| ︽ᠢᠷᠭᠡᠨ ᠤ ᠬᠠᠣᠯᠢ ᠶᠢᠨ ᠪᠢᠴᠢᠭ︾ ᠤᠨ ᠬᠤᠷᠢᠨ ᠨᠢᠭᠡᠲᠦᠭᠡᠷ ᠵᠦᠢᠯ ᠤᠨ ᠲᠣᠭᠲᠠᠭᠠᠯ ᠢ ᠦᠨᠳᠦᠰᠦᠯᠡᠪᠡᠯ᠂ ᠲᠣᠬᠠᠢ ᠶᠢᠨ ᠬᠦᠮᠦᠨ ᠭᠡᠷ ᠪᠠᠶᠢᠰᠢᠩ | ᠬᠤᠲᠠᠯᠲᠣᠭᠠᠯᠠᠬᠤ ᠬᠡᠯᠡᠯᠴᠡᠭᠡᠷ ᠪᠣᠶᠣ ᠪᠣᠰᠣᠳ ᠦᠯᠦ ᠬᠦᠲᠡᠯᠬᠦ ᠬᠦᠷᠦᠩᠭᠡ ᠶᠢᠨ ᠪᠣᠲᠠᠰ ᠤᠨ ᠡᠷᠭᠡ ᠶᠢᠨ ᠲᠣᠬᠠᠢ ᠬᠡᠯᠡᠯᠴᠡᠭᠡᠷ ᠲᠣᠭᠲᠠᠬᠤ ᠳᠤ ᠪᠠᠨ᠂ ᠢᠷᠡᠭᠡᠲᠦᠢ | ᠳᠤ ᠪᠣᠲᠠᠰ ᠤᠨ ᠡᠷᠭᠡ ᠶᠢᠨ ᠪᠡᠶᠡᠯᠡᠭᠲᠡᠬᠦ ᠶᠢ ᠪᠠᠲᠣᠯᠠᠬᠤ ᠶᠢᠨ ᠲᠦᠯᠦᠭᠡ᠂᠂ ᠪᠣᠯᠵᠣᠯ ᠶᠣᠰᠣᠭᠠᠷ ᠢᠶᠠᠨ ᠲᠠᠩᠰᠠᠯᠠᠬᠤ ᠪᠠᠶᠢᠭᠤᠯᠣᠮᠵᠢ ᠳᠤ ᠣᠷᠢᠳᠴᠢᠯᠠᠨ | ᠮᠡᠳᠡᠭᠲᠡᠵᠦ ᠲᠠᠩᠰᠠᠯᠠᠭᠤᠯᠬᠤ ᠪᠠᠷ ᠭᠤᠶᠣᠴᠢᠯᠠᠵᠣ ᠪᠣᠯᠣᠨ᠎ᠡ᠃ ᠣᠷᠢᠳᠴᠢᠯᠠᠨ ᠮᠡᠲᠡᠭᠲᠡᠵᠦ ᠲᠠᠩᠰᠠᠯᠠᠭᠤᠯᠣᠬᠰᠠᠨ ᠤ ᠲᠠᠷᠠᠭ᠎ᠠ᠂ ᠣᠷᠢᠳᠴᠢᠯᠠᠨ ᠮᠡᠳᠡᠭᠲᠡᠵᠦ | ᠲᠠᠩᠰᠠᠯᠠᠭᠤᠯᠣᠬᠰᠠᠨ ᠡᠷᠭᠡᠲᠣ ᠬᠦᠮᠦᠨ ᠢᠶᠠᠷ ᠵᠦᠪᠰᠢᠶᠡᠷᠡᠬᠦᠯᠦᠭᠰᠡᠨ ᠦᠭᠡᠢ ᠪᠠᠷ ᠲᠣᠰ ᠦᠯᠦ ᠬᠦᠲᠡᠯᠬᠦ ᠬᠦᠷᠦᠩᠭᠡ ᠶᠢ ᠰᠢᠢᠳᠪᠦᠷᠢᠯᠡᠭᠰᠡᠨ ᠪᠠᠶᠢᠪᠠᠯ᠂ ᠪᠣᠲᠠᠰ | ᠤᠨ ᠡᠷᠭᠡ ᠶᠢᠨ ᠬᠦᠴᠦᠨ ᠲᠠᠢ ᠪᠣᠯᠬᠤ ᠦᠭᠡᠢ᠃ ᠡᠶᠢᠮᠣ ᠠᠴᠠ ᠬᠤᠲᠠᠯᠲᠣᠭᠴᠢ ᠶᠢᠨ ︽ᠨᠢᠭᠡ ᠬᠡᠷ ᠢᠶᠠᠨ ᠬᠤᠶᠠᠷ ᠬᠤᠲᠠᠯᠲᠣᠬᠤ︾ ᠶᠢ ᠰᠡᠷᠭᠡᠶᠢᠯᠡᠬᠦ ᠬᠠᠮᠤᠭ | ᠰᠠᠶᠢᠨ ᠠᠷᠭ᠎ᠠ ᠨᠢ ᠭᠡᠷ ᠬᠤᠲᠠᠯᠲᠣᠨ ᠠᠪᠬᠤ ᠬᠡᠯᠡᠯᠴᠡᠭᠡᠷ ᠢᠯᠠᠩᠭᠤᠶ᠎ᠠ ᠬᠤᠭᠤᠴᠠᠭᠠᠲᠣ ᠭᠡᠷ ᠪᠠᠶᠢᠰᠢᠩ ᠬᠤᠲᠠᠯᠲᠣᠨ ᠠᠪᠬᠤ ᠬᠡᠯᠡᠯᠴᠡᠭᠡᠷ ᠲᠣᠭᠲᠠᠭᠰᠠᠨ ᠤ ᠲᠠᠷᠠᠭ᠎ᠠ | ᠬᠠᠣᠯᠢ ᠶᠣᠰᠣᠭᠠᠷ ᠲᠠᠷᠣᠶᠢᠬᠠᠨ ᠲᠠᠩᠰᠠᠯᠠᠬᠤ ᠪᠠᠶᠢᠭᠤᠯᠣᠮᠵᠢ ᠳᠤ ᠬᠦᠷᠴᠦ ᠣᠷᠢᠳᠴᠢᠯᠠᠨ ᠮᠡᠲᠡᠭᠲᠡᠬᠦ ᠲᠠᠩᠰᠠᠯᠠᠯᠲᠠ ᠬᠢᠵᠦ ᠦᠪᠡᠷ ᠤᠨ ᠢᠷᠡᠭᠡᠲᠦᠢ ᠶᠢᠨ ᠡᠷᠭᠡ | ᠠᠰᠢᠭ ᠢᠶᠠᠨ ᠬᠠᠮᠠᠭᠠᠯᠠᠨ᠎ᠠ᠃ ᠣᠴᠢᠷ ᠨᠢ ᠣᠷᠢᠳᠴᠢᠯᠠᠨ ᠮᠡᠲᠡᠭᠲᠡᠵᠦ ᠲᠠᠩᠰᠠᠯᠠᠭᠤᠯᠣᠬᠰᠠᠨ ᠤ ᠲᠠᠷᠠᠭ᠎ᠠ᠂ ᠣᠷᠢᠳᠴᠢᠯᠠᠨ ᠮᠡᠳᠡᠭᠲᠡᠵᠦ ᠲᠠᠩᠰᠠᠯᠠᠭᠤᠯᠣᠬᠰᠠᠨ | ᠡᠷᠭᠡᠲᠣ ᠬᠦᠮᠦᠨ ᠢᠶᠠᠷ ᠵᠦᠪᠰᠢᠶᠡᠷᠡᠬᠦᠯᠬᠦ ᠦᠭᠡᠢ ᠪᠣᠯ ᠲᠣᠰ ᠭᠡᠷ ᠢ ᠲᠠᠬᠢᠨ ᠬᠤᠲᠠᠯᠲᠣᠵᠦ ᠲᠡᠶᠢᠯᠬᠦ ᠦᠭᠡᠢ᠃ ᠬᠤᠲᠠᠯᠲᠣᠭᠰᠠᠨ ᠴᠦ ᠪᠣᠲᠠᠰ ᠤᠨ ᠡᠷᠭᠡ ᠶᠢᠨ | ᠬᠦᠴᠦᠨ ᠲᠠᠢ ᠪᠣᠯᠬᠤ ᠦᠭᠡᠢ᠂ ᠲᠠᠷᠣᠢ ᠬᠠᠣᠯᠢᠶᠢᠨ ᠬᠠᠮᠠᠭᠠᠯᠠᠯᠲᠠ ᠶᠢ ᠬᠦᠷᠲᠡᠵᠦ ᠴᠢᠲᠠᠬᠤ ᠦᠭᠡᠢ᠃ ᠭᠡᠪᠡᠴᠦ ᠠᠩᠬᠠᠷᠣᠭᠤᠰᠢᠲᠠᠢ ᠨᠢ ᠣᠷᠢᠳᠴᠢᠯᠠᠨ ᠮᠡᠳᠡᠭᠲᠡᠬᠦ | ᠲᠠᠩᠰᠠᠯᠠᠯᠲᠠ ᠪᠠᠰᠠ ᠴᠠᠭ ᠬᠤᠭᠤᠴᠠᠭᠠᠨ ᠤ ᠬᠢᠵᠠᠭᠠᠷᠯᠠᠯ ᠲᠠᠢ ᠪᠠᠶᠢᠲᠠᠭ᠂ ᠲᠠᠷᠣᠢ ᠣᠷᠢᠳᠴᠢᠯᠠᠨ ᠮᠡᠳᠡᠭᠲᠡᠵᠦ ᠲᠠᠩᠰᠠᠯᠠᠭᠤᠯᠣᠬᠰᠠᠨ ᠤ ᠲᠠᠷᠠᠭ᠎ᠠ᠂ ᠠᠪᠴᠠᠭᠠᠨ ᠤ | ᠡᠷᠭᠡ ᠣᠰᠠᠲᠣᠭᠰᠠᠨ ᠪᠣᠶᠣ ᠦᠯᠦ ᠬᠦᠲᠡᠯᠬᠦ ᠬᠦᠷᠦᠩᠭᠡ ᠶᠢᠨ ᠲᠠᠩᠰᠠᠯᠠᠯᠲᠠ ᠬᠢᠵᠦ ᠲᠡᠶᠢᠯᠬᠦ ᠡᠲᠦᠷ ᠠᠴᠠ ᠡᠬᠢᠯᠡᠨ ᠶᠡᠷᠡᠨ ᠡᠲᠦᠷ ᠤᠨ ᠲᠣᠲᠣᠷ᠎ᠠ ᠲᠠᠩᠰᠠᠯᠠᠭᠤᠯᠬᠤ | ᠪᠠᠷ ᠭᠤᠶᠣᠴᠢᠯᠠᠭᠰᠠᠨ ᠦᠭᠡᠢ ᠪᠠᠶᠢᠪᠠᠯ᠂ ᠣᠷᠢᠳᠴᠢᠯᠠᠨ ᠮᠡᠳᠡᠭᠲᠡᠵᠦ ᠲᠠᠩᠰᠠᠯᠠᠭᠤᠯᠣᠬᠰᠠᠨ ᠨᠢ ᠬᠦᠴᠦᠨ ᠦᠭᠡᠢ ᠪᠣᠯᠲᠠᠭ᠃ ᠲᠦᠬᠦᠮ ᠢᠶᠠᠷ ᠬᠡᠯᠡᠪᠡᠯ᠂ ᠭᠡᠷ | ᠬᠤᠲᠠᠯᠲᠣᠨ ᠠᠪᠬᠤ ᠬᠡᠯᠡᠯᠴᠡᠭᠡᠷ ᠲᠣᠭᠲᠠᠮᠠᠭᠴᠠ ᠲᠠᠷᠣᠶᠢᠬᠠᠨ ᠬᠡᠯᠡᠯᠴᠡᠭᠡᠷ ᠢᠶᠠᠨ ᠠᠪᠴᠦ ᠲᠠᠩᠰᠠᠯᠠᠬᠤ ᠪᠠᠶᠢᠭᠤᠯᠭ᠎ᠠ ᠳᠤ ᠬᠦᠷᠴᠦ ᠭᠡᠷ ᠬᠤᠲᠠᠯᠲᠣᠨ ᠠᠪᠬᠤ ᠭᠡᠷ᠎ᠡ | ᠲᠣᠭᠲᠠᠭᠰᠠᠨ ᠢᠶᠠᠨ ᠮᠡᠲᠡᠭᠲᠡᠵᠦ ᠲᠠᠩᠰᠠᠯᠠᠭᠤᠯᠣᠨᠡ᠃ ᠲᠠᠷᠠᠭ᠎ᠠ ᠨᠢ ᠦᠪᠡᠷ ᠤᠨ ᠢᠶᠠᠨ ᠨᠡᠷ᠎ᠡ ᠲᠡᠭᠡᠷ᠎ᠡ ᠵᠢᠩᠬᠢᠨᠢ ᠲᠠᠩᠰᠠᠯᠠᠯᠲᠠ ᠬᠢᠵᠦ ᠲᠡᠶᠢᠯᠬᠦ ᠡᠲᠦᠷ ᠠᠴᠠ ᠡᠬᠢᠯᠡᠨ | ᠶᠡᠷᠡᠨ ᠡᠲᠦᠷ ᠤᠨ ᠲᠣᠲᠣᠷ᠎ᠠ ᠡᠷᠬᠡᠪᠰᠢ ᠲᠠᠩᠰᠠᠯᠠᠭᠤᠯᠬᠤ ᠭᠤᠶᠣᠴᠢᠯᠠᠯ ᠭᠠᠷᠭᠠᠨ᠎ᠠ᠃ ᠦᠭᠡᠢ ᠪᠣᠯ ᠣᠷᠢᠳᠴᠢᠯᠠᠨ ᠮᠡᠳᠡᠭᠲᠡᠬᠦ ᠲᠠᠩᠰᠠᠯᠠᠯᠲᠠ ᠬᠦᠴᠦᠨ ᠦᠭᠡᠢ | ᠪᠣᠯᠣᠨ᠎ᠡ᠃ | |