ᠳᠡᠭᠡᠳᠦ ᠰᠤᠷᠭᠠᠭᠤᠯᠢ ᠲᠡᠭᠦᠰᠦᠭᠰᠡᠳ ᠠᠳᠠᠯ ᠣᠶᠢᠯᠡᠰ ᠴᠣᠭᠴᠠᠯᠠᠬᠤ ᠳᠤ ᠤᠯᠤᠰ ᠠᠴᠠ ᠶᠠᠮᠠᠷ ᠶᠠᠮᠠᠷ ᠲᠥᠷᠥ ᠶᠢᠨ ᠪᠣᠳᠣᠯᠭ᠎ᠠ ᠶᠢᠨ ᠳᠡᠮᠵᠢᠯᠭᠡ ᠦᠵᠡᠭᠦᠯᠬᠦ ᠪᠣᠶ
ᠨᠡᠶᠢᠲᠡᠯᠡᠭᠰᠡᠨ ᠴᠠᠭ᠄
2022/3/7
   ᠳᠡᠭᠡᠳᠦ ᠰᠤᠷᠭᠠᠭᠤᠯᠢ ᠲᠡᠭᠦᠰᠦᠭᠰᠡᠳ ᠠᠳᠠᠯ ᠦᠢᠯᠡᠰ ᠪᠣᠰᠬᠠᠬᠤ ᠨᠥᠬᠦᠴᠡᠯ ᠳᠤ ᠨᠡᠶᠢᠴᠡᠪᠡᠯ ᠳᠣᠣᠷᠠᠬᠢ ᠲᠥᠷᠥ ᠶᠢᠨ ᠪᠣᠳᠣᠯᠭ᠎ᠠ ᠶᠢ ᠬᠦᠷᠲᠡᠵᠦ ᠪᠣᠯᠤᠨ᠎ᠠ᠃                   ᠨᠢᠭᠡ ᠳᠤ᠂ ᠶᠡᠭᠡ ᠳᠡᠭᠡᠳᠦ ᠰᠤᠷᠭᠠᠭᠤᠯᠢ  ᠲᠡᠭᠦᠰᠦᠭᠰᠡᠳ  ︵ᠣᠶᠤᠲᠠᠨ  ᠭᠠᠴᠠᠭᠠᠨ  ᠳᠠᠷᠤᠭ᠎ᠠ  ᠪᠠ  ᠭᠠᠳᠠᠭᠠᠳᠤ ᠳᠤ ᠰᠤᠷᠤᠯᠴᠠᠭᠠᠳ ᠤᠯᠤᠰ ᠲᠠᠭᠠᠨ ᠪᠤᠴᠠᠵᠤ ᠢᠷᠡᠭᠰᠡᠨ  ᠰᠣᠷᠣᠭᠴᠢ ᠪᠠᠭᠲᠠᠨ᠎ᠠ︶ ᠬᠠᠮᠤᠭ ᠤᠨ ᠶᠡᠭᠡ ᠳᠡᠭᠡᠨ 20 ᠲᠦᠮᠡᠨ ᠲᠥᠭᠦᠷᠢᠭ ᠠᠴᠠ ᠬᠡᠲᠦᠷᠡᠬᠦ ᠥᠬᠡᠶ᠂ ᠲᠤᠰᠬᠠᠶ ᠵᠣᠶᠢᠯ ᠤᠨ ᠪᠠᠯᠠ ᠮᠥᠩᠭᠦ ᠎ ᠶᠢᠨ ᠳᠠᠮ ᠬᠦᠦ ᠲᠠᠢ ᠬᠤᠪᠢ ᠬᠥᠮᠦᠨ ᠤ ᠠᠳᠠᠯ ᠣᠶᠢᠯᠡᠰ ᠴᠣᠭᠴᠠᠯᠠᠬᠤ ᠳᠠᠭᠠᠭᠠᠯᠲᠠ ᠲᠠᠢ ᠵᠢᠭᠡᠯᠡᠯᠭᠡ  ᠭᠤᠶᠤᠴᠢᠯᠠᠵᠤ ᠪᠣᠯᠤᠨ᠎ᠠ᠂ ᠵᠢᠵᠢᠭ ᠪᠢᠴᠢᠯ  ᠠᠵᠤ  ᠠᠬᠤᠶᠢᠯᠠᠯ  ᠡᠭᠦᠳᠦᠨ ᠪᠠᠶᠢᠭᠤᠯᠬᠤ ᠳᠤ ᠬᠠᠮᠤᠭ ᠤᠨ ᠶᠡᠭᠡ ᠳᠡᠭᠡᠨ 300 ᠲᠦᠮᠡᠨ ᠲᠥᠭᠦᠷᠢᠭ ᠠᠴᠠ  ᠬᠡᠲᠦᠷᠡᠬᠦ  ᠥᠬᠡᠶ  ᠵᠢᠭᠡᠯᠡᠯᠭᠡ  ᠭᠤᠶᠤᠴᠢᠯᠠᠵᠤ ᠪᠣᠯᠤᠨ᠎ᠠ᠃                 ᠬᠤᠶᠠᠷ ᠲᠤ᠂ ᠳᠡᠭᠡᠳᠦ ᠰᠤᠷᠭᠠᠭᠤᠯᠢ ᠲᠡᠭᠦᠰᠦᠭᠰᠡᠳ ᠲᠡᠭᠦᠰᠦᠭᠰᠡᠨ ᠵᠢᠯ ᠳᠡᠭᠡᠨ ᠬᠤᠪᠢ ᠶᠢᠨ ᠡᠵᠡᠩᠨᠡᠯᠲᠡ ᠬᠢᠭᠰᠡᠨ ᠪᠣᠯ 3 ᠵᠢᠯ ᠤᠨ ᠳᠣᠲᠣᠷ᠎ᠠ ᠡᠷᠦᠬᠡ ᠨᠢᠭᠡᠪᠦᠷᠢ ᠳᠤ ᠵᠢᠯ ᠪᠦᠷᠢ 12000 ᠲᠥᠭᠦᠷᠢᠭ ᠢᠶᠠᠷ ᠬᠢᠵᠠᠭᠠᠷᠯᠠᠭᠰᠠᠨ ᠥᠷᠲᠡᠭ ᠨᠡᠮᠡᠭᠳᠡᠯ ᠤᠨ ᠭᠠᠶᠢᠯᠢ᠂ ᠬᠤᠲᠠ ᠶᠢᠨ ᠬᠠᠮᠠᠭᠠᠯᠠᠯᠲᠠ ᠪᠦᠲᠦᠭᠡᠨ ᠪᠠᠶᠢᠭᠤᠯᠤᠯᠲᠠ ᠶᠢᠨ ᠭᠠᠶᠢᠯᠢ᠂ ᠰᠤᠷᠭᠠᠨ ᠬᠥᠮᠦᠵᠢᠯ ᠤᠨ ᠨᠡᠮᠡᠯᠲᠡ ᠵᠠᠷᠤᠳᠠᠯ᠂ ᠣᠷᠣᠨ ᠨᠤᠲᠤᠭ ᠤᠨ ᠰᠤᠷᠭᠠᠨ ᠬᠥᠮᠦᠵᠢᠯ ᠤᠨ ᠨᠡᠮᠡᠯᠲᠡ ᠵᠠᠷᠤᠳᠠᠯ ᠪᠣᠯᠤᠨ ᠬᠤᠪᠢ ᠬᠥᠮᠦᠨ ᠤ ᠣᠯᠵᠠᠪᠤᠷᠢ ᠶᠢᠨ ᠭᠠᠶᠢᠯᠢ ᠶᠢ ᠳᠡᠰ ᠳᠠᠷᠠᠭᠠᠯᠠᠨ ᠬᠠᠰᠤᠨ᠎ᠠ᠃                   ᠭᠤᠷᠪᠠ ᠳᠤ᠂ ᠠᠩᠬ᠎ᠠ ᠤᠳᠠᠭ᠎ᠠ ᠵᠢᠵᠢᠭ ᠪᠢᠴᠢᠯ ᠠᠵᠤ ᠠᠬᠤᠶᠢᠯᠠᠯ ᠡᠭᠦᠳᠦᠨ ᠪᠠᠶᠢᠭᠤᠯᠤᠭᠰᠠᠨ ᠪᠤᠶᠤ ᠬᠤᠪᠢ ᠶᠢᠨ ᠡᠵᠡᠩᠨᠡᠯᠲᠡ ᠬᠢᠬᠦ ᠶᠢᠨ ᠬᠠᠮᠲᠤ᠂ 1 ᠵᠢᠯ ᠠᠴᠠ ᠳᠡᠭᠡᠭᠰᠢ ᠬᠡᠪ ᠤᠨ ᠡᠵᠡᠩᠨᠡᠯᠲᠡ ᠬᠢᠭᠰᠡᠨ ᠪᠠᠶᠢᠪᠠᠯ᠂  ᠨᠢᠭᠡ ᠯᠡ ᠤᠳᠠᠭ᠎ᠠ ᠶᠢᠨ ᠴᠢᠨᠠᠷᠲᠠᠶ ᠠᠳᠠᠯ ᠣᠶᠢᠯᠡᠰ ᠴᠣᠭᠴᠠᠯᠠᠬᠤ ᠨᠥᠬᠦᠪᠥᠷᠢ ᠣᠯᠭᠤᠵᠤ ᠪᠣᠯᠤᠨ᠎ᠠ  
ᠢᠷᠡᠯᠲᠡ᠄ ᠤᠷᠳᠤᠰ ᠤᠨ ᠮᠤᠩᠭᠤᠯ ᠬᠡᠯᠡᠨ ᠤ ᠰᠤᠨᠢᠨ ᠮᠡᠳᠡᠭᠡᠨ ᠤ ᠰᠦᠯᠵᠢᠶ᠎ᠡ