ᠭᠤᠷᠪᠠᠨ ᠵᠥᠢᠯ ᠤᠨ ᠨᠢᠯᠬ᠎ᠠ ᠬᠡᠦᠬᠡᠳ ᠤᠨ ᠨᠠᠶᠢᠷᠠᠯᠭ᠎ᠠ ᠲᠠᠢ ᠰᠦᠨ ᠲᠠᠯᠬ᠎ᠠ ᠶᠢ ᠪᠠᠴᠢᠮ ᠡᠭᠡᠭᠦᠯᠦᠨ ᠠᠪᠠᠴᠢᠪᠠ
ᠨᠡᠶᠢᠲᠡᠯᠡᠭᠰᠡᠨ ᠴᠠᠭ᠄
2022/3/22
    ᠶᠠᠫᠧᠢ ᠶᠢᠨ ᠪᠦᠬᠦ ᠪᠥᠮᠪᠥᠷᠴᠡᠭ ᠤᠨ ᠠᠯᠪᠠᠨ ᠤ ᠰᠦᠯᠵᠢᠶ᠎ᠡ ᠲᠦᠷᠦᠭᠦᠬᠡᠨ ᠳᠤ ᠨᠢᠯᠬ᠎ᠠ ᠬᠡᠦᠬᠡᠳ ᠤᠨ  ᠨᠠᠶᠢᠷᠠᠯᠭ᠎ᠠ ᠲᠠᠢ ᠭᠤᠷᠪᠠᠨ ᠵᠥᠢᠯ ᠤᠨ ᠰᠦᠨ ᠲᠠᠯᠬ᠎ᠠ ᠶᠢ ᠰᠠᠨᠠᠭᠠᠴᠢᠯᠠᠭ᠎ᠠ ᠠᠴᠠ ᠪᠠᠨ ᠡᠭᠡᠭᠦᠯᠦᠨ ᠠᠪᠠᠴᠢᠪᠠ᠂ ᠲᠤᠰ ᠬᠡᠷᠡᠭ ᠲᠤ  ᠴᠢᠭᠯᠡᠭᠦᠯᠦᠨ᠂ ᠲᠥᠪ ᠲᠧᠯᠸᠢᠰ ᠤᠨ ᠡᠳ᠋ ᠤᠨ ᠵᠠᠰᠠᠭ ᠠᠵᠤ ᠠᠬᠤᠶ ᠶᠢᠨ ᠰᠤᠷᠪᠤᠯᠵᠢᠯᠠᠭᠴᠢ ᠶᠠᠫᠧᠢ ᠶᠢᠨ ᠳᠤᠮᠳᠠᠳᠤ ᠤᠯᠤᠰ ᠎ ᠤᠨ ᠺᠤᠮᠫᠠᠨᠢ ᠲᠠᠢ ᠬᠠᠷᠢᠯᠴᠠᠵᠠᠶ᠂ ᠨᠥᠭᠦᠭᠡ ᠡᠲᠡᠭᠡᠳ ᠨᠢ ᠢᠯᠡᠷᠬᠡᠶᠢᠯᠡᠬᠦ ᠳᠡᠭᠡᠨ᠄  ᠡᠨᠡ ᠤᠳᠠᠭᠠᠨ ᠤ ᠰᠠᠨᠠᠭᠠᠴᠢᠯᠠᠭ᠎ᠠ ᠠᠴᠠ ᠪᠠᠨ ᠡᠭᠡᠭᠦᠯᠦᠨ ᠠᠪᠠᠴᠢᠭᠰᠠᠨ ᠦᠢᠯᠡᠳᠬᠦᠨ ᠤ ᠳᠣᠲᠣᠷ᠎ᠠ᠂ ᠳᠤᠮᠳᠠᠳᠤ ᠤᠯᠤᠰ ᠤᠨ ᠵᠠᠬ᠎ᠠ ᠳᠡᠯᠭᠡᠭᠦᠷ ᠤᠨ  ᠨᠢᠯᠬ᠎ᠠ  ᠬᠡᠦᠬᠡᠳ ᠤᠨ  ᠰᠢᠮ᠎ᠡ ᠲᠡᠵᠢᠭᠡᠯ ᠤᠨ ᠨᠥᠬᠦᠪᠥᠷᠢ ᠡᠳ᠋ ᠰᠢᠺᠠᠩ ᠪᠦᠪᠡᠶ ᠨᠡᠮᠡᠵᠡᠶ᠂ ᠣᠳᠣᠬᠠᠨ ᠳᠤ ᠲᠢᠶᠠᠨ ᠮᠤᠤ᠂  ᠵᠢᠩ  ᠳ᠋ᠦᠩ ᠤᠨ  ᠶᠠᠫᠧᠢ ᠶᠢᠨ ᠠᠯᠪᠠᠨ ᠤ ᠲᠠᠯ᠎ᠠ ᠶᠢᠨ ᠬᠤᠰᠢᠭᠤᠴᠢ ᠳᠡᠯᠭᠡᠭᠦᠷ ᠨᠢᠭᠡᠨᠲᠡ ᠡᠨᠡ‌‍ᠬᠦ ᠲᠠᠸᠠᠷ ᠢ ᠵᠠᠬ᠎ᠠ ᠳᠡᠯᠭᠡᠭᠦᠷ ᠠᠴᠠ ᠭᠠᠷᠭᠠᠪᠠ ᠭᠡᠵᠡᠶ᠃ ᠬᠡᠷᠪᠡ ᠬᠡᠷᠡᠭᠯᠡᠭᠴᠢᠳ ᠤᠨ ᠬᠦᠴᠦᠨ ᠲᠠᠢ ᠬᠤᠭᠤᠴᠠᠭ᠎ᠠ ᠨᠢ 2022 ᠣᠨ ᠤ 4 ᠳ᠋ᠤᠭᠡᠷ ᠰᠠᠷ᠎ᠠ ᠶᠢᠨ 1᠎ ᠤ  ᠡᠳᠦᠷ ᠠᠴᠠ  ᠬᠤᠶᠢᠰᠢᠬᠢ ᠰᠢ ᠺᠠᠩ ᠪᠦᠪᠡᠶ ᠦᠢᠯᠡᠳᠭᠦᠨ ᠨᠡᠮᠡᠭᠰᠡᠨ ᠪᠠᠶᠢᠪᠠᠯ᠂ ᠠᠯᠪᠠᠨ ᠲᠠᠯ᠎ᠠ ᠶᠢᠨ ᠦᠢᠯᠡᠴᠢᠯᠡᠭᠡᠨ ᠤ ᠤᠲᠠᠰᠤ 400820611᠎ ᠳᠤ ᠤᠲᠠᠰᠤᠳᠠᠵᠤ ᠪᠠᠷᠠᠭ᠎ᠠ ᠪᠤᠴᠠᠭᠠᠬᠤ ᠵᠥᠪᠯᠡᠯᠭᠡ ᠠᠪᠴᠤ ᠪᠣᠯᠤᠨ᠎ᠠ᠃                 ᠶᠠᠫᠸᠢ ᠶᠢᠨ ᠪᠦᠬᠦ ᠪᠥᠮᠪᠥᠷᠴᠡᠭ ᠤᠨ ᠠᠯᠪᠠᠨ ᠤ ᠰᠦᠯᠵᠢᠶ᠎ᠡ ᠠᠮᠧᠷᠢᠺᠠ ᠶᠢᠨ ᠴᠠᠭ ᠢᠶᠠᠷ 2 ᠰᠠᠷ᠎ᠠ ᠶᠢᠨ 17᠎ ᠤ ᠡᠳᠦᠷ ᠠᠮᠧᠷᠢᠺᠠ ᠶᠢᠨ ᠮᠢᠰᠢᠭᠠᠨ ᠵᠧᠤ ᠶᠢᠨ ᠦᠢᠯᠡᠳᠪᠦᠷᠢ ᠶᠢᠨ ᠦᠢᠯᠡᠳᠪᠦᠷᠢᠯᠡᠭᠰᠡᠨ Similac᠂ Alimentum᠂ EleCare ᠵᠡᠷᠭᠡ ᠨᠢᠯᠬ᠎ᠠ ᠬᠡᠦᠬᠡᠳ ᠤᠨ ᠨᠠᠶᠢᠷᠠᠯᠭ᠎ᠠ ᠲᠠᠢ ᠭᠤᠷᠪᠠᠨ ᠵᠦᠢᠯ ᠤᠨ ᠰᠦᠨ ᠲᠠᠯᠬ᠎ᠠ ᠶᠢ ᠰᠠᠨᠠᠭᠠᠴᠢᠯᠠᠭ᠎ᠠ ᠠᠴᠠ ᠪᠠᠨ ᠡᠭᠡᠭᠦᠯᠦᠨ ᠠᠪᠴᠢᠷᠠᠬᠤ ᠪᠠᠷ ᠲᠤᠩᠬᠠᠭᠯᠠᠵᠠᠶ᠃ ᠬᠤᠯᠪᠣᠭᠳᠠᠯ ᠪᠦᠬᠦᠢ ᠰᠦᠨ ᠲᠠᠯᠬ᠎ᠠ  ᠶᠢᠨ ᠲᠤᠬᠠᠶ ᠬᠡᠷᠡᠭᠯᠡᠭᠴᠢᠳ ᠡᠬᠦᠨ ᠠᠴᠠ ᠡᠮᠦᠨ᠎ᠡ ᠨᠢᠭᠡᠨᠲᠡ 4 ᠤᠳᠠᠭ᠎ᠠ ᠵᠠᠭᠠᠯᠳᠤᠵᠠᠶ᠃ ᠶᠠᠫᠧᠢ ᠬᠡᠯᠡᠬᠦ ᠳᠡᠭᠡᠨ᠂ ᠶᠠᠰᠤ ᠴᠢᠨᠠᠷ ᠢ ᠰᠢᠯᠭᠠᠨ ᠪᠠᠶᠢᠴᠠᠭᠠᠬᠤ ᠶᠠᠪᠤᠴᠠ ᠶᠢᠨ ᠨᠢᠭᠡ ᠬᠡᠰᠡᠭ ᠪᠣᠯᠤᠭᠰᠠᠨ ᠤ ᠬᠤᠪᠢ ᠳᠤ᠂ ᠺᠣᠮᠫᠠᠨᠢ ᠨᠢ ᠮᠢᠰᠢᠭᠠᠨ ᠵᠧᠤ ᠶᠢᠨ ᠦᠢᠯᠡᠳᠪᠦᠷᠢ ᠳᠤ ᠰᠢᠯᠭᠠᠨ ᠪᠠᠶᠢᠴᠠᠭᠠᠯᠲᠠ ᠬᠢᠵᠦ᠂  ᠦᠢᠯᠡᠳᠪᠦᠷᠢ ᠶᠢᠨ  ᠦᠢᠯᠡᠳᠬᠦᠨ  ᠎ ᠳᠤ  ᠦᠯᠦ  ᠬᠦᠷᠦᠯᠴᠡᠬᠦ  ᠣᠷᠣᠨ  ᠪᠦᠰᠡ ᠳᠤ ᠰᠧᠰᠡᠺᠢ ᠭᠡᠳᠡᠰᠦᠨ ᠤ ᠰᠠᠪᠬᠠᠨᠴᠢᠷ ᠪᠠᠺᠲ᠋ᠧᠷᠢ ᠪᠠᠶᠢᠬᠤ ᠶᠢ ᠢᠯᠡᠷᠡᠭᠦᠯᠪᠡ᠂ ᠭᠡᠪᠡᠴᠦ ᠰᠠᠯᠮᠤᠨᠧᠯ ᠪᠠᠺᠲ᠋ᠧᠷᠢ ᠣᠷᠣᠰᠢᠵᠤ ᠪᠠᠶᠢᠬᠤ ᠶᠢ ᠭᠡᠷᠡᠴᠢᠯᠡᠬᠦ ᠭᠡᠷᠡᠴᠢ ᠪᠠᠷᠢᠮᠲᠠ ᠥᠬᠡᠶ᠂ ᠣᠳᠣᠬᠠᠨ ᠳᠤ ᠪᠠᠶᠢᠴᠠᠭᠠᠯᠲᠠ ᠮᠥᠨ ᠯᠡ  ᠶᠠᠪᠤᠭᠳᠠᠵᠤ  ᠪᠠᠶᠢᠨ᠎ᠠ  ᠭᠡᠵᠡᠶ᠃  ᠰᠧᠰᠡᠺᠢ ᠭᠡᠳᠡᠰᠦᠨ ᠤ ᠰᠠᠪᠬᠠᠨᠴᠢᠷ ᠪᠠᠺᠲ᠋ᠧᠷᠢ ᠪᠣᠯ ᠣᠷᠴᠢᠨ ᠲᠣᠭᠤᠷᠢᠨ ᠳᠤ ᠣᠷᠣᠰᠢᠵᠤ ᠪᠠᠶᠢᠭ᠎ᠠ ᠨᠢᠭᠡ ᠵᠦᠢᠯ ᠤᠨ ᠡᠪᠡᠳᠴᠢᠨ ᠡᠭᠦᠰᠭᠡᠬᠦ ᠪᠠᠺᠲ᠋ᠧᠷᠢ ᠮᠥᠨ᠂ 0 - 6 ᠰᠠᠷ᠎ᠠ ᠶᠢᠨ  ᠨᠢᠯᠬ᠎ᠠ  ᠬᠡᠦᠬᠡᠳ᠂ ᠢᠯᠠᠩᠭᠤᠶ᠎ᠠ ᠡᠷᠲᠡ ᠦᠵᠡᠭᠳᠡᠭᠰᠡᠨ  ᠬᠡᠦᠬᠡᠳ᠂  ᠪᠡᠶ᠎ᠡ ᠶᠢᠨ ᠬᠦᠨᠳᠦ ᠨᠢ ᠳᠣᠣᠷ᠎ᠠ ᠬᠡᠦᠬᠡᠳ ᠵᠢᠴᠢ ᠡᠭᠡᠯᠢᠯᠡᠭᠡ ᠶᠢᠨ ᠴᠢᠳᠠᠪᠤᠷᠢ ᠨᠢ  ᠳᠤᠲᠠᠮᠠᠭ  ᠨᠢᠯᠬ᠎ᠠ  ᠬᠡᠦᠬᠡᠳ ᠲᠤ  ᠨᠡᠯᠢᠶᠡᠳ  ᠥᠨᠳᠥᠷ ᠡᠷᠡᠭᠦᠯ ᠮᠡᠨᠳᠦ ᠶᠢᠨ ᠠᠶᠤᠯ ᠲᠠᠢ ᠪᠠᠶᠢᠳᠠᠭ᠃        
ᠢᠷᠡᠯᠲᠡ᠄ ᠠᠷᠠᠳ ᠤᠨ ᠰᠦᠯᠵᠢᠶ᠎ᠡ