ᠤᠷᠳᠤᠰ ᠤᠨ ᠨᠠᠷᠢᠨ ᠨᠤᠤᠰᠤᠳᠤ ᠬᠤᠨᠢ ᠪᠤᠯ ᠤᠷᠳᠤᠰ ᠨᠤᠳᠤᠭ ᠤᠨ ᠨᠡᠷᠡᠳᠤ ᠡᠭᠦᠯᠳᠡᠷ ᠶᠤᠮ᠂ ᠭᠡᠪᠡᠴᠤ ᠵᠢᠯ ᠳᠤ ᠨᠢᠭᠡ ᠤᠳᠠᠭ᠎ᠠ ᠬᠤᠷᠠᠭᠠᠯᠠᠬᠤ | ᠮᠦᠷᠳᠡᠭᠡᠨ ᠢᠬᠢᠷᠡᠯᠡᠬᠦ ᠨᠤᠷᠮ᠎ᠠ ᠨᠢ ᠲᠤᠩ ᠲᠤᠤᠷ᠎ᠠ ᠪᠠᠶᠢᠳᠠᠭ ᠠᠴᠠ ᠨᠢᠭᠡ ᠬᠤᠭᠤᠴᠠᠭ᠎ᠠ ᠵᠠᠷᠢᠮ ᠮᠠᠯᠴᠢᠳ ᠠᠵᠤ ᠠᠬᠤᠢ ᠶᠢᠨ ᠦᠷ᠎ᠡ ᠠᠰᠢᠭ ᠢ ᠴᠢᠬᠤᠯᠠᠴᠢᠯᠡᠨ᠂ | ᠢᠬᠢᠷᠯᠡᠬᠦ ᠨᠤᠷᠮ᠎ᠠ ᠪᠠᠷ ᠦᠨᠳᠤᠷ ᠪᠤᠰᠤᠳ ᠡᠭᠦᠯᠳᠡᠷ ᠤᠨ ᠬᠤᠨᠢ ᠮᠠᠯᠵᠢᠬᠤ ᠤᠷᠤᠰᠬᠠᠯ ᠭᠠᠷᠴᠠᠢ᠃ | ᠦᠤᠰᠢᠨ ᠬᠤᠰᠢᠭᠤᠨ ᠤ ᠮᠠᠯᠴᠢᠨ ᠴᠡᠩᠭᠡᠯ ᠬᠠᠷᠢᠨ ᠡᠨᠡ ᠬᠦ ᠤᠷᠤᠰᠬᠠᠯ ᠢ ᠰᠦᠷᠢᠵᠤ᠂ ᠨᠤᠳᠤᠭ ᠤᠨ ᠡᠭᠦᠯᠳᠡᠷ ᠢ ᠰᠠᠶᠢᠵᠢᠷᠠᠭᠤᠯᠬᠤ ᠳᠤ ᠰᠡᠳᠬᠢᠯ | ᠲᠠᠯᠪᠢᠵᠤ᠂ ᠠᠷᠪᠠᠭᠠᠳ ᠵᠢᠯ ᠤᠨ ᠲᠤᠷᠰᠢ ᠤᠯᠡᠨ ᠤᠳᠠᠭᠠᠨ ᠤ ᠲᠤᠷᠰᠢᠯᠳᠡ ᠬᠢᠭᠡᠳ᠂ ᠨᠠᠷᠢᠨ ᠨᠤᠤᠰᠤᠳᠤ ᠬᠤᠨᠢᠨ ᠤ ᠢᠬᠢᠷᠡᠯᠡᠬᠦ ᠨᠤᠷᠮ᠎ᠡ ᠨᠢ ᠭᠠᠷ | ᠭᠡᠭᠡᠯᠳᠦᠭᠦᠯᠭᠡ ᠶᠢᠨ ᠤᠷᠴᠢᠨ ᠨᠦᠬᠦᠴᠡᠯ᠂ ᠴᠠᠭ ᠬᠤᠭᠤᠴᠠᠭ᠎ᠠ ᠪᠡ ᠨᠠᠮᠤᠷ ᠤᠨ ᠤᠯᠠᠷᠢᠯ ᠳᠤ ᠲᠦᠯ ᠮᠠᠯ ᠢ ᠡᠭᠡ ᠠᠴᠠ ᠨᠢ ᠰᠠᠯᠭᠠᠵᠤ ᠮᠠᠯᠵᠢᠬᠤ᠂ ᠦᠷᠡᠵᠢᠯ ᠤᠨ | ᠮᠠᠯ ᠤᠨ ᠲᠠᠷᠭᠤ ᠬᠦᠴᠦ ᠰᠢᠮ᠎ᠡ ᠲᠡᠵᠢᠭᠡᠯ ᠤᠨ ᠪᠠᠶᠢᠳᠠᠯ ᠢ ᠪᠠᠳᠤᠯᠠᠬᠤ ᠲᠠᠢ ᠨᠢᠬᠳᠠ ᠬᠤᠯᠪᠤᠭ᠎ᠠ ᠲᠠᠢ ᠪᠠᠶᠢᠳᠠᠭ ︿ᠨᠢᠭᠤᠴᠨ﹀ ᠶᠢ ᠠᠵᠢᠵᠤ ᠮᠡᠳᠡᠵᠠᠢ᠃ | ᠬᠦᠮᠤᠰ ᠤᠨ ᠪᠤᠳᠤᠵᠤ ᠰᠡᠳᠬᠢᠵᠤ ᠦᠡᠭᠭᠡᠷᠡᠭᠡ ᠦᠭᠡᠢ ᠤᠴᠢᠷ ᠦᠨᠡᠨ ᠢᠶᠠᠷ ᠪᠡᠶᠡᠯᠡᠭᠳᠡᠬᠦ ᠶᠢ ᠲᠠᠭᠠᠯᠳᠤᠨ ᠴᠡᠩᠭᠡᠯ ᠤᠨ ᠡᠨᠡ ᠬᠦ ︿ᠨᠢᠭᠤᠴᠨ ᠵᠤᠷ﹀ ᠨᠢ | ᠨᠡᠶᠢᠭᠡᠮ ᠨᠡᠶᠢᠳᠡ ᠶᠢᠨ ᠠᠩᠬᠠᠷᠤᠯ ᠢ ᠲᠠᠳᠠᠵᠤ᠂ ᠬᠤᠳᠠ ᠪᠤᠯᠤᠨ ᠬᠤᠰᠢᠭᠤᠨ ᠤ ᠮᠠᠯ ᠲᠠᠷᠢᠶᠠᠯᠠᠩ ᠤᠨ ᠲᠤᠪᠴᠢᠶ᠎ᠡ ᠵᠢᠴᠢ ᠦᠪᠤᠷ ᠮᠤᠩᠭᠤᠯ ᠤᠨ ᠮᠠᠯ ᠲᠠᠷᠢᠶᠠᠯᠠᠩ | ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠲᠤᠰᠬᠠᠢ ᠮᠡᠷᠭᠡᠵᠢᠯᠳᠡᠳ ᠤᠷᠢᠳ ᠬᠤᠵᠢᠳ ᠡᠳᠡᠨ ᠤ ᠳᠤ ᠢᠷᠡᠵᠤ ᠪᠠᠶᠢᠴᠠᠭᠠᠨ ᠰᠤᠳᠤᠯᠤᠯᠳᠡ ᠪᠡ ᠨᠤᠳᠠᠯᠠᠯᠳᠡ | ᠬᠢᠵᠤ᠂ ᠡᠨᠡ ᠬᠦ ᠠᠷᠭ᠎ᠠ ᠲᠤᠷᠰᠢᠯᠭ᠎ᠠ ᠶᠢ ᠲᠦᠭᠡᠮᠡᠯᠵᠢᠭᠦᠯᠤᠨ ᠲᠡᠯᠭᠡᠷᠡᠭᠦᠯᠦᠭᠰᠡᠨ ᠢᠶᠠᠷ ᠪᠠᠷᠠᠬᠤ ᠦᠭᠡᠢ᠂ ᠠᠦ᠋ᠰᠲᠷᠯᠢᠶ᠎ᠠ᠂ ᠭᠧᠷᠮᠠᠨ ᠵᠡᠷᠭᠡ ᠤᠯᠤᠰ ᠠᠴᠠ | ᠡᠷᠳᠡᠮᠳᠡᠨ ᠮᠡᠷᠭᠡᠵᠢᠯᠳᠡᠨ ᠢᠷᠡᠵᠤ᠂ ᠨᠠᠷᠢᠨ ᠨᠤᠤᠰᠤᠳᠤ ᠬᠤᠨᠢ ᠲᠡᠵᠢᠭᠡᠨ ᠦᠷᠡᠵᠢᠭᠦᠯᠬᠦ ᠠᠷᠭ᠎ᠠ ᠲᠤᠷᠰᠢᠯᠭ᠎ᠠ ᠶᠢ ᠨᠢ ᠰᠤᠷᠤᠯᠴᠠᠬᠰᠡᠨ ᠠᠴᠠ ᠨᠤᠳᠤᠭ ᠤᠨ | ᠮᠠᠯᠴᠢᠳ ᠴᠡᠩᠭᠡᠯ ᠢ ︿ᠮᠠᠯᠴᠢᠨ ᠳ᠋ᠤᠺᠲ᠋ᠤᠷ﹀ ᠭᠡᠮᠡᠨ ᠲᠤᠳᠤᠨᠤᠴᠢᠯᠡᠨ ᠲᠠᠭᠤᠳᠠᠬᠤ ᠪᠤᠯᠵᠠᠢ᠃ | ᠴᠡᠩᠭᠡᠯ ᠤᠨ ᠬᠢᠨ ᠮᠢᠩᠭᠠᠭᠠᠳ ᠤᠷᠳᠤᠰ ᠤᠨ ᠨᠠᠷᠢᠨ ᠨᠤᠤᠰᠤᠳᠤ ᠬᠤᠨᠢ ᠮᠠᠯᠵᠢᠵᠤ᠂ ᠡᠨᠡ ᠵᠢᠯ 500 ᠭᠠᠷᠤᠢ ᠬᠤᠷᠠᠭ᠎ᠠ ᠬᠤᠳᠠᠯᠳᠤᠨ᠂ ᠵᠢᠯ ᠤᠨ | ᠤᠷᠤᠯᠭ᠎ᠠ ᠨᠢ 80 ᠲᠦᠮᠨ ᠶᠢ ᠲᠠᠪᠠᠭᠰᠡᠨ ᠪᠠᠶᠢᠨ᠎ᠠ᠃ |