ᠶᠢ ᠠᠳᠬᠤᠪᠠ᠃ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ | ᠬᠤᠷᠢᠶ᠎ᠠ ᠳᠤ ᠣᠷᠣᠨ ᠨᠤᠲᠤᠭ ᠤᠨ ᠴᠢᠨᠠᠷᠲᠠᠢ 3 ᠬᠠᠤᠯᠢ ᠲᠣᠭᠲᠠᠭᠠᠯ ᠢ ᠬᠢᠨᠠᠨ ᠵᠦᠪᠯᠡᠬᠦᠯᠬᠦ ᠪᠠᠷ ᠳᠡᠪᠰᠢᠭᠦᠯᠵᠦ᠂ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠲᠥᠯᠥᠭᠡᠯᠡᠭᠴᠢᠳ ᠤᠨ 140 ᠬᠤᠪᠢ ᠰᠠᠨᠠᠭᠤᠯᠭ᠎ᠠ᠂ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠤᠨ 190 ᠬᠤᠪᠢ ᠰᠠᠨᠠᠯ ᠳᠤᠷᠠᠳᠤᠯᠭ᠎ᠠ ᠶᠢ | ᠰᠢᠢᠳᠪᠦᠷᠢᠯᠡᠵᠦ᠂ ᠰᠢᠢᠳᠪᠦᠷᠢᠯᠡᠵᠦ ᠬᠠᠷᠢᠭᠤᠯᠤᠭᠰᠠᠨ ᠨᠣᠷᠮ᠎ᠠ 100% ᠳᠤ ᠬᠦᠷᠪᠡ᠃ ᠬᠠᠤᠯᠢ ᠴᠠᠭᠠᠵᠠ ᠶᠢ ᠲᠦᠭᠡᠮᠡᠯᠵᠢᠭᠦᠯᠬᠦ ︽8 · 5︾ ᠶᠢᠨ | ᠲᠥᠯᠦᠪᠵᠢᠭᠦᠯᠭᠡ ᠶᠢ ᠡᠬᠢᠯᠡᠭᠦᠯᠪᠡ᠃ ᠬᠤᠳᠠ ᠶᠢᠨ ᠠᠷᠠᠳ ᠲᠤ ᠮᠡᠳᠡᠭᠦᠯᠬᠦ᠂ ᠬᠤᠳᠠ ᠶᠢᠨ ᠠᠷᠠᠳ ᠤᠨ ᠰᠠᠨᠠᠯ ᠢ ᠰᠣᠨᠣᠰᠬᠤ᠂ ᠬᠤᠳᠠ ᠶᠢᠨ ᠠᠷᠠᠳ ᠢᠶᠠᠷ | ᠦᠨᠡᠯᠡᠭᠦᠯᠬᠦ ᠠᠵᠢᠯᠯᠠᠭ᠎ᠠ ᠶᠢ ᠥᠷᠨᠢᠭᠦᠯᠵᠦ᠂ ᠬᠤᠳᠠ ᠶᠢᠨ ᠵᠠᠰᠠᠭ ᠤᠨ ᠣᠷᠳᠣᠨ ᠤ ᠤᠳᠤᠷᠢᠳᠤᠯᠭ᠎ᠠ ᠵᠢᠴᠢ ᠵᠠᠰᠠᠭ ᠤᠨ ᠣᠷᠳᠣᠨ ᠤ ᠰᠠᠯᠠᠭ᠎ᠠ ᠮᠥᠴᠢᠷ ᠤᠨ ᠭᠤᠣᠯ | ᠬᠠᠷᠢᠭᠤᠴᠠᠯᠭᠠᠲᠠᠨ ᠲᠣᠭᠲᠠᠮᠠᠯ ᠬᠤᠭᠤᠴᠠᠭ᠎ᠠ ᠲᠠᠢ ᠪᠠᠷ ᠰᠣᠷᠪᠤᠯᠵᠢᠯᠠᠭ᠎ᠠ ᠶᠢ ᠭᠥᠯᠢᠶᠡᠨ ᠠᠪᠬᠤ ᠪᠠ ᠬᠤᠳᠠ ᠶᠢᠨ ᠳᠠᠷᠤᠭ᠎ᠠ ᠶᠢᠨ ᠬᠠᠯᠠᠮᠰᠢᠯ ᠤᠲᠠᠰᠤ ᠶᠢ ᠭᠥᠯᠢᠶᠡᠨ | ᠰᠣᠨᠣᠰᠬᠤ ᠳᠦᠷᠢᠮ ᠢ ᠬᠡᠷᠡᠭᠵᠢᠭᠦᠯᠵᠦ᠂ ᠠᠷᠭ᠎ᠠ ᠵᠠᠮ ᠢ ᠰᠠᠭᠠᠳ ᠦᠭᠡᠢ ᠨᠠᠪᠲᠠᠷᠡᠭᠦᠯᠵᠦ᠂ ᠠᠷᠠᠳ ᠤᠨ ᠰᠠᠨᠠᠯ ᠢ ᠰᠣᠨᠣᠰᠴᠤ᠂ ᠠᠷᠠᠳ ᠤᠨ ᠵᠣᠪᠠᠭᠤᠷᠢ ᠶᠢ | ᠠᠷᠢᠯᠭᠠᠵᠤ᠂ ᠠᠷᠠᠳ ᠤᠨ ᠬᠦᠴᠢᠷᠳᠡᠯ ᠢ ᠠᠷᠢᠯᠭᠠᠵᠤ᠂ ᠲᠣᠭᠲᠠᠴᠠ ᠶᠢᠨ ᠲᠠᠯ᠎ᠠ ᠪᠠᠷ ᠰᠢᠨ᠎ᠡ ᠶᠢ ᠡᠬᠦᠳᠦᠨ ᠠᠷᠠᠳ ᠤᠯᠠᠨ ᠢᠶᠠᠷ ᠵᠠᠰᠠᠭ ᠤᠨ ᠣᠷᠳᠣᠨ ᠳᠤ ᠬᠢᠨᠠᠯᠲᠠ | ᠲᠠᠯᠪᠢᠭᠤᠯᠪᠠ᠃ ᠨᠡᠭᠡᠭᠡᠨ ᠬᠥᠭᠵᠢᠭᠦᠯᠬᠦ ᠣᠷᠣᠨ ᠤ ᠬᠡᠷᠡᠭ ᠢᠶᠠᠷ ᠥᠭᠡᠷᠡᠴᠢᠯᠡᠯᠲᠡ ᠶᠢ ᠠᠬᠢᠭᠤᠯᠬᠤ ᠪᠠ ᠤᠯᠤᠰ ᠲᠦᠷᠦ ᠬᠠᠤᠯᠢ ᠴᠠᠭᠠᠵᠠ᠂ ᠬᠠᠩᠭᠠᠨ ᠪᠣᠷᠤᠯᠠᠭᠤᠯᠭ᠎ᠠ | ᠂ ᠠᠮᠤ ᠪᠤᠳᠠᠭ᠎ᠠ ᠬᠤᠳᠠᠯᠳᠤᠨ ᠠᠪᠬᠤ ᠪᠠ ᠪᠣᠷᠣᠯᠠᠭᠤᠯᠬᠤ᠂ ᠡᠮ ᠡᠮᠨᠡᠯᠭᠡ ᠡᠷᠡᠭᠦᠯ ᠬᠠᠮᠠᠭᠠᠯᠠᠯ ᠡᠷᠡᠭᠦᠯ ᠮᠡᠨᠲᠦ ᠵᠡᠷᠭᠡ ᠬᠦᠷᠢᠶᠡᠨ ᠳᠠᠬᠢ ᠲᠤᠰᠬᠠᠢ ᠴᠡᠭᠴᠡᠯᠡᠯᠲᠡ ᠶᠢ | ᠥᠷᠨᠢᠭᠦᠯᠵᠦ᠂ ᠨᠡᠭᠦᠷᠡᠰᠦᠨ ᠤ ᠡᠬᠢ ᠪᠠᠶᠠᠯᠢᠭ ᠤᠨ ᠬᠦᠷᠢᠶᠡᠨ ᠳᠠᠬᠢ ᠲᠣᠭᠲᠠᠭᠠᠯ ᠢ ᠵᠥᠷᠢᠴᠡᠵᠦ ᠬᠠᠤᠯᠢ ᠶᠢ ᠵᠥᠷᠢᠴᠡᠭᠰᠡᠨ ᠠᠰᠠᠭᠤᠳᠠᠯ ᠢ ᠴᠡᠭᠴᠡᠯᠡᠨ ᠵᠠᠰᠠᠭᠰᠠᠨ | ᠨᠤᠷᠮ᠎ᠠ 96.2% ᠲᠤ ᠬᠦᠷᠴᠦ᠂ ᠰᠢᠨ᠎ᠡ ᠰᠤᠷᠲᠠᠯ ᠲᠥᠪ ᠰᠤᠷᠲᠠᠯ ᠲᠠᠰᠤᠷᠠᠯᠳᠠ ᠦᠭᠡᠢ ᠪᠠᠳᠠᠷᠠᠪᠠ᠃ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ᠂ | ᠠᠷᠠᠳ ᠤᠨ ᠠᠭᠠᠷ ᠤᠨ ᠰᠡᠷᠭᠡᠶᠢᠯᠡᠯᠲᠡ᠂ ᠴᠡᠷᠢᠭ ᠤᠨ ᠠᠯᠪᠠᠨ ᠠᠴᠠ ᠪᠠᠭᠤᠭᠰᠠᠳ᠂ ᠲᠤᠭ᠎ᠠ ᠪᠦᠷᠢᠳᠬᠡᠯ ᠤᠨ ᠪᠠᠶᠢᠴᠠᠭᠠᠯᠲᠠ᠂ ᠭᠠᠵᠠᠷ ᠬᠥᠳᠡᠯᠦᠯᠲᠡ ᠴᠠᠭ ᠠᠭᠤᠷ᠂ | ᠨᠡᠶᠢᠭᠡᠮ ᠤᠨ ᠰᠢᠨᠵᠢᠯᠡᠬᠦ ᠤᠬᠠᠭᠠᠨ᠂ ᠲᠠᠩᠰᠠ ᠡᠪᠬᠡᠮᠡᠯ ᠲᠡᠦᠬᠡ ᠣᠶᠢᠯᠠᠯᠭ᠎ᠠ᠂ ᠭᠠᠳᠠᠭᠠᠳᠤ ᠶᠠᠪᠤᠳᠠᠯ ᠬᠠᠷᠢᠶᠠᠲᠤ ᠶᠢᠨ ᠶᠠᠪᠤᠳᠠᠯ ᠵᠡᠷᠭᠡ ᠠᠵᠢᠯ ᠢ ᠤᠯᠠᠮ ᠨᠢᠭᠡ | ᠠᠯᠬᠤᠮ ᠴᠢᠩᠭᠠᠳᠬᠠᠵᠤ᠂ ᠠᠵᠢᠯᠴᠢᠨ ᠤ ᠡᠪᠯᠡᠯ᠂ ᠡᠪ ᠬᠠᠮᠲᠤ ᠵᠠᠯᠠᠭᠤᠴᠤᠳ ᠤᠨ ᠡᠪᠯᠡᠯ᠂ ᠡᠮᠡᠭᠲᠡᠶᠢᠴᠦᠳ ᠤᠨ ᠬᠤᠯᠪᠤᠭ᠎ᠠ᠂ ᠤᠯᠠᠭᠠᠨ ᠵᠠᠭᠠᠯᠮᠠᠶᠢᠳᠠᠨ ᠤ | ᠨᠡᠶᠢᠭᠡᠮᠯᠢᠭ᠂ ᠵᠡᠮᠳᠡᠭᠴᠦᠳ ᠪᠠ ᠬᠤᠶᠢᠴᠢ ᠦᠶ᠎ᠡ ᠢᠶᠠᠨ ᠬᠠᠯᠠᠮᠵᠢᠯᠠᠬᠤ ᠵᠡᠷᠭᠡ ᠠᠵᠢᠯ ᠢ ᠰᠢᠨ᠎ᠡ ᠲᠠᠪᠰᠢᠯᠳᠠ ᠲᠠᠢ ᠪᠣᠯᠭᠠᠪᠠ᠃ | ᠲᠥᠯᠥᠭᠡᠯᠡᠭᠴᠢᠳ ᠠ᠋︕ ᠥᠩᠭᠡᠷᠡᠭᠰᠡᠨ ᠨᠢᠭᠡ ᠵᠢᠯ ᠳᠤ᠂ ᠠᠵᠤ ᠠᠬᠤᠢ ᠶᠢᠨ ᠪᠠᠶᠢᠳᠠᠯ ᠨᠠᠷᠢᠨ ᠪᠤᠳᠤᠯᠢᠶᠠᠨᠲᠠᠢ ᠪᠦᠬᠡᠳ ᠬᠤᠪᠢᠷᠠᠯᠲᠠ ᠶᠡᠬᠡᠲᠡᠢ᠂ ᠬᠢᠵᠢᠭ ᠤᠨ | ᠪᠠᠶᠢᠳᠠᠯ ᠤᠨ ᠨᠥᠯᠥᠭᠡ ᠲᠠᠰᠤᠷᠠᠯᠲᠠ ᠦᠭᠡᠢ ᠦᠷᠭᠦᠯᠵᠢᠯᠡᠵᠦ᠂ ᠴᠡᠭᠴᠡᠯᠡᠨ ᠰᠠᠶᠢᠵᠢᠷᠠᠭᠤᠯᠬᠤ ᠪᠠ ᠴᠡᠭᠴᠡᠯᠡᠨ ᠵᠠᠰᠠᠬᠤ ᠡᠭᠦᠷᠭᠡ ᠬᠦᠨᠳᠦ ᠨᠦᠰᠡᠷ᠂ ᠬᠡᠯᠪᠡᠷᠢ ᠪᠠᠨ | ᠬᠤᠪᠢᠷᠠᠭᠤᠯᠤᠨ ᠳᠡᠰ ᠲᠡᠪᠰᠢᠭᠦᠯᠬᠦ ᠨᠢ ᠥᠷᠢᠰᠦᠯᠳᠦᠭᠡᠨ ᠲᠤᠯᠭᠠᠷᠠᠵᠣ ᠪᠠᠶᠢᠭ᠎ᠠ ᠪᠠᠶᠢᠳᠠᠯ ᠳᠣᠣᠷ᠎ᠠ᠂ ᠡᠶᠢᠮᠦᠷᠬᠦ ᠠᠮᠵᠢᠯᠲᠠ ᠶᠢ ᠣᠯᠣᠭᠰᠠᠨ ᠨᠢ ᠲᠤᠶᠢᠯ ᠤᠨ ᠬᠢᠯᠪᠠᠷ | ᠪᠤᠰᠤ ᠶᠤᠮ᠃ ᠬᠠᠮᠤᠭ ᠤᠨ ᠦᠨᠳᠦᠰᠦ ᠪᠣᠯ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ | ᠰᠠᠨᠠᠭᠠᠨ ᠤ ᠰᠢᠨᠵᠢᠯᠡᠬᠦ ᠤᠬᠠᠭᠠᠨᠴᠢ ᠵᠢᠯᠣᠭᠤᠳᠤᠯᠭ᠎ᠠ ᠪᠣᠯᠣᠨ᠎ᠠ᠂ ᠡᠬᠦᠨ ᠳᠤ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠣᠯᠣᠨ | ᠬᠤᠳᠠ ᠶᠢᠨ ᠨᠠᠮ ᠤᠨ ᠬᠤᠷᠢᠶ᠎ᠠ ᠶᠢᠨ ᠪᠦᠬᠦ ᠲᠠᠯ᠎ᠠ ᠶᠢ ᠶᠡᠷᠦᠩᠬᠡᠶᠢᠯᠡᠨ ᠵᠢᠯᠤᠭᠤᠳᠬᠤ᠂ ᠰᠢᠨᠵᠢᠯᠡᠬᠦ ᠤᠬᠠᠭᠠᠨᠴᠢ ᠪᠠᠷ ᠰᠢᠢᠳᠪᠦᠷᠢᠲᠦ ᠪᠣᠳᠣᠯᠭ᠎ᠠ ᠲᠣᠭᠲᠠᠭᠠᠬᠤ ᠪᠠᠲᠤ | ᠴᠢᠩᠭ᠎ᠠ ᠤᠳᠤᠷᠢᠳᠤᠯᠭ᠎ᠠ ᠲᠤᠪᠤᠶᠢᠮ᠎ᠠ ᠢᠯᠡᠷᠡᠵᠤ᠂ ᠬᠤᠳᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠬᠤᠳᠠ ᠶᠢᠨ ᠤᠯᠤᠰ ᠲᠦᠷᠦ ᠶᠢᠨ ᠵᠥᠪᠯᠡᠯᠭᠡᠨ | ᠵᠢᠴᠢ ᠨᠡᠶᠢᠭᠡᠮ ᠤᠨ ᠡᠯ᠎ᠡ ᠡᠲᠡᠭᠡᠳ ᠤᠨ ᠬᠢᠨ ᠤ ᠨᠢᠭᠡ ᠰᠡᠳᠬᠢᠯ ᠨᠢᠬᠡ ᠵᠣᠷᠢᠭ᠂ ᠡᠷᠡᠰ ᠰᠢᠭᠤᠷᠬᠠᠢ ᠪᠠᠷ ᠤᠷᠤᠭᠰᠢᠯᠠᠨ ᠲᠠᠪᠰᠢᠬᠤ ᠤᠶᠤᠨ ᠤᠬᠠᠭᠠᠨ ᠬᠦᠴᠦᠨ | ᠴᠢᠳᠠᠯ ᠨᠢᠭᠲᠠᠷᠠᠵᠤ᠂ ᠪᠦᠬᠦ ᠬᠤᠳᠠ ᠶᠢᠨ 215 ᠲᠦᠮᠡᠨ ᠺᠠᠳ᠋ᠷ ᠤᠯᠠᠨ ᠲᠦᠮᠡᠨ ᠤ ᠬᠦᠴᠢᠷ ᠢ ᠲᠤᠭᠤᠯᠤᠨ ᠪᠡᠷᠬᠡ ᠶᠢ ᠳᠠᠪᠠᠵᠤ᠂ ᠴᠤᠭ ᠰᠦᠯᠲᠡ ᠪᠠᠳᠠᠷᠠᠩᠭᠤᠢ | ᠰᠢᠷᠭᠠᠭᠤ ᠬᠠᠲᠠᠭᠤᠵᠢᠯᠲᠠᠢ ᠲᠡᠮᠡᠴᠡᠭᠰᠡᠨ ᠠᠷᠢᠭᠤᠨ ᠬᠦᠴᠦ ᠬᠥᠯᠥᠰᠦ ᠰᠢᠩᠬᠡᠵᠣ ᠪᠠᠶᠢᠨ᠎ᠠ᠃ ᠬᠥᠮᠥᠨ ᠪᠣᠯᠭᠠᠨ ᠪᠦᠷ ᠬᠦᠴᠦ ᠬᠦᠯᠦᠰᠦ ᠪᠠᠨ ᠭᠠᠷᠭᠠᠵᠤ᠂ ᠬᠥᠮᠥᠨ | ᠪᠣᠯᠭᠠᠨ ᠠᠮᠠᠷ ᠦᠬᠡᠢ ᠶᠣᠮ︕ ᠠᠳᠡ ᠪᠢ ᠬᠤᠳᠠ ᠶᠢᠨ ᠠᠷᠠᠳ ᠤᠨ ᠵᠠᠰᠠᠭ ᠤᠨ ᠣᠷᠳᠣᠨ ᠢ ᠲᠦᠯᠦᠬᠡᠯᠡᠨ᠂ ᠣᠷᠳᠣᠰ ᠤᠨ ᠠᠵᠤ ᠠᠬᠤᠢ ᠨᠡᠶᠢᠭᠡᠮ ᠤᠨ | ᠬᠥᠭᠵᠢᠯᠲᠡ ᠳᠤ ᠬᠦᠴᠦᠨ ᠴᠢᠳᠠᠯ ᠢᠶᠠᠨ ᠡᠷᠭᠦᠭᠰᠡᠨ ᠪᠦᠬᠦ ᠬᠤᠳᠠ ᠶᠢᠨ ᠠᠷᠠᠳ ᠲᠦᠮᠡᠨ ᠪᠣᠯᠣᠨ ᠡᠯ᠎ᠡ ᠡᠲᠡᠭᠡᠳ ᠤᠨ ᠬᠥᠮᠥᠰ ᠲᠤ ᠴᠢᠩ ᠰᠡᠳᠬᠢᠯ ᠤᠨ | ᠲᠠᠯᠠᠷᠬᠠᠯ ᠢᠶᠠᠨ ᠳᠡᠪᠰᠢᠭᠦᠯᠬᠦ ᠶᠢᠨ ᠬᠠᠮᠲᠤ ᠡᠷᠬᠢᠮ ᠳᠡᠭᠡᠳᠦ ᠬᠦᠨᠳᠦᠳᠬᠡᠯ ᠢᠶᠠᠨ ᠳᠡᠪᠰᠢᠭᠦᠯᠦᠶ᠎ᠡ︕ | ᠪᠢᠳᠡ ᠪᠠᠰᠠ ᠲᠤᠯᠭᠠᠷᠠᠵᠤ ᠪᠠᠶᠢᠭ᠎ᠠ ᠬᠦᠴᠢᠷᠳᠡᠯ ᠪᠠ ᠠᠰᠠᠭᠤᠳᠠᠯ ᠢ ᠰᠡᠷᠭᠡᠭ ᠢᠶᠠᠷ ᠣᠯᠵᠤ ᠬᠠᠷᠠᠪᠠ᠂ ᠭᠤᠤᠯ ᠢᠯᠡᠷᠡᠯ ᠨᠢ᠄ ᠬᠢᠵᠢᠭ ᠤᠨ ᠪᠠᠶᠢᠳᠠᠯ ᠤᠨ | ᠬᠠᠨᠳᠤᠰᠢ ᠮᠥᠨ ᠯᠡ ᠮᠠᠰᠢ ᠶᠡᠭᠡ ᠬᠤᠪᠢᠷᠠᠯᠲᠠ ᠲᠠᠢ ᠪᠠᠶᠢᠵᠤ᠂ ᠭᠠᠳᠠᠨ᠎ᠠ ᠠᠴᠠ ᠤᠷᠤᠬᠤ ᠶᠢ ᠰᠡᠷᠭᠡᠶᠢᠯᠡᠬᠦ᠂ ᠳᠣᠲᠣᠭᠠᠳᠤ ᠳᠠᠭᠠᠨ ᠲᠠᠬᠢᠨ ᠡᠭᠦᠰᠬᠦ ᠶᠢ ᠰᠡᠷᠭᠡᠶᠢᠯᠡᠬᠦ | ᠳᠠᠷᠤᠯᠲᠠ ᠮᠥᠨ ᠯᠡ ᠨᠡᠯᠢᠶᠡᠳ ᠶᠡᠭᠡ ᠪᠠᠶᠢᠨ᠎ᠠ᠃ ᠠᠵᠤ ᠦᠢᠯᠡᠰ ᠤᠨ ᠬᠡᠯᠬᠢᠶ᠎ᠡ ᠬᠠᠩᠭᠠᠯᠭ᠎ᠠ ᠶᠢᠨ ᠬᠡᠯᠬᠢᠶ᠎ᠡ ᠶᠢᠨ ᠣᠷᠴᠢᠯ ᠰᠢᠯᠤᠭᠤᠨ ᠪᠤᠰᠤ᠂ ᠡᠨᠧᠷᠭᠢ ᠲᠦᠭᠦᠬᠡᠢ | ᠡᠳ᠋ ᠮᠠᠲ᠋ᠧᠷᠢᠶᠠᠯ ᠤᠨ ᠦᠨ᠎ᠡ ᠬᠠᠩᠰᠢ ᠥᠨᠳᠥᠷ ᠲᠦᠪᠰᠢᠨ ᠳᠤ ᠬᠡᠯᠪᠡᠯᠵᠡᠵᠦ᠂ ᠵᠠᠷᠢᠮ ᠠᠵᠤ ᠠᠬᠤᠶᠢᠯᠠᠯ ᠤᠨ ᠡᠵᠡᠩᠨᠡᠯᠲᠡ ᠬᠦᠴᠢᠷᠳᠡᠯ ᠲᠠᠢ ᠪᠠᠶᠢᠵᠤ᠂ ᠪᠡᠯᠡ | ᠣᠷᠣᠭᠤᠯᠤᠯᠲᠠ ᠪᠠ ᠬᠡᠷᠡᠭᠯᠡᠭᠡᠨ ᠤ ᠨᠡᠮᠡᠭᠳᠡᠯ ᠤᠨ ᠬᠦᠳᠡᠯᠬᠡᠬᠦ ᠬᠦᠴᠦᠨ ᠪᠠᠭᠤᠷᠠᠢ ᠪᠠᠶᠢᠨ᠎ᠠ᠃ ᠰᠢᠨᠵᠢᠯᠡᠬᠦ ᠤᠬᠠᠭᠠᠨ ᠮᠡᠷᠭᠡᠵᠢᠯ᠂ ᠠᠵᠤ ᠦᠢᠯᠡᠰ᠂ ᠮᠥᠩᠭᠦᠨ | ᠭᠦᠢᠯᠭᠡᠭᠡᠨ ᠤ ᠰᠢᠯᠢᠳᠡᠭ ᠰᠠᠶᠢᠨ ᠣᠷᠴᠢᠯ ᠬᠠᠷᠠᠬᠠᠨ ᠪᠦᠷᠢᠯᠳᠦᠭᠡᠳᠦᠢ᠂ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠭᠰᠠᠨ ᠪᠣᠬᠢᠷᠳᠤᠯ ᠦᠭᠡᠢ ᠬᠥᠭᠵᠢᠯᠲᠡ ᠶᠢᠨ | ᠡᠭᠦᠷᠭᠡ ᠬᠦᠨᠳᠦ ᠵᠠᠮ ᠬᠤᠯᠠ ᠪᠠᠶᠢᠨ᠎ᠠ᠃ ᠵᠠᠩᠭᠢᠯᠠᠭ᠎ᠠ ᠶᠢᠨ ᠬᠦᠷᠢᠶᠡᠨ ᠳᠠᠬᠢ ᠥᠭᠡᠷᠡᠴᠢᠯᠡᠯᠲᠡ ᠶᠢᠨ ᠠᠬᠢᠴᠠ ᠲᠦᠷᠭᠡᠨ ᠪᠤᠰᠤ᠂ ᠬᠤᠳᠠᠯᠳᠤᠭ᠎ᠠ ᠡᠵᠡᠩᠨᠡᠬᠦ ᠣᠷᠴᠢᠨ | ᠲᠤᠭᠤᠷᠢᠨ ᠢ ᠲᠡᠷᠢᠭᠦᠨ ᠤ ᠭᠠᠵᠠᠷ ᠣᠷᠣᠨ ᠲᠠᠢ ᠬᠠᠷᠢᠴᠠᠭᠤᠯᠪᠠᠯ ᠮᠥᠨ ᠯᠡ ᠵᠥᠷᠢᠶ᠎ᠡ ᠲᠠᠢ ᠪᠠᠶᠢᠵᠤ᠂ ᠤᠯᠤᠰ ᠤᠨ ᠳᠣᠲᠣᠭᠠᠳᠤ ᠭᠠᠳᠠᠭᠠᠳᠤ ᠶᠢᠨ ᠬᠤᠣᠰ | ᠣᠷᠴᠢᠯ ᠳᠤ ᠠᠭᠤᠰᠤᠯᠴᠠᠬᠤ ᠳᠤ ᠵᠥᠭᠡᠯᠡᠨ ᠬᠠᠲᠠᠭᠤ ᠤᠷᠴᠢᠨ ᠲᠤᠭᠤᠷᠢᠨ ᠢ ᠬᠤᠯᠪᠤᠭᠠᠯᠠᠨ ᠨᠡᠪᠲᠡᠷᠡᠯᠴᠡᠬᠦᠯᠬᠦ ᠲᠠᠯ᠎ᠠ ᠪᠠᠷ ᠮᠥᠨ ᠯᠡ ᠲᠦᠭᠵᠢᠷᠡᠯ ᠲᠠᠢ ᠪᠠᠶᠢᠨ᠎ᠠ᠃ | ᠠᠮᠢ ᠠᠬᠤᠢ ᠣᠷᠴᠢᠨ ᠲᠤᠭᠤᠷᠢᠨ ᠤ ᠬᠠᠮᠠᠭᠠᠯᠠᠯᠲᠠ᠂ ᠮᠥᠩᠭᠦᠨ ᠭᠦᠢᠯᠭᠡᠭᠡ᠂ ᠠᠶᠤᠯᠭᠦᠢ ᠦᠢᠯᠡᠳᠪᠦᠷᠢᠯᠡᠯ ᠵᠡᠷᠭᠡ ᠬᠦᠷᠢᠶᠡᠨ ᠳᠠᠬᠢ ᠠᠶᠤᠯ ᠲᠦᠭᠰᠢᠭᠦᠷᠢ ᠶᠢᠨ | ᠲᠠᠯᠳᠠ ᠭᠡᠮ ᠢ ᠣᠮᠲᠣᠭᠠᠶᠢᠯᠠᠵᠤ ᠪᠣᠯᠣᠰᠢ ᠦᠭᠡᠢ ᠶᠤᠮ᠃ ᠬᠤᠳᠠ ᠬᠥᠳᠡᠭᠡ ᠶᠢᠨ ᠪᠦᠲᠦᠭᠡᠨ ᠪᠠᠶᠢᠭᠤᠯᠤᠯᠲᠠ᠂ ᠠᠷᠠᠳ ᠤᠨ ᠠᠮᠢᠳᠤᠷᠠᠯ ᠤᠨ ᠬᠦᠷᠢᠶᠡᠨ ᠳᠤ ᠪᠠᠰᠠ | ᠴᠥᠭᠡᠨ ᠪᠤᠰᠤ ᠳᠤᠲᠠᠭᠤᠳᠠᠯ ᠣᠷᠣᠰᠢᠵᠤ ᠪᠠᠶᠢᠨ᠎ᠠ᠃ ᠵᠠᠷᠢᠮ ᠺᠠᠳ᠋ᠷᠴᠤᠳ ᠦᠵᠡᠯ ᠰᠠᠨᠠᠭ᠎ᠠ ᠪᠠᠨ ᠭᠦᠢᠴᠡᠳ ᠴᠢᠯᠦᠭᠡᠯᠡᠵᠦ ᠴᠢᠳᠠᠭᠰᠠᠨ ᠦᠭᠡᠢ᠂ ᠴᠢᠳᠠᠪᠤᠷᠢ ᠬᠡᠪ | ᠴᠢᠨᠠᠷ᠂ ᠠᠵᠢᠯ ᠤᠨ ᠰᠤᠷᠲᠠᠯ ᠢᠶᠠᠨ ᠴᠢᠩᠭᠠᠳᠬᠠᠬᠤ ᠴᠢᠬᠤᠯᠠᠲᠠᠢ ᠪᠠᠶᠢᠨ᠎ᠠ᠃ ᠡᠳᠡᠭᠡᠷ ᠠᠰᠠᠭᠤᠳᠠᠯ ᠨᠢ ᠴᠢᠬᠤᠯᠠ ᠪᠥᠭᠡᠳ ᠵᠠᠩᠭᠢᠯᠠᠭ᠎ᠠ᠂ ᠪᠣᠳᠠᠲᠠᠢ ᠪᠥᠭᠡᠳ ᠪᠠᠴᠢᠮ | ᠲᠤᠯᠭᠠᠮ᠎ᠠ ᠪᠠᠶᠢᠵᠤ᠂ ᠪᠢᠳᠡ ᠬᠦᠴᠢᠷ ᠢ ᠰᠥᠷᠦᠨ ᠤᠷᠤᠭᠰᠢᠯᠠᠵᠤ᠂ ᠡᠬᠦᠷᠭᠡᠯᠡᠯ ᠲᠠᠢ ᠠᠵᠢᠯᠯᠠᠭ᠎ᠠ ᠲᠠᠢ ᠪᠠᠶᠢᠵᠤ᠂ ᠶᠡᠭᠡ ᠬᠦᠴᠦ ᠣᠷᠣᠭᠤᠯᠵᠤ ᠪᠠᠶᠢᠭᠠᠳ ᠲᠦᠷᠭᠡᠨ | ᠰᠢᠢᠳᠪᠦᠷᠢᠯᠡᠵᠤ᠂ ᠪᠦᠬᠦ ᠬᠤᠳᠠ ᠶᠢᠨ ᠠᠷᠠᠳ ᠲᠦᠮᠡᠨ ᠤ ᠬᠦᠰᠡᠯ ᠡᠷᠡᠮᠡᠯᠵᠡᠯ ᠢ ᠶᠠᠭᠠᠬᠢᠭᠰᠠᠨ ᠴᠤ ᠬᠥᠰᠡᠷᠳᠡᠭᠦᠯᠬᠦ ᠦᠭᠡᠢ ᠶᠤᠮ᠃ | ᠬᠤᠶᠠᠷ᠂ ᠲᠤᠰ ᠬᠤᠭᠤᠴᠠᠭᠠᠨ ᠤ ᠵᠠᠰᠠᠭ ᠤᠨ ᠣᠷᠳᠣᠨ ᠤ ᠵᠠᠰᠠᠭ ᠶᠠᠪᠤᠭᠤᠯᠤᠭᠰᠠᠨ ᠦᠷ᠎ᠡ ᠪᠦᠲᠦᠭᠡᠯ ᠪᠠ ᠬᠤᠶᠢᠰᠢᠳᠠ ᠶᠢᠨ ᠲᠠᠪᠤᠨ ᠵᠢᠯ ᠤᠨ ᠠᠵᠤ ᠠᠬᠤᠢ | ᠨᠡᠶᠢᠭᠡᠮ ᠤᠨ ᠬᠥᠭᠵᠢᠯᠲᠡ ᠶᠢᠨ ᠭᠤᠣᠯ ᠡᠭᠦᠷᠭᠡ | ᠬᠤᠲᠠ ᠶᠢᠨ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠤᠳᠠᠭᠠᠨ ᠤ ᠬᠤᠷᠠᠯᠳᠤᠭᠠᠨ ᠠᠴᠠ ᠨᠠᠰᠢ᠂ | ᠪᠥᠬᠦ ᠬᠤᠲᠠ ᠶᠢᠨ ᠠᠵᠤ ᠠᠬᠤᠢ ᠨᠡᠶᠢᠭᠡᠮ ᠤᠨ ᠬᠥᠭᠵᠢᠯᠲᠡ ᠰᠢᠨ᠎ᠡ ᠲᠡᠦᠬᠡᠲᠦ ᠴᠢᠨᠠᠷᠲᠠᠢ ᠠᠮᠵᠢᠯᠲᠠ ᠣᠯᠪᠠ᠃ ᠶᠡᠷᠦᠩᠬᠡᠶᠢᠯᠡᠭᠰᠡᠨ ᠪᠣᠳᠠᠲᠤ ᠬᠦᠴᠦᠨ ᠪᠦᠬᠦ | ᠲᠠᠯ᠎ᠠ ᠪᠠᠷ ᠴᠢᠩᠭᠠᠷᠠᠪᠠ᠃ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠥᠷᠲᠡᠭ 2017 ᠣᠨ ᠳᠤ 3150.2 ᠳ᠋ᠦᠩᠰᠢᠭᠤᠷ ᠲᠥᠭᠦᠷᠢᠭ ᠪᠠᠶᠢᠭᠰᠠᠨ | ᠠᠴᠠ ᠪᠠᠨ ᠨᠡᠮᠡᠭᠳᠡᠭᠡᠳ 4715.7 ᠳ᠋ᠦᠩᠰᠢᠭᠤᠷ ᠲᠥᠭᠦᠷᠢᠭ ᠪᠣᠯᠵᠤ᠂ 13.3% ᠪᠠᠷ ᠨᠡᠮᠡᠭᠳᠡᠵᠤ᠂ ᠬᠥᠮᠥᠨ ᠳᠤᠮᠳᠠᠴᠢ ᠶᠢᠨ GDP 20 ᠲᠦᠮᠡᠨ | ᠲᠥᠭᠦᠷᠢᠭ ᠢ ᠳᠠᠪᠠᠪᠠ︔ ᠡᠩ ᠤᠨ ᠣᠯᠠᠨ ᠨᠡᠶᠢᠲᠡ ᠶᠢᠨ ᠲᠥᠰᠥᠪ ᠤᠨ ᠣᠷᠣᠯᠭ᠎ᠠ 2017 ᠣᠨ ᠳᠤ 356.8 ᠳ᠋ᠦᠩᠰᠢᠭᠤᠷ ᠲᠥᠭᠦᠷᠢᠭ ᠪᠠᠶᠢᠭᠰᠠᠨ ᠠᠴᠠ ᠪᠠᠨ | ᠨᠡᠮᠡᠭᠳᠡᠭᠡᠳ 552 ᠳ᠋ᠦᠩᠰᠢᠭᠤᠷ ᠲᠥᠭᠦᠷᠢᠭ ᠪᠣᠯᠵᠤ᠂ ᠵᠢᠯ ᠪᠦᠷᠢ ᠳᠤᠮᠳᠠᠴᠢ ᠪᠠᠷ 11.5% ᠪᠠᠷ ᠨᠡᠮᠡᠭᠳᠡᠵᠤ᠂ ᠭᠤᠣᠯ ᠪᠣᠯᠬᠤ ᠠᠵᠤ ᠠᠬᠤᠢ ᠶᠢᠨ ᠭᠦᠢᠴᠡᠳᠬᠡᠯ | ᠲᠤᠭ᠎ᠠ ᠪᠥᠬᠦ ᠣᠷᠣᠨ ᠳᠤ ᠲᠡᠷᠢᠭᠦᠯᠡᠬᠦ ᠶᠢ ᠪᠠᠲᠤᠯᠠᠪᠠ᠃ ᠠᠵᠤ ᠦᠢᠯᠡᠰ ᠤᠨ ᠬᠥᠭᠵᠢᠯᠲᠡ ᠭᠦᠨ ᠲᠠᠪᠬᠤᠷᠭ᠎ᠠ ᠲᠡᠰᠢ ᠬᠤᠪᠢᠰᠪᠠ᠃ ᠠᠵᠤ ᠦᠢᠯᠡᠰ ᠤᠨ | ᠬᠡᠯᠪᠡᠷᠢ ᠪᠠᠨ ᠬᠤᠪᠢᠷᠠᠭᠤᠯᠬᠤ ᠨᠢᠭᠡ ᠪᠦᠯᠦᠭ ᠴᠢᠬᠤᠯᠠ ᠶᠡᠭᠡ ᠲᠥᠷᠥᠯ ᠵᠦᠢᠯ ᠢ ᠪᠠᠶᠢᠭᠤᠯᠤᠨ ᠪᠦᠲᠦᠭᠡᠵᠦ᠂ ᠨᠡᠭᠦᠷᠡᠰᠦ ᠴᠠᠬᠢᠯᠭᠠᠨ ᠤ ᠮᠠᠰᠢᠨ ᠴᠣᠭᠴᠠᠯᠠᠪᠤᠷᠢ | 2531 ᠲᠦᠮᠡᠨ ᠺᠢᠯᠣᠸᠠᠲ ᠲᠤ ᠬᠦᠷᠴᠦ᠂ ᠰᠢᠨ᠎ᠡ ᠡᠨᠧᠷᠭᠢ ᠶᠢᠨ ᠮᠠᠰᠢᠨ ᠴᠣᠭᠴᠠᠯᠠᠪᠤᠷᠢ 400 ᠲᠦᠮᠡᠨ ᠺᠢᠯᠣᠸᠠᠲ ᠢ ᠳᠠᠪᠠᠵᠤ᠂ ᠣᠲᠣ ᠦᠶ᠎ᠡ ᠶᠢᠨ ᠨᠡᠭᠦᠷᠡᠰᠦ | ᠬᠢᠮᠢ ᠶᠢᠨ ᠠᠵᠤ ᠦᠢᠯᠡᠳᠪᠦᠷᠢ ᠶᠢᠨ ᠦᠢᠯᠡᠳᠪᠦᠷᠢᠯᠡᠯ ᠤᠨ ᠴᠢᠳᠠᠪᠤᠷᠢ 2000 ᠲᠦᠮᠡᠨ ᠲᠣᠨ ᠰᠢᠬᠠᠮ ᠪᠣᠯᠵᠤ᠂ ᠨᠡᠭᠦᠷᠡᠰᠦᠨ ᠤ ᠪᠤᠰᠤ ᠠᠵᠤ ᠦᠢᠯᠡᠰ | ᠲᠠᠰᠤᠷᠠᠯᠲᠠ ᠦᠭᠡᠢ ᠪᠤᠵᠠᠭᠠᠶᠢᠷᠠᠵᠤ᠂ ᠮᠠᠨ ᠤ ᠬᠤᠲᠠ ᠤᠯᠤᠰ ᠤᠨ ᠣᠲᠣ ᠦᠶ᠎ᠡ ᠶᠢᠨ ᠨᠡᠭᠦᠷᠡᠰᠦ ᠬᠢᠮᠢ ᠶᠢᠨ ᠠᠵᠤ ᠦᠢᠯᠡᠳᠪᠦᠷᠢ ᠶᠢᠨ ᠠᠵᠤ ᠦᠢᠯᠡᠰ ᠤᠨ ᠵᠢᠱᠢᠶ᠎ᠡ | ᠦᠵᠡᠭᠦᠯᠬᠦ ᠣᠷᠣᠨ᠂ ᠤᠯᠤᠰ ᠤᠨ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ ᠲᠦᠷᠦᠭᠦᠸ ᠪᠦᠯᠦᠭ ᠤᠨ ᠵᠢᠱᠢᠶ᠎ᠡ ᠦᠵᠡᠭᠦᠯᠬᠦ ᠣᠷᠣᠨ᠂ | ᠤᠯᠤᠰ ᠤᠨ ᠰᠣᠶᠣᠯ ᠪᠠ ᠵᠢᠭᠤᠯᠴᠢᠯᠠᠯ ᠤᠨ ᠬᠡᠷᠡᠭᠯᠡᠭᠡᠨ ᠤ ᠲᠦᠷᠦᠭᠦᠸ ᠪᠦᠯᠦᠭ ᠤᠨ ᠵᠢᠱᠢᠶ᠎ᠡ ᠦᠵᠡᠭᠦᠯᠬᠦ ᠬᠤᠲᠠ ᠪᠠᠷ ᠲᠣᠭᠲᠠᠭᠠᠭᠳᠠᠪᠠ᠃ ᠥᠭᠡᠷᠡᠴᠢᠯᠡᠯᠲᠡ | ᠨᠡᠭᠡᠭᠡᠯᠲᠡ ᠬᠦᠨᠵᠡᠬᠡᠢ ᠠᠬᠢᠯᠲᠠ ᠲᠠᠢ ᠪᠤᠯᠪᠠ᠃ ᠭᠤᠣᠯᠳᠠᠯᠭ᠎ᠠ ᠲᠠᠢ ᠬᠦᠷᠢᠶᠡᠨ ᠳᠠᠬᠢ ᠥᠭᠡᠷᠡᠴᠢᠯᠡᠯᠲᠡ ᠦᠨᠡᠨ ᠪᠣᠳᠠᠲᠠᠢ ᠦᠷ᠎ᠡ ᠪᠦᠲᠦᠬᠡᠯ ᠣᠯᠵᠤ᠂ ᠬᠤᠳᠠᠯᠳᠤᠭ᠎ᠠ | ᠡᠵᠡᠩᠨᠡᠬᠦ ᠣᠷᠴᠢᠨ ᠲᠤᠭᠤᠷᠢᠨ ᠪᠥᠬᠦ ᠣᠷᠣᠨ ᠤ ᠡᠮᠦᠨ᠎ᠡ ᠡᠩᠨᠡᠭᠡᠨ ᠳᠤ ᠣᠷᠣᠵᠤ᠂ ᠵᠠᠬ᠎ᠠ ᠳᠡᠯᠭᠡᠭᠦᠷ ᠤᠨ ᠭᠤᠣᠯ ᠴᠣᠭᠴᠠ 26.5 ᠲᠦᠮᠡᠨ ᠡᠷᠦᠬᠡ ᠳᠤ ᠬᠦᠷᠴᠦ᠂ | ᠠᠷᠠᠳ ᠠᠴᠠ ᠡᠵᠡᠩᠨᠡᠭᠰᠡᠨ ᠠᠵᠤ ᠠᠬᠤᠢ ᠶᠢᠨ ᠨᠡᠮᠡᠭᠳᠡᠯ ᠥᠷᠲᠡᠭ GDP ᠶᠢᠨ 60% ᠠᠴᠠ ᠳᠡᠭᠡᠭᠰᠢᠬᠢ ᠶᠢ ᠡᠵᠡᠯᠡᠪᠡ᠃ ᠬᠤᠳᠠᠯᠳᠤᠭᠠᠴᠢᠨ ᠤᠷᠢᠵᠤ ᠪᠡᠯᠡ | ᠤᠷᠤᠭᠤᠯᠤᠭᠰᠠᠨ ᠤᠷᠤᠨᠵᠢᠭᠰᠠᠨ ᠪᠡᠯᠡ ᠮᠦᠩᠬᠦ ᠨᠡᠶᠢᠲᠡ 1239 ᠳ᠋ᠦᠩᠰᠢᠭᠤᠷ ᠲᠥᠭᠦᠷᠢᠭ ᠲᠤ ᠬᠦᠷᠴᠦ᠂ 47.8 ᠳ᠋ᠦᠩᠰᠢᠭᠤᠷ ᠳ᠋ᠣᠯᠯᠠᠷ ᠤᠨ ᠭᠠᠳᠠᠭᠠᠳᠤ | ᠪᠡᠯᠡ ᠶᠢ ᠪᠣᠳᠠᠲᠠᠢ ᠠᠰᠢᠭᠯᠠᠭᠰᠠᠨ ᠪᠠᠶᠢᠨ᠎ᠠ᠃ ᠠᠮᠢ ᠠᠬᠤᠢ ᠶᠢᠨ ᠳᠠᠪᠠᠭᠤᠯᠢᠭ ᠦᠷᠬᠦᠯᠵᠢᠯᠡᠨ ᠪᠠᠬᠢᠵᠢᠪᠡ᠃ ᠤᠯᠤᠰ ᠤᠨ ᠭᠠᠵᠠᠷ ᠰᠢᠷᠤᠢ ᠶᠢ ᠶᠡᠬᠡᠪᠡᠷ | ᠨᠣᠭᠤᠭᠠᠷᠠᠭᠤᠯᠬᠤ ᠠᠵᠢᠯᠯᠠᠭ᠎ᠠ ᠶᠢ ᠬᠡᠷᠡᠭᠵᠢᠭᠦᠯᠵᠦ᠂ ᠬᠥᠬᠡ ᠣᠭᠲᠠᠷᠭᠤᠢ᠂ ᠨᠤᠮᠢᠨ ᠤᠰᠤ᠂ ᠠᠷᠢᠭᠤᠨ ᠬᠥᠷᠥᠰᠥ ᠶᠢ ᠬᠠᠮᠠᠭᠠᠯᠠᠬᠤ ᠳᠠᠶᠢᠯᠠᠯᠳᠤᠭᠠᠨ ᠤ ᠱᠠᠲᠤᠴᠢ | ᠴᠢᠨᠠᠷᠲᠠᠢ ᠬᠠᠷᠠᠯᠲᠠ ᠡᠭᠦᠷᠭᠡ ᠶᠢ ᠲᠡᠭᠦᠰ ᠠᠮᠵᠢᠯᠲᠠ ᠲᠠᠢ ᠪᠡᠶᠡᠯᠡᠭᠦᠯᠵᠦ᠂ ᠤᠢ ᠰᠢᠭᠤᠢ ᠶᠢᠨ ᠪᠦᠷᠬᠦᠴᠡ ᠶᠢᠨ ᠨᠤᠷᠮ᠎ᠠ 27.3% ᠳᠤ ᠬᠦᠷᠴᠦ᠂ ᠤᠷᠭᠤᠮᠠᠯ ᠤᠨ | ᠪᠦᠷᠬᠦᠴᠡ 70% ᠠᠴᠠ ᠳᠡᠭᠡᠭᠰᠢ ᠳᠤ ᠲᠤᠭᠳᠠᠪᠤᠷᠢᠵᠢᠵᠤ᠂ ᠠᠭᠠᠷ ᠤᠨ ᠶᠠᠰᠤ ᠴᠢᠨᠠᠷ ᠤᠨ ᠰᠢᠯᠢᠳᠡᠭ ᠰᠠᠶᠢᠨ ᠨᠤᠷᠮ᠎ᠠ 90%ᠣᠷᠴᠢᠮ ᠳᠤ ᠲᠤᠭᠳᠠᠪᠤᠷᠢᠵᠢᠵᠤ᠂ | ᠳᠤᠮᠳᠠᠳᠤ ᠤᠯᠤᠰ ᠤᠨ ᠬᠠᠮᠤᠭ ᠤᠨ ᠶᠡᠭᠡ ᠠᠮᠢ ᠠᠬᠤᠢ ᠶᠢᠨ ᠥᠷᠢᠰᠦᠯᠳᠦᠬᠦ ᠬᠦᠴᠦᠨ ᠲᠠᠢ ᠬᠤᠳᠠ ᠪᠠᠷ ᠦᠨᠡᠯᠡᠭᠳᠡᠪᠡ᠃ ᠬᠤᠲᠠ ᠬᠥᠳᠡᠭᠡ ᠶᠢᠨ ᠳᠦᠷᠰᠦ ᠪᠠᠶᠢᠳᠠᠯ | ᠣᠯᠠᠨ ᠬᠡᠮᠵᠢᠯ ᠢᠶᠠᠷ ᠳᠡᠭᠡᠭᠰᠢᠯᠡᠪᠡ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠯᠠᠪᠳᠠᠭᠤᠨ ᠪᠠᠲᠤᠲᠠᠢ ᠶᠠᠪᠤᠭᠳᠠᠵᠤ᠂ ᠮᠠᠯᠵᠢᠬᠤ ᠲᠠᠷᠢᠶᠠᠯᠠᠬᠤ | ᠣᠷᠣᠨ ᠤ ᠳᠦᠷᠰᠦ ᠪᠠᠶᠢᠳᠠᠯ ᠪᠦᠬᠦ ᠲᠠᠯ᠎ᠠ ᠪᠠᠷ ᠰᠠᠶᠢᠵᠢᠷᠠᠪᠠ᠃ ᠬᠤᠳᠠ ᠪᠠᠯᠭᠠᠰᠣᠵᠢᠯᠲᠠ ᠶᠢᠨ ᠨᠤᠷᠮ᠎ᠠ ᠳᠡᠭᠡᠭᠰᠢᠯᠡᠨ 77.5% ᠪᠤᠯᠪᠠ︔ ᠪᠣᠰᠤᠭ᠎ᠠ ᠴᠣᠭᠴᠠᠲᠤ | ᠤᠳᠤ ᠦᠶ᠎ᠡ ᠶᠢᠨ ᠵᠠᠮ ᠲᠡᠭᠡᠭᠡᠪᠦᠷᠢ ᠶᠢᠨ ᠲᠣᠣᠷ ᠪᠦᠬᠦ ᠲᠠᠯ᠎ᠠ ᠪᠠᠷ ᠪᠦᠷᠢᠯᠳᠦᠪᠡ᠃ ᠤᠯᠤᠰ ᠤᠨ ᠪᠠᠷᠠᠭᠤᠨ ᠤᠷᠤᠨ ᠤ ᠪᠦᠬᠦ ᠤᠯᠤᠰ ᠤᠨ ᠪᠣᠯᠪᠠᠰᠤᠨ ᠬᠤᠳᠠ ᠶᠢᠨ | ᠲᠤᠭ᠎ᠠ ᠪᠠᠷ ᠬᠠᠮᠤᠭ ᠤᠨ ᠤᠯᠠᠨ ᠪᠣᠯᠪᠠᠰᠤᠨ ᠬᠤᠳᠠ ᠶᠢᠨ ᠰᠦᠷᠦᠭᠵᠢᠯ ᠢ ᠪᠠᠶᠢᠭᠤᠯᠪᠠ᠃ ᠠᠷᠠᠳ ᠤᠨ ᠠᠮᠢᠳᠤᠷᠠᠯ ᠤᠨ ᠪᠤᠶᠠᠨ ᠵᠢᠷᠭᠠᠯ ᠶᠡᠬᠡᠪᠡᠷ ᠰᠠᠶᠢᠵᠢᠷᠠᠪᠠ᠃ | ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠡᠭᠦᠷᠭᠡ ᠶᠢ ᠴᠢᠨᠠᠷ ᠰᠠᠶᠢᠲᠠᠢ ᠪᠡᠶᠡᠯᠡᠭᠦᠯᠵᠦ᠂ ᠲᠤᠶᠢᠯ ᠤᠨ ᠶᠠᠳᠠᠭᠤ ᠬᠦᠴᠢᠷᠳᠡᠯ ᠲᠠᠢ ᠠᠰᠠᠭᠤᠳᠠᠯ ᠢ | ᠲᠡᠦᠬᠡᠲᠦ ᠴᠢᠨᠠᠷᠲᠠᠢ ᠪᠠᠷ ᠰᠢᠢᠳᠪᠦᠷᠢᠯᠡᠪᠡ᠃ ᠰᠠᠭᠤᠷᠢ ᠰᠤᠷᠭᠠᠨ ᠬᠥᠮᠦᠵᠢᠯ ᠤᠨ ᠬᠥᠭᠵᠢᠯᠲᠡ ᠲᠦᠬᠡᠮᠡᠯᠵᠢᠬᠦᠯᠵᠤ ᠲᠦᠭᠡᠮᠡᠯ ᠠᠰᠢᠭ ᠬᠦᠷᠲᠡᠭᠡᠬᠦ ᠰᠢᠨ᠎ᠡ ᠱᠠᠲᠤᠨ ᠳᠤ | ᠣᠷᠣᠵᠤ᠂ ᠳᠡᠭᠡᠳᠦ ᠵᠡᠷᠭᠡ ᠶᠢᠨ ᠰᠤᠷᠭᠠᠨ ᠬᠥᠮᠦᠵᠢᠯ ᠤᠨ ︽ᠨᠢᠭᠡ ᠵᠢᠩᠬᠢᠨᠢ ᠠᠩᠬᠢ ᠭᠤᠷᠪᠠᠨ ᠲᠤᠰᠬᠠᠢ ᠮᠡᠷᠭᠡᠵᠢᠯ︾ ᠤᠨ ᠪᠠᠶᠢᠳᠠᠯ ᠢ ᠪᠦᠷᠢᠯᠳᠦᠭᠦᠯᠪᠡ᠃ ᠪᠦᠬᠦ | ᠣᠷᠣᠨ ᠳᠤ ᠡᠩ ᠲᠡᠷᠢᠭᠦᠨ ᠳᠤ ᠤᠯᠤᠰ ᠤᠨ ᠡᠷᠡᠭᠦᠯ ᠬᠠᠮᠠᠭᠠᠯᠠᠯ ᠤᠨ ᠰᠢᠶᠠᠨ ᠬᠤᠳᠠ ᠶᠢ ᠴᠦᠮ ᠪᠦᠷᠬᠦᠬᠦᠯᠬᠦ ᠶᠢ ᠪᠡᠶᠡᠯᠡᠭᠦᠯᠵᠦ᠂ ᠬᠤᠶᠠᠷ ᠬᠤᠭᠤᠴᠠᠭ᠎ᠠ ᠳᠠᠷᠠᠭᠠᠯᠠᠨ | ᠪᠦᠬᠦ ᠤᠯᠤᠰ ᠤᠨ ᠨᠡᠶᠢᠭᠡᠮ ᠤᠨ ᠠᠮᠤᠷ ᠲᠦᠪᠰᠢᠨ ᠢ ᠶᠡᠷᠦᠩᠬᠡᠶᠢᠯᠡᠨ ᠵᠠᠰᠠᠬᠤ ᠰᠢᠯᠢᠳᠡᠭ ᠬᠤᠳᠠ ᠪᠠᠷ ᠦᠨᠡᠯᠡᠭᠳᠡᠵᠦ᠂ ᠪᠦᠬᠦ ᠤᠯᠤᠰ ᠤᠨ ᠦᠨᠳᠦᠰᠦᠲᠡᠨ ᠤ | ᠪᠦᠯᠬᠦᠮᠳᠡᠯ ᠲᠠᠪᠰᠢᠯᠳᠠ ᠶᠢᠨ ᠵᠢᠱᠢᠶ᠎ᠡ ᠦᠵᠡᠭᠦᠯᠬᠦ ᠬᠤᠳᠠ ᠶᠢ ᠠᠮᠵᠢᠯᠲᠠ ᠲᠠᠢ ᠡᠭᠦᠳᠦᠨ ᠪᠠᠶᠢᠭᠤᠯᠵᠤ᠂ ᠳᠤᠮᠳᠠᠳᠤ ᠤᠯᠤᠰ ᠤᠨ ᠬᠠᠮᠤᠭ ᠤᠨ ᠵᠣᠯ ᠵᠢᠷᠭᠠᠯᠲᠤ | ᠲᠥᠷᠥᠭᠳᠡᠯ ᠲᠠᠢ ᠬᠤᠳᠠ ᠶᠢᠨ ᠢᠷᠠᠭᠤ ᠠᠯᠳᠠᠷ ᠢ ᠬᠦᠷᠳᠡᠪᠡ᠃ ᠪᠥᠬᠦ ᠬᠤᠲᠠ ᠶᠢᠨ ᠺᠠᠳ᠋ᠷ ᠣᠯᠠᠨ ᠲᠦᠮᠡᠨ ᠴᠥᠬᠦᠷᠡᠰᠢ ᠦᠭᠡᠢ ᠲᠡᠮᠡᠴᠡᠬᠦ ᠪᠠᠷ ᠳᠡᠮᠵᠢᠨ᠂ ︽13 | · 5︾ ᠶᠢᠨ ᠭᠤᠣᠯ ᠬᠠᠷᠠᠯᠲᠠ ᠡᠭᠦᠷᠭᠡ ᠶᠢ ᠤᠷᠤᠭᠰᠢᠲᠠᠢ ᠪᠡᠶᠡᠯᠡᠭᠦᠯᠵᠦ᠂ ᠴᠢᠨᠡᠭᠡᠯᠢᠭ ᠨᠡᠶᠢᠭᠡᠮ ᠢ ᠪᠥᠬᠦ ᠲᠠᠯ᠎ᠠ ᠪᠠᠷ ᠪᠠᠶᠢᠭᠤᠯᠤᠨ ᠪᠦᠲᠦᠭᠡᠬᠦ ᠠᠭᠤᠤ ᠶᠡᠭᠡ | ᠢᠯᠠᠯᠲᠠ ᠶᠢ ᠲᠡᠮᠡᠴᠡᠨ ᠣᠯᠵᠤ᠂ ᠲᠣᠰ ᠬᠤᠭᠤᠴᠠᠭᠠᠨ ᠤ ᠵᠠᠰᠠᠭ ᠤᠨ ᠣᠷᠳᠣᠨ ᠤ ᠲᠡᠭᠦᠰ ᠠᠮᠵᠢᠯᠲᠠ ᠲᠠᠢ ᠲᠡᠭᠦᠰᠬᠡᠯ ᠢ ᠪᠡᠶᠡᠯᠡᠭᠦᠯᠪᠡ︕ | ᠲᠥᠯᠥᠭᠡᠯᠡᠭᠴᠢᠳ ᠠ᠋︕ ᠰᠢᠨ᠎ᠡ ᠨᠢᠬᠡᠨ ᠬᠤᠭᠤᠴᠠᠭᠠᠨ ᠤ ᠵᠠᠰᠠᠭ ᠤᠨ ᠣᠷᠳᠣᠨ ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ | ᠪᠦᠲᠦᠭᠡᠨ ᠪᠠᠶᠢᠭᠤᠯᠬᠤ ᠰᠢᠨ᠎ᠡ ᠠᠶᠠᠨ ᠢ ᠡᠬᠢᠯᠡᠬᠦᠯᠬᠦ ᠵᠠᠷᠯᠢᠭ ᠢ ᠲᠤᠰᠴᠣ᠂ ᠬᠤᠶᠠᠳᠤᠭᠠᠷ ᠵᠠᠭᠤᠨ ᠵᠢᠯ ᠤᠨ ᠲᠡᠮᠡᠴᠡᠬᠦ ᠬᠠᠷᠠᠯᠲᠠ ᠲᠡᠰᠢ ᠤᠷᠤᠭᠰᠢᠯᠠᠬᠤ | ᠵᠠᠩᠭᠢᠯᠠᠭ᠎ᠠ ᠶᠢᠨ ᠴᠠᠭ ᠦᠶ᠎ᠡ ᠳᠤ ᠣᠷᠣᠵᠤ᠂ ︽14 · 5︾ ᠶᠢᠨ ᠲᠥᠯᠦᠪᠵᠢᠭᠦᠯᠭᠡ ᠶᠢ ᠢᠯᠠᠯᠲᠠ ᠲᠠᠢ ᠪᠠᠷ ᠪᠡᠶᠡᠯᠡᠭᠦᠯᠬᠦ ᠪᠠ ︽ᠰᠢᠨ᠎ᠡ ᠵᠠᠮ ᠢᠶᠠᠷ ᠰᠠᠶᠢᠲᠤᠷ | ᠵᠠᠮᠨᠠᠵᠤ᠂ ᠬᠤᠰᠢᠭᠤᠴᠢ ᠣᠷᠣᠨ ᠢ ᠪᠦᠲᠦᠭᠡᠨ ᠪᠠᠶᠢᠭᠤᠯᠬᠤ︾ ᠴᠢᠬᠤᠯᠠ ᠶᠡᠭᠡ ᠡᠭᠦᠷᠭᠡ ᠶᠢ ᠡᠭᠦᠷᠭᠡᠯᠡᠵᠦ ᠪᠤᠢ᠃ ᠲᠡᠦᠬᠡ ᠶᠢᠨ ︽ᠪᠤᠤᠬᠢᠶ᠎ᠠ︾ ᠶᠢ ᠳᠤᠰᠴᠤ᠂ | ᠰᠢᠨ᠎ᠡ ᠡᠭᠦᠷᠭᠡ᠂ ᠰᠢᠨ᠎ᠡ ᠥᠷᠢᠰᠦᠯᠳᠦᠭᠡᠨ ᠢ ᠤᠭᠲᠤᠬᠤ ᠳᠤ ᠬᠦᠴᠦᠨ ᠢᠶᠠᠨ ᠡᠷᠬᠡᠪᠰᠢ ᠬᠤᠳᠠ ᠶᠢᠨ ᠲᠠᠪᠤᠳᠤᠭᠠᠷ ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ | ᠶᠡᠭᠡ ᠬᠤᠷᠠᠯ ᠠᠴᠠ ᠲᠣᠭᠲᠠᠭᠠᠭᠰᠠᠨ ᠬᠠᠷᠠᠯᠲᠠ ᠡᠭᠦᠷᠭᠡ ᠳᠤ ᠲᠥᠪᠯᠡᠷᠡᠭᠦᠯᠵᠦ᠂ ︽ᠵᠢᠷᠭᠤᠭᠠᠨ ᠰᠢᠨ᠎ᠡ ᠰᠢᠪᠲᠤᠯᠤᠯᠲᠠ︾ ᠶᠢ ᠪᠡᠶᠡᠯᠡᠭᠦᠯᠬᠦ ᠶᠢ ᠠᠬᠢᠭᠤᠯᠬᠤ ᠬᠡᠷᠡᠭᠲᠡᠢ | ᠃ | ᠨᠢᠭᠡ ᠳᠤ ᠶᠡᠷᠦᠩᠬᠡᠶᠢᠯᠡᠭᠰᠡᠨ ᠠᠵᠤ ᠠᠬᠤᠢ ᠶᠢᠨ ᠪᠣᠳᠠᠲᠤ ᠬᠦᠴᠦᠨ ᠢ ᠰᠢᠨ᠎ᠡ ᠰᠢᠪᠲᠤᠯᠤᠯᠲᠠ ᠲᠠᠢ ᠪᠤᠯᠭᠠᠨ᠎ᠠ᠃ ᠠᠵᠤ ᠠᠬᠤᠢ ᠶᠢᠨ ᠬᠥᠭᠵᠢᠯᠲᠡ | ᠦᠷᠭᠦᠯᠵᠢᠯᠡᠨ ᠪᠥᠬᠦ ᠣᠷᠣᠨ ᠢ ᠬᠦᠲᠦᠯᠦᠨ ᠲᠠᠭᠠᠭᠤᠯᠵᠤ᠂ ᠶᠡᠷᠦᠩᠬᠡᠢ ᠬᠡᠮᠵᠢᠶ᠎ᠡ ᠪᠠᠷ ᠪᠥᠬᠦ ᠤᠯᠤᠰ ᠤᠨ 50 ᠬᠦᠴᠦᠷᠬᠡᠭ ᠲᠤ ᠤᠷᠤᠵᠤ᠂ ︽ᠲᠦᠮᠡᠨ | ᠳ᠋ᠦᠩᠰᠢᠭᠤᠷ ᠲᠦᠬᠦᠷᠢᠭ ᠤᠨ GDP ᠲᠠᠢ ᠬᠤᠲᠠ︾ ᠶᠢᠨ ᠡᠩᠨᠡᠭᠡᠨ ᠳᠤ ᠡᠷᠲᠡ ᠨᠢᠭᠡᠨ ᠡᠳᠦᠷ ᠳᠠᠪᠰᠢᠨ ᠤᠷᠤᠨ᠎ᠠ᠃ ᠠᠵᠤ ᠦᠢᠯᠡᠰ ᠤᠨ ᠬᠡᠯᠪᠡᠷᠢ ᠪᠠᠨ | ᠬᠤᠪᠢᠷᠠᠭᠤᠯᠤᠨ ᠲᠠᠰ ᠳᠡᠪᠰᠢᠬᠦ ᠠᠯᠬᠤᠴᠠ ᠶᠢ ᠲᠦᠷᠭᠡᠳᠭᠡᠵᠤ᠂ ᠨᠡᠭᠦᠷᠡᠰᠦ᠂ ᠨᠡᠭᠦᠷᠡᠰᠦ ᠬᠢᠮᠢ ᠶᠢᠨ ᠠᠵᠤ ᠦᠢᠯᠡᠳᠪᠦᠷᠢ ᠶᠢᠨ ᠦᠢᠯᠡᠳᠬᠦᠨ ᠤ ᠥᠷᠲᠡᠭ ᠨᠢ | 2000 ᠳ᠋ᠦᠩᠰᠢᠭᠤᠷ ᠲᠥᠭᠦᠷᠢᠭ ᠢ ᠳᠠᠪᠠᠭᠰᠠᠨ 2 ᠠᠵᠤ ᠦᠢᠯᠡᠰ ᠤᠨ ᠰᠦᠷᠦᠭᠵᠢᠯ᠂ ᠰᠢᠨ᠎ᠡ ᠡᠨᠧᠷᠭᠢ᠂ ᠲᠤᠨᠤᠭᠯᠠᠯ ᠦᠶᠯᠡᠳᠬᠦ᠂ ᠰᠢᠨ᠎ᠡ ᠮᠠᠲ᠋ᠧᠷᠢᠶᠠᠯ ᠤᠨ | 1000 ᠳ᠋ᠦᠩᠰᠢᠭᠤᠷ ᠲᠥᠭᠦᠷᠢᠭ ᠢ ᠳᠠᠪᠠᠭᠰᠠᠨ 3 ᠠᠵᠤ ᠦᠢᠯᠡᠰ ᠤᠨ ᠰᠦᠷᠦᠭᠵᠢᠯ᠂ ᠴᠠᠬᠢᠯᠭᠠᠨ ᠬᠦᠴᠦᠨ᠂ ᠲᠣᠰᠣ ᠬᠡᠢ ᠵᠡᠷᠭᠡ 500 ᠳ᠋ᠦᠩᠰᠢᠭᠤᠷ | ᠲᠥᠭᠦᠷᠢᠭ ᠢ ᠳᠠᠪᠠᠭᠰᠠᠨ 2 ᠠᠵᠤ ᠦᠢᠯᠡᠰ ᠤᠨ ᠰᠦᠷᠦᠭᠵᠢᠯ᠂ ᠲᠣᠭᠠᠴᠢᠯᠠᠭᠰᠠᠨ ᠠᠵᠤ ᠠᠬᠤᠢ᠂ ᠡᠨᠧᠷᠭᠢ ᠠᠷᠪᠢᠯᠠᠵᠤ ᠣᠷᠴᠢᠨ ᠲᠣᠭᠤᠷᠢᠨ ᠢ ᠬᠠᠮᠠᠭᠠᠯᠠᠬᠤ᠂ | ᠨᠣᠯᠤᠥᠷ ᠤᠨ ᠨᠡᠬᠡᠮᠡᠯ᠂ ᠠᠮᠢᠳᠤ ᠪᠣᠳᠠᠰ ᠤᠨ ᠡᠮ ᠡᠮᠨᠡᠯᠭᠡ ᠵᠡᠷᠭᠡ ᠦᠢᠯᠡᠳᠬᠦᠨ ᠤ ᠥᠷᠲᠡᠭ ᠨᠢ ᠵᠠᠭᠤᠨ ᠳ᠋ᠦᠩᠰᠢᠭᠤᠷ ᠲᠥᠭᠦᠷᠢᠭ ᠢ ᠳᠠᠪᠠᠭᠰᠠᠨ 2 ᠠᠵᠤ | ᠦᠢᠯᠡᠰ ᠤᠨ ᠰᠦᠷᠦᠭᠵᠢᠯ ᠢ ᠪᠣᠶᠢᠵᠢᠭᠤᠯᠤᠨ ᠪᠦᠷᠢᠯᠳᠦᠭᠦᠯᠦᠨ᠎ᠡ᠃ | ᠬᠤᠶᠠᠷ ᠲᠤ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠴᠢᠳᠠᠪᠤᠷᠢ ᠶᠢ ᠰᠢᠨ᠎ᠡ ᠰᠢᠪᠲᠤᠯᠤᠯᠲᠠ ᠲᠠᠢ ᠪᠤᠯᠭᠠᠨ᠎ᠠ᠃ ᠪᠦᠬᠦ ᠨᠡᠶᠢᠭᠡᠮ ᠤᠨ ᠰᠤᠳᠤᠯᠤᠨ | ᠨᠡᠭᠡᠭᠡᠬᠦ ᠵᠠᠷᠤᠳᠠᠯ ᠢ ᠵᠢᠯ ᠪᠦᠷᠢ ᠳᠤᠮᠳᠠᠴᠢ ᠪᠠᠷ 25% ᠠᠴᠠ ᠳᠡᠭᠡᠭᠰᠢ ᠨᠡᠮᠡᠭᠳᠡᠭᠦᠯᠵᠦ᠂ ᠬᠦᠴᠦᠯᠡᠴᠡ ᠶᠢ 2.1% ᠣᠷᠴᠢᠮ ᠬᠦᠷᠭᠡᠵᠤ᠂ ᠬᠡᠪᠴᠢᠶᠡᠵᠢᠯ ᠠᠴᠠ | ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠰᠤᠳᠤᠯᠤᠨ ᠨᠡᠭᠡᠭᠡᠬᠦ ᠠᠵᠢᠯᠯᠠᠭ᠎ᠠ ᠶᠢ ᠨᠡᠶᠢᠳᠡᠮ ᠪᠦᠷᠬᠦᠬᠦᠯᠵᠤ᠂ ᠳᠡᠭᠡᠳᠦ ᠰᠢᠨ᠎ᠡ ᠮᠡᠷᠭᠡᠵᠢᠯ ᠤᠨ ᠠᠵᠤ | ᠠᠬᠤᠶᠢᠯᠠᠯ ᠪᠠ ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ ᠳᠤᠮᠳᠠ ᠵᠢᠵᠢᠭ ᠠᠵᠤ ᠠᠬᠤᠶᠢᠯᠠᠯ ᠤᠨ ᠲᠤᠭ᠎ᠠ ᠬᠡᠮᠵᠢᠶ᠎ᠡ ᠶᠢ ᠬᠤᠶᠠᠷ ᠳᠠᠬᠢᠨ ᠢᠶᠠᠷ ᠨᠡᠮᠡᠭᠳᠡᠬᠦᠯᠵᠤ | ᠂ ᠥᠪᠡᠷᠲᠡᠭᠡᠨ ᠵᠠᠰᠠᠬᠤ ᠣᠷᠣᠨ ᠤ ᠲᠠᠰ ᠠᠴᠠ ᠳᠡᠭᠡᠭᠰᠢᠬᠢ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠲᠠᠪᠴᠠᠩ ᠢ 200 ᠠᠴᠠ ᠳᠡᠭᠡᠭᠰᠢ ᠳᠤ | ᠬᠦᠷᠭᠡᠨ᠂ ᠰᠢᠨᠵᠢᠯᠡᠬᠦ ᠤᠬᠠᠭᠠᠨ ᠮᠡᠷᠭᠡᠵᠢᠯ ᠤᠨ ᠲᠡᠷᠢᠭᠦᠨ ᠤ ᠳᠠᠭᠠᠭᠤᠯᠤᠭᠴᠢ ᠴᠢᠳᠠᠪᠤᠷᠢᠲᠠᠨ ᠪᠠ ᠰᠢᠨ᠎ᠡ ᠶᠢ ᠡᠭᠦᠳᠬᠦ ᠪᠦᠯᠬᠦᠮ ᠨᠡᠶᠢᠲᠡ ᠶᠢ ᠪᠣᠶᠢᠵᠢᠭᠤᠯᠤᠨ᠂ | ᠳᠤᠮᠳᠠ ᠪᠠᠷᠠᠭᠤᠨ ᠤᠷᠤᠨ ᠤ ᠭᠠᠵᠠᠷ ᠣᠷᠣᠨ ᠤ ᠴᠢᠬᠤᠯᠠ ᠴᠢᠳᠠᠪᠤᠷᠢᠲᠠᠨ ᠤ ᠲᠥᠪ ᠪᠠ ᠰᠢᠨ᠎ᠡ ᠶᠢ ᠡᠭᠦᠳᠬᠦ ᠥᠨᠳᠦᠷᠯᠢᠭ ᠢ ᠪᠣᠶ ᠪᠣᠯᠭᠠᠵᠤ᠂ ᠤᠯᠤᠰ ᠤᠨ | ᠰᠢᠨ᠎ᠡ ᠶᠢ ᠡᠭᠦᠳᠬᠦ ᠬᠡᠯᠪᠡᠷᠢ ᠶᠢᠨ ᠬᠤᠲᠠ ᠶᠢ ᠪᠠᠶᠢᠭᠤᠯᠤᠨ᠎ᠠ᠃ | ᠭᠤᠷᠪᠠ ᠳᠤ ᠥᠭᠡᠷᠡᠴᠢᠯᠡᠯᠲᠡ ᠨᠡᠭᠡᠭᠡᠯᠲᠡ ᠶᠢ ᠬᠦᠨᠵᠡᠬᠡᠶᠢᠷᠡᠬᠦᠯᠬᠦ ᠶᠢ ᠰᠢᠨ᠎ᠡ ᠰᠢᠪᠲᠤᠯᠤᠯᠲᠠ ᠲᠠᠢ ᠪᠤᠯᠭᠠᠨ᠎ᠠ᠃ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ | ᠵᠦᠢᠯᠡᠰ ᠢ ᠭᠡᠳᠦᠷᠡᠬᠦ ᠳᠠᠭᠠᠨ ᠨᠢᠭᠡ ᠤᠳᠠᠭ᠎ᠠ ᠬᠦᠶᠦᠬᠦ ᠶᠢ ᠪᠦᠬᠦ ᠲᠠᠯ᠎ᠠ ᠪᠠᠷ ᠪᠡᠶᠡᠯᠡᠭᠦᠯᠵᠦ᠂ ᠡᠯᠧᠮᠧᠨ᠋ᠲ ᠢ ᠵᠠᠬ᠎ᠠ ᠳᠡᠯᠭᠡᠭᠦᠷᠴᠢᠯᠡᠨ ᠲᠣᠬᠢᠷᠠᠭᠤᠯᠬᠤ ᠪᠠᠶᠢᠭᠤᠯᠤᠯ | ᠲᠣᠭᠲᠠᠴᠠ ᠶᠢ ᠨᠡᠩ ᠲᠡᠭᠦᠯᠳᠡᠷᠵᠢᠭᠦᠯᠵᠦ᠂ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠮᠦ ᠪᠦᠷᠢ ᠶᠢᠨ ᠳᠤᠮᠳᠠᠴᠢ ᠦᠷ᠎ᠡ ᠠᠰᠢᠭ ᠢ ᠬᠤᠶᠠᠷ | ᠳᠠᠬᠢᠨ ᠢᠶᠠᠷ ᠨᠡᠮᠡᠭᠳᠡᠭᠦᠯᠵᠦ᠂ ᠵᠠᠬ᠎ᠠ ᠳᠡᠯᠭᠡᠭᠦᠷᠴᠢᠯᠡᠭᠰᠡᠨ᠂ ᠬᠠᠤᠯᠢᠵᠢᠭᠰᠠᠨ᠂ ᠳᠡᠯᠡᠬᠡᠶᠢᠵᠢᠭᠰᠡᠨ ᠲᠡᠷᠢᠭᠦᠨ ᠤ ᠬᠤᠳᠠᠯᠳᠤᠭ᠎ᠠ ᠡᠵᠡᠩᠨᠡᠬᠦ ᠣᠷᠴᠢᠨ ᠲᠤᠭᠤᠷᠢᠨ ᠢ ᠪᠤᠢ | ᠪᠣᠯᠭᠠᠨ᠎ᠠ᠃ ᠤᠷᠳᠤᠰ ︱ ᠲᠡᠮᠡᠭᠡᠲᠦ︱ ᠶᠠᠨ ᠠᠨ ᠬᠦᠷᠬᠦ ᠳᠡᠭᠡᠳᠦ ᠬᠤᠷᠳᠤᠴᠠᠲᠤ ᠲᠡᠮᠦᠷ ᠵᠠᠮ᠂ ᠪᠤᠭᠤᠲᠤ ︱ ᠣᠷᠳᠣᠰ ᠬᠦᠷᠬᠦ ᠳᠡᠭᠡᠳᠦ ᠬᠤᠷᠳᠤᠴᠠᠲᠤ ᠲᠡᠮᠦᠷ | ᠵᠠᠮ ᠢ ᠴᠢᠷᠮᠠᠶᠢᠨ ᠪᠠᠶᠢᠭᠤᠯᠵᠤ᠂ ᠬᠥᠬᠡᠬᠤᠲᠠ ︱ ᠪᠤᠭᠤᠲᠤ ︱ ᠣᠷᠳᠣᠰ ︱ ᠲᠡᠮᠡᠭᠡᠲᠦ ᠶᠢᠨ 1 ᠴᠠᠭ ᠤᠨ ᠲᠦᠷᠬᠡᠨ ᠬᠦᠷᠬᠦ ᠲᠡᠮᠦᠷ ᠵᠠᠮ ᠢ ᠨᠡᠪᠲᠡᠷᠡᠭᠦᠯᠬᠦ ᠶᠢ | ᠪᠡᠶᠡᠯᠡᠬᠦᠯᠵᠤ᠂ ︽ᠭᠤᠤᠯ ᠰᠠᠯᠪᠤᠷᠢ ᠨᠡᠪᠲᠡᠷᠡᠬᠦ᠂ ᠪᠥᠬᠦ ᠰᠦᠯᠵᠢᠶ᠎ᠡ ᠪᠠᠷ ᠬᠤᠯᠪᠣᠭᠠᠯᠠᠬᠤ︾ ᠣᠷᠣᠨ ᠪᠦᠰᠡ ᠶᠢᠨ ᠴᠢᠨᠠᠷᠲᠠᠢ ᠠᠭᠠᠷ ᠤᠨ ᠠᠶᠠᠯᠠᠯ ᠤᠨ ᠬᠦᠢᠰᠦ ᠶᠢ | ᠪᠠᠶᠢᠭᠤᠯᠤᠨ᠎ᠠ᠃ ᠬᠠᠲᠤᠨ ᠭᠤᠣᠯ ᠤᠨ ︽几︾ ᠦᠰᠦᠭᠲᠦ ᠲᠤᠬᠤᠢ ᠶᠢᠨ ᠬᠤᠲᠠ ᠶᠢᠨ ᠲᠣᠭᠤᠷᠢᠭ᠂ ᠬᠥᠬᠡᠬᠤᠲᠠ ᠪᠤᠭᠤᠲᠤ ᠣᠷᠳᠣᠰ ᠲᠡᠮᠡᠭᠡᠲᠦ ᠶᠢᠨ | ᠬᠤᠲᠠ ᠶᠢᠨ ᠰᠦᠷᠦᠭᠵᠢᠯ᠂ ᠬᠥᠬᠡᠬᠤᠲᠠ ᠪᠤᠭᠤᠲᠤ ᠣᠷᠳᠣᠰ ᠦᠬᠠᠢ ᠶᠢᠨ ᠨᠢᠭᠡ ᠴᠣᠭᠴᠠᠵᠢᠯᠲᠠ ᠵᠡᠷᠭᠡ ᠪᠠᠶᠢᠯᠳᠤᠬᠤ ᠪᠣᠳᠣᠯᠭ᠎ᠠ ᠶᠢᠨ ᠳᠤᠮᠳᠠᠬᠢ ᠬᠥᠲᠥᠯᠥᠨ | ᠳᠠᠭᠠᠭᠤᠯᠬᠤ ᠦᠢᠯᠡᠳᠦᠯ ᠢ ᠪᠥᠬᠦ ᠲᠠᠯ᠎ᠠ ᠪᠠᠷ ᠲᠣᠪᠣᠶᠢᠮ᠎ᠠ ᠪᠤᠯᠭᠠᠵᠤ᠂ ᠪᠥᠬᠦ ᠤᠯᠤᠰ ᠤᠨ ᠭᠠᠳᠠᠭᠠᠳᠤ ᠠᠷᠠᠯᠵᠢᠶᠠᠨ ᠤ ᠵᠠᠭᠤᠨ ᠬᠦᠴᠦᠷᠬᠡᠭ ᠬᠤᠲᠠ ᠶᠢᠨ 50 | ᠬᠦᠴᠦᠷᠬᠡᠭ ᠲᠤ ᠣᠷᠣᠵᠤ᠂ ᠮᠠᠨ ᠤ ᠤᠯᠤᠰ ᠤᠨ ᠤᠮᠠᠷᠠᠰᠢ ᠨᠡᠭᠡᠭᠡᠯᠲᠡ ᠬᠢᠬᠦ ᠴᠢᠬᠤᠯᠠ ᠪᠠᠬᠢᠯᠡᠯᠲᠡ ᠪᠤᠯᠭᠠᠨ᠎ᠠ᠃ | ᠳᠥᠷᠪᠡ ᠳᠤ ᠪᠣᠬᠢᠷᠳᠤᠯ ᠦᠭᠡᠢ ᠲᠤᠤᠷ᠎ᠠ ᠨᠡᠬᠦᠷᠡᠰᠦᠳᠦ᠋ᠷᠦᠭᠴᠢᠲᠦ ᠬᠥᠭᠵᠢᠯᠲᠡ ᠶᠢ ᠰᠢᠨ᠎ᠡ ᠰᠢᠪᠲᠤᠯᠤᠯᠲᠠ ᠲᠠᠢ ᠪᠤᠯᠭᠠᠨ᠎ᠠ᠃ ᠠᠮᠢ ᠠᠬᠤᠢ ᠶᠢᠨ ᠪᠣᠬᠢᠷᠳᠤᠯ | ᠦᠭᠡᠢ᠂ ᠦᠢᠯᠡᠳᠪᠦᠷᠢᠯᠡᠯ ᠤᠨ ᠡᠨᠧᠷᠭᠢ ᠠᠷᠪᠢᠯᠠᠬᠤ᠂ ᠠᠮᠢᠳᠤᠷᠠᠯ ᠤᠨ ᠳᠣᠣᠷ᠎ᠠ ᠨᠡᠬᠦᠷᠡᠰᠦᠳᠦᠶᠢᠷᠦᠭᠴᠢᠲᠦ ᠬᠢᠷᠢ ᠲᠦᠪᠰᠢᠨ ᠢ ᠶᠡᠭᠡ ᠪᠠᠷ ᠳᠡᠭᠡᠭᠰᠢᠯᠡᠭᠦᠯᠵᠦ᠂ | ᠠᠭᠤᠯᠠ ᠤᠰᠤ ᠣᠶ ᠰᠢᠭᠤᠢ ᠲᠠᠷᠢᠶᠠᠨ ᠭᠠᠵᠠᠷ ᠨᠠᠭᠤᠷ ᠴᠥᠭᠦᠷᠥᠮ ᠡᠪᠡᠰᠦ ᠡᠯᠡᠰᠦ ᠶᠢ ᠨᠢᠭᠡ ᠴᠣᠭᠴᠠᠵᠢᠭᠤᠯᠤᠨ ᠬᠠᠮᠠᠭᠠᠯᠠᠬᠤ ᠪᠠ ᠰᠢᠰᠲ᠋ᠧᠮ ᠲᠠᠢ ᠵᠠᠰᠠᠬᠤ | ᠠᠵᠢᠯ ᠤᠨ ᠦᠷ᠎ᠡ ᠪᠦᠲᠦᠮᠵᠢ ᠶᠢ ᠨᠡᠩ ᠢᠯᠡᠷᠬᠡᠢ ᠪᠤᠯᠭᠠᠵᠤ᠂ ᠪᠣᠶ ᠪᠦᠬᠦᠢ ᠠᠭᠤᠷᠬᠠᠢ ᠶᠢ ᠪᠣᠬᠢᠷᠳᠤᠯ ᠦᠭᠡᠢ ᠠᠭᠤᠷᠬᠠᠢ ᠪᠤᠯᠭᠠᠨ ᠪᠥᠬᠦ ᠲᠠᠯ᠎ᠠ ᠪᠠᠷ ᠪᠠᠶᠢᠭᠤᠯᠤᠨ | ᠪᠦᠲᠦᠭᠡᠵᠦ᠂ ᠲᠦᠮᠡᠨ ᠲᠥᠭᠦᠷᠢᠭ ᠤᠨ GDP ᠶᠢᠨ ᠤᠰᠤ ᠬᠡᠷᠡᠭᠯᠡᠬᠦ ᠬᠡᠮᠵᠢᠶ᠎ᠡ ᠶᠢ 10% ᠠᠴᠠ ᠳᠡᠭᠡᠭᠰᠢ ᠪᠠᠭᠤᠷᠠᠭᠤᠯᠵᠤ᠂ ᠠᠵᠤ ᠠᠬᠤᠶᠢᠯᠠᠯ ᠤᠨ ᠡᠨᠧᠷᠭᠢ ᠶᠢᠨ | ᠬᠤᠷᠣᠭᠳᠠᠯ᠂ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠬᠦᠴᠦᠯᠡᠴᠡ ᠶᠢᠨ ᠬᠢᠵᠠᠭᠠᠷᠯᠠᠯ ᠢ ᠪᠥᠬᠦ ᠤᠯᠤᠰ ᠤᠨ ᠲᠡᠷᠢᠭᠦᠨ ᠤ ᠬᠢᠷᠢ ᠲᠦᠪᠰᠢᠨ ᠳᠤ ᠬᠦᠷᠭᠡᠵᠤ᠂ ᠠᠵᠤ | ᠦᠢᠯᠡᠰ ᠤᠨ ᠠᠮᠢ ᠠᠬᠤᠶᠢᠵᠢᠯᠲᠠ᠂ ᠠᠮᠢ ᠠᠬᠤᠢ ᠶᠢᠨ ᠠᠵᠤ ᠦᠢᠯᠡᠰᠵᠢᠯᠲᠡ ᠶᠢ ᠬᠠᠷᠢᠯᠴᠠᠨ ᠠᠬᠢᠭᠤᠯᠵᠤ ᠬᠠᠮᠲᠤ ᠪᠠᠷ ᠠᠭᠤᠰᠤᠯᠴᠠᠭᠤᠯᠵᠤ᠂ ᠤᠯᠤᠰ ᠤᠨ ᠠᠮᠢ | ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠬᠤᠲᠠ᠂ ᠬᠠᠲᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠠ ᠴᠢᠨᠠᠷ | ᠰᠠᠶᠢᠲᠠᠢ ᠬᠥᠭᠵᠢᠯᠲᠡ ᠶᠢᠨ ᠬᠤᠰᠢᠭᠤᠴᠢ ᠣᠷᠣᠨ ᠢ ᠪᠠᠶᠢᠭᠤᠯᠤᠨ᠎ᠠ᠃ | ᠲᠠᠪᠤ ᠳᠤ ᠪᠦᠬᠦ ᠣᠷᠣᠨ ᠪᠦᠰᠡ ᠶᠢᠨ ᠵᠣᠬᠢᠴᠠᠩᠭᠤᠢ ᠬᠥᠭᠵᠢᠯᠲᠡ ᠶᠢ ᠰᠢᠨ᠎ᠡ ᠰᠢᠪᠲᠤᠯᠤᠯᠲᠠ ᠲᠠᠢ ᠪᠤᠯᠭᠠᠨ᠎ᠠ᠃ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠭᠦᠨᠵᠡᠭᠡᠢ ᠬᠡᠷᠡᠭᠵᠢᠭᠦᠯᠵᠦ᠂ ᠴᠡᠴᠡᠷᠯᠢᠭᠵᠢᠬᠦᠯᠦᠭᠰᠡᠨ ᠬᠤᠳᠠ ᠶᠢᠨ ᠪᠦᠲᠦᠭᠡᠨ ᠪᠠᠶᠢᠭᠤᠯᠤᠯᠲᠠ ᠳᠤ ᠪᠣᠳᠠᠲᠤ ᠦᠷ᠎ᠡ | ᠪᠦᠲᠦᠮᠵᠢ ᠣᠯᠵᠤ᠂ ᠪᠦᠬᠦ ᠤᠯᠤᠰ ᠤᠨ ᠪᠣᠯᠪᠠᠰᠤᠨ ᠤ ᠨᠡᠶᠢᠲᠡᠯᠢᠭ ᠵᠢᠱᠢᠶ᠎ᠡ ᠬᠤᠳᠠ ᠶᠢ ᠪᠦᠲᠦᠭᠡᠨ ᠪᠠᠶᠢᠭᠤᠯᠤᠨ᠎ᠠ᠃ ᠳ᠋ᠦᠩᠱᠧᠩ ᠲᠣᠭᠤᠷᠢᠭ ᠤᠨ ᠣᠳᠣ | ᠦᠶ᠎ᠡ ᠶᠢᠨ ᠲᠤᠨᠤᠭᠯᠠᠯ ᠦᠢᠯᠡᠳᠬᠦ ᠰᠠᠭᠤᠷᠢᠨ ᠭᠠᠵᠠᠷ ᠢ ᠪᠠᠶᠢᠭᠤᠯᠬᠤ ᠶᠢ ᠳᠡᠮᠵᠢᠵᠦ᠂ ᠬᠢᠶ᠎ᠠ ᠪᠠᠭᠰᠢ ᠲᠣᠭᠤᠷᠢᠭ ᠤᠨ ᠲᠤᠭᠠᠴᠢᠯᠠᠭᠰᠠᠨ ᠠᠵᠤ ᠠᠬᠤᠢ ᠶᠢ | ᠠᠭᠤᠰᠤᠯᠴᠠᠭᠤᠯᠬᠤ ᠶᠢ ᠬᠡᠷᠡᠭᠵᠢᠬᠦᠯᠬᠦ ᠬᠤᠰᠢᠭᠤᠴᠢ ᠤᠷᠤᠨ ᠢ ᠪᠠᠶᠢᠭᠤᠯᠬᠤ ᠶᠢ ᠳᠡᠮᠵᠢᠵᠦ᠂ ᠳᠠᠯᠠᠳ ᠬᠤᠰᠢᠭᠤᠨ ᠤ ᠮᠢᠩᠭᠠᠨ ᠲᠦᠮᠡᠨ ᠺᠢᠯᠣᠸᠠᠲ ᠤᠨ ᠳᠡᠰ ᠤᠨ | ᠰᠢᠨ᠎ᠡ ᠡᠨᠧᠷᠭᠢ ᠶᠢᠨ ᠰᠠᠭᠤᠷᠢᠨ ᠭᠠᠵᠠᠷ ᠢ ᠪᠠᠶᠢᠭᠤᠯᠬᠤ ᠶᠢ ᠳᠡᠮᠵᠢᠵᠦ᠂ ᠵᠡᠭᠦᠨᠭᠠᠷ ᠬᠤᠰᠢᠭᠤᠨ ᠤ ᠰᠢᠨ᠎ᠡ ᠡᠨᠧᠷᠭᠢ + ᠲᠤᠨᠤᠭᠯᠠᠯ ᠦᠢᠯᠡᠳᠬᠦ ᠠᠵᠤ ᠦᠢᠯᠡᠰ ᠤᠨ | ᠬᠤᠯᠪᠣᠭ᠎ᠠ ᠶᠢ ᠪᠠᠶᠢᠭᠤᠯᠬᠤ ᠶᠢ ᠳᠡᠮᠵᠢᠵᠦ᠂ ᠡᠵᠡᠨ ᠬᠤᠷᠤᠭ᠎ᠠ ᠬᠤᠰᠢᠭᠤᠨ ᠤ ︽ᠤᠮᠠᠷᠠᠲᠤ ᠬᠢᠯᠢ ᠶᠢᠨ ᠪᠤᠬᠢᠷᠳᠤᠯ ᠦᠬᠡᠢ ᠤᠰᠤᠲᠥ᠋ᠷᠥᠭᠴᠢ ᠶᠢᠨ ᠬᠤᠲᠠ︾ ᠶᠢ | ᠪᠠᠶᠢᠭᠤᠯᠬᠤ ᠶᠢ ᠳᠡᠮᠵᠢᠵᠦ᠂ ᠦᠦᠰᠢᠨ ᠬᠤᠰᠢᠭᠤᠨ ᠤ ᠣᠲᠣ ᠦᠶ᠎ᠡ ᠶᠢᠨ ᠨᠡᠭᠦᠷᠡᠰᠦ ᠬᠢᠮᠢ ᠶᠢᠨ ᠠᠵᠤ ᠦᠢᠯᠡᠳᠪᠦᠷᠢ ᠶᠢᠨ ᠠᠵᠤ ᠦᠢᠯᠡᠰ ᠤᠨ ᠰᠠᠭᠤᠷᠢᠨ ᠭᠠᠵᠠᠷ | ᠪᠠᠶᠢᠭᠤᠯᠬᠤ ᠶᠢ ᠳᠡᠮᠵᠢᠵᠦ᠂ ᠬᠠᠩᠭᠢᠨ ᠬᠤᠰᠢᠭᠤᠨ ᠤ ᠲᠣᠮᠣ ᠬᠡᠯᠪᠡᠷᠢ ᠶᠢᠨ ᠰᠠᠯᠬᠢᠨ ᠡᠨᠧᠷᠬᠢ ᠭᠡᠷᠡᠯ ᠴᠡᠨᠡᠭ ᠨᠥᠭᠡᠴᠡᠯᠡᠬᠦ ᠰᠠᠭᠤᠷᠢᠨ ᠭᠠᠵᠠᠷ ᠢ ᠪᠠᠶᠢᠭᠤᠯᠬᠤ ᠶᠢ | ᠳᠡᠮᠵᠢᠵᠦ᠂ ᠣᠲᠤᠭ ᠬᠤᠰᠢᠭᠤᠨ ᠤ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ ᠵᠢᠱᠢᠶ᠎ᠡ ᠦᠵᠡᠭᠦᠯᠬᠦ ᠣᠷᠣᠨ ᠢ ᠪᠠᠶᠢᠭᠤᠯᠬᠤ ᠶᠢ ᠳᠡᠮᠵᠢᠵᠦ᠂ | ᠣᠲᠤᠭ ᠤᠨ ᠡᠮᠦᠨᠡᠲᠦ ᠬᠤᠰᠢᠭᠤᠨ ᠤ ᠰᠢᠨ᠎ᠡ ᠡᠨᠧᠷᠭᠢ ᠶᠢᠨ ᠠᠵᠤ ᠦᠢᠯᠡᠰ ᠤᠨ ᠴᠢᠬᠤᠯᠠ ᠵᠠᠩᠭᠢᠯᠠᠭ᠎ᠠ ᠴᠡᠭ ᠢ ᠪᠠᠶᠢᠭᠤᠯᠬᠤ ᠶᠢ ᠳᠡᠮᠵᠢᠵᠦ᠂ ᠣᠨᠴᠠᠯᠢᠭ ᠢᠶᠠᠷ ᠢᠯᠡ | ᠲᠣᠳᠣ᠂ ᠠᠵᠢᠯ ᠤᠨ ᠬᠤᠪᠢᠶᠠᠷᠢᠯᠠᠯ ᠢᠶᠠᠷ ᠵᠦᠢ ᠵᠣᠬᠢᠰᠲᠠᠢ᠂ ᠳᠠᠪᠠᠭᠤᠯᠢᠭ ᠢᠶᠠᠨ ᠬᠠᠷᠢᠯᠴᠠᠨ ᠨᠥᠬᠦᠪᠦᠷᠢᠯᠡᠭᠰᠡᠨ᠂ ᠥᠷᠢᠰᠦᠯᠳᠦᠨ ᠬᠥᠭᠵᠢᠭᠰᠡᠨ ᠰᠢᠶᠠᠨ ᠤ | ᠬᠡᠪᠴᠢᠶᠡᠨ ᠤ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠪᠠᠶᠢᠳᠠᠯ ᠢ ᠪᠥᠬᠦ ᠲᠠᠯ᠎ᠠ ᠪᠠᠷ ᠪᠠᠶᠢᠭᠤᠯᠤᠨ᠎ᠠ᠃ | ᠵᠢᠷᠭᠤᠭ᠎ᠠ ᠳᠤ ᠬᠠᠮᠲᠤ ᠪᠠᠷ ᠴᠢᠨᠡᠭᠡᠯᠢᠭᠵᠢᠬᠦ ᠶᠢ ᠠᠬᠢᠭᠤᠯᠬᠤ ᠶᠢ ᠰᠢᠨ᠎ᠡ ᠰᠢᠪᠲᠤᠯᠤᠯᠲᠠ ᠲᠠᠢ ᠪᠤᠯᠭᠠᠨ᠎ᠠ᠃ ᠣᠯᠠᠨ ᠲᠥᠷᠥᠯ ᠤᠨ ᠲᠠᠷᠢᠶᠠᠯᠠᠩ ᠤᠨ | ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠠᠷᠠᠲᠤ ᠲᠥᠷᠥᠯ ᠲᠡᠮᠳᠡᠭᠲᠦ ᠶᠢ ᠪᠣᠶ ᠪᠣᠯᠭᠠᠵᠤ᠂ ᠤᠯᠤᠰ ᠤᠨ | ᠲᠠᠰ ᠤᠨ ᠪᠥᠬᠦ ᠤᠷᠤᠨ ᠪᠦᠰᠡ ᠶᠢᠨ ᠵᠢᠭᠤᠯᠴᠢᠯᠠᠯ ᠤᠨ ᠵᠢᠱᠢᠶ᠎ᠡ ᠦᠵᠡᠭᠦᠯᠬᠦ ᠣᠷᠣᠨ ᠢ ᠡᠭᠦᠳᠦᠨ ᠪᠠᠶᠢᠭᠤᠯᠵᠤ᠂ ᠭᠤᠷᠪᠠᠨ ᠠᠵᠤ ᠦᠢᠯᠡᠰ ᠤᠨ ᠪᠦᠲᠦᠴᠡ ᠶᠢ ᠨᠠᠩ | ᠰᠢᠯᠢᠳᠡᠭᠵᠢᠭᠦᠯᠦᠨ ᠵᠦᠢ ᠵᠣᠬᠢᠰᠲᠠᠢ ᠪᠣᠯᠭᠠᠨ᠎ᠠ᠃ ᠨᠠᠩ ᠪᠦᠷᠢᠨ ᠭᠦᠢᠴᠡᠳ᠂ ᠨᠠᠩ ᠴᠢᠨᠠᠷᠯᠢᠭ ᠠᠵᠢᠯ ᠣᠯᠭᠤᠯᠲᠠ ᠶᠢ ᠪᠡᠶᠡᠯᠡᠭᠦᠯᠵᠦ᠂ ᠬᠤᠲᠠ ᠬᠥᠳᠡᠭᠡ ᠶᠢᠨ | ᠰᠠᠭᠤᠭᠠᠯᠢ ᠠᠷᠠᠳ ᠤᠨ ᠣᠷᠣᠯᠭ᠎ᠠ ᠶᠢ ᠲᠣᠰ ᠲᠣᠰ 65000 ᠲᠥᠭᠦᠷᠢᠭ ᠪᠠ 30000 ᠲᠥᠭᠦᠷᠢᠭ ᠠᠴᠠ ᠳᠡᠭᠡᠭᠰᠢ ᠳᠤ ᠬᠦᠷᠭᠡᠨ᠎ᠡ᠃ ᠰᠤᠷᠭᠠᠨ ᠬᠥᠮᠦᠵᠢᠯ ᠤᠨ | ᠣᠳᠣᠬᠢᠴᠢᠯᠠᠯᠲᠠ ᠶᠢ ᠲᠦᠷᠭᠡᠪᠴᠢᠯᠡᠨ ᠠᠬᠢᠭᠤᠯᠵᠤ᠂ ᠡᠯ᠎ᠡ ᠱᠠᠲᠤᠨ ᠤ ᠡᠯ᠎ᠡ ᠲᠦᠷᠦᠯ ᠤᠨ ᠰᠤᠷᠭᠠᠨ ᠬᠥᠮᠦᠵᠢᠯ ᠢ ᠨᠡᠩ ᠴᠢᠨᠠᠷᠯᠢᠭ ᠪᠥᠭᠡᠳ ᠲᠡᠩᠴᠡᠭᠦᠷᠢᠲᠡᠢ | ᠬᠥᠭᠵᠢᠭᠦᠯᠵᠦ᠂ ᠤᠯᠤᠰ ᠤᠨ ᠪᠠᠷᠠᠭᠤᠨ ᠣᠷᠣᠨ ᠤ ᠰᠤᠷᠭᠠᠨ ᠬᠥᠮᠦᠵᠢᠯ ᠤᠨ ᠬᠦᠴᠦᠷᠬᠡᠭ ᠬᠤᠳᠠ ᠶᠢ ᠪᠠᠶᠢᠭᠤᠯᠤᠨ᠎ᠠ᠃ ᠡᠮ ᠡᠮᠨᠡᠯᠭᠡ ᠡᠷᠡᠭᠦᠯ ᠬᠠᠮᠠᠭᠠᠯᠠᠯ ᠢ ᠪᠥᠬᠦ | ᠣᠷᠣᠨ ᠤ ᠲᠡᠷᠢᠭᠦᠨ ᠤ ᠬᠢᠷᠢ ᠲᠦᠪᠰᠢᠨ ᠳᠤ ᠬᠦᠷᠭᠡᠵᠤ᠂ ᠦᠨᠳᠦᠰᠦᠨ ᠡᠮ ᠡᠮᠨᠡᠯᠭᠡ ᠶᠢᠨ ᠳᠠᠭᠠᠳᠬᠠᠯ ᠳᠤ ᠣᠷᠤᠯᠴᠠᠬᠤ ᠨᠣᠷᠮ᠎ᠠ ᠶᠢ 95% ᠠᠴᠠ ᠳᠡᠭᠡᠭᠰᠢ ᠳᠤ | ᠲᠤᠭᠳᠠᠪᠤᠷᠢᠵᠢᠭᠤᠯᠵᠤ᠂ ᠣᠯᠠᠨ ᠡᠰᠢᠲᠦ ᠨᠠᠰᠤᠵᠢᠯ ᠤᠨ ᠦᠢᠯᠡᠴᠢᠯᠡᠭᠡᠨ ᠤ ᠲᠤᠭᠳᠠᠯᠴᠠᠭ᠎ᠠ ᠶᠢ ᠦᠨᠳᠦᠰᠦᠨ ᠳᠡᠭᠡᠨ ᠪᠦᠷᠢᠯᠳᠦᠭᠦᠯᠵᠦ᠂ ᠰᠣᠶᠣᠯ ᠪᠡᠶ᠎ᠡ ᠶᠢᠨ | ᠲᠠᠮᠢᠷ ᠤᠨ ᠦᠢᠯᠡᠰ ᠢ ᠴᠡᠴᠡᠭᠯᠡᠭᠦᠯᠦᠨ ᠬᠥᠭᠵᠢᠭᠦᠯᠵᠦ᠂ ᠠᠷᠠᠳ ᠣᠯᠠᠨ ᠤ ᠵᠣᠯ ᠵᠢᠷᠭᠠᠯ ᠤᠨ ᠵᠢᠭᠠᠯᠲᠠ ᠲᠤᠭ᠎ᠠ ᠶᠢ ᠶᠡᠬᠡᠪᠡᠷ ᠳᠡᠭᠡᠭᠰᠢᠯᠡᠭᠦᠯᠦᠨ᠎ᠡ᠃ | ᠳᠡᠭᠡᠷ᠎ᠡ ᠳᠤᠷᠠᠳᠤᠭᠰᠠᠨ ᠬᠥᠭᠵᠢᠯᠲᠡ ᠶᠢᠨ ᠬᠠᠷᠠᠯᠲᠠ ᠶᠢ ᠪᠡᠶᠡᠯᠡᠭᠦᠯᠬᠦ ᠳᠤ ᠡᠷᠬᠡᠪᠰᠢ ︽ᠴᠠᠭ ᠲᠤᠬᠢᠶᠠᠯ︾ ᠪᠠ ︽ᠪᠠᠶᠢᠳᠠᠯ︾ ᠢ ᠣᠨᠣᠪᠴᠢᠲᠠᠶ ᠡᠵᠡᠮᠳᠡᠬᠦ | ᠬᠡᠷᠡᠭᠲᠡᠢ᠃ ᠣᠳᠣᠬᠠᠨ ᠳᠤ᠂ ᠣᠳᠣᠬᠢᠴᠢᠯᠠᠭᠰᠠᠨ ᠣᠷᠳᠣᠰ ᠤᠨ ᠪᠦᠲᠦᠭᠡᠨ ᠪᠠᠶᠢᠭᠤᠯᠤᠯᠲᠠ ᠲᠡᠦᠬᠡ ᠶᠢᠨ ᠰᠢᠨ᠎ᠡ ᠡᠬᠢᠯᠡᠯᠲᠡ ᠶᠢᠨ ᠴᠡᠭ ᠳᠡᠭᠡᠷ᠎ᠡ ᠤᠷᠤᠰᠢᠵᠤ | ᠪᠠᠶᠢᠨ᠎ᠠ᠃ ᠪᠢᠳᠡ ᠰᠢᠨ᠎ᠡ ᠬᠥᠭᠵᠢᠯᠲᠡ ᠶᠢᠨ ᠪᠠᠶᠢᠳᠠᠯ ᠢ ᠪᠠᠶᠢᠭᠤᠯᠬᠤ ᠪᠠᠶᠢᠯᠳᠤᠬᠤ ᠪᠣᠳᠣᠯᠭ᠎ᠠ ᠶᠢᠨ ᠠᠵᠠ ᠲᠣᠬᠢᠶᠠᠯ᠂ ᠰᠢᠨ᠎ᠡ ᠴᠠᠭ ᠦᠶ᠎ᠡ ᠶᠢᠨ ᠪᠠᠷᠠᠭᠤᠨ ᠣᠷᠣᠨ ᠢ | ᠶᠡᠬᠡᠪᠡᠷ ᠨᠡᠭᠡᠭᠡᠨ ᠬᠥᠭᠵᠢᠭᠦᠯᠬᠦ ᠶᠢ ᠠᠬᠢᠭᠤᠯᠬᠤ ᠲᠦᠷᠦ ᠶᠢᠨ ᠪᠣᠳᠣᠯᠭ᠎ᠠ ᠶᠢᠨ ᠠᠵᠠ ᠲᠣᠬᠢᠶᠠᠯ᠂ ᠬᠠᠳᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ | ᠬᠠᠮᠠᠭᠠᠯᠠᠯᠲᠠ ᠪᠣᠯᠣᠨ ᠴᠢᠨᠠᠷ ᠰᠠᠶᠢᠲᠠᠢ ᠬᠥᠭᠵᠢᠯᠲᠡ ᠶᠢᠨ ᠲᠡᠦᠬᠡ ᠶᠢᠨ ᠠᠵᠠ ᠲᠣᠬᠢᠶᠠᠯ ᠢ ᠡᠵᠡᠮᠳᠡᠵᠤ᠂ ᠪᠠᠶᠢᠳᠠᠯ ᠢ ᠠᠵᠢᠭᠯᠠᠵᠤ ᠪᠠᠶᠢᠳᠠᠯ ᠢ ᠠᠮᠵᠢᠨ ᠪᠠᠶᠢᠳᠠᠯ ᠢ | ᠡᠵᠡᠮᠳᠡᠵᠦ᠂ ᠠᠰᠬᠠᠨ ᠵᠠᠮ ᠳᠤ ᠲᠠᠭᠠᠷᠢᠯᠲᠠ ᠬᠢᠵᠦ᠂ ᠮᠤᠷᠤᠢ ᠵᠠᠮ ᠳᠤ ᠲᠠᠭᠠᠷᠢᠨ ᠲᠠᠪᠠᠵᠤ᠂ ᠵᠠᠮ ᠰᠣᠯᠢᠵᠤ ᠳᠠᠭᠠᠭᠤᠯᠤᠨ ᠭᠦᠶᠦᠬᠦ ᠬᠡᠷᠡᠭᠲᠡᠢ᠃ ᠡᠷᠬᠡᠪᠰᠢ ︽ | ᠯᠠᠪᠳᠠᠭᠤᠨ︾ ᠪᠠ︽ᠤᠷᠤᠭᠰᠢᠯᠠᠬᠤ︾ ᠶᠢ ᠣᠨᠣᠪᠴᠢᠲᠠᠶ ᠡᠵᠡᠮᠳᠡᠬᠦ ᠬᠡᠷᠡᠭᠲᠡᠢ᠃ ᠲᠣᠭᠲᠠᠭᠤᠨ ᠪᠠᠶᠢᠯᠭᠠᠬᠤ ᠶᠢ ᠲᠡᠷᠢᠭᠦᠨ ᠳᠤ ᠲᠠᠯᠪᠢᠬᠤ ᠶᠢ ᠪᠠᠷᠢᠮᠲᠠᠯᠠᠵᠤ᠂ | ᠲᠣᠭᠲᠠᠭᠤᠨ ᠢᠶᠠᠷ ᠨᠡᠮᠡᠭᠳᠡᠭᠦᠯᠬᠦ ᠶᠢ ᠨᠡᠩ ᠲᠣᠪᠣᠶᠢᠮ᠎ᠠ ᠪᠠᠶᠢᠷᠢᠨ ᠳᠤ ᠲᠠᠯᠪᠢᠵᠤ᠂ ᠵᠦᠢ ᠵᠣᠬᠢᠰᠲᠠᠢ ᠨᠡᠮᠡᠭᠳᠡᠯ ᠤᠨ ᠬᠤᠷᠳᠤᠴᠠ ᠶᠢ ᠪᠠᠲᠤᠯᠠᠵᠤ᠂ ᠠᠵᠢᠯ | ᠣᠯᠭᠤᠯᠲᠠ ᠶᠢ ᠲᠣᠭᠲᠠᠪᠤᠷᠢᠵᠢᠭᠤᠯᠬᠤ᠂ ᠠᠷᠠᠳ ᠤᠨ ᠠᠮᠢᠳᠤᠷᠠᠯ ᠢ ᠪᠠᠲᠤᠯᠠᠬᠤ᠂ ᠠᠶᠤᠯ ᠲᠦᠭᠰᠢᠭᠦᠷᠢ ᠶᠢ ᠰᠡᠷᠭᠡᠶᠢᠯᠡᠬᠦ ᠳᠤ ᠬᠦᠴᠦᠷᠬᠡᠭ ᠶᠡᠭᠡ ᠲᠤᠯᠭᠠᠭᠤᠷᠢᠯᠠᠯ | ᠬᠠᠩᠭᠠᠬᠤ ᠬᠡᠷᠡᠭᠲᠡᠢ᠃ ᠪᠠᠰᠠ ᠲᠣᠭᠲᠠᠭᠤᠨ ᠤ ᠳᠤᠮᠳᠠ ᠤᠷᠤᠭᠰᠢᠯᠠᠨ ᠳᠠᠪᠰᠢᠵᠤ᠂ ᠬᠡᠯᠪᠡᠷᠢ ᠪᠠᠨ ᠬᠤᠪᠢᠷᠠᠭᠤᠯᠬᠤ ᠶᠢ ᠴᠢᠬᠤᠯᠠ ᠠᠴᠠ ᠴᠢᠬᠤᠯᠠ ᠵᠦᠢᠯ ᠪᠣᠯᠭᠠᠵᠤ᠂ | ᠰᠢᠨ᠎ᠡ ᠶᠢ ᠡᠭᠦᠳᠬᠦ ᠶᠢ ᠨᠢᠭᠡᠳᠦᠭᠡᠷ ᠬᠦᠳᠡᠯᠬᠡᠬᠦ ᠬᠦᠴᠦᠨ ᠪᠣᠯᠭᠠᠵᠤ᠂ ᠶᠠᠰᠤ ᠴᠢᠨᠠᠷ ᠤᠨ ᠬᠤᠪᠢᠰᠤᠯᠲᠠ᠂ ᠦᠷ᠎ᠡ ᠠᠰᠢᠭ ᠤᠨ ᠬᠤᠪᠢᠰᠤᠯᠲᠠ᠂ ᠬᠦᠳᠡᠯᠬᠡᠬᠦ | ᠬᠦᠴᠦᠨ ᠤ ᠬᠤᠪᠢᠰᠤᠯᠲᠠ ᠶᠢ ᠲᠦᠷᠭᠡᠳᠬᠡᠬᠦ ᠬᠡᠷᠡᠭᠲᠡᠢ᠃ ᠡᠷᠬᠡᠪᠰᠢ ᠭᠤᠣᠯᠳᠠᠯᠭ᠎ᠠ ᠲᠠᠢ ᠪᠠᠷ ᠪᠣᠭᠤᠮᠲᠠ ᠰᠢᠪᠲᠤᠯᠤᠨ ᠰᠢᠪᠲᠤᠯᠤᠯᠲᠠ ᠬᠢᠬᠦ ᠪᠠ ᠪᠦᠬᠦ ᠲᠠᠯ᠎ᠠ ᠪᠠᠷ | ᠲᠡᠷᠢᠬᠦᠯᠡᠬᠦ ᠪᠠᠷ ᠴᠢᠷᠮᠠᠶᠢᠨ ᠤᠷᠤᠨ ᠲᠡᠪᠰᠢᠬᠦ ᠪᠠᠷ ᠵᠡᠷᠭᠡᠪᠡᠷ ᠬᠦᠴᠦᠯᠡᠬᠦ ᠶᠢ ᠴᠢᠩᠭᠠᠳᠬᠠᠬᠤ ᠬᠡᠷᠡᠭᠲᠠᠢ᠃ ᠭᠤᠣᠯ ᠵᠥᠷᠢᠴᠡᠯ ᠪᠣᠯᠣᠨ ᠭᠤᠣᠯᠳᠠᠯᠭ᠎ᠠ ᠲᠠᠢ ᠠᠵᠢᠯ ᠢ | ᠡᠵᠡᠮᠳᠡᠵᠦ᠂ ᠰᠢᠷᠭᠠᠭᠤ ᠬᠠᠲᠠᠭᠤᠵᠢᠯᠲᠠᠢ ᠠᠵᠢᠯᠯᠠᠵᠤ᠂ ᠤᠨᠢᠨ ᠲᠡᠭᠡᠷ᠎ᠡ ᠨᠢ ᠬᠦᠴᠦᠯᠡᠵᠤ᠂ ᠬᠦᠴᠢᠷ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ᠠᠮᠢᠨ ᠭᠠᠵᠠᠷ ᠢ | ᠵᠠᠰᠠᠵᠤ᠂ ᠲᠦᠭᠵᠢᠷᠡᠯ ᠢ ᠰᠢᠯᠤᠭᠤᠳᠬᠠᠬᠤ ᠶᠢᠨ ᠬᠠᠮᠲᠤ ᠪᠠᠰᠠ ᠣᠷᠳᠣᠰ ᠂ ᠥᠪᠥᠷ ᠮᠣᠩᠭᠤᠯ ᠤᠨ ᠬᠦᠷᠢᠶᠡᠨ ᠠᠴᠠ ᠦᠰᠦᠷᠦᠨ ᠭᠠᠷᠴᠤ᠂ ᠪᠦᠬᠦ ᠲᠠᠯ᠎ᠠ ᠪᠠᠷ | ᠦᠵᠡᠯ ᠰᠠᠨᠠᠭ᠎ᠠ ᠪᠠᠨ ᠴᠢᠯᠦᠭᠡᠯᠡᠵᠦ ᠲᠠᠬᠢᠨ ᠠᠶᠠᠨ ᠳᠤ ᠮᠣᠷᠳᠠᠵᠤ᠂ ᠪᠦᠬᠦ ᠲᠠᠯ᠎ᠠ ᠪᠠᠷ ᠪᠠᠷᠢᠮᠵᠢᠶ᠎ᠠ ᠲᠠᠢ ᠬᠠᠷᠢᠴᠠᠭᠤᠯᠤᠨ ᠲᠡᠷᠢᠭᠦᠨ ᠳᠤ ᠣᠷᠣᠬᠤ ᠪᠠᠷ ᠡᠷᠡᠯᠬᠡᠭᠯᠡᠨ | ᠲᠡᠮᠡᠴᠡᠵᠤ᠂ ᠶᠠᠭᠠᠬᠢᠭᠰᠠᠨ ᠴᠤ ᠬᠠᠭᠤᠴᠢᠨ ᠢᠶᠠᠨ ᠪᠠᠷᠢᠮᠲᠠᠯᠠᠵᠤ ᠬᠡᠪᠰᠢᠷᠡᠨ ᠵᠣᠭᠰᠤᠩᠭᠤᠶᠢᠷᠠᠵᠤ᠂ ᠣᠳᠣᠬᠢ ᠪᠠᠶᠢᠳᠠᠯ ᠳᠠᠭᠠᠨ ᠰᠡᠳᠬᠢᠯ ᠬᠠᠨᠤᠵᠤ ᠪᠣᠯᠬᠤ ᠦᠭᠡᠢ᠃ | ᠡᠷᠬᠡᠪᠰᠢ ᠪᠦᠲᠦᠮᠵᠢᠲᠡᠶ ᠵᠠᠬ᠎ᠠ ᠳᠡᠯᠭᠡᠭᠦᠷ ᠪᠠ ᠵᠠᠰᠠᠭ ᠤᠨ ᠣᠷᠳᠣᠨ ᠤ ᠦᠢᠯᠡᠳᠦᠯ ᠢ ᠰᠠᠶᠢᠲᠤᠷ ᠪᠠᠳᠠᠷᠠᠭᠤᠯᠬᠤ ᠬᠡᠷᠡᠭᠲᠡᠢ᠃ ᠵᠠᠬ᠎ᠠ ᠳᠡᠯᠭᠡᠭᠦᠷ ᠤᠨ ᠵᠢᠮ᠎ᠡ ᠶᠣᠰᠣ ᠶᠢ | ᠬᠦᠨᠳᠦᠳᠬᠡᠭᠰᠡᠨ ᠰᠠᠭᠤᠷᠢᠨ ᠳᠡᠭᠡᠷ᠎ᠡ᠂ ᠲᠦᠷᠦ ᠶᠢᠨ ᠪᠣᠳᠣᠯᠭ᠎ᠠ ᠪᠠᠷ ᠵᠠᠬ᠎ᠠ ᠳᠡᠯᠭᠡᠭᠦᠷ ᠤᠨ ᠵᠢᠱᠢᠯᠲᠡ ᠶᠢ ᠵᠢᠯᠤᠭᠤᠳᠴᠤ᠂ ᠲᠥᠯᠦᠪᠵᠢᠭᠦᠯᠭᠡ ᠪᠠᠷ ᠪᠡᠯᠡ | ᠣᠷᠣᠭᠤᠯᠤᠯᠲᠠ ᠶᠢᠨ ᠴᠢᠭᠯᠡᠯ ᠢ ᠲᠣᠳᠣᠷᠬᠠᠶᠢᠯᠠᠵᠤ᠂ ᠥᠭᠡᠷᠡᠴᠢᠯᠡᠯᠲᠡ ᠪᠠᠷ ᠵᠠᠬ᠎ᠠ ᠳᠡᠯᠭᠡᠭᠦᠷ ᠤᠨ ᠠᠮᠢᠵᠢᠷᠠᠯ ᠤᠨ ᠬᠦᠴᠦᠨ ᠢ ᠬᠥᠭᠵᠢᠭᠡᠵᠦ᠂ ᠬᠠᠤᠯᠢ ᠪᠠᠷ | ᠵᠠᠰᠠᠬᠤ ᠪᠠᠷ ᠵᠠᠬ᠎ᠠ ᠳᠡᠯᠭᠡᠭᠦᠷ ᠤᠨ ᠠᠵᠢᠯᠯᠠᠭ᠎ᠠ ᠶᠢ ᠵᠢᠷᠤᠮᠵᠢᠭᠤᠯᠵᠤ᠂ ᠭᠤᠣᠯᠴᠢ ᠪᠠᠷ ᠥᠷᠢᠰᠦᠯᠳᠦᠬᠦ᠂ ᠢᠯᠡ ᠲᠣᠳᠣ ᠵᠠᠬ᠎ᠠ ᠳᠡᠯᠭᠡᠭᠦᠷ ᠤᠨ ᠣᠷᠴᠢᠨ ᠲᠤᠭᠤᠷᠢᠨ ᠢ | ᠪᠤᠢ ᠪᠤᠯᠭᠠᠬᠤ ᠬᠡᠷᠡᠭᠲᠠᠢ᠃ ᠡᠷᠬᠡᠪᠰᠢ ᠬᠥᠭᠵᠢᠯᠲᠡ ᠪᠠ ᠠᠮᠤᠷ ᠲᠦᠪᠰᠢᠨ ᠤ ᠬᠤᠶᠠᠷ ᠶᠡᠭᠡ ᠶᠠᠪᠤᠳᠠᠯ ᠢ ᠰᠠᠶᠢᠲᠤᠷ ᠨᠢᠭᠡᠳᠦᠯᠲᠡᠢ ᠲᠦᠯᠦᠪᠯᠡᠬᠦ ᠬᠡᠷᠡᠭᠲᠡᠢ᠃ ᠠᠷᠠᠳ | ᠲᠦᠮᠡᠨ ᠢ ᠳᠡᠭᠡᠳᠦᠯᠡᠬᠦ᠂ ᠠᠮᠢ ᠨᠠᠰᠤ ᠶᠢ ᠳᠡᠭᠡᠳᠦᠯᠡᠬᠦ ᠣᠶᠢᠯᠠᠭᠠᠭᠳᠠᠬᠤᠨ ᠢ ᠪᠠᠲᠤ ᠪᠠᠬᠢ ᠪᠤᠢ ᠪᠣᠯᠭᠠᠵᠤ᠂ ᠵᠣᠪᠠᠨᠢᠬᠤᠢ ᠤᠬᠠᠮᠰᠠᠷ᠂ ᠠᠶᠤᠯ ᠲᠦᠭᠰᠢᠭᠦᠷᠢ ᠶᠢᠨ | ᠤᠬᠠᠮᠰᠠᠷ ᠢᠶᠠᠨ ᠴᠢᠩᠭᠠᠳᠬᠠᠵᠤ᠂ ᠰᠢᠰᠲ᠋ᠧᠮᠲᠦ ᠰᠡᠳᠬᠢᠬᠦᠢ᠂ ᠬᠤᠷᠢᠭ᠎ᠠ ᠱᠤᠭᠤᠮ ᠤᠨ ᠰᠡᠳᠬᠢᠬᠦᠢ ᠪᠠᠨ ᠴᠢᠩᠭᠠᠳᠬᠠᠵᠤ᠂ ᠭᠠᠮᠰᠢᠭ ᠢ ᠰᠡᠷᠭᠡᠶᠢᠯᠡᠬᠦ ᠭᠠᠮᠰᠢᠭ ᠢ | ᠪᠠᠭᠠᠰᠬᠠᠬᠤ ᠭᠠᠮᠰᠢᠭ ᠠᠴᠠ ᠠᠪᠤᠷᠠᠬᠤ ᠪᠠ ᠠᠶᠤᠯ ᠲᠦᠭᠰᠢᠭᠦᠷᠢ ᠥᠷᠢᠰᠦᠯᠳᠦᠭᠡᠨ ᠢ ᠰᠡᠷᠭᠡᠶᠢᠯᠡᠨ ᠠᠷᠢᠯᠭᠠᠬᠤ ᠴᠢᠳᠠᠪᠤᠷᠢ ᠬᠢᠷᠢ ᠲᠦᠪᠰᠢᠨ ᠢᠶᠠᠨ ᠳᠡᠭᠡᠭᠰᠢᠯᠡᠭᠦᠯᠵᠦ᠂ | ᠤᠷᠤᠭᠰᠢᠯᠠᠯᠲᠠ ᠶᠢᠨ ᠵᠠᠮ ᠳᠡᠭᠡᠷᠡᠬᠢ ᠠᠯᠢᠪᠠ ᠬᠦᠴᠢᠷ ᠪᠡᠷᠬᠡᠰᠢᠶᠡᠯ ᠬᠠᠷᠰᠢ ᠰᠠᠭᠠᠳ ᠢ ᠳᠠᠰᠤᠷᠠᠯᠳᠠ ᠦᠭᠡᠢ ᠢᠯᠠᠨ ᠳᠠᠪᠠᠭ᠋ᠤ ᠬᠡᠷᠡᠭᠲᠡᠢ︕ | ᠭᠤᠷᠪᠠ᠂ 2022 ᠣᠨ ᠤ ᠭᠤᠣᠯᠳᠠᠯᠭ᠎ᠠ ᠲᠠᠢ ᠠᠵᠢᠯ ᠤᠨ ᠲᠣᠬᠢᠷᠠᠭᠤᠯᠤᠯᠲᠠ | ᠡᠨᠡ ᠵᠢᠯ ᠨᠠᠮ ᠤᠨ ᠬᠤᠷᠢᠳᠤᠭᠠᠷ ᠶᠡᠭᠡ ᠬᠤᠷᠠᠯ ᠢ ᠠᠮᠵᠢᠯᠲᠠ ᠲᠠᠢ ᠪᠠᠷ ᠬᠤᠷᠠᠯᠳᠤᠭᠤᠯᠬᠤ ᠪᠤᠯᠤᠨ᠎ᠠ᠂ ᠰᠢᠨ᠎ᠡ ᠨᠢᠬᠡᠨ ᠬᠤᠭᠤᠴᠠᠭᠠᠨ ᠤ ᠵᠠᠰᠠᠭ ᠤᠨ | ᠣᠷᠳᠣᠨ ᠤ ᠰᠠᠶᠢᠨ ᠰᠠᠶᠢᠬᠠᠨ ᠡᠬᠢᠯᠡᠯᠲᠡ ᠶᠢ ᠪᠡᠶᠡᠯᠡᠭᠦᠯᠬᠦ ᠨᠢ ᠠᠯᠤᠰ ᠬᠡᠳᠤ ᠳᠤ ᠬᠤᠯᠪᠣᠭᠳᠠᠬᠤ ᠪᠥᠭᠡᠳ ᠴᠢᠬᠤᠯᠠ ᠶᠡᠭᠡ ᠠᠴᠢ ᠬᠤᠯᠪᠣᠭᠳᠠᠯ ᠲᠠᠢ ᠶᠤᠮ᠃ | ᠵᠠᠰᠠᠭ ᠤᠨ ᠣᠷᠳᠣᠨ ᠤ ᠠᠵᠢᠯ ᠢ ᠰᠠᠶᠢᠲᠤᠷ ᠬᠢᠬᠦ ᠳᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ | ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠣᠯᠣᠨ ᠠᠷᠪᠠ ᠶᠢᠰᠦᠳᠦᠭᠡᠷ ᠬᠤᠭᠤᠴᠠᠭᠠᠨ ᠤ ᠤᠳᠠᠭ᠎ᠠ ᠪᠦᠷᠢ ᠶᠢᠨ | ᠪᠦᠭᠦᠳᠡ ᠬᠤᠷᠠᠯ ᠤᠨ ᠵᠣᠷᠢᠭ ᠰᠠᠨᠠᠭ᠎ᠠ᠂ ᠲᠥᠪ ᠤᠨ ᠠᠵᠤ ᠠᠬᠤᠢ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠤᠨ | ᠨᠠᠶᠢᠳᠠᠪᠤᠷᠢᠵᠢᠭᠤᠯᠵᠤ᠂ ᠰᠢ ᠶᠢᠨ ᠫᠢᠩ ᠶᠡᠷᠦᠩᠬᠡᠢ ᠱᠦᠵᠢ ᠶᠢᠨ ᠥᠪᠥᠷ ᠮᠣᠩᠭᠤᠯ ᠳᠤ ᠲᠠᠯᠪᠢᠭᠰᠠᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ | ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠤᠳᠠᠭ᠎ᠠ ᠶᠢᠨ ᠨᠠᠮ ᠤᠨ | ᠲᠥᠯᠥᠭᠡᠯᠡᠭᠴᠢᠳ ᠤᠨ ᠶᠡᠭᠡ ᠬᠤᠷᠠᠯ᠂ ᠬᠤᠲᠠ ᠶᠢᠨ ᠲᠠᠪᠤᠳᠤᠭᠠᠷ ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠵᠣᠷᠢᠭ ᠰᠠᠨᠠᠭ᠎ᠠ ᠶᠢ ᠨᠠᠷᠢᠨ | ᠬᠢᠨᠠᠮᠠᠭᠠᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠠᠭᠤᠤ ᠶᠡᠭᠡ ᠨᠠᠮ ᠪᠠᠶᠢᠭᠤᠯᠤᠭᠰᠠᠨ ᠵᠣᠷᠢᠭ ᠰᠠᠨᠠᠭ᠎ᠠ ᠶᠢ ᠪᠠᠳᠠᠷᠠᠭᠤᠯᠵᠤ᠂ ︽ᠬᠤᠶᠠᠷ ᠬᠠᠯᠬᠠᠪᠴᠢ᠂ ᠬᠤᠶᠠᠷ | ᠰᠠᠭᠤᠷᠢᠨ᠂ ᠨᠢᠭᠡ ᠪᠠᠬᠢᠯᠡᠯᠲᠡ︾ ᠶᠢ ᠪᠦᠲᠦᠭᠡᠨ ᠪᠠᠶᠢᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠯᠠᠪᠳᠠᠭᠤᠨ ᠢᠶᠠᠷ ᠲᠠᠪᠰᠢᠬᠤ ᠠᠵᠢᠯ ᠤᠨ ᠶᠡᠷᠦᠩᠬᠡᠢ ᠬᠥᠭ | ᠠᠶᠠᠰ ᠢ ᠪᠠᠷᠢᠮᠲᠠᠯᠠᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠲᠡᠬᠦᠯᠳᠡᠷ᠂ ᠣᠨᠣᠪᠴᠢᠲᠠᠶ᠂ ᠪᠦᠬᠦ ᠲᠠᠯ᠎ᠠ ᠪᠠᠷ ᠲᠤᠤᠱᠯᠠᠭᠤᠯᠵᠤ᠂ ᠰᠢᠨ᠎ᠡ | ᠬᠥᠭᠵᠢᠯᠲᠡ ᠶᠢᠨ ᠪᠠᠶᠢᠳᠠᠯ ᠳᠤ ᠢᠳᠡᠪᠬᠢᠲᠡᠢ ᠪᠠᠷ ᠦᠢᠯᠡᠴᠢᠯᠡᠬᠦ ᠪᠠ ᠠᠭᠤᠰᠤᠯᠴᠠᠵᠤ᠂ ᠥᠭᠡᠷᠡᠴᠢᠯᠡᠯᠲᠡ ᠨᠡᠭᠡᠭᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠵᠦ᠂ | ᠰᠢᠨ᠎ᠡ ᠶᠢ ᠡᠭᠦᠳᠬᠦ ᠪᠠᠷ ᠬᠦᠳᠡᠯᠬᠡᠬᠦᠷ ᠪᠤᠯᠭᠠᠨ ᠬᠦᠭᠵᠢᠬᠦᠯᠬᠦ ᠶᠢ ᠪᠠᠷᠢᠮᠲᠠᠯᠠᠵᠤ᠂ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠥᠭᠡᠷᠡᠴᠢᠯᠡᠯᠲᠡ ᠪᠠᠷ | ᠭᠤᠣᠯ ᠱᠤᠭᠤᠮ ᠪᠣᠯᠭᠠᠬᠤ ᠶᠢ ᠪᠠᠷᠢᠮᠲᠠᠯᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠢ ᠨᠡᠶᠢᠭᠡᠮ ᠤᠨ ᠬᠥᠭᠵᠢᠯᠲᠡ ᠶᠢ ᠨᠢᠭᠡᠳᠦᠯᠲᠡᠢ | ᠲᠦᠯᠦᠪᠯᠡᠵᠤ᠂ ᠬᠥᠭᠵᠢᠯᠲᠡ ᠪᠠ ᠠᠮᠤᠷ ᠲᠦᠪᠰᠢᠨ ᠢ ᠨᠢᠭᠡᠳᠦᠯᠲᠡᠢ ᠲᠦᠯᠦᠪᠯᠡᠨ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ | ᠢ ᠴᠥᠬᠦᠷᠡᠰᠢ ᠦᠭᠡᠢ ᠪᠠᠲᠤ ᠪᠠᠬᠢ ᠪᠤᠢ ᠪᠣᠯᠭᠠᠵᠤ᠂ ︽ᠵᠢᠷᠭᠤᠭ᠎ᠠ ᠶᠢ ᠲᠣᠭᠲᠠᠪᠤᠷᠢᠵᠢᠭᠤᠯᠬᠤ︾ ︽ᠵᠢᠷᠭᠤᠭ᠎ᠠ ᠶᠢ ᠪᠠᠲᠤᠯᠠᠬᠤ︾ ᠠᠵᠢᠯ ᠢ ᠦᠷᠭᠦᠯᠵᠢᠯᠡᠨ ᠰᠠᠶᠢᠲᠤᠷ | ᠬᠢᠵᠦ᠂ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ ᠪᠠᠷ ᠬᠦᠴᠦᠯᠡᠵᠦ᠂ ᠠᠵᠤ ᠠᠬᠤᠢ ᠶᠢᠨ ᠠᠵᠢᠯᠯᠠᠭᠠᠨ ᠢ ᠵᠣᠬᠢᠰᠲᠠᠢ ᠣᠷᠣᠨ ᠵᠠᠢ ᠳᠤ ᠪᠠᠶᠢᠯᠭᠠᠬᠤ ᠶᠢ | ᠪᠠᠲᠤᠯᠠᠵᠤ᠂ ᠨᠡᠶᠢᠭᠡᠮ ᠤᠨ ᠶᠡᠭᠡ ᠲᠠᠯ᠎ᠠ ᠶᠢᠨ ᠡᠶ᠎ᠡ ᠵᠣᠬᠢᠴᠠᠩᠭᠤᠢ ᠲᠣᠭᠲᠠᠭᠤᠨ ᠢ ᠪᠠᠲᠤᠯᠠᠵᠤ᠂ ᠰᠢᠯᠢᠳᠡᠭ ᠪᠦᠲᠦᠮᠵᠢ ᠪᠠᠷ ᠨᠠᠮ ᠤᠨ ᠬᠤᠷᠢᠳᠤᠭᠠᠷ ᠶᠡᠭᠡ | ᠬᠤᠷᠠᠯ ᠤᠨ ᠠᠮᠵᠢᠯᠲᠠ ᠲᠠᠢ ᠪᠠᠷ ᠬᠤᠷᠠᠯᠳᠤᠬᠤ ᠶᠢ ᠤᠭᠲᠤᠨ᠎ᠠ᠃ | ᠪᠥᠬᠦ ᠬᠤᠲᠠ ᠶᠢᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠭᠤᠣᠯ ᠵᠢᠱᠢᠭᠰᠡᠨ ᠬᠠᠷᠠᠯᠲᠠ ᠪᠣᠯ᠄ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ | ᠥᠷᠲᠡᠭ ᠢ 7% ᠣᠷᠴᠢᠮ ᠢᠶᠠᠷ ᠨᠡᠮᠡᠭᠳᠡᠭᠦᠯᠵᠦ᠂ ᠬᠤᠲᠠ ᠪᠠᠯᠭᠠᠰᠤᠨ ᠤ ᠳᠠᠩᠰᠠᠯᠠᠭᠤᠯᠤᠭᠰᠠᠨ ᠠᠵᠢᠯ ᠠᠯᠳᠠᠯᠲᠠ ᠶᠢᠨ ᠨᠣᠷᠮ᠎ᠠ ᠶᠢ 5% ᠶᠢᠨ ᠳᠣᠲᠣᠷ᠎ᠠ | ᠬᠢᠵᠠᠭᠠᠷᠯᠠᠵᠤ᠂ ᠰᠠᠭᠤᠭᠠᠯᠢ ᠠᠷᠠᠳ ᠤᠨ ᠣᠷᠣᠯᠭ᠎ᠠ ᠶᠢᠨ ᠨᠡᠮᠡᠭᠳᠡᠯ ᠢ ᠠᠵᠤ ᠠᠬᠤᠢ ᠶᠢᠨ ᠨᠡᠮᠡᠭᠳᠡᠯ ᠲᠠᠢ ᠦᠨᠳᠦᠰᠦᠨ ᠳᠡᠭᠡᠨ ᠠᠳᠠᠯᠢ ᠪᠠᠶᠢᠯᠭᠠᠵᠤ᠂ ᠥᠪᠡᠷᠲᠡᠭᠡᠨ | ᠵᠠᠰᠠᠬᠤ ᠣᠷᠣᠨ ᠠᠴᠠ ᠪᠠᠭᠤᠯᠭᠠᠭᠰᠠᠨ ᠡᠨᠧᠷᠭᠢ ᠠᠷᠪᠢᠯᠠᠵᠤ ᠪᠣᠬᠢᠷᠳᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠬᠠᠷᠠᠯᠲᠠ ᠡᠭᠦᠷᠭᠡ ᠶᠢ ᠪᠡᠶᠡᠯᠡᠭᠦᠯᠦᠨ᠎ᠡ | ᠃ ᠠᠵᠤ ᠠᠬᠤᠢ ᠶᠢᠨ ᠨᠡᠮᠡᠭᠳᠡᠯ ᠤᠨ ᠬᠠᠷᠠᠯᠲᠠ ᠶᠢ 7% ᠪᠠᠷ ᠲᠤᠭᠳᠠᠭᠠᠵᠣ᠂ ᠳᠠᠪᠠᠭᠤᠯᠢᠭ ᠲᠠᠯ᠎ᠠ ᠪᠠ ᠲᠠᠯᠳᠠ ᠴᠢᠳᠠᠪᠤᠷᠢ ᠶᠢ ᠭᠦᠢᠴᠡᠳ ᠪᠣᠳᠣᠯᠬᠢᠯᠠᠨ᠂ | ᠬᠦᠴᠢᠷᠳᠡᠯ ᠪᠠ ᠥᠷᠢᠰᠦᠯᠳᠦᠭᠡᠨ ᠢ ᠵᠢᠱᠢᠵᠦ᠂ ᠪᠠᠶᠢᠯᠳᠤᠬᠤ ᠪᠣᠳᠣᠯᠭ᠎ᠠ ᠪᠠ ᠲᠥᠯᠦᠪᠵᠢᠭᠦᠯᠭᠡ ᠶᠢ ᠠᠪᠴᠠᠯᠳᠣᠭᠤᠯᠵᠤ᠂ ᠵᠢᠱᠢᠯᠲᠡ ᠶᠢ ᠬᠥᠲᠥᠯᠥᠨ ᠵᠢᠯᠤᠭᠤᠳᠬᠤ᠂ | ᠢᠲᠡᠭᠡᠯ ᠵᠣᠷᠢᠭ ᠢ ᠬᠥᠪᠴᠢᠯᠡᠬᠦ᠂ ᠬᠦᠴᠦᠨ ᠴᠢᠳᠠᠯ ᠢ ᠨᠢᠭᠲᠠᠷᠠᠭᠤᠯᠬᠤ ᠳᠤ ᠠᠰᠢᠭᠲᠠᠢ ᠪᠠᠶᠢᠵᠣ᠂ ᠡᠨᠡ ᠪᠣᠯ ᠢᠳᠡᠪᠬᠢᠲᠡᠢ ᠮᠦᠷᠳᠡᠬᠡᠨ ᠠᠮᠵᠢᠯᠳᠠ ᠲᠠᠢ ᠶᠤᠮ᠂ ᠮᠥᠨ | ᠴᠦ ᠰᠢᠷᠭᠠᠭᠤ ᠬᠠᠲᠠᠭᠤᠵᠢᠯᠲᠠᠢ ᠴᠢᠷᠮᠠᠶᠢᠯᠭ᠎ᠠ ᠭᠠᠷᠭᠠᠪᠠᠯ ᠰᠠᠶ᠋ᠢ ᠪᠡᠶᠡᠯᠡᠭᠦᠯᠵᠦ ᠴᠢᠳᠠᠬᠤ ᠪᠤᠯᠤᠨ᠎ᠠ᠃ | ᠳᠣᠣᠷᠠᠬᠢ ᠬᠡᠳᠦᠨ ᠲᠠᠯ᠎ᠠ ᠶᠢᠨ ᠠᠵᠢᠯ ᠢ ᠭᠤᠣᠯᠳᠠᠯᠭ᠎ᠠ ᠲᠠᠢ ᠰᠠᠶᠢᠲᠤᠷ ᠬᠢᠨ᠎ᠡ᠄ | ︵ᠨᠢᠭᠡ︶ ᠲᠤᠭᠳᠠᠭᠤᠨ ᠢᠶᠠᠷ ᠨᠡᠮᠡᠭᠳᠡᠭᠦᠯᠬᠦ ᠤᠯᠤᠰ ᠲᠦᠷᠦ ᠶᠢᠨ ᠬᠠᠷᠢᠭᠤᠴᠠᠯᠭ᠎ᠠ ᠶᠢ ᠡᠷᠡᠰ ᠡᠭᠦᠷᠭᠡᠯᠡᠵᠦ᠂ ᠠᠵᠤ ᠠᠬᠤᠢ ᠶᠢᠨ ᠲᠣᠭᠲᠠᠭᠤᠨ ᠮᠦᠷᠳᠡᠬᠡᠨ | ᠡᠷᠡᠭᠦᠯ ᠢᠶᠠᠷ ᠬᠥᠭᠵᠢᠬᠦ ᠶᠢ ᠦᠨᠡᠨ ᠬᠦ ᠪᠠᠲᠤᠯᠠᠨ᠎ᠠ᠃ ᠬᠡᠷᠡᠭᠴᠡᠭᠡ ᠪᠠᠭᠠᠰᠴᠣ ᠪᠠᠶᠢᠭ᠎ᠠ᠂ ᠬᠠᠩᠭᠠᠯᠭ᠎ᠠ ᠶᠢᠨ ᠲᠠᠭᠠᠷᠢᠯᠳᠠ᠂ ᠵᠢᠱᠢᠯᠲᠡ ᠪᠠᠭᠤᠷᠠᠢ ᠪᠤᠯᠵᠤ ᠪᠠᠶᠢᠭ᠎ᠠ | ᠭᠤᠷᠪᠠᠨ ᠳᠠᠪᠬᠤᠷ ᠳᠠᠷᠤᠯᠲᠠ ᠶᠢᠨ ᠡᠮᠦᠨ᠎ᠡ᠂ ᠡᠷᠬᠡᠪᠰᠢ ᠲᠣᠭᠲᠠᠭᠤᠨ ᠢᠶᠠᠷ ᠨᠡᠮᠡᠭᠳᠡᠭᠦᠯᠬᠦ ᠶᠢ ᠨᠡᠩ ᠲᠣᠪᠣᠶᠢᠮ᠎ᠠ ᠪᠠᠶᠢᠷᠢᠨ ᠳᠤ ᠲᠠᠯᠪᠢᠵᠤ᠂ ᠠᠵᠤ ᠠᠬᠤᠢ ᠶᠢᠨ | ᠦᠨᠳᠦᠰᠦᠨ ᠪᠠᠶᠢᠳᠠᠯ ᠢ ᠦᠨᠡᠨ ᠬᠦ ᠲᠣᠭᠲᠠᠭᠤᠨ ᠪᠠᠶᠢᠯᠭᠠᠨ᠎ᠠ᠃ | ᠠᠷᠭ᠎ᠠ ᠪᠦᠬᠦᠨ ᠢ ᠰᠦᠪᠡᠭᠴᠢᠯᠡᠵᠦ ᠪᠠᠶᠢᠭᠠᠳ ᠪᠦᠲᠦᠮᠵᠢᠲᠡᠶ ᠪᠡᠯᠡ ᠣᠷᠣᠭᠤᠯᠤᠯᠲᠠ ᠶᠢ ᠥᠷᠭᠡᠳᠬᠡᠨ᠎ᠡ᠃ ᠲᠣᠭᠲᠠᠭᠤᠨ ᠢᠶᠠᠷ ᠨᠡᠮᠡᠭᠳᠡᠭᠦᠯᠬᠦ ᠰᠢᠷᠢᠰ ᠲᠦᠷᠦ ᠶᠢᠨ | ᠪᠣᠳᠣᠯᠭ᠎ᠠ ᠠᠷᠭ᠎ᠠ ᠬᠡᠮᠵᠢᠶ᠎ᠡ ᠶᠢ ᠲᠣᠭᠲᠠᠭᠠᠵᠤ ᠨᠡᠶᠢᠳᠡᠯᠡᠨ᠎ᠡ᠃ ᠲᠥᠷᠥᠯ ᠵᠦᠢᠯ ᠢᠶᠠᠷ ᠭᠤᠤᠯ ᠪᠣᠯᠭᠠᠬᠤ ᠶᠢ ᠪᠠᠷᠢᠮᠲᠠᠯᠠᠵᠤ᠂ ︽ᠰᠦᠪᠡᠭᠴᠢᠯᠡᠬᠦ᠂ ᠲᠤᠭᠳᠠᠭᠠᠬᠤ᠂ | ᠠᠬᠢᠭᠤᠯᠬᠤ᠂ ᠪᠠᠶᠢᠭᠤᠯᠬᠤ︾ ᠠᠵᠢᠯ ᠢ ᠪᠥᠬᠦ ᠲᠠᠯ᠎ᠠ ᠪᠠᠷ ᠰᠠᠶᠢᠲᠤᠷ ᠬᠢᠨ᠎ᠡ᠃ ᠠᠵᠤ ᠦᠢᠯᠡᠰ ᠤᠨ ᠬᠡᠯᠪᠡᠷᠢ ᠶᠢ ᠬᠤᠪᠢᠷᠠᠭᠤᠯᠬᠤ᠂ ᠰᠢᠨ᠎ᠡ ᠶᠢ ᠡᠭᠦᠳᠬᠦ ᠪᠠᠷ | ᠬᠥᠳᠡᠯᠭᠡᠭᠦᠷ ᠪᠣᠯᠭᠠᠬᠤ᠂ ᠰᠠᠭᠤᠷᠢ ᠲᠥᠬᠦᠭᠡᠷᠦᠮᠵᠢ᠂ ᠠᠮᠢ ᠠᠬᠤᠢ ᠣᠷᠴᠢᠨ ᠲᠤᠭᠤᠷᠢᠨ ᠤ ᠬᠠᠮᠠᠭᠠᠯᠠᠯᠲᠠ᠂ ᠠᠷᠠᠳ ᠤᠨ ᠠᠮᠢᠳᠤᠷᠠᠯ ᠤᠨ ᠪᠠᠲᠤᠯᠠᠭ᠎ᠠ ᠵᠡᠷᠭᠡ | ᠭᠤᠣᠯᠳᠠᠯᠭ᠎ᠠ ᠲᠠᠢ ᠬᠦᠷᠢᠶᠡᠨ ᠤ ᠲᠤᠭᠤᠷᠢᠨ ᠳᠤ᠂ ᠨᠢᠭᠡ ᠪᠦᠯᠦᠭ ᠴᠢᠨᠠᠷ ᠰᠠᠶᠢᠲᠠᠢ ᠲᠦᠷᠦᠯ ᠵᠣᠶᠢᠯ ᠢ ᠤᠬᠠᠭᠠᠯᠠᠨ ᠰᠦᠪᠡᠭᠴᠢᠯᠡᠵᠣ᠂ ᠲᠥᠪ ᠤᠨ ᠲᠥᠰᠥᠪ ᠤᠨ | ᠳᠣᠲᠣᠷᠠᠬᠢ ᠪᠡᠯᠡ ᠣᠷᠣᠭᠤᠯᠤᠯᠲᠠ ᠪᠠ ᠤᠷᠤᠨ ᠨᠤᠳᠤᠭ ᠤᠨ ᠲᠤᠰᠬᠠᠢ ᠵᠢᠬᠡᠯᠡᠯᠬᠡ ᠶᠢᠨ ᠲᠡᠮᠳᠡᠭᠳᠤ ᠶᠢ ᠢᠳᠡᠪᠬᠢᠲᠠᠢ ᠪᠠᠷ ᠲᠡᠮᠡᠴᠡᠨ ᠣᠯᠵᠣ᠂ ᠭᠦᠢᠴᠡᠳ ᠰᠠᠶᠢᠲᠤᠷ | ᠬᠡᠷᠡᠭᠯᠡᠨ᠎ᠡ᠃ ᠬᠢᠨᠠᠨ ᠵᠥᠪᠰᠢᠶᠡᠷᠡᠬᠦ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ︽ᠭᠠᠵᠠᠷ ᠰᠢᠷᠣᠢ ᠠᠪᠤᠪᠠᠯ ᠳᠠᠷᠤᠢ ᠠᠵᠢᠯ ᠡᠬᠢᠯᠡᠭᠦᠯᠬᠦ︾ ᠵᠠᠭᠪᠤᠷ ᠢ ᠪᠥᠬᠦ | ᠲᠠᠯ᠎ᠠ ᠪᠠᠷ ᠬᠡᠷᠡᠭᠵᠢᠭᠦᠯᠦᠨ᠎ᠡ᠃ ᠭᠠᠷᠠᠭ ᠲᠤ ᠲᠣᠬᠢᠷᠠᠭᠤᠯᠤᠯᠲᠠ ᠬᠢᠬᠦ᠂ ᠰᠠᠷ᠎ᠠ ᠳᠤ ᠠᠬᠢᠭᠤᠯᠬᠤ᠂ ᠤᠯᠠᠷᠢᠯ ᠳᠤ ᠦᠨᠡᠯᠡᠬᠦ᠂ ᠬᠠᠭᠠᠰ ᠵᠢᠯ ᠪᠥᠬᠦ ᠵᠢᠯ ᠳᠤ ᠰᠢᠯᠭᠠᠨ | ᠬᠢᠨᠠᠬᠤ ᠶᠢ ᠬᠡᠷᠡᠭᠵᠢᠭᠦᠯᠵᠦ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠬᠡᠳᠡᠷᠬᠦ ᠰᠢᠬᠠᠮᠳᠠᠭᠤᠯᠤᠨ ᠬᠤᠷᠳᠤᠴᠠ ᠶᠢ ᠲᠦᠷᠬᠡᠳᠬᠡᠵᠣ᠂ 454 | ᠭᠤᠣᠯᠳᠠᠯᠭ᠎ᠠ ᠲᠠᠢ ᠲᠥᠷᠥᠯ ᠵᠦᠢᠯ ᠤᠨ ᠪᠠᠷᠢᠯᠭ᠎ᠠ ᠶᠢᠨ ᠠᠵᠢᠯ ᠢ ᠡᠬᠢᠯᠡᠭᠦᠯᠬᠦ ᠪᠠ ᠰᠡᠷᠭᠦᠭᠡᠬᠦ ᠶᠢ ᠦᠨᠡᠨᠬᠦ ᠪᠠᠲᠤᠯᠠᠵᠤ᠂ 930 ᠳ᠋ᠦᠩᠰᠢᠭᠤᠷ ᠲᠥᠭᠦᠷᠢᠭ ᠠᠴᠠ | ᠳᠡᠭᠡᠭᠰᠢ ᠪᠡᠯᠡ ᠣᠷᠣᠭᠤᠯᠤᠯᠲᠠ ᠶᠢ ᠪᠡᠶᠡᠯᠡᠭᠦᠯᠵᠦ᠂ 1000 ᠳ᠋ᠦᠩᠰᠢᠭᠤᠷ ᠲᠥᠭᠦᠷᠢᠭ ᠢ ᠲᠠᠪᠠᠭᠤᠯᠬᠤ ᠪᠠᠷ ᠴᠢᠷᠮᠠᠶᠢᠨ᠎ᠠ᠃ ᠳᠤᠲᠠᠭᠤᠳᠠᠯ ᠢ ᠨᠥᠬᠦᠪᠦᠷᠢᠯᠡᠬᠦ᠂ | ᠪᠦᠲᠦᠴᠡ ᠶᠢ ᠲᠣᠬᠢᠷᠠᠭᠤᠯᠬᠤ᠂ ᠬᠡᠯᠪᠡᠷᠢ ᠪᠠᠨ ᠬᠤᠪᠢᠷᠠᠭᠤᠯᠬᠤ ᠶᠢ ᠠᠬᠢᠭᠤᠯᠬᠤ ᠳᠤ ᠦᠵᠡᠭᠦᠯᠬᠦ ᠪᠡᠯᠡ ᠣᠷᠣᠭᠤᠯᠤᠯᠲᠠ ᠶᠢᠨ ᠵᠠᠩᠭᠢᠯᠠᠭ᠎ᠠ ᠶᠢᠨ ᠦᠢᠯᠡᠳᠦᠯ ᠢ ᠨᠡᠩ | ᠰᠠᠶᠢᠲᠤᠷ ᠪᠠᠳᠠᠷᠠᠭᠤᠯᠵᠤ᠂ ᠦᠢᠯᠡᠳᠬᠦ ᠦᠢᠯᠡᠰ᠂ ᠠᠵᠤ ᠦᠢᠯᠡᠳᠪᠦᠷᠢ ᠶᠢᠨ ᠮᠡᠷᠭᠡᠵᠢᠯ ᠤᠨ ᠥᠭᠡᠷᠡᠴᠢᠯᠡᠯᠲᠡ᠂ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ | ᠪᠡᠯᠡ ᠣᠷᠣᠭᠤᠯᠤᠯᠲᠠ ᠶᠢ ᠲᠤᠰᠪᠤᠷᠢ 20% ᠠᠴᠠ ᠳᠡᠭᠡᠭᠰᠢ ᠨᠡᠮᠡᠭᠳᠡᠭᠦᠯᠦᠨ᠎ᠡ᠃ 18 ᠭᠤᠣᠯᠳᠠᠯᠭ᠎ᠠ ᠲᠠᠢ ᠠᠵᠤ ᠦᠢᠯᠡᠰ ᠤᠨ ᠬᠡᠯᠬᠢᠶ᠎ᠡ ᠳᠤ ᠠᠩᠬᠠᠷᠤᠯ ᠢᠶᠠᠨ | ᠲᠥᠪᠯᠡᠷᠡᠭᠦᠯᠵᠦ᠂ ᠪᠥᠬᠦ ᠵᠢᠯ᠂ ᠪᠥᠬᠦ ᠠᠵᠢᠯᠲᠠᠨ᠂ ᠪᠥᠬᠦ ᠤᠷᠤᠨ ᠪᠦᠰᠡ ᠶᠢᠨ ᠬᠤᠳᠠᠯᠳᠤᠭᠠᠴᠢᠨ ᠤᠷᠢᠬᠤ ᠶᠢ ᠴᠢᠩᠭᠠᠳᠬᠠᠨ᠂ ᠤᠷᠤᠨᠵᠢᠭᠤᠯᠤᠭᠰᠠᠨ ᠪᠡᠯᠡ | ᠮᠥᠩᠭᠦ ᠶᠢ 10% ᠠᠴᠠ ᠳᠡᠭᠡᠭᠰᠢ ᠨᠡᠮᠡᠭᠳᠡᠭᠦᠯᠬᠦ ᠶᠢ ᠦᠨᠡᠨ ᠬᠦ ᠪᠠᠲᠤᠯᠠᠵᠤ᠂ ᠨᠠᠩ ᠣᠯᠠᠨ ᠴᠢᠨᠠᠷ ᠰᠠᠶᠢᠲᠠᠢ ᠲᠥᠷᠥᠯ ᠵᠦᠢᠯ ᠤᠨ ᠪᠠᠷᠢᠯᠭ᠎ᠠ ᠶᠢᠨ ᠠᠵᠢᠯ ᠢ | ᠡᠬᠢᠯᠡᠭᠦᠯᠬᠦ ᠪᠠᠷ ᠲᠠᠮᠵᠢᠨ᠂ ︽ᠲᠣᠭᠲᠠᠭᠤᠨ︾ ᠤ ᠰᠠᠭᠤᠷᠢ ᠶᠢ ᠪᠠᠬᠢᠵᠢᠭᠦᠯᠵᠦ᠂ ︽ᠤᠷᠤᠭᠰᠢᠯᠠᠬᠤ︾ ᠦᠷ᠎ᠡ ᠪᠦᠲᠦᠮᠵᠢ ᠶᠢ ᠥᠷᠭᠡᠳᠬᠡᠨ᠎ᠡ᠃ | ᠬᠡᠷᠡᠭᠯᠡᠭᠡᠨ ᠤ ᠳᠠᠯᠳᠠ ᠬᠦᠴᠦᠨ ᠢ ᠭᠦᠨᠵᠡᠭᠡᠢ ᠠᠭᠤᠳᠠᠯᠤᠨ᠎ᠠ᠃ ᠬᠡᠷᠡᠭᠯᠡᠭᠡᠨ ᠤ ᠲᠠᠰ ᠢ ᠲᠡᠪᠰᠢᠭᠦᠯᠬᠦ᠂ ᠣᠲᠣ ᠦᠶ᠎ᠡ ᠶᠢᠨ ᠪᠠᠷᠠᠭᠠᠨ ᠤ ᠭᠦᠢᠯᠭᠡᠭᠡᠨ ᠤ | ᠦᠢᠯᠡᠰ ᠤᠨ ᠬᠥᠭᠵᠢᠯᠲᠡ᠂ ᠦᠢᠯᠡᠴᠢᠯᠡᠭᠡᠨ ᠤ ᠦᠢᠯᠡᠰ ᠤᠨ ᠬᠢᠷᠢ ᠲᠦᠪᠰᠢᠨ ᠢ ᠲᠡᠭᠡᠭᠰᠢᠯᠡᠭᠦᠯᠬᠦ ᠭᠤᠷᠪᠠᠨ ᠵᠢᠯ ᠤᠨ ᠠᠵᠢᠯᠯᠠᠭ᠎ᠠ ᠶᠢ ᠬᠡᠷᠡᠭᠵᠢᠭᠦᠯᠵᠦ᠂ ᠨᠠᠩ ᠣᠯᠠᠨ | ᠰᠢᠨ᠎ᠡ ᠠᠷᠭ᠎ᠠ᠂ ᠪᠣᠳᠠᠲᠠᠢ ᠠᠷᠭ᠎ᠠ᠂ ᠬᠠᠲᠠᠭᠤ ᠠᠷᠭ᠎ᠠ ᠪᠠᠷ ᠬᠡᠷᠡᠭᠯᠡᠭᠡᠨ ᠤ ᠳᠠᠯᠳᠠ ᠬᠦᠴᠦᠨ ᠪᠠ ᠠᠮᠢᠵᠢᠷᠠᠯ ᠤᠨ ᠬᠦᠴᠦᠨ ᠢ ᠬᠥᠭᠵᠢᠭᠡᠨ᠎ᠡ᠃ ᠰᠣᠶᠣᠯ | ᠵᠢᠭᠤᠯᠴᠢᠯᠠᠯ ᠤᠨ ᠬᠡᠷᠡᠭᠯᠡᠭᠡ ᠶᠢ ᠳᠡᠭᠡᠭᠰᠢᠯᠡᠭᠦᠯᠵᠦ᠂ ᠲᠠᠭᠤᠳᠤ ᠨᠠᠭᠤᠷ ᠤᠨ ᠵᠢᠭᠤᠯᠴᠢᠯᠠᠯ ᠤᠨ ᠣᠷᠣᠨ ᠢ ᠤᠯᠤᠰ ᠤᠨ 5A ᠲᠠᠰ ᠤᠨ ᠦᠵᠡᠮᠵᠢ ᠶᠢᠨ ᠣᠷᠣᠨ | ᠪᠤᠯᠭᠠᠨ ᠡᠭᠦᠳᠦᠨ ᠪᠠᠶᠢᠭᠤᠯᠬᠤ᠂ ᠪᠦᠷᠢᠶ᠎ᠡ ᠮᠠᠩᠬ᠎ᠠ ᠶᠢᠨ ᠵᠢᠭᠤᠯᠴᠢᠯᠠᠯ ᠤᠨ ᠣᠷᠣᠨ ᠢ ᠤᠯᠤᠰ ᠤᠨ ᠲᠠᠰ ᠤᠨ ᠵᠤᠭᠠᠴᠠᠨ ᠠᠮᠠᠷᠠᠬᠤ ᠣᠷᠣᠨ ᠪᠤᠯᠭᠠᠨ ᠡᠭᠦᠳᠦᠨ | ᠪᠠᠶᠢᠭᠤᠯᠬᠤ ᠶᠢ ᠠᠬᠢᠭᠤᠯᠵᠤ᠂ ᠬᠠᠲᠤᠨ ᠭᠤᠣᠯ ᠤᠨ ︽几︾ ᠦᠰᠦᠭᠳᠤ ᠲᠤᠬᠤᠢ᠂ ᠪᠤᠷᠤᠪᠠᠯᠭᠠᠰᠤᠨ ᠤ ᠬᠤᠪᠢᠰᠬᠠᠯ ᠤᠨ ᠰᠣᠶᠣᠯ ᠤᠨ ᠵᠢᠭᠤᠯᠴᠢᠯᠠᠯ ᠤᠨ ᠣᠷᠣᠨ | ᠵᠡᠷᠭᠡ ᠳᠠᠪᠠᠭᠤᠯᠢᠭ ᠣᠷᠣᠨ ᠤ ᠬᠥᠭᠵᠢᠯᠲᠡ ᠶᠢ ᠳᠡᠮᠵᠢᠵᠦ᠂ ᠡᠬᠢ ᠪᠠᠶᠠᠯᠢᠭ ᠢ ᠭᠦᠨᠵᠡᠭᠡᠢ ᠡᠮᠬᠢᠯᠡᠨ ᠨᠡᠶᠢᠯᠡᠭᠦᠯᠦᠭᠰᠡᠨ᠂ ᠰᠣᠶᠣᠯ ᠵᠢᠭᠤᠯᠴᠢᠯᠠᠯ ᠢ ᠭᠦᠨᠵᠡᠭᠡᠢ | ᠠᠭᠤᠰᠤᠯᠴᠠᠭᠤᠯᠤᠭᠰᠠᠨ ᠨᠢᠭᠡ ᠪᠦᠯᠦᠭ ᠵᠢᠱᠢᠶ᠎ᠡ ᠦᠵᠡᠭᠦᠯᠬᠦ ᠵᠠᠭᠪᠤᠷ ᠢ ᠪᠣᠶ ᠪᠣᠯᠭᠠᠵᠤ᠂ ᠰᠣᠶᠣᠯ ᠵᠢᠭᠤᠯᠴᠢᠯᠠᠯ ᠤᠨ ᠬᠡᠷᠡᠭᠯᠡᠭᠡ ᠶᠢ ᠲᠠᠬᠢᠨ ᠲᠡᠰ ᠲᠡᠪᠰᠢᠭᠦᠯᠬᠦ ᠶᠢ | ᠠᠬᠢᠭᠤᠯᠤᠨ᠎ᠠ᠃ ᠰᠢᠨ᠎ᠡ ᠮᠠᠶ᠋ᠢᠭ ᠤᠨ ᠬᠡᠷᠡᠭᠯᠡᠭᠡ ᠶᠢ ᠲᠦᠷᠬᠡᠨ ᠢᠶᠠᠷ ᠪᠣᠶᠢᠵᠢᠭᠤᠯᠵᠤ᠂ 5G ᠶᠢᠨ ᠦᠵᠦᠭᠦᠷ ᠲᠦᠭᠦᠭᠡᠷᠤᠮᠵᠢ᠂ ᠤᠶᠤᠨᠳᠤ ᠭᠡᠷ ᠤᠨ ᠬᠡᠷᠡᠭᠰᠡᠯ᠂ | ᠤᠶᠤᠨᠳᠤ ᠬᠤᠳᠠᠯᠳᠤᠭᠠᠨ ᠤ ᠲᠡᠯᠬᠡᠭᠦᠷ ᠴᠢᠯᠤᠬᠡᠳᠤ ᠳᠡᠯᠭᠡᠭᠦᠷ ᠵᠡᠷᠭᠡ ᠣᠶᠢᠯᠡᠳᠭᠦᠨ ᠤ ᠬᠡᠷᠡᠭᠯᠡᠭᠡ ᠶᠢ ᠥᠷᠭᠡᠳᠬᠡᠵᠦ᠂ ᠰᠦᠯᠵᠢᠶᠡᠨ ᠳᠡᠭᠡᠷᠡᠬᠢ ᠡᠮ ᠡᠮᠨᠡᠯᠭᠡ ᠰᠤᠷᠭᠠᠨ | ᠬᠥᠮᠦᠵᠢᠯ᠂ ᠰᠣᠶᠣᠯ ᠪᠡᠶ᠎ᠡ ᠶᠢᠨ ᠲᠠᠮᠢᠷ ᠵᠤᠭ᠎ᠠ ᠴᠡᠩᠭᠡᠯ ᠵᠡᠷᠭᠡ ᠦᠢᠯᠡᠴᠢᠯᠡᠭᠡᠨ ᠤ ᠬᠡᠷᠡᠭᠯᠡᠭᠡ ᠶᠢ ᠲᠡᠰ ᠳᠡᠪᠰᠢᠭᠦᠯᠦᠨ᠎ᠡ᠃ ᠬᠤᠳᠠᠯᠳᠤᠭ᠎ᠠ ᠠᠷᠠᠯᠵᠢᠶ᠎ᠠ ᠶᠢᠨ ᠪᠠᠷᠠᠭᠠᠨ ᠤ | ᠭᠦᠢᠯᠭᠡᠭᠡᠨ ᠤ ᠲᠤᠭᠳᠠᠯᠴᠠᠭ᠎ᠠ ᠶᠢ ᠲᠡᠭᠦᠯᠳᠡᠷᠵᠢᠭᠦᠯᠵᠦ᠂ ᠨᠢᠭᠡ ᠪᠦᠯᠦᠭ ᠰᠢᠨ᠎ᠡ ᠮᠠᠶ᠋ᠢᠭ ᠤᠨ ᠪᠠᠷᠠᠭᠠᠨ ᠤ ᠭᠦᠢᠯᠭᠡᠭᠡᠨ ᠤ ᠬᠦᠷᠢᠶᠡᠯᠡᠩ ᠲᠣᠭᠤᠷᠢᠭ᠂ ᠰᠦᠯᠵᠢᠶ᠎ᠡ ᠶᠢᠨ | ᠪᠠᠷᠠᠭᠠᠨ ᠤ ᠭᠦᠢᠯᠭᠡᠭᠡᠨ ᠤ ᠲᠠᠪᠴᠠᠩ᠂ ᠬᠦᠢᠲᠡᠨ ᠬᠡᠯᠬᠢᠶᠡᠲᠦ ᠪᠠᠷᠠᠭᠠᠨ ᠤ ᠭᠦᠢᠯᠬᠡᠬᠡᠨ ᠤ ᠲᠦᠷᠦᠯ ᠵᠣᠶᠢᠯ ᠢ ᠪᠠᠶᠢᠷᠢᠯᠠᠭᠤᠯᠤᠨ ᠪᠦᠲᠦᠬᠡᠨ ᠪᠠᠶᠢᠭᠤᠯᠤᠨ᠎ᠠ᠃ | ᠲᠦᠭᠰᠢᠭᠦᠷᠢ ᠶᠢ ᠬᠦᠴᠦᠯᠡᠨ ᠰᠡᠷᠭᠡᠶᠢᠯᠡᠨ ᠠᠷᠢᠯᠭᠠᠨ᠎ᠠ᠃ ᠵᠠᠰᠠᠭ ᠤᠨ ᠣᠷᠳᠣᠨ ᠤ ᠥᠷᠢ ᠥᠭᠴᠡᠭᠡ ᠶᠢᠨ ᠬᠠᠮᠢᠶᠠᠷᠤᠯᠲᠠ ᠶᠢ ᠴᠢᠩᠭᠠᠳᠬᠠᠵᠤ᠂ ᠳᠠᠯᠳᠠ ᠥᠷᠢ | ᠥᠭᠴᠡᠭᠡ ᠶᠢ ᠰᠢᠨ᠎ᠡ ᠪᠠᠷ ᠨᠡᠮᠡᠭᠳᠡᠭᠦᠯᠬᠦ ᠶᠢ ᠡᠷᠡᠰ ᠬᠤᠷᠢᠭᠯᠠᠵᠤ᠂ ᠣᠯᠠᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠦᠨᠳᠦᠰᠦᠨ ᠱᠠᠲᠤ ᠶᠢ ᠬᠠᠪᠰᠤᠷᠤᠨ ᠥᠷᠢ | ᠥᠭᠴᠡᠭᠡ ᠶᠢ ᠢᠯᠭᠠᠷᠠᠭᠤᠯᠵᠤ᠂ ᠰᠢᠶᠠᠨ ᠤ ᠬᠡᠪᠴᠢᠶᠡᠨ ᠤ ᠥᠷᠢ ᠥᠭᠴᠡᠭᠡ ᠶᠢᠨ ᠲᠦᠭᠰᠢᠭᠦᠷᠢ ᠶᠢ ᠤᠯᠠᠭᠠᠨ ᠱᠤᠭᠤᠮ ᠠᠴᠠ ᠭᠠᠷᠭᠠᠵᠣ ᠲᠠᠰ ᠪᠠᠭᠤᠷᠠᠭᠤᠯᠬᠤ ᠶᠢ | ᠯᠠᠪᠳᠠᠭᠤᠨ ᠪᠠᠲᠤᠲᠠᠢ ᠠᠬᠢᠭᠤᠯᠵᠤ᠂ ᠣᠲᠤᠭ ᠵᠡᠷᠭᠡ ᠬᠤᠰᠢᠭᠤ ᠲᠤᠭᠤᠷᠢᠭ ᠤᠨ ᠳᠠᠯᠳᠠ ᠥᠷᠢ ᠥᠭᠴᠡᠭᠡ ᠶᠢ ᠢᠯᠭᠠᠷᠠᠭᠤᠯᠬᠤ ᠶᠢ ᠲᠦᠷᠬᠡᠨ ᠢᠶᠠᠷ ᠪᠡᠶᠡᠯᠡᠭᠦᠯᠦᠨ᠎ᠡ᠃ | ᠮᠥᠩᠭᠦᠨ ᠭᠦᠢᠯᠭᠡᠭᠡᠨ ᠤ ᠬᠠᠤᠯᠢᠵᠢᠯ ᠤᠨ ᠪᠠᠶᠢᠭᠤᠯᠤᠯᠲᠠ ᠶᠢ ᠴᠢᠩᠭᠠᠳᠬᠠᠵᠤ᠂ ᠮᠠᠭᠤ ᠰᠠᠨᠠᠭ᠎ᠠ ᠲᠠᠢ ᠪᠠᠷ ᠥᠷᠢ ᠥᠭᠴᠡᠭᠡ ᠠᠴᠠ ᠵᠠᠶᠢᠯᠠᠬᠤ ᠪᠠ ᠥᠷᠢ | ᠥᠭᠴᠡᠭᠡ ᠶᠢ ᠬᠦᠴᠦᠨ ᠦᠭᠡᠢ ᠪᠣᠯᠭᠠᠬᠤ ᠣᠶᠢᠯᠠ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ︽ᠨᠢᠭᠡ ᠠᠵᠢᠯ ᠲᠥᠷᠥᠯ ᠳᠤ ᠨᠢᠭᠡ ᠠᠷᠭ᠎ᠠ ᠪᠣᠳᠣᠯᠭ᠎ᠠ ᠠᠪᠬᠤ | ︾ ᠪᠠᠷ ᠲᠠᠮᠵᠢᠨ ᠣᠷᠣᠨ ᠨᠤᠲᠤᠭ ᠤᠨ ᠬᠠᠤᠯᠢ ᠶᠢᠨ ᠡᠷᠬᠡᠲᠡᠨ ᠤ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠲᠦᠭᠰᠢᠭᠦᠷᠢ ᠶᠢ ᠠᠷᠢᠯᠭᠠᠨ ᠰᠢᠢᠳᠪᠦᠷᠢᠯᠡᠵᠦ᠂ | ᠬᠤᠲᠠ ᠶᠢᠨ ᠬᠤᠳᠠᠯᠳᠤᠭᠠᠨ ᠤ ᠪᠠᠩᠬᠢ᠂ ᠬᠥᠳᠡᠭᠡ ᠲᠣᠰᠬᠤᠨ ᠤ ᠢᠲᠡᠭᠡᠮᠵᠢ ᠶᠢᠨ ᠬᠤᠷᠰᠢᠶ᠎ᠠ ᠶᠢᠨ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠦᠨ᠂ ᠠᠵᠤ | ᠠᠬᠤᠶᠢᠯᠠᠯ ᠤᠨ ᠭᠡᠷ᠎ᠡ ᠵᠥᠷᠢᠴᠡᠬᠦ᠂ ᠬᠠᠤᠯᠢ ᠪᠤᠰᠤ ᠪᠠᠷ ᠪᠡᠯᠡ ᠴᠤᠭᠯᠠᠭᠤᠯᠬᠤ᠂ ᠭᠡᠷ ᠪᠠᠶᠢᠰᠢᠩ ᠭᠠᠵᠠᠷ ᠬᠥᠷᠥᠩᠭᠡ ᠶᠢᠨ ᠦᠢᠯᠡᠰ ᠵᠡᠷᠭᠡ ᠭᠤᠣᠯᠳᠠᠯᠭ᠎ᠠ ᠲᠠᠢ | ᠬᠦᠷᠢᠶᠡᠨ ᠤ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠠᠵᠢᠯ ᠢ ᠨᠢᠭᠡᠳᠦᠯᠲᠡᠢ ᠲᠥᠯᠥᠪᠯᠡᠨ ᠰᠠᠶᠢᠲᠤᠷ ᠠᠳᠬᠤᠵᠤ᠂ ᠰᠢᠰᠲ᠋ᠧᠮ ᠤᠨ ᠴᠢᠨᠠᠷᠲᠠᠢ ᠲᠦᠭᠰᠢᠭᠦᠷᠢ ᠡᠭᠦᠰᠬᠦ | ᠦᠭᠡᠢ ᠪᠠᠶᠢᠬᠤ ᠶᠢ ᠦᠨᠡᠨᠬᠦ ᠪᠠᠲᠤᠯᠠᠨ᠎ᠠ᠃ | ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠠᠮᠢᠵᠢᠷᠠᠯ ᠤᠨ ᠬᠦᠴᠦᠨ ᠢ ᠭᠦᠢᠴᠡᠳ ᠬᠥᠭᠵᠢᠭᠡᠨ᠎ᠡ᠃ ᠤᠯᠤᠰ ᠤᠨ ᠦᠮᠴᠢᠯᠡᠯᠳᠤ ᠬᠥᠷᠥᠩᠭᠡ᠂ ᠤᠯᠤᠰ ᠤᠨ | ᠦᠮᠴᠢᠯᠡᠯᠳᠤ ᠠᠵᠤ ᠠᠬᠤᠶᠢᠯᠠᠯ ᠢ ᠡᠷᠡᠰ ᠭᠤᠶᠢᠪᠢᠰᠢ ᠦᠭᠡᠢ ᠪᠠᠷ ᠬᠦᠴᠦᠷᠬᠡᠭᠵᠢᠭᠦᠯᠦᠨ ᠰᠢᠯᠢᠳᠡᠭᠵᠢᠭᠦᠯᠵᠦ᠂ ᠤᠯᠤᠰ ᠤᠨ ᠦᠮᠴᠢᠯᠡᠯᠳᠤ ᠠᠵᠤ ᠠᠬᠤᠶᠢᠯᠠᠯ ᠤᠨ | ᠥᠭᠡᠷᠡᠴᠢᠯᠡᠯᠲᠡ ᠶᠢᠨ ᠭᠤᠷᠪᠠᠨ ᠵᠢᠯ ᠤᠨ ᠠᠵᠢᠯᠯᠠᠭ᠎ᠠ ᠶᠢ ᠪᠡᠶᠡᠯᠡᠭᠦᠯᠵᠦ᠂ ᠤᠯᠤᠰ ᠤᠨ ᠦᠮᠴᠢᠯᠡᠯᠳᠤ ᠬᠥᠷᠥᠩᠭᠡ᠂ ᠤᠯᠤᠰ ᠤᠨ ᠦᠮᠴᠢᠯᠡᠯᠳᠤ ᠠᠵᠤ ᠠᠬᠤᠶᠢᠯᠠᠯ ᠤᠨ | ᠰᠢᠨ᠎ᠡ ᠡᠨᠧᠷᠭᠢ᠂ ᠡᠨᠧᠷᠭᠢ ᠠᠷᠪᠢᠯᠠᠵᠤ ᠣᠷᠴᠢᠨ ᠲᠣᠭᠤᠷᠢᠨ ᠢ ᠬᠠᠮᠠᠭᠠᠯᠠᠬᠤ᠂ ᠬᠤᠳᠠ ᠶᠢᠨ ᠪᠦᠲᠦᠭᠡᠨ ᠪᠠᠶᠢᠭᠤᠯᠤᠯᠲᠠ ᠵᠡᠷᠭᠡ ᠬᠦᠷᠢᠶᠡᠨ ᠳᠠᠬᠢ ᠬᠥᠲᠥᠯᠥᠨ | ᠲᠠᠭᠠᠭᠤᠯᠵᠤ ᠲᠤᠯᠭᠠᠭᠤᠷᠢᠯᠠᠬᠤ ᠦᠢᠯᠡᠳᠦᠯ ᠢ ᠴᠢᠩᠭᠠᠳᠬᠠᠵᠤ᠂ ᠥᠷᠢᠰᠦᠯᠳᠦᠬᠦ ᠬᠦᠴᠦᠨ ᠢ ᠴᠢᠩᠭᠠᠷᠠᠭᠤᠯᠤᠨ᠎ᠠ᠃ ᠤᠯᠤᠰ ᠤᠨ ᠰᠢᠨ᠎ᠡ ᠨᠢᠭᠡ ᠡᠭᠡᠯᠵᠢ ᠶᠢᠨ | ᠭᠠᠶᠢᠯᠢ ᠶᠢ ᠬᠥᠩᠭᠡᠯᠡᠵᠦ ᠰᠦᠢᠳᠬᠡᠯ ᠢ ᠪᠠᠭᠤᠷᠠᠭᠤᠯᠬᠤ ᠲᠦᠷᠦ ᠶᠢᠨ ᠪᠣᠳᠣᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ︽ᠲᠦᠷᠪᠡᠨ ᠲᠦᠷᠦᠯ ᠤᠨ | ᠬᠡᠪᠴᠢᠶᠡᠵᠢᠯ ᠠᠴᠠ ᠲᠡᠭᠡᠭᠰᠢᠬᠢ︾ ᠠᠵᠤ ᠠᠬᠤᠶᠢᠯᠠᠯ ᠢ ᠰᠢᠨ᠎ᠡ ᠪᠠᠷ 40 ᠨᠡᠮᠡᠭᠳᠡᠭᠦᠯᠵᠦ᠂ ᠵᠠᠬ᠎ᠠ ᠳᠡᠯᠭᠡᠭᠦᠷ ᠤᠨ ᠭᠤᠤᠯ ᠴᠣᠭᠴᠠ ᠶᠢ ᠰᠢᠨ᠎ᠡ ᠪᠠᠷ 3 ᠲᠦᠮᠡᠨ | ᠡᠷᠦᠬᠡ ᠠᠴᠠ ᠲᠡᠭᠡᠭᠰᠢ ᠨᠡᠮᠡᠭᠳᠡᠭᠦᠯᠦᠨ᠎ᠡ᠃ ᠮᠥᠩᠭᠦᠨ ᠭᠦᠢᠯᠭᠡᠭᠡᠨ ᠠᠴᠠ ᠴᠢᠳᠠᠪᠦᠷᠢ ᠣᠯᠭᠤᠬᠤ ᠶᠠᠰᠤ ᠴᠢᠨᠠᠷ ᠦᠷ᠎ᠡ ᠠᠰᠢᠭ ᠢ ᠳᠡᠭᠡᠭᠰᠢᠯᠡᠭᠦᠯᠵᠦ᠂ ᠢᠲᠡᠭᠡᠮᠵᠢᠲᠦ | ᠵᠢᠭᠡᠯᠡᠯᠭᠡ ᠶᠢᠨ ᠦᠯᠡᠳᠡᠪᠦᠷᠢ ᠲᠤᠭ᠎ᠠ ᠶᠢ ᠰᠢᠨ᠎ᠡ ᠪᠠᠷ 150 ᠳ᠋ᠦᠩᠰᠢᠭᠤᠷ ᠲᠥᠭᠦᠷᠢᠭ ᠠᠴᠠ ᠳᠡᠭᠡᠭᠰᠢ ᠨᠡᠮᠡᠭᠳᠡᠭᠦᠯᠦᠨ᠎ᠡ᠃ ᠠᠵᠤ ᠠᠬᠤᠶᠢᠯᠠᠯ ᠤᠨ ᠰᠲ᠋ᠤᠺ ᠢ ᠵᠠᠬ᠎ᠠ | ᠳᠡᠯᠭᠡᠭᠦᠷ ᠲᠤ ᠭᠠᠷᠭᠠᠬᠤ ᠶᠢ ᠠᠬᠢᠭᠤᠯᠵᠤ᠂ ᠮᠠᠨ ᠤ ᠬᠤᠲᠠ ᠶᠢᠨ ᠰᠲ᠋ᠤᠺ ᠢ 20 ᠵᠢᠯ ᠭᠤᠣᠯ ᠰᠠᠮᠪᠠᠷ᠎ᠠ ᠶᠢᠨ ᠵᠠᠬ᠎ᠠ ᠲᠡᠯᠬᠡᠭᠦᠷ ᠲᠤ ᠭᠠᠷᠭᠠᠭᠰᠠᠨ ᠦᠭᠡᠢ ᠲᠡᠦᠬᠡ ᠶᠢ | ᠡᠴᠦᠰᠯᠡᠭᠦᠯᠦᠨ᠎ᠡ᠃ ᠠᠷᠠᠳ ᠠᠴᠠ ᠡᠵᠡᠩᠨᠡᠭᠰᠡᠨ ᠠᠵᠤ ᠠᠬᠤᠢ ᠪᠣᠯ ᠲᠣᠭᠲᠠᠭᠤᠨ ᠢᠶᠠᠷ ᠨᠡᠮᠡᠭᠳᠡᠭᠦᠯᠬᠦ ᠶᠢ ᠪᠠᠳᠤᠯᠠᠬᠤ ︽ᠲᠤᠯᠭᠠᠭᠤᠷᠢ ᠭᠦᠴᠦᠨ︾ ᠪᠣᠯᠬᠤ ᠶᠣᠮ᠂ | ᠬᠦᠴᠦᠲᠡᠢ ᠪᠦᠲᠦᠮᠵᠢ ᠲᠠᠢ ᠠᠷᠭ᠎ᠠ ᠬᠡᠮᠵᠢᠶ᠎ᠡ ᠠᠪᠴᠣ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠬᠥᠭᠵᠢᠯᠲᠡ ᠶᠢᠨ ᠣᠷᠴᠢᠨ ᠲᠣᠭᠤᠷᠢᠨ ᠢ ᠨᠡᠩ ᠰᠢᠯᠢᠳᠡᠭ | ᠰᠠᠶᠢᠨ᠂ ᠤᠷᠤᠯᠳᠤᠭᠠᠨ ᠤ ᠲᠠᠯᠠᠪᠤᠷ ᠢ ᠨᠡᠩ ᠡᠷᠬᠡ ᠲᠡᠭᠰᠢ᠂ ᠲᠠᠪᠴᠠᠩ ᠢ ᠨᠡᠩ ᠥᠷᠭᠡᠨ ᠠᠭᠤᠳᠠᠮ᠂ ᠢᠷᠡᠭᠡᠳᠦᠢ ᠶᠢ ᠨᠡᠩ ᠭᠡᠭᠡᠨ ᠰᠠᠷᠠᠭᠤᠯ ᠪᠤᠯᠭᠠᠨ᠎ᠠ︕ | ︵ᠬᠤᠶᠠᠷ︶ ᠣᠲᠣ ᠦᠶ᠎ᠡ ᠶᠢᠨ ᠠᠵᠤ ᠦᠢᠯᠡᠰ ᠤᠨ ᠲᠤᠭᠳᠠᠯᠴᠠᠭ᠎ᠠ ᠶᠢ ᠲᠦᠷᠬᠡᠨ ᠢᠶᠠᠷ ᠪᠠᠶᠢᠭᠤᠯᠵᠤ᠂ ᠠᠵᠤ ᠦᠢᠯᠡᠰ ᠤᠨ ᠬᠡᠯᠬᠢᠶ᠎ᠡ ᠬᠠᠩᠭᠠᠯᠭ᠎ᠠ ᠶᠢᠨ | ᠬᠡᠯᠬᠢᠶ᠎ᠡ ᠶᠢᠨ ᠤᠶᠠᠨ ᠬᠠᠳᠠᠨ ᠴᠢᠨᠠᠷ ᠪᠠ ᠥᠷᠢᠰᠦᠯᠳᠦᠬᠦ ᠬᠦᠴᠦᠨ ᠢ ᠴᠢᠩᠭᠠᠷᠠᠭᠤᠯᠤᠨ᠎ᠠ᠃ ᠪᠣᠬᠢᠷᠳᠤᠯ ᠦᠭᠡᠢ ᠲᠤᠤᠷ᠎ᠠ ᠨᠡᠭᠦᠷᠡᠰᠦᠳᠦ᠋ᠷᠦᠭᠴᠢᠳᠤ ᠪᠠᠷ | ᠬᠠᠳᠠᠭᠠᠯᠠᠯᠲᠠ ᠶᠢᠨ ᠬᠡᠮᠵᠢᠶ᠎ᠡ ᠶᠢ ᠲᠡᠰ ᠳᠡᠪᠰᠢᠭᠦᠯᠬᠦ ᠶᠢ ᠠᠬᠢᠭᠤᠯᠵᠤ᠂ ᠦᠵᠦᠭᠦᠷ ᠲᠡᠰ ᠢᠶᠠᠷ ᠵᠢᠱᠢᠶ᠎ᠡ ᠦᠵᠡᠭᠦᠯᠬᠦ ᠪᠠᠷ ᠬᠡᠮᠵᠢᠶ᠎ᠡ ᠶᠢ ᠨᠡᠮᠡᠭᠳᠡᠭᠦᠯᠦᠨ ᠬᠡᠯᠪᠡᠷᠢ ᠶᠢ | ᠬᠤᠪᠢᠷᠠᠭᠤᠯᠬᠤ ᠶᠢ ᠬᠦᠳᠦᠯᠦᠨ ᠲᠠᠭᠠᠭᠤᠯᠵᠤ᠂ ᠠᠵᠤ ᠦᠢᠯᠡᠰ ᠤᠨ ᠰᠠᠭᠤᠷᠢ ᠶᠢ ᠳᠡᠭᠡᠳᠦ ᠵᠡᠷᠬᠡ ᠲᠡᠰᠵᠢᠭᠦᠯᠬᠦ ᠪᠠ ᠠᠵᠤ ᠦᠢᠯᠡᠰ ᠤᠨ ᠬᠡᠯᠬᠢᠶ᠎ᠡ ᠶᠢ | ᠤᠳᠤᠬᠢᠴᠢᠯᠠᠬᠤ ᠶᠢ ᠲᠦᠷᠭᠡᠳᠬᠡᠵᠦ᠂ ᠠᠵᠤ ᠠᠬᠤᠢ ᠶᠢᠨ ᠤᠷᠴᠢᠯ ᠪᠠ ᠠᠵᠤ ᠦᠢᠯᠡᠰ ᠤᠨ ᠰᠠᠭᠠᠳ ᠦᠬᠡᠢ ᠨᠡᠪᠲᠡᠷᠡᠬᠦ ᠶᠢ ᠠᠬᠢᠭᠤᠯᠤᠨ᠎ᠠ᠃ | ᠤᠳᠤ ᠦᠶ᠎ᠡ ᠶᠢᠨ ᠡᠨᠧᠷᠭᠢ ᠶᠢᠨ ᠠᠵᠤ ᠠᠬᠤᠢ ᠶᠢᠨ ᠬᠦᠭᠵᠢᠯᠳᠡ ᠶᠢ ᠶᠡᠬᠡᠪᠡᠷ ᠠᠬᠢᠭᠤᠯᠤᠨ᠎ᠠ᠃ ︽ᠬᠤᠶᠠᠷ ᠢ ᠲᠦᠷᠦᠭᠦᠯᠡᠨ ᠪᠡᠶᠡᠯᠡᠭᠦᠯᠬᠦ︾ ︽ᠬᠤᠶᠠᠷ ᠢ | ᠳᠠᠪᠠᠭᠤᠯᠬᠤ︾ ᠳᠤ ᠠᠩᠬᠠᠷᠤᠯ ᠢᠶᠠᠨ ᠲᠥᠪᠯᠡᠷᠡᠭᠦᠯᠵᠦ᠂ ᠰᠢᠨ᠎ᠡ ᠬᠡᠯᠪᠡᠷᠢ ᠶᠢᠨ ᠴᠠᠬᠢᠯᠭᠠᠨ ᠬᠦᠴᠦᠨ ᠤ ᠰᠢᠰᠲ᠋ᠧᠮ ᠤᠨ ᠪᠦᠲᠦᠭᠡᠨ ᠪᠠᠶᠢᠭᠤᠯᠤᠯᠲᠠ ᠶᠢᠨ ︽ᠠᠷᠪᠠᠨ | ᠶᠡᠭᠡ ᠪᠠᠷᠢᠯᠭ᠎ᠠ︾ ᠶᠢ ᠬᠡᠷᠡᠭᠵᠢᠭᠦᠯᠦᠨ᠂ ᠰᠢᠨ᠎ᠡ ᠡᠨᠧᠷᠭᠢ ᠶᠢᠨ ᠮᠠᠰᠢᠨ ᠴᠤᠭᠴᠠᠯᠠᠪᠤᠷᠢ᠂ ᠴᠠᠬᠢᠯᠭᠠᠨ ᠭᠠᠷᠭᠠᠬᠤ᠂ ᠰᠢᠩᠭᠡᠭᠡᠬᠦ ᠬᠠᠷᠢᠴᠠᠯ ᠢ ᠲᠦᠷᠬᠡᠨ ᠢᠶᠠᠷ | ᠳᠡᠭᠡᠭᠰᠢᠯᠡᠭᠦᠯᠵᠦ᠂ 670 ᠲᠦᠮᠡᠨ ᠺᠢᠯᠣᠸᠠᠲ ᠤᠨ ᠰᠢᠨ᠎ᠡ ᠡᠨᠧᠷᠭᠢ ᠶᠢᠨ ᠲᠥᠷᠥᠯ ᠵᠦᠢᠯ ᠤᠨ ᠪᠠᠷᠢᠯᠭ᠎ᠠ ᠶᠢᠨ ᠠᠵᠢᠯ ᠢ ᠡᠬᠢᠯᠡᠭᠦᠯᠦᠨ᠂ ᠲᠣᠣᠷ ᠨᠡᠶᠢᠯᠡᠭᠦᠯᠦᠨ | ᠴᠠᠬᠢᠯᠭᠠᠨ ᠭᠠᠷᠭᠠᠬᠤ ᠶᠢ 400 ᠲᠦᠮᠡᠨ ᠺᠢᠯᠣᠸᠠᠲ ᠲᠤ ᠬᠦᠷᠬᠡᠵᠣ᠂ ᠣᠨᠴᠠ ᠥᠨᠳᠥᠷ ᠬᠦᠴᠦᠳᠡᠯᠲᠦ ᠴᠠᠬᠢᠯᠭᠠᠨ ᠲᠣᠣᠷ᠂ ᠭᠠᠳᠠᠭᠰᠢ ᠬᠦᠷᠭᠡᠬᠦ ᠵᠠᠮ ᠪᠠ ᠢᠵᠢ | ᠪᠦᠷᠢᠳᠦᠭᠰᠡᠨ ᠴᠠᠬᠢᠯᠭᠠᠨ ᠡᠭᠦᠰᠬᠡᠭᠴᠢ ᠶᠢᠨ ᠴᠡᠭ ᠤᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠮᠧᠩ ᠰᠢ ᠠᠴᠠ ᠪᠡᠭᠡᠵᠢᠩ ᠲᠢᠶᠠᠨᠵᠢᠨ ᠾᠧᠪᠧᠢ ᠬᠦᠷᠬᠦ | ᠴᠠᠬᠢᠯᠭᠠᠨ ᠬᠦᠴᠦᠨ ᠢ ᠭᠠᠳᠠᠭᠰᠢ ᠬᠦᠷᠭᠡᠬᠦ ᠵᠠᠮ ᠢ ᠵᠦᠪᠰᠢᠶᠡᠷᠡᠭᠦᠯᠬᠦ ᠶᠢ ᠠᠬᠢᠭᠤᠯᠤᠨ᠎ᠠ᠃ ᠨᠡᠭᠦᠷᠡᠰᠦᠨ ᠠᠭᠤᠷᠬᠠᠢ ᠶᠢᠨ ᠭᠠᠵᠠᠷ ᠬᠡᠷᠡᠭᠯᠡᠬᠦ ᠶᠢ ᠬᠢᠨᠠᠨ ᠵᠥᠪᠰᠢᠶᠡᠷᠡᠬᠦ᠂ | ᠭᠠᠷᠳᠠᠮ ᠢ ᠭᠦᠢᠴᠡᠳᠬᠡᠬᠦ᠂ ᠣᠶᠢᠯᠡᠳᠪᠦᠷᠢᠯᠠᠯ ᠤᠨ ᠴᠢᠳᠠᠪᠤᠷᠢ ᠶᠢ ᠨᠡᠮᠡᠭᠳᠡᠭᠦᠯᠬᠦ ᠶᠢ ᠨᠢᠭᠡᠳᠦᠯᠲᠡᠢ ᠲᠥᠯᠥᠪᠯᠡᠨ ᠠᠬᠢᠭᠤᠯᠵᠤ᠂ ᠪᠠᠴᠢᠮ ᠪᠠᠶᠢᠳᠠᠯ ᠢ ᠠᠷᠭᠠᠴᠠᠬᠤ | ᠣᠶᠢᠯᠡᠳᠪᠦᠷᠢᠯᠠᠯ ᠤᠨ ᠴᠢᠳᠠᠪᠤᠷᠢ ᠶᠢᠨ ᠨᠥᠭᠡᠴᠡᠯᠡᠯᠲᠡ ᠶᠢ ᠴᠢᠩᠭᠠᠷᠠᠭᠤᠯᠵᠤ᠂ ᠨᠡᠭᠦᠷᠡᠰᠦᠨ ᠤ ᠭᠠᠷᠤᠯᠲᠠ ᠶᠢ 7.5 ᠳ᠋ᠦᠩᠰᠢᠭᠤᠷ ᠲᠣᠨ ᠳᠤ ᠬᠦᠷᠭᠡᠨ᠎ᠡ᠃ ᠬᠤᠢ | ᠨᠧᠩ ᠤᠨ ᠴᠠᠩ ᠲᠠᠨ᠂ ᠵᠢᠩ ᠲᠠᠢ ᠰᠣᠸᠠᠨ ᠼᠢ ᠭᠸᠣ ᠶᠢᠨ ᠬᠤᠶᠠᠳᠤᠭᠠᠷ ᠬᠤᠭᠤᠴᠠᠭ᠎ᠠ᠂ ᠮᠧᠩ ᠲᠠᠢ ᠶᠢᠨ ᠬᠤᠶᠠᠳᠤᠭᠠᠷ ᠬᠤᠭᠤᠴᠠᠭ᠎ᠠ ᠵᠡᠷᠭᠡ ᠴᠠᠬᠢᠯᠭᠠᠨ ᠤ | ᠦᠢᠯᠡᠳᠪᠦᠷᠢ ᠶᠢ ᠪᠠᠶᠢᠭᠤᠯᠤᠨ ᠪᠦᠲᠦᠬᠡᠵᠣ᠂ 35 ᠺᠢᠯᠣᠸᠠᠲ ᠠᠴᠠ ᠳᠡᠭᠡᠭᠰᠢᠬᠢ ᠴᠠᠬᠢᠯᠭᠠᠨ ᠲᠣᠣᠷ ᠤᠨ ᠪᠠᠷᠢᠯᠭ᠎ᠠ ᠶᠢ 35 ᠬᠡᠷᠡᠭᠵᠢᠭᠦᠯᠵᠦ᠂ ᠨᠡᠭᠦᠷᠡᠰᠤᠨ | ᠴᠠᠬᠢᠯᠭᠠᠨ ᠤ ᠮᠠᠰᠢᠨ ᠴᠣᠭᠴᠠᠯᠠᠪᠤᠷᠢ ᠶᠢ ᠰᠢᠨ᠎ᠡ ᠪᠠᠷ 596 ᠲᠦᠮᠡᠨ ᠺᠢᠯᠣᠸᠠᠲ ᠨᠡᠮᠡᠭᠳᠡᠭᠦᠯᠦᠨ᠎ᠡ᠃ ᠬᠡᠪ ᠤᠨ ᠪᠤᠰᠤ ᠲᠤᠰᠤ ᠬᠡᠢ ᠶᠢ ᠬᠠᠶᠢᠨ ᠰᠢᠨᠵᠢᠯᠡᠵᠣ ᠨᠡᠬᠡᠬᠡᠨ | ᠠᠰᠢᠭᠯᠠᠬᠤ ᠡᠷᠴᠢᠮ ᠢ ᠨᠡᠮᠡᠭᠳᠡᠭᠦᠯᠦᠨ᠎ᠡ᠃ ᠪᠦᠦ ᠹᠧᠩ ᠤᠨ ᠨᠡᠭᠦᠷᠡᠰᠦ ᠪᠠᠷ ᠠᠯᠺᠧᠨ ᠦᠶᠯᠡᠳᠬᠦ᠂ ᠱᠧᠩ ᠬᠤᠩ ᠤᠨ ᠪᠣᠬᠢᠷᠳᠤᠯ ᠦᠭᠡᠢ ᠰᠢᠨ᠎ᠡ ᠮᠠᠲ᠋ᠧᠷᠢᠶᠠᠯ ᠤᠨ | ᠣᠷᠴᠢᠯ ᠠᠵᠤ ᠠᠬᠤᠢ ᠶᠢᠨ ᠠᠵᠤ ᠦᠢᠯᠡᠰ ᠤᠨ ᠬᠦᠷᠢᠶᠡᠯᠡᠩ ᠲᠤᠭᠤᠷᠢᠭ ᠵᠡᠷᠭᠡ ᠴᠢᠬᠤᠯᠠ ᠶᠡᠭᠡ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ | ᠂ ᠨᠡᠭᠦᠷᠡᠰᠦ ᠪᠠᠷ ᠲᠦᠭᠦᠬᠡᠢ ᠡᠳ᠋ ᠪᠣᠯᠭᠠᠭᠰᠠᠨ ᠣᠨᠴᠠ ᠲᠥᠷᠥᠯ ᠤᠨ ᠲᠦᠯᠡᠰᠢ᠂ ᠨᠡᠭᠦᠷᠡᠰᠦ ᠪᠠᠷ ᠲᠦᠭᠦᠬᠡᠢ ᠡᠳ᠋ ᠪᠣᠯᠭᠠᠭᠰᠠᠨ ᠵᠠᠳᠠᠷᠠᠵᠤ ᠪᠣᠯᠬᠤ ᠠᠮᠢᠳᠤ | ᠪᠣᠳᠠᠰ ᠤᠨ ᠮᠠᠲ᠋ᠧᠷᠢᠶᠠᠯ ᠤᠨ ᠲᠥᠷᠥᠯ ᠵᠦᠢᠯ ᠢ ᠢᠳᠡᠪᠬᠢᠲᠡᠢ ᠪᠠᠶᠢᠷᠢᠰᠢᠭᠤᠯᠵᠤ᠂ ᠨᠡᠭᠦᠷᠡᠰᠣᠨ ᠤ ᠬᠢᠮᠢ ᠶᠢᠨ ᠠᠵᠤ ᠦᠢᠯᠡᠳᠪᠦᠷᠢ ᠶᠢᠨ ᠠᠵᠤ ᠦᠢᠯᠡᠰ ᠤᠨ | ᠦᠵᠦᠭᠦᠷ ᠲᠡᠰᠵᠢᠭᠰᠡᠨ᠂ ᠣᠯᠠᠨ ᠡᠰᠢᠵᠢᠭᠰᠡᠨ᠂ ᠲᠤᠤᠷ᠎ᠠ ᠨᠡᠭᠦᠷᠡᠰᠦᠳᠦ᠋ᠷᠦᠭᠵᠢᠭᠰᠡᠨ ᠬᠦᠭᠵᠢᠯᠳᠡ ᠶᠢ ᠶᠡᠬᠡᠪᠡᠷ ᠠᠬᠢᠭᠤᠯᠤᠨ᠎ᠠ᠃ | ᠲᠡᠷᠢᠭᠦᠨ ᠤ ᠦᠢᠯᠡᠳᠬᠦ ᠦᠢᠯᠡᠰ ᠤᠨ ᠬᠥᠭᠵᠢᠯᠲᠡ ᠶᠢ ᠶᠡᠬᠡᠪᠡᠷ ᠠᠬᠢᠭᠤᠯᠤᠨ᠎ᠠ᠃ ᠬᠡᠯᠬᠢᠶ᠎ᠡ ᠶᠢ ᠪᠠᠶᠢᠭᠤᠯᠤᠨ ᠬᠡᠯᠬᠢᠶ᠎ᠡ ᠶᠢ ᠤᠷᠲᠤᠳᠬᠠᠨ ᠬᠡᠯᠬᠢᠶ᠎ᠡ ᠶᠢ | ᠨᠥᠬᠦᠪᠦᠷᠢᠯᠡᠵᠦ ᠬᠡᠯᠬᠢᠶ᠎ᠡ ᠶᠢ ᠭᠦᠴᠦᠷᠬᠡᠭᠵᠢᠭᠦᠯᠬᠦ ᠠᠵᠢᠯᠯᠠᠭ᠎ᠠ ᠶᠢ ᠬᠡᠷᠡᠭᠵᠢᠭᠦᠯᠵᠦ᠂ ᠨᠠᠷᠢᠨ ᠬᠤᠪᠢᠶᠠᠬᠤ ᠲᠤᠳᠤᠮ ᠡᠵᠡᠯᠡᠬᠦ ᠬᠠᠷᠢᠴᠠᠯ ᠨᠢ ᠤᠯᠠᠮ ᠥᠨᠳᠥᠷ ᠪᠣᠯᠬᠤ | ᠦᠶᠯᠡᠳᠬᠦ ᠦᠢᠯᠡᠰ ᠤᠨ ᠲᠥᠷᠥᠯ ᠵᠦᠢᠯ ᠤᠨ ᠪᠦᠲᠦᠴᠡ ᠶᠢ ᠪᠦᠷᠢᠯᠳᠦᠭᠦᠯᠬᠦ ᠶᠢ ᠠᠬᠢᠭᠤᠯᠤᠨ᠎ᠠ᠃ ︽ᠰᠠᠯᠬᠢ ᠬᠡᠷᠡᠯ ᠤᠰᠤᠲᠥ᠋ᠷᠥᠭᠴᠢ ᠨᠦᠬᠡᠴᠡᠯᠡᠬᠦ ᠲᠡᠷᠭᠡ︾ ᠶᠢᠨ | ᠠᠵᠤ ᠦᠢᠯᠡᠰ ᠤᠨ ᠰᠦᠷᠦᠭᠵᠢᠯ ᠢ ᠪᠤᠵᠠᠭᠠᠶᠢᠷᠠᠭᠤᠯᠤᠨ᠂ ᠰᠢᠨ᠎ᠡ ᠡᠨᠧᠷᠭᠢ ᠶᠢᠨ ᠲᠤᠨᠤᠭᠯᠠᠯ ᠦᠶᠯᠡᠳᠬᠦ ᠠᠵᠤ ᠦᠢᠯᠡᠰ ᠤᠨ ᠬᠥᠭᠵᠢᠯᠲᠡ ᠶᠢᠨ ᠰᠠᠭᠤᠷᠢ ᠮᠥᠩᠭᠦ ᠶᠢ | ᠪᠡᠯᠡᠳᠬᠡᠵᠦ᠂ ᠶᠤᠸᠠᠨ ᠵᠢᠩ ᠤᠨ ᠨᠢᠭᠡᠳᠦᠭᠡᠷ ᠬᠤᠭᠤᠴᠠᠭᠠᠨ ᠤ ᠬᠦᠳᠡᠯᠬᠡᠬᠦ ᠬᠦᠴᠦᠨ ᠤ ᠳ᠋ᠢᠶᠠᠨ ᡂᠢ᠂ ᠰᠢᠶᠧ ᠰᠢᠨ ᠤ ᠪᠤᠬᠢᠷᠳᠤᠯ ᠦᠬᠡᠢ ᠤᠰᠤᠲᠥ᠋ᠷᠥᠭᠴᠢ ᠶᠢᠨ | ᠲᠤᠨᠤᠭᠯᠠᠯ ᠤᠨ ᠣᠶᠤᠨᠲᠤ ᠦᠢᠯᠡᠳᠪᠦᠷᠢ ᠶᠢ ᠪᠠᠶᠢᠭᠤᠯᠤᠨ ᠠᠰᠢᠭᠯᠠᠯᠲᠠ ᠳᠤ ᠣᠷᠣᠭᠤᠯᠵᠤ᠂ ᠵᠢᠶᠧ ᠴᠢᠩ ᠵᠡᠷᠭᠡ ᠤᠰᠤᠲᠥ᠋ᠷᠥᠭᠴᠢ ᠡᠨᠧᠷᠭᠢ ᠶᠢ ᠦᠢᠯᠡᠳᠴᠦ | ᠲᠡᠭᠡᠭᠡᠪᠦᠷᠢᠯᠡᠨ ᠬᠠᠳᠠᠭᠠᠯᠠᠵᠤ ᠬᠡᠷᠡᠭᠯᠡᠬᠦ ᠲᠥᠷᠥᠯ ᠵᠦᠢᠯ ᠢ ᠲᠦᠷᠬᠡᠨ ᠢᠶᠠᠷ ᠪᠦᠲᠦᠬᠡᠨ ᠪᠠᠶᠢᠭᠤᠯᠵᠤ᠂ ᠯᠦᠩ ᠵᠢᠢ᠂ ᠳ᠋ᠦᠩ ᠵᠢᠩ᠂ ᠲᠤᠮᠳᠠᠳᠤ ᠤᠯᠤᠰ ᠤᠨ ᠵᠦᠩ | ᠴᠧ᠂ ᠢ ᠴᠢ ᠵᠢᠶᠧ ᠹᠠᠩ ᠵᠡᠷᠭᠡ ᠰᠢᠨ᠎ᠡ ᠡᠨᠧᠷᠭᠢ ᠶᠢᠨ ᠲᠤᠨᠤᠭᠯᠠᠯ ᠦᠶᠯᠡᠳᠬᠦ ᠲᠥᠷᠥᠯ ᠵᠦᠢᠯ ᠢ ᠠᠬᠢᠭᠤᠯᠤᠨ᠎ᠠ᠃ ᠬᠦᠨᠳᠦ ᠬᠡᠯᠪᠡᠷᠢ ᠶᠢᠨ ᠢᠵᠢ ᠪᠦᠷᠢᠳᠦᠭᠰᠡᠨ | ᠲᠥᠬᠦᠭᠡᠷᠦᠮᠵᠢ᠂ ᠪᠠᠷᠢᠯᠭ᠎ᠠ ᠶᠢᠨ ᠮᠠᠰᠢᠨ᠂ ᠶᠡᠷᠦᠩᠬᠡᠶᠢᠯᠡᠨ ᠮᠠᠯᠲᠠᠬᠤ ᠲᠤᠨᠤᠭ ᠲᠦᠭᠦᠭᠡᠷᠤᠮᠵᠢ ᠵᠡᠷᠭᠡ ᠠᠵᠤ ᠦᠢᠯᠡᠰ ᠢ ᠰᠢᠯᠢᠳᠡᠭᠵᠢᠭᠦᠯᠦᠨ ᠲᠡᠰ ᠳᠡᠪᠰᠢᠭᠦᠯᠬᠦ ᠶᠢ | ᠠᠬᠢᠭᠤᠯᠵᠤ᠂ ᠨᠢᠭᠡ ᠪᠦᠯᠦᠭ ᠲᠤᠰᠬᠠᠢ ᠨᠠᠷᠢᠯᠢᠭ ᠣᠨᠴᠠ ᠰᠢᠨ᠎ᠡ ︽ᠵᠢᠵᠢᠭ ᠠᠪᠤᠷᠭᠤ ᠬᠥᠮᠥᠨ︾ ᠤ ᠠᠵᠤ ᠠᠬᠤᠶᠢᠯᠠᠯ ᠢ ᠪᠣᠶᠢᠵᠢᠭᠤᠯᠤᠨ᠎ᠠ᠃ ᠰᠢᠨ᠎ᠡ ᠮᠠᠲ᠋ᠧᠷᠢᠶᠠᠯ᠂ | ᠠᠮᠢᠳᠤ ᠪᠣᠳᠠᠰ ᠤᠨ ᠡᠮ ᠦᠢᠯᠡᠳᠬᠦ ᠵᠡᠷᠭᠡ ᠰᠢᠨ᠎ᠡ ᠪᠠᠷ ᠬᠦᠭᠵᠢᠭᠰᠡᠨ ᠠᠵᠤ ᠦᠢᠯᠡᠰ ᠢ ᠢᠳᠡᠪᠬᠢᠲᠡᠢ ᠪᠠᠷ ᠬᠥᠭᠵᠢᠭᠦᠯᠵᠦ᠂ ᠳ᠋ᠦᠩ ᠿᠢ ᠶᠢᠨ ᠰᠢᠨ᠎ᠡ ᠮᠠᠲ᠋ᠧᠷᠢᠶᠠᠯ᠂ | ᠮᠦᠸᠧ ᠷᠦᠢ ᠶᠢᠨ ᠦᠵᠦᠭᠦᠷ ᠲᠡᠰ ᠤᠨ ᠬᠢᠮᠢ ᠶᠢᠨ ᠪᠣᠳᠠᠰ᠂ ᠯᠦᠩ ᠲᠦᠩ ᠤᠨ ᠨᠡᠭᠦᠷᠡᠰᠦᠲᠥ᠋ᠷᠥᠭᠴᠢ ᠶᠢᠨ ᠰᠢᠷᠬᠡᠭᠯᠢᠭ ᠴᠠᠬᠢᠯᠭᠠᠨ ᠲᠤᠶᠢᠯ ᠤᠨ ᠮᠠᠲ᠋ᠧᠷᠢᠶᠠᠯ ᠵᠡᠷᠭᠡ | ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ ᠱᠠᠩ ᠳ᠋ᠧ ᠠᠢ ᠺᠠᠩ ᠡᠮ ᠤᠨ ᠦᠢᠯᠡᠰ᠂ ᠱᠧᠩ ᠬᠤᠤ ᠡᠮ ᠡᠮᠨᠡᠯᠭᠡ ᠶᠢᠨ ᠬᠢᠮᠢ ᠶᠢᠨ | ᠲᠦᠭᠦᠬᠡᠢ ᠡᠳ᠋ ᠵᠡᠷᠭᠡ ᠲᠦᠷᠦᠯ ᠵᠦᠢᠯ ᠢ ᠪᠠᠶᠢᠭᠤᠯᠵᠤ ᠠᠰᠢᠭᠯᠠᠯᠲᠠ ᠳᠤ ᠣᠷᠣᠭᠤᠯᠤᠨ᠎ᠠ᠃ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠦᠵᠦᠭᠦᠷ | ᠲᠡᠰᠵᠢᠭᠦᠯᠬᠦ᠂ ᠤᠶᠤᠨᠴᠢᠯᠠᠬᠤ᠂ ᠪᠣᠬᠢᠷᠳᠤᠯ ᠦᠬᠡᠶᠢᠵᠢᠭᠦᠯᠬᠦ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ᠂ 1000 ᠳ᠋ᠦᠩᠰᠢᠭᠤᠷ᠂ 500 ᠳ᠋ᠦᠩᠰᠢᠭᠤᠷ᠂ | 300 ᠳ᠋ᠦᠩᠰᠢᠭᠤᠷ ᠲᠦᠭᠦᠷᠢᠭ ᠤᠨ ᠲᠠᠰ ᠤᠨ ᠱᠠᠲᠤᠯᠢᠭ ᠬᠥᠭᠵᠢᠯᠲᠡ ᠶᠢ ᠲᠦᠷᠭᠡᠨ ᠢᠶᠠᠷ ᠪᠣᠶ ᠪᠣᠯᠭᠠᠵᠤ᠂ ᠰᠢᠨ᠎ᠡ ᠪᠠᠶᠢᠳᠠᠯ ᠢ ᠪᠦᠬᠦ ᠲᠠᠯ᠎ᠠ ᠪᠠᠷ ᠪᠤᠢ ᠪᠤᠯᠭᠠᠨ᠎ᠠ᠃ | | ᠲᠤᠭᠠᠴᠢᠯᠠᠭᠰᠠᠨ ᠠᠵᠤ ᠠᠬᠤᠢ ᠶᠢᠨ ᠬᠥᠭᠵᠢᠯᠲᠡ ᠶᠢ ᠶᠡᠬᠡᠪᠡᠷ ᠠᠬᠢᠭᠤᠯᠤᠨ᠎ᠠ᠃ ᠪᠥᠬᠦ ᠬᠤᠲᠠ ᠶᠢᠨ ᠲᠣᠭᠠᠴᠢᠯᠠᠭᠰᠠᠨ ᠠᠵᠤ ᠠᠬᠤᠢ ᠶᠢᠨ ᠬᠥᠭᠵᠢᠯᠲᠡ ᠶᠢᠨ | ᠲᠥᠯᠦᠪᠵᠢᠭᠦᠯᠭᠡ ᠶᠢ ᠨᠠᠶᠢᠷᠠᠭᠤᠯᠤᠨ ᠵᠣᠬᠢᠶᠠᠵᠤ᠂ ᠠᠵᠤ ᠦᠢᠯᠡᠰ ᠤᠨ ᠲᠣᠭᠠᠴᠢᠯᠠᠯᠲᠠ᠂ ᠲᠤᠭᠠᠴᠢᠯᠠᠯᠳᠠ ᠶᠢᠨ ᠠᠵᠣ ᠣᠶᠢᠯᠡᠰᠵᠢᠯᠳᠡ ᠶᠢ ᠭᠦᠨᠵᠡᠭᠡᠶᠢᠷᠡᠭᠦᠯᠦᠨ᠎ᠡ᠃ | ᠠᠵᠤ ᠦᠢᠯᠡᠰ ᠤᠨ ︽ᠡᠭᠦᠯᠡᠨ ᠣᠶᠢᠯᠡᠴᠢᠯᠡᠭᠡ ᠶᠢ ᠲᠡᠮᠵᠢᠬᠦ ᠲᠦᠷᠦ ᠶᠢᠨ ᠪᠤᠳᠤᠯᠭ᠎ᠠ ᠶᠢ ᠰᠦᠪᠡᠭᠴᠢᠯᠠᠨ ᠬᠡᠷᠡᠭᠵᠢᠭᠦᠯᠵᠣ ᠲᠤᠮᠤ ᠳ᠋ᠠᠶᠢᠲᠨ ᠶᠢ ᠬᠦᠨᠵᠡᠬᠡᠢ | ᠠᠭᠤᠰᠤᠯᠴᠠᠭᠤᠯᠤᠨ ᠬᠡᠷᠡᠭᠯᠡᠬᠦ ᠶᠢ ᠠᠬᠢᠭᠤᠯᠵᠤ ᠠᠵᠤ ᠠᠬᠤᠶᠢᠯᠠᠯ ᠤᠨ ᠤᠶᠤᠨᠴᠢᠯᠠᠭᠰᠠᠨ ᠦᠬᠡᠷᠡᠴᠢᠯᠡᠯᠳᠡ ᠶᠢ ᠲᠡᠮᠵᠢᠬᠦ ᠭᠦᠴᠦᠯᠡᠴᠡ ᠶᠢ ᠨᠡᠮᠡᠭᠳᠡᠭᠦᠯᠬᠦ︾ | ᠢᠨᠵᠧᠨᠧᠷᠢᠩ ᠢ ᠬᠡᠷᠡᠭᠵᠢᠭᠦᠯᠵᠦ᠂ ᠮᠡᠳᠡᠭᠡ ᠵᠠᠩᠭᠢᠵᠢᠯᠲᠠ ᠶᠢᠨ ᠲᠥᠷᠥᠯ ᠵᠦᠢᠯ ᠢ 100 ᠵᠦᠢᠯ ᠠᠴᠠ ᠳᠡᠭᠡᠭᠰᠢ ᠪᠦᠲᠦᠭᠡᠨ ᠪᠠᠶᠢᠭᠤᠯᠵᠤ᠂ ᠠᠵᠤ ᠠᠬᠤᠶᠢᠯᠠᠯ ᠤᠨ | ᠲᠠᠰ᠂ ᠠᠵᠢᠯ ᠲᠥᠷᠥᠯ ᠤᠨ ᠲᠠᠰ᠂ ᠣᠷᠣᠨ ᠪᠦᠰᠡ ᠶᠢᠨ ᠲᠠᠰ ᠤᠨ ᠠᠵᠤ ᠦᠢᠯᠡᠳᠪᠦᠷᠢ ᠶᠢᠨ ᠢᠨᠲ᠋ᠧᠷ ᠰᠦᠯᠵᠢᠶᠡᠨ ᠤ ᠲᠠᠪᠴᠠᠩ ᠢ 15 ᠠᠴᠠ ᠳᠡᠭᠡᠭᠰᠢ | ᠪᠠᠶᠢᠭᠤᠯᠵᠤ᠂ ᠨᠢᠭᠡ ᠪᠦᠯᠦᠭ ᠣᠶᠤᠨᠲᠤ ᠠᠭᠤᠷᠬᠠᠢ᠂ ᠣᠶᠤᠨᠲᠤ ᠦᠢᠯᠡᠳᠪᠦᠷᠢ᠂ ᠲᠣᠭᠠᠴᠢᠯᠠᠭᠰᠠᠨ ᠦᠢᠯᠡᠳᠪᠦᠷᠢ ᠶᠢᠨ ᠲᠠᠰᠤᠭ ᠢ ᠪᠦᠲᠦᠭᠡᠨ ᠪᠠᠶᠢᠭᠤᠯᠵᠤ᠂ | ᠣᠶᠤᠨᠲᠤ ᠬᠦᠷᠢᠶᠡᠯᠡᠩ ᠲᠣᠭᠤᠷᠢᠭ ᠢ ᠪᠦᠬᠦ ᠲᠠᠯ᠎ᠠ ᠪᠠᠷ ᠪᠦᠷᠬᠦᠬᠦᠯᠬᠦ ᠶᠢ ᠪᠡᠶᠡᠯᠡᠭᠦᠯᠦᠨ᠎ᠡ᠃ ᠲᠣᠭᠠᠴᠢᠯᠠᠭᠰᠠᠨ ᠡᠨᠧᠷᠭᠢ᠂ ᠲᠣᠭᠠᠴᠢᠯᠠᠭᠰᠠᠨ ᠠᠮᠢ ᠠᠬᠤᠢ᠂ | ᠲᠣᠭᠠᠴᠢᠯᠠᠭᠰᠠᠨ ᠵᠠᠰᠠᠭ ᠤᠨ ᠣᠷᠳᠣᠨ ︽ᠭᠤᠷᠪᠠ ᠶᠢ ᠨᠢᠭᠡ ᠴᠣᠭᠴᠠᠵᠢᠭᠤᠯᠤᠭᠰᠠᠨ︾ ᠣᠨᠴᠠᠯᠢᠭ ᠢᠶᠠᠷ ᠢᠯᠡ ᠲᠣᠳᠣ ᠲᠣᠭᠠᠴᠢᠯᠠᠭᠰᠠᠨ ᠠᠵᠤ ᠦᠢᠯᠡᠰ ᠤᠨ | ᠰᠠᠭᠤᠷᠢᠨ ᠭᠠᠵᠠᠷ ᠢ ᠡᠬᠢᠯᠡᠨ ᠪᠦᠲᠦᠭᠡᠨ ᠪᠠᠶᠢᠭᠤᠯᠵᠤ᠂ ᠲᠣᠭᠠᠴᠢᠯᠠᠭᠰᠠᠨ ᠨᠡᠶᠢᠭᠡᠮ᠂ ᠲᠣᠭᠠᠴᠢᠯᠠᠭᠰᠠᠨ ᠬᠥᠳᠡᠭᠡ ᠲᠣᠰᠬᠤᠨ᠂ ᠲᠣᠭᠠᠴᠢᠯᠠᠭᠰᠠᠨ ᠵᠢᠭᠤᠯᠴᠢᠯᠠᠯ ᠤᠨ | ᠪᠦᠲᠦᠭᠡᠨ ᠪᠠᠶᠢᠭᠤᠯᠤᠯᠲᠠ ᠶᠢ ᠲᠦᠷᠭᠡᠳᠬᠡᠨ᠂ ᠠᠷᠠᠳ ᠲᠤ ᠲᠥᠬᠦᠮ ᠦᠵᠡᠭᠦᠯᠬᠦ ᠣᠶᠢᠯᠡᠴᠢᠯᠡᠭᠡ ᠶᠢ ᠬᠡᠷᠡᠭᠯᠡᠬᠦ ᠲᠠᠯᠠᠪᠤᠷ ᠢ ᠨᠠᠩ ᠣᠯᠠᠨ ᠭᠠᠷᠭᠠᠨ᠎ᠠ᠃ ᠡᠭᠦᠯᠡᠨ | ᠪᠣᠳᠣᠯᠲᠠ᠂ ᠣᠷᠣᠨ ᠬᠡᠰᠡᠭ ᠤᠨ ᠬᠡᠯᠬᠢᠶ᠎ᠡ᠂ ᠵᠣᠬᠢᠶᠠᠮᠠᠯ ᠣᠶᠤᠨ᠂ ᠵᠥᠭᠡᠯᠡᠨ ᠬᠡᠷᠡᠭᠰᠡᠯ ᠤᠨ ᠨᠡᠬᠡᠬᠡᠯᠳᠡ ᠬᠥᠭᠵᠢᠭᠦᠯᠦᠯᠲᠡ ᠵᠡᠷᠭᠡ ᠲᠣᠭᠠᠴᠢᠯᠠᠭᠰᠠᠨ ᠠᠵᠤ ᠦᠢᠯᠡᠰ ᠢ | ᠲᠦᠷᠬᠡᠨ ᠢᠶᠠᠷ ᠬᠥᠭᠵᠢᠭᠦᠯᠵᠦ᠂ 5G ᠶᠢᠨ ᠰᠠᠭᠤᠷᠢ ᠥᠷᠲᠡᠭᠡ ᠶᠢ ᠰᠢᠨ᠎ᠡ ᠪᠠᠷ 1400 ᠠᠴᠠ ᠳᠡᠭᠡᠭᠰᠢ ᠪᠠᠶᠢᠭᠤᠯᠵᠤ᠂ ᠬᠤᠣᠰ ᠮᠢᠩᠭᠠᠨ ᠮᠧᠭ᠎ᠠ ᠶᠢᠨ | ᠬᠤᠲᠠ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠤᠨ᠎ᠠ᠃ | ᠤᠳᠤ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠶᠢᠨ ᠬᠥᠭᠵᠢᠯᠲᠡ ᠶᠢ ᠶᠡᠬᠡᠪᠡᠷ ᠠᠬᠢᠭᠤᠯᠤᠨ᠎ᠠ᠃ ᠠᠮᠤ ᠪᠤᠳᠠᠭᠠᠨ ᠤ ᠠᠮᠤᠷ ᠲᠦᠪᠰᠢᠨ ᠤ ᠤᠯᠤᠰ | ᠲᠥᠷᠥ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠂ ᠡᠭᠦᠷᠢᠳᠡ ᠶᠢᠨ ᠦᠨᠳᠦᠰᠦᠨ ᠲᠠᠷᠢᠶᠠᠨ ᠭᠠᠵᠠᠷ ᠢ ᠬᠠᠷᠭᠤᠭᠤᠯᠤᠨ ᠴᠡᠭᠴᠡᠯᠡᠨ ᠰᠠᠶᠢᠵᠢᠷᠠᠭᠤᠯᠵᠤ ᠭᠦᠢᠴᠡᠳ | ᠨᠥᠬᠦᠪᠦᠷᠢᠯᠡᠬᠦ ᠪᠠ ᠨᠥᠭᠡᠴᠡᠯᠡᠬᠦ ᠣᠷᠣᠨ ᠢ ᠬᠤᠪᠢᠶᠠᠷᠢᠯᠠᠨ ᠲᠣᠭᠲᠠᠭᠠᠬᠤ ᠠᠵᠢᠯ ᠢ ᠥᠷᠨᠢᠭᠦᠯᠵᠦ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ ᠰᠢᠨ᠎ᠡ ᠪᠠᠷ 16.6 | ᠲᠦᠮᠡᠨ ᠮᠦ ᠪᠠᠶᠢᠭᠤᠯᠵᠤ᠂ ︽ᠨᠣᠭᠤᠭ᠎ᠠ ᠶᠢᠨ ᠰᠠᠭᠰᠤ︾ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠤᠨ᠂ ᠣᠶᠢᠯᠡᠳᠪᠦᠷᠢᠯᠠᠵᠣ ᠬᠠᠩᠭᠠᠬᠤ ᠴᠢᠳᠠᠪᠤᠷᠢ ᠶᠢ | ᠳᠡᠭᠡᠭᠰᠢᠯᠡᠭᠦᠯᠦᠨ᠎ᠡ᠃ ᠦᠷ᠎ᠡ ᠡᠭᠦᠯᠳᠡᠷ ᠤᠨ ᠦᠢᠯᠡᠰ ᠢ ᠬᠥᠭᠵᠢᠭᠦᠯᠦᠨ ᠮᠠᠨᠳᠤᠭᠤᠯᠬᠤ ᠠᠵᠢᠯᠯᠠᠭ᠎ᠠ ᠶᠢ ᠬᠡᠷᠡᠭᠵᠢᠭᠦᠯᠵᠦ᠂ ᠦᠷ᠎ᠡ ᠡᠳ᠋ ᠤᠨ ᠡᠬᠢ ᠪᠠᠶᠠᠯᠢᠭ ᠢ | ᠬᠠᠮᠠᠭᠠᠯᠠᠨ ᠠᠰᠢᠭᠯᠠᠬᠤ᠂ ᠰᠠᠶᠢᠨ ᠡᠭᠦᠯᠳᠡᠷ ᠤᠨ ᠬᠢᠷᠢ ᠲᠦᠪᠰᠢᠨ ᠢ ᠳᠡᠭᠡᠭᠰᠢᠯᠡᠭᠦᠯᠬᠦ᠂ ᠣᠨᠴᠠᠯᠢᠭᠲᠤ ᠲᠦᠷᠦᠯ ᠵᠣᠶᠢᠯ ᠢ ᠪᠣᠶᠢᠵᠢᠭᠤᠯᠬᠤ ᠭᠤᠷᠪᠠᠨ ᠶᠡᠭᠡ | ᠢᠨᠵᠧᠨᠧᠷᠢᠩ ᠢ ᠠᠬᠢᠭᠤᠯᠤᠨ᠎ᠠ᠃ ᠢᠮᠠᠭᠠᠨ ᠨᠣᠯᠤᠥᠷ ᠬᠤᠨᠢᠨ ᠨᠣᠣᠰᠣ᠂ ᠢᠳᠡᠰᠢᠨ ᠦᠬᠡᠷ ᠬᠤᠨᠢ᠂ ᠣᠷᠭᠠᠨᠢᠭ ᠭᠤᠸ᠎ᠠ ᠵᠢᠮᠢᠰ ᠨᠣᠭᠤᠭ᠎ᠠ ᠴᠠᠭ᠎ᠠ᠂ ᠡᠯᠳᠡᠪ ᠠᠮᠤ | ᠵᠡᠷᠭᠡ ᠭᠤᠣᠯᠳᠠᠯᠭ᠎ᠠ ᠲᠠᠢ ᠠᠵᠤ ᠦᠢᠯᠡᠰ ᠤᠨ ᠬᠡᠯᠬᠢᠶ᠎ᠡ ᠶᠢᠨ ᠪᠦᠲᠦᠭᠡᠨ ᠪᠠᠶᠢᠭᠤᠯᠤᠯᠲᠠ ᠶᠢ ᠰᠠᠶᠢᠲᠤᠷ ᠠᠳᠬᠤᠵᠤ᠂ ᠡᠷᠳᠡᠨᠢ ᠰᠢᠰᠢ ᠰᠢᠷ᠎ᠠ ᠪᠤᠷᠴᠠᠭ ᠤᠨ ᠪᠦᠰᠡᠯᠢᠭ | ᠨᠡᠶᠢᠯᠡᠮᠡᠯ ᠲᠠᠷᠢᠮᠠᠯ ᠢ ᠳᠡᠯᠭᠡᠷᠡᠭᠦᠯᠦᠨ᠂ ᠲᠠᠷᠢᠶᠠᠯᠠᠩ ᠮᠠᠯ ᠠᠵᠤ ᠠᠬᠤᠢ ᠶᠢᠨ ᠠᠵᠤ ᠣᠶᠢᠯᠡᠰᠵᠢᠯᠳᠡ ᠶᠢᠨ ᠲᠤᠯᠤᠭᠠᠶᠢᠯᠠᠬᠤ ᠠᠵᠤ ᠠᠬᠤᠶᠢᠯᠠᠯ ᠢ ᠪᠤᠵᠠᠭᠠᠶᠢᠷᠠᠭᠤᠯᠤᠨ | ᠬᠦᠴᠦᠷᠬᠡᠭᠵᠢᠭᠦᠯᠵᠦ᠂ ᠤᠯᠤᠰ ᠤᠨ ᠨᠤᠲᠤᠭ ᠪᠡᠯᠴᠢᠭᠡᠷ ᠤᠨ ᠮᠠᠯ ᠠᠵᠤ ᠠᠬᠤᠢ ᠶᠢᠨ ᠬᠡᠯᠪᠡᠷᠢ ᠪᠠᠨ ᠬᠤᠪᠢᠷᠠᠭᠤᠯᠤᠨ ᠲᠠᠰ ᠲᠡᠪᠰᠢᠭᠦᠯᠬᠦ ᠲᠤᠷᠰᠢᠯᠲᠠ ᠶᠢᠨ ᠴᠡᠭ ᠢ | ᠲᠡᠮᠡᠴᠡᠨ ᠣᠯᠣᠨ᠎ᠠ᠃ ᠥᠪᠡᠷᠮᠢᠴᠡ ᠴᠢᠨᠠᠷ ᠲᠠᠢ ᠵᠠᠬᠢᠶᠠᠯᠠᠨ ᠦᠶᠯᠡᠳᠬᠦ᠂ ᠰᠢᠭᠤᠳ ᠨᠡᠪᠲᠡᠷᠡᠭᠦᠯᠭᠡ ᠪᠠᠷ ᠪᠠᠷᠠᠭ᠎ᠠ ᠬᠤᠳᠠᠯᠳᠤᠬᠤ ᠶᠢ ᠴᠢᠩᠭᠠᠳᠬᠠᠵᠤ᠂ ︽ᠣᠷᠣᠨ | ᠪᠦᠰᠡ ᠶᠢᠨ ᠨᠠᠷᠠᠲᠤ ᠲᠡᠮᠳᠡᠭ + ᠠᠵᠤ ᠠᠬᠤᠶᠢᠯᠠᠯ ᠤᠨ ᠨᠠᠷᠠᠲᠤ ᠲᠡᠮᠳᠡᠭ + ᠦᠢᠯᠡᠳᠬᠦᠨ ᠤ ᠨᠠᠷᠠᠲᠤ ᠲᠡᠮᠳᠡᠭ︾ ᠶᠢᠨ ᠬᠥᠭᠵᠢᠯᠲᠡ ᠶᠢᠨ ᠵᠢᠭᠰᠠᠭᠠᠯ ᠢ ᠲᠦᠷᠬᠡᠨ | ᠢᠶᠠᠷ ᠪᠠᠶᠢᠭᠤᠯᠵᠤ᠂ ᠨᠡᠷ᠎ᠡ ᠴᠤᠤᠲᠠᠢ᠂ ᠪᠣᠷᠤᠯᠠᠭᠤᠯᠭ᠎ᠠ ᠰᠠᠶᠢᠲᠠᠢ ᠣᠷᠳᠣᠰ ᠤᠨ ᠰᠢᠯᠢᠳᠡᠭ ᠨᠠᠷᠠᠲᠤ ᠲᠡᠮᠳᠡᠭ ᠢ ᠨᠡᠩ ᠣᠯᠠᠨ ᠪᠣᠶ ᠪᠣᠯᠭᠠᠨ᠎ᠠ᠃ | ︵ᠭᠤᠷᠪᠠ︶ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠶᠢ ᠨᠠᠩ ᠶᠡᠭᠡ ᠡᠷᠴᠢᠮ ᠢᠶᠠᠷ ᠠᠬᠢᠭᠤᠯᠵᠤ᠂ ᠰᠢᠨ᠎ᠡ ᠶᠢ ᠡᠭᠦᠳᠬᠦ ᠮᠠᠶ᠋ᠢᠭ ᠤᠨ | ᠣᠷᠳᠣᠰ ᠢ ᠲᠦᠷᠬᠡᠨ ᠢᠶᠠᠷ ᠪᠦᠲᠦᠬᠡᠨ ᠪᠠᠶᠢᠭᠤᠯᠤᠨ᠎ᠠ᠃ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠶᠢᠨ ᠲᠤᠯᠭᠠᠭᠤᠷᠢᠯᠠᠬᠤ ᠦᠢᠯᠡᠳᠦᠯ ᠢ | ᠴᠢᠩᠭᠠᠳᠬᠠᠵᠤ᠂ ᠨᠢᠭᠡ ᠪᠦᠯᠦᠭ ᠪᠡᠯᠭᠡ ᠲᠡᠮᠳᠡᠭ ᠤᠨ ᠴᠢᠨᠠᠷᠲᠠᠢ ᠰᠢᠨ᠎ᠡ ᠶᠢ ᠡᠭᠦᠳᠦᠭᠰᠡᠨ ᠦᠷ᠎ᠡ ᠪᠦᠲᠦᠭᠡᠯ ᠢ ᠬᠦᠴᠦᠯᠡᠨ ᠪᠣᠶᠢᠵᠢᠭᠤᠯᠵᠤ᠂ ᠨᠢᠭᠡ ᠪᠦᠯᠦᠭ ᠪᠡᠯᠭᠡ | ᠲᠡᠮᠳᠡᠭ ᠤᠨ ᠴᠢᠨᠠᠷᠲᠠᠢ ᠰᠢᠨ᠎ᠡ ᠶᠢ ᠡᠭᠦᠳᠬᠦ ᠪᠦᠯᠬᠦᠮ ᠨᠡᠶᠢᠲᠡ ᠶᠢ ᠣᠷᠣᠭᠤᠯᠤᠨ ᠠᠪᠴᠢᠷᠠᠵᠤ᠂ ᠨᠢᠭᠡ ᠪᠦᠯᠦᠭ ᠪᠡᠯᠭᠡ ᠲᠡᠮᠳᠡᠭ ᠤᠨ ᠴᠢᠨᠠᠷᠲᠠᠢ ᠰᠢᠨ᠎ᠡ ᠶᠢ ᠡᠭᠦᠳᠬᠦ | ᠲᠦᠷᠦᠯ ᠵᠣᠶᠢᠯ ᠢ ᠪᠦᠲᠦᠬᠡᠨ ᠪᠠᠶᠢᠭᠤᠯᠵᠤ᠂ ᠰᠢᠨ᠎ᠡ ᠶᠢ ᠡᠭᠦᠳᠬᠦ ᠪᠠᠷ ᠰᠠᠨᠠᠭᠠᠴᠢᠯᠠᠭᠠᠲᠤ ᠡᠷᠬᠡ᠂ ᠳᠠᠪᠠᠭᠤᠯᠢᠭ ᠢ ᠣᠯᠵᠤ᠂ ᠢᠷᠡᠭᠡᠳᠦᠢ ᠶᠢ ᠣᠯᠣᠨ᠎ᠠ᠃ | ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠲᠤᠭᠳᠠᠯᠴᠠᠭ᠎ᠠ ᠶᠢ ᠲᠡᠭᠦᠯᠳᠡᠷᠵᠢᠭᠦᠯᠦᠨ᠎ᠡ᠃ ᠤᠯᠤᠰ ᠤᠨ ᠳᠡᠭᠡᠳᠦ ᠰᠢᠨ᠎ᠡ ᠮᠡᠷᠭᠡᠵᠢᠯ ᠤᠨ ᠬᠦᠷᠢᠶᠡᠯᠡᠩ | ᠲᠣᠭᠤᠷᠢᠭ ᠤᠨ ᠶᠠᠰᠤ ᠴᠢᠨᠠᠷ ᠢ ᠳᠡᠭᠡᠭᠰᠢᠯᠡᠭᠦᠯᠦᠨ ᠣᠷᠣᠨ ᠲᠡᠪᠰᠢᠬᠦ ᠪᠠ ᠥᠪᠡᠷᠲᠡᠭᠡᠨ ᠵᠠᠰᠠᠬᠤ ᠣᠷᠣᠨ ᠤ ᠳᠡᠭᠡᠳᠦ ᠰᠢᠨ᠎ᠡ ᠮᠡᠷᠭᠡᠵᠢᠯ ᠤᠨ ᠬᠦᠷᠢᠶᠡᠯᠡᠩ | ᠲᠣᠭᠤᠷᠢᠭ ᠤᠨ ᠰᠢᠯᠢᠳᠡᠭ ᠢ ᠠᠬᠢᠭᠤᠯᠤᠨ ᠪᠣᠶᠢᠵᠢᠭᠤᠯᠬᠤ ᠠᠵᠢᠯᠯᠠᠭ᠎ᠠ ᠶᠢ ᠬᠡᠷᠡᠭᠵᠢᠭᠦᠯᠵᠦ᠂ ᠲᠡᠷᠢᠭᠦᠨ ᠵᠡᠷᠭᠡ ᠶᠢᠨ ᠳᠡᠭᠡᠳᠦ ᠰᠤᠷᠭᠠᠭᠤᠯᠢ᠂ ᠬᠦᠷᠢᠶᠡᠯᠡᠩ ᠭᠠᠵᠠᠷ | ᠯᠤᠭ᠎ᠠ ᠶᠢᠨ ᠠᠵᠤ ᠠᠬᠤᠶᠢᠯᠠᠯ ᠳᠡᠭᠡᠳᠦ ᠰᠤᠷᠭᠠᠭᠤᠯᠢ ᠰᠢᠨᠵᠢᠯᠡᠬᠦ ᠤᠬᠠᠭᠠᠨ ᠤ ᠰᠤᠳᠤᠯᠭᠠᠨ ᠤ ᠪᠠᠶᠢᠭᠤᠯᠤᠮᠵᠢ ᠶᠢᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠵᠦ᠂ | ᠤᠯᠤᠰ ᠤᠨ ᠳᠣᠲᠣᠭᠠᠳᠤ ᠶᠢᠨ ᠲᠡᠷᠢᠭᠦᠨ ᠲᠠᠢ ᠬᠠᠷᠢᠴᠠᠭᠤᠯᠤᠨ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯ ᠢ ᠵᠦᠭᠰᠢᠷᠡᠭᠦᠯᠦᠨ ᠨᠠᠮᠳᠠᠭᠤᠯᠬᠤ ᠰᠤᠳᠤᠯᠭᠠᠨ ᠤ | ᠬᠦᠷᠢᠶᠡᠯᠡᠩ ᠢ ᠪᠠᠶᠢᠭᠤᠯᠵᠤ᠂ ᠪᠡᠭᠡᠵᠢᠩ ᠶᠡᠭᠡ ᠰᠤᠷᠭᠠᠭᠤᠯᠢ ᠶᠢᠨ ᠣᠷᠳᠣᠰ ᠤᠨ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯ ᠢ ᠵᠦᠭᠰᠢᠷᠡᠭᠦᠯᠦᠨ ᠨᠠᠮᠳᠠᠭᠠᠬᠤ | ᠬᠠᠮᠲᠤᠷᠠᠭᠰᠠᠨ ᠲᠤᠷᠰᠢᠯᠲᠠ ᠶᠢᠨ ᠲᠠᠰᠤᠭ᠂ ᠴᠢᠩᠬᠤᠸᠠ ᠶᠡᠭᠡ ᠰᠤᠷᠭᠠᠭᠤᠯᠢ ᠶᠢᠨ ᠣᠷᠳᠣᠰ ᠤᠨ ︽ᠬᠤᠣᠰ ᠨᠡᠭᠦᠷᠡᠰᠦᠲᠥ᠋ᠷᠥᠭᠴᠢ︾ ᠶᠢᠨ ᠰᠢᠨ᠎ᠡ ᠶᠢ ᠡᠭᠦᠳᠬᠦ | ᠰᠠᠭᠤᠷᠢᠨ ᠭᠠᠵᠠᠷ ᠢ ᠲᠦᠷᠬᠡᠨ ᠢᠶᠠᠷ ᠪᠠᠶᠢᠭᠤᠯᠵᠤ᠂ ᠤᠯᠤᠰ ᠤᠨ ᠨᠡᠭᠦᠷᠡᠰᠦᠲᠥ᠋ᠷᠥᠭᠴᠢ ᠪᠠᠷ ᠲᠦᠭᠦᠬᠡᠢ ᠡᠳ᠋ ᠪᠣᠯᠭᠠᠭᠰᠠᠨ ᠰᠢᠨ᠎ᠡ ᠮᠠᠲ᠋ᠧᠷᠢᠶᠠᠯ ᠤᠨ ᠭᠤᠣᠯᠳᠠᠯᠭ᠎ᠠ ᠲᠠᠢ | ᠲᠤᠷᠰᠢᠯᠲᠠ ᠶᠢᠨ ᠲᠠᠰᠤᠭ᠂ ᠰᠢᠨ᠎ᠡ ᠬᠡᠯᠪᠡᠷᠢ ᠶᠢᠨ ᠴᠠᠬᠢᠯᠭᠠᠨ ᠬᠦᠴᠦᠨ ᠤ ᠰᠢᠰᠲ᠋ᠧᠮ ᠤᠨ ᠭᠤᠣᠯᠳᠠᠯᠭ᠎ᠠ ᠲᠠᠢ ᠲᠤᠷᠰᠢᠯᠲᠠ ᠶᠢᠨ ᠲᠠᠰᠤᠭ ᠤᠨ ᠪᠦᠲᠦᠭᠡᠨ | ᠪᠠᠶᠢᠭᠤᠯᠤᠯᠲᠠ ᠶᠢ ᠢᠳᠡᠪᠬᠢᠲᠡᠢ ᠠᠬᠢᠭᠤᠯᠵᠤ᠂ ᠰᠢᠨ᠎ᠡ ᠶᠢ ᠡᠭᠦᠳᠬᠦ ᠲᠠᠪᠴᠠᠩ ᠢ ᠰᠢᠨ᠎ᠡ ᠪᠠᠷ 10 ᠠᠴᠠ ᠳᠡᠭᠡᠭᠰᠢ ᠨᠡᠮᠡᠭᠳᠡᠭᠦᠯᠦᠨ᠎ᠡ᠃ ᠤᠯᠤᠰ ᠤᠨ | ᠦᠷᠭᠦᠯᠵᠢᠯᠡᠭᠦᠶᠢᠴᠡ ᠬᠥᠭᠵᠢᠯᠲᠡ ᠶᠢᠨ ᠵᠥᠪᠯᠡᠬᠦ ᠵᠦᠢᠯ ᠤᠨ ᠰᠢᠨ᠎ᠡ ᠶᠢ ᠡᠭᠦᠳᠬᠦ ᠵᠢᠱᠢᠶ᠎ᠡ ᠦᠵᠡᠭᠦᠯᠬᠦ ᠣᠷᠣᠨ ᠢ ᠵᠦᠪᠰᠢᠶᠡᠷᠡᠭᠦᠯᠬᠦ ᠶᠢ ᠠᠬᠢᠭᠤᠯᠵᠤ᠂ ᠬᠥᠬᠡᠬᠤᠲᠠ | ᠪᠤᠭᠤᠲᠤ ᠣᠷᠳᠣᠰ ᠤᠨ ᠤᠯᠤᠰ ᠤᠨ ᠪᠡᠶ᠎ᠡ ᠪᠠᠨ ᠳᠠᠭᠠᠭᠠᠵᠤ ᠰᠢᠨ᠎ᠡ ᠶᠢ ᠡᠭᠦᠳᠬᠦ ᠵᠢᠱᠢᠶ᠎ᠡ ᠦᠵᠡᠭᠦᠯᠬᠦ ᠣᠷᠣᠨ᠂ ᠬᠤᠣᠰ ᠨᠡᠭᠦᠷᠡᠰᠦᠲᠥ᠋ᠷᠥᠭᠴᠢ ᠶᠢᠨ ᠰᠢᠨᠵᠢᠯᠡᠬᠦ | ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠶᠡᠷᠦᠩᠬᠡᠶᠢᠯᠡᠭᠰᠡᠨ ᠵᠢᠱᠢᠶ᠎ᠡ ᠦᠵᠡᠭᠦᠯᠬᠦ ᠣᠷᠣᠨ ᠢ ᠡᠭᠦᠳᠦᠨ ᠪᠠᠶᠢᠭᠤᠯᠬᠤ ᠶᠢ ᠠᠬᠢᠭᠤᠯᠤᠨ᠎ᠠ᠃ | ᠰᠢᠨ᠎ᠡ ᠶᠢ ᠡᠭᠦᠳᠬᠦ ᠭᠤᠤᠯ ᠴᠣᠭᠴᠠ ᠶᠢᠨ ᠪᠠᠶᠢᠷᠢ ᠰᠠᠭᠤᠷᠢ ᠶᠢ ᠴᠢᠩᠭᠠᠷᠠᠭᠤᠤᠯᠤᠨᠠ᠃ ︽ᠭᠤᠷᠪᠠ ᠶᠢ ᠦᠬᠡᠶᠢᠰᠬᠡᠬᠦ︾ ᠠᠵᠢᠯᠯᠠᠭ᠎ᠠ ᠶᠢ ᠦᠷᠭᠦᠯᠵᠢᠯᠡᠨ | ᠥᠷᠨᠢᠭᠦᠯᠵᠦ᠂ ᠤᠯᠤᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ ᠳᠤᠮᠳᠠ ᠵᠢᠵᠢᠭ ᠠᠵᠤ ᠠᠬᠤᠶᠢᠯᠠᠯ᠂ ᠳᠡᠭᠡᠳᠦ ᠰᠢᠨ᠎ᠡ ᠮᠡᠷᠭᠡᠵᠢᠯ ᠤᠨ ᠠᠵᠤ | ᠠᠬᠤᠶᠢᠯᠠᠯ ᠢ ᠪᠣᠶᠢᠵᠢᠭᠤᠯᠬᠤ ︽ᠬᠤᠶᠠᠷ ᠲᠠᠬᠢᠨ ᠢᠶᠠᠷ ᠨᠡᠮᠡᠭᠳᠡᠭᠦᠯᠬᠦ︾ ᠲᠥᠯᠥᠪᠯᠡᠭᠡ ᠶᠢ ᠬᠡᠷᠡᠭᠵᠢᠭᠦᠯᠵᠦ᠂ ︽ᠭᠤᠷᠪᠠ ᠶᠢ ᠦᠬᠡᠶᠢᠰᠬᠡᠬᠦ︾ ᠠᠵᠤ ᠠᠬᠤᠶᠢᠯᠠᠯ ᠢ | ᠰᠢᠨ᠎ᠡ ᠪᠠᠷ 40 ᠨᠡᠮᠡᠭᠳᠡᠭᠦᠯᠵᠦ᠂ ᠤᠯᠤᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠢ 185 ᠳᠤ ᠬᠦᠷᠬᠡᠵᠣ᠂ ᠬᠥᠮᠥᠷᠭᠡ ᠳᠤ ᠣᠷᠣᠭᠤᠯᠤᠭᠰᠠᠨ | ᠤᠯᠤᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ ᠳᠤᠮᠳᠠ ᠵᠢᠵᠢᠭ ᠠᠵᠤ ᠠᠬᠤᠶᠢᠯᠠᠯ ᠢ 180 ᠠᠴᠠ ᠳᠡᠭᠡᠭᠰᠢ ᠳᠤ ᠬᠦᠷᠬᠡᠵᠣ᠂ ᠬᠡᠪᠴᠢᠶᠡᠵᠢᠯ ᠠᠴᠠ | ᠲᠡᠭᠡᠭᠰᠢᠬᠢ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠤᠨ ᠦᠢᠯᠡᠳᠬᠦᠨ ᠤ ᠦᠷᠳᠡᠭ ᠤᠨ ᠬᠡᠪᠴᠢᠶᠡᠵᠢᠯ ᠠᠴᠠ ᠲᠡᠭᠡᠭᠰᠢᠬᠢ ᠠᠵᠤ ᠦᠢᠯᠡᠳᠪᠦᠷᠢ ᠶᠢᠨ | ᠦᠢᠯᠡᠳᠬᠦᠨ ᠤ ᠶᠡᠷᠦᠩᠬᠡᠢ ᠦᠷᠳᠡᠭ ᠲᠤ ᠡᠵᠡᠯᠡᠬᠦ ᠬᠤᠪᠢ ᠶᠢᠨ ᠵᠢᠩ ᠢ 30% ᠳᠤ ᠬᠦᠷᠭᠡᠨ᠎ᠡ᠃ ᠲᠠᠭᠠᠭᠤᠯᠤᠭᠴᠢ ᠠᠵᠤ ᠠᠬᠤᠶᠢᠯᠠᠯ ᠠᠴᠠ ᠲᠦᠷᠦᠭᠦᠯᠡᠨ | ᠰᠢᠨ᠎ᠡ ᠶᠢ ᠡᠭᠦᠳᠬᠦ ᠬᠤᠯᠪᠣᠭᠠᠲᠤ ᠴᠣᠭᠴᠠ ᠶᠢ ᠵᠣᠬᠢᠶᠠᠨ ᠪᠠᠶᠢᠭᠤᠯᠬᠤ ᠶᠢ ᠳᠡᠮᠵᠢᠵᠦ᠂ ᠬᠤᠲᠠ ᠶᠢᠨ ᠱᠠᠲᠤᠨ ᠠᠴᠠ ᠳᠡᠭᠡᠭᠰᠢᠬᠢ ᠰᠢᠨᠵᠢᠯᠡᠬᠦ ᠤᠬᠠᠭᠠᠨ ᠮᠡᠷᠭᠡᠵᠢᠯ ᠤᠨ | ᠴᠢᠬᠤᠯᠠ ᠶᠡᠭᠡ ᠲᠤᠰᠬᠠᠢ ᠲᠥᠷᠥᠯ ᠵᠣᠶᠢᠯ ᠢ 20᠂ ᠰᠢᠨᠵᠢᠯᠡᠬᠦ ᠤᠬᠠᠭᠠᠨ ᠮᠡᠷᠭᠡᠵᠢᠯ ᠤᠨ ᠲᠦᠯᠦᠪᠯᠡᠬᠡᠨ ᠤ ᠲᠥᠷᠥᠯ ᠵᠦᠢᠯ ᠢ 150 ᠬᠡᠷᠡᠭᠵᠢᠭᠦᠯᠦᠨ᠎ᠡ᠃ | ᠰᠢᠨ᠎ᠡ ᠶᠢ ᠡᠭᠦᠳᠦᠨ ᠠᠳᠠᠯ ᠦᠢᠯᠡᠰ ᠴᠣᠭᠴᠠᠯᠠᠬᠤ ᠠᠮᠢ ᠠᠬᠤᠢ ᠶᠢ ᠰᠢᠯᠢᠳᠡᠭᠵᠢᠭᠦᠯᠦᠨ᠎ᠡ᠃ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠲᠥᠷᠥ ᠶᠢᠨ | ᠪᠣᠳᠣᠯᠭ᠎ᠠ ᠶᠢᠨ 30 ︽1+N︾ ᠲᠥᠷᠥ ᠶᠢᠨ ᠪᠣᠳᠣᠯᠭ᠎ᠠ ᠶᠢᠨ ᠲᠤᠭᠳᠠᠯᠴᠠᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠰᠤᠳᠤᠯᠤᠨ ᠨᠡᠭᠡᠭᠡᠬᠦ | ᠣᠷᠣᠭᠤᠯᠤᠯᠲᠠ ᠶᠢ ᠦᠷᠭᠦᠯᠵᠢᠯᠡᠨ ᠨᠡᠮᠡᠭᠳᠡᠭᠦᠯᠵᠣ᠂ ᠡᠳ᠋ ᠤᠨ ᠵᠠᠰᠠᠭ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠣᠷᠣᠭᠤᠯᠤᠯᠲᠠ ᠶᠢ ᠡᠷᠬᠡᠪᠰᠢ | ᠨᠡᠮᠡᠭᠳᠡᠭᠦᠯᠬᠦ ᠲᠣᠭᠲᠠᠴᠠ ᠶᠢ ᠨᠠᠶᠢᠳᠠᠪᠤᠷᠢᠵᠢᠭᠤᠯᠤᠨ᠎ᠠ᠃ ᠮᠥᠩᠭᠦᠨ ᠭᠦᠢᠯᠭᠡᠭᠡᠨ ᠠᠴᠠ ᠴᠢᠳᠠᠪᠦᠷᠢ ᠣᠯᠭᠤᠬᠤ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ | ᠡᠭᠦᠳᠬᠦ ᠶᠢ ᠴᠢᠩᠭᠠᠳᠬᠠᠵᠤ᠂ 30 ᠳ᠋ᠦᠩᠰᠢᠭᠤᠷ ᠲᠥᠭᠦᠷᠢᠭ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠰᠠᠭᠤᠷᠢ ᠮᠥᠩᠭᠦ ᠶᠢ ᠪᠠᠶᠢᠭᠤᠯᠤᠨ᠎ᠠ᠃ | ᠰᠢᠨᠵᠢᠯᠡᠬᠦ ᠤᠬᠠᠭᠠᠨ ᠮᠡᠷᠭᠡᠵᠢᠯ ᠤᠨ ᠪᠠᠶᠢᠭᠤᠯᠤᠯ ᠢ ᠦᠬᠡᠷᠡᠴᠢᠯᠡᠬᠦ ᠭᠤᠷᠪᠠᠨ ᠵᠢᠯ ᠤᠨ ᠪᠤᠭᠤᠮᠳᠠ ᠰᠢᠪᠳᠤᠯᠬᠤ ᠠᠵᠢᠯᠯᠠᠭ᠎ᠠ ᠶᠢ ᠬᠡᠷᠡᠭᠵᠢᠭᠦᠯᠵᠦ᠂ ᠰᠢᠨᠵᠢᠯᠡᠬᠦ | ᠤᠬᠠᠭᠠᠨ ᠮᠡᠷᠭᠡᠵᠢᠯ ᠤᠨ ᠲᠥᠯᠥᠪᠯᠡᠭᠡᠨ ᠤ ᠲᠦᠷᠦᠯ ᠵᠣᠶᠢᠯ ᠪᠠ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠲᠤᠰᠬᠠᠢ ᠪᠡᠯᠡ ᠮᠥᠩᠭᠦ ᠶᠢᠨ | ᠬᠠᠮᠢᠶᠠᠷᠤᠯᠳᠠ ᠶᠢ ᠰᠢᠯᠢᠳᠡᠭᠵᠢᠭᠦᠯᠦᠨ᠎ᠡ᠃ ᠰᠢᠨᠵᠢᠯᠡᠬᠦ ᠤᠬᠠᠭᠠᠨ ᠤ ᠰᠤᠳᠤᠯᠭᠠᠨ ᠤ ᠵᠠᠷᠤᠳᠠᠯ ᠤᠨ ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ | ᠭᠦᠨᠵᠡᠭᠡᠶᠢᠷᠡᠭᠦᠯᠵᠦ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠠᠮᠠᠭᠠᠯᠠᠯᠲᠠ ᠶᠢ ᠴᠢᠩᠭᠠᠳᠬᠠᠨ᠎ᠠ᠃ ︽ᠵᠠᠮ ᠳᠠᠭᠠᠤ ᠦᠨᠳᠡᠬᠡᠯᠡᠭᠦᠯᠬᠦ︾᠂ ︽ | ᠲᠣᠭᠲᠠᠭᠰᠠᠨ ᠭᠠᠵᠠᠷ ᠲᠤ ᠦᠨᠳᠡᠬᠡᠯᠡᠭᠦᠯᠬᠦ︾᠂ ︽ᠬᠦᠷᠦᠰᠦ ᠰᠢᠷᠤᠢ ᠲᠠᠢ ᠨᠢ ᠰᠢᠯᠵᠢᠭᠦᠯᠦᠨ ᠤᠷᠭᠤᠭᠤᠯᠬᠤ︾ ᠵᠡᠷᠭᠡ ᠰᠢᠨ᠎ᠡ ᠶᠢ ᠡᠭᠦᠳᠬᠦ ᠪᠠ ᠴᠢᠳᠠᠪᠤᠷᠢᠲᠠᠨ ᠢ | ᠣᠷᠣᠭᠤᠯᠬᠤ ᠵᠠᠭᠪᠤᠷ ᠢ ᠲᠡᠯᠬᠡᠷᠡᠭᠦᠯᠵᠣ᠂ ᠴᠢᠳᠠᠪᠤᠷᠢᠲᠠᠨ ᠤ ᠦᠢᠯᠡᠴᠢᠯᠡᠭᠡᠨ ᠤ ᠪᠠᠲᠤᠯᠠᠭ᠎ᠠ ᠶᠢᠨ ᠲᠣᠭᠲᠠᠴᠠ ᠶᠢ ᠪᠦᠷᠢᠨᠰᠢᠭᠦᠯᠵᠦ᠂ ᠨᠠᠩ ᠣᠯᠠᠨ ᠴᠢᠳᠠᠪᠤᠷᠢᠲᠠᠨ ᠢ | ᠣᠷᠳᠣᠰ ᠲᠤ ᠢᠷᠡᠭᠦᠯᠦᠨ᠂ ᠣᠷᠳᠣᠰ ᠲᠤ ᠨᠤᠳᠤᠭᠰᠢᠭᠤᠯᠵᠤ᠂ ᠣᠷᠳᠣᠰ ᠲᠤ ᠬᠦᠰᠡᠯ ᠵᠡᠭᠦᠳᠦ ᠶᠢ ᠨᠢ ᠲᠡᠷᠭᠡᠯᠰᠢᠭᠦᠯᠦᠨ᠎ᠡ᠃ | ︵ᠳᠥᠷᠪᠡ︶ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢ ᠴᠢᠩᠭᠠᠳᠬᠠᠬᠤ ᠪᠠᠶᠢᠯᠳᠤᠬᠤ ᠪᠣᠳᠣᠯᠭ᠎ᠠ ᠶᠢᠨ ᠲᠣᠭᠲᠠᠯ ᠬᠦᠴᠦᠨ ᠢ ᠪᠠᠳᠤᠯᠠᠵᠣ᠂ ᠠᠮᠢ | ᠠᠬᠤᠢ ᠶᠢᠨ ᠣᠷᠴᠢᠨ ᠲᠣᠭᠤᠷᠢᠨ ᠤ ᠶᠠᠰᠤ ᠴᠢᠨᠠᠷ ᠢ ᠲᠠᠰᠤᠷᠠᠯᠲᠠ ᠦᠭᠡᠢ ᠰᠠᠶᠢᠵᠢᠷᠠᠭᠤᠯᠤᠨ᠎ᠠ᠃ ᠬᠥᠮᠥᠨ ᠬᠡᠷᠪᠡ ᠬᠥᠬᠡᠮᠳᠦᠭ ᠠᠭᠤᠯᠠ ᠶᠢ ᠬᠥᠰᠡᠷᠳᠡᠭᠦᠯᠬᠦ ᠦᠭᠡᠢ | ᠪᠣᠯ ᠬᠥᠬᠡᠮᠳᠦᠭ ᠠᠭᠤᠯᠠ ᠯᠠᠪᠳᠠᠶ᠎ᠠ ᠬᠥᠮᠥᠨ ᠢ ᠬᠥᠰᠡᠷᠳᠡᠭᠦᠯᠬᠦ ᠦᠭᠡᠢ ᠶᠤᠮ᠃ ᠬᠠᠲᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ | ᠵᠠᠰᠠᠯᠲᠠ ᠶᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠠᠵᠤ ᠠᠬᠤᠢ ᠨᠡᠶᠢᠭᠡᠮ ᠤᠨ ᠪᠥᠬᠦ ᠲᠠᠯ᠎ᠠ ᠪᠠᠷ ᠬᠦᠭᠵᠢᠯᠳᠡ ᠶᠢᠨ ᠬᠡᠯᠪᠡᠷᠢ ᠪᠠᠨ ᠬᠤᠪᠢᠷᠠᠭᠤᠯᠵᠣ ᠪᠣᠬᠢᠷᠳᠤᠯ | ᠦᠭᠡᠢ ᠪᠠᠷ ᠬᠦᠭᠵᠢᠭᠦᠯᠬᠦ ᠶᠢ ᠠᠬᠢᠭᠤᠯᠤᠨ᠂ ᠳᠤᠮᠳᠠᠳᠤ ᠤᠯᠤᠰ ᠤᠨ ᠤᠮᠠᠷᠠᠲᠤ ᠶᠢᠨ ᠠᠮᠢ ᠠᠬᠤᠢ ᠶᠢᠨ ᠠᠮᠤᠷ ᠲᠦᠪᠰᠢᠨ ᠤ ᠴᠢᠬᠤᠯᠠ ᠬᠠᠯᠬᠠᠪᠴᠢ ᠪᠣᠯᠬᠤ | ᠣᠷᠳᠣᠰ ᠤᠨ ᠰᠡᠷᠭᠡᠶᠢᠯᠡᠯᠲᠡ ᠶᠢᠨ ᠱᠤᠭᠤᠮ ᠢ ᠪᠠᠲᠤ ᠪᠠᠬᠢ ᠴᠤᠭᠴᠠᠯᠠᠨ ᠪᠠᠶᠢᠭᠤᠯᠤᠨ᠎ᠠ᠃ | ᠬᠠᠲᠤᠨ ᠭᠤᠣᠯ ᠤᠨ ᠪᠦᠬᠦ ᠰᠠᠪᠠ ᠭᠠᠵᠠᠷ ᠤᠨ ᠬᠠᠮᠠᠭᠠᠯᠠᠯᠲᠠ ᠶᠢ ᠴᠢᠩᠭᠠᠳᠬᠠᠨ᠎ᠠ᠃ ᠬᠠᠲᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ | ᠪᠠ ᠴᠢᠨᠠᠷ ᠰᠠᠶᠢᠲᠠᠢ ᠬᠥᠭᠵᠢᠯᠲᠡ ᠶᠢᠨ ᠬᠤᠰᠢᠭᠤᠴᠢ ᠣᠷᠣᠨ ᠢ ᠪᠦᠲᠦᠭᠡᠨ ᠪᠠᠶᠢᠭᠤᠯᠬᠤ ᠭᠤᠷᠪᠠᠨ ᠵᠢᠯ ᠤᠨ ᠠᠵᠢᠯᠯᠠᠭ᠎ᠠ ᠶᠢ ᠬᠡᠷᠡᠭᠵᠢᠭᠦᠯᠵᠦ᠂ ᠬᠤᠲᠠ ᠶᠢᠨ ᠲᠤᠰ | ᠱᠠᠳᠤᠨ ᠤ ᠡᠳ᠋ ᠤᠨ ᠵᠠᠰᠠᠭ ᠠᠴᠠ ᠵᠢᠯ ᠪᠦᠷᠢ 10 ᠳ᠋ᠦᠩᠰᠢᠭᠤᠷ ᠲᠥᠭᠦᠷᠢᠭ ᠭᠠᠷᠭᠠᠵᠤ ︽ᠠᠷᠪᠠᠨ ᠶᠡᠭᠡ ᠠᠵᠢᠯᠯᠠᠭ᠎ᠠ︾ ᠶᠢ ᠦᠷᠨᠢᠭᠦᠯᠦᠨ᠎ᠡ᠃ ᠠᠷᠪᠠᠨ ᠶᠡᠭᠡ | ᠬᠦᠨᠳᠡᠢ ᠶᠢ ᠶᠡᠷᠦᠩᠬᠡᠶᠢᠯᠡᠨ ᠵᠠᠰᠠᠬᠤ ᠶᠢ ᠴᠢᠩᠭᠠᠳᠬᠠᠵᠤ᠂ ᠰᠢ ᠯᠢᠦ ᠭᠧᠦ ᠶᠢ ᠶᠡᠷᠦᠩᠬᠡᠶᠢᠯᠡᠨ ᠵᠠᠰᠠᠬᠤ ᠠᠵᠢᠯ ᠢ ᠡᠬᠢᠯᠡᠭᠦᠯᠵᠦ᠂ ᠬᠠᠳᠤᠨ ᠭᠤᠣᠯ ᠤᠨ ᠣᠷᠳᠣᠰ ᠤᠨ | ᠬᠡᠰᠡᠭ ᠤᠨ ᠦᠶᠡᠷ ᠢ ᠰᠡᠷᠭᠡᠶᠢᠯᠡᠬᠦ ᠭᠤᠷᠪᠠᠳᠤᠭᠠᠷ ᠬᠤᠭᠤᠴᠠᠭᠠᠨ ᠤ ᠪᠠᠷᠢᠯᠭ᠎ᠠ ᠶᠢ ᠲᠦᠷᠬᠡᠨ ᠢᠶᠠᠷ ᠠᠬᠢᠭᠤᠯᠵᠤ᠂ ᠬᠠᠳᠤᠨ ᠭᠤᠣᠯ ᠤᠨ ᠲᠠᠩ ᠭᠠᠵᠠᠷ ᠤᠨ ᠰᠠᠭᠤᠭᠠᠯᠢ | ᠠᠷᠠᠳ ᠢ ᠨᠡᠭᠦᠯᠭᠡᠨ ᠪᠠᠶᠢᠭᠤᠯᠬᠤ ᠶᠢ ᠯᠠᠪᠳᠠᠭᠤᠨ ᠡᠮᠬᠢ ᠵᠢᠷᠤᠮ ᠲᠠᠢ ᠪᠠᠷ ᠠᠬᠢᠭᠤᠯᠵᠤ᠂ ᠬᠠᠳᠤᠨ ᠭᠤᠣᠯ ᠤᠨ ᠠᠮᠤᠷ ᠲᠦᠪᠰᠢᠨ ᠪᠠᠶᠢᠬᠤ ᠶᠢ ᠦᠨᠡᠨᠬᠦ ᠪᠠᠲᠤᠯᠠᠨ᠎ᠠ᠃ | ︽ᠤᠰᠤ ᠪᠠᠷ ᠲᠦᠷᠪᠡ ᠶᠢ ᠲᠣᠭᠲᠠᠭᠠᠬᠤ︾ ᠲᠥᠰᠥᠯ ᠢ ᠨᠠᠶᠢᠷᠠᠭᠤᠯᠤᠨ ᠵᠣᠬᠢᠶᠠᠵᠤ᠂ ᠤᠰᠤ ᠶᠢ ᠠᠷᠪᠢᠯᠠᠵᠤ ᠤᠰᠤ ᠶᠢ ᠬᠢᠵᠠᠭᠠᠷᠯᠠᠬᠤ ᠠᠵᠢᠯ ᠢ ᠥᠷᠨᠢᠭᠦᠯᠵᠦ᠂ | ᠭᠠᠵᠠᠷ ᠳᠣᠣᠷᠠᠬᠢ ᠤᠰᠤ ᠶᠢ ᠬᠡᠲᠦᠷᠡᠲᠡᠯ᠎ᠡ ᠲᠠᠳᠠᠬᠤ᠂ ᠲᠣᠭᠲᠠᠭᠠᠯ ᠠᠴᠠ ᠵᠥᠷᠢᠴᠡᠨ ᠤᠰᠤ ᠲᠠᠲᠠᠵᠤ ᠬᠡᠷᠡᠭᠯᠡᠬᠦ ᠶᠢ ᠵᠠᠰᠠᠬᠤ ᠶᠢ ᠴᠢᠩᠭ᠎ᠠ ᠠᠳᠬᠤᠨ᠎ᠠ᠃ ᠬᠠᠲᠤᠨ | ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠣᠷᠴᠢᠨ ᠲᠣᠭᠤᠷᠢᠨ ᠤ ᠲᠤᠭ᠎ᠠ ᠪᠠᠷᠢᠮᠲᠠ ᠶᠢᠨ ᠡᠬᠢ ᠪᠠᠶᠠᠯᠢᠭ ᠤᠨ ᠲᠥᠪ ᠵᠢᠴᠢ ᠤᠶᠤᠨᠴᠢ ᠬᠠᠮᠢᠶᠠᠷᠤᠨ ᠡᠵᠡᠮᠳᠡᠬᠦ | ᠲᠠᠪᠴᠠᠩ ᠢ ᠪᠦᠲᠦᠭᠡᠨ ᠪᠠᠶᠢᠭᠤᠯᠵᠤ᠂ ᠴᠠᠭ ᠠᠭᠤᠷ ᠤᠨ ᠦᠨᠳᠦᠷ ᠢᠯᠭᠠᠮᠵᠢ ᠶᠢᠨ ᠲᠥᠪ ᠤᠨ ᠶᠡᠷᠦᠩᠬᠡᠶᠢᠯᠡᠭᠰᠡᠨ ᠦᠢᠯᠡᠳᠦᠯ ᠴᠢᠳᠠᠪᠤᠷᠢ ᠶᠢ ᠳᠡᠭᠡᠭᠰᠢᠯᠡᠭᠦᠯᠦᠨ᠂ | ᠲᠣᠪᠣᠶᠢᠮ᠎ᠠ ᠠᠰᠠᠭᠤᠳᠠᠯ ᠢ ᠲᠤᠶᠢᠯᠪᠦᠷᠢᠲᠠᠢ ᠴᠡᠭᠴᠡᠯᠡᠨ ᠰᠠᠶᠢᠵᠢᠷᠠᠭᠤᠯᠬᠤ ᠶᠢ ᠠᠬᠢᠭᠤᠯᠵᠤ᠂ ︽ᠡᠵᠢ ᠭᠤᠣᠯ︾ ᠢ ᠪᠥᠬᠦ ᠬᠦᠴᠦᠨ ᠢᠶᠠᠷ ᠢᠶᠠᠨ ᠬᠠᠮᠠᠭᠠᠯᠠᠵᠤ᠂ ︽ | ᠵᠣᠯ ᠵᠢᠷᠭᠠᠯᠲᠤ ᠭᠤᠣᠯ︾ ᠢ ᠴᠣᠭᠴᠠᠯᠠᠨ ᠪᠠᠶᠢᠭᠤᠯᠤᠨ᠎ᠠ᠃ | ᠠᠮᠢ ᠠᠬᠤᠢ ᠶᠢ ᠰᠡᠷᠭᠦᠭᠡᠨ ᠵᠠᠰᠠᠬᠤ ᠠᠵᠢᠯ ᠢ ᠰᠢᠰᠲ᠋ᠧᠮ ᠲᠠᠢ ᠪᠠᠷ ᠠᠬᠢᠭᠤᠯᠤᠨ᠎ᠠ᠃ ᠬᠤᠲᠠ᠂ ᠬᠤᠰᠢᠭᠤ ᠲᠣᠭᠤᠷᠢᠭ ᠤᠨ ᠤᠯᠤᠰ ᠤᠨ ᠭᠠᠵᠠᠷ ᠰᠢᠷᠣᠢ ᠶᠢᠨ | ᠣᠷᠣᠨ ᠵᠠᠢ ᠶᠢᠨ ᠲᠥᠯᠦᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠶᠢ ᠪᠡᠶᠡᠯᠡᠭᠦᠯᠵᠦ᠂ ︽ᠭᠤᠷᠪᠠᠨ ᠱᠤᠭᠤᠮ ᠨᠢᠭᠡ ᠨᠠᠷᠢᠨ ᠲᠠᠩᠰᠠ︾ ᠶᠢᠨ ᠣᠷᠣᠨ ᠬᠤᠪᠢᠶᠠᠨ | ᠬᠠᠮᠢᠶᠠᠷᠤᠨ ᠡᠵᠡᠮᠳᠡᠬᠦ ᠶᠢ ᠴᠢᠩᠭᠠᠳᠬᠠᠨ᠂ ᠠᠮᠢ ᠠᠬᠤᠢ ᠶᠢᠨ ᠬᠠᠮᠠᠭᠠᠯᠠᠯᠲᠠ ᠶᠢᠨ ᠤᠯᠠᠭᠠᠨ ᠱᠤᠭᠤᠮ ᠢ ᠡᠷᠡᠰ ᠪᠠᠲᠤ ᠰᠠᠬᠢᠨ᠎ᠠ᠃ ᠣᠶ ᠶᠢᠨ ᠳᠠᠷᠤᠭ᠎ᠠ ᠶᠢᠨ ᠳᠦᠷᠢᠮ | ᠂ ᠭᠤᠣᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠶᠢᠨ ᠳᠦᠷᠢᠮ ᠢ ᠴᠢᠩᠭᠠᠷᠠᠭᠤᠯᠵᠤ᠂ ᠨᠤᠲᠤᠭ ᠪᠡᠯᠴᠢᠭᠡᠷ ᠣᠶᠢᠲᠤ ᠭᠠᠵᠠᠷ ᠢ ᠡᠪᠳᠡᠭᠰᠡᠨ ᠬᠠᠤᠯᠢ ᠠᠴᠠ | ᠵᠥᠷᠢᠴᠡᠭᠰᠡᠨ ᠦᠶᠯᠡ ᠠᠵᠢᠯᠯᠠᠭ᠎ᠠ ᠶᠢ ᠴᠡᠭᠴᠡᠯᠡᠨ ᠵᠠᠰᠠᠬᠤ ᠶᠢ ᠭᠦᠨᠵᠡᠭᠡᠶᠢᠷᠡᠭᠦᠯᠦᠨ᠂ ᠤᠯᠤᠰ ᠤᠨ ᠭᠠᠵᠠᠷ ᠰᠢᠷᠤᠢ ᠶᠢ ᠨᠣᠭᠤᠭᠠᠷᠠᠭᠤᠯᠬᠤ ᠪᠠ ᠡᠯᠡᠰᠦ ᠶᠢ | ᠰᠡᠷᠭᠡᠶᠢᠯᠡᠨ ᠵᠠᠰᠠᠬᠤ ᠶᠢ ᠰᠢᠨᠵᠢᠯᠡᠬᠦ ᠤᠬᠠᠭᠠᠨᠴᠢ ᠪᠠᠷ ᠠᠬᠢᠭᠤᠯᠵᠤ᠂ ᠣᠶ ᠰᠢᠭᠤᠢ ᠡᠪᠡᠰᠦᠨ ᠤ ᠦᠷ᠎ᠡ ᠡᠳ᠋ ᠤᠨ ᠡᠬᠢ ᠪᠠᠶᠠᠯᠢᠭ ᠤᠨ ᠨᠡᠶᠢᠳᠡᠮ ᠪᠠᠶᠢᠴᠠᠭᠠᠯᠲᠠ ᠶᠢ | ᠥᠷᠨᠢᠭᠦᠯᠵᠦ᠂ ᠨᠤᠭᠤ ᠭᠠᠵᠠᠷ ᠤᠨ ᠬᠠᠮᠠᠭᠠᠯᠠᠯᠲᠠ ᠶᠢᠨ ᠨᠡᠷᠡᠰ ᠤᠨ ᠵᠢᠭᠰᠠᠭᠠᠯᠲᠠ ᠶᠢ ᠲᠣᠭᠲᠠᠭᠠᠨ᠂ ᠣᠶ ᠰᠢᠭᠤᠢ ᠨᠤᠲᠤᠭ ᠪᠡᠯᠴᠢᠭᠡᠷ ᠨᠤᠭᠤ ᠭᠠᠵᠠᠷ ᠤᠨ | ᠬᠠᠮᠠᠭᠠᠯᠠᠯᠲᠠ ᠶᠢᠨ ᠲᠤᠭᠳᠠᠯᠴᠠᠭ᠎ᠠ ᠶᠢ ᠲᠡᠭᠦᠯᠳᠡᠷᠵᠢᠭᠦᠯᠦᠨ᠎ᠡ᠃ ᠠᠭᠤᠷᠬᠠᠢ ᠶᠢᠨ ᠠᠮᠢ ᠠᠬᠤᠢ ᠶᠢ ᠰᠡᠷᠭᠦᠭᠡᠨ ᠵᠠᠰᠠᠬᠤ ᠡᠷᠴᠢᠮ ᠢ ᠴᠢᠩᠭᠠᠷᠠᠭᠤᠯᠵᠤ᠂ ᠮᠧᠩ ᠰᠢ ᠪᠠ | ᠴᠢ ᠫᠠᠨ ᠵᠢᠩ ᠭᠠᠵᠠᠷ ᠣᠷᠣᠨ ᠤ ᠠᠭᠤᠷᠬᠠᠢ ᠶᠢ ᠡᠮᠬᠢᠯᠡᠨ ᠨᠡᠶᠢᠯᠡᠭᠦᠯᠵᠦ ᠭᠠᠷᠭᠠᠬᠤ ᠶᠢ ᠠᠬᠢᠭᠤᠯᠵᠤ᠂ ᠲᠥᠪᠯᠡᠷᠡᠭᠦᠯᠦᠨ ᠬᠡᠰᠡᠭ ᠢ ᠬᠤᠯᠪᠤᠭᠠᠯᠠᠨ ᠵᠠᠰᠠᠬᠤ ᠪᠠ | ᠲᠡᠦᠬᠡᠨ ᠠᠴᠠ ᠦᠯᠡᠳᠡᠭᠳᠡᠵᠦ ᠢᠷᠡᠭᠰᠡᠨ ᠡᠵᠡᠨ ᠦᠭᠡᠢ ᠠᠭᠤᠷᠬᠠᠢ ᠶᠢᠨ ᠭᠠᠵᠠᠷ ᠰᠢᠨᠵᠢᠯᠡᠬᠡᠨ ᠤ ᠣᠷᠴᠢᠨ ᠲᠣᠭᠤᠷᠢᠨ ᠤ ᠵᠠᠰᠠᠯᠲᠠ ᠶᠢ ᠠᠬᠢᠭᠤᠯᠵᠤ᠂ ᠪᠣᠬᠢᠷᠳᠤᠯ | ᠦᠭᠡᠢ ᠠᠭᠤᠷᠬᠠᠢ ᠶᠢ ᠰᠢᠨ᠎ᠡ ᠪᠠᠷ 40 ᠠᠴᠠ ᠲᠡᠭᠡᠭᠰᠢ ᠪᠠᠶᠢᠭᠤᠯᠤᠨ᠎ᠠ᠃ ᠠᠮᠢᠳᠤ ᠪᠣᠳᠠᠰ ᠤᠨ ᠣᠯᠠᠨ ᠶᠠᠩᠵᠤᠲᠤ ᠴᠢᠨᠠᠷ ᠤᠨ ᠬᠠᠮᠠᠭᠠᠯᠠᠯᠲᠠ ᠶᠢ ᠴᠢᠩᠭᠠᠳᠬᠠᠵᠤ᠂ | ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠬᠠᠮᠢᠶᠠᠷᠴᠤ ᠬᠠᠮᠠᠭᠠᠯᠠᠬᠤ ᠬᠢᠷᠢ ᠲᠦᠪᠰᠢᠨ ᠢ ᠳᠡᠭᠡᠭᠰᠢᠯᠡᠭᠦᠯᠦᠨ᠂ ᠬᠥᠮᠥᠨ ᠪᠤᠯᠤᠨ ᠪᠠᠶᠢᠭᠠᠯᠢ ᠶᠢᠨ ᠡᠶ᠎ᠡ ᠨᠠᠶᠢᠷᠰᠠᠭ ᠲᠠᠢ | ᠬᠠᠮᠲᠤ ᠪᠠᠷ ᠣᠷᠣᠰᠢᠬᠤ ᠰᠠᠶᠢᠨ ᠰᠠᠶᠢᠬᠠᠨ ᠭᠡᠷ ᠣᠷᠣᠨ ᠢ ᠪᠦᠲᠦᠭᠡᠨ ᠪᠠᠶᠢᠭᠤᠯᠤᠨ᠎ᠠ᠃ | ᠡᠨᠧᠷᠭᠢ ᠠᠷᠪᠢᠯᠠᠨ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯ ᠢ ᠪᠠᠭᠤᠷᠠᠭᠤᠯᠵᠤ ᠪᠣᠬᠢᠷᠳᠤᠯ ᠢ ᠪᠠᠭᠠᠰᠬᠠᠬᠤ ᠶᠢ ᠨᠢᠭᠡᠳᠦᠯᠲᠡᠢ ᠲᠥᠯᠥᠪᠯᠡᠨ ᠰᠠᠶᠢᠲᠤᠷ ᠬᠢᠨ᠎ᠡ᠃ | ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯ ᠢ ᠣᠷᠭᠢᠯ ᠬᠡᠮᠵᠢᠭᠳᠡᠯ ᠳᠤ ᠬᠦᠷᠬᠡᠬᠦ᠂ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯ ᠢ ᠵᠦᠭᠰᠢᠷᠡᠭᠦᠯᠦᠨ ᠨᠠᠮᠳᠠᠭᠠᠬᠤ | ᠪᠠ ︽1+N+X︾ ᠤᠨ ᠲᠥᠷᠥ ᠶᠢᠨ ᠪᠣᠳᠣᠯᠭ᠎ᠠ ᠶᠢᠨ ᠲᠤᠭᠳᠠᠯᠴᠠᠭ᠎ᠠ ᠶᠢ ᠲᠡᠭᠦᠯᠳᠡᠷᠵᠢᠭᠦᠯᠵᠦ᠂ ︽ᠬᠤᠶᠠᠷ ᠶᠡᠬᠡᠲᠠᠢ︾ ᠲᠥᠷᠥᠯ ᠵᠦᠢᠯ ᠢ ᠳᠣᠣᠷ᠎ᠠ ᠬᠢᠷᠢ | ᠲᠦᠪᠰᠢᠨ ᠢᠶᠠᠷ ᠰᠣᠬᠤᠷ ᠪᠠᠯᠠᠢ ᠪᠠᠷ ᠬᠦᠭᠵᠢᠭᠦᠯᠬᠦ ᠶᠢ ᠡᠷᠡᠰ ᠬᠤᠷᠢᠭᠯᠠᠨ᠂ ᠠᠵᠤ ᠦᠢᠯᠡᠳᠪᠦᠷᠢ ᠶᠢᠨ ᠡᠨᠧᠷᠭᠢ ᠠᠷᠪᠢᠯᠠᠬᠤ ᠮᠡᠷᠭᠡᠵᠢᠯ ᠤᠨ ᠥᠭᠡᠷᠡᠴᠢᠯᠡᠯᠲᠡ ᠶᠢᠨ | ᠭᠤᠷᠪᠠᠨ ᠵᠢᠯ ᠤᠨ ᠠᠵᠢᠯᠯᠠᠭ᠎ᠠ ᠶᠢ ᠬᠡᠷᠡᠭᠵᠢᠭᠦᠯᠵᠦ᠂ ᠣᠷᠣᠨ ᠪᠦᠰᠡ ᠶᠢᠨ ᠡᠨᠧᠷᠭᠢ ᠶᠢᠨ ᠦᠨᠡᠯᠡᠯᠲᠡ ᠶᠢᠨ ᠲᠤᠷᠰᠢᠯᠲᠠ ᠶᠢᠨ ᠴᠡᠭ ᠢ ᠥᠷᠨᠢᠭᠦᠯᠦᠨ᠂ | ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯ ᠢ ᠬᠢᠨᠠᠨ ᠬᠡᠮᠵᠢᠬᠦ ᠲᠠᠪᠴᠠᠩ ᠢ ᠪᠠᠶᠢᠭᠤᠯᠵᠤ᠂ ᠲᠤᠤᠷ᠎ᠠ ᠨᠡᠭᠦᠷᠡᠰᠦᠳᠦ᠋ᠷᠦᠭᠴᠢᠳᠤ ᠲᠤᠷᠰᠢᠯᠲᠠ ᠶᠢᠨ ᠴᠡᠭ ᠤᠨ ᠵᠢᠱᠢᠶ᠎ᠡ | ᠦᠵᠡᠭᠦᠯᠬᠦ ᠤᠷᠤᠨ ᠢ ᠡᠭᠦᠳᠦᠨ ᠪᠠᠶᠢᠭᠤᠯᠵᠤ᠂ ᠮᠧᠩ ᠰᠦ᠋ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯ ᠦᠬᠡᠢ ᠠᠵᠤ ᠦᠢᠯᠡᠰ ᠤᠨ ᠬᠦᠷᠢᠶᠡᠯᠡᠩ ᠲᠤᠭᠤᠷᠢᠭ ᠪᠠ | ᠴᠢ ᠫᠠᠨ ᠵᠢᠩ᠂ ᠲᠡᠯᠡᠳ ᠵᠡᠷᠭᠡ ᠲᠤᠤᠷ᠎ᠠ ᠨᠡᠭᠦᠷᠡᠰᠦᠳᠦ᠋ᠷᠦᠭᠴᠢᠳᠤ ᠠᠵᠤ ᠦᠢᠯᠡᠰ ᠤᠨ ᠬᠦᠷᠢᠶᠡᠯᠡᠩ ᠲᠤᠭᠤᠷᠢᠭ ᠢ ᠪᠠᠶᠢᠭᠤᠯᠤᠨ᠎ᠠ᠃ ᠠᠭᠠᠷ ᠮᠠᠨᠳᠠᠯ ᠤᠨ ᠪᠣᠬᠢᠷᠳᠤᠯ | ᠪᠣᠳᠠᠰ ᠤᠨ ᠬᠡᠮᠵᠢᠶ᠎ᠡ ᠶᠢ ᠪᠠᠭᠠᠰᠬᠠᠨ ᠬᠢᠵᠠᠭᠠᠷᠯᠠᠬᠤ ᠶᠢ ᠴᠢᠩᠭᠠᠷᠠᠭᠤᠯᠵᠤ᠂ ᠴᠢ ᠫᠠᠨ ᠵᠢᠩ᠂ ᠮᠧᠩ ᠰᠢ ᠵᠡᠷᠬᠡ ᠭᠠᠵᠠᠷ ᠣᠷᠣᠨ ᠤ ᠠᠭᠠᠷ ᠮᠠᠨᠳᠠᠯ ᠤᠨ ᠪᠣᠬᠢᠷᠳᠤᠯ ᠢ | ᠬᠤᠯᠪᠤᠭᠠᠯᠠᠨ ᠰᠡᠷᠭᠡᠶᠢᠯᠡᠵᠦ ᠬᠢᠵᠠᠭᠠᠷᠯᠠᠬᠤ ᠶᠢ ᠴᠢᠩᠭᠠᠳᠬᠠᠨ᠂ ᠬᠢᠮᠢ ᠶᠢᠨ ᠠᠵᠤ ᠦᠢᠯᠡᠳᠪᠦᠷᠢ᠂ ᠬᠡᠦᠷᠰᠢᠭᠦᠯᠬᠦ ᠵᠡᠷᠭᠡ ᠭᠤᠣᠯᠳᠠᠯᠭ᠎ᠠ ᠲᠠᠢ ᠠᠵᠢᠯ ᠲᠥᠷᠥᠯ ᠤᠨ | ᠳᠡᠭᠳᠡᠮᠡᠬᠡᠢ ᠴᠢᠨᠠᠷᠲᠠᠢ ᠣᠷᠭᠠᠨᠢᠭ ᠪᠣᠳᠠᠰ ᠢ ᠵᠠᠰᠠᠬᠤ ᠶᠢ ᠪᠡᠶᠡᠯᠡᠭᠦᠯᠵᠦ᠂ ︽ᠲᠠᠷᠠᠬᠠᠢ ᠪᠤᠲᠠᠷᠬᠠᠢ᠂ ᠡᠮᠬᠢ ᠵᠠᠮᠪᠠᠷᠠᠭ᠎ᠠ ᠦᠭᠡᠢ᠂ ᠪᠣᠬᠢᠷᠳᠤᠯ ᠲᠠᠢ︾ ᠠᠵᠤ ᠠᠬᠤᠶᠢᠯᠠᠯ | ᠪᠠ ᠨᠡᠭᠦᠷᠡᠰᠦᠨ ᠴᠢᠯᠠᠭᠤᠨ ᠤ ᠭᠠᠯ ᠤᠨ ᠴᠡᠭ ᠢ ᠬᠥᠳᠡᠯᠦᠩᠭᠦᠢ ᠪᠠᠷ ᠦᠬᠡᠶᠢᠰᠬᠡᠬᠦ ᠶᠢ ᠪᠡᠶᠡᠯᠡᠭᠦᠯᠦᠨ᠂ ᠨᠡᠭᠦᠷᠡᠰᠦ ᠶᠢ ᠴᠡᠪᠡᠷ ᠢᠶᠠᠷ ᠨᠡᠭᠡᠭᠡᠨ ᠮᠠᠯᠲᠠᠵᠤ | ᠲᠡᠭᠡᠭᠡᠪᠦᠷᠢᠯᠡᠬᠦ ᠶᠢ ᠠᠬᠢᠭᠤᠯᠵᠤ᠂ ᠶᠡᠭᠡ ᠬᠡᠮᠵᠢᠶᠡᠨ ᠤ ᠡᠳ᠋ ᠪᠠᠷᠠᠭ᠎ᠠ ᠶᠢᠨ ᠲᠡᠭᠡᠭᠡᠪᠦᠷᠢ ᠶᠢ ︽ᠵᠠᠰᠠᠮᠠᠯ ᠵᠠᠮ ᠤᠨ ᠲᠡᠬᠡᠬᠡᠪᠦᠷᠢ ᠶᠢ ᠲᠡᠮᠦᠷ ᠵᠠᠮ ᠤᠨ ᠲᠡᠬᠡᠬᠡᠪᠦᠷᠢ | ᠪᠤᠯᠭᠠᠨ ᠬᠤᠪᠢᠷᠠᠭᠤᠯᠬᠤ︾ ︽ᠤᠪᠤᠭᠠᠯᠠᠨ ᠲᠡᠬᠡᠬᠡᠪᠦᠷᠢᠯᠡᠬᠦ ᠶᠢ ᠴᠢᠩᠬᠡᠯᠢᠭ ᠢᠶᠠᠷ ᠲᠡᠬᠡᠬᠡᠪᠦᠷᠢᠯᠡᠬᠦ ᠪᠤᠯᠭᠠᠨ ᠦᠬᠡᠷᠡᠴᠢᠯᠡᠬᠦ︾ ᠶᠢ ᠲᠦᠷᠭᠡᠳᠬᠡᠨ᠎ᠡ᠃ | ᠭᠤᠣᠯᠳᠠᠯᠭ᠎ᠠ ᠲᠠᠢ ᠰᠠᠪᠠ ᠭᠠᠵᠠᠷ ᠤᠨ ᠤᠰᠤᠨ ᠤ ᠣᠷᠴᠢᠨ ᠲᠣᠭᠤᠷᠢᠨ ᠤ ᠬᠠᠮᠠᠭᠠᠯᠠᠯᠲᠠ ᠪᠠ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠤᠰᠤᠨ ᠤ | ᠪᠣᠬᠢᠷᠳᠤᠯ ᠢ ᠵᠠᠰᠠᠬᠤ ᠶᠢ ᠴᠢᠩᠭᠠᠳᠬᠠᠵᠤ᠂ ᠯᠦᠩ ᠸᠠᠩ ᠭᠧᠦ ᠶᠢᠨ ᠰᠠᠪᠠ ᠭᠠᠵᠠᠷ ᠤᠨ ᠤᠰᠤᠨ ᠤ ᠴᠢᠨᠠᠷ ᠢ ᠯᠠᠪᠳᠠᠭᠤᠨ ᠢᠶᠠᠷ ᠪᠠᠷᠢᠮᠵᠢᠶ᠎ᠠ ᠳᠤ ᠬᠦᠷᠬᠡᠬᠦ ᠶᠢ | ᠠᠬᠢᠭᠤᠯᠤᠨ᠎ᠠ᠃ ᠲᠠᠷᠢᠶᠠᠯᠠᠩ ᠤᠨ ᠤᠯᠠᠨ ᠡᠬᠢᠲᠦ ᠪᠣᠬᠢᠷᠳᠤᠯ ᠢ ᠰᠡᠷᠭᠡᠶᠢᠯᠡᠨ ᠵᠠᠰᠠᠬᠤ ᠠᠵᠢᠯ ᠢ ᠭᠦᠨᠵᠡᠭᠡᠢ ᠠᠬᠢᠭᠤᠯᠵᠤ᠂ ᠶᠡᠭᠡ ᠬᠡᠮᠵᠢᠶᠡᠨ ᠤ ᠬᠠᠲᠠᠭᠤ ᠪᠡᠶᠡᠲᠦ | ᠬᠠᠶᠠᠭᠳᠠᠮᠠᠯ ᠪᠣᠳᠠᠰ ᠢ ᠶᠡᠷᠦᠩᠬᠡᠶᠢᠯᠡᠨ ᠠᠰᠢᠭᠯᠠᠬᠤ ᠵᠢᠱᠢᠶ᠎ᠡ ᠦᠵᠡᠭᠦᠯᠬᠦ ᠠᠵᠢᠯ ᠢ ᠥᠷᠨᠢᠭᠦᠯᠵᠦ᠂ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠤᠶᠤᠨᠴᠢᠯᠠᠨ ᠬᠢᠨᠠᠨ | ᠬᠠᠮᠢᠶᠠᠷᠬᠤ ᠲᠠᠪᠴᠠᠩ ᠢ ᠪᠠᠶᠢᠭᠤᠯᠵᠤ᠂ ︽ᠬᠠᠶᠠᠭᠳᠠᠮᠠᠯ ᠪᠣᠳᠠᠰ ᠦᠭᠡᠢ ᠬᠤᠳᠠ︾ ᠶᠢ ᠲᠦᠷᠬᠡᠨ ᠢᠶᠠᠷ ᠪᠦᠲᠦᠭᠡᠨ ᠪᠠᠶᠢᠭᠤᠯᠤᠨ᠎ᠠ᠃ ᠪᠣᠬᠢᠷᠳᠤᠯ ᠦᠭᠡᠢ ᠲᠤᠤᠷ᠎ᠠ | ᠨᠡᠭᠦᠷᠡᠰᠦᠳᠦ᠋ᠷᠦᠭᠴᠢᠳᠤ ᠠᠮᠢᠳᠤᠷᠠᠯ ᠤᠨ ᠠᠷᠭ᠎ᠠ ᠮᠠᠶ᠋ᠢᠭ ᠢ ᠶᠡᠬᠡᠪᠡᠷ ᠰᠠᠨᠠᠭᠠᠴᠢᠯᠠᠵᠤ᠂ ᠪᠣᠬᠢᠷᠳᠤᠯ ᠦᠭᠡᠢ ᠣᠷᠳᠣᠰ ᠤᠨ ᠪᠦᠲᠦᠬᠡᠨ ᠪᠠᠶᠢᠭᠤᠯᠤᠯᠳᠠ ᠶᠢ ᠪᠥᠬᠦ | ᠬᠤᠲᠠ ᠶᠢᠨ ᠠᠷᠠᠳ ᠲᠦᠮᠡᠨ ᠤ ᠦᠵᠡᠯ ᠰᠠᠨᠠᠭᠠᠨ ᠤ ᠬᠠᠮᠲᠤ ᠶᠢᠨ ᠲᠠᠨᠢᠯᠲᠠ ᠪᠠ ᠠᠵᠢᠯᠯᠠᠭᠠᠨ ᠤ ᠤᠬᠠᠮᠰᠠᠷ ᠪᠤᠯᠭᠠᠨ᠎ᠠ᠃ | ︵ᠲᠠᠪᠤ︶ ᠳᠤᠲᠠᠭᠤᠳᠠᠯ ᠢ ᠬᠦᠴᠦᠯᠡᠨ ᠨᠥᠬᠦᠪᠦᠷᠢᠯᠡᠵᠦ ᠴᠢᠳᠠᠮᠵᠢ ᠶᠢ ᠴᠢᠩᠭᠠᠳᠬᠠᠵᠤ᠂ ᠨᠠᠩ ᠥᠨᠳᠥᠷ ᠬᠢᠷᠢ ᠲᠦᠪᠰᠢᠨ ᠨᠠᠩ ᠴᠢᠨᠠᠷ ᠰᠠᠶᠢᠲᠠᠢ | ᠬᠥᠭᠵᠢᠯᠲᠡ ᠶᠢ ᠠᠬᠢᠭᠤᠯᠤᠨ᠎ᠠ᠃ | ᠬᠥᠳᠡᠭᠡ ᠲᠣᠰᠬᠤᠨ ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠠᠬᠢᠭᠤᠯᠤᠨ᠎ᠠ᠃ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠳᠤᠯᠤᠭᠰᠠᠨ | ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠯᠤᠭ᠎ᠠ ᠪᠦᠲᠦᠮᠵᠢᠲᠡᠶ ᠪᠠᠷ ᠵᠣᠯᠭᠠᠭᠤᠯᠬᠤ ᠠᠵᠢᠯ ᠢ | ᠰᠠᠶᠢᠲᠤᠷ ᠬᠢᠵᠦ᠂ ︽ᠲᠦᠮᠡᠨ ᠠᠵᠤ ᠠᠬᠤᠶᠢᠯᠠᠯ ᠲᠦᠮᠡᠨ ᠭᠠᠴᠠᠭ᠎ᠠ ᠲᠣᠰᠬᠤᠨ ᠢ ᠬᠥᠭᠵᠢᠭᠦᠯᠦᠨ ᠮᠠᠨᠳᠤᠭᠤᠯᠬᠤ︾ ᠠᠵᠢᠯᠯᠠᠭ᠎ᠠ ᠶᠢ ᠭᠦᠨᠵᠡᠭᠡᠶᠢᠷᠡᠭᠦᠯᠦᠨ᠂ | ᠵᠠᠬᠢᠶᠠᠯᠠᠭ᠎ᠠ ᠶᠢᠨ ᠭᠡᠷ᠎ᠡ᠂ ᠦᠢᠯᠡᠴᠢᠯᠡᠭᠡᠨ ᠤ ᠬᠠᠮᠵᠢᠯᠴᠠᠭ᠎ᠠ᠂ ᠬᠤᠪᠢ ᠣᠷᠣᠭᠤᠯᠤᠨ ᠬᠤᠷᠰᠢᠬᠤ ᠵᠡᠷᠭᠡ ᠮᠠᠯᠴᠢᠨ ᠲᠠᠷᠢᠶᠠᠴᠢᠨ ᠪᠤᠯᠤᠨ ᠠᠵᠤ ᠠᠬᠤᠶᠢᠯᠠᠯ ᠤᠨ ᠠᠰᠢᠭ | ᠲᠤᠰᠠ ᠶᠢ ᠬᠤᠯᠪᠤᠭᠳᠠᠭᠤᠯᠬᠤ ᠵᠠᠭᠪᠤᠷ ᠢ ᠬᠡᠷᠡᠭᠵᠢᠭᠦᠯᠵᠦ᠂ ᠬᠦᠳᠡᠯᠮᠦᠷᠢ ᠶᠢᠨ ᠴᠢᠳᠠᠪᠦᠷᠢ ᠲᠠᠢ ᠮᠠᠯᠴᠢᠨ ᠲᠠᠷᠢᠶᠠᠴᠢᠳ ᠢ ᠠᠵᠤ ᠦᠢᠯᠡᠰ ᠲᠤ ᠴᠦᠮ ᠪᠦᠷᠬᠦᠬᠦᠯᠬᠦ ᠶᠢ | ᠪᠡᠶᠡᠯᠡᠭᠦᠯᠦᠨ᠎ᠡ᠃ ᠭᠠᠴᠠᠭ᠎ᠠ ᠲᠣᠰᠬᠤᠨ ᠤ ᠬᠠᠮᠲᠤ ᠶᠢᠨ ᠠᠵᠤ ᠠᠬᠤᠢ ᠶᠢ ᠦᠷᠭᠦᠯᠵᠢᠯᠡᠨ ᠪᠤᠵᠠᠭᠠᠶᠢᠷᠠᠭᠤᠯᠵᠤ᠂ ᠲᠤᠰᠬᠠᠢ ᠠᠵᠢᠯ ᠤᠨ ᠬᠤᠷᠰᠢᠶ᠎ᠠ ᠶᠢ | ᠵᠢᠷᠤᠮᠵᠢᠭᠤᠯᠤᠨ ᠬᠥᠭᠵᠢᠭᠦᠯᠵᠦ᠂ ᠮᠠᠯᠴᠢᠨ ᠲᠠᠷᠢᠶᠠᠴᠢᠳ ᠲᠤ ᠠᠵᠤ ᠦᠢᠯᠡᠰ ᠤᠨ ᠠᠰᠢᠭ ᠣᠯᠵᠠᠪᠤᠷᠢ ᠶᠢ ᠲᠣᠭᠲᠠᠭᠤᠨ ᠢᠶᠠᠷ ᠡᠳ᠋ᠯᠡᠭᠦᠯᠦᠨ᠎ᠡ᠃ ᠠᠶᠢᠯ ᠲᠣᠰᠬᠤᠨ ᠤ | ᠪᠠᠶᠢᠷᠢᠰᠢᠭᠤᠯᠤᠯᠲᠠ ᠶᠢᠨ ᠲᠥᠯᠦᠪᠵᠢᠭᠦᠯᠭᠡ ᠶᠢ ᠪᠡᠶᠡᠯᠡᠭᠦᠯᠵᠦ᠂ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ ︽ᠵᠣᠷᠯᠣᠩ ᠤᠨ ᠬᠤᠪᠢᠰᠬᠠᠯ︾ ᠢ ᠠᠬᠢᠭᠤᠯᠵᠤ᠂ | ᠠᠷᠢᠭᠤᠨ ᠴᠡᠪᠡᠷ ᠵᠣᠷᠯᠣᠩ ᠢ ᠰᠢᠨ᠎ᠡ ᠪᠠᠷ 5000 ᠠᠴᠠ ᠲᠡᠭᠡᠭᠰᠢ ᠪᠠᠶᠢᠭᠤᠯᠵᠤ᠂ ᠠᠮᠢᠳᠤᠷᠠᠯ ᠤᠨ ᠬᠤᠭ ᠨᠣᠪᠰᠢ ᠪᠣᠬᠢᠷ ᠤᠰᠤ ᠶᠢ ᠰᠢᠢᠳᠪᠦᠷᠢᠯᠡᠬᠦ ᠶᠢ ᠣᠷᠣᠨ | ᠬᠤᠪᠢᠶᠠᠨ ᠲᠦᠷᠦᠯ ᠬᠤᠪᠢᠶᠠᠨ ᠠᠬᠢᠭᠤᠯᠵᠤ᠂ ᠬᠥᠳᠡᠭᠡ ᠲᠣᠰᠬᠤᠨ ᠤ ᠤᠰᠤᠨ ᠤ ᠬᠠᠩᠭᠠᠯᠭ᠎ᠠ ᠶᠢᠨ ᠪᠠᠲᠤᠯᠠᠭ᠎ᠠ ᠶᠢᠨ ᠪᠠᠷᠢᠯᠭ᠎ᠠ ᠶᠢ 81 ᠬᠡᠷᠡᠭᠵᠢᠭᠦᠯᠵᠦ᠂ ᠬᠥᠳᠡᠭᠡ | ᠲᠣᠰᠬᠤᠨ ᠤ ᠴᠡᠪᠡᠷ ᠲᠤᠤᠷ᠎ᠠ ᠨᠡᠭᠦᠷᠡᠰᠦᠳᠦ᠋ᠷᠦᠭᠴᠢᠳᠤ ᠡᠨᠧᠷᠭᠢ ᠬᠡᠷᠡᠭᠯᠡᠬᠦ ᠠᠵᠢᠯᠯᠠᠭ᠎ᠠ ᠶᠢ ᠥᠷᠨᠢᠭᠦᠯᠵᠦ᠂ 54 ᠪᠠᠶᠢᠭᠤᠯᠤᠯᠲᠤ ᠲᠣᠰᠬᠤᠨ ᠤ ᠣᠷᠴᠢᠨ ᠲᠤᠭᠤᠷᠢᠨ | ᠢ ᠴᠡᠭᠴᠡᠯᠡᠨ ᠵᠠᠰᠠᠬᠤ ᠠᠵᠢᠯ ᠢ ᠪᠡᠶᠡᠯᠡᠭᠦᠯᠵᠦ᠂ ᠨᠡᠩ ᠯᠠᠪᠳᠠᠭᠤᠨ ᠬᠦᠴᠦᠲᠡᠢ ᠠᠷᠭ᠎ᠠ ᠬᠡᠮᠵᠢᠶ᠎ᠡ ᠪᠠᠷ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠤ ᠪᠦᠲᠦᠭᠡᠨ | ᠪᠠᠶᠢᠭᠤᠯᠤᠯᠲᠠ ᠶᠢ ᠠᠬᠢᠭᠤᠯᠤᠨ᠎ᠠ᠃ | ᠠᠮᠢ ᠠᠬᠤᠢ ᠶᠢᠨ ᠣᠷᠣᠰᠢᠨ ᠰᠠᠭᠤᠬᠤ ᠳᠤ ᠲᠣᠬᠢᠷᠠᠮᠵᠢᠲᠠᠢ ᠴᠡᠴᠡᠷᠯᠢᠭ ᠬᠤᠳᠠ ᠶᠢ ᠪᠠᠶᠢᠭᠤᠯᠤᠨ᠎ᠠ᠃ ᠨᠤᠭᠤᠭᠠᠨ ᠦᠩᠬᠡ ᠶᠢ ᠨᠡᠮᠡᠭᠳᠡᠭᠦᠯᠦᠨ ᠬᠡᠷᠡᠯ ᠬᠢᠯᠪᠠᠭ᠎ᠠ | ᠨᠡᠮᠡᠷᠢᠯᠡᠬᠦ᠂ ᠬᠡᠮᠵᠢᠶ᠎ᠡ ᠶᠢ ᠨᠡᠮᠡᠭᠳᠡᠭᠦᠯᠦᠨ ᠶᠠᠰᠤ ᠴᠢᠨᠠᠷ ᠢ ᠳᠡᠭᠡᠭᠰᠢᠯᠡᠭᠦᠯᠬᠦ ᠪᠠᠷᠢᠯᠭ᠎ᠠ ᠶᠢ ᠰᠢᠨᠵᠢᠯᠡᠬᠦ ᠤᠬᠠᠭᠠᠨᠴᠢ ᠪᠠᠷ ᠬᠡᠷᠡᠭᠵᠢᠭᠦᠯᠵᠦ᠂ ᠨᠢᠭᠡ ᠪᠦᠯᠦᠭ ︽ᠤᠭᠤᠳᠠᠨ | ᠴᠡᠴᠡᠷᠯᠢᠭ︾ ᠢ ᠰᠢᠨ᠎ᠡ ᠪᠠᠷ ᠪᠠᠶᠢᠭᠤᠯᠬᠤ ᠪᠠ ᠥᠭᠡᠷᠡᠴᠢᠯᠡᠨ ᠳᠡᠭᠡᠭᠰᠢᠯᠡᠭᠦᠯᠵᠦ᠂ ᠰᠠᠶᠢᠮᠡᠬᠡᠢ ᠬᠤᠲᠠ ᠶᠢᠨ ᠵᠢᠱᠢᠶ᠎ᠡ ᠦᠵᠡᠭᠦᠯᠬᠦ ᠪᠦᠲᠦᠭᠡᠨ ᠪᠠᠶᠢᠭᠤᠯᠤᠯᠲᠠ ᠶᠢ | ᠠᠬᠢᠭᠤᠯᠤᠨ᠎ᠠ᠃ ᠬᠤᠳᠠ ᠶᠢᠨ ᠰᠢᠨᠡᠴᠢᠯᠡᠯᠲᠡ ᠶᠢᠨ ᠠᠵᠢᠯᠯᠠᠭ᠎ᠠ ᠶᠢ ᠶᠡᠬᠡᠪᠡᠷ ᠬᠡᠷᠡᠭᠵᠢᠭᠦᠯᠵᠦ᠂ 66 ᠬᠠᠭᠤᠴᠢᠨ ᠵᠢᠵᠢᠭ ᠲᠣᠭᠤᠷᠢᠭ ᠢ ᠥᠭᠡᠷᠡᠴᠢᠯᠡᠨ | ᠰᠠᠶᠢᠵᠢᠷᠠᠭᠤᠯᠵᠤ᠂ ᠬᠤᠳᠠ ᠶᠢᠨ ᠪᠡᠶ᠎ᠡ ᠶᠢᠨ ᠪᠠᠶᠢᠴᠠᠭᠠᠯᠲᠠ ᠶᠢ ᠪᠠᠶᠢᠩᠭᠤᠵᠢᠭᠤᠯᠤᠨ ᠥᠷᠨᠢᠭᠦᠯᠵᠦ᠂ ᠬᠤᠳᠠ ᠶᠢᠨ ᠶᠠᠪᠤᠳᠠᠯ ᠤᠨ ᠵᠠᠮ᠂ ᠬᠠᠭᠤᠴᠢᠨ ᠬᠤᠭᠤᠯᠠᠢ | ᠲᠣᠣᠷ ᠤᠨ ᠥᠭᠡᠷᠡᠴᠢᠯᠡᠯᠲᠡ ᠶᠢ ᠴᠢᠩᠭᠠᠳᠬᠠᠨ᠎ᠠ᠃ ᠪᠠᠲᠤᠯᠠᠭ᠎ᠠ ᠶᠢᠨ ᠴᠢᠨᠠᠷᠲᠠᠢ ᠲᠦᠷᠢᠶᠡᠰᠦᠨ ᠣᠷᠣᠨ ᠰᠠᠭᠤᠴᠠ ᠶᠢᠨ ᠪᠦᠲᠦᠭᠡᠨ ᠪᠠᠶᠢᠭᠤᠯᠤᠯᠲᠠ ᠶᠢ ᠡᠮᠬᠢ | ᠵᠢᠷᠤᠮ ᠲᠠᠢ ᠪᠠᠷ ᠠᠬᠢᠭᠤᠯᠵᠤ᠂ ᠲᠠᠸᠠᠷ ᠤᠨ ᠭᠡᠷ ᠪᠠᠶᠢᠰᠢᠩ ᠤᠨ ᠵᠠᠬ᠎ᠠ ᠳᠡᠯᠭᠡᠭᠦᠷ ᠤᠨ ᠭᠡᠷ ᠪᠠᠶᠢᠰᠢᠩ ᠬᠤᠳᠠᠯᠳᠤᠨ ᠠᠪᠤᠭᠴᠢ ᠶᠢᠨ ᠵᠦᠢ ᠵᠣᠬᠢᠰᠲᠠᠢ ᠣᠷᠣᠨ | ᠰᠠᠭᠤᠴᠠ ᠶᠢᠨ ᠬᠡᠷᠡᠭᠴᠡᠭᠡ ᠶᠢ ᠨᠡᠩ ᠰᠠᠶᠢᠲᠤᠷ ᠬᠠᠩᠭᠠᠬᠤ ᠶᠢ ᠲᠡᠮᠵᠢᠨ᠎ᠡ᠃ ᠬᠤᠳᠠ ᠶᠢᠨ ᠮᠡᠳᠡᠭᠡ ᠵᠠᠩᠭᠢ ᠶᠢᠨ ᠵᠠᠭᠪᠤᠷ ᠤᠨ ᠲᠠᠪᠴᠠᠩ ᠢ ᠪᠠᠶᠢᠭᠤᠯᠵᠤ᠂ ︽ | ᠬᠤᠳᠠ ᠶᠢᠨ ᠲᠠᠷᠢᠬᠢ︾ ᠶᠢ ᠪᠤᠢ ᠪᠣᠯᠭᠠᠵᠤ᠂ ᠨᠠᠷᠢᠯᠢᠭᠵᠢᠭᠰᠠᠨ᠂ ᠣᠶᠤᠨᠴᠢᠯᠠᠭᠰᠠᠨ ᠬᠠᠮᠢᠶᠠᠷᠤᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ᠪᠦᠬᠦ | ᠤᠯᠤᠰ ᠤᠨ ᠪᠣᠯᠪᠠᠰᠤᠨ ᠤ ᠨᠡᠶᠢᠲᠡᠯᠢᠭ ᠬᠤᠳᠠ ᠶᠢ ᠡᠭᠦᠳᠦᠨ ᠪᠠᠶᠢᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠭᠦᠢᠴᠡᠳ ᠭᠦᠴᠣ ᠣᠷᠤᠭᠤᠯᠵᠣ᠂ ᠬᠤᠳᠠ ᠶᠢᠨ | ᠴᠢᠨᠠᠷ ᠲᠡᠰ ᠨᠡᠷᠡᠳᠤ ᠲᠡᠮᠳᠡᠭ ᠢ ᠪᠤᠢ ᠪᠤᠯᠭᠠᠵᠣ᠂ ᠬᠤᠳᠠ ᠶᠢ ᠠᠮᠢᠵᠢᠷᠠᠯ ᠤᠨ ᠬᠦᠴᠦᠨ ᠲᠠᠢ᠂ ᠴᠢᠨᠠᠷ ᠲᠡᠰ ᠲᠠᠢ᠂ ᠥᠩᠭᠡ ᠵᠢᠰᠦ ᠲᠠᠢ᠂ ᠳᠤᠯᠠᠭᠠᠨ ᠰᠡᠷᠡᠯ ᠲᠠᠢ | ᠪᠤᠯᠭᠠᠨ᠎ᠠ︕ | ᠬᠤᠳᠠ ᠬᠥᠳᠡᠭᠡ ᠶᠢᠨ ᠣᠷᠣᠨ ᠪᠦᠰᠡ ᠶᠢᠨ ᠵᠣᠬᠢᠴᠠᠩᠭᠤᠢ ᠬᠥᠭᠵᠢᠯᠲᠡ ᠶᠢ ᠠᠬᠢᠭᠤᠯᠤᠨ᠎ᠠ᠃ ᠬᠤᠲᠠ ᠶᠢᠨ ᠭᠤᠤᠯᠳᠠᠯᠭᠠᠳᠤ ᠲᠣᠭᠤᠷᠢᠭ ᠤᠨ ᠬᠥᠭᠵᠢᠯᠲᠡ ᠶᠢᠨ | ᠴᠢᠳᠠᠪᠤᠷᠢ ᠲᠠᠰ ᠢ ᠳᠡᠭᠡᠭᠰᠢᠯᠡᠭᠦᠯᠵᠦ᠂ ᠳ᠋ᠦᠩᠱᠧᠩ ᠬᠢᠶ᠎ᠡ ᠪᠠᠭᠰᠢ ᠠᠯᠳᠠᠨᠰᠢᠷᠡᠬᠡᠳᠤ ᠶᠢᠨ ᠣᠯᠠᠨ ᠨᠡᠶᠢᠲᠡ ᠶᠢᠨ ᠦᠨᠳᠦᠰᠦᠨ ᠦᠢᠯᠡᠴᠢᠯᠡᠭᠡ ᠶᠢ ᠨᠢᠭᠡ | ᠴᠣᠭᠴᠠᠵᠢᠭᠤᠯᠤᠨ ᠠᠭᠤᠰᠤᠯᠴᠠᠭᠤᠯᠤᠨ ᠬᠥᠭᠵᠢᠭᠦᠯᠬᠦ ᠶᠢ ᠲᠦᠷᠭᠡᠳᠬᠡᠨ᠎ᠡ᠃ ᠬᠤᠰᠢᠭᠤᠨ ᠤ ᠵᠠᠰᠠᠭ ᠤᠨ ᠣᠷᠳᠣᠨ ᠤ ᠪᠠᠶᠢᠭ᠎ᠠ ᠭᠠᠵᠠᠷ ᠤᠨ ᠰᠠᠭᠤᠷᠢ | ᠲᠦᠭᠦᠭᠡᠷᠤᠮᠵᠢ ᠶᠢ ᠲᠡᠭᠦᠯᠳᠡᠷᠵᠢᠭᠦᠯᠵᠦ᠂ ᠬᠥᠮᠥᠨ ᠠᠮᠠ ᠶᠢᠨ ᠲᠥᠪᠯᠡᠷᠡᠯ ᠤᠨ ᠬᠡᠮᠵᠢᠶ᠎ᠡ ᠪᠠ ᠶᠡᠷᠦᠩᠬᠡᠶᠢᠯᠡᠭᠰᠡᠨ ᠳᠠᠭᠠᠭᠠᠴᠠ ᠶᠢ ᠳᠡᠭᠡᠭᠰᠢᠯᠡᠭᠦᠯᠦᠨ᠎ᠡ᠃ ᠣᠨᠴᠠᠯᠢᠭᠲᠤ | ᠵᠢᠵᠢᠭ ᠪᠠᠯᠭᠠᠰᠤ ᠶᠢ ᠪᠠᠶᠢᠭᠤᠯᠬᠤ ᠪᠠᠷᠢᠯᠭ᠎ᠠ ᠶᠢ ᠬᠡᠷᠡᠭᠵᠢᠭᠦᠯᠵᠦ᠂ ᠲᠠᠯ᠎ᠠ ᠨᠤᠲᠤᠭ ᠤᠨ ᠲᠣᠷᠭᠠᠨ ᠵᠠᠮ ᠤᠨ ᠰᠣᠶᠣᠯ ᠤᠨ ᠵᠢᠵᠢᠭ ᠪᠠᠯᠭᠠᠰᠤ᠂ ᠠᠭᠠᠷ ᠤᠨ ᠠᠶᠠᠯᠠᠯ ᠤᠨ | ᠵᠢᠵᠢᠭ ᠪᠠᠯᠭᠠᠰᠤ᠂ ᠵᠡᠭᠦᠨᠭᠠᠷ ᠤᠨ ᠸᠠᠭᠠᠷ ᠱᠠᠭᠠᠵᠠᠩ ᠤᠨ ᠵᠢᠵᠢᠭ ᠪᠠᠯᠭᠠᠰᠤ ᠵᠡᠷᠭᠡ ᠶᠢᠨ ᠬᠥᠭᠵᠢᠯᠲᠡ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ᠤᠷᠳᠤᠰ ︱ | ᠲᠡᠮᠡᠬᠡᠳᠤ ︱ ᠶᠠᠨ ᠠᠨ ᠤ ᠳᠡᠭᠡᠳᠦ ᠬᠤᠷᠳᠤᠴᠠᠳᠤ ᠲᠡᠮᠦᠷ ᠵᠠᠮ ᠤᠨ ᠪᠠᠷᠢᠯᠭ᠎ᠠ ᠶᠢᠨ ᠠᠵᠢᠯ ᠢ ᠡᠬᠢᠯᠡᠭᠦᠯᠦᠨ ᠪᠦᠲᠦᠭᠡᠨ ᠪᠠᠶᠢᠭᠤᠯᠵᠤ᠂ ᠪᠤᠭᠤᠲᠤ ︱ | ᠣᠷᠳᠣᠰ ᠤᠨ ᠳᠡᠭᠡᠳᠦ ᠬᠤᠷᠳᠤᠴᠠᠳᠤ ᠲᠡᠮᠦᠷ ᠵᠠᠮ᠂ ᠬᠥᠬᠡᠬᠤᠲᠠ ︱ ᠣᠷᠳᠣᠰ ᠤᠨ ᠬᠤᠲᠠ ᠶᠢᠨ ᠬᠤᠭᠤᠷᠣᠨᠳᠣᠬᠢ ᠲᠡᠮᠦᠷ ᠵᠠᠮ᠂ ᠬᠥᠬᠡᠬᠤᠲᠠ ︱ ᠣᠷᠳᠣᠰ ᠤᠨ | ᠳᠡᠭᠡᠳᠦ ᠬᠤᠷᠳᠤᠴᠠᠳᠤ ᠵᠠᠰᠠᠮᠠᠯ ᠵᠠᠮ ᠤᠨ ᠡᠮᠦᠨᠡᠬᠢ ᠬᠤᠭᠤᠴᠠᠭᠠᠨ ᠤ ᠠᠵᠢᠯ ᠢ ᠲᠦᠷᠬᠡᠨ ᠢᠶᠠᠷ ᠠᠬᠢᠭᠤᠯᠤᠨ᠎ᠠ᠃ ᠨᠠᠷᠠᠰᠤ ᠠᠴᠠ ᠯᠥᠩ ᠺᠧᠦ ᠬᠦᠷᠬᠦ ᠳᠡᠭᠡᠳᠦ | ᠬᠤᠷᠳᠤᠴᠠᠳᠤ ᠵᠠᠰᠠᠮᠠᠯ ᠵᠠᠮ᠂ ᠮᠧᠩ ᠰᠢ ᠠᠴᠠ ᠴᠢ ᠫᠠᠨ ᠵᠢᠩ ᠬᠦᠷᠬᠦ ᠨᠢᠭᠡᠳᠦᠭᠡᠷ ᠳᠡᠰ ᠤᠨ ᠵᠠᠰᠠᠮᠠᠯ ᠵᠠᠮ ᠤᠨ ᠪᠠᠷᠢᠯᠭ᠎ᠠ ᠶᠢᠨ ᠠᠵᠢᠯ ᠢ ᠡᠬᠢᠯᠡᠭᠦᠯᠦᠨ ᠪᠦᠲᠦᠭᠡᠨ | ᠪᠠᠶᠢᠭᠤᠯᠵᠤ᠂ ᠲᠤᠯᠢ ᠠᠴᠠ ᠨᠠᠩᠰᠤ ᠬᠦᠷᠬᠦ᠂ ᠲᠡᠬᠡᠷᠮᠡ ᠶᠢᠨ ᠰᠢᠯᠢ ᠠᠴᠠ ᠶᠤᠸᠠᠢ ᠵᠢᠶᠠ ᠬᠤᠸ ᠬᠦᠷᠬᠦ ᠨᠢᠭᠡᠳᠦᠭᠡᠷ ᠳᠡᠰ ᠤᠨ ᠵᠠᠰᠠᠮᠠᠯ ᠵᠠᠮ ᠢ ᠪᠠᠶᠢᠭᠤᠯᠤᠨ ᠲᠡᠷᠬᠡ | ᠨᠠᠪᠲᠠᠷᠡᠭᠦᠯᠵᠦ᠂ ᠬᠥᠳᠡᠭᠡ ᠲᠣᠰᠬᠤᠨ ᠤ ᠵᠠᠰᠠᠮᠠᠯ ᠵᠠᠮ ᠢ ᠰᠢᠨ᠎ᠡ ᠪᠠᠷ 300 ᠺᠢᠯᠤᠮᠧᠲᠷ ᠠᠴᠠ ᠲᠡᠭᠡᠭᠰᠢ ᠪᠠᠶᠢᠭᠤᠯᠬᠤ ᠪᠤᠶᠤ ᠥᠭᠡᠷᠡᠴᠢᠯᠡᠨ ᠪᠠᠶᠢᠭᠤᠯᠤᠨ᠎ᠠ᠃ | ᠳᠤᠮᠳᠠᠳᠤ ᠤᠯᠤᠰ ᠤᠨ ᠬᠤᠳᠠᠯᠳᠤᠭᠠᠨ ᠤ ᠨᠢᠰᠬᠡᠯ ᠤᠨ ᠬᠢᠵᠠᠭᠠᠷᠳᠤ ᠬᠠᠷᠢᠭᠤᠴᠠᠯᠭᠠᠳᠤ ᠺᠤᠮᠫᠠᠨᠢ ᠯᠤᠭ᠎ᠠ ᠶᠢᠨ ︽ᠳᠥᠷᠪᠡᠨ ᠲᠥᠪ ᠨᠢᠭᠡ ᠳᠡᠭᠡᠳᠦ ᠰᠤᠷᠭᠠᠭᠤᠯᠢ︾ | ᠶᠢᠨ ᠪᠦᠲᠦᠭᠡᠨ ᠪᠠᠶᠢᠭᠤᠯᠤᠯᠲᠠ ᠶᠢ ᠢᠳᠡᠪᠬᠢᠲᠡᠢ ᠠᠬᠢᠭᠤᠯᠵᠤ᠂ ᠬᠠᠩᠭᠢᠨ ᠬᠤᠰᠢᠭᠤᠨ ᠤ ᠨᠡᠶᠢᠳᠡᠮ ᠬᠡᠷᠡᠭᠯᠡᠭᠡᠨ ᠤ ᠨᠢᠰᠬᠡᠯ ᠤᠨ ᠪᠠᠭᠤᠳᠠᠯ ᠤᠨ ᠪᠦᠲᠦᠭᠡᠨ | ᠪᠠᠶᠢᠭᠤᠯᠤᠯᠲᠠ ᠶᠢ ᠡᠬᠢᠯᠡᠭᠦᠯᠵᠦ᠂ ᠣᠲᠤᠭ ᠬᠤᠰᠢᠭᠤ᠂ ᠦᠦᠰᠢᠨ ᠬᠤᠰᠢᠭᠤᠨ ᠤ ᠨᠡᠶᠢᠳᠡᠮ ᠬᠡᠷᠡᠭᠯᠡᠭᠡᠨ ᠤ ᠨᠢᠰᠬᠡᠯ ᠤᠨ ᠪᠠᠭᠤᠳᠠᠯ ᠢ ᠪᠠᠶᠢᠭᠤᠯᠵᠤ ᠲᠠᠭᠤᠰᠬᠠᠨ᠎ᠠ᠃ | ︵ᠵᠢᠷᠭᠤᠭ᠎ᠠ︶ ᠥᠭᠡᠷᠡᠴᠢᠯᠡᠯᠲᠡ ᠨᠡᠭᠡᠭᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠵᠠᠬ᠎ᠠ ᠳᠡᠯᠭᠡᠭᠦᠷ ᠤᠨ ᠠᠮᠢᠵᠢᠷᠠᠯ ᠤᠨ ᠬᠦᠴᠦᠨ ᠪᠠ ᠬᠥᠭᠵᠢᠯᠲᠡ ᠶᠢᠨ | ᠬᠦᠳᠡᠯᠬᠡᠬᠦ ᠬᠦᠴᠦᠨ ᠢ ᠭᠦᠢᠴᠡᠳ ᠬᠥᠭᠵᠢᠭᠡᠨ᠎ᠡ᠃ | ᠬᠤᠳᠠᠯᠳᠤᠭ᠎ᠠ ᠡᠵᠡᠩᠨᠡᠬᠦ ᠣᠷᠴᠢᠨ ᠲᠤᠭᠤᠷᠢᠨ ᠢ ᠨᠠᠩ ᠶᠡᠭᠡ ᠬᠦᠴᠦ ᠣᠷᠣᠭᠤᠯᠵᠤ ᠰᠢᠯᠢᠳᠡᠭᠵᠢᠭᠦᠯᠦᠨ᠎ᠡ᠃ ᠬᠠᠮᠤᠭ ᠤᠨ ᠬᠦᠴᠢᠷᠲᠡᠢ ᠭᠠᠵᠠᠷ ᠠᠴᠠ ᠭᠠᠷᠳᠠᠵᠣ᠂ | ᠬᠠᠮᠤᠭ ᠤᠨ ᠥᠨᠳᠥᠷ ᠪᠠᠷᠢᠮᠵᠢᠶ᠎ᠠ ᠲᠠᠢ ᠵᠡᠷᠬᠡᠴᠡᠭᠦᠯᠵᠣ᠂ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠪᠦᠬᠦ ᠬᠦᠴᠦᠨ ᠢᠶᠠᠷ ᠢᠶᠠᠨ ᠰᠢᠯᠢᠳᠡᠭᠵᠢᠭᠦᠯᠦᠨ᠎ᠡ᠃ ︽ | ᠲᠠᠯᠪᠢᠵᠣ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠬᠠᠷᠢᠴᠠᠩᠭᠤᠢ ᠪᠠᠷ ᠲᠥᠪᠯᠡᠷᠡᠭᠰᠡᠨ ᠵᠠᠰᠠᠭ ᠵᠠᠬᠢᠷᠭᠠᠨ ᠤ ᠵᠥᠪᠰᠢᠶᠡᠷᠡᠯ ᠤᠨ | ᠡᠷᠬᠡ ᠶᠢᠨ ᠥᠭᠡᠷᠡᠴᠢᠯᠡᠯᠲᠡ ᠶᠢ ᠠᠬᠢᠭᠤᠯᠤᠨ᠂ ︽ᠨᠢᠭᠡ ᠲᠠᠮᠠᠭ᠎ᠠ ᠪᠠᠷ ᠬᠢᠨᠠᠨ ᠵᠥᠪᠰᠢᠶᠡᠷᠡᠬᠦ ᠶᠢ ᠬᠠᠮᠢᠶᠠᠷᠬᠤ︾ ᠶᠢ ᠲᠦᠷᠬᠡᠨ ᠢᠶᠠᠷ ᠪᠡᠶᠡᠯᠡᠭᠦᠯᠵᠦ᠂ ᠬᠦᠷᠢᠶᠡᠯᠡᠩ | ᠲᠣᠭᠤᠷᠢᠭ ᠤᠨ ᠣᠷᠣᠨ ᠪᠦᠰᠡ ᠶᠢᠨ ᠦᠨᠡᠯᠡᠨ ᠵᠢᠱᠢᠯᠲᠡ ᠶᠢ ᠪᠥᠬᠦ ᠲᠠᠯ᠎ᠠ ᠪᠠᠷ ᠪᠡᠶᠡᠯᠡᠭᠦᠯᠦᠨ᠎ᠡ᠃ ︽ᠦᠨᠡᠮᠯᠡᠯ ᠪᠠ ᠭᠡᠷᠡᠴᠢ ᠶᠢ ᠰᠠᠯᠭᠠᠬᠤ︾ ᠥᠭᠡᠷᠡᠴᠢᠯᠡᠯᠲᠡ ᠶᠢ | ᠭᠦᠨᠵᠡᠭᠡᠶᠢᠷᠡᠭᠦᠯᠵᠦ᠂ ᠠᠵᠤ ᠠᠬᠤᠶᠢᠯᠠᠯ ᠳᠤ ᠬᠤᠯᠪᠣᠭᠳᠠᠭᠰᠠᠨ ᠦᠨᠡᠮᠯᠡᠯ ᠪᠠ ᠭᠡᠷᠡᠴᠢ ᠶᠢ ᠡᠯᠧᠺᠲᠷᠤᠨᠴᠢᠯᠠᠬᠤ ᠶᠢ ᠪᠡᠶᠡᠯᠡᠭᠦᠯᠬᠦ ᠶᠢ ᠠᠬᠢᠭᠤᠯᠵᠤ᠂ ᠦᠯᠦ ᠬᠥᠳᠡᠯᠬᠦ | ᠬᠥᠷᠥᠩᠭᠡ ᠶᠢ ᠳᠠᠩᠰᠠᠯᠠᠬᠤ ᠳᠤ ︽ᠭᠡᠷ ᠪᠠᠶᠢᠰᠢᠩ ᠢ ᠲᠤᠰᠢᠶᠠᠪᠠᠯ ᠳᠠᠷᠤᠢ ᠦᠨᠡᠮᠯᠡᠯ ᠢ ᠭᠠᠷᠳᠠᠭᠤᠯᠬᠤ︾ ᠲᠤᠷᠰᠢᠯᠲᠠ ᠶᠢᠨ ᠴᠡᠭ ᠤᠨ ᠠᠵᠢᠯ ᠢ ᠥᠷᠨᠢᠭᠦᠯᠵᠦ᠂ | ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠤᠬᠤᠷᠢᠨ ᠭᠠᠷᠭᠠᠬᠤ ᠲᠣᠭᠲᠠᠴᠠ ᠶᠢ ᠲᠡᠭᠦᠯᠳᠡᠷᠵᠢᠭᠦᠯᠦᠨ᠎ᠡ᠃ ︽ᠳᠥᠷᠪᠡ ᠶᠢ ᠭᠦᠢᠴᠡᠳᠬᠡᠬᠦ︾ ᠥᠭᠡᠷᠡᠴᠢᠯᠡᠯᠲᠡ ᠶᠢ | ᠭᠦᠨᠵᠡᠭᠡᠶᠢᠷᠡᠭᠦᠯᠵᠦ᠂ 10 ᠵᠦᠢᠯ ᠤᠨ ᠭᠦᠢᠴᠡᠳᠬᠡᠬᠦ ᠳᠠᠪᠲᠠᠮᠵᠢ ᠪᠠᠷ ᠦᠨᠳᠦᠷ ︽ᠨᠢᠭᠡ ᠶᠠᠪᠤᠳᠠᠯ ᠢ ᠨᠢᠭᠡ ᠯᠡ ᠤᠳᠠᠭ᠎ᠠ ᠳᠤ ᠭᠦᠢᠴᠡᠳᠬᠡᠬᠦ︾ ᠵᠦᠢᠯᠡᠰ ᠢ | ᠨᠠᠶᠢᠳᠠᠪᠤᠷᠢᠵᠢᠭᠤᠯᠤᠨ ᠬᠡᠷᠡᠭᠵᠢᠭᠦᠯᠬᠦ ᠶᠢ ᠠᠬᠢᠭᠤᠯᠵᠤ᠂ 70% ᠠᠴᠠ ᠳᠡᠭᠡᠭᠰᠢᠬᠢ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠢ ︽ᠨᠢᠭᠡ ᠰᠦᠯᠵᠢᠶ᠎ᠡ ᠪᠠᠷ | ᠨᠡᠶᠢᠳᠡᠮ ᠭᠦᠢᠴᠡᠳᠬᠡᠬᠦ︾ ᠶᠢ ᠪᠡᠶᠡᠯᠡᠭᠦᠯᠦᠨ᠎ᠡ᠃ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠲᠤᠷᠤᠭᠰᠢ ᠪᠠᠭᠤᠯᠭᠠᠭᠰᠠᠨ ᠡᠷᠬᠡ ᠶᠢᠨ ᠵᠦᠢᠯᠡᠰ ᠢ ᠬᠦᠯᠢᠶᠡᠨ | ᠠᠪᠬᠤ ᠠᠵᠢᠯ ᠢ ᠰᠠᠶᠢᠲᠤᠷ ᠬᠢᠵᠦ᠂ ᠭᠥᠯᠢᠶᠡᠨ ᠠᠪᠴᠤ ᠳᠡᠶᠢᠯᠬᠦ᠂ ᠨᠠᠶᠢᠳᠠᠪᠤᠷᠢᠵᠢᠭᠤᠯᠵᠤ ᠳᠡᠶᠢᠯᠬᠦ᠂ ᠪᠣᠳᠠᠲᠤ ᠦᠷ᠎ᠡ ᠪᠦᠲᠦᠮᠵᠢ ᠲᠠᠢ ᠪᠠᠶᠢᠬᠤ ᠶᠢ ᠦᠨᠡᠨᠬᠦ | ᠪᠠᠳᠤᠯᠠᠨ᠎ᠠ᠃ 12345 ᠬᠠᠯᠠᠮᠰᠢᠯ ᠤᠳᠠᠰᠤ ᠪᠠᠷ ᠲᠤᠰᠬᠠᠭᠰᠠᠨ ᠤᠴᠢᠷ ᠶᠠᠪᠤᠳᠠᠯ ᠢ ᠰᠢᠢᠳᠪᠦᠷᠢᠯᠡᠬᠦ ᠴᠤᠪᠤᠷᠠᠯ ᠢ ᠰᠢᠯᠢᠳᠡᠭᠵᠢᠭᠦᠯᠵᠦ᠂ ︽ᠨᠢᠭᠡ ᠨᠤᠮᠧᠷ ᠢᠶᠠᠷ | ᠬᠦᠯᠢᠶᠡᠨ ᠠᠪᠴᠣ ᠰᠢᠢᠳᠪᠦᠷᠢᠯᠡᠬᠦ︾ ᠶᠢ ᠪᠡᠶᠡᠯᠡᠭᠦᠯᠦᠨ᠂ ︽ᠵᠠᠭᠠᠯᠳᠤᠯᠭ᠎ᠠ ᠶᠢ ᠭᠥᠯᠢᠶᠡᠨ ᠠᠪᠤᠪᠠᠯ ᠳᠠᠷᠤᠢ ᠰᠢᠢᠳᠪᠦᠷᠢᠯᠡᠬᠦ︾ ᠶᠢ ᠪᠦᠬᠦ ᠲᠠᠯ᠎ᠠ ᠪᠠᠷ ᠥᠷᠨᠢᠭᠦᠯᠵᠦ᠂ | ᠵᠠᠰᠠᠭ ᠤᠨ ᠶᠠᠪᠤᠳᠠᠯ ᠤᠨ ᠬᠢᠴᠢᠶᠡᠩᠭᠦᠢ ᠰᠠᠶᠢᠬᠠᠨ ᠣᠶᠢᠯᠡᠴᠢᠯᠡᠭᠡ ᠪᠠᠷ ᠠᠵᠤ ᠠᠬᠤᠶᠢᠯᠠᠯ ᠢ ᠨᠡᠩ ᠲᠠᠶᠢᠪᠤᠰᠢᠷᠠᠭᠤᠯᠤᠨ ᠬᠦᠭᠵᠢᠭᠦᠯᠵᠣ᠂ ᠠᠷᠠᠳ ᠲᠦᠮᠡᠨ ᠢ ᠰᠡᠳᠬᠢᠯ | ᠰᠠᠨᠠᠭ᠎ᠠ ᠠᠮᠦᠷ ᠲᠠᠶᠢᠪᠣᠩ ᠢᠶᠠᠷ ᠣᠴᠢᠷ ᠶᠠᠪᠣᠳᠠᠯ ᠢ ᠭᠦᠢᠴᠡᠳᠬᠡᠯᠬᠡᠨᠡ᠃ | ᠭᠤᠣᠯᠳᠠᠯᠭ᠎ᠠ ᠲᠠᠢ ᠬᠦᠷᠢᠶᠡᠨ ᠳᠠᠬᠢ ᠥᠭᠡᠷᠡᠴᠢᠯᠡᠯᠲᠡ ᠶᠢ ᠯᠠᠪᠳᠠᠭᠤᠨ ᠪᠠᠲᠤᠲᠠᠢ ᠠᠬᠢᠭᠤᠯᠤᠨ᠎ᠠ᠃ ᠡᠳ᠋ ᠤᠨ ᠵᠠᠰᠠᠭ ᠤᠨ ᠬᠠᠮᠢᠶᠠᠷᠤᠯᠲᠠ ᠶᠢᠨ | ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠴᠢᠬᠤᠯᠠ ᠶᠡᠭᠡ ᠪᠠᠶᠢᠯᠳᠤᠬᠤ ᠪᠣᠳᠣᠯᠭ᠎ᠠ ᠶᠢᠨ ᠡᠭᠦᠷᠭᠡ ᠪᠠ ᠭᠤᠣᠯᠳᠠᠯᠭ᠎ᠠ ᠲᠠᠢ ᠲᠦᠷᠦᠯ ᠵᠣᠶᠢᠯ ᠤᠨ ᠪᠠᠲᠤᠯᠠᠭ᠎ᠠ ᠶᠢ | ᠴᠢᠩᠭᠠᠳᠬᠠᠨ᠎ᠠ᠃ ︽ᠴᠢᠬᠤᠯᠠ ᠬᠦᠴᠦᠨ ᠵᠦᠢᠯ ᠨᠢ ᠲᠥᠷᠥᠯ ᠵᠦᠢᠯ ᠢ ᠳᠠᠭᠠᠵᠤ ᠶᠠᠪᠤᠬᠤ︾ ᠥᠭᠡᠷᠡᠴᠢᠯᠡᠯᠲᠡ ᠶᠢ ᠠᠬᠢᠭᠤᠯᠵᠤ᠂ ᠪᠦᠲᠦᠭᠡᠨ ᠪᠠᠶᠢᠭᠤᠯᠤᠯᠲᠠ ᠳᠤ | ᠬᠡᠷᠡᠭᠯᠡᠬᠦ ᠭᠠᠵᠠᠷ ᠰᠢᠷᠣᠢ ᠶᠢᠨ ︽ᠨᠡᠮᠡᠭᠳᠡᠭᠦᠯᠬᠦ ᠪᠠ ᠬᠠᠳᠠᠭᠠᠯᠠᠭᠳᠠᠴᠠ ᠶᠢ ᠬᠤᠯᠪᠤᠭᠳᠠᠭᠤᠯᠬᠤ︾ ᠲᠣᠭᠲᠠᠴᠠ ᠶᠢ ᠨᠠᠶᠢᠳᠠᠪᠤᠷᠢᠵᠢᠭᠤᠯᠤᠨ᠂ ᠬᠢᠨᠠᠨ ᠵᠦᠪᠰᠢᠶᠡᠷᠡᠬᠡᠳ | ᠬᠠᠩᠭᠠᠭᠠᠳᠤᠢ ᠪᠠ ᠰᠤᠯᠠ ᠪᠠᠶᠢᠭ᠎ᠠ ᠭᠠᠵᠠᠷ ᠰᠢᠷᠣᠢ ᠶᠢ ᠰᠢᠢᠳᠪᠦᠷᠢᠯᠡᠬᠦ ᠡᠷᠴᠢᠮ ᠢ ᠴᠢᠩᠭᠠᠷᠠᠭᠤᠯᠤᠨ᠎ᠠ᠃ ᠴᠠᠬᠢᠯᠭᠠᠨ ᠤ ᠦᠨ᠎ᠡ ᠶᠢ ᠵᠠᠬ᠎ᠠ ᠳᠡᠯᠭᠡᠭᠦᠷᠴᠢᠯᠡᠬᠦ | ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠠᠷᠠᠯᠵᠢᠶᠠᠯᠠᠬᠤ ᠴᠠᠬᠢᠯᠭᠠᠨ ᠤ ᠦᠨ᠎ᠡ ᠶᠢᠨ ᠬᠥᠳᠡᠯᠦᠩᠭᠦᠢ ᠲᠣᠭᠲᠠᠴᠠ ᠶᠢ ᠨᠠᠶᠢᠳᠠᠪᠦᠷᠢᠵᠢᠭᠤᠯᠤᠨ᠎ᠠ᠃ ᠭᠠᠵᠠᠷ ᠰᠢᠷᠣᠢ | ᠨᠤᠲᠤᠭ ᠪᠡᠯᠴᠢᠭᠡᠷ ᠤᠨ ︽ᠭᠤᠷᠪᠠᠨ ᠡᠷᠬᠡ ᠶᠢ ᠰᠠᠯᠭᠠᠬᠤ︾ ᠶᠢ ᠯᠠᠪᠳᠠᠭᠤᠨ ᠢᠶᠠᠷ ᠠᠬᠢᠭᠤᠯᠵᠤ᠂ ᠬᠥᠳᠡᠭᠡ ᠲᠣᠰᠬᠤᠨ ᠤ ᠦᠯᠦ ᠬᠥᠳᠡᠯᠬᠦ ᠬᠥᠷᠥᠩᠭᠡ ᠶᠢᠨ ︽ | ᠭᠤᠷᠪᠠᠨ ᠡᠷᠬᠡ︾ ᠶᠢᠨ ᠳᠠᠩᠰᠠᠯᠠᠯᠲᠠ ᠶᠢ ᠲᠤᠷᠤᠭᠰᠢ ᠰᠢᠶᠠᠩ ᠪᠠᠯᠭᠠᠰᠤᠨ ᠳᠤ ᠪᠠᠭᠤᠯᠭᠠᠨ ᠭᠦᠢᠴᠡᠳᠬᠡᠬᠦ ᠲᠤᠷᠰᠢᠯᠲᠠ ᠶᠢᠨ ᠴᠡᠭ ᠤᠨ ᠠᠵᠢᠯ ᠢ ᠥᠷᠨᠢᠭᠦᠯᠦᠨ᠎ᠡ᠃ | ᠭᠠᠳᠠᠭᠰᠢ ᠨᠡᠬᠡᠬᠡᠯᠳᠡ ᠬᠢᠬᠦ ᠬᠢᠷᠢ ᠲᠦᠪᠰᠢᠨ ᠢᠶᠠᠨ ᠳᠡᠭᠡᠭᠰᠢᠯᠡᠭᠦᠯᠦᠨ᠎ᠡ᠃ ︽ᠨᠢᠭᠡ ᠪᠦᠰᠡ ᠨᠢᠭᠡ ᠵᠠᠮ︾ ᠢ ᠬᠠᠮᠳᠤ ᠪᠠᠷ ᠪᠠᠶᠢᠭᠤᠯᠬᠤ ᠳᠤ ᠢᠳᠡᠪᠬᠢᠲᠡᠢ | ᠠᠭᠤᠰᠤᠯᠴᠠᠵᠤ᠂ ᠶᠡᠷᠦᠩᠬᠡᠶᠢᠯᠡᠭᠰᠡᠨ ᠭᠠᠶᠢᠯᠢ ᠪᠠᠲᠤᠯᠠᠬᠤ ᠣᠷᠣᠨ ᠤ ᠰᠠᠭᠤᠷᠢ ᠲᠥᠬᠦᠷᠵᠢᠭᠦᠯᠦᠯᠲᠡ ᠶᠢ ᠴᠢᠩᠭᠠᠷᠠᠭᠤᠯᠤᠨ᠂ ᠲᠤᠨᠤᠭᠯᠠᠯ ᠦᠶᠯᠡᠳᠬᠦ᠂ ᠢᠮᠠᠭᠠᠨ | ᠨᠣᠯᠤᠥᠷ ᠤᠨ ᠪᠦᠲᠦᠭᠡᠭᠳᠡᠬᠦᠨ ᠤ ᠤᠯᠤᠰ ᠤᠨ ᠲᠠᠰ ᠤᠨ ᠭᠠᠳᠠᠭᠠᠳᠤ ᠠᠷᠠᠯᠵᠢᠶ᠎ᠠ ᠶᠢᠨ ᠬᠡᠯᠪᠡᠷᠢ ᠪᠠᠨ ᠬᠤᠪᠢᠷᠠᠭᠤᠯᠤᠨ ᠲᠠᠰ ᠲᠡᠪᠰᠢᠭᠦᠯᠬᠦ ᠰᠠᠭᠤᠷᠢᠨ ᠭᠠᠵᠠᠷ ᠢ | ᠪᠤᠵᠠᠭᠠᠶᠢᠷᠠᠭᠤᠯᠤᠨ ᠬᠦᠴᠦᠷᠬᠡᠭᠵᠢᠭᠦᠯᠵᠦ᠂ ᠤᠯᠤᠰ ᠤᠨ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠶᠡᠷᠦᠩᠬᠡᠶᠢᠯᠡᠭᠰᠡᠨ ᠲᠤᠷᠰᠢᠯᠲᠠ ᠶᠢᠨ ᠣᠷᠣᠨ ᠢ | ᠪᠤᠳᠠᠳᠠᠶᠢᠵᠢᠭᠤᠯᠵᠤ᠂ ︽ᠣᠷᠳᠣᠰ ︱ ᠲᠧᠾᠷᠠᠨ︾ ᠬᠦᠷᠬᠦ ᠡᠬᠡᠯᠵᠢ ᠶᠢᠨ ᠭᠠᠯᠲᠤ ᠲᠡᠷᠭᠡ ᠶᠢ ᠰᠢᠨ᠎ᠡ ᠪᠠᠷ ᠨᠡᠪᠲᠡᠷᠡᠭᠦᠯᠵᠣ᠂ ᠣᠨᠴᠠᠯᠢᠭᠲᠤ ᠪᠦᠲᠦᠭᠡᠭᠳᠡᠬᠦᠨ ᠢ | ᠭᠠᠳᠠᠭᠠᠳᠤ ᠳᠤ ᠭᠠᠷᠭᠠᠨ ᠦᠷᠢᠰᠦᠯᠳᠦᠬᠦ ᠳᠠᠪᠠᠭᠤᠯᠢᠭ ᠢ ᠴᠢᠩᠭᠠᠷᠠᠭᠤᠯᠤᠨ᠎ᠠ᠃ ᠣᠷᠣᠨ ᠪᠦᠰᠡ ᠶᠢᠨ ᠬᠠᠮᠵᠢᠯᠴᠠᠨ ᠬᠦᠭᠵᠢᠬᠦ ᠶᠢ ᠭᠦᠨᠵᠡᠭᠡᠶᠢᠷᠡᠭᠦᠯᠵᠦ᠂ ᠵᠥᠪᠯᠡᠨ | ᠲᠣᠭᠲᠠᠭᠠᠭᠰᠠᠨ ᠵᠦᠢᠯᠡᠰ ᠢ ᠰᠠᠶᠢᠲᠤᠷ ᠨᠠᠶᠢᠳᠠᠪᠤᠷᠢᠵᠢᠭᠤᠯᠵᠤ᠂ ᠬᠠᠮᠲᠤᠷᠠᠯᠴᠠᠭᠠᠨ ᠤ ᠵᠦᠢᠯᠡᠰ ᠢ ᠰᠠᠶᠢᠲᠤᠷ ᠲᠥᠯᠥᠪᠯᠡᠨ᠂ ᠠᠵᠤ ᠦᠢᠯᠡᠰ ᠤᠨ ᠰᠢᠯᠵᠢᠯᠲᠡ ᠶᠢ | ᠰᠠᠶᠢᠲᠤᠷ ᠭᠥᠯᠢᠶᠡᠨ ᠠᠪᠴᠤ᠂ ᠬᠠᠮᠲᠤᠷᠠᠨ ᠠᠵᠢᠯᠯᠠᠵᠤ ᠬᠠᠮᠲᠤ ᠪᠠᠷ ᠠᠰᠢᠭ ᠬᠦᠷᠲᠡᠬᠦ ᠰᠢᠨ᠎ᠡ ᠪᠠᠶᠢᠳᠠᠯ ᠢ ᠲᠠᠰᠤᠷᠠᠯᠳᠠ ᠦᠬᠡᠢ ᠪᠤᠢ ᠪᠤᠯᠭᠠᠨ᠎ᠠ᠃ | ︵ᠳᠣᠯᠤᠭ᠎ᠠ︶ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠲᠤ ᠪᠠᠬᠢ ᠪᠣᠶ ᠪᠣᠯᠭᠠᠵᠤ᠂ ᠠᠷᠠᠳ ᠤᠨ ᠠᠮᠢᠳᠤᠷᠠᠯ ᠢ | ᠦᠨᠡᠨᠬᠦ ᠪᠠᠲᠤᠯᠠᠨ ᠰᠠᠶᠢᠵᠢᠷᠠᠭᠤᠯᠤᠨ᠎ᠠ᠃ ᠠᠷᠠᠳ ᠲᠦᠮᠡᠨ ᠪᠣᠯ ᠳᠠᠷᠤᠢ ᠲᠦᠷᠦ ᠭᠦᠷᠦᠨ᠂ ᠲᠦᠷᠦ ᠭᠦᠷᠦᠨ ᠪᠣᠯ ᠳᠠᠷᠤᠢ ᠠᠷᠠᠳ ᠲᠦᠮᠡᠨ ᠮᠥᠨ᠃ ᠬᠠᠮᠳᠤ ᠪᠠᠷ | ᠴᠢᠨᠡᠭᠡᠯᠢᠭᠵᠢᠬᠦ ᠶᠢ ᠯᠠᠪᠳᠠᠭᠤᠨ ᠪᠠᠲᠤᠲᠠᠢ ᠠᠬᠢᠭᠤᠯᠵᠤ᠂ ᠣᠷᠳᠣᠰ ᠲᠤ ᠠᠮᠢᠳᠤᠷᠠᠵᠤ ᠪᠠᠶᠢᠭ᠎ᠠ ᠬᠥᠮᠥᠰ ᠢ ᠨᠡᠩ ᠬᠠᠯᠠᠭᠤᠨ ᠳᠤᠯᠠᠭᠠᠨ ᠲᠦᠷᠦᠭᠳᠡᠯ ᠲᠠᠢ᠂ ᠨᠡᠷ᠎ᠡ | ᠬᠦᠨᠳᠦ ᠲᠠᠢ᠂ ᠠᠵᠢᠯ ᠦᠢᠯᠡᠰ ᠲᠠᠢ᠂ ᠬᠦᠰᠡᠯ ᠡᠷᠡᠮᠡᠯᠵᠡᠯ ᠲᠠᠢ ᠪᠤᠯᠭᠠᠨ᠎ᠠ᠃ | ᠨᠡᠩ ᠴᠢᠨᠠᠷ ᠰᠠᠶᠢᠲᠠᠢ ᠠᠵᠢᠯ ᠣᠯᠭᠤᠯᠲᠠ ᠶᠢ ᠠᠬᠢᠭᠤᠯᠤᠨ᠎ᠠ᠃ ᠠᠵᠢᠯ ᠣᠯᠭᠤᠯᠲᠠ ᠶᠢ ᠲᠡᠷᠢᠭᠦᠨ ᠳᠤ ᠲᠠᠯᠪᠢᠬᠤ ᠤᠳᠤᠷᠢᠳᠤᠮᠵᠢ ᠶᠢ ᠴᠢᠩᠭᠠᠳᠬᠠᠵᠤ᠂ ᠳᠡᠭᠡᠳᠦ | ᠰᠤᠷᠭᠠᠭᠤᠯᠢ ᠲᠡᠭᠦᠰᠦᠭᠰᠡᠳ᠂ ᠬᠥᠯᠥᠰᠦᠨ ᠠᠵᠢᠯᠴᠢᠨ᠂ ᠴᠡᠷᠢᠭ ᠤᠨ ᠠᠯᠪᠠᠨ ᠠᠴᠠ ᠪᠠᠭᠤᠭᠰᠠᠳ ᠵᠡᠷᠭᠡ ᠭᠤᠣᠯᠳᠠᠯᠭ᠎ᠠ ᠲᠠᠢ ᠬᠦᠮᠦᠰ ᠤᠨ ᠠᠵᠢᠯ ᠤᠯᠭᠤᠯᠳᠠ ᠶᠢ | ᠲᠦᠷᠦᠯ ᠬᠤᠪᠢᠶᠠᠨ ᠪᠠᠲᠤᠯᠠᠨ᠎ᠠ᠃ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠶᠡᠭᠡ ᠬᠡᠪᠴᠢᠶᠡᠨ ᠤ ᠪᠣᠯᠪᠠᠰᠤᠷᠠᠭᠤᠯᠤᠯ ᠢ ᠥᠷᠨᠢᠭᠦᠯᠵᠦ᠂ ᠪᠦᠬᠦ ᠬᠡᠯᠬᠢᠶᠡᠨ ᠤ | ᠠᠳᠠᠯ ᠦᠢᠯᠡᠰ ᠴᠣᠭᠴᠠᠯᠠᠬᠤ ᠶᠢ ᠲᠡᠳᠬᠦᠨ ᠳᠡᠮᠵᠢᠬᠦ ᠲᠦᠷᠦ ᠶᠢᠨ ᠪᠣᠳᠣᠯᠭ᠎ᠠ ᠶᠢ ᠲᠡᠭᠦᠯᠳᠡᠷᠵᠢᠭᠦᠯᠵᠦ᠂ ᠬᠤᠳᠠ ᠪᠠᠯᠭᠠᠰᠤᠨ ᠤ 1.7 ᠲᠦᠮᠡ ᠠᠴᠠ ᠳᠡᠭᠡᠭᠰᠢ | ᠬᠥᠮᠥᠨ ᠳᠤ ᠰᠢᠨ᠎ᠡ ᠪᠠᠷ ᠠᠵᠢᠯ ᠤᠯᠭᠤᠨ᠎ᠠ᠃ ᠬᠥᠯᠥᠰᠦᠨ ᠠᠵᠢᠯᠴᠢᠨ ᠤ ᠴᠠᠯᠢᠩ ᠢ ᠥᠭᠬᠦ ᠪᠠᠲᠤᠯᠠᠭ᠎ᠠ ᠶᠢ ᠴᠢᠩᠭᠠᠳᠬᠠᠵᠤ᠂ ᠠᠴᠢᠶᠠᠨ ᠤ ᠮᠠᠰᠢᠨ ᠲᠡᠷᠬᠡᠨ ᠤ | ᠵᠢᠯᠣᠭᠤᠴᠢ᠂ ᠲᠦᠷᠭᠡᠨ ᠬᠦᠷᠭᠡᠭᠴᠢ᠂ ᠭᠠᠳᠠᠭᠰᠢ ᠬᠤᠭᠤᠯᠠ ᠬᠦᠷᠭᠡᠭᠴᠢ ᠵᠡᠷᠭᠡ ᠬᠦᠮᠦᠰ ᠤᠨ ᠬᠠᠤᠯᠢ ᠶᠣᠰᠣᠨ ᠤ ᠡᠷᠬᠡ ᠠᠰᠢᠭ ᠢ ᠰᠠᠶᠢᠲᠤᠷ ᠬᠠᠮᠠᠭᠠᠯᠠᠨ᠎ᠠ᠃ | ᠠᠷᠠᠳ ᠲᠦᠮᠡᠨ ᠤ ᠰᠠᠨᠠᠭᠠᠨ ᠳᠤ ᠨᠡᠶᠢᠴᠡᠭᠰᠡᠨ ᠰᠤᠷᠭᠠᠨ ᠬᠥᠮᠦᠵᠢᠯ ᠢ ᠰᠠᠶᠢᠲᠤᠷ ᠡᠷᠬᠢᠯᠡᠨ᠎ᠠ᠃ ᠳᠤᠮᠳᠠᠳᠤ ᠪᠠᠭ᠎ᠠ ᠰᠤᠷᠭᠠᠭᠤᠯᠢ᠂ ᠬᠡᠦᠬᠡᠳ ᠤᠨ ᠴᠡᠴᠡᠷᠯᠢᠭ ᠢ | ᠰᠢᠨ᠎ᠡ ᠪᠠᠷ 27 ᠪᠠᠶᠢᠭᠤᠯᠬᠤ ᠪᠤᠶᠤ ᠥᠭᠡᠷᠡᠴᠢᠯᠡᠵᠦ ᠥᠷᠭᠡᠳᠬᠡᠨ ᠪᠠᠶᠢᠭᠤᠯᠵᠤ᠂ ᠰᠤᠷᠤᠯᠭ᠎ᠠ ᠶᠢᠨ ᠤᠷᠤ ᠶᠢ ᠰᠢᠨ᠎ᠡ ᠪᠠᠷ 8200 ᠨᠡᠮᠡᠭᠳᠡᠭᠦᠯᠦᠨ᠎ᠡ᠃ ︽ᠬᠤᠶᠠᠷ ᠢ | ᠬᠦᠩᠬᠡᠷᠡᠭᠦᠯᠬᠦ︾ ᠦᠷ᠎ᠡ ᠪᠦᠲᠦᠭᠡᠯ ᠢ ᠪᠠᠬᠢᠵᠢᠭᠦᠯᠦᠨ ᠳᠡᠭᠡᠭᠰᠢᠯᠡᠭᠦᠯᠵᠦ᠂ ᠬᠢᠴᠢᠶᠡᠯ ᠤᠨ ᠲᠠᠩᠬᠢᠮ ᠤᠨ ᠵᠢᠭᠠᠨ ᠰᠤᠷᠭᠠᠯᠲᠠ ᠪᠠ ᠬᠢᠴᠢᠶᠡᠯ ᠤᠨ ᠳᠠᠷᠠᠭᠠᠬᠢ | ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠦᠨ᠂ ᠣᠨᠴᠠ ᠴᠢᠳᠠᠪᠤᠷᠢ ᠶᠢᠨ ᠪᠣᠯᠪᠠᠰᠤᠷᠠᠭᠤᠯᠤᠯ᠂ ᠥᠪᠡᠷᠮᠢᠴᠡ ᠴᠢᠨᠠᠷ ᠤᠨ ᠬᠦᠮᠦᠵᠢᠯ ᠢ ᠴᠢᠩᠭᠠᠳᠬᠠᠵᠤ᠂ | ᠬᠡᠦᠬᠡᠳ ᠪᠤᠯᠭᠠᠨ ᠳᠤ ᠥᠪᠡᠷ ᠤᠨ ᠪᠡᠶ᠎ᠡ ᠳᠤᠨᠢ ᠵᠤᠬᠢᠷᠠᠬᠤ ᠴᠢᠳᠠᠪᠤᠷᠢᠲᠠᠨ ᠪᠣᠯᠬᠤ ᠵᠠᠮ ᠮᠦᠷ ᠣᠯᠭᠤᠬᠤ ᠪᠠᠷ ᠴᠢᠷᠮᠠᠶᠢᠨ᠎ᠠ᠃ ᠦᠵᠡᠯ ᠰᠠᠨᠠᠭ᠎ᠠ ᠤᠯᠤᠰ ᠲᠦᠷᠦ ᠶᠢᠨ | ᠬᠢᠴᠢᠶᠡᠯ ᠳᠤ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢ ᠭᠦᠨᠵᠡᠭᠡᠶᠢᠷᠡᠭᠦᠯᠵᠦ᠂ ᠵᠠᠯᠠᠭᠤᠴᠤᠳ ᠪᠠᠭᠠᠴᠤᠳ ᠤᠨ ᠪᠡᠶ᠎ᠡ ᠰᠡᠳᠬᠢᠯ ᠤᠨ ᠡᠷᠡᠭᠦᠯ ᠮᠡᠨᠳᠦ ᠶᠢᠨ | ᠬᠦᠮᠦᠵᠢᠯ ᠢ ᠴᠢᠩᠭᠠᠳᠬᠠᠨ᠎ᠠ᠃ ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠣᠯᠠᠨ ᠶᠠᠩᠵᠤᠯᠠᠭᠰᠠᠨ᠂ ᠤᠨᠴᠠᠯᠢᠭᠵᠢᠭᠰᠠᠨ ᠬᠥᠭᠵᠢᠯᠲᠡ ᠶᠢ | ᠠᠬᠢᠭᠤᠯᠵᠤ᠂ ᠬᠤᠰᠢᠭᠤ ᠲᠣᠭᠤᠷᠢᠭ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢ ᠰᠢᠯᠢᠳᠡᠭᠵᠢᠭᠦᠯᠦᠨ ᠬᠦᠴᠦᠷᠬᠡᠭᠵᠢᠭᠦᠯᠦᠨ᠎ᠡ᠃ ᠣᠷᠳᠣᠰ ᠤᠨ | ᠬᠡᠷᠡᠭᠯᠡᠭᠡᠨ ᠤ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠰᠤᠷᠭᠠᠭᠤᠯᠢ ᠡᠷᠭᠢᠯᠡᠬᠦ ᠶᠠᠰᠤ ᠴᠢᠨᠠᠷ ᠢᠶᠠᠨ ᠳᠡᠭᠡᠭᠰᠢᠯᠡᠭᠦᠯᠬᠦ ᠶᠢ ᠳᠡᠮᠵᠢᠵᠦ᠂ ᠥᠪᠥᠷ ᠮᠣᠩᠭᠤᠯ ᠤᠨ | ᠦᠨᠳᠦᠰᠦᠲᠡᠨ ᠤ ᠬᠡᠦᠬᠡᠳ ᠤᠨ ᠪᠠᠭᠰᠢ ᠶᠢᠨ ᠳᠡᠭᠡᠳᠦ ᠵᠡᠷᠬᠡ ᠶᠢᠨ ᠲᠤᠰᠬᠠᠢ ᠮᠡᠷᠭᠡᠵᠢᠯ ᠤᠨ ᠰᠤᠷᠭᠠᠭᠤᠯᠢ ᠶᠢᠨ ᠠᠵᠢᠯ ᠮᠡᠷᠭᠡᠵᠢᠯ ᠤᠨ ᠵᠢᠩᠬᠢᠨᠢ ᠠᠩᠭᠢ | ᠪᠠᠶᠢᠭᠤᠯᠬᠤ ᠶᠢ ᠠᠬᠢᠭᠤᠯᠤᠨ᠎ᠠ᠃ ᠠᠵᠣ ᠣᠶᠢᠯᠡᠰ ᠪᠠ ᠵᠢᠭᠠᠨ ᠰᠤᠷᠭᠠᠯᠲᠠ ᠶᠢ ᠠᠭᠤᠰᠤᠯᠴᠠᠭᠤᠯᠬᠤ ᠲᠤᠷᠰᠢᠯᠲᠠ ᠶᠢᠨ ᠴᠡᠭ ᠤᠨ ᠪᠠᠶᠢᠭᠤᠯᠤᠯᠲᠠ ᠶᠢ ᠪᠦᠬᠦ ᠲᠠᠯ᠎ᠠ ᠪᠠᠷ | ᠠᠬᠢᠭᠤᠯᠵᠤ᠂ ᠲᠢᠩᠬᠢᠮ ᠪᠠ ᠤᠷᠤᠨ ᠨᠤᠳᠤᠭ᠂ ᠰᠤᠷᠭᠠᠭᠤᠯᠢ ᠪᠠ ᠤᠷᠤᠨ ᠨᠤᠳᠤᠭ᠂ ᠰᠤᠷᠭᠠᠭᠤᠯᠢ ᠶᠢᠨ ᠬᠤᠭᠤᠷᠣᠨᠳᠣᠬᠢ ᠬᠠᠮᠲᠤᠷᠠᠯᠴᠠᠭ᠎ᠠ ᠶᠢ ᠴᠢᠩᠭᠠᠳᠬᠠᠵᠤ᠂ | ᠲᠤᠰᠬᠠᠢ ᠮᠡᠷᠭᠡᠵᠢᠯ ᠤᠨ ᠲᠤᠬᠢᠷᠠᠭᠤᠯᠤᠯᠳᠠ ᠶᠢ ᠰᠢᠯᠢᠳᠡᠭᠵᠢᠭᠦᠯᠦᠨ᠂ ᠰᠤᠷᠤᠭᠴᠢ ᠡᠯᠰᠡᠬᠦ ᠬᠡᠪᠴᠢᠶ᠎ᠡ ᠶᠢ ᠥᠷᠭᠡᠳᠬᠡᠵᠦ᠂ ᠠᠵᠢᠯ ᠮᠡᠷᠭᠡᠵᠢᠯ ᠤᠨ ᠰᠤᠷᠭᠠᠨ | ᠬᠥᠮᠦᠵᠢᠯ ᠤᠨ ᠬᠦᠴᠦᠷᠬᠡᠭ ᠬᠤᠳᠠ ᠶᠢ ᠪᠤᠢ ᠪᠣᠯᠭᠠᠨ᠎ᠠ᠃ | ᠡᠷᠡᠭᠦᠯ ᠡᠩᠬᠡ ᠣᠷᠳᠣᠰ ᠢ ᠪᠦᠲᠦᠭᠡᠨ ᠪᠠᠶᠢᠭᠤᠯᠤᠨ᠎ᠠ᠃ ᠬᠢᠵᠢᠭ ᠤᠨ ᠪᠠᠶᠢᠳᠠᠯ ᠢ ᠪᠥᠬᠦ ᠬᠡᠯᠬᠢᠶ᠎ᠡ ᠪᠠᠷ ᠨᠠᠷᠢᠯᠢᠭ ᠤᠨᠤᠪᠴᠢᠲᠠᠢ ᠪᠠᠷ ᠰᠡᠷᠭᠡᠶᠢᠯᠡᠨ ᠡᠵᠡᠮᠳᠡᠬᠦ | ᠠᠵᠢᠯ ᠢ ᠰᠠᠶᠢᠲᠤᠷ ᠠᠳᠬᠤᠵᠤ᠂ ᠬᠤᠲᠠ ᠶᠢᠨ ᠱᠠᠲᠤᠨ ᠤ ᠬᠦᠨᠳᠦ ᠶᠡᠭᠡ ᠬᠢᠵᠢᠭ ᠤᠨ ᠪᠠᠶᠢᠳᠠᠯ ᠢ ᠰᠡᠷᠭᠡᠶᠢᠯᠡᠨ ᠵᠠᠰᠠᠬᠤ ᠰᠠᠭᠤᠷᠢᠨ ᠭᠠᠵᠠᠷ ᠢ ᠪᠠᠶᠢᠭᠤᠯᠤᠨ᠂ | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠭᠰᠡᠨ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠦᠨ᠎ᠡ᠃ ᠬᠤᠳᠠ ᠶᠢᠨ ᠭᠤᠤᠯᠳᠠᠯᠭᠠᠳᠤ ᠡᠮᠨᠡᠯᠭᠡ ᠶᠢᠨ ᠬᠤᠷᠢᠶ᠎ᠠ᠂ | ᠬᠤᠳᠠ ᠶᠢᠨ ᠬᠤᠶᠠᠳᠤᠭᠠᠷ ᠡᠮᠨᠡᠯᠭᠡ ᠶᠢᠨ ᠬᠤᠷᠢᠶ᠎ᠠ᠂ ᠬᠤᠳᠠ ᠶᠢᠨ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠲᠥᠪ ᠢ ᠥᠭᠡᠷᠡᠴᠢᠯᠡᠵᠦ ᠥᠷᠭᠡᠳᠬᠡᠨ ᠪᠠᠶᠢᠭᠤᠯᠬᠤ | ᠪᠠᠷᠢᠯᠭ᠎ᠠ ᠶᠢ ᠬᠡᠷᠡᠭᠵᠢᠭᠦᠯᠵᠦ᠂ ᠬᠤᠳᠠ ᠶᠢᠨ ᠳᠥᠷᠪᠡᠳᠦᠭᠡᠷ ᠡᠮᠨᠡᠯᠭᠡ ᠶᠢᠨ ᠬᠤᠷᠢᠶ᠎ᠠ ᠶᠢ ᠥᠷᠭᠡᠳᠬᠡᠨ ᠪᠠᠶᠢᠭᠤᠯᠬᠤ ᠶᠢ ᠪᠡᠶᠡᠯᠡᠭᠦᠯᠦᠨ᠎ᠡ᠃ ᠤᠯᠤᠰ ᠤᠨ ᠣᠷᠣᠨ | ᠪᠦᠰᠡ ᠶᠢᠨ ᠬᠢᠲᠠᠳ ᠡᠮᠨᠡᠯᠭᠡ ᠶᠢᠨ ᠡᠮᠴᠢᠯᠡᠭᠡᠨ ᠤ ᠲᠥᠪ᠂ ᠬᠤᠲᠠ ᠶᠢᠨ ᠡᠮᠴᠢᠯᠡᠭᠡᠨ ᠤ ᠪᠦᠯᠦᠭᠯᠡᠯ᠂ ᠨᠢᠭᠲᠠ ᠬᠡᠯᠪᠡᠷᠢ ᠶᠢᠨ ᠰᠢᠶᠠᠨ ᠪᠦᠰᠡ ᠶᠢᠨ ᠡᠮᠴᠢᠯᠡᠭᠡᠨ ᠤ | ᠬᠠᠮᠲᠤ ᠶᠢᠨ ᠴᠣᠭᠴᠠ ᠶᠢᠨ ᠪᠦᠲᠦᠬᠡᠨ ᠪᠠᠶᠢᠭᠤᠯᠤᠯᠲᠠ ᠶᠢ ᠠᠬᠢᠭᠤᠯᠵᠤ᠂ ᠡᠮᠨᠡᠯᠬᠡ ᠶᠢᠨ ᠳᠠᠭᠠᠳᠬᠠᠯ ᠤᠨ ᠵᠤᠭᠤᠰ ᠦᠭᠬᠦ ᠠᠷᠭ᠎ᠠ ᠮᠠᠶ᠋ᠢᠭ ᠤᠨ ᠥᠭᠡᠷᠡᠴᠢᠯᠡᠯᠲᠡ ᠶᠢ | ᠭᠦᠨᠵᠡᠭᠡᠶᠢᠷᠡᠭᠦᠯᠦᠨ᠂ ᠠᠷᠠᠳ ᠲᠦᠮᠡᠨ ᠢ ᠡᠪᠡᠳᠴᠢᠨ ᠢᠶᠠᠨ ᠦᠵᠡᠭᠦᠯᠵᠦ ᠲᠡᠶᠢᠯᠬᠦ᠂ ᠡᠪᠡᠳᠴᠢᠨ ᠢᠶᠠᠨ ᠰᠠᠶᠢᠬᠠᠨ ᠡᠮᠨᠡᠭᠦᠯᠵᠣ ᠲᠡᠶᠢᠯᠬᠦ ᠪᠤᠯᠭᠠᠨ᠎ᠠ᠃ | ᠰᠣᠶᠣᠯ ᠪᠡᠶ᠎ᠡ ᠶᠢᠨ ᠲᠠᠮᠢᠷ ᠤᠨ ᠦᠢᠯᠡᠰ ᠢ ᠴᠡᠴᠡᠭᠯᠡᠭᠦᠯᠦᠨ ᠬᠥᠭᠵᠢᠭᠦᠯᠦᠨ᠎ᠡ᠃ ᠤᠯᠤᠰ ᠤᠨ ᠲᠠᠰ ᠤᠨ ᠰᠣᠶᠣᠯ ᠤᠨ ᠠᠮᠢ ᠠᠬᠤᠢ ᠶᠢᠨ ᠬᠠᠮᠠᠭᠠᠯᠠᠯᠲᠠ ᠶᠢᠨ | ᠲᠤᠷᠰᠢᠯᠲᠠ ᠶᠢᠨ ᠣᠷᠣᠨ᠂ ᠤᠯᠤᠰ ᠤᠨ ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠨ ᠠᠰᠢᠭᠯᠠᠬᠤ ᠵᠢᠱᠢᠶ᠎ᠡ ᠦᠵᠡᠭᠦᠯᠬᠦ ᠣᠷᠣᠨ ᠢ ᠡᠭᠦᠳᠦᠨ ᠪᠠᠶᠢᠭᠤᠯᠬᠤ ᠶᠢ | ᠠᠬᠢᠭᠤᠯᠵᠤ᠂ ᠴᠠᠬᠢᠯᠳᠠᠭ ᠴᠡᠴᠡᠭ ᠤᠨ ᠤᠳᠬ᠎ᠠ ᠵᠣᠬᠢᠶᠠᠯ ᠤᠷᠠᠯᠢᠭ ᠢ ᠵᠣᠷᠢᠭᠵᠢᠭᠤᠯᠤᠨ ᠲᠡᠳᠬᠦᠬᠦ ᠢᠨᠵᠧᠨᠧᠷᠢᠩ ᠪᠠ ᠭᠤᠣᠯᠳᠠᠯᠭ᠎ᠠ ᠲᠠᠢ ᠲᠡᠦᠬᠡ ᠶᠢᠨ | ᠳᠤᠷᠠᠰᠬᠠᠯᠲᠤ ᠵᠦᠢᠯᠡᠰ ᠢ ᠬᠠᠮᠠᠭᠠᠯᠠᠬᠤ ᠢᠨᠵᠧᠨᠧᠷᠢᠩ ᠢ ᠬᠡᠷᠡᠭᠵᠢᠭᠦᠯᠦᠨ᠂ ᠤᠯᠠᠭᠠᠨᠮᠥ᠋ᠴᠢᠷ᠂ ᠰᠣᠨᠢᠨ ᠮᠡᠳᠡᠭᠡ ᠷᠠᠳᠢᠣ᠋ ᠲᠧᠯᠸᠢᠰ᠂ ᠤᠳᠬ᠎ᠠ ᠤᠷᠠᠯᠢᠭ ᠤᠨ ᠵᠣᠬᠢᠶᠠᠨ | ᠪᠦᠲᠦᠭᠡᠯᠭᠡ ᠶᠢᠨ ᠲᠥᠪ ᠶᠣᠰᠣ ᠶᠢ ᠰᠠᠬᠢᠵᠤ ᠰᠢᠨ᠎ᠡ ᠶᠢ ᠡᠭᠦᠳᠬᠦ ᠬᠦᠭᠵᠢᠯᠳᠡ ᠶᠢ ᠳᠡᠮᠵᠢᠵᠦ᠂ ᠬᠠᠲᠤᠨ ᠭᠤᠣᠯ ᠤᠨ ᠤᠯᠤᠰ ᠤᠨ ᠰᠣᠶᠣᠯ ᠤᠨ ᠴᠡᠴᠡᠷᠯᠢᠭ ᠤᠨ | ᠪᠦᠲᠦᠭᠡᠨ ᠪᠠᠶᠢᠭᠤᠯᠤᠯᠲᠠ ᠶᠢ ᠠᠬᠢᠭᠤᠯᠤᠨ᠎ᠠ᠃ ᠬᠤᠲᠠ ᠶᠢᠨ ᠠᠵᠢᠯᠴᠢᠨ ᠤ ᠰᠣᠶᠣᠯ ᠤᠨ ᠣᠷᠳᠣᠨ ᠢ ᠪᠠᠶᠢᠭᠤᠯᠤᠨ ᠠᠰᠢᠭᠯᠠᠯᠳᠠ ᠳᠤ ᠤᠷᠤᠭᠤᠯᠵᠤ᠂ ᠪᠥᠬᠦ | ᠠᠷᠠᠳ ᠤᠨ ᠪᠡᠶ᠎ᠡ ᠴᠢᠬᠢᠷᠠᠭᠵᠢᠭᠤᠯᠬᠤ ︽ᠲᠤᠯᠤᠭᠠᠨ 100︾ ᠶᠢᠨ ᠠᠵᠢᠯᠯᠠᠭ᠎ᠠ ᠶᠢ ᠥᠷᠨᠢᠭᠦᠯᠵᠦ᠂ ᠪᠥᠬᠦ ᠣᠷᠣᠨ ᠤ ᠠᠷᠪᠠᠨ ᠲᠠᠪᠤᠳᠤᠭᠠᠷ ᠬᠤᠭᠤᠴᠠᠭᠠᠨ ᠤ | ᠪᠡᠶ᠎ᠡ ᠶᠢᠨ ᠲᠠᠮᠢᠷ ᠤᠨ ᠴᠤᠭᠯᠠᠭᠠᠨ᠂ ᠵᠢᠷᠭᠤᠳᠤᠭᠠᠷ ᠬᠤᠭᠤᠴᠠᠭᠠᠨ ᠤ ᠵᠡᠮᠳᠡᠭᠴᠦᠳ ᠤᠨ ᠪᠡᠶ᠎ᠡ ᠶᠢᠨ ᠲᠠᠮᠢᠷ ᠤᠨ ᠴᠤᠭᠯᠠᠭᠠᠨ ᠢ ᠰᠠᠶᠢᠳᠤᠷ ᠡᠷᠬᠢᠯᠡᠨ᠎ᠡ᠃ | ᠨᠡᠶᠢᠭᠡᠮ ᠤᠨ ᠪᠠᠲᠤᠯᠠᠭ᠎ᠠ ᠶᠢᠨ ᠡᠷᠴᠢᠮ ᠢ ᠴᠢᠩᠭᠠᠷᠠᠭᠤᠯᠤᠨ᠎ᠠ᠃ ᠪᠥᠬᠦ ᠠᠷᠠᠳ ᠢᠶᠠᠷ ᠢᠶᠠᠨ ᠳᠠᠭᠠᠳᠬᠠᠯ ᠳᠤ ᠤᠷᠤᠬᠤ ᠲᠥᠯᠥᠪᠯᠡᠭᠡ ᠶᠢ ᠭᠦᠨᠵᠡᠭᠡᠢ | ᠬᠡᠷᠡᠭᠵᠢᠭᠦᠯᠵᠦ᠂ ᠦᠨᠳᠦᠰᠦᠨ ᠡᠮᠨᠡᠯᠬᠡ ᠶᠢᠨ ᠳᠠᠭᠠᠳᠬᠠᠯ᠂ ᠠᠵᠢᠯ ᠠᠯᠳᠠᠯᠲᠠ ᠶᠢᠨ ᠳᠠᠭᠠᠳᠬᠠᠯ ᠢ ᠥᠪᠡᠷᠲᠡᠭᠡᠨ ᠵᠠᠰᠠᠬᠤ ᠣᠷᠣᠨ ᠤ ᠱᠠᠲᠤᠨ ᠠᠴᠠ ᠨᠢᠭᠡᠳᠦᠯᠲᠡᠢ | ᠲᠥᠯᠥᠪᠯᠡᠬᠦ ᠶᠢ ᠨᠠᠶᠢᠳᠠᠪᠤᠷᠢᠵᠢᠭᠤᠯᠤᠨ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠨᠠᠭᠠᠲᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠶᠢᠨ ᠪᠠᠷᠢᠮᠵᠢᠶ᠎ᠠ ᠶᠢ | ᠲᠤᠭᠳᠠᠭᠤᠨ ᠢᠶᠠᠷ ᠲᠡᠭᠡᠭᠰᠢᠯᠡᠭᠦᠯᠦᠨ᠎ᠡ᠃ ︽ᠨᠠᠰᠤᠲᠠᠶᠢᠴᠣᠳ ᠪᠠ ᠬᠡᠣᠬᠡᠳ︾ ᠤᠨ ᠦᠢᠯᠡᠴᠢᠯᠡᠭᠡᠨ ᠤ ᠪᠠᠲᠤᠯᠠᠭ᠎ᠠ ᠶᠢ ᠴᠢᠩᠭᠠᠳᠬᠠᠵᠤ᠂ ᠪᠥᠬᠦ ᠬᠤᠲᠠ ᠶᠢᠨ ᠪᠣᠶ | ᠪᠦᠬᠦᠢ ᠵᠡᠭᠡᠯᠢ ᠭᠤᠳᠤᠮᠵᠢ ᠳᠤ ᠴᠥᠮ ᠪᠦᠷᠢᠨ ᠰᠠᠭᠠᠳᠠᠭᠤᠯᠬᠤ᠂ ᠡᠳᠦᠷ ᠰᠠᠭᠠᠳᠠᠭᠤᠯᠬᠤ᠂ ᠭᠡᠷ ᠲᠤᠨᠢ ᠬᠦᠷᠴᠦ ᠦᠢᠯᠡᠴᠢᠯᠡᠬᠦ ᠵᠡᠷᠭᠡ ᠶᠡᠷᠦᠩᠬᠡᠶᠢᠯᠡᠭᠰᠡᠨ | ᠴᠢᠳᠠᠮᠵᠢ ᠲᠠᠢ ᠨᠠᠰᠤᠳᠠᠶᠢᠴᠣᠳ ᠲᠤ ᠣᠶᠢᠯᠡᠴᠢᠯᠡᠬᠦ ᠲᠥᠪ ᠵᠢᠴᠢ 90% ᠠᠴᠠ ᠳᠡᠭᠡᠭᠰᠢᠬᠢ ᠨᠡᠶᠢᠭᠡᠮ ᠲᠣᠭᠤᠷᠢᠭ ᠲᠤ ᠨᠠᠰᠤᠲᠠᠶᠢᠴᠤᠳ ᠲᠤ ᠦᠢᠯᠡᠴᠢᠯᠡᠬᠦ | ᠥᠷᠲᠡᠭᠡ ᠶᠢ ᠪᠠᠶᠢᠭᠤᠯᠤᠨ᠎ᠠ᠃ ᠭᠤᠷᠪᠠᠨ ᠬᠡᠦᠬᠡᠳ ᠠᠪᠬᠤ ᠲᠥᠷᠥ ᠶᠢᠨ ᠪᠣᠳᠣᠯᠭ᠎ᠠ ᠵᠢᠴᠢ ᠢᠵᠢ ᠪᠦᠷᠢᠳᠦᠭᠦᠯᠦᠭᠰᠡᠨ ᠳᠡᠮᠵᠢᠬᠦ ᠠᠷᠭ᠎ᠠ ᠬᠡᠮᠵᠢᠶ᠎ᠡ ᠶᠢ | ᠨᠠᠶᠢᠳᠠᠪᠤᠷᠢᠵᠢᠭᠤᠯᠵᠤ᠂ 3 ᠨᠠᠰᠤᠨ ᠠᠴᠠ ᠳᠣᠷᠣᠭᠰᠢᠬᠢ ᠨᠢᠯᠬ᠎ᠠ ᠬᠡᠦᠬᠡᠳ ᠢ ᠰᠠᠭᠠᠳᠠᠭᠤᠯᠬᠤ ᠣᠷᠣᠨ ᠪᠠᠶᠢᠷᠢ ᠶᠢᠨ ᠲᠤᠭ᠎ᠠ ᠶᠢ 1500 ᠨᠡᠮᠡᠭᠳᠡᠭᠦᠯᠦᠨ᠎ᠡ᠃ | ᠨᠡᠶᠢᠭᠡᠮ ᠤᠨ ᠠᠪᠤᠷᠠᠨ ᠲᠤᠰᠠᠯᠠᠬᠤ ᠲᠤᠭᠳᠠᠯᠴᠠᠭ᠎ᠠ ᠶᠢ ᠲᠡᠭᠦᠯᠳᠡᠷᠵᠢᠭᠦᠯᠵᠦ᠂ ᠨᠡᠶᠢᠭᠡᠮ ᠤᠨ ᠪᠠᠲᠤᠯᠠᠭ᠎ᠠ ᠶᠢᠨ ᠳᠡᠭᠡᠳᠦ ᠱᠤᠭᠤᠮ ᠢᠶᠠᠷ ᠠᠷᠠᠳ ᠤᠯᠠᠨ ᠤ ᠵᠣᠯ ᠵᠢᠷᠭᠠᠯ | ᠢ ᠪᠠᠳᠤᠯᠠᠨ᠎ᠠ᠃ | ᠨᠡᠶᠢᠭᠡᠮ ᠤᠨ ᠵᠠᠰᠠᠯᠲᠠ ᠶᠢᠨ ᠴᠢᠳᠠᠪᠤᠷᠢ ᠶᠢ ᠳᠡᠭᠡᠭᠰᠢᠯᠡᠭᠦᠯᠦᠨ᠎ᠡ᠃ ︽ᠲᠠᠪᠤᠨ ᠨᠡᠶᠢᠬᠡᠮ︾ ᠬᠤᠯᠪᠤᠭᠠᠯᠠᠨ ᠬᠦᠳᠡᠯᠦᠯᠴᠡᠬᠦ ᠶᠢ ᠭᠦᠨᠵᠡᠭᠡᠶᠢᠷᠡᠭᠦᠯᠵᠦ᠂ ᠨᠢᠭᠡ ᠯᠡ | ᠥᠷᠲᠡᠭᠡᠨ ᠤ ᠮᠠᠶ᠋ᠢᠭ ᠤᠨ ᠤᠯᠠᠨ ᠡᠰᠢᠵᠢᠭᠰᠡᠨ ᠵᠢᠭᠤᠷᠠᠯᠳᠤᠭᠠᠨ ᠢ ᠰᠢᠢᠳᠪᠦᠷᠢᠯᠡᠬᠦ ᠲᠣᠭᠲᠠᠴᠠ ᠶᠢ ᠲᠡᠭᠦᠯᠳᠡᠷᠵᠢᠭᠦᠯᠦᠨ᠎ᠡ᠃ ︽ᠭᠡᠭᠡᠨ ᠰᠠᠷᠠᠭᠤᠯ ᠢᠨᠵᠧᠨᠧᠷᠢᠩ︾ ᠢ | ᠲᠦᠷᠬᠡᠨ ᠢᠶᠠᠷ ᠠᠬᠢᠭᠤᠯᠵᠤ᠂ ᠪᠥᠬᠦ ᠤᠯᠤᠰ ᠤᠨ ᠬᠤᠲᠠ ᠶᠢᠨ ᠪᠦᠰᠡ ᠶᠢᠨ ᠨᠡᠶᠢᠭᠡᠮ ᠤᠨ ᠵᠠᠰᠠᠯᠲᠠ ᠶᠢᠨ ᠣᠳᠤᠬᠢᠴᠢᠯᠠᠭᠰᠠᠨ ᠲᠤᠷᠰᠢᠯᠲᠠ ᠶᠢᠨ ᠴᠡᠭ ᠤᠨ ᠰᠢᠯᠭᠠᠨ | ᠬᠤᠷᠢᠶᠠᠯᠳᠠ ᠶᠢ ᠲᠠᠮᠵᠢᠬᠤ ᠶᠢ ᠪᠠᠲᠤᠯᠠᠵᠤ᠂ ᠠᠮᠤᠭᠤᠯᠠᠩ ᠳᠤᠮᠳᠠᠳᠤ ᠤᠯᠤᠰ ᠤᠨ ᠪᠦᠲᠦᠭᠡᠨ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠬᠤᠲᠠ ᠶᠢᠨ ᠪᠦᠲᠦᠭᠡᠨ | ᠪᠠᠶᠢᠭᠤᠯᠤᠯᠲᠠ ᠶᠢᠨ ᠬᠢᠷᠢ ᠲᠦᠪᠰᠢᠨ ᠢ ᠪᠠᠬᠢᠵᠢᠭᠦᠯᠦᠨ ᠳᠡᠭᠡᠭᠰᠢᠯᠡᠭᠦᠯᠦᠨ᠎ᠡ᠃ ᠪᠠᠴᠢᠮ ᠪᠠᠶᠢᠳᠠᠯ ᠢ ᠠᠷᠭᠠᠴᠠᠬᠤ ᠴᠢᠳᠠᠪᠤᠷᠢ ᠶᠢᠨ ᠪᠠᠶᠢᠭᠤᠯᠤᠯᠲᠠ ᠶᠢ ᠪᠥᠬᠦ ᠲᠠᠯ᠎ᠠ ᠪᠠᠷ | ᠴᠢᠩᠭᠠᠳᠬᠠᠵᠤ᠂ ᠠᠶᠤᠯ ᠦᠭᠡᠢ ᠦᠢᠯᠡᠳᠪᠦᠷᠢᠯᠡᠯ ᠤᠨ ᠲᠤᠰᠬᠠᠢ ᠴᠡᠭᠴᠡᠯᠡᠨ ᠵᠠᠰᠠᠬᠤ ᠭᠤᠷᠪᠠᠨ ᠵᠢᠯ ᠤᠨ ᠠᠵᠢᠯᠯᠠᠭ᠎ᠠ ᠶᠢᠨ ᠡᠭᠦᠷᠭᠡ ᠶᠢ ᠪᠡᠶᠡᠯᠡᠭᠦᠯᠵᠦ᠂ ᠠᠶᠤᠯ ᠲᠠᠢ | ᠬᠢᠮᠢ ᠶᠢᠨ ᠪᠣᠳᠠᠰ᠂ ᠬᠤᠲᠠ ᠪᠠᠯᠭᠠᠰᠤ ᠶᠢᠨ ᠰᠢᠲᠠᠮᠠᠬᠠᠢ ᠬᠡᠢ ᠶᠢᠨ ᠬᠤᠭᠤᠯᠠᠢ ᠲᠣᠣᠷ᠂ ᠵᠠᠮ ᠬᠠᠷᠢᠯᠴᠠᠭ᠎ᠠ ᠵᠡᠷᠭᠡ ᠭᠤᠣᠯᠳᠠᠯᠭ᠎ᠠ ᠲᠠᠢ ᠬᠦᠷᠢᠶᠡᠨ ᠳᠠᠬᠢ ᠲᠤᠰᠬᠠᠢ | ᠴᠡᠭᠴᠡᠯᠡᠨ ᠵᠠᠰᠠᠯᠳᠠ ᠶᠢ ᠬᠡᠷᠡᠭᠵᠢᠭᠦᠯᠦᠨ᠎ᠡ᠃ ᠢᠳᠡᠭᠡᠨ ᠡᠮ ᠤᠨ ᠵᠦᠢᠯ ᠤᠨ ᠠᠮᠤᠷ ᠲᠦᠪᠰᠢᠨ ᠤ ᠢᠳᠡᠬᠡᠮᠵᠢᠲᠠᠢ ᠣᠷᠳᠣᠰ ᠢ ᠪᠦᠲᠦᠭᠡᠨ ᠪᠠᠶᠢᠭᠤᠯᠤᠨ᠎ᠠ᠃ | ᠤᠯᠤᠰ ᠤᠨ ᠪᠠᠲᠤᠯᠠᠨ ᠬᠠᠮᠠᠭᠠᠯᠠᠯᠲᠠ ᠶᠢᠨ ᠴᠡᠷᠢᠭ ᠠᠩᠭᠢ ᠶᠢᠨ ᠪᠠᠶᠢᠭᠤᠯᠤᠯᠲᠠ ᠶᠢ ᠲᠡᠮᠵᠢᠵᠤ᠂ ᠴᠡᠷᠢᠭ ᠤᠨ ᠠᠯᠪᠠ ᠠᠴᠠ ᠪᠠᠭᠤᠭᠰᠠᠳ ᠤᠨ ᠠᠵᠢᠯ ᠤᠨ | ᠲᠤᠭᠳᠠᠯᠴᠠᠭ᠎ᠠ ᠶᠢ ᠪᠦᠷᠢᠨᠰᠢᠭᠦᠯᠦᠨ᠎ᠡ᠃ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢ ᠡᠭᠦᠳᠦᠨ ᠪᠠᠶᠢᠭᠤᠯᠬᠤ ᠠᠵᠢᠯ ᠢ ᠭᠦᠨᠵᠡᠭᠡᠢ ᠥᠷᠨᠢᠭᠦᠯᠵᠦ᠂ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠦᠷᠭᠦᠯᠵᠢᠯᠡᠨ ᠪᠠᠲᠤ ᠪᠠᠬᠢ ᠪᠤᠢ ᠪᠣᠯᠭᠠᠵᠤ᠂ ᠡᠯ᠎ᠡ ᠦᠨᠳᠦᠰᠦᠲᠡᠨ ᠨᠦᠭᠦᠳ ᠠᠨᠠᠷ ᠤᠨ ᠦᠷ᠎ᠡ ᠰᠢᠭ | ᠨᠢᠭᠲᠠᠷᠠᠨ ᠪᠦᠯᠬᠦᠮᠳᠡᠬᠦ ᠶᠢ ᠠᠬᠢᠭᠤᠯᠤᠨ᠎ᠠ᠃ | ᠳᠥᠷᠪᠡ᠂ ᠵᠠᠰᠠᠭ ᠤᠨ ᠣᠷᠳᠣᠨ ᠤ ᠵᠠᠰᠠᠯᠲᠠ ᠶᠢᠨ ᠲᠤᠭᠳᠠᠯᠴᠠᠭ᠎ᠠ ᠪᠣᠯᠣᠨ ᠵᠠᠰᠠᠯᠲᠠ ᠶᠢᠨ ᠴᠢᠳᠠᠪᠤᠷᠢ ᠶᠢᠨ ᠤᠳᠤᠬᠢᠴᠢᠯᠠᠭᠰᠠᠨ ᠬᠢᠷᠢ ᠲᠦᠪᠰᠢᠨ ᠢ ᠶᠡᠬᠡᠪᠡᠷ | ᠳᠡᠭᠡᠭᠰᠢᠯᠡᠭᠦᠯᠦᠨ᠎ᠡ | ᠤᠭ ᠰᠠᠨᠠᠭ᠎ᠠ ᠪᠠᠲᠤ ᠪᠠᠬᠢ ᠪᠠᠶᠢᠵᠣ ᠬᠦᠨᠳᠦ ᠡᠭᠦᠷᠭᠡ ᠮᠥᠷᠥᠨ ᠳᠡᠭᠡᠷ᠎ᠡ ᠪᠠᠨ ᠲᠠᠯᠪᠢᠭᠳᠠᠵᠣ ᠪᠠᠶᠢᠨ᠎ᠠ᠃ ᠪᠥᠬᠦ ᠬᠤᠲᠠ ᠶᠢᠨ ᠵᠠᠰᠠᠭ ᠤᠨ ᠣᠷᠳᠣᠨ ᠤ | ᠰᠢᠰᠲ᠋ᠧᠮ ᠤᠨ ᠬᠢᠨ ᠲᠤᠰᠢᠶᠠᠯ ᠬᠠᠷᠢᠭᠤᠴᠠᠯᠭ᠎ᠠ ᠪᠠᠨ ᠦᠨᠡᠨᠴᠢ ᠰᠢᠳᠤᠷᠭᠤ ᠪᠠᠷ ᠭᠦᠢᠴᠡᠳᠬᠡᠵᠦ᠂ ᠡᠷᠡᠰ ᠰᠢᠭᠤᠷᠬᠠᠢ ᠪᠠᠷ ᠤᠷᠤᠭᠰᠢᠯᠠᠨ ᠳᠠᠪᠰᠢᠵᠤ᠂ ᠵᠠᠰᠠᠭ ᠤᠨ | ᠣᠷᠳᠣᠨ ᠤ ᠠᠵᠢᠯ ᠤᠨ ︽ᠦᠢᠯᠡᠴᠢᠯᠡᠭᠡᠨ ᠤ ᠵᠢᠭᠠᠯᠲᠠ ᠲᠤᠭ᠎ᠠ︾ ᠪᠠᠷ ᠠᠷᠠᠳ ᠣᠯᠠᠨ ᠤ ︽ᠵᠣᠯ ᠵᠢᠷᠭᠠᠯ ᠤᠨ ᠵᠢᠭᠠᠯᠲᠠ ᠲᠤᠭ᠎ᠠ︾ ᠶᠢ ᠰᠣᠯᠢᠵᠤ ᠠᠪᠤᠨ᠎ᠠ᠃ | ︵ᠨᠢᠭᠡ︶ ᠤᠯᠤᠰ ᠲᠦᠷᠦ ᠶᠢᠨ ᠲᠠᠯ᠎ᠠ ᠪᠠᠷ ᠦᠨᠡᠨᠴᠢ ᠰᠢᠳᠤᠷᠭᠤ ᠪᠠᠶᠢᠬᠤ ᠶᠢ ᠲᠡᠷᠢᠭᠦᠨ ᠴᠢᠬᠤᠯᠠ ᠵᠠᠩ ᠴᠢᠨᠠᠷ ᠪᠣᠯᠭᠠᠨ᠎ᠠ᠃ ᠰᠢ ᠶᠢᠨ ᠫᠢᠩ ᠤᠨ ᠰᠢᠨ᠎ᠡ ᠴᠠᠭ | ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠨᠠᠮ ᠤᠨ ᠲᠡᠦᠬᠡ ᠶᠢᠨ | ᠰᠤᠷᠤᠯᠴᠠᠯᠭ᠎ᠠ ᠬᠥᠮᠦᠵᠢᠯ ᠤᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ᠂ ᠠᠭᠤᠤ ᠶᠡᠭᠡ ᠨᠠᠮ ᠪᠠᠶᠢᠭᠤᠯᠤᠭᠰᠠᠨ ᠵᠣᠷᠢᠭ ᠰᠠᠨᠠᠭ᠎ᠠ ᠶᠢ ᠪᠠᠳᠠᠷᠠᠭᠤᠯᠵᠤ᠂ ︽ | ᠬᠤᠶᠠᠷ ᠢ ᠲᠣᠭᠲᠠᠭᠠᠬᠤ︾ ᠶᠢ ᠴᠢᠩ ᠰᠡᠳᠬᠢᠯ ᠠᠴᠠ ᠪᠠᠨ ᠬᠦᠷᠢᠶᠡᠯᠡᠵᠦ᠂ ︽ᠬᠤᠶᠠᠷ ᠢ ᠬᠠᠮᠠᠭᠠᠯᠠᠬᠤ︾ ᠶᠢ ᠦᠨᠡᠨᠴᠢ ᠰᠢᠳᠤᠷᠭᠤ ᠪᠠᠷ ᠦᠢᠯᠡᠳᠦᠯᠭᠡᠵᠢᠭᠦᠯᠦᠨ᠎ᠡ᠃ | ᠢᠮᠠᠭᠲᠠ ᠬᠡᠬᠦᠳᠡᠭ ᠴᠡᠭᠡᠵᠢᠨ ᠳᠡᠭᠡᠨ ︽ᠬᠤᠶᠠᠷ ᠶᠡᠭᠡ ᠲᠠᠯ᠎ᠠ︾ ᠶᠢ ᠪᠠᠭᠲᠠᠭᠠᠵᠤ᠂ ᠰᠡᠳᠬᠢᠯ ᠳᠡᠭᠡᠨ ︽ᠤᠯᠤᠰ ᠤᠨ ᠶᠡᠭᠡ ᠶᠠᠪᠤᠳᠠᠯ ᠢ ᠪᠤᠳᠤᠯᠬᠢᠯᠠᠵᠣ︾᠂ | ᠤᠬᠠᠮᠰᠠᠷ ᠠᠴᠠ ᠪᠠᠨ ᠪᠦᠬᠦ ᠲᠠᠯ᠎ᠠ ᠶᠢᠨ ᠲᠤᠳᠤᠷ᠎ᠠ ᠰᠡᠳᠬᠢᠵᠦ᠂ ᠶᠡᠭᠡ ᠲᠠᠯ᠎ᠠ ᠶᠢᠨ ᠳᠣᠣᠷ᠎ᠠ ᠠᠵᠢᠯᠯᠠᠨ᠂ ᠤᠴᠢᠷ ᠶᠠᠪᠤᠳᠠᠯ ᠰᠡᠳᠦᠬᠦ ᠳᠡᠭᠡᠨ ᠤᠯᠤᠰ ᠲᠦᠷᠦ ᠶᠢᠨ | ᠱᠠᠭᠠᠷᠳᠠᠯᠭ᠎ᠠ ᠶᠢ ᠢᠯᠡᠭᠦᠦ ᠪᠣᠳᠣᠯᠬᠢᠯᠠᠵᠤ᠂ ᠠᠵᠢᠯ ᠶᠠᠪᠤᠳᠠᠯ ᠬᠢᠬᠦ ᠳᠡᠭᠡᠨ ᠤᠯᠤᠰ ᠲᠦᠷᠦ ᠶᠢᠨ ᠨᠥᠯᠥᠭᠡ ᠶᠢ ᠢᠯᠡᠭᠦᠦ ᠪᠣᠳᠣᠯᠬᠢᠯᠠᠵᠤ᠂ ᠠᠵᠢᠯ ᠶᠠᠪᠤᠳᠠᠯ | ᠪᠦᠲᠦᠭᠡᠬᠦ ᠳᠡᠭᠡᠨ ᠤᠯᠤᠰ ᠲᠦᠷᠦ ᠶᠢᠨ ᠦᠷ᠎ᠡ ᠪᠦᠲᠦᠮᠵᠢ ᠶᠢ ᠢᠯᠡᠭᠦᠦ ᠪᠣᠳᠣᠯᠬᠢᠯᠠᠵᠤ᠂ ᠤᠯᠤᠰ ᠲᠦᠷᠦ ᠶᠢᠨ ᠮᠠᠭᠠᠳᠯᠠᠬᠤ ᠴᠢᠳᠠᠪᠤᠷᠢ᠂ ᠤᠯᠤᠰ ᠲᠦᠷᠦ ᠶᠢᠨ | ᠤᠬᠠᠬᠤ ᠴᠢᠳᠠᠪᠤᠷᠢ᠂ ᠤᠯᠤᠰ ᠲᠦᠷᠦ ᠶᠢᠨ ᠬᠡᠷᠡᠭᠵᠢᠭᠦᠯᠬᠦ ᠬᠦᠴᠦᠨ ᠢ ᠦᠨᠡᠨ ᠬᠦ ᠳᠡᠭᠡᠭᠰᠢᠯᠡᠭᠦᠯᠦᠨ᠎ᠡ᠃ | ︵ᠬᠤᠶᠠᠷ︶ ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠪᠠᠷᠢᠮᠵᠢᠶ᠎ᠠ ᠪᠣᠯᠭᠠᠨ᠎ᠠ᠃ ᠰᠢ ᠶᠢᠨ ᠫᠢᠩ ᠤᠨ | ᠬᠠᠤᠯᠢᠵᠢᠯ ᠤᠨ ᠦᠵᠡᠯ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠲᠤᠤᠱᠯᠠᠭᠤᠯᠵᠤ᠂ ᠪᠥᠬᠦ ᠤᠯᠤᠰ ᠤᠨ ᠬᠠᠤᠯᠢᠵᠢᠯ ᠵᠠᠰᠠᠭ ᠤᠨ ᠣᠷᠳᠣᠨ ᠤ ᠪᠠᠶᠢᠭᠤᠯᠤᠯᠲᠠ ᠶᠢᠨ | ᠵᠢᠱᠢᠶ᠎ᠡ ᠦᠵᠡᠭᠦᠯᠬᠦ ᠬᠤᠳᠠ ᠶᠢ ᠴᠢᠷᠮᠠᠶᠢᠨ ᠡᠭᠦᠳᠦᠨ᠎ᠡ᠃ ᠬᠤᠳᠠ ᠶᠢᠨ ᠨᠠᠮ ᠤᠨ ᠬᠤᠷᠢᠶᠠᠨ ᠤ ᠲᠣᠭᠲᠠᠭᠠᠯ ᠢ ᠡᠷᠡᠰ ᠬᠡᠷᠡᠭᠵᠢᠭᠦᠯᠵᠦ᠂ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠬᠠᠤᠯᠢ ᠴᠠᠭᠠᠵᠠ ᠶᠢᠨ ᠬᠢᠨᠠᠯᠲᠠ ᠲᠠᠯᠪᠢᠯᠳᠠ᠂ ᠠᠵᠢᠯ ᠤᠨ ᠬᠢᠨᠠᠯᠲᠠ ᠲᠠᠯᠪᠢᠯᠳᠠ ᠶᠢ ᠤᠬᠠᠮᠰᠠᠷ ᠠᠴᠠ ᠪᠠᠨ ᠬᠦᠯᠢᠶᠡᠵᠦ᠂ | ᠤᠯᠤᠰ ᠲᠦᠷᠦ ᠶᠢᠨ ᠵᠥᠪᠯᠡᠯᠭᠡᠨ ᠤ ᠠᠷᠠᠳᠴᠢᠯᠠᠯ ᠢᠶᠠᠷ ᠬᠢᠨᠠᠯᠲᠠ ᠲᠠᠯᠪᠢᠬᠤ᠂ ᠨᠡᠶᠢᠭᠡᠮ ᠤᠨ ᠡᠯ᠎ᠡ ᠡᠲᠡᠭᠡᠳ ᠤᠨ ᠬᠢᠨᠠᠯᠲᠠ ᠲᠠᠯᠪᠢᠯᠳᠠ ᠶᠢ ᠰᠠᠨᠠᠭᠠᠴᠢᠯᠠᠭ᠎ᠠ ᠠᠴᠠ ᠪᠠᠨ | ᠬᠦᠯᠢᠶᠡᠵᠦ᠂ ᠬᠢᠨᠠᠨ ᠪᠣᠳᠣᠯᠲᠠ ᠶᠢᠨ ᠬᠢᠨᠠᠯᠲᠠ ᠲᠠᠯᠪᠢᠯᠳᠠ ᠶᠢ ᠴᠢᠩᠭᠠᠳᠬᠠᠵᠤ᠂ ᠵᠠᠰᠠᠭ ᠤᠨ ᠶᠠᠪᠤᠳᠠᠯ ᠢ ᠢᠯᠡ ᠪᠣᠯᠭᠠᠬᠤ ᠶᠢ ᠭᠦᠨᠵᠡᠭᠡᠢ ᠠᠬᠢᠭᠤᠯᠵᠤ᠂ ᠡᠷᠬᠡ ᠶᠢᠨ | ᠠᠵᠢᠯᠯᠠᠭᠠᠨ ᠢ ᠢᠯᠡ ᠪᠣᠯᠭᠠᠨ᠎ᠠ᠃ ᠰᠢᠨᠵᠢᠯᠡᠬᠦ ᠤᠬᠠᠭᠠᠨᠴᠢ᠂ ᠠᠷᠠᠳᠴᠢᠯᠠᠯ᠂ ᠬᠠᠤᠯᠢ ᠶᠣᠰᠣᠭᠠᠷ ᠰᠢᠢᠳᠪᠦᠷᠢᠲᠦ ᠪᠣᠳᠣᠯᠭ᠎ᠠ ᠲᠣᠭᠲᠠᠭᠠᠬᠤ ᠶᠢ ᠪᠠᠷᠢᠮᠲᠠᠯᠠᠵᠤ᠂ | ᠬᠠᠤᠯᠢ ᠪᠠᠷ ᠵᠠᠰᠠᠬᠤ ᠰᠡᠳᠬᠢᠬᠦᠢ ᠪᠠ ᠬᠠᠤᠯᠢ ᠪᠠᠷ ᠵᠠᠰᠠᠬᠤ ᠠᠷᠭ᠎ᠠ ᠮᠠᠶ᠋ᠢᠭ ᠢᠶᠠᠷ ᠠᠵᠢᠯ ᠢᠶᠠᠨ ᠠᠬᠢᠭᠤᠯᠵᠤ᠂ ᠠᠰᠠᠭᠤᠳᠠᠯ ᠢ ᠰᠢᠢᠳᠪᠦᠷᠢᠯᠡᠵᠣ᠂ ᠬᠠᠤᠯᠢ ᠪᠠᠷ ᠵᠠᠰᠠᠬᠤ | ᠶᠢ ᠵᠠᠰᠠᠭ ᠵᠠᠬᠢᠷᠭᠠᠨ ᠤ ᠪᠣᠳᠠᠲᠠᠢ ᠦᠢᠯᠡ ᠠᠵᠢᠯᠯᠠᠭ᠎ᠠ ᠨᠢᠭᠡᠪᠦᠷᠢ ᠳᠤ ᠦᠨᠡᠨ ᠬᠦ ᠨᠡᠪᠴᠢᠭᠦᠯᠵᠦ᠂ ᠵᠠᠰᠠᠭ ᠤᠨ ᠣᠷᠳᠣᠨ ᠤ ᠠᠵᠢᠯᠲᠠᠨ ᠨᠢᠭᠡᠪᠦᠷᠢ ᠶᠢᠨ ᠤᠬᠠᠮᠰᠠᠷᠲᠤ | ᠳᠠᠳᠬᠠᠯ ᠪᠠ ᠰᠠᠨᠠᠭᠠᠴᠢᠯᠠᠭᠠᠲᠤ ᠬᠥᠭᠡᠭᠡᠴᠡᠯᠳᠦᠯ ᠪᠣᠯᠭᠠᠨ᠎ᠠ᠃ | ︵ᠭᠤᠷᠪᠠ︶ ᠠᠷᠠᠳ ᠲᠦᠮᠡᠨ ᠳᠤ ᠦᠢᠯᠡᠴᠢᠯᠡᠬᠦ ᠪᠠᠷ ᠦᠨᠳᠦᠰᠦᠨ ᠵᠣᠭᠰᠣᠯᠲᠠ ᠪᠠᠨ ᠪᠣᠯᠭᠠᠨ᠎ᠠ᠃ ︽ᠳᠡᠯᠡᠬᠡᠢ ᠳᠡᠭᠡᠷᠡᠬᠢ ᠬᠠᠮᠤᠭ ᠤᠨ ᠶᠡᠭᠡ ᠵᠣᠯ ᠵᠢᠷᠭᠠᠯ ᠪᠣᠯ | ᠠᠷᠠᠳ ᠲᠦᠮᠡᠨ ᠤ ᠵᠣᠯ ᠵᠢᠷᠭᠠᠯ ᠤᠨ ᠲᠥᠯᠥᠭᠡ ᠲᠡᠮᠡᠴᠡᠬᠦ ᠶᠠᠪᠤᠳᠠᠯ ᠪᠤᠯᠤᠨ᠎ᠠ︾᠂ ᠠᠷᠠᠳ ᠤᠨ ᠰᠠᠨᠠᠭᠠᠰᠢᠷᠠᠯ ᠢ ᠪᠣᠳᠣᠯᠬᠢᠯᠠᠵᠤ᠂ ᠠᠷᠠᠳ ᠤᠨ ᠬᠦᠰᠡᠯ ᠡᠷᠡᠮᠡᠯᠵᠡᠯ ᠢ | ᠭᠦᠢᠴᠡᠳᠬᠡᠵᠦ᠂ ᠤᠯᠠᠨ ᠲᠦᠮᠡᠨ ᠤ ᠵᠢᠵᠢᠭ ᠶᠠᠪᠤᠳᠠᠯ ᠢ ᠶᠡᠭᠡ ᠶᠠᠪᠤᠳᠠᠯ ᠪᠣᠯᠭᠠᠵᠤ᠂ ᠤᠯᠠᠨ ᠲᠦᠮᠡᠨ ᠤ ᠪᠠᠴᠢᠮ ᠶᠠᠪᠤᠳᠠᠯ ᠬᠦᠴᠢᠷ ᠶᠠᠪᠤᠳᠠᠯ ᠢ ᠴᠢᠬᠤᠯᠠ ᠶᠠᠪᠤᠳᠠᠯ | ᠪᠣᠯᠭᠠᠵᠤ᠂ ︽ᠪᠢ ᠤᠯᠠᠨ ᠲᠦᠮᠡᠨ ᠳᠤ ᠪᠣᠳᠠᠲᠠᠢ ᠶᠠᠪᠤᠳᠠᠯ ᠬᠢᠵᠦ ᠥᠭᠬᠦ︾ ᠶᠢ ᠦᠷᠭᠦᠯᠵᠢᠯᠡᠨ ᠠᠬᠢᠭᠤᠯᠤᠨ᠎ᠠ᠃ ᠤᠳᠤᠷᠢᠳᠬᠤ ᠺᠠᠳ᠋ᠷᠴᠤᠳ ᠤᠨ | ᠰᠣᠷᠪᠤᠯᠵᠢᠯᠠᠭ᠎ᠠ ᠶᠢ ᠭᠥᠯᠢᠶᠡᠨ ᠠᠪᠬᠤ᠂ ᠤᠳᠠᠰᠤ ᠲᠤᠰᠬᠤ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ︽ᠭᠤᠷᠪᠠᠨ ᠠᠷᠠᠳ︾ ᠤᠨ ᠠᠵᠢᠯᠯᠠᠭ᠎ᠠ ᠶᠢ | ᠭᠦᠨᠵᠡᠭᠡᠶᠢᠷᠡᠭᠦᠯᠦᠨ᠂ ᠤᠯᠠᠨ ᠲᠦᠮᠡᠨ ᠤ ᠬᠦᠰᠡᠯ ᠱᠠᠭᠠᠷᠳᠠᠯᠭ᠎ᠠ ᠶᠢ ᠰᠣᠨᠣᠰᠴᠤ᠂ ᠤᠯᠠᠨ ᠲᠦᠮᠡᠨ ᠤ ᠠᠰᠠᠭᠤᠳᠠᠯ ᠢ ᠦᠨᠡᠨ ᠪᠣᠳᠠᠲᠠᠢ ᠪᠠᠷ ᠰᠢᠢᠳᠪᠦᠷᠢᠯᠡᠨ᠎ᠡ᠃ | ᠦᠨᠳᠦᠰᠦᠨ ᠱᠠᠲᠤ ᠪᠠ ᠤᠯᠠᠨ ᠲᠦᠮᠡᠨ ᠤ ᠡᠭᠦᠳᠦᠨ ᠪᠦᠲᠦᠭᠡᠬᠦ ᠵᠣᠷᠢᠭ ᠰᠠᠨᠠᠭ᠎ᠠ ᠶᠢ ᠬᠦᠨᠳᠦᠳᠬᠡᠵᠦ᠂ ᠬᠠᠮᠲᠤ ᠪᠠᠷ ᠠᠵᠢᠯᠯᠠᠬᠤ ᠨᠡᠶᠢᠯᠡᠮᠡᠯ ᠬᠦᠴᠦᠨ ᠢ | ᠪᠦᠷᠢᠯᠳᠦᠭᠦᠯᠦᠨ᠎ᠡ | ︵ᠳᠥᠷᠪᠡ︶ ᠦᠨᠡᠨ ᠬᠦ ᠠᠳᠬᠤᠵᠤ ᠪᠣᠳᠠᠲᠠᠢ ᠬᠢᠬᠦ ᠶᠢ ᠢᠯᠡ ᠲᠣᠳᠣ ᠲᠡᠪᠢᠰᠬᠡᠷ ᠥᠩᠭᠡ ᠪᠤᠯᠭᠠᠨ᠎ᠠ᠃ ᠤᠴᠢᠷ ᠶᠠᠪᠤᠳᠠᠯ ᠠᠴᠠ ᠵᠠᠶᠢᠯᠠᠬᠤ ᠦᠭᠡᠢ᠂ | ᠬᠠᠷᠢᠭᠤᠴᠠᠯᠭ᠎ᠠ ᠠᠴᠠ ᠵᠠᠶᠢᠯᠠᠬᠤ ᠦᠭᠡᠢ᠂ ᠲᠡᠮᠡᠴᠡᠯ ᠤᠨ ᠵᠤᠷᠢᠭ ᠵᠤᠷᠢᠭ᠎ᠠ ᠶᠢ ᠡᠷᠴᠢᠮᠵᠢᠭᠦᠯᠵᠣ᠂ ᠬᠡᠯᠪᠡᠷᠢ ᠶᠢᠨ ᠦᠵᠡᠯ᠂ ᠨᠣᠶᠠᠨᠴᠢ ᠰᠤᠷᠲᠠᠯ ᠢ ᠡᠷᠡᠰ ᠡᠰᠡᠷᠭᠦᠴᠡᠵᠦ | ᠂ ︽ᠬᠡᠯᠡᠭᠰᠡᠨ ᠢ ᠬᠢᠭᠰᠡᠨ ᠢᠶᠠᠷ ᠪᠣᠳᠤᠬᠤ᠂ ᠬᠢᠭᠰᠡᠨ ᠢ ᠪᠦᠲᠦᠬᠡᠬᠦ ᠪᠠᠷ ᠪᠤᠳᠤᠬᠤ︾ ᠶᠢ ᠡᠷᠡᠰ ᠲᠡᠪᠴᠢᠵᠣ᠂ ︽ᠳᠠᠷᠤᠢ ᠳᠤᠨᠢ ᠬᠢᠵᠦ᠂ ᠦᠨᠡᠨ ᠬᠦ ᠠᠳᠬᠤᠵᠤ | ᠪᠣᠳᠠᠲᠠᠢ ᠬᠢᠬᠦ︾ ᠠᠵᠢᠯ ᠤᠨ ᠰᠤᠷᠲᠠᠯ ᠢ ᠶᠡᠬᠡᠪᠡᠷ ᠪᠠᠳᠠᠷᠠᠭᠤᠯᠤᠨ᠎ᠠ᠃ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ᠂ ᠬᠠᠷᠠᠯᠲᠠ ᠪᠠᠷ ᠤᠳᠤᠷᠢᠳᠤᠮᠵᠢ ᠪᠣᠯᠭᠠᠬᠤ᠂ | ᠦᠷ᠎ᠡ ᠳ᠋ᠦᠩ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠢᠨᠵᠧᠨᠧᠷᠢᠩ ᠤᠨ ᠰᠡᠳᠬᠢᠬᠦᠢ ᠶᠢ ᠴᠢᠩᠭᠠᠳᠬᠠᠵᠤ᠂ ᠠᠵᠢᠯ ᠢ ᠲᠦᠷᠦᠯ ᠵᠦᠢᠯᠴᠢᠯᠡᠬᠦ᠂ ᠨᠠᠷᠢᠨ | ᠳᠠᠩᠰᠠᠴᠢᠯᠠᠬᠤ᠂ ᠬᠠᠷᠢᠭᠤᠴᠠᠯᠭ᠎ᠠ ᠲᠠᠢ ᠪᠣᠯᠭᠠᠬᠤ ᠶᠢ ᠠᠬᠢᠭᠤᠯᠵᠤ᠂ ᠨᠠᠶᠢᠳᠠᠪᠤᠷᠢᠵᠢᠭᠤᠯᠤᠯᠲᠠ ᠶᠢ ᠠᠳᠬᠤᠬᠤ ︽ᠡᠴᠦᠰ ᠤᠨ ᠨᠢᠭᠡ ᠠᠯᠬᠤᠮ︾ ᠢ ᠰᠠᠶᠢᠳᠤᠷ | ᠠᠯᠬᠤᠨ᠎ᠠ᠃ ᠬᠢᠴᠢᠶᠡᠯ ᠨᠥᠬᠦᠵᠦ ᠴᠠᠬᠢᠯᠭᠠᠨ ᠴᠡᠨᠡᠭᠯᠡᠨ ᠡᠨᠧᠷᠬᠢ ᠤᠯᠬᠤ ᠶᠢ ᠴᠢᠩᠭᠠᠳᠬᠠᠵᠤ᠂ ᠪᠦᠲᠦᠭᠡᠯᠴᠢ ᠴᠢᠨᠠᠷᠲᠠᠢ ᠪᠠᠷ ᠨᠠᠶᠢᠳᠠᠪᠤᠷᠢᠵᠢᠭᠤᠯᠤᠯᠲᠠ ᠶᠢ | ᠠᠳᠬᠤᠬᠤ ᠴᠢᠳᠠᠪᠤᠷᠢ ᠪᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ ᠴᠠᠭᠠᠷᠠᠭᠰᠠᠨ ᠴᠢᠳᠠᠪᠤᠷᠢ ᠪᠠᠷ ᠢᠶᠠᠨ ᠲᠡᠷᠢᠭᠦᠨ ᠲᠣᠬᠢᠶᠠᠯ ᠢ ᠪᠣᠶ ᠪᠣᠯᠭᠠᠵᠤ᠂ ᠰᠢᠨ᠎ᠡ ᠪᠠᠶᠢᠳᠠᠯ ᠢ | ᠨᠡᠭᠡᠭᠡᠨ᠎ᠡ᠃ | ︵ᠲᠠᠪᠤ︶ ᠠᠷᠢᠭᠤᠨ ᠴᠢᠬᠡᠴᠢ ᠶᠢ ᠮᠥᠩᠬᠡ ᠶᠢᠨ ᠵᠢᠷᠤᠮᠯᠠᠯ ᠪᠣᠯᠭᠠᠨ᠎ᠠ᠃ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠱᠠᠭᠠᠷᠳᠠᠯᠭ᠎ᠠ ᠶᠢ ᠭᠦᠨᠵᠡᠭᠡᠢ | ᠲᠤᠤᠱᠯᠠᠭᠤᠯᠵᠤ᠂ ᠨᠠᠮ ᠤᠨ ᠰᠤᠷᠲᠠᠯ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢᠨ ︽ᠨᠢᠭᠡ ᠠᠵᠢᠯ ᠤᠨ ᠪᠠᠶᠢᠷᠢ ᠳᠤ ᠬᠤᠶᠠᠷ ᠬᠠᠷᠢᠭᠤᠴᠠᠯᠭ᠎ᠠ | ᠲᠠᠢ ᠪᠠᠶᠢᠬᠤ︾ ᠶᠢ ᠨᠠᠷᠢᠨ ᠬᠢᠨᠠᠮᠠᠭᠠᠢ ᠭᠦᠢᠴᠡᠳᠬᠡᠵᠦ᠂ ᠠᠷᠢᠭᠤᠨ ᠴᠢᠬᠡᠴᠢ ᠪᠠᠷ ᠵᠠᠰᠠᠭ ᠪᠠᠷᠢᠬᠤ ᠬᠤᠷᠢᠭ᠎ᠠ ᠱᠤᠭᠤᠮ ᠢ ᠰᠠᠶᠢᠲᠤᠷ ᠰᠠᠬᠢᠵᠤ᠂ ᠠᠷᠢᠭᠤᠨ ᠴᠢᠬᠡᠴᠢ | ᠵᠠᠰᠠᠭ ᠤᠨ ᠣᠷᠳᠣᠨ ᠢ ᠪᠠᠶᠢᠭᠤᠯᠤᠨ᠎ᠠ᠃ ᠢᠳᠡᠬᠡᠯ ᠲᠠᠢ ᠪᠠᠶᠢᠵᠣ ᠠᠮᠠᠯᠠᠯᠲᠠ ᠪᠠᠨ ᠪᠡᠶᠡᠯᠡᠭᠦᠯᠬᠦ ᠲᠣᠭᠲᠠᠴᠠ ᠶᠢ ᠪᠦᠷᠢᠨᠰᠢᠭᠦᠯᠵᠦ᠂ ᠬᠡᠯᠡᠪᠡᠯ ᠢᠳᠡᠬᠡᠯ ᠲᠠᠢ᠂ ᠬᠢᠪᠡᠯ | ᠦᠷ᠎ᠡ ᠳ᠋ᠦᠩ ᠲᠠᠢ ᠪᠠᠶᠢᠵᠣ᠂ ︽ᠰᠢᠨ᠎ᠡ ᠨᠣᠶᠠᠨ ᠬᠠᠭᠤᠴᠢᠨ ᠲᠠᠩᠰᠠ ᠶᠢ ᠬᠠᠮᠢᠶᠠᠷᠬᠤ ᠦᠭᠡᠢ︾ ᠪᠠᠶᠢᠵᠤ ᠤᠭᠳᠤ ᠪᠣᠯᠬᠤ ᠦᠭᠡᠢ᠃ ᠠᠷᠪᠢᠯᠠᠨ ᠭᠠᠮᠨᠠᠵᠤ | ᠠᠮᠢᠳᠤᠷᠠᠬᠤ ᠱᠠᠭᠠᠷᠳᠠᠯᠭ᠎ᠠ ᠶᠢ ᠰᠠᠶᠢᠲᠤᠷ ᠨᠠᠶᠢᠳᠠᠪᠤᠷᠢᠵᠢᠭᠤᠯᠤᠨ᠂ ᠡᠳ᠋ ᠤᠨ ᠵᠠᠰᠠᠭ ᠤᠨ ᠪᠡᠯᠡ ᠮᠥᠩᠭᠦ ᠶᠢᠨ ᠠᠮᠵᠢᠯᠲᠠ ᠪᠦᠲᠦᠮᠵᠢ ᠶᠢ ᠦᠨᠡᠯᠡᠨ ᠵᠢᠱᠢᠬᠦ ᠶᠢ | ᠴᠢᠩᠭᠠᠳᠬᠠᠵᠤ᠂ ︽ᠭᠤᠷᠪᠠᠨ ᠵᠦᠢᠯ ᠤᠨ ᠠᠯᠪᠠᠨ ᠤ ᠵᠠᠷᠤᠳᠠᠯ︾ ᠢ ᠪᠠᠭᠠᠰᠬᠠᠨ᠂ ᠡᠩ ᠤᠨ ᠴᠢᠨᠠᠷᠲᠠᠢ ᠵᠠᠷᠤᠯᠭ᠎ᠠ ᠶᠢ ᠴᠢᠩᠭ᠎ᠠ ᠬᠢᠵᠠᠭᠠᠷᠯᠠᠵᠤ᠂ ᠭᠤᠣᠯᠳᠠᠯᠭ᠎ᠠ ᠲᠠᠢ | ᠵᠠᠷᠤᠯᠭ᠎ᠠ ᠶᠢ ᠪᠠᠲᠤᠯᠠᠵᠤ᠂ ᠵᠣᠭᠤᠰ ᠨᠢᠭᠡᠪᠦᠷᠢ ᠶᠢ ᠴᠥᠮ ᠵᠠᠩᠭᠢᠯᠠᠭ᠎ᠠ ᠶᠢᠨ ᠭᠠᠵᠠᠷ ᠲᠤᠨᠢ ᠬᠡᠷᠡᠭᠯᠡᠨ᠎ᠡ᠃ ᠪᠡᠶ᠎ᠡ ᠳᠡᠭᠡᠨ ᠬᠤᠪᠢᠰᠬᠠᠯ ᠬᠢᠬᠦ ᠵᠤᠷᠢᠭ ᠰᠠᠨᠠᠭ᠎ᠠ ᠶᠢ ᠶᠡᠬᠡᠪᠡᠷ | ᠪᠠᠳᠠᠷᠠᠭᠤᠯᠵᠤ᠂ ᠲᠥᠪ ᠤᠨ ᠨᠠᠢᠮᠠᠨ ᠲᠣᠭᠲᠠᠭᠠᠯ ᠵᠢᠴᠢ ᠬᠡᠷᠡᠭᠵᠢᠭᠦᠯᠬᠦ ᠨᠠᠷᠢᠨ ᠳᠦᠷᠢᠮ ᠤᠨ ᠵᠣᠷᠢᠭ ᠰᠠᠨᠠᠭ᠎ᠠ ᠶᠢ ᠴᠥᠬᠦᠷᠡᠯ ᠦᠭᠡᠢ ᠨᠠᠶᠢᠳᠠᠪᠤᠷᠢᠵᠢᠭᠤᠯᠵᠤ᠂ | ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠠᠷᠠᠳ ᠤᠨ ᠲᠥᠯᠥᠭᠡ ᠵᠢᠳᠬᠦᠬᠦ᠂ ᠪᠣᠳᠠᠲᠠᠢ ᠶᠢ ᠡᠷᠬᠢᠮᠯᠡᠬᠦ᠂ | ᠠᠷᠢᠭᠤᠨ ᠴᠢᠬᠡᠴᠢ ᠪᠠᠶᠢᠬᠤ ᠤᠯᠤᠰ ᠲᠦᠷᠦ ᠶᠢᠨ ᠮᠦᠨ ᠴᠢᠨᠠᠷ ᠢᠶᠠᠨ ᠡᠭᠦᠷᠢᠳᠡ ᠬᠠᠳᠠᠭᠠᠯᠠᠨ᠎ᠠ᠃ | ᠲᠥᠯᠥᠭᠡᠯᠡᠭᠴᠢᠳ ᠠ᠋︕ ᠵᠠᠭᠤᠨ ᠵᠢᠯ ᠤᠨ ᠲᠡᠦᠬᠡ ᠶᠢᠨ ᠠᠮᠵᠢᠯᠲᠠ ᠪᠦᠲᠦᠮᠵᠢ ᠭᠡᠷᠡᠯ ᠰᠠᠴᠤᠷᠠᠩᠭᠤᠢ ᠪᠠᠶᠢᠵᠤ᠂ ᠰᠢᠨ᠎ᠡ ᠠᠶᠠᠨ ᠨᠢᠭᠡᠨᠲᠡ ᠡᠬᠢᠯᠡᠯ᠎ᠡ᠂ ᠪᠢᠳᠡ | ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠡᠩ ᠨᠢᠭᠲᠠᠷᠠᠨ ᠪᠦᠯᠬᠦᠮᠳᠡᠵᠦ᠂ ᠥᠪᠡᠷᠲᠡᠭᠡᠨ ᠵᠠᠰᠠᠬᠤ ᠣᠷᠣᠨ ᠤ | ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠣᠯᠣᠨ ᠬᠤᠳᠠ ᠶᠢᠨ ᠨᠠᠮ ᠤᠨ ᠬᠤᠷᠢᠶ᠎ᠠ ᠶᠢᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠭᠠᠷ ᠬᠤᠯᠪᠣᠨ ᠬᠠᠮᠳᠤ ᠪᠠᠷ | ᠢᠷᠡᠭᠡᠳᠦᠢ ᠵᠦᠭ ᠤᠷᠤᠭᠰᠢᠯᠠᠵᠤ᠂ ᠰᠢᠯᠢᠳᠡᠭ ᠠᠮᠵᠢᠯᠲᠠ ᠪᠠᠷ ᠢᠶᠠᠨ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠪᠠᠷ ᠬᠤᠷᠠᠯᠳᠤᠬᠤ ᠶᠢ ᠤᠭᠲᠤᠵᠤ᠂ | ᠦᠵᠡᠰᠬᠦᠯᠡᠩᠲᠦ ᠰᠠᠶᠢᠬᠠᠨ ᠥᠪᠥᠷ ᠮᠣᠩᠭᠤᠯ ᠢᠶᠠᠨ ᠪᠦᠲᠦᠭᠡᠨ ᠪᠠᠶᠢᠭᠤᠯᠵᠤ᠂ ᠠᠭᠤᠤ ᠶᠡᠭᠡ ᠳᠤᠮᠳᠠᠳᠤ ᠶᠢᠨ ᠵᠡᠭᠦᠳᠦ ᠪᠠᠨ ᠬᠠᠮᠳᠤ ᠪᠠᠷ ᠲᠡᠷᠭᠡᠯᠰᠢᠭᠦᠯᠬᠦ ᠳᠤ ᠨᠡᠩ | ᠶᠡᠭᠡ ᠰᠢᠨ᠎ᠡ ᠬᠤᠪᠢ ᠨᠡᠮᠡᠷᠢ ᠦᠵᠡᠭᠦᠯᠦᠶ᠎ᠡ︕ | ᠨᠡᠷ᠎ᠡ ᠦᠬᠡᠰ ᠤᠨ ᠲᠠᠶᠢᠯᠪᠤᠷᠢ | 18 ᠭᠤᠣᠯᠳᠠᠯᠭ᠎ᠠ ᠲᠠᠢ ᠠᠵᠤ ᠦᠢᠯᠡᠰ ᠤᠨ ᠬᠡᠯᠬᠢᠶ᠎ᠡ᠄ ᠰᠢᠨ᠎ᠡ ᠡᠨᠧᠷᠭᠢ ᠶᠢᠨ ᠬᠦᠨᠳᠦ ᠬᠡᠯᠪᠡᠷᠢ ᠶᠢᠨ ᠠᠴᠢᠶᠠᠨ ᠤ ᠮᠠᠰᠢᠨ ᠲᠡᠷᠬᠡ ᠶᠢᠨ ᠠᠵᠤ ᠦᠢᠯᠡᠰ ᠤᠨ | ᠬᠡᠯᠬᠢᠶ᠎ᠡ᠂ ᠨᠣᠭᠤᠭᠠᠨ ᠤᠰᠤᠲᠥ᠋ᠷᠥᠭᠴᠢ ᠶᠢᠨ ᠠᠵᠤ ᠦᠢᠯᠡᠰ ᠤᠨ ᠬᠡᠯᠬᠢᠶ᠎ᠡ᠂ ᠰᠠᠯᠬᠢᠨ ᠡᠨᠧᠷᠬᠢ ᠬᠡᠷᠡᠯ ᠴᠡᠨᠡᠭ ᠤᠨ ᠠᠵᠤ ᠦᠢᠯᠡᠰ ᠤᠨ ᠬᠡᠯᠬᠢᠶ᠎ᠡ᠂ ᠡᠨᠧᠷᠭᠢ | ᠬᠠᠳᠠᠭᠠᠯᠠᠬᠤ ᠠᠵᠤ ᠦᠢᠯᠡᠰ ᠤᠨ ᠬᠡᠯᠬᠢᠶ᠎ᠡ᠂ ᠬᠢᠮᠢ ᠶᠢᠨ ᠠᠵᠤ ᠦᠢᠯᠡᠳᠪᠦᠷᠢ ᠶᠢᠨ ᠠᠵᠤ ᠦᠢᠯᠡᠰ ᠤᠨ ᠬᠡᠯᠬᠢᠶ᠎ᠡ᠂ ᠾᠯᠣᠷ ᠱᠦᠯᠲᠦ ᠶᠢᠨ ᠬᠢᠮᠢ ᠶᠢᠨ ᠠᠵᠤ | ᠦᠢᠯᠡᠳᠪᠦᠷᠢ ᠶᠢᠨ ᠠᠵᠤ ᠣᠶᠢᠯᠡᠰ ᠤᠨ ᠬᠡᠯᠬᠢᠶ᠎ᠡ᠂ ᠬᠡᠣᠷᠰᠢᠮᠠᠯ ᠤᠨ ᠳᠣᠣᠷᠠᠳᠤ ᠤᠷᠤᠰᠬᠠᠯ ᠤᠨ ᠠᠵᠤ ᠦᠢᠯᠡᠰ ᠤᠨ ᠬᠡᠯᠬᠢᠶ᠎ᠡ᠂ ᠬᠠᠲᠠᠭᠤ ᠪᠡᠶᠡᠲᠦ ᠬᠠᠶᠠᠭᠳᠠᠮᠠᠯ | ᠪᠣᠳᠠᠰ ᠢ ᠶᠡᠷᠦᠩᠬᠡᠶᠢᠯᠡᠨ ᠠᠰᠢᠭᠯᠠᠬᠤ ᠵᠢᠴᠢ ᠰᠢᠨ᠎ᠡ ᠮᠠᠲ᠋ᠧᠷᠢᠶᠠᠯ ᠤᠨ ᠠᠵᠤ ᠦᠢᠯᠡᠰ ᠤᠨ ᠬᠡᠯᠬᠢᠶ᠎ᠡ᠂ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠪᠠ ᠬᠥᠮᠥᠵᠢᠭᠦᠯᠬᠦ | ᠠᠵᠤ ᠦᠢᠯᠡᠰ ᠤᠨ ᠬᠡᠯᠬᠢᠶ᠎ᠡ᠂ ᠰᠢᠨᠵᠢᠯᠡᠬᠦ ᠤᠬᠠᠭᠠᠨ ᠮᠡᠷᠭᠡᠵᠢᠯ ᠢᠶᠠᠷ ᠴᠢᠳᠠᠪᠦᠷᠢ ᠣᠯᠭᠤᠬᠤ ᠠᠵᠤ ᠦᠢᠯᠡᠰ ᠤᠨ ᠬᠡᠯᠬᠢᠶ᠎ᠡ᠂ ᠲᠣᠭᠠᠴᠢᠯᠠᠭᠰᠠᠨ ᠠᠵᠤ ᠦᠢᠯᠡᠰ ᠤᠨ | ᠬᠡᠯᠬᠢᠶ᠎ᠡ᠂ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠬᠡᠯᠬᠢᠶ᠎ᠡ᠂ ᠠᠭᠠᠷ ᠤᠨ ᠠᠶᠠᠯᠠᠯ ᠤᠨ ᠠᠵᠤ ᠦᠢᠯᠡᠰ ᠤᠨ ᠬᠡᠯᠬᠢᠶ᠎ᠡ᠂ ᠮᠥᠩᠭᠦᠨ ᠭᠦᠢᠯᠭᠡᠭᠡᠨ ᠤ | ᠦᠢᠯᠡᠴᠢᠯᠡᠭᠡᠨ ᠤ ᠠᠵᠤ ᠦᠢᠯᠡᠰ ᠤᠨ ᠬᠡᠯᠬᠢᠶ᠎ᠡ᠂ ᠠᠷᠠᠯᠵᠢᠶ᠎ᠠ ᠬᠤᠳᠠᠯᠳᠤᠭᠠᠨ ᠤ ᠦᠢᠯᠡᠴᠢᠯᠡᠭᠡ ᠪᠠ ᠣᠲᠣ ᠦᠶ᠎ᠡ ᠶᠢᠨ ᠪᠠᠷᠠᠭᠠᠨ ᠤ ᠭᠦᠢᠯᠭᠡᠭᠡᠨ ᠤ ᠠᠵᠤ | ᠦᠢᠯᠡᠰ ᠤᠨ ᠬᠡᠯᠬᠢᠶ᠎ᠡ᠂ ᠠᠮᠢᠳᠤ ᠪᠣᠳᠠᠰ ᠡᠮ ᠡᠮᠨᠡᠯᠭᠡ ᠵᠢᠴᠢ ᠡᠷᠡᠭᠦᠯ ᠮᠡᠨᠳᠦ ᠶᠢᠨ ᠠᠵᠤ ᠦᠢᠯᠡᠰ ᠤᠨ ᠬᠡᠯᠬᠢᠶ᠎ᠡ᠂ ᠬᠥᠩᠭᠡᠨ ᠠᠵᠣ ᠣᠶᠢᠯᠡᠳᠪᠦᠷᠢ ᠶᠢᠨ ᠨᠡᠬᠡᠮᠡᠯ ᠤᠨ | ᠠᠵᠤ ᠦᠢᠯᠡᠰ ᠤᠨ ᠬᠡᠯᠬᠢᠶ᠎ᠡ᠂ ᠪᠣᠬᠢᠷᠳᠤᠯ ᠦᠭᠡᠢ ᠲᠠᠷᠢᠶᠠᠯᠠᠩ ᠤᠨ ᠪᠦᠲᠦᠭᠡᠭᠳᠡᠭᠦᠨ ᠮᠠᠯ ᠤᠨ ᠠᠰᠢᠭ ᠰᠢᠮ᠎ᠡ ᠶᠢ ᠨᠠᠷᠢᠯᠢᠭ ᠡᠳ᠋ᠰᠢᠭᠦᠯᠬᠦ ᠠᠵᠤ ᠦᠢᠯᠡᠰ ᠤᠨ ᠬᠡᠯᠬᠢᠶ᠎ᠡ | ᠃ | ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠲᠥᠷᠥ ᠶᠢᠨ ᠪᠣᠳᠣᠯᠭ᠎ᠠ 30 ᠵᠤᠷᠪᠤᠰ᠄ 2021 ᠣᠨ ᠤ 5 ᠰᠠᠷ᠎ᠠ ᠶᠢᠨ 19 ᠤ ᠡᠳᠦᠷ᠂ ᠬᠤᠲᠠ ᠶᠢᠨ | ᠠᠷᠠᠳ ᠤᠨ ᠵᠠᠰᠠᠭ ᠤᠨ ᠣᠷᠳᠣᠨ ᠠᠴᠠ ︽ᠣᠷᠳᠣᠰ ᠬᠤᠲᠠ ᠶᠢᠨ ︿ᠰᠢᠨᠵᠢᠯᠡᠬᠦ ᠤᠬᠠᠭᠠᠨ ᠮᠡᠷᠭᠡᠵᠢᠯ ᠢᠶᠠᠷ ᠦᠪᠦᠷ ᠮᠣᠩᠭᠤᠯ ᠢᠶᠠᠨ ᠮᠠᠨᠳᠤᠭᠤᠯᠬᠤ﹀ ᠠᠵᠢᠯᠯᠠᠭ᠎ᠠ ᠶᠢ | ᠭᠦᠨᠵᠡᠭᠡᠢ ᠨᠠᠶᠢᠳᠠᠪᠤᠷᠢᠵᠢᠭᠤᠯᠵᠤ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠪᠠᠷ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠵᠢᠭᠦᠯᠬᠦ | ᠲᠥᠰᠥᠯ︾ ᠢ ᠳᠠᠷᠤᠮᠠᠯᠯᠠᠨ ᠲᠠᠷᠬᠠᠭᠠᠪᠠ᠂ ᠡᠨᠡ ᠪᠣᠯ ᠪᠥᠬᠦ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠦᠷᠢᠶᠡᠨ ᠳᠠᠬᠢ ᠰᠢᠰᠲ᠋ᠧᠮᠲᠦ ᠴᠢᠨᠠᠷ ᠢᠶᠠᠷ | ᠬᠠᠮᠤᠭ ᠤᠨ ᠪᠦᠷᠢᠨ ᠪᠦᠲᠦᠨ᠂ ᠬᠠᠨᠳᠤᠯᠭᠠᠲᠤ ᠴᠢᠨᠠᠷ ᠢᠶᠠᠷ ᠬᠠᠮᠤᠭ ᠤᠨ ᠴᠢᠩᠭ᠎ᠠ᠂ ᠰᠢᠨ᠎ᠡ ᠶᠢ ᠡᠭᠦᠳᠬᠦ ᠡᠷᠴᠢᠮ ᠢᠶᠠᠷ ᠬᠠᠮᠤᠭ ᠤᠨ ᠶᠡᠭᠡ᠂ ᠦᠨ᠎ᠡ ᠦᠷᠳᠡᠭ ᠢᠶᠠᠷ | ᠬᠠᠮᠤᠭ ᠤᠨ ᠥᠨᠳᠥᠷ ᠲᠥᠷᠥ ᠶᠢᠨ ᠪᠣᠳᠣᠯᠭ᠎ᠠ ᠶᠢᠨ ᠪᠢᠴᠢᠭ ᠮᠠᠲ᠋ᠧᠷᠢᠶᠠᠯ ᠪᠣᠯᠣᠨ᠎ᠠ᠃ | ︽ᠰᠢᠨ᠎ᠡ ᠶᠢ ᠡᠭᠦᠳᠦᠭᠰᠡᠨ ᠦᠷ᠎ᠡ ᠪᠦᠲᠦᠬᠡᠯ ᠢ ᠴᠤᠭᠯᠠᠭᠤᠯᠬᠤ︾ ᠲᠣᠭᠲᠠᠴᠠ᠄ ᠨᠢᠭᠡ ᠵᠦᠢᠯ ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠦᠷ᠎ᠡ | ᠪᠦᠲᠦᠭᠡᠯ ᠢᠶᠠᠷ ᠪᠡᠯᠡᠨ ᠵᠣᠭᠤᠰ ᠪᠣᠯᠭᠠᠬᠤ ᠰᠢᠨᠵᠢᠯᠡᠬᠦ ᠤᠬᠠᠭᠠᠨ ᠤ ᠰᠤᠳᠤᠯᠭᠠᠨ ᠤ ᠵᠠᠷᠤᠳᠠᠯ ᠤᠨ ᠣᠷᠣᠭᠤᠯᠤᠯᠲᠠ ᠶᠢᠨ ᠪᠠᠶᠢᠭᠤᠯᠤᠯ᠂ ᠵᠠᠰᠠᠭ ᠤᠨ ᠣᠷᠳᠣᠨ ᠤ | ᠵᠣᠬᠢᠶᠠᠨ ᠪᠠᠶᠢᠭᠤᠯᠤᠯᠲᠠ ᠠᠴᠠ ᠪᠥᠬᠦ ᠨᠡᠶᠢᠭᠡᠮ ᠳᠤ ᠬᠠᠨᠳᠤᠭᠤᠯᠤᠨ ᠨᠡᠭᠡᠭᠡᠯᠲᠡ ᠲᠠᠢ ᠪᠠᠷ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠦᠭᠰᠡᠨ ᠦᠷ᠎ᠡ | ᠪᠦᠲᠦᠭᠡᠯ ᠢ ᠴᠤᠭᠯᠠᠭᠤᠯᠬᠤ ᠨᠢᠭᠡ ᠵᠦᠢᠯ ᠤᠨ ᠦᠶᠡᠯᠡᠯ ᠤᠨ ᠪᠤᠰᠤ ᠴᠢᠨᠠᠷᠲᠠᠢ ᠰᠢᠨᠵᠢᠯᠡᠬᠦ ᠤᠬᠠᠭᠠᠨ ᠤ ᠰᠤᠳᠤᠯᠭᠠᠨ ᠤ ᠲᠤᠰᠠᠯᠠᠮᠵᠢ ᠶᠢᠨ ᠲᠣᠬᠢᠷᠠᠭᠤᠯᠤᠯᠲᠠ ᠪᠣᠯᠣᠨ᠎ᠠ | ᠃ | ︽ᠭᠤᠷᠪᠠ ᠶᠢ ᠦᠭᠡᠶᠢᠰᠬᠡᠬᠦ︾ ᠠᠵᠢᠯᠯᠠᠭ᠎ᠠ᠄ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠳᠤ ᠰᠤᠳᠤᠯᠤᠨ ᠨᠡᠭᠡᠭᠡᠬᠦ | ᠣᠷᠣᠭᠤᠯᠤᠯᠲᠠ ᠦᠭᠡᠢ᠂ ᠰᠤᠳᠤᠯᠤᠨ ᠨᠡᠭᠡᠭᠡᠬᠦ ᠪᠠᠶᠢᠭᠤᠯᠤᠮᠵᠢ ᠦᠭᠡᠢ᠂ ᠡᠭᠦᠳᠦᠯᠲᠡ ᠶᠢᠨ ᠲᠤᠰᠬᠠᠢ ᠠᠰᠢᠭ ᠪᠠᠶᠢᠬᠤ ᠶᠢ ︽ᠦᠭᠡᠶᠢᠰᠬᠡᠬᠦ︾ ᠶᠢ ᠪᠡᠶᠡᠯᠡᠭᠦᠯᠦᠨ᠎ᠡ᠃ | ᠴᠢᠳᠠᠪᠤᠷᠢᠲᠠᠨ ᠤ ᠰᠢᠨ᠎ᠡ ᠲᠥᠷᠥ ᠶᠢᠨ ᠪᠣᠳᠣᠯᠭ᠎ᠠ 30 ᠵᠤᠷᠪᠤᠰ᠄ 2021 ᠣᠨ ᠤ 9 ᠰᠠᠷ᠎ᠠ ᠶᠢᠨ 8 ᠤ ᠡᠳᠦᠷ᠂ ᠬᠤᠲᠠ ᠶᠢᠨ ᠨᠠᠮ ᠤᠨ ᠬᠤᠷᠢᠶ᠎ᠠ᠂ | ᠬᠤᠲᠠ ᠶᠢᠨ ᠠᠷᠠᠳ ᠤᠨ ᠵᠠᠰᠠᠭ ᠤᠨ ᠣᠷᠳᠣᠨ ᠠᠴᠠ ︽ᠣᠷᠳᠣᠰ ᠬᠤᠲᠠ ᠶᠢᠨ ᠰᠢᠨ᠎ᠡ ᠴᠠᠭ ᠦᠶ᠎ᠡ ᠶᠢᠨ ᠴᠢᠳᠠᠪᠤᠷᠢᠲᠠᠨ ᠤ ᠠᠵᠢᠯ ᠢ ᠴᠢᠩᠭᠠᠳᠬᠠᠵᠤ ᠴᠢᠨᠠᠷ | ᠰᠠᠶᠢᠲᠠᠢ ᠬᠥᠭᠵᠢᠯᠲᠡ ᠶᠢ ᠠᠬᠢᠭᠤᠯᠬᠤ ᠲᠤᠬᠠᠢ ᠲᠥᠷᠥ ᠶᠢᠨ ᠪᠣᠳᠣᠯᠭ᠎ᠠ ᠨᠤᠭᠤᠳ︾ ᠢ ᠳᠠᠷᠤᠮᠠᠯᠯᠠᠨ ᠲᠠᠷᠬᠠᠭᠠᠪᠠ᠂ ᠡᠨᠡ ᠪᠣᠯ ᠪᠥᠬᠦ ᠬᠤᠲᠠ ᠶᠢᠨ ᠥᠩᠭᠡᠷᠡᠭᠰᠡᠨ | ᠵᠢᠯ ᠤᠳ ᠤᠨ ᠲᠥᠷᠥ ᠶᠢᠨ ᠪᠣᠳᠣᠯᠭ᠎ᠠ ᠪᠠᠷ ᠬᠠᠮᠤᠭ ᠤᠨ ᠰᠢᠯᠢᠳᠡᠭ᠂ ᠡᠷᠴᠢᠮ ᠢᠶᠠᠷ ᠬᠠᠮᠤᠭ ᠤᠨ ᠶᠡᠭᠡ᠂ ᠲᠠᠰ ᠳᠠᠪᠬᠤᠷᠭ᠎ᠠ ᠪᠠᠷ ᠬᠠᠮᠤᠭ ᠤᠨ ᠣᠯᠠᠨ᠂ ᠠᠷᠭ᠎ᠠ | ᠮᠠᠶ᠋ᠢᠭ ᠢᠶᠠᠷ ᠬᠠᠮᠤᠭ ᠤᠨ ᠠᠮᠢᠳᠤᠯᠢᠭ ︽ᠪᠦᠬᠦᠨ ᠢ ᠬᠠᠮᠤᠷᠤᠭᠰᠠᠨ︾ ᠴᠢᠳᠠᠪᠤᠷᠢᠲᠠᠨ ᠤ ᠲᠥᠷᠥ ᠶᠢᠨ ᠪᠣᠳᠣᠯᠭ᠎ᠠ ᠮᠥᠨ᠃ | ︽ᠬᠤᠶᠠᠷ ᠶᠡᠬᠡᠲᠡᠢ︾ ᠲᠦᠷᠦᠯ ᠵᠣᠶᠢᠯ᠄ ᠡᠨᠧᠷᠬᠢ ᠶᠢᠨ ᠬᠤᠷᠤᠭᠳᠠᠭᠤᠯᠤᠯ ᠶᠡᠬᠡᠲᠠᠢ᠂ ᠪᠤᠬᠢᠷᠳᠤᠯ ᠶᠡᠬᠡᠲᠠᠢ ᠲᠦᠷᠦᠯ ᠵᠣᠶᠢᠯ᠃ | ︽ᠨᠢᠭᠡ ᠶᠠᠪᠤᠳᠠᠯ ᠢ ᠨᠢᠭᠡ ᠤᠳᠠᠭ᠎ᠠ ᠳᠤ ᠭᠦᠢᠴᠡᠳᠬᠡᠬᠦ︾ ᠥᠭᠡᠷᠡᠴᠢᠯᠡᠯᠲᠡ᠄ ᠡᠯ᠎ᠡ ᠰᠠᠯᠠᠭ᠎ᠠ ᠮᠥᠴᠢᠷ ᠤᠨ ᠬᠤᠭᠤᠷᠣᠨᠳᠤ ᠬᠠᠷᠢᠯᠴᠠᠨ ᠬᠤᠯᠪᠤᠭᠳᠠᠬᠤ ︽ᠲᠠᠩ | ᠭᠠᠭᠴᠠ ᠵᠣᠶᠢᠯᠡᠰ︾ ᠢ ᠠᠵᠤ ᠠᠬᠤᠶᠢᠯᠠᠯ ᠣᠯᠠᠨ ᠲᠦᠮᠡᠨ ᠤ ᠨᠢᠳᠤᠨ ᠳᠠᠬᠢ ︽ᠨᠢᠭᠡ ᠶᠠᠪᠤᠳᠠᠯ︾ ᠪᠣᠯᠭᠠᠵᠤ᠂ ᠰᠦᠯᠵᠢᠶᠡᠨ ᠳᠡᠭᠡᠷ᠎ᠡ ᠨᠢᠭᠡ ᠯᠡ ᠤᠳᠠᠭ᠎ᠠ ᠳᠤ | ᠭᠠᠷᠴᠣ᠂ ᠨᠢᠭᠡ ᠯᠡ ᠰᠦᠯᠵᠢᠶ᠎ᠡ ᠪᠠᠷ ᠨᠡᠶᠢᠳᠡᠮ ᠭᠦᠢᠴᠡᠳᠬᠡᠵᠣ᠂ ᠰᠦᠯᠵᠢᠶᠡᠨ ᠭᠠᠳᠠᠨ᠎ᠠ ᠨᠢᠭᠡ ᠯᠡ ᠡᠭᠦᠳᠡ ᠪᠠᠷ ᠣᠷᠣᠵᠤ᠂ ᠠᠭᠳᠠᠬᠤ ᠳᠠᠭᠠᠨ ᠨᠢᠭᠡ ᠯᠡ ᠤᠳᠠᠭ᠎ᠠ | ᠭᠦᠶᠦᠨ᠎ᠡ᠃ | ︽ᠨᠢᠭᠡ ᠦᠨᠡᠮᠯᠡᠯ ︵ᠬᠡᠷᠡᠴᠢ︶ ᠢᠶᠠᠷ ᠨᠡᠪᠲᠡᠷᠡᠬᠦ︾ ᠥᠭᠡᠷᠡᠴᠢᠯᠡᠯᠲᠡ᠄ ︽ᠨᠢᠭᠡ ᠶᠠᠪᠤᠳᠠᠯ︾ ᠢ ᠪᠦᠲᠦᠭᠡᠬᠦ ᠪᠠᠷ ᠤᠳᠤᠷᠢᠳᠤᠮᠵᠢ ᠪᠣᠯᠭᠠᠵᠤ᠂ ᠠᠵᠢᠯ | ᠲᠥᠷᠥᠯ ᠤᠨ ᠶᠡᠷᠦᠩᠬᠡᠶᠢᠯᠡᠭᠰᠡᠨ ᠵᠥᠪᠰᠢᠶᠡᠷᠡᠯ ᠤᠨ ᠳᠦᠷᠢᠮ ᠢ ᠪᠠᠶᠢᠭᠤᠯᠤᠨ᠂ ᠨᠢᠭᠡ ᠠᠵᠢᠯ ᠲᠥᠷᠥᠯ ᠤᠨ ᠤᠷᠤᠭᠤᠯᠬᠤ ᠪᠠ ᠡᠵᠡᠩᠨᠡᠬᠦ ᠶᠢ ᠵᠦᠪᠰᠢᠶᠡᠷᠡᠬᠦ ᠳᠤ | ᠬᠤᠯᠪᠣᠭᠳᠠᠬᠤ ᠣᠯᠠᠨ ᠵᠥᠪᠰᠢᠶᠡᠷᠡᠯ ᠤᠨ ᠦᠨᠡᠮᠯᠡᠯ ᠢ ᠨᠡᠶᠢᠯᠡᠭᠦᠯᠦᠭᠡᠳ ᠨᠢᠭᠡ ᠠᠵᠢᠯ ᠲᠥᠷᠥᠯ ᠤᠨ ᠶᠡᠷᠦᠩᠬᠡᠶᠢᠯᠡᠭᠰᠡᠨ ᠵᠥᠪᠰᠢᠶᠡᠷᠡᠯ ᠤᠨ ᠦᠨᠡᠮᠯᠡᠯ ᠪᠣᠯᠭᠠᠵᠤ᠂ | ᠠᠵᠢᠯ ᠲᠥᠷᠥᠯ ᠤᠨ ᠪᠥᠬᠦ ᠬᠡᠯᠬᠢᠶᠡᠨ ᠤ ᠵᠥᠪᠰᠢᠶᠡᠷᠡᠯ᠂ ᠣᠯᠠᠨ ᠵᠣᠶᠢᠯᠡᠰ ᠢ ᠡᠮᠬᠢᠯᠡᠨ ᠨᠡᠶᠢᠯᠡᠭᠦᠯᠬᠦ᠂ ᠨᠢᠭᠡ ᠲᠠᠮᠠᠭ᠎ᠠ ᠪᠠᠷ ᠬᠢᠨᠠᠨ ᠵᠥᠪᠰᠢᠶᠡᠷᠡᠬᠦ | ᠥᠭᠡᠷᠡᠴᠢᠯᠡᠯᠲᠡ ᠶᠢᠨ ᠰᠢᠨ᠎ᠡ ᠵᠠᠭᠪᠤᠷ ᠢ ᠪᠣᠶ ᠪᠣᠯᠭᠠᠨ᠎ᠠ᠃ | ᠣᠷᠣᠨ ᠪᠦᠰᠡ ᠶᠢᠨ ᠦᠨᠡᠯᠡᠨ ᠵᠢᠱᠢᠯᠲᠡ᠄ ᠤᠨᠴᠠ ᠲᠣᠭᠲᠠᠭᠠᠭᠰᠠᠨ ᠣᠷᠣᠨ ᠪᠦᠰᠡ ᠶᠢᠨ ᠬᠡᠪᠴᠢᠶᠡᠨ ᠳᠣᠲᠣᠷ᠎ᠠ᠂ ᠵᠠᠰᠠᠭ ᠤᠨ ᠣᠷᠳᠣᠨ ᠠᠴᠠ ᠲᠥᠷᠥᠯ | ᠵᠦᠢᠯ ᠤᠨ ᠪᠦᠲᠦᠭᠡᠨ ᠪᠠᠶᠢᠭᠤᠯᠤᠯᠲᠠ ᠳᠤ ᠬᠤᠯᠪᠣᠭᠳᠠᠬᠤ ᠬᠢᠨᠠᠨ ᠲᠣᠭᠲᠠᠭᠠᠵᠤ ᠬᠢᠨᠠᠨ ᠵᠥᠪᠰᠢᠶᠡᠷᠡᠬᠦ ᠵᠦᠢᠯᠡᠰ ᠤᠨ ᠦᠨᠡᠯᠡᠨ ᠵᠢᠱᠢᠬᠦ ᠠᠵᠢᠯ ᠢ ᠬᠠᠷᠢᠭᠤᠴᠠᠨ | ᠪᠡᠶᠡᠯᠡᠭᠦᠯᠵᠦ᠂ ᠪᠦᠬᠦᠯᠢ ᠴᠣᠭᠴᠠ ᠶᠢᠨ ᠴᠢᠨᠠᠷᠲᠠᠢ᠂ ᠣᠷᠣᠨ ᠪᠦᠰᠡ ᠶᠢᠨ ᠴᠢᠨᠠᠷᠲᠠᠢ ᠦᠨᠡᠯᠡᠨ ᠵᠢᠱᠢᠭᠰᠡᠨ ᠦᠷ᠎ᠡ ᠳ᠋ᠦᠩ ᠢ ᠪᠣᠶ ᠪᠣᠯᠭᠠᠵᠤ᠂ ᠲᠣᠰ ᠣᠷᠣᠨ | ᠪᠦᠰᠡ ᠳᠤ ᠣᠷᠣᠵᠤ ᠰᠠᠭᠤᠭᠰᠠᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠳᠤ ᠦᠨ᠎ᠡ ᠲᠥᠯᠥᠪᠦᠷᠢ ᠦᠭᠡᠢ ᠪᠠᠷ ᠬᠠᠮᠲᠤᠪᠠᠷ ᠬᠦᠷᠳᠡᠬᠡᠵᠣ ᠬᠡᠷᠡᠭᠯᠡᠭᠦᠯᠬᠦ ᠶᠢ | ᠵᠢᠭᠠᠵᠤ ᠪᠣᠶ᠃ | ᠠᠷᠪᠠᠨ ᠵᠦᠢᠯ ᠤᠨ ᠮᠥᠩᠭᠦᠨ ᠭᠦᠢᠯᠬᠡᠬᠡ ᠠᠴᠠ ᠴᠢᠳᠠᠪᠤᠷᠢ ᠤᠯᠭᠤᠬᠤ᠄ ᠬᠤᠲᠠ ᠶᠢᠨ ᠠᠷᠠᠳ ᠤᠨ ᠵᠠᠰᠠᠭ ᠤᠨ ᠣᠷᠳᠣᠨ ᠠᠴᠠ ᠲᠣᠭᠲᠠᠭᠠᠭᠰᠠᠨ ᠠᠷᠪᠠᠨ | ᠵᠦᠢᠯ ᠤᠨ ᠮᠥᠩᠭᠦᠨ ᠭᠦᠢᠯᠭᠡᠭᠡ ᠪᠠᠷ ᠪᠣᠳᠠᠲᠤ ᠴᠣᠭᠴᠠ ᠶᠢᠨ ᠠᠵᠤ ᠠᠬᠤᠢ ᠶᠢ ᠳᠡᠮᠵᠢᠬᠦ᠂ ᠴᠢᠨᠠᠷ ᠰᠠᠶᠢᠲᠠᠢ ᠬᠥᠭᠵᠢᠯᠲᠡ ᠳᠤ ᠦᠢᠯᠡᠴᠢᠯᠡᠬᠦ ᠪᠣᠳᠠᠲᠠᠢ ᠠᠷᠭ᠎ᠠ | ᠬᠡᠮᠵᠢᠶ᠎ᠡ᠂ ᠲᠤᠰᠪᠤᠷᠢ᠄ ᠮᠥᠩᠭᠦᠨ ᠭᠦᠢᠯᠬᠡᠬᠡ ᠪᠠᠷ ᠠᠮᠢ ᠠᠬᠤᠢ ᠶᠢᠨ ᠠᠵᠤ ᠦᠢᠯᠡᠰ ᠪᠠ ᠪᠣᠬᠢᠷᠳᠤᠯ ᠦᠭᠡᠢ ᠲᠤᠤᠷ᠎ᠠ ᠨᠡᠭᠦᠷᠡᠰᠤᠳᠦ᠋ᠷᠦᠭᠴᠢ ᠪᠠᠷ ᠬᠡᠯᠪᠡᠷᠢ ᠶᠢ | ᠬᠤᠪᠢᠷᠠᠭᠤᠯᠬᠤ᠂ ᠠᠵᠤ ᠦᠢᠯᠡᠰ ᠤᠨ ᠬᠡᠯᠬᠢᠶ᠎ᠡ ᠪᠠ ᠠᠵᠤ ᠦᠢᠯᠡᠰ ᠤᠨ ᠰᠦᠷᠦᠭᠵᠢᠯ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ᠂ ᠳᠤᠮᠳᠠ ᠵᠢᠵᠢᠭ | ᠪᠢᠴᠢᠯ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠠᠮᠢᠵᠢᠷᠠᠯ ᠤᠨ ᠬᠦᠴᠦᠨ᠂ ᠬᠤᠶᠠᠷ ᠡᠷᠭᠢᠯᠲᠡ ᠶᠢ ᠨᠡᠪᠲᠡᠷᠡᠭᠦᠯᠬᠦ᠂ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ᠂ ᠠᠷᠠᠳ ᠤᠨ ᠠᠮᠢᠳᠤᠷᠠᠯ ᠳᠤ ᠨᠡᠶᠢᠳᠡᠮ ᠠᠰᠢᠭ ᠬᠦᠷᠲᠡᠭᠡᠬᠦ᠂ ᠰᠣᠶᠣᠯ ᠵᠢᠭᠤᠯᠴᠢᠯᠠᠯ ᠤᠨ ᠬᠡᠷᠡᠭᠯᠡᠭᠡ ᠶᠢᠨ ᠵᠡᠷᠬᠡ ᠲᠡᠰ ᠢ ᠲᠡᠭᠡᠭᠰᠢᠯᠡᠭᠦᠯᠬᠦ᠂ | ᠬᠤᠲᠠ ᠶᠢᠨ ᠪᠦᠲᠦᠭᠡᠨ ᠪᠠᠶᠢᠭᠤᠯᠤᠯᠲᠠ ᠬᠠᠮᠢᠶᠠᠷᠤᠯᠲᠠ ᠪᠠ ᠦᠨᠳᠦᠰᠦᠨ ᠱᠠᠲᠤᠨ ᠤ ᠵᠠᠰᠠᠯᠲᠠ ᠶᠢᠨ ᠣᠳᠣᠬᠢᠴᠢᠯᠠᠯᠲᠠ᠂ ᠥᠷᠢ ᠥᠭᠴᠡᠭᠡ ᠶᠢᠨ ᠲᠦᠭᠰᠢᠭᠦᠷᠢ ᠶᠢ | ᠰᠡᠷᠭᠡᠶᠢᠯᠡᠨ ᠢᠯᠭᠠᠷᠠᠭᠤᠯᠬᠤ ᠶᠢ ᠲᠡᠮᠵᠢᠨ᠎ᠡ᠃ | ︽ᠲᠦᠮᠡᠨ ᠠᠵᠤ ᠠᠬᠤᠶᠢᠯᠠᠯ ᠲᠦᠮᠡᠨ ᠭᠠᠴᠠᠭ᠎ᠠ ᠲᠣᠰᠬᠤᠨ ᠢ ᠬᠦᠭᠵᠢᠭᠦᠯᠦᠨ ᠮᠠᠨᠳᠤᠭᠤᠯᠬᠤ︾ ᠠᠵᠢᠯᠯᠠᠭ᠎ᠠ᠄ ᠪᠦᠬᠦ ᠤᠯᠤᠰ ᠤᠨ ᠨᠢᠭᠡᠳᠦᠯᠲᠡᠢ | ᠥᠷᠨᠢᠭᠦᠯᠦᠭᠰᠡᠨ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯᠯᠠᠭ᠎ᠠ ᠳᠤ ᠤᠷᠤᠯᠴᠠᠬᠤ᠃ | ︽ᠬᠤᠶᠠᠷ ᠢ ᠬᠥᠩᠭᠡᠷᠡᠭᠦᠯᠬᠦ︾ ᠠᠵᠢᠯ᠄ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤᠨ ᠤ ᠰᠤᠷᠤᠭᠴᠢᠳ ᠤᠨ ᠳᠠᠰᠬᠠᠯ ᠤᠨ ᠳᠠᠷᠤᠭᠠᠰᠤ ᠪᠠ | ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠭᠤᠯᠤᠯ ᠤᠨ ᠳᠠᠷᠤᠭᠠᠰᠤ ᠶᠢ ᠤᠯᠠᠮ ᠨᠢᠭᠡ ᠠᠯᠬᠤᠮ ᠬᠥᠩᠭᠡᠷᠡᠭᠦᠯᠦᠨ᠎ᠡ᠃ | ︽ᠳᠥᠷᠪᠡᠨ ᠬᠠᠮᠤᠭ ᠤᠨ ᠴᠢᠩᠭ᠎ᠠ︾᠄ ᠬᠠᠮᠤᠭ ᠤᠨ ᠴᠢᠩᠭ᠎ᠠ ᠪᠠᠷᠢᠮᠵᠢᠶ᠎ᠠ᠂ ᠬᠠᠮᠤᠭ ᠤᠨ ᠴᠢᠩᠭ᠎ᠠ ᠬᠢᠨᠠᠯᠲᠠ ᠬᠠᠮᠢᠶᠠᠷᠤᠯᠲᠠ᠂ ᠬᠠᠮᠤᠭ ᠤᠨ ᠴᠢᠩᠭ᠎ᠠ ᠰᠢᠳᠬᠡᠯ᠂ | ᠬᠠᠮᠤᠭ ᠤᠨ ᠴᠢᠩᠭ᠎ᠠ ᠬᠠᠷᠢᠭᠤᠴᠠᠯᠭ᠎ᠠ ᠨᠡᠬᠡᠮᠵᠢᠯᠡᠬᠦ᠃ | ᠳᠡᠭᠡᠳᠦ ᠵᠡᠷᠭᠡ ᠶᠢᠨ ᠰᠤᠷᠭᠠᠨ ᠬᠥᠮᠦᠵᠢᠯ ᠤᠨ ︽ᠨᠢᠭᠡ ᠵᠢᠩᠬᠢᠨᠢ ᠭᠤᠷᠪᠠᠨ ᠲᠤᠰᠬᠠᠢ ᠮᠡᠷᠭᠡᠵᠢᠯ︾᠄ ᠣᠷᠳᠣᠰ ᠤᠨ ᠬᠡᠷᠡᠭᠯᠡᠭᠡᠨ ᠤ ᠮᠡᠷᠭᠡᠵᠢᠯ ᠤᠨ ᠳᠡᠭᠡᠳᠦ | ᠰᠤᠷᠭᠠᠭᠤᠯᠢ ᠶᠢᠨ ᠪᠦᠬᠦᠯᠢ ᠡᠳᠦᠷ ᠤᠨ ᠳᠦᠷᠢᠮᠲᠦ ᠡᠩ ᠤᠨ ᠵᠢᠩᠬᠢᠨᠢ ᠠᠩᠭᠢ ᠶᠢᠨ ᠨᠢᠭᠡ ᠳᠡᠭᠡᠳᠦ ᠰᠤᠷᠭᠠᠭᠤᠯᠢ᠂ ᠣᠷᠳᠣᠰ ᠤᠨ ᠠᠵᠢᠯ ᠮᠡᠷᠭᠡᠵᠢᠯ ᠤᠨ ᠳᠡᠭᠡᠳᠦ | ᠰᠤᠷᠭᠠᠭᠤᠯᠢ᠂ ᠥᠪᠥᠷ ᠮᠣᠩᠭᠤᠯ ᠤᠨ ᠦᠨᠳᠦᠰᠦᠲᠡᠨ ᠤ ᠬᠡᠦᠬᠡᠳ ᠤᠨ ᠪᠠᠭᠰᠢ ᠶᠢᠨ ᠳᠡᠭᠡᠳᠦ ᠵᠡᠷᠭᠡ ᠶᠢᠨ ᠲᠤᠰᠬᠠᠢ ᠮᠡᠷᠭᠡᠵᠢᠯ ᠤᠨ ᠰᠤᠷᠭᠠᠭᠤᠯᠢ᠂ ᠣᠷᠳᠣᠰ ᠤᠨ | ᠠᠮᠢ ᠠᠬᠤᠢ ᠣᠷᠴᠢᠨ ᠲᠣᠭᠤᠷᠢᠨ ᠤ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠪᠦᠬᠦᠯᠢ ᠡᠳᠦᠷ ᠤᠨ ᠳᠦᠷᠢᠮᠲᠦ ᠡᠩ ᠤᠨ ᠳᠡᠭᠡᠳᠦ ᠵᠡᠷᠭᠡ ᠶᠢᠨ ᠲᠤᠰᠬᠠᠢ | ᠮᠡᠷᠭᠡᠵᠢᠯ ᠤᠨ ᠭᠤᠷᠪᠠᠨ ᠳᠡᠭᠡᠳᠦ ᠰᠤᠷᠭᠠᠭᠤᠯᠢ᠃ | ︽ᠭᠤᠤᠯ ᠰᠠᠯᠪᠤᠷᠢ ᠱᠣᠭᠤᠮ ᠢ ᠨᠡᠪᠲᠡᠷᠡᠭᠦᠯᠬᠦ᠂ ᠪᠥᠬᠦ ᠰᠦᠯᠵᠢᠶ᠎ᠡ ᠶᠢ ᠬᠤᠯᠪᠣᠬᠤ︾᠄ ᠭᠤᠣᠯ ᠱᠤᠭᠤᠮ ᠤᠨ ᠨᠢᠰᠬᠡᠯ ᠤᠨ ᠪᠠᠭᠤᠳᠠᠯ ᠬᠢᠭᠡᠳ ᠰᠠᠯᠪᠤᠷᠢ | ᠱᠤᠭᠤᠮ ᠤᠨ ᠨᠢᠰᠬᠡᠯ ᠤᠨ ᠪᠠᠭᠤᠳᠠᠯ ᠤᠨ ᠬᠤᠭᠤᠷᠣᠨᠳᠤ ᠠᠭᠠᠷ ᠤᠨ ᠠᠶᠠᠯᠠᠯ ᠤᠨ ᠱᠤᠭᠤᠮ ᠢ ᠨᠡᠪᠲᠡᠷᠡᠭᠦᠯᠵᠣ᠂ ᠰᠠᠯᠪᠤᠷᠢ ᠱᠤᠭᠤᠮ ᠤᠨ ᠨᠢᠰᠬᠡᠯ ᠤᠨ ᠪᠠᠭᠤᠳᠠᠯ | ᠬᠢᠭᠡᠳ ᠰᠠᠯᠪᠤᠷᠢ ᠱᠤᠭᠤᠮ ᠤᠨ ᠨᠢᠰᠬᠡᠯ ᠤᠨ ᠪᠠᠭᠤᠳᠠᠯ ᠤᠨ ᠬᠤᠭᠤᠷᠣᠨᠳᠤ ᠠᠭᠠᠷ ᠤᠨ ᠠᠶᠠᠯᠠᠯ ᠤᠨ ᠱᠤᠭᠤᠮ ᠢ ᠨᠡᠪᠲᠡᠷᠡᠭᠦᠯᠵᠣ᠂ ᠭᠤᠣᠯ ᠱᠤᠭᠤᠮ ᠤᠨ ᠨᠢᠰᠬᠡᠯ ᠤᠨ | ᠪᠠᠭᠤᠳᠠᠯ᠂ ᠰᠠᠯᠪᠤᠷᠢ ᠱᠤᠭᠤᠮ ᠤᠨ ᠨᠢᠰᠬᠡᠯ ᠤᠨ ᠪᠠᠭᠤᠳᠠᠯ᠂ ᠨᠡᠶᠢᠳᠡᠮ ᠬᠡᠷᠡᠭᠯᠡᠭᠡᠨ ᠤ ᠨᠢᠰᠬᠡᠯ ᠤᠨ ᠪᠠᠭᠤᠳᠠᠯ ᠬᠠᠷᠢᠯᠴᠠᠨ ᠨᠡᠪᠲᠡᠷᠡᠯᠴᠡᠬᠦ ᠣᠯᠠᠨ ᠨᠡᠶᠢᠲᠡ ᠶᠢᠨ | ᠠᠭᠠᠷ ᠤᠨ ᠲᠡᠭᠡᠭᠡᠪᠦᠷᠢ ᠶᠢᠨ ᠰᠦᠯᠵᠢᠶ᠎ᠡ ᠶᠢ ᠪᠠᠶᠢᠭᠤᠯᠤᠨ᠎ᠠ᠃ | ︽ᠭᠠᠵᠠᠷ ᠰᠢᠷᠣᠢ ᠠᠪᠤᠪᠠᠯ ᠳᠠᠷᠤᠢ ᠠᠵᠢᠯ ᠡᠬᠢᠯᠡᠭᠦᠯᠬᠦ︾ ᠵᠠᠭᠪᠤᠷ᠄ ᠵᠠᠰᠠᠭ ᠤᠨ ᠣᠷᠳᠣᠨ ᠠᠴᠠ ᠤᠷᠢᠳᠴᠢᠯᠠᠨ ᠪᠠᠷᠢᠮᠵᠢᠶ᠎ᠠ ᠨᠥᠬᠦᠴᠡᠯ ᠲᠣᠭᠲᠠᠭᠠᠬᠤ᠂ | ᠪᠦᠲᠦᠭᠡᠨ ᠪᠠᠶᠢᠭᠤᠯᠬᠤ ᠨᠢᠭᠡᠴᠡ ᠠᠴᠠ ᠤᠷᠢᠳᠴᠢᠯᠠᠨ ᠪᠢᠴᠢᠭ ᠨᠠᠶᠢᠷᠠᠭᠤᠯᠤᠨ ᠵᠣᠬᠢᠶᠠᠬᠤ᠂ ᠭᠠᠵᠠᠷ ᠰᠢᠷᠣᠢ ᠶᠢ ᠰᠢᠯᠵᠢᠭᠦᠯᠦᠨ ᠬᠤᠳᠠᠯᠳᠤᠬᠤ ᠭᠡᠷ᠎ᠡ ᠲᠣᠭᠲᠠᠬᠤ ᠪᠠ | ᠡᠯ᠎ᠡ ᠲᠥᠷᠥᠯ ᠤᠨ ᠬᠢᠨᠠᠨ ᠵᠥᠪᠰᠢᠶᠡᠷᠡᠯ ᠢ ᠪᠡᠶᠡᠯᠡᠭᠦᠯᠬᠦ ᠶᠢ ᠵᠡᠷᠭᠡ ᠳᠤᠨᠢ ᠨᠠᠶᠢᠳᠠᠪᠤᠷᠢᠵᠢᠭᠤᠯᠵᠤ᠂ ᠲᠥᠷᠥᠯ ᠵᠦᠢᠯ ᠤᠨ ᠭᠠᠵᠠᠷ ᠬᠡᠷᠡᠭᠯᠡᠬᠦ ᠶᠢ ᠬᠢᠨᠠᠨ ᠵᠥᠪᠰᠢᠶᠡᠷᠡᠬᠦ | ᠬᠤᠷᠳᠤᠴᠠ ᠶᠢ ᠪᠥᠬᠦ ᠲᠠᠯ᠎ᠠ ᠪᠠᠷ ᠳᠡᠭᠡᠭᠰᠢᠯᠡᠭᠦᠯᠦᠨ᠎ᠡ᠃ | ︽ᠲᠦᠷᠪᠡᠨ ᠲᠦᠷᠦᠯ ᠤᠨ ᠬᠡᠪᠴᠢᠶᠡᠵᠢᠯ ᠠᠴᠠ ᠲᠡᠭᠡᠭᠰᠢᠬᠢ︾ ᠠᠵᠤ ᠠᠬᠤᠶᠢᠯᠠᠯ᠄ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ | ᠠᠬᠤᠶᠢᠯᠠᠯ᠂ ᠬᠢᠷᠢ ᠬᠡᠮ ᠵᠡᠷᠬᠡ ᠲᠡᠰ ᠤᠨ ᠪᠠᠷᠢᠯᠭ᠎ᠠ ᠶᠢᠨ ᠦᠢᠯᠡᠰ ᠤᠨ ᠠᠵᠤ ᠠᠬᠤᠶᠢᠯᠠᠯ᠂ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠪᠥᠭᠡᠮ ᠢᠶᠠᠷ ᠬᠤᠳᠠᠯᠳᠤᠬᠤ | ᠪᠠ ᠵᠢᠵᠢᠭᠯᠡᠨ ᠬᠤᠳᠠᠯᠳᠤᠬᠤ ᠬᠤᠨᠤᠭᠯᠠᠬᠤ ᠬᠤᠭᠤᠯᠠ ᠤᠮᠳᠠᠭᠠᠨ ᠤ ᠠᠵᠤ ᠠᠬᠤᠶᠢᠯᠠᠯ᠂ ᠤᠯᠤᠰ ᠤᠨ ᠭᠤᠣᠯᠳᠠᠯᠭ᠎ᠠ ᠲᠠᠢ ᠦᠢᠯᠡᠴᠢᠯᠡᠭᠡᠨ ᠤ ᠦᠢᠯᠡᠰ ᠤᠨ ᠠᠵᠤ | ᠠᠬᠤᠶᠢᠯᠠᠯ ᠵᠡᠷᠭᠡ ᠳᠥᠷᠪᠡᠨ ᠲᠥᠷᠥᠯ ᠤᠨ ᠬᠡᠪᠴᠢᠶᠡᠵᠢᠯ ᠠᠴᠠ ᠳᠡᠭᠡᠭᠰᠢᠬᠢ ᠠᠵᠤ ᠠᠬᠤᠶᠢᠯᠠᠯ ᠤᠨ ᠶᠡᠷᠦᠩᠬᠡᠢ ᠨᠡᠷᠡᠶᠢᠳᠦᠯ᠃ | ︽ᠬᠤᠶᠠᠷ ᠢ ᠲᠦᠷᠦᠭᠦᠯᠡᠨ ᠪᠠᠶᠢᠭᠤᠯᠬᠤ︾ ︽ᠬᠤᠶᠠᠷ ᠢ ᠳᠠᠪᠠᠭᠤᠯᠬᠤ︾ ᠬᠠᠷᠠᠯᠲᠠ᠄ ᠪᠥᠬᠦ ᠤᠯᠤᠰ ᠲᠤ ᠰᠢᠨ᠎ᠡ ᠡᠨᠧᠷᠭᠢ ᠪᠠᠷ ᠭᠤᠣᠯ ᠴᠣᠭᠴᠠ ᠪᠣᠯᠭᠠᠭᠰᠠᠨ | ᠡᠨᠧᠷᠭᠢ ᠶᠢᠨ ᠬᠠᠩᠭᠠᠯᠭ᠎ᠠ ᠶᠢᠨ ᠲᠤᠭᠳᠠᠯᠴᠠᠭ᠎ᠠ ᠶᠢ ᠲᠦᠷᠦᠭᠦᠯᠡᠨ ᠪᠠᠶᠢᠭᠤᠯᠵᠤ᠂ ᠰᠢᠨ᠎ᠡ ᠡᠨᠧᠷᠭᠢ ᠪᠠᠷ ᠭᠤᠣᠯ ᠴᠣᠭᠴᠠ ᠪᠣᠯᠭᠠᠭᠰᠠᠨ ᠰᠢᠨ᠎ᠡ ᠬᠡᠯᠪᠡᠷᠢ ᠶᠢᠨ | ᠴᠠᠬᠢᠯᠭᠠᠨ ᠬᠦᠴᠦᠨ ᠤ ᠰᠢᠰᠲ᠋ᠧᠮ ᠢ ᠲᠦᠷᠦᠭᠦᠯᠡᠨ ᠪᠠᠶᠢᠭᠤᠯᠤᠨ᠎ᠠ︔ 2025 ᠣᠨ ᠪᠣᠯᠬᠤ ᠳᠤ ᠰᠢᠨ᠎ᠡ ᠡᠨᠧᠷᠭᠢ ᠶᠢᠨ ᠮᠠᠰᠢᠨ ᠴᠣᠭᠴᠠᠯᠠᠪᠤᠷᠢ ᠶᠢᠨ ᠬᠡᠪᠴᠢᠶ᠎ᠡ ᠶᠢ | ᠢᠯᠴᠢ ᠶᠢᠨ ᠴᠠᠬᠢᠯᠭᠠᠨ ᠤ ᠮᠠᠰᠢᠨ ᠴᠣᠭᠴᠠᠯᠠᠪᠤᠷᠢ ᠶᠢᠨ ᠬᠡᠪᠴᠢᠶ᠎ᠡ ᠠᠴᠠ ᠳᠠᠪᠠᠭᠤᠯᠵᠤ᠂ 2030 ᠣᠨ ᠪᠣᠯᠬᠤ ᠳᠤ ᠰᠢᠨ᠎ᠡ ᠡᠨᠧᠷᠭᠢ ᠶᠢᠨ ᠴᠠᠬᠢᠯᠭᠠᠨ ᠭᠠᠷᠭᠠᠬᠤ | ᠶᠡᠷᠦᠩᠬᠡᠢ ᠬᠡᠮᠵᠢᠶ᠎ᠡ ᠶᠢ ᠢᠯᠴᠢ ᠶᠢᠨ ᠴᠠᠬᠢᠯᠭᠠᠨ ᠤ ᠴᠠᠬᠢᠯᠭᠠᠨ ᠭᠠᠷᠭᠠᠬᠤ ᠶᠡᠷᠦᠩᠬᠡᠢ ᠬᠡᠮᠵᠢᠶ᠎ᠡ ᠠᠴᠠ ᠲᠠᠪᠠᠭᠤᠯᠤᠨ᠎ᠠ᠃ | ᠰᠢᠨ᠎ᠡ ᠬᠡᠯᠪᠡᠷᠢ ᠶᠢᠨ ᠴᠠᠬᠢᠯᠭᠠᠨ ᠬᠦᠴᠦᠨ ᠤ ᠰᠢᠰᠲ᠋ᠧᠮ ᠤᠨ ᠪᠦᠲᠦᠭᠡᠨ ᠪᠠᠶᠢᠭᠤᠯᠤᠯᠲᠠ ᠶᠢᠨ ︽ᠠᠷᠪᠠᠨ ᠶᠡᠭᠡ ᠪᠠᠷᠢᠯᠭ᠎ᠠ︾᠄ ᠥᠩᠭᠡ ᠦᠵᠡᠮᠵᠢ ᠶᠢᠨ ᠠᠮᠢ | ᠠᠬᠤᠢ ᠶᠢᠨ ᠵᠠᠰᠠᠯᠲᠠ ᠶᠢᠨ ᠪᠠᠷᠢᠯᠭ᠎ᠠ᠂ ᠪᠣᠬᠢᠷᠳᠤᠯ ᠦᠭᠡᠢ ᠴᠠᠬᠢᠯᠭᠠᠨ ᠬᠦᠴᠦᠨ ᠢ ᠭᠠᠳᠠᠭᠰᠢ ᠬᠦᠷᠭᠡᠬᠦ ᠪᠠᠷᠢᠯᠭ᠎ᠠ᠂ ᠰᠢᠰᠲ᠋ᠧᠮ ᠤᠨ ᠤᠶᠠᠨ ᠬᠠᠳᠠᠨ ᠴᠢᠨᠠᠷ ᠢ | ᠳᠡᠭᠡᠭᠰᠢᠯᠡᠭᠦᠯᠬᠦ ᠪᠠᠷᠢᠯᠭ᠎ᠠ᠂ ᠣᠷᠣᠨ ᠪᠦᠰᠡ ᠶᠢᠨ ᠪᠠᠲᠤ ᠴᠢᠩᠭ᠎ᠠ ᠴᠠᠬᠢᠯᠭᠠᠨ ᠲᠣᠣᠷ ᠤᠨ ᠪᠠᠷᠢᠯᠭ᠎ᠠ᠂ ᠣᠶᠤᠨᠴᠢ ᠪᠠᠷ ᠲᠤᠬᠢᠷᠠᠭᠤᠯᠤᠨ ᠡᠵᠡᠮᠳᠡᠬᠦ ᠶᠢ ᠲᠠᠰ | ᠳᠡᠪᠰᠢᠭᠦᠯᠬᠦ ᠪᠠᠷᠢᠯᠭ᠎ᠠ᠂ ᠲᠤᠤᠷ᠎ᠠ ᠨᠡᠭᠦᠷᠡᠰᠦᠳᠦ᠋ᠷᠦᠭᠴᠢᠳᠤ ᠬᠤᠲᠠ ᠶᠢᠨ ᠲᠣᠭᠤᠷᠢᠭ ᠬᠦᠷᠢᠶᠡᠯᠡᠩ ᠲᠣᠭᠤᠷᠢᠭ ᠤᠨ ᠪᠠᠷᠢᠯᠭ᠎ᠠ᠂ ᠨᠡᠭᠦᠷᠡᠰᠦᠲᠥ᠋ᠷᠥᠭᠴᠢ ᠦᠭᠡᠢ ᠠᠵᠤ | ᠦᠢᠯᠡᠰ ᠢ ᠳᠠᠶᠢᠴᠢᠯᠠᠬᠤ ᠪᠠᠷᠢᠯᠭ᠎ᠠ᠂ ᠪᠣᠬᠢᠷᠳᠤᠯ ᠦᠭᠡᠢ ᠤᠰᠤᠲᠥ᠋ᠷᠥᠭᠴᠢ ᠶᠢᠨ ᠠᠵᠤ ᠦᠢᠯᠡᠰ ᠤᠨ ᠵᠢᠱᠢᠶ᠎ᠡ ᠦᠵᠡᠭᠦᠯᠬᠦ ᠪᠠᠷᠢᠯᠭ᠎ᠠ᠂ ᠠᠵᠤ ᠠᠬᠤᠶᠢᠯᠠᠯ ᠤᠨ ᠲᠤᠤᠷ᠎ᠠ | ᠨᠡᠭᠦᠷᠡᠰᠦᠳᠦ᠋ᠷᠦᠭᠴᠢ ᠪᠠᠷ ᠬᠡᠯᠪᠡᠷᠢ ᠶᠢ ᠬᠤᠪᠢᠷᠠᠭᠤᠯᠬᠤ ᠢᠨᠵᠧᠨᠧᠷᠢᠩ᠂ ᠰᠢᠨ᠎ᠡ ᠡᠨᠧᠷᠭᠢ ᠪᠠᠷ ᠠᠷᠠᠳ ᠲᠤ ᠠᠰᠢᠭ ᠬᠦᠷᠲᠡᠭᠡᠵᠦ ᠬᠥᠭᠵᠢᠭᠦᠯᠦᠨ ᠮᠠᠨᠳᠤᠭᠤᠯᠬᠤ | ᠪᠠᠷᠢᠯᠭ᠎ᠠ ᠵᠡᠷᠭᠡ ᠠᠷᠪᠠᠨ ᠵᠦᠢᠯ ᠤᠨ ᠪᠠᠷᠢᠯᠭ᠎ᠠ ᠪᠣᠯᠣᠨ᠎ᠠ᠃ | ᠲᠤᠰᠬᠠᠢ ᠨᠠᠷᠢᠯᠢᠭ ᠣᠨᠴᠠ ᠰᠢᠨ᠎ᠡ ︽ᠵᠢᠵᠢᠭ ᠠᠪᠤᠷᠭᠤ ᠬᠥᠮᠥᠨ︾ ᠤ ᠠᠵᠤ ᠠᠬᠤᠶᠢᠯᠠᠯ᠄ ᠭᠤᠣᠯᠳᠠᠭᠤ ᠰᠢᠨ᠎ᠡ ᠨᠢᠭᠡ ᠦᠶ᠎ᠡ ᠶᠢᠨ ᠮᠡᠳᠡᠭᠡ ᠵᠠᠩᠭᠢ ᠶᠢᠨ | ᠮᠡᠷᠭᠡᠵᠢᠯ᠂ ᠳᠡᠭᠡᠳᠦ ᠲᠠᠰ ᠤᠨ ᠲᠤᠨᠤᠭᠯᠠᠯ ᠦᠶᠯᠡᠳᠬᠦ᠂ ᠰᠢᠨ᠎ᠡ ᠡᠨᠧᠷᠭᠢ᠂ ᠰᠢᠨ᠎ᠡ ᠮᠠᠲ᠋ᠧᠷᠢᠶᠠᠯ᠂ ᠠᠮᠢᠳᠤ ᠪᠣᠳᠠᠰ ᠡᠮ ᠡᠮᠨᠡᠯᠭᠡ ᠵᠡᠷᠭᠡ ᠳᠤᠮᠳᠠ ᠳᠡᠭᠡᠳᠦ ᠲᠠᠰ ᠤᠨ | ᠠᠵᠤ ᠦᠢᠯᠡᠰ ᠤᠨ ᠬᠦᠷᠢᠶᠡᠨ ᠳᠠᠬᠢ ᠬᠥᠭᠵᠢᠯᠲᠡ ᠶᠢᠨ ᠡᠬᠢᠨ ᠤ ᠬᠤᠭᠤᠴᠠᠭᠠᠨ ᠳᠤ ᠪᠠᠶᠢᠭ᠎ᠠ ᠵᠢᠵᠢᠭ ᠬᠡᠯᠪᠡᠷᠢ ᠶᠢᠨ ᠠᠵᠤ ᠠᠬᠤᠶᠢᠯᠠᠯ ᠢ ᠵᠢᠭᠠᠵᠤ ᠪᠣᠶ᠂ ᠡᠲᠡᠭᠡᠷ | ᠠᠵᠤ ᠠᠬᠤᠶᠢᠯᠠᠯ ᠨᠢ ᠨᠡᠶᠢᠳᠡᠮ ᠳᠡᠭᠡᠨ ᠡᠵᠡᠩᠨᠡᠯᠲᠡ ᠶᠢᠨ ᠦᠷ᠎ᠡ ᠪᠦᠲᠦᠮᠵᠢ ᠪᠠᠷ ᠰᠠᠶᠢᠨ᠂ ᠰᠢᠨᠵᠢᠯᠡᠬᠦ ᠤᠬᠠᠭᠠᠨ ᠮᠡᠷᠭᠡᠵᠢᠯ ᠤᠨ ᠠᠭᠤᠯᠤᠭᠳᠠᠴᠠ ᠪᠠᠷ ᠥᠨᠳᠥᠷ᠂ | ᠲᠡᠷᠢᠭᠦᠨ ᠤ ᠲᠣᠨᠤᠭ ᠲᠥᠬᠦᠭᠡᠷᠦᠮᠵᠢ ᠪᠤᠯᠪᠠᠰᠤᠷᠠᠭᠤᠯᠬᠤ ᠤᠷᠠᠯᠠᠯ ᠲᠠᠢ᠂ ᠬᠠᠮᠢᠶᠠᠷᠤᠯᠲᠠ ᠶᠢᠨ ᠰᠢᠰᠲ᠋ᠧᠮ ᠪᠦᠷᠢᠨ ᠲᠡᠭᠦᠯᠳᠡᠷ᠂ ᠵᠠᠬ᠎ᠠ ᠳᠡᠯᠭᠡᠭᠦᠷ ᠤᠨ ᠥᠷᠢᠰᠦᠯᠳᠦᠬᠦ | ᠬᠦᠴᠦᠨ ᠢᠶᠠᠷ ᠴᠢᠩᠭ᠎ᠠ ᠵᠡᠷᠭᠡ ᠣᠨᠴᠠᠯᠢᠭ ᠲᠠᠢ ᠪᠠᠶᠢᠳᠠᠭ᠃ | ︽ᠵᠠᠮ ᠳᠠᠭᠠᠤ ᠦᠨᠳᠡᠬᠡᠯᠡᠭᠦᠯᠬᠦ︾ ︽ᠲᠣᠭᠲᠠᠭᠰᠠᠨ ᠭᠠᠵᠠᠷ ᠲᠤ ᠦᠨᠳᠡᠬᠡᠯᠡᠭᠦᠯᠬᠦ︾ ︽ᠬᠦᠷᠦᠰᠤ ᠰᠢᠷᠤᠢ ᠲᠠᠢ ᠨᠢ ᠰᠢᠯᠵᠢᠭᠦᠯᠦᠨ ᠤᠷᠭᠤᠭᠤᠯᠬᠤ︾ | ᠰᠢᠨ᠎ᠡ ᠶᠢ ᠡᠭᠦᠳᠬᠦ ᠪᠠ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠵᠠᠭᠪᠤᠷ᠄ ︽ᠵᠠᠮ ᠳᠠᠭᠠᠤ ᠦᠨᠳᠡᠬᠡᠯᠡᠭᠦᠯᠬᠦ︾ ᠰᠢᠨᠵᠢᠯᠡᠬᠦ ᠤᠬᠠᠭᠠᠨ ᠤ ᠰᠤᠳᠤᠯᠭᠠᠨ ᠤ | ᠠᠵᠢᠯᠲᠠᠨ ᠲᠣᠮᠣ ᠲᠥᠬᠦᠭᠡᠷᠦᠮᠵᠢ ᠶᠢ ᠠᠰᠢᠭᠯᠠᠨ ᠠᠩᠬᠠᠨ ᠤ ᠰᠢᠨ᠎ᠡ ᠶᠢ ᠡᠭᠦᠳᠬᠦ ᠠᠵᠢᠯᠯᠠᠭ᠎ᠠ ᠶᠢ ᠥᠷᠨᠢᠭᠦᠯᠵᠦ᠂ ᠠᠳᠠᠯ ᠦᠢᠯᠡᠰ ᠴᠣᠭᠴᠠᠯᠠᠭᠴᠢᠳ ᠠᠩᠬᠠᠨ ᠤ | ᠰᠢᠨ᠎ᠡ ᠶᠢ ᠡᠭᠦᠳᠬᠦ ᠳᠤ ᠢᠨᠵᠧᠨᠧᠷᠢᠩ ᠤᠨ ᠮᠡᠷᠭᠡᠵᠢᠯ ᠤᠨ ᠨᠡᠭᠡᠭᠡᠯᠲᠡ ᠪᠠ ᠠᠰᠢᠭᠯᠠᠯᠳᠠ ᠳᠤ ᠤᠷᠣᠭᠤᠯᠬᠤ ᠠᠴᠠ ᠡᠮᠦᠨᠡᠬᠢ ᠲᠤᠷᠰᠢᠯᠲᠠ ᠶᠢᠨ ᠬᠤᠪᠢᠷᠠᠭᠤᠯᠤᠯᠲᠠ | ᠬᠢᠵᠦ᠂ ᠨᠠᠩ ᠣᠯᠠᠨ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠵᠠᠮ ᠳᠠᠭᠠᠤ ᠬᠤᠪᠢᠷᠠᠭᠤᠯᠬᠤ ᠶᠢ ᠠᠬᠢᠭᠤᠯᠵᠤ᠂ ᠰᠢᠨ᠎ᠡ ᠶᠢ ᠡᠭᠦᠳᠬᠦ ᠦᠷ᠎ᠡ | ᠪᠦᠲᠦᠭᠡᠯ ᠢ ᠬᠤᠪᠢᠷᠠᠭᠤᠯᠵᠤ ᠳᠠᠬᠢᠨ ᠠᠵᠤ ᠦᠶᠢᠯᠡᠰᠵᠢᠭᠦᠯᠬᠦ ᠬᠤᠭᠤᠴᠠᠭᠠᠨ ᠤ ᠦᠶᠡᠯᠡᠯ ᠢ ᠪᠣᠭᠤᠨᠢᠰᠬᠠᠵᠤ᠂ ︽ᠰᠢᠨᠵᠢᠯᠡᠬᠦ ᠤᠬᠠᠭᠠᠨ ᠤ ᠰᠤᠳᠤᠯᠭᠠᠨ ︱ | ᠬᠤᠪᠢᠷᠠᠭᠤᠯᠬᠤ ︱ ᠠᠵᠤ ᠦᠢᠯᠡᠰ︾ ᠤᠨ ᠪᠥᠬᠦ ᠬᠡᠯᠬᠢᠶᠡᠨ ᠤ ᠠᠵᠤ ᠠᠬᠤᠶᠢᠯᠠᠯ ᠢ ᠪᠣᠶᠢᠵᠢᠭᠤᠯᠬᠤ ᠵᠠᠭᠪᠤᠷ ᠢ ᠪᠣᠶ ᠪᠣᠯᠭᠠᠨ᠎ᠠ᠃ ︽ᠲᠤᠭᠳᠠᠭᠰᠠᠨ ᠭᠠᠵᠠᠷ ᠲᠤ | ᠥᠨᠳᠡᠭᠡᠯᠡᠭᠦᠯᠬᠦ︾ ᠭᠡᠳᠡᠭ ᠨᠢ ᠠᠵᠤ ᠦᠢᠯᠡᠰ ᠤᠨ ᠬᠡᠷᠡᠭᠴᠡᠭᠡ ᠪᠠ ᠵᠠᠬ᠎ᠠ ᠳᠡᠯᠭᠡᠭᠦᠷ ᠤᠨ ᠬᠡᠷᠡᠭᠴᠡᠭᠡ ᠱᠠᠭᠠᠷᠳᠠᠯᠭ᠎ᠠ ᠶᠢ ᠨᠠᠷᠢᠯᠢᠭ ᠤᠨᠤᠪᠴᠢᠲᠠᠢ ᠪᠠᠷ ᠵᠣᠯᠭᠠᠭᠤᠯᠵᠤ᠂ | ᠬᠠᠨᠳᠤᠯᠭᠠᠲᠤ ᠴᠢᠨᠠᠷᠲᠠᠢ ᠪᠠᠷ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠶᠢ ᠥᠷᠨᠢᠭᠦᠯᠦᠨ᠂ ᠦᠷ᠎ᠡ ᠪᠦᠲᠦᠭᠡᠯ ᠢ ᠭᠠᠷᠭᠠᠵᠣ ᠬᠤᠪᠢᠷᠠᠭᠤᠯᠬᠤ ᠶᠢ | ᠵᠢᠭᠠᠵᠤ ᠪᠣᠶ᠃ ︽ᠬᠦᠷᠦᠰᠤ ᠰᠢᠷᠤᠢ ᠲᠠᠢ ᠨᠢ ᠰᠢᠯᠵᠢᠭᠦᠯᠦᠨ ᠤᠷᠭᠤᠭᠤᠯᠬᠤ︾ ᠭᠡᠳᠡᠭ ᠨᠢ ᠲᠥᠷᠥᠯ ᠵᠦᠢᠯ᠂ ᠪᠦᠯᠬᠦᠮ ᠨᠡᠶᠢᠲᠡ᠂ ᠮᠡᠷᠭᠡᠵᠢᠯ ᠲᠠᠢ ᠰᠢᠨᠵᠢᠯᠡᠬᠦ | ᠤᠬᠠᠭᠠᠨ ᠮᠡᠷᠭᠡᠵᠢᠯ ᠤᠨ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠶᠢ ᠵᠢᠭᠠᠵᠤ ᠪᠣᠶ᠃ | ︽ᠡᠭᠦᠯᠡᠨ ᠣᠶᠢᠯᠡᠴᠢᠯᠡᠭᠡ ᠶᠢ ᠲᠡᠮᠵᠢᠬᠦ ᠲᠦᠷᠦ ᠶᠢᠨ ᠪᠤᠳᠤᠯᠭ᠎ᠠ ᠶᠢ ᠰᠦᠪᠡᠭᠴᠢᠯᠠᠨ ᠬᠡᠷᠡᠭᠵᠢᠭᠦᠯᠵᠣ ᠲᠤᠮᠤ ᠳ᠋ᠠᠶᠢᠲᠨ ᠶᠢ ᠬᠦᠨᠵᠡᠬᠡᠢ ᠠᠭᠤᠰᠤᠯᠴᠠᠭᠤᠯᠤᠨ | ᠬᠡᠷᠡᠭᠯᠡᠬᠦ ᠶᠢ ᠠᠬᠢᠭᠤᠯᠵᠤ ᠠᠵᠤ ᠠᠬᠤᠶᠢᠯᠠᠯ ᠤᠨ ᠤᠶᠤᠨᠴᠢᠯᠠᠭᠰᠠᠨ ᠦᠬᠡᠷᠡᠴᠢᠯᠡᠯᠳᠡ ᠶᠢ ᠲᠡᠮᠵᠢᠬᠦ ᠭᠦᠴᠦᠯᠡᠴᠡ ᠶᠢ ᠨᠡᠮᠡᠭᠳᠡᠭᠦᠯᠬᠦ︾ ᠢᠨᠵᠧᠨᠧᠷᠢᠩ᠄ ︽ᠡᠭᠦᠯᠡᠨ | ᠪᠣᠳᠣᠯᠲᠠ ᠳᠤ ᠬᠡᠷᠡᠭᠯᠡᠬᠦ︾ ᠶᠢᠨ ᠭᠤᠣᠯᠳᠠᠯᠭ᠎ᠠ ᠨᠢ ᠲᠦᠭᠡᠮᠡᠯ ᠬᠠᠷᠠᠭᠠᠯᠵᠠᠯ ᠤᠨ ᠴᠢᠨᠠᠷᠲᠠᠢ ᠡᠭᠦᠯᠡᠨ ᠦᠢᠯᠡᠴᠢᠯᠡᠭᠡ ᠶᠢ ᠳᠡᠮᠵᠢᠬᠦ ᠲᠥᠷᠥ ᠶᠢᠨ ᠪᠣᠳᠣᠯᠭ᠎ᠠ ᠶᠢ | ᠬᠡᠷᠡᠭᠵᠢᠭᠦᠯᠦᠨ᠎ᠡ᠂ ︽ᠲᠤᠮᠤ ᠳ᠋ᠠᠶᠢᠲᠨ ᠶᠢ ᠬᠡᠷᠡᠭᠯᠡᠬᠦ︾ ᠶᠢᠨ ᠭᠤᠣᠯᠳᠠᠯᠭ᠎ᠠ ᠨᠢ ᠲᠣᠮᠣ ᠳ᠋ᠠᠶᠢᠲ᠋ᠠ ᠶᠢ ᠠᠭᠤᠰᠤᠯᠴᠠᠭᠤᠯᠤᠨ ᠬᠡᠷᠡᠭᠯᠡᠬᠦ ᠶᠢ ᠨᠠᠩ ᠭᠦᠨ ᠲᠠᠰ | ᠳᠠᠪᠬᠤᠷᠭ᠎ᠠ ᠪᠠᠷ ᠠᠬᠢᠭᠤᠯᠤᠨ᠎ᠠ᠂ ︽ᠣᠶᠤᠨ ᠤᠬᠠᠭᠠᠨ ᠣᠯᠭᠤᠬᠤ︾ ᠶᠢᠨ ᠭᠤᠣᠯᠳᠠᠯᠭ᠎ᠠ ᠨᠢ ᠠᠵᠤ ᠠᠬᠤᠶᠢᠯᠠᠯ ᠤᠨ ᠣᠶᠤᠨᠴᠢᠯᠠᠭᠰᠠᠨ ᠥᠭᠡᠷᠡᠴᠢᠯᠡᠯᠲᠡ ᠶᠢ | ᠳᠡᠮᠵᠢᠨ᠎ᠡ᠃ | ︽ᠬᠤᠶᠠᠷ ᠳᠠᠬᠢᠨ ᠢᠶᠠᠷ ᠨᠡᠮᠡᠭᠳᠡᠭᠦᠯᠬᠦ︾ ᠲᠥᠯᠥᠪᠯᠡᠭᠡ᠄ 2021 ᠣᠨ ᠠᠴᠠ 2025 ᠣᠨ ᠪᠣᠯᠲᠠᠯ᠎ᠠ᠂ ᠪᠥᠬᠦ ᠬᠤᠲᠠ ᠶᠢᠨ ᠤᠯᠤᠰ ᠤᠨ ᠳᠡᠭᠡᠳᠦ ᠰᠢᠨ᠎ᠡ | ᠮᠡᠷᠭᠡᠵᠢᠯ ᠤᠨ ᠠᠵᠤ ᠠᠬᠤᠶᠢᠯᠠᠯ ᠪᠠ ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ ᠳᠤᠮᠳᠠ ᠵᠢᠵᠢᠭ ᠠᠵᠤ ᠠᠬᠤᠶᠢᠯᠠᠯ ᠤᠨ ᠲᠤᠭ᠎ᠠ ᠬᠡᠮᠵᠢᠶ᠎ᠡ ᠶᠢ ᠬᠤᠶᠠᠷ | ᠳᠠᠬᠢᠨ ᠢᠶᠠᠷ ᠨᠡᠮᠡᠭᠳᠡᠭᠦᠯᠦᠨ᠎ᠡ᠃ | ᠬᠠᠲᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠶᠢᠨ ︽ᠠᠷᠪᠠᠨ ᠶᠡᠭᠡ ᠠᠵᠢᠯᠯᠠᠭ᠎ᠠ︾᠄ ᠬᠠᠲᠤᠨ ᠭᠤᠣᠯ ᠢ ᠠᠮᠦᠷ ᠲᠠᠶᠢᠪᠤᠩ | ᠪᠤᠯᠭᠠᠬᠤ ᠠᠵᠢᠯᠯᠠᠭ᠎ᠠ᠂ ︽ᠤᠰᠤ ᠪᠠᠷ ᠲᠦᠷᠪᠡ ᠶᠢ ᠲᠣᠭᠲᠠᠭᠠᠬᠤ︾ ᠶᠢ ᠠᠬᠢᠭᠤᠯᠬᠤ ᠠᠵᠢᠯᠯᠠᠭ᠎ᠠ᠂ ᠴᠦᠯᠯᠡᠷᠭᠡᠭᠵᠢᠯ ᠢ ᠰᠡᠷᠭᠡᠶᠢᠯᠡᠨ ᠵᠠᠰᠠᠬᠤ ᠠᠵᠢᠯᠯᠠᠭ᠎ᠠ᠂ ᠬᠠᠲᠤᠨ | ᠭᠤᠣᠯ ᠳᠤ ᠤᠷᠤᠰᠤᠨ ᠤᠷᠤᠬᠤ ᠡᠯᠡᠰᠦ ᠰᠢᠪᠠᠷ ᠤᠨ ᠬᠡᠮᠵᠢᠶ᠎ᠡ ᠶᠢ ᠪᠠᠭᠠᠰᠬᠠᠬᠤ ᠠᠵᠢᠯᠯᠠᠭ᠎ᠠ᠂ ᠤᠯᠤᠰ ᠤᠨ ᠭᠠᠵᠠᠷ ᠰᠢᠷᠤᠢ ᠶᠢ ᠦᠨᠳᠦᠷ ᠬᠢᠷᠢ ᠲᠦᠪᠰᠢᠨ ᠢᠶᠠᠷ | ᠨᠣᠭᠤᠭᠠᠷᠠᠭᠤᠯᠬᠤ ᠠᠵᠢᠯᠯᠠᠭ᠎ᠠ᠂ ᠪᠣᠬᠢᠷᠳᠤᠯ ᠢ ᠰᠡᠷᠭᠡᠶᠢᠯᠡᠨ ᠵᠠᠰᠠᠬᠤ ᠪᠤᠭᠤᠮᠳᠠ ᠰᠢᠪᠳᠤᠯᠬᠤ ᠠᠵᠢᠯᠯᠠᠭ᠎ᠠ᠂ ᠬᠤᠷᠣᠭᠳᠠᠯ ᠢ ᠪᠠᠭᠠᠰᠬᠠᠵᠤ ᠨᠡᠭᠦᠷᠡᠰᠦᠲᠥ᠋ᠷᠥᠭᠴᠢ ᠶᠢ | ᠪᠠᠭᠠᠰᠬᠠᠬᠤ ᠠᠵᠢᠯᠯᠠᠭ᠎ᠠ᠂ ᠠᠵᠤ ᠦᠢᠯᠡᠰ ᠤᠨ ᠬᠦᠭᠵᠢᠯᠳᠡ ᠶᠢ ᠬᠡᠯᠪᠡᠷᠢ ᠶᠢ ᠪᠣᠬᠢᠷᠳᠤᠯ ᠦᠭᠡᠢ ᠪᠠᠷ ᠬᠤᠪᠢᠷᠠᠭᠤᠯᠬᠤ ᠠᠵᠢᠯᠯᠠᠭ᠎ᠠ᠂ ᠬᠠᠲᠤᠨ ᠭᠤᠣᠯ ᠤᠨ ᠰᠣᠶᠣᠯ ᠢ | ᠤᠯᠠᠮᠵᠢᠯᠠᠨ ᠵᠠᠯᠭᠠᠮᠵᠢᠯᠠᠬᠤ ᠠᠵᠢᠯᠯᠠᠭ᠎ᠠ᠂ ᠠᠮᠢ ᠠᠬᠤᠢ ᠪᠠᠷ ᠠᠷᠠᠳ ᠲᠤ ᠠᠰᠢᠭ ᠬᠦᠷᠲᠡᠭᠡᠬᠦ ᠠᠵᠢᠯᠯᠠᠭ᠎ᠠ᠃ | ︽ᠤᠰᠤ ᠪᠠᠷ ᠲᠦᠷᠪᠡ ᠶᠢ ᠲᠣᠭᠲᠠᠭᠠᠬᠤ︾᠄ ᠤᠰᠤ ᠪᠠᠷ ᠬᠤᠳᠠ ᠶᠢ ᠲᠣᠭᠲᠠᠭᠠᠵᠤ᠂ ᠤᠰᠤ ᠪᠠᠷ ᠭᠠᠵᠠᠷ ᠢ ᠲᠣᠭᠲᠠᠭᠠᠵᠤ᠂ ᠤᠰᠤ ᠪᠠᠷ ᠬᠥᠮᠥᠨ ᠢ | ᠲᠣᠭᠲᠠᠭᠠᠵᠤ᠂ ᠤᠰᠤ ᠪᠠᠷ ᠣᠶᠢᠯᠡᠳᠪᠦᠷᠢᠯᠠᠯ ᠠᠮᠢᠳᠤᠷᠠᠯ ᠢ ᠲᠣᠭᠲᠠᠭᠠᠨ᠎ᠠ᠃ | ︽ᠭᠤᠷᠪᠠᠨ ᠱᠤᠭᠤᠮ ᠨᠢᠭᠡ ᠨᠠᠷᠢᠨ ᠲᠠᠩᠰᠠ︾᠄ ᠠᠮᠢ ᠠᠬᠤᠢ ᠶᠢᠨ ᠬᠠᠮᠠᠭᠠᠯᠠᠯᠲᠠ ᠶᠢᠨ ᠤᠯᠠᠭᠠᠨ ᠱᠤᠭᠤᠮ᠂ ᠣᠷᠴᠢᠨ ᠲᠤᠭᠤᠷᠢᠨ ᠤ ᠶᠠᠰᠤ ᠴᠢᠨᠠᠷ ᠤᠨ | ᠰᠠᠭᠤᠷᠢ ᠱᠤᠭᠤᠮ᠂ ᠡᠬᠢ ᠪᠠᠶᠠᠯᠢᠭ ᠤᠨ ᠠᠰᠢᠭᠯᠠᠯᠲᠠ ᠶᠢᠨ ᠳᠡᠭᠡᠳᠦ ᠱᠤᠭᠤᠮ ᠪᠠ ᠠᠮᠢ ᠠᠬᠤᠢ ᠣᠷᠴᠢᠨ ᠲᠤᠭᠤᠷᠢᠨ ᠤ ᠤᠷᠤᠭᠤᠯᠬᠤ ᠶᠢ ᠵᠦᠪᠰᠢᠶᠡᠷᠡᠬᠦ ᠨᠠᠷᠢᠨ | ᠲᠠᠩᠰᠠ᠃ | ︽ᠵᠠᠰᠠᠮᠠᠯ ᠵᠠᠮ ᠤᠨ ᠲᠡᠭᠡᠭᠡᠪᠦᠷᠢ ᠶᠢ ᠲᠡᠮᠦᠷ ᠵᠠᠮ ᠤᠨ ᠲᠡᠭᠡᠭᠡᠪᠦᠷᠢ ᠪᠣᠯᠭᠠᠨ ᠬᠤᠪᠢᠷᠠᠭᠤᠯᠵᠤ᠂ ᠤᠪᠤᠭᠠᠯᠠᠨ ᠲᠡᠬᠡᠬᠡᠪᠦᠷᠢᠯᠡᠬᠦ ᠶᠢ ᠴᠢᠩᠭᠡᠯᠢᠭ ᠢᠶᠠᠷ ᠲᠡᠭᠡᠭᠡᠪᠦᠷᠢᠯᠡᠬᠦ | ᠪᠣᠯᠭᠠᠨ ᠦᠬᠡᠷᠡᠴᠢᠯᠡᠬᠦ︾᠄ ᠵᠠᠰᠠᠮᠠᠯ ᠵᠠᠮ ᠤᠨ ᠲᠡᠭᠡᠭᠡᠪᠦᠷᠢ ᠶᠢ ᠲᠡᠮᠦᠷ ᠵᠠᠮ ᠤᠨ ᠲᠡᠭᠡᠭᠡᠪᠦᠷᠢ ᠪᠣᠯᠭᠠᠨ ᠬᠤᠪᠢᠷᠠᠭᠤᠯᠵᠤ᠂ ᠤᠪᠤᠭᠠᠯᠠ᠊ᠨ ᠲᠡᠬᠡᠬᠡᠪᠦᠷᠢᠯᠡᠬᠦ ᠶᠢ ᠴᠢᠩᠭᠡᠯᠢᠭ | ᠢᠶᠠᠷ ᠲᠡᠭᠡᠭᠡᠪᠦᠷᠢᠯᠡᠬᠦ ᠪᠣᠯᠭᠠᠨ ᠥᠭᠡᠷᠡᠴᠢᠯᠡᠨ᠎ᠡ᠃ | ︽ᠤᠭᠤᠳᠠᠨ ᠴᠡᠴᠡᠷᠯᠢᠭ︾᠄ ᠨᠡᠯᠢᠶᠡᠳ ᠪᠠᠭ᠎ᠠ ᠭᠠᠵᠠᠷ ᠢ ᠨᠣᠭᠤᠭᠠᠷᠠᠭᠤᠯᠤᠨ ᠳᠠᠷᠢᠵᠤ᠂ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠲᠥᠬᠦᠭᠡᠷᠦᠮᠵᠢ | ᠲᠣᠬᠢᠷᠠᠭᠤᠯᠵᠤ᠂ ᠨᠢᠭᠡ ᠵᠦᠢᠯ ᠤᠨ ᠰᠢᠨ᠎ᠡ ᠬᠡᠯᠪᠡᠷᠢ ᠶᠢᠨ ᠬᠤᠲᠠ ᠶᠢᠨ ᠨᠡᠭᠡᠭᠡᠯᠲᠡ ᠶᠢᠨ ᠣᠷᠣᠨ ᠵᠠᠢ ᠪᠣᠯᠣᠨ᠎ᠠ᠃ | ︽ᠳᠥᠷᠪᠡᠨ ᠲᠥᠪ ᠨᠢᠭᠡ ᠳᠡᠭᠡᠳᠦ ᠰᠤᠷᠭᠠᠭᠤᠯᠢ︾᠄ ᠤᠯᠤᠰ ᠲᠠᠭᠠᠨ ᠦᠢᠯᠡᠳᠪᠦᠷᠢᠯᠡᠭᠰᠡᠨ ᠨᠢᠰᠬᠡᠯ ᠤᠨ ᠤᠮᠠᠷᠠᠲᠤ ᠶᠢᠨ ᠲᠤᠷᠰᠢᠨ ᠨᠢᠰᠬᠦ ᠲᠥᠪ᠂ ᠠᠭᠠᠷ ᠤᠨ | ᠠᠶᠠᠯᠠᠯ ᠤᠨ ᠪᠣᠯᠪᠠᠰᠤᠷᠠᠯ ᠤᠨ ᠲᠥᠪ᠂ ᠰᠡᠯᠪᠢᠨ ᠵᠠᠰᠠᠬᠤ ᠲᠥᠪ᠂ ᠲᠤᠰᠢᠶᠠᠨ ᠥᠭᠬᠦ ᠲᠥᠪ ᠪᠠ ᠲᠣᠮᠣ ᠨᠢᠰᠬᠡᠯ ᠤᠨ ᠳᠡᠭᠡᠳᠦ ᠰᠤᠷᠭᠠᠭᠤᠯᠢ᠃ | ︽ᠳᠥᠷᠪᠡ ᠶᠢ ᠭᠦᠢᠴᠡᠳᠬᠡᠬᠦ︾ ᠥᠭᠡᠷᠡᠴᠢᠯᠡᠯᠲᠡ᠄ ᠨᠢᠭᠡ ᠰᠦᠯᠵᠢᠶ᠎ᠡ ᠪᠠᠷ ᠭᠦᠢᠴᠡᠳᠬᠡᠬᠦ᠂ ᠠᠯᠠᠭᠠᠨ ᠲᠡᠬᠡᠷ᠎ᠡ ᠭᠦᠢᠴᠡᠳᠬᠡᠬᠦ᠂ ᠨᠢᠭᠡ ᠯᠡ ᠤᠳᠠᠭ᠎ᠠ ᠳᠤ | ᠭᠦᠢᠴᠡᠳᠬᠡᠬᠦ᠂ ᠲᠠᠨ ᠢ ᠬᠠᠪᠰᠤᠷᠤᠨ ᠭᠦᠢᠴᠡᠳᠬᠡᠬᠦ᠃ | ︽ᠨᠡᠮᠡᠭᠳᠡᠭᠦᠯᠬᠦ ᠪᠠ ᠬᠠᠳᠠᠭᠠᠯᠠᠭᠳᠠᠴᠠ ᠶᠢ ᠬᠤᠯᠪᠣᠭᠳᠠᠭᠤᠯᠬᠤ︾᠄ ᠪᠠᠶᠢᠭᠠᠯᠢ ᠶᠢᠨ ᠡᠬᠢ ᠪᠠᠶᠠᠯᠢᠭ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ | ᠰᠢᠨ᠎ᠡ ᠪᠠᠷ ᠨᠡᠮᠡᠭᠳᠡᠭᠦᠯᠬᠦ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠲᠥᠯᠥᠪᠯᠡᠭᠡ ᠶᠢ ᠪᠠᠭᠤᠯᠭᠠᠵᠤ᠂ ᠵᠥᠪᠰᠢᠶᠡᠷᠡᠭᠰᠡᠨ ᠪᠠᠶᠢᠲᠠᠯ᠎ᠠ ᠬᠠᠩᠭᠠᠭᠰᠠᠨ ᠦᠭᠡᠢ | ᠪᠠ ᠰᠤᠯᠠ ᠲᠠᠯᠪᠢᠭᠰᠠᠨ ᠭᠠᠵᠠᠷ ᠰᠢᠷᠣᠢ ᠶᠢᠨ ᠲᠤᠭ᠎ᠠ ᠬᠡᠮᠵᠢᠶ᠎ᠡ ᠶᠢ ᠴᠢᠬᠤᠯᠠ ᠲᠥᠰᠥᠭᠡᠯᠡᠨ ᠪᠤᠳᠤᠬᠤ ᠭᠦᠢᠴᠡᠳᠬᠡᠯ ᠲᠤᠭ᠎ᠠ ᠪᠣᠯᠭᠠᠵᠤ᠂ ᠵᠥᠪᠰᠢᠶᠡᠷᠡᠭᠰᠡᠨ ᠪᠠᠶᠢᠲᠠᠯ᠎ᠠ | ᠬᠠᠩᠭᠠᠭᠰᠠᠨ ᠦᠭᠡᠢ᠂ ᠰᠤᠯᠠ ᠲᠠᠯᠪᠢᠭᠰᠠᠨ ᠭᠠᠵᠠᠷ ᠰᠢᠷᠣᠢ ᠠᠷᠪᠢᠨ ᠪᠠ ᠰᠠᠶᠢᠳᠤᠷ ᠰᠢᠢᠳᠪᠦᠷᠢᠯᠡᠭᠰᠡᠨ ᠦᠬᠡᠢ ᠭᠠᠵᠠᠷ ᠣᠷᠣᠨ ᠤ ᠰᠢᠨ᠎ᠡ ᠪᠠᠷ ᠨᠡᠮᠡᠭᠳᠡᠭᠦᠯᠬᠦ | ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠲᠥᠯᠥᠪᠯᠡᠭᠡ ᠶᠢᠨ ᠲᠣᠬᠢᠷᠠᠭᠤᠯᠤᠯᠲᠠ ᠶᠢ ᠵᠢᠯ ᠳᠠᠷᠠᠭᠠᠯᠠᠨ ᠪᠠᠭᠠᠰᠬᠠᠨ᠎ᠠ᠃ | ︽ᠭᠤᠷᠪᠠᠨ ᠡᠷᠬᠡ ᠶᠢ ᠰᠠᠯᠭᠠᠬᠤ︾᠄ ᠥᠮᠴᠢᠯᠡᠬᠦ ᠡᠷᠬᠡ᠂ ᠳᠠᠭᠠᠭᠠᠴᠢᠯᠠᠬᠤ ᠡᠷᠬᠡ᠂ ᠡᠵᠡᠩᠨᠡᠬᠦ ᠡᠷᠬᠡ ᠭᠤᠷᠪᠠᠨ ᠡᠷᠬᠡ ᠶᠢ ᠰᠠᠯᠭᠠᠨ᠎ᠠ᠃ | ︽ᠲᠠᠪᠤᠨ ᠨᠡᠶᠢᠬᠡᠮ ᠬᠤᠯᠪᠤᠭᠠᠯᠠᠨ ᠬᠥᠳᠡᠯᠦᠯᠴᠡᠬᠦ︾᠄ ᠨᠡᠶᠢᠭᠡᠮ ᠲᠣᠭᠤᠷᠢᠭ᠂ ᠨᠡᠶᠢᠭᠡᠮ ᠤᠨ ᠵᠣᠬᠢᠶᠠᠨ ᠪᠠᠶᠢᠭᠤᠯᠤᠯᠲᠠ᠂ ᠨᠡᠶᠢᠭᠡᠮ ᠤᠨ ᠠᠵᠢᠯᠴᠢᠨ᠂ | ᠨᠡᠶᠢᠭᠡᠮ ᠤᠨ ᠡᠬᠢ ᠪᠠᠶᠠᠯᠢᠭ ᠵᠢᠴᠢ ᠨᠡᠶᠢᠭᠡᠮ ᠲᠣᠭᠤᠷᠢᠭ ᠤᠨ ᠥᠪᠡᠷᠲᠡᠭᠡᠨ ᠵᠠᠰᠠᠬᠤ ᠵᠣᠬᠢᠶᠠᠨ ᠪᠠᠶᠢᠭᠤᠯᠤᠯᠲᠠ ᠬᠤᠯᠪᠤᠭᠠᠯᠠᠨ ᠬᠥᠳᠡᠯᠦᠯᠴᠡᠬᠦ᠃ | ︽ᠭᠡᠭᠡᠨ ᠰᠠᠷᠠᠭᠤᠯ ᠢᠨᠵᠧᠨᠧᠷᠢᠩ︾᠄ ᠬᠤᠰᠢᠭᠤ ᠲᠣᠭᠤᠷᠢᠭ᠂ ᠰᠢᠶᠠᠩ ᠪᠠᠯᠭᠠᠰᠤ᠂ ᠭᠠᠴᠠᠭ᠎ᠠ ᠲᠣᠰᠬᠤᠨ ᠭᠤᠷᠪᠠᠨ ᠱᠠᠲᠤᠨ ᠤ ᠶᠡᠷᠦᠩᠬᠡᠶᠢᠯᠡᠨ ᠵᠠᠰᠠᠬᠤ | ᠲᠥᠪ ᠢᠶᠠᠷ ᠵᠢᠯᠤᠭᠤᠳᠬᠤ ᠲᠠᠪᠴᠠᠩ ᠪᠣᠯᠭᠠᠵᠤ᠂ ᠶᠡᠷᠦᠩᠬᠡᠶᠢᠯᠡᠨ ᠵᠠᠰᠠᠬᠤ ᠮᠡᠳᠡᠭᠡ ᠵᠠᠩᠭᠢᠵᠢᠯᠲᠠ ᠪᠠᠷ ᠲᠤᠯᠭᠠᠭᠤᠷᠢᠯᠠᠯ ᠪᠣᠯᠭᠠᠨ᠂ ᠲᠣᠥᠷᠵᠢᠭᠤᠯᠤᠭᠰᠠᠨ | ᠬᠠᠮᠢᠶᠠᠷᠤᠯᠲᠠ ᠪᠠᠷ ᠰᠠᠭᠤᠷᠢ ᠪᠣᠯᠭᠠᠵᠤ᠂ ᠣᠯᠠᠨ ᠨᠡᠶᠢᠲᠡ ᠶᠢᠨ ᠠᠮᠤᠷ ᠲᠦᠪᠰᠢᠨ ᠤ ᠸᠢᠳᠢᠣ᠋ ᠪᠠᠷ ᠬᠢᠨᠠᠨ ᠡᠵᠡᠮᠳᠡᠵᠦ ᠰᠦᠯᠵᠢᠶ᠎ᠡ ᠳᠤ ᠬᠤᠯᠪᠤᠨ ᠬᠡᠷᠡᠭᠯᠡᠬᠦ ᠪᠠᠷ | ᠭᠤᠣᠯᠳᠠᠯᠭ᠎ᠠ ᠪᠣᠯᠭᠠᠭᠰᠠᠨ ᠣᠯᠠᠨ ᠲᠦᠮᠡᠨᠴᠢ ᠴᠢᠨᠠᠷᠲᠠᠢ ᠠᠮᠤᠷ ᠲᠦᠪᠰᠢᠨ ᠤ ᠰᠡᠷᠭᠡᠶᠢᠯᠡᠨ ᠡᠵᠡᠮᠳᠡᠬᠦ ᠢᠨᠵᠧᠨᠧᠷᠢᠩ᠃ | | | | | | | | |