ᠡᠯ᠎ᠡ ᠬᠤᠰᠢᠭᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠡᠯ᠎ᠡ ᠰᠠᠯᠠᠭ᠎ᠠ ᠮᠥᠴᠢᠷ᠂ ᠰᠢᠭᠤᠳ | ᠬᠠᠷᠢᠶ᠎ᠠ ᠨᠢᠭᠡᠴᠡ᠂ ᠲᠣᠮᠣ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠳᠤ᠄ | 2022 ᠣᠨ ᠤ 2 ᠰᠠᠷ᠎ᠠ ᠶᠢᠨ 14 ᠤ ᠡᠳᠦᠷ᠂ ᠣᠷᠳᠣᠰ ᠬᠤᠳᠠ ᠶᠢᠨ ᠲᠠᠪᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠨᠢᠭᠡᠳᠦᠭᠡᠷ ᠤᠳᠠᠭᠠᠨ ᠤ ᠬᠤᠷᠠᠯᠳᠤᠭᠠᠨ ᠠᠴᠠ ᠰᠢᠨ᠎ᠡ ᠨᠢᠭᠡ ᠬᠤᠭᠤᠴᠠᠭᠠᠨ ᠤ ᠵᠠᠰᠠᠭ ᠤᠨ ᠣᠷᠳᠣᠨ ᠤ ᠤᠳᠤᠷᠢᠳᠬᠤ ᠪᠠᠭ ᠢ ᠰᠣᠩᠭᠤᠨ ᠭᠠᠷᠭᠠᠪᠠ᠃ | ᠠᠵᠢᠯ ᠤᠨ ᠬᠡᠷᠡᠭᠴᠡᠭᠡ ᠶᠢ ᠦᠨᠳᠦᠰᠦᠯᠡᠨ᠂ ᠰᠤᠳᠤᠯᠬᠤ ᠪᠠᠷ ᠳᠠᠮᠵᠢᠨ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠤᠳᠤᠷᠢᠳᠬᠤ ᠪᠠᠭ ᠤᠨ ᠠᠵᠢᠯ ᠤᠨ | ᠬᠤᠪᠢᠶᠠᠷᠢᠯᠠᠯ ᠨᠢ ᠳᠣᠣᠷᠠᠬᠢ ᠮᠡᠲᠦ᠄ | ᠳ᠋ᠦ᠋ ᠬᠤᠢ ᠯᠢᠶᠠᠩ ᠬᠤᠲᠠ ᠶᠢᠨ ᠳᠠᠷᠤᠭ᠎ᠠ | ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠪᠦᠬᠦ ᠲᠠᠯ᠎ᠠ ᠶᠢᠨ ᠠᠵᠢᠯ ᠢ ᠤᠳᠤᠷᠢᠳᠴᠤ᠂ ᠬᠢᠨᠠᠨ ᠪᠣᠳᠣᠬᠤ ᠠᠵᠢᠯ ᠢ ᠬᠠᠷᠢᠭᠤᠴᠠᠨ᠎ᠠ᠃ | ᠬᠤᠲᠠ ᠶᠢᠨ ᠬᠢᠨᠠᠨ ᠪᠣᠳᠣᠬᠤ ᠲᠣᠪᠴᠢᠶ᠎ᠠ ᠶᠢ ᠬᠤᠪᠢᠳᠠᠨ ᠬᠠᠮᠢᠶᠠᠷᠤᠨ᠎ᠠ᠃ | ᠰᠤ᠋ ᠼᠦᠢ ᠹᠠᠩ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠲᠠ ᠶᠢᠨ ᠳᠡᠳ᠋ ᠳᠠᠷᠤᠭ᠎ᠠ | ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠪᠠᠶᠢᠩᠭᠤ ᠶᠢᠨ ᠠᠵᠢᠯ ᠢ ᠬᠠᠷᠢᠭᠤᠴᠠᠵᠤ᠂ ᠬᠤᠲᠠ ᠶᠢᠨ ᠳᠠᠷᠤᠭ᠎ᠠ ᠶᠢ ᠬᠠᠮᠵᠢᠨ ᠬᠥᠭᠵᠢᠭᠦᠯᠦᠯᠲᠡ | ᠥᠭᠡᠷᠡᠴᠢᠯᠡᠯᠲᠡ᠂ ᠲᠤᠭ᠎ᠠ ᠪᠦᠷᠢᠳᠬᠡᠯ᠂ ᠡᠳ᠋ ᠤᠨ ᠵᠠᠰᠠᠭ᠂ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ | ᠵᠡᠷᠭᠡ ᠲᠠᠯ᠎ᠠ ᠶᠢᠨ ᠠᠵᠢᠯ ᠢ ᠬᠠᠷᠢᠭᠤᠴᠠᠨ᠎ᠠ᠃ | ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ︵ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠭᠠᠳᠠᠭᠠᠳᠤ ᠶᠠᠪᠤᠳᠠᠯ ᠤᠨ ᠠᠯᠪᠠᠨ ᠭᠡᠷ︶᠂ | ᠬᠤᠲᠠ ᠶᠢᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ︵ᠠᠮᠤ ᠪᠤᠳᠠᠭ᠎ᠠ ᠪᠠ ᠡᠳ᠋ ᠪᠣᠳᠠᠰ ᠨᠥᠭᠡᠴᠡᠯᠡᠬᠦ ᠲᠣᠪᠴᠢᠶ᠎ᠠ︶᠂ ᠬᠤᠲᠠ ᠶᠢᠨ ᠲᠤᠭ᠎ᠠ | ᠪᠦᠷᠢᠳᠬᠡᠯ ᠤᠨ ᠲᠣᠪᠴᠢᠶ᠎ᠠ᠂ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ᠂ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ | ᠪᠠᠶᠢᠭᠤᠯᠤᠯᠲᠠ ᠶᠢᠨ ᠲᠣᠪᠴᠢᠶ᠎ᠠ ︵ᠬᠤᠲᠠ ᠶᠢᠨ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠠᠯᠪᠠᠨ ᠭᠡᠷ︶᠂ ᠬᠤᠲᠠ ᠶᠢᠨ ᠪᠣᠭᠤᠮᠲᠠ ᠶᠢᠨ ᠬᠠᠮᠢᠶᠠᠷᠤᠯᠲᠠ ᠶᠢᠨ | ᠠᠯᠪᠠᠨ ᠭᠡᠷ᠂ ᠬᠤᠲᠠ ᠶᠢᠨ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ᠂ ᠬᠤᠲᠠ ᠶᠢᠨ ᠪᠠᠴᠢᠮ ᠪᠠᠶᠢᠳᠠᠯ ᠢ ᠠᠷᠭᠠᠴᠠᠬᠤ | ᠬᠠᠮᠢᠶᠠᠷᠤᠯᠲᠠ ᠶᠢᠨ ᠲᠣᠪᠴᠢᠶ᠎ᠠ᠂ ᠬᠤᠲᠠ ᠶᠢᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ᠂ | ᠬᠤᠲᠠ ᠶᠢᠨ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ ᠲᠥᠷᠥᠯ ᠵᠦᠢᠯ ᠤᠨ ᠣᠷᠣᠯᠠᠨ ᠪᠠᠶᠢᠭᠤᠯᠬᠤ ᠲᠥᠪ᠂ ᠬᠤᠲᠠ ᠶᠢᠨ ᠠᠵᠤ ᠠᠬᠤᠢ ᠶᠢᠨ | ᠬᠠᠮᠲᠤᠷᠠᠯᠴᠠᠭᠠᠨ ᠤ ᠲᠥᠪ᠂ ᠬᠤᠲᠠ ᠶᠢᠨ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠲᠥᠪ᠂ ᠴᠢᠩᠭᠢᠰ ᠤᠨ ᠣᠩᠭᠤᠨ ᠤ ᠵᠢᠭᠤᠯᠴᠢᠯᠠᠯ ᠤᠨ | ᠣᠷᠣᠨ ᠤ ᠬᠠᠮᠢᠶᠠᠷᠤᠯᠲᠠ ᠶᠢᠨ ᠵᠥᠪᠯᠡᠯ᠂ ᠬᠤᠲᠠ ᠶᠢᠨ ᠬᠤᠲᠠ ᠶᠢᠨ ᠪᠦᠲᠦᠭᠡᠨ ᠪᠠᠶᠢᠭᠤᠯᠤᠯᠲᠠ ᠶᠢᠨ ᠪᠡᠯᠡ ᠣᠷᠣᠭᠤᠯᠤᠯᠲᠠ ᠶᠢᠨ ᠪᠦᠯᠦᠭᠯᠡᠯ ᠤᠨ ᠬᠢᠵᠠᠭᠠᠷᠲᠤ | ᠺᠣᠮᠫᠠᠨᠢ ᠶᠢ ᠬᠤᠪᠢᠳᠠᠨ ᠬᠠᠮᠢᠶᠠᠷᠤᠨ᠎ᠠ᠃ ᠬᠤᠲᠠ ᠶᠢᠨ ᠳᠠᠷᠤᠭ᠎ᠠ ᠶᠢ ᠬᠠᠮᠵᠢᠨ ᠬᠤᠲᠠ ᠶᠢᠨ ᠬᠢᠨᠠᠨ ᠪᠣᠳᠣᠬᠤ ᠲᠣᠪᠴᠢᠶ᠎ᠠ ᠶᠢ ᠬᠤᠪᠢᠳᠠᠨ ᠬᠠᠮᠢᠶᠠᠷᠤᠨ᠎ᠠ᠃ | ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠡ᠂ ᠤᠯᠤᠰ ᠲᠥᠷᠥ ᠶᠢᠨ ᠵᠥᠪᠯᠡᠯᠭᠡᠨ ᠤ ᠣᠷᠳᠣᠰ ᠬᠤᠲᠠ ᠶᠢᠨ | ᠬᠤᠷᠢᠶ᠎ᠠ᠂ ᠣᠷᠳᠣᠰ ᠤᠨ ᠴᠡᠷᠢᠭ ᠤᠨ ᠬᠤᠪᠢᠶᠠᠷᠢ ᠲᠣᠭᠤᠷᠢᠭ᠂ ᠪᠡᠯᠡᠳᠬᠡᠯ ᠠᠯᠪᠠᠨ ᠤ 90 ᠳ᠋ᠦ᠋ᠭᠡᠷ ᠬᠤᠷᠢᠶ᠎ᠠ᠂ ᠬᠤᠲᠠ ᠶᠢᠨ ᠬᠢᠨᠠᠨ ᠪᠠᠶᠢᠴᠠᠭᠠᠬᠤ ᠵᠥᠪᠯᠡᠯ᠂ ᠡᠯ᠎ᠡ | ᠠᠷᠠᠳᠴᠢᠯᠠᠭᠰᠠᠨ ᠨᠠᠮ ᠪᠦᠯᠦᠭ᠂ ᠬᠤᠲᠠ ᠶᠢᠨ ᠨᠠᠮ ᠤᠨ ᠬᠤᠷᠢᠶ᠎ᠠ ᠶᠢᠨ ᠠᠬᠠᠮᠠᠳ ᠺᠠᠳ᠋ᠷᠴᠤᠳ ᠤᠨ ᠲᠣᠪᠴᠢᠶ᠎ᠠ᠂ ᠬᠤᠲᠠ ᠶᠢᠨ ᠡᠮᠡᠭᠲᠡᠶᠢᠴᠦᠳ ᠤᠨ ᠬᠤᠯᠪᠣᠭᠠᠲᠤ | ᠬᠤᠷᠠᠯ᠂ ᠤᠯᠤᠰ ᠤᠨ ᠭᠠᠶᠢᠯᠢ ᠶᠢᠨ ᠶᠠᠪᠤᠳᠠᠯ ᠤᠨ ᠶᠡᠷᠦᠩᠬᠡᠢ ᠲᠣᠪᠴᠢᠶ᠎ᠠ ᠶᠢᠨ ᠣᠷᠳᠣᠰ ᠬᠤᠲᠠ ᠶᠢᠨ ᠭᠠᠶᠢᠯᠢ ᠶᠢᠨ ᠶᠠᠪᠤᠳᠠᠯ ᠤᠨ ᠲᠣᠪᠴᠢᠶ᠎ᠠ᠂ ᠤᠯᠤᠰ ᠤᠨ | ᠲᠤᠭ᠎ᠠ ᠪᠦᠷᠢᠳᠬᠡᠯ ᠤᠨ ᠲᠣᠪᠴᠢᠶ᠎ᠠ ᠶᠢᠨ ᠣᠷᠳᠣᠰ ᠲᠠᠬᠢ ᠪᠠᠶᠢᠴᠠᠭᠠᠯᠳᠠ ᠶᠢᠨ ᠠᠩᠭᠢ᠂ ᠬᠤᠲᠠ ᠶᠢᠨ ᠭᠠᠯ ᠤᠨᠲᠠᠷᠠᠭᠠᠵᠤ ᠠᠪᠤᠷᠠᠨ ᠲᠤᠰᠠᠯᠠᠬᠤ ᠰᠠᠯᠪᠤᠷᠢ ᠠᠩᠭᠢ᠂ | ᠤᠯᠤᠰ ᠤᠨ ᠠᠭᠤᠷᠬᠠᠢ ᠶᠢᠨ ᠠᠮᠤᠷ ᠲᠦᠪᠰᠢᠨ ᠢ ᠬᠢᠨᠠᠨ ᠪᠠᠶᠢᠴᠠᠭᠠᠬᠤ ᠲᠣᠪᠴᠢᠶ᠎ᠠ ᠶᠢᠨ ᠥᠪᠥᠷ ᠮᠣᠩᠭᠤᠯ ᠤᠨ ᠲᠣᠪᠴᠢᠶ᠎ᠠ ᠶᠢᠨ ᠬᠢᠨᠠᠨ ᠪᠠᠶᠢᠴᠠᠭᠠᠵᠤ ᠬᠠᠤᠯᠢ | ᠬᠡᠷᠡᠭᠵᠢᠭᠦᠯᠬᠦ ᠬᠤᠶᠠᠳᠤᠭᠠᠷ ᠭᠠᠵᠠᠷ᠂ ᠭᠤᠷᠪᠠᠳᠤᠭᠠᠷ ᠭᠠᠵᠠᠷ ᠲᠠᠢ ᠬᠠᠷᠢᠯᠴᠠᠨ᠎ᠠ᠃ | ᠯᠢᠦ ᠰᠢᠶᠣᠣ ᠹᠧᠩ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠲᠠ ᠶᠢᠨ ᠳᠡᠳ᠋ ᠳᠠᠷᠤᠭ᠎ᠠ | ᠬᠤᠳᠠ ᠶᠢᠨ ᠳᠠᠷᠤᠭ᠎ᠠ ᠶᠢ ᠬᠠᠮᠵᠢᠨ ᠰᠢᠨᠵᠢᠯᠡᠬᠦ ᠤᠬᠠᠭᠠᠨ ᠮᠡᠷᠭᠡᠵᠢᠯ᠂ ᠲᠣᠮᠣ ᠳ᠋ᠠᠶᠢᠲ᠋ᠠ᠂ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠤᠨ ᠲᠠᠯ᠎ᠠ ᠶᠢᠨ ᠠᠵᠢᠯ ᠢ | ᠬᠠᠷᠢᠭᠤᠴᠠᠨ᠎ᠠ︔ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠲᠠ ᠶᠢᠨ ᠳᠡᠳ᠋ ᠳᠠᠷᠤᠭ᠎ᠠ ᠰᠤ᠋ ᠼᠦᠢ ᠹᠠᠩ ᠢ ᠬᠠᠮᠵᠢᠨ ︽ᠲᠠᠯᠪᠢᠬᠤ | ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠵᠡᠷᠭᠡ ᠲᠠᠯ᠎ᠠ ᠶᠢᠨ ᠠᠵᠢᠯ ᠢ ᠬᠠᠷᠢᠭᠤᠴᠠᠨ᠎ᠠ᠃ | ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠬᠤᠲᠠ ᠶᠢᠨ ᠲᠣᠮᠣ ᠳ᠋ᠠᠶᠢᠲ᠋ᠠ ᠶᠢᠨ ᠲᠥᠪ᠂ ᠣᠷᠳᠣᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ | ᠦᠢᠯᠡᠰ ᠤᠨ ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠢ ᠬᠤᠪᠢᠳᠠᠨ ᠬᠠᠮᠢᠶᠠᠷᠤᠨ᠎ᠠ︔ ᠬᠤᠲᠠ ᠶᠢᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ | ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠶᠢ ᠬᠠᠮᠵᠢᠨ ᠬᠤᠪᠢᠳᠠᠨ ᠬᠠᠮᠢᠶᠠᠷᠤᠨ᠎ᠠ᠃ | ᠬᠤᠳᠠ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠨᠡᠶᠢᠭᠡᠮᠯᠢᠭ ᠲᠠᠢ ᠬᠠᠷᠢᠯᠴᠠᠨ᠎ᠠ᠃ | ᠸᠠᠩ ᠰᠢᠨ ᠢᠦᠢ ᠬᠤᠳᠠ ᠶᠢᠨ ᠳᠡᠳ᠋ ᠳᠠᠷᠤᠭ᠎ᠠ | ᠬᠤᠲᠠ ᠶᠢᠨ ᠳᠠᠷᠤᠭ᠎ᠠ ᠶᠢ ᠬᠠᠮᠵᠢᠨ ᠰᠤᠷᠭᠠᠨ ᠬᠥᠮᠦᠵᠢᠯ ᠪᠡᠶ᠎ᠡ ᠶᠢᠨ ᠲᠠᠮᠢᠷ᠂ ᠠᠷᠠᠳ ᠤᠨ ᠶᠠᠪᠤᠳᠠᠯ᠂ ᠡᠷᠡᠭᠦᠯ ᠬᠠᠮᠠᠭᠠᠯᠠᠯ ᠡᠷᠡᠭᠦᠯ ᠮᠡᠨᠳᠦ᠂ ᠡᠮᠴᠢᠯᠡᠭᠡᠨ ᠤ | ᠪᠠᠲᠤᠯᠠᠭ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠵᠡᠷᠭᠡ ᠲᠠᠯ᠎ᠠ ᠶᠢᠨ ᠠᠵᠢᠯ ᠢ ᠬᠠᠷᠢᠭᠤᠴᠠᠨ᠎ᠠ᠃ | ᠬᠤᠲᠠ ᠶᠢᠨ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ᠂ ᠬᠤᠲᠠ ᠶᠢᠨ ᠠᠷᠠᠳ ᠤᠨ ᠶᠠᠪᠤᠳᠠᠯ ᠤᠨ ᠲᠣᠪᠴᠢᠶ᠎ᠠ᠂ ᠬᠤᠲᠠ ᠶᠢᠨ ᠡᠷᠡᠭᠦᠯ ᠬᠠᠮᠠᠭᠠᠯᠠᠯ | ᠡᠷᠡᠭᠦᠯ ᠮᠡᠨᠳᠦ ᠶᠢᠨ ᠵᠥᠪᠯᠡᠯ᠂ ᠬᠤᠲᠠ ᠶᠢᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ᠂ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ | ᠲᠣᠪᠴᠢᠶ᠎ᠠ ︵ᠬᠤᠲᠠ ᠶᠢᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠲᠣᠪᠴᠢᠶ᠎ᠠ︶ ᠶᠢ ᠬᠤᠪᠢᠳᠠᠨ ᠬᠠᠮᠢᠶᠠᠷᠤᠨ᠎ᠠ᠃ | ᠬᠤᠲᠠ ᠶᠢᠨ ᠵᠡᠮᠳᠡᠭᠴᠦᠳ ᠤᠨ ᠬᠤᠯᠪᠣᠭᠠᠲᠤ ᠬᠤᠷᠠᠯ᠂ ᠬᠤᠲᠠ ᠶᠢᠨ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ᠂ ᠣᠷᠳᠣᠰ ᠤᠨ ᠬᠡᠷᠡᠭᠯᠡᠭᠡᠨ ᠤ ᠮᠡᠷᠭᠡᠵᠢᠯ ᠤᠨ | ᠳᠡᠭᠡᠳᠦ ᠰᠤᠷᠭᠠᠭᠤᠯᠢ᠂ ᠣᠷᠳᠣᠰ ᠤᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ᠂ ᠥᠪᠥᠷ ᠮᠣᠩᠭᠤᠯ ᠤᠨ ᠦᠨᠳᠦᠰᠦᠲᠡᠨ ᠤ ᠬᠡᠦᠬᠡᠳ ᠤᠨ ᠪᠠᠭᠰᠢ ᠶᠢᠨ ᠳᠡᠭᠡᠳᠦ | ᠵᠡᠷᠭᠡ ᠶᠢᠨ ᠲᠤᠰᠬᠠᠢ ᠮᠡᠷᠭᠡᠵᠢᠯ ᠤᠨ ᠰᠤᠷᠭᠠᠭᠤᠯᠢ᠂ ᠣᠷᠳᠣᠰ ᠤᠨ ᠠᠮᠢ ᠠᠬᠤᠢ ᠣᠷᠴᠢᠨ ᠲᠣᠭᠤᠷᠢᠨ ᠤ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠲᠠᠢ | ᠬᠠᠷᠢᠯᠴᠠᠨ᠎ᠠ᠃ | ᠭᠤᠤ ᠸᠧᠨ ᠾᠧ ᠬᠤᠳᠠ ᠶᠢᠨ ᠳᠡᠳ᠋ ᠳᠠᠷᠤᠭ᠎ᠠ᠂ ᠬᠤᠳᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠳᠠᠷᠤᠭ᠎ᠠ | ᠬᠤᠳᠠ ᠶᠢᠨ ᠳᠠᠷᠤᠭ᠎ᠠ ᠶᠢ ᠬᠠᠮᠵᠢᠨ ᠳᠣᠲᠣᠭᠠᠳᠤ ᠶᠢ ᠬᠠᠮᠠᠭᠠᠯᠠᠬᠤ᠂ ᠬᠠᠤᠯᠢ ᠴᠠᠭᠠᠵᠠ᠂ ᠵᠠᠬᠢᠳᠠᠯ ᠰᠣᠷᠪᠤᠯᠵᠢᠯᠠᠭ᠎ᠠ ᠵᠡᠷᠭᠡ ᠲᠠᠯ᠎ᠠ ᠶᠢᠨ ᠠᠵᠢᠯ ᠢ ᠬᠠᠷᠢᠭᠤᠴᠠᠨ᠎ᠠ | ᠃ | ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠬᠤᠲᠠ ᠶᠢᠨ ᠬᠠᠤᠯᠢ ᠴᠠᠭᠠᠵᠠ ᠶᠢᠨ ᠲᠣᠪᠴᠢᠶ᠎ᠠ᠂ ᠬᠤᠲᠠ ᠶᠢᠨ ᠵᠠᠬᠢᠳᠠᠯ ᠰᠣᠷᠪᠤᠯᠵᠢᠯᠠᠭ᠎ᠠ ᠶᠢᠨ | ᠲᠣᠪᠴᠢᠶ᠎ᠠ ᠶᠢ ᠬᠤᠪᠢᠳᠠᠨ ᠬᠠᠮᠢᠶᠠᠷᠤᠨ᠎ᠠ᠃ | ᠬᠤᠲᠠ ᠶᠢᠨ ᠠᠷᠠᠳ ᠤᠨ ᠳᠤᠮᠳᠠ ᠵᠡᠷᠭᠡ ᠶᠢᠨ ᠰᠢᠭᠦᠬᠦ ᠬᠤᠷᠢᠶ᠎ᠠ᠂ ᠬᠤᠲᠠ ᠶᠢᠨ ᠠᠷᠠᠳ ᠤᠨ ᠪᠠᠶᠢᠴᠠᠭᠠᠬᠤ ᠬᠤᠷᠢᠶ᠎ᠠ᠂ ᠬᠤᠲᠠ ᠶᠢᠨ ᠤᠯᠤᠰ ᠤᠨ ᠠᠮᠤᠷ | ᠲᠦᠪᠰᠢᠨ ᠤ ᠲᠣᠪᠴᠢᠶ᠎ᠠ᠂ ᠵᠡᠪᠰᠡᠭᠲᠦ ᠴᠠᠭᠳᠠᠭ᠎ᠠ ᠶᠢᠨ ᠣᠷᠳᠣᠰ ᠲᠠᠬᠢ ᠰᠠᠯᠪᠤᠷᠢ ᠠᠩᠭᠢ ᠲᠠᠢ ᠬᠠᠷᠢᠯᠴᠠᠨ᠎ᠠ᠃ | ᠺᠦᠩ ᠹᠠᠨ ᠹᠧᠢ ᠬᠤᠲᠠ ᠶᠢᠨ ᠳᠡᠳ᠋ ᠳᠠᠷᠤᠭ᠎ᠠ | ᠬᠤᠳᠠ ᠶᠢᠨ ᠳᠠᠷᠤᠭ᠎ᠠ ᠶᠢ ᠬᠠᠮᠵᠢᠨ ᠪᠠᠶᠢᠭᠠᠯᠢ ᠶᠢᠨ ᠡᠬᠢ ᠪᠠᠶᠠᠯᠢᠭ᠂ ᠠᠮᠢ ᠠᠬᠤᠢ ᠤᠷᠴᠢᠨ ᠲᠤᠭᠤᠷᠢᠨ᠂ ᠵᠠᠮ ᠬᠠᠷᠢᠯᠴᠠᠭ᠎ᠠ ᠲᠡᠭᠡᠭᠡᠪᠦᠷᠢ ᠵᠡᠷᠭᠡ ᠲᠠᠯ᠎ᠠ ᠶᠢᠨ | ᠠᠵᠢᠯ ᠢ ᠬᠠᠷᠢᠭᠤᠴᠠᠨ᠎ᠠ᠃ | ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠬᠤᠲᠠ ᠶᠢᠨ ᠠᠮᠢ ᠠᠬᠤᠢ ᠣᠷᠴᠢᠨ ᠲᠣᠭᠤᠷᠢᠨ ᠤ ᠲᠣᠪᠴᠢᠶ᠎ᠠ᠂ ᠬᠤᠲᠠ ᠶᠢᠨ ᠵᠠᠮ | ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ ᠶᠢ ᠬᠤᠪᠢᠳᠠᠨ ᠬᠠᠮᠢᠶᠠᠷᠤᠨ᠎ᠠ᠃ | ᠡᠪ ᠬᠠᠮᠲᠤ ᠵᠠᠯᠠᠭᠤᠴᠤᠳ ᠤᠨ ᠡᠪᠯᠡᠯ ᠤᠨ ᠣᠷᠳᠣᠰ ᠬᠤᠲᠠ ᠶᠢᠨ ᠬᠤᠷᠢᠶ᠎ᠠ ᠂ ᠥᠪᠥᠷ ᠮᠣᠩᠭᠤᠯ ᠤᠨ ᠴᠠᠬᠢᠯᠭᠠᠨ ᠬᠦᠴᠦᠨ ᠤ ︵ᠪᠦᠯᠦᠭᠯᠡᠯ︶ ᠬᠢᠵᠠᠭᠠᠷᠲᠤ | ᠬᠠᠷᠢᠭᠤᠴᠠᠯᠭᠠᠲᠤ ᠺᠣᠮᠫᠠᠨᠢ ᠶᠢᠨ ᠣᠷᠳᠣᠰ ᠤᠨ ᠴᠠᠬᠢᠯᠭᠠᠨ ᠬᠠᠩᠭᠠᠬᠤ ᠬᠤᠪᠢᠶᠠᠷᠢ ᠺᠣᠮᠫᠠᠨᠢ᠂ ᠥᠪᠥᠷ ᠮᠣᠩᠭᠤᠯ ᠤᠨ ᠴᠠᠬᠢᠯᠭᠠᠨ ᠬᠦᠴᠦᠨ ︵ᠪᠦᠯᠦᠭᠯᠡᠯ︶ ᠤ | ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠰᠢᠤᠸᠠᠢ ᠵᠢᠶᠠ ᠸᠠᠨ ᠴᠠᠬᠢᠯᠭᠠᠨ ᠬᠠᠩᠭᠠᠬᠤ ᠬᠤᠪᠢᠶᠠᠷᠢ ᠺᠣᠮᠫᠠᠨᠢ᠂ ᠬᠤᠳᠠ ᠶᠢᠨ ᠰᠢᠤᠳᠠᠨ ᠤ ᠬᠠᠮᠢᠶᠠᠷᠤᠯᠲᠠ ᠶᠢᠨ | ᠲᠣᠪᠴᠢᠶ᠎ᠠ᠂ ᠥᠪᠥᠷ ᠮᠣᠩᠭᠤᠯ ᠤᠨ ᠰᠢᠤᠳᠠᠨ ᠤ ᠺᠣᠮᠫᠠᠨᠢ ᠶᠢᠨ ᠣᠷᠳᠣᠰ ᠲᠠᠬᠢ ᠬᠤᠪᠢᠶᠠᠷᠢ ᠺᠣᠮᠫᠠᠨᠢ᠂ ᠬᠤᠳᠠ ᠶᠢᠨ ᠨᠠᠪᠴᠢᠨ ᠲᠠᠮᠠᠬᠢ ᠲᠤᠰᠬᠠᠢ ᠬᠤᠳᠠᠯᠳᠤᠬᠤ | ᠲᠣᠪᠴᠢᠶ᠎ᠠ᠂ ᠬᠤᠳᠠ ᠶᠢᠨ ᠷᠠᠳᠢᠣ᠋ ᠶᠢᠨ ᠬᠠᠮᠢᠶᠠᠷᠤᠯᠲᠠ ᠶᠢᠨ ᠭᠠᠵᠠᠷ᠂ ᠬᠤᠳᠠ ᠳᠤ ᠰᠠᠭᠤᠭ᠎ᠠ ᠴᠢᠮᠡᠭᠡ ᠬᠤᠯᠪᠣᠭᠠᠨ ᠤ ᠠᠵᠤ ᠠᠬᠤᠶᠢᠯᠠᠯ᠂ ᠥᠪᠥᠷ ᠮᠣᠩᠭᠤᠯ ᠤᠨ | ᠨᠡᠭᠦᠷᠡᠰᠦᠨ ᠤ ᠭᠠᠵᠠᠷ ᠰᠢᠨᠵᠢᠯᠡᠭᠡᠨ ᠤ ᠬᠠᠶᠢᠨ ᠪᠠᠶᠢᠴᠠᠭᠠᠬᠤ ︵ᠪᠦᠯᠦᠭᠯᠡᠯ︶ 117 ᠳ᠋ᠤᠭᠠᠷ ᠬᠢᠵᠠᠭᠠᠷᠲᠤ ᠺᠣᠮᠫᠠᠨᠢ ᠲᠠᠢ ᠬᠠᠷᠢᠯᠴᠠᠨ᠎ᠠ᠃ | ᠮᠢᠶᠣᠣ ᠴᠧᠩ ᠢᠦᠢ ᠬᠤᠳᠠ ᠶᠢᠨ ᠳᠡᠳ᠋ ᠳᠠᠷᠤᠭ᠎ᠠ | ᠬᠤᠳᠠ ᠶᠢᠨ ᠳᠠᠷᠤᠭ᠎ᠠ ᠶᠢ ᠬᠠᠮᠵᠢᠨ ᠰᠣᠶᠣᠯ ᠵᠢᠭᠤᠯᠴᠢᠯᠠᠯ᠂ ᠮᠥᠩᠭᠦᠨ ᠭᠦᠢᠯᠭᠡᠭᠡ᠂ ᠬᠤᠳᠠᠯᠳᠤᠭᠠᠨ ᠤ ᠶᠠᠪᠤᠳᠠᠯ᠂ ᠤᠯᠤᠰ ᠤᠨ ᠦᠮᠴᠢᠯᠡᠯᠳᠦ ᠡᠳ᠋ | ᠬᠥᠷᠥᠩᠭᠡ ᠶᠢᠨ ᠬᠠᠮᠢᠶᠠᠷᠤᠯᠲᠠ ᠵᠡᠷᠭᠡ ᠲᠠᠯ᠎ᠠ ᠶᠢᠨ ᠠᠵᠢᠯ ᠢ ᠬᠠᠷᠢᠭᠤᠴᠠᠨ᠎ᠠ ;ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠲᠠ ᠶᠢᠨ ᠳᠡᠳ᠋ | ᠳᠠᠷᠤᠭ᠎ᠠ ᠰᠤ᠋ ᠼᠦᠢ ᠹᠠᠩ ᠢ ᠬᠠᠮᠵᠢᠨ ᠪᠣᠭᠤᠮᠲᠠ ᠶᠢᠨ ᠠᠵᠢᠯ ᠢ ᠬᠠᠷᠢᠭᠤᠴᠠᠨ᠎ᠠ᠃ | ᠬᠤᠲᠠ ᠶᠢᠨ ᠰᠣᠶᠣᠯ ᠪᠠ ᠵᠢᠭᠤᠯᠴᠢᠯᠠᠯ ᠤᠨ ᠲᠣᠪᠴᠢᠶ᠎ᠠ ︵ᠬᠤᠲᠠ ᠶᠢᠨ ᠲᠡᠦᠬᠡ ᠶᠢᠨ ᠳᠤᠷᠠᠰᠬᠠᠯᠲᠤ ᠵᠦᠢᠯ ᠤᠨ ᠲᠣᠪᠴᠢᠶ᠎ᠠ︶᠂ ᠬᠤᠲᠠ ᠶᠢᠨ ᠠᠷᠠᠳ ᠤᠨ | ᠵᠠᠰᠠᠭ ᠤᠨ ᠣᠷᠳᠣᠨ ᠤ ᠮᠥᠩᠭᠦᠨ ᠭᠦᠢᠯᠭᠡᠭᠡᠨ ᠤ ᠠᠯᠪᠡᠨ ᠭᠡᠷ᠂ ᠬᠤᠲᠠ ᠶᠢᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ᠂ ᠬᠤᠲᠠ ᠶᠢᠨ ᠤᠯᠤᠰ ᠤᠨ | ᠥᠮᠴᠢᠯᠡᠯᠲᠦ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ᠂ ᠣᠷᠳᠣᠰ ᠤᠨ ᠠᠭᠠᠷ ᠤᠨ ᠭᠠᠷᠠᠮ ᠤᠨ ᠪᠠᠷᠠᠭᠠᠨ ᠤ ᠭᠦᠢᠯᠭᠡᠭᠡᠨ ᠤ ᠬᠦᠷᠢᠶᠡᠯᠡᠩ ᠤᠨ | ᠬᠠᠮᠢᠶᠠᠷᠤᠯᠲᠠ ᠶᠢᠨ ᠵᠥᠪᠯᠡᠯ ︵ᠣᠷᠳᠣᠰ ᠤᠨ ᠶᠡᠷᠦᠩᠬᠡᠶᠢᠯᠡᠭᠰᠡᠨ ᠭᠠᠶᠢᠯᠢ ᠪᠠᠲᠤᠯᠠᠬᠤ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ︶᠂ ᠬᠤᠲᠠ ᠶᠢᠨ ᠤᠯᠤᠰ ᠤᠨ | ᠥᠮᠴᠢᠯᠡᠯᠲᠦ ᠡᠳ᠋ ᠬᠥᠷᠥᠩᠭᠡ ᠶᠢᠨ ᠪᠡᠯᠡ ᠣᠷᠣᠭᠤᠯᠤᠯᠲᠠ ᠶᠢᠨ ᠬᠤᠪᠢ ᠡᠵᠡᠮᠳᠡᠬᠦ ᠪᠦᠯᠦᠭᠯᠡᠯ ᠤᠨ ᠬᠢᠵᠠᠭᠠᠷᠲᠤ ᠺᠣᠮᠫᠠᠨᠢ᠂ ᠬᠤᠲᠠ ᠶᠢᠨ ᠰᠣᠶᠣᠯ ᠵᠢᠭᠤᠯᠴᠢᠯᠠᠯ ᠤᠨ | ᠬᠥᠭᠵᠢᠯᠲᠡ ᠶᠢᠨ ᠪᠦᠯᠦᠭᠯᠡᠯ ᠤᠨ ᠬᠢᠵᠠᠭᠠᠷᠲᠤ ᠺᠣᠮᠫᠠᠨᠢ᠂ ᠬᠤᠲᠠ ᠶᠢᠨ ᠬᠡᠯᠪᠡᠷᠢ ᠪᠠᠨ ᠬᠤᠪᠢᠷᠠᠭᠤᠯᠤᠨ ᠬᠥᠭᠵᠢᠭᠦᠯᠬᠦ ᠪᠡᠯᠡ ᠣᠷᠣᠭᠤᠯᠤᠯᠲᠠ ᠶᠢᠨ ᠬᠢᠵᠠᠭᠠᠷᠲᠤ | ᠬᠠᠷᠢᠭᠤᠴᠠᠯᠭᠠᠲᠤ ᠺᠣᠮᠫᠠᠨᠢ᠂ ᠬᠤᠲᠠ ᠶᠢᠨ ᠷᠠᠳᠢᠣ᠋ ᠲᠧᠯᠸᠢᠰ ᠬᠤᠷᠢᠶ᠎ᠠ ᠶᠢ ᠬᠤᠪᠢᠳᠠᠨ ᠬᠠᠮᠢᠶᠠᠷᠤᠨ᠎ᠠ︔ ᠬᠤᠳᠠ ᠶᠢᠨ ᠳᠠᠷᠤᠭ᠎ᠠ ᠶᠢ ᠬᠠᠮᠵᠢᠨ ᠬᠤᠲᠠ ᠶᠢᠨ | ᠪᠣᠭᠤᠮᠲᠠ ᠶᠢᠨ ᠬᠠᠮᠢᠶᠠᠷᠤᠯᠲᠠ ᠶᠢᠨ ᠠᠯᠪᠠᠨ ᠭᠡᠷ ᠢ ᠬᠤᠪᠢᠳᠠᠨ ᠬᠠᠮᠢᠶᠠᠷᠤᠨ᠎ᠠ᠃ | ᠣᠷᠳᠣᠰ ᠪᠣᠭᠤᠮᠲᠠ᠂ ᠣᠷᠳᠣᠰ ᠤᠨ ᠬᠢᠯᠢ ᠪᠠᠷ ᠣᠷᠣᠵᠤ ᠭᠠᠷᠬᠤ ᠬᠢᠯᠢ ᠶᠢᠨ ᠬᠠᠮᠠᠭᠠᠯᠠᠯᠲᠠ ᠶᠢᠨ ᠪᠠᠶᠢᠴᠠᠭᠠᠬᠤ ᠥᠷᠲᠡᠭᠡ᠂ ᠳᠤᠮᠳᠠᠳᠤ ᠤᠯᠤᠰ ᠤᠨ ᠣᠯᠠᠨ | ᠤᠯᠤᠰ ᠤᠨ ᠠᠷᠠᠯᠵᠢᠶ᠎ᠠ ᠶᠢ ᠠᠬᠢᠭᠤᠯᠬᠤ ᠵᠥᠪᠯᠡᠯ ᠤᠨ ᠣᠷᠳᠣᠰ ᠬᠤᠲᠠ ᠶᠢᠨ ᠵᠥᠪᠯᠡᠯ ︵ᠤᠯᠤᠰ ᠲᠠᠭᠠᠨ ᠪᠤᠴᠠᠵᠤ ᠢᠷᠡᠭᠰᠡᠨ ᠳᠤᠮᠳᠠᠳᠤ ᠶᠢᠨ ᠬᠠᠷᠢᠶᠠᠲᠤ ᠨᠠᠷ ᠤᠨ | ᠬᠤᠯᠪᠣᠭᠠᠲᠤ ᠬᠤᠷᠠᠯ︶᠂ ᠬᠤᠲᠠ ᠶᠢᠨ ᠤᠳᠬ᠎ᠠ ᠵᠣᠬᠢᠶᠠᠯ ᠤᠷᠠᠯᠢᠭ ᠤᠨ ᠬᠢᠨ ᠤ ᠬᠤᠯᠪᠣᠭᠠᠲᠤ ᠬᠤᠷᠠᠯ᠂ ᠬᠤᠲᠠ ᠶᠢᠨ ᠨᠡᠶᠢᠭᠡᠮ ᠤᠨ ᠰᠢᠨᠵᠢᠯᠡᠬᠦ ᠤᠬᠠᠭᠠᠨ ᠤ | ᠬᠤᠯᠪᠣᠭᠠᠲᠤ ᠬᠤᠷᠠᠯ᠂ ᠡᠯ᠎ᠡ ᠰᠣᠨᠢᠨ ᠮᠡᠳᠡᠭᠡᠨ ᠤ ᠨᠢᠭᠡᠴᠡ᠂ ᠠᠷᠠᠳ ᠤᠨ ᠪᠠᠩᠬᠢ ᠶᠢᠨ ᠣᠷᠳᠣᠰ ᠬᠤᠲᠠ ᠳᠠᠬᠢ ᠰᠠᠯᠪᠤᠷᠢ ᠪᠠᠩᠬᠢ᠂ ᠤᠯᠤᠰ ᠤᠨ ᠭᠠᠳᠠᠭᠠᠳᠤ | ᠭᠤᠪᠢᠭᠤᠯᠭ᠎ᠠ ᠶᠢᠨ ᠬᠠᠮᠢᠶᠠᠷᠤᠯᠲᠠ ᠶᠢᠨ ᠲᠣᠪᠴᠢᠶ᠎ᠠ ᠶᠢᠨ ᠣᠷᠳᠣᠰ ᠬᠤᠲᠠ ᠳᠠᠬᠢ ᠬᠤᠪᠢᠶᠠᠷᠢ ᠲᠣᠪᠴᠢᠶ᠎ᠠ᠂ ᠳᠤᠮᠳᠠᠳᠤ ᠤᠯᠤᠰ ᠤᠨ ᠪᠠᠩᠬᠢ ᠶᠢᠨ ᠳᠠᠭᠠᠳᠬᠠᠯ ᠤᠨ | ᠬᠢᠨᠠᠯᠲᠠ ᠬᠠᠮᠢᠶᠠᠷᠤᠯᠲᠠ ᠶᠢᠨ ᠵᠥᠪᠯᠡᠯ ᠤᠨ ᠣᠷᠳᠣᠰ ᠲᠠᠬᠢ ᠬᠢᠨᠠᠯᠲᠠ ᠬᠠᠮᠢᠶᠠᠷᠤᠯᠲᠠ ᠶᠢᠨ ᠬᠤᠪᠢᠶᠠᠷᠢ ᠲᠣᠪᠴᠢᠶ᠎ᠠ ᠵᠢᠴᠢ ᠬᠤᠲᠠ ᠳᠤ ᠰᠠᠭᠤᠭ᠎ᠠ ᠮᠥᠩᠭᠦᠨ | ᠭᠦᠢᠯᠭᠡᠭᠡᠨ ᠤ ᠪᠠᠶᠢᠭᠤᠯᠤᠮᠵᠢ ᠲᠠᠢ ᠬᠠᠷᠢᠯᠴᠠᠨ᠎ᠠ᠃ | ᠡᠷᠳᠡᠨᠢᠪᠢᠯᠢᠭ ᠬᠤᠳᠠ ᠶᠢᠨ ᠳᠡᠳ᠋ ᠳᠠᠷᠤᠭ᠎ᠠ | ᠬᠤᠲᠠ ᠵᠢᠨᠲ᠋ᠠᠷᠤᠭ᠎ᠠ ᠶᠢ ᠬᠠᠪᠰᠤᠷᠤᠨ ᠦᠨᠳᠦᠰᠦᠲᠡᠨ ᠤ ᠶᠠᠪᠤᠳᠠᠯ᠂ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠶᠠᠪᠤᠳᠠᠯ᠂ ᠠᠵᠢᠯᠲᠠᠨ ᠤ ᠶᠠᠪᠤᠳᠠᠯ | ᠬᠥᠳᠡᠯᠮᠦᠷᠢ᠂ ᠲᠠᠷᠢᠶᠠᠯᠠᠩ ᠮᠠᠯ ᠠᠵᠤ ᠠᠬᠤᠢ ᠪᠠ ᠮᠠᠯᠵᠢᠬᠤ ᠲᠠᠷᠢᠶᠠᠯᠠᠬᠤ ᠣᠷᠣᠨ ᠵᠡᠷᠭᠡ ᠲᠠᠯ᠎ᠠ ᠶᠢᠨ ᠠᠵᠢᠯ ᠢ ᠬᠠᠷᠢᠭᠤᠴᠠᠨ᠎ᠠ᠃ | ᠬᠤᠲᠠ ᠶᠢᠨ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ︵ᠬᠤᠲᠠ ᠶᠢᠨ ᠮᠣᠩᠭᠤᠯ ᠬᠡᠯᠡ ᠪᠢᠴᠢᠭ ᠤᠨ ᠠᠵᠢᠯ ᠤᠨ ᠵᠥᠪᠯᠡᠯ︶᠂ ᠬᠤᠲᠠ ᠶᠢᠨ ᠴᠡᠷᠢᠭ ᠤᠨ | ᠠᠯᠪᠠ ᠠᠴᠠ ᠬᠠᠯᠠᠭᠳᠠᠭᠰᠠᠳ ᠤᠨ ᠶᠠᠪᠤᠳᠠᠯ ᠤᠨ ᠲᠣᠪᠴᠢᠶ᠎ᠠ᠂ ᠬᠤᠲᠠ ᠶᠢᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ | ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ᠂ ᠬᠤᠲᠠ ᠶᠢᠨ ᠣᠶ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ᠂ ᠬᠤᠲᠠ ᠶᠢᠨ ᠤᠰᠤᠨ | ᠠᠰᠢᠭᠯᠠᠯᠲᠠ ᠶᠢᠨ ᠲᠣᠪᠴᠢᠶ᠎ᠠ᠂ ᠬᠤᠲᠠ ᠶᠢᠨ ᠬᠠᠩᠭᠠᠨ ᠪᠣᠷᠣᠯᠠᠭᠤᠯᠬᠤ ᠬᠤᠷᠰᠢᠶ᠎ᠠ ᠶᠢᠨ ᠬᠤᠯᠪᠣᠭᠠᠲᠤ ᠬᠤᠷᠰᠢᠶ᠎ᠠ᠂ ᠬᠤᠲᠠ ᠶᠢᠨ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠲᠣᠪᠴᠢᠶ᠎ᠠ᠂ ᠡᠩᠭᠡᠪᠡᠢ ᠶᠢᠨ ᠠᠮᠢ ᠠᠬᠤᠢ ᠶᠢᠨ ᠵᠢᠱᠢᠶ᠎ᠡ ᠦᠵᠡᠭᠦᠯᠬᠦ ᠣᠷᠣᠨ ᠤ ᠬᠠᠮᠢᠶᠠᠷᠤᠯᠲᠠ ᠶᠢᠨ ᠵᠥᠪᠯᠡᠯ᠂ ᠬᠤᠲᠠ ᠶᠢᠨ | ᠤᠰᠤᠨ ᠤ ᠶᠠᠪᠤᠳᠠᠯ ᠤᠨ ᠪᠡᠯᠡ ᠣᠷᠣᠭᠤᠯᠤᠯᠲᠠ ᠶᠢᠨ ᠬᠤᠪᠢ ᠡᠵᠡᠮᠳᠡᠬᠦ ᠪᠦᠯᠦᠭᠯᠡᠯ ᠤᠨ ᠬᠢᠵᠠᠭᠠᠷᠲᠤ ᠺᠣᠮᠫᠠᠨᠢ ᠶᠢ ᠬᠤᠪᠢᠳᠠᠨ ᠬᠠᠮᠢᠶᠠᠷᠤᠨ᠎ᠠ᠃ | ᠬᠤᠲᠠ ᠶᠢᠨ ᠴᠠᠭ ᠠᠭᠤᠷ ᠤᠨ ᠲᠣᠪᠴᠢᠶ᠎ᠠ ᠲᠠᠢ ᠬᠠᠷᠢᠯᠴᠠᠨ᠎ᠠ᠃ | ᠯᠢᠦ ᠹᠧᠩ ᠶᠦᠨ ᠬᠤᠲᠠ ᠶᠢᠨ ᠳᠡᠳ᠋ ᠳᠠᠷᠤᠭ᠎ᠠ | ᠬᠤᠳᠠ ᠶᠢᠨ ᠳᠠᠷᠤᠭ᠎ᠠ ᠶᠢ ᠬᠠᠪᠰᠤᠷᠤᠨ ᠠᠵᠤ ᠦᠢᠯᠡᠳᠪᠦᠷᠢ ᠶᠢᠨ ᠠᠵᠤ ᠠᠬᠤᠢ᠂ ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠢ᠂ ᠡᠨᠧᠷᠭᠢ᠂ ᠲᠡᠮᠦᠷ | ᠵᠡᠮ ᠠᠷᠠᠳ ᠤᠨ ᠠᠭᠠᠷ ᠤᠨ ᠲᠡᠭᠡᠭᠡᠪᠦᠷᠢ ᠵᠡᠷᠭᠡ ᠲᠠᠯ᠎ᠠ ᠶᠢᠨ ᠠᠵᠢᠯ ᠢ ᠬᠠᠷᠢᠭᠤᠴᠠᠨ᠎ᠠ᠃ | ᠬᠤᠲᠠ ᠶᠢᠨ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠬᠤᠲᠠ ᠶᠢᠨ ᠡᠨᠧᠷᠭᠢ ᠶᠢᠨ ᠲᠣᠪᠴᠢᠶ᠎ᠠ᠂ ᠬᠤᠲᠠ ᠶᠢᠨ ᠲᠡᠮᠦᠷ | ᠵᠠᠮ ᠠᠷᠠᠳ ᠤᠨ ᠠᠭᠠᠷ ᠤᠨ ᠲᠡᠭᠡᠭᠡᠪᠦᠷᠢ ᠶᠢᠨ ᠲᠥᠪ᠂ ᠣᠷᠳᠣᠰ ᠨᠢᠰᠬᠡᠯ ᠤᠨ ᠪᠠᠭᠤᠳᠠᠯ ᠤᠨ ᠬᠠᠮᠢᠶᠠᠷᠤᠯᠲᠠ ᠶᠢᠨ ᠪᠦᠯᠦᠭᠯᠡᠯ ᠤᠨ ᠬᠢᠵᠠᠭᠠᠷᠲᠤ ᠺᠣᠮᠫᠠᠨᠢ᠂ ᠣᠷᠳᠣᠰ | ᠬᠤᠲᠠ ᠶᠢᠨ ᠣᠷᠳᠣᠰ ᠤᠨ ᠡᠨᠧᠷᠭᠢ ᠶᠢᠨ ᠪᠡᠯᠡ ᠣᠷᠣᠭᠤᠯᠤᠯᠲᠠ ᠶᠢᠨ ᠬᠢᠵᠠᠭᠠᠷᠲᠤ ᠺᠣᠮᠫᠠᠨᠢ ᠶᠢ ᠬᠤᠪᠢᠳᠠᠨ ᠬᠠᠮᠢᠶᠠᠷᠤᠨ᠎ᠠ᠃ | ᠬᠤᠲᠠ ᠶᠢᠨ ᠠᠵᠢᠯᠴᠢᠨ ᠤ ᠶᠡᠷᠦᠩᠬᠡᠢ ᠡᠪᠯᠡᠯ᠂ ᠬᠤᠲᠠ ᠶᠢᠨ ᠠᠵᠤ ᠦᠢᠯᠡᠳᠪᠦᠷᠢ ᠬᠤᠳᠠᠯᠳᠤᠭᠠᠨ ᠤ ᠬᠤᠯᠪᠣᠭᠠᠲᠤ ᠬᠤᠷᠠᠯ᠂ ᠸᠠᠨ ᠵᠢᠶᠠ ᠵᠠᠢ ᠤᠰᠤᠨ | ᠠᠰᠢᠭᠯᠠᠯᠲᠠ ᠶᠢᠨ ᠬᠦᠢᠰᠦ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ᠂ ᠬᠤᠲᠠ ᠶᠢᠨ ᠵᠧᠩ ᠬᠤᠸᠠ ᠡᠨᠧᠷᠭᠢ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ᠂ | ᠲᠥᠪ ᠪᠠ ᠥᠪᠡᠷᠲᠡᠭᠡᠨ ᠵᠠᠰᠠᠬᠤ ᠣᠷᠣᠨ ᠤ ᠬᠤᠲᠠ ᠳᠤ ᠰᠠᠭᠤᠭ᠎ᠠ ᠡᠨᠧᠷᠭᠢ ᠶᠢᠨ ᠠᠵᠤ ᠠᠬᠤᠶᠢᠯᠠᠯ ᠲᠠᠢ ᠬᠠᠷᠢᠯᠴᠠᠨ᠎ᠠ᠃ | ᠵᠠᠩ ᠵᠥᠩ ᡁᠢ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠨᠠᠷᠢᠨ ᠪᠢᠴᠢᠭ ᠤᠨ ᠳᠠᠷᠤᠭ᠎ᠠ | ᠬᠤᠳᠠ ᠶᠢᠨ ᠳᠠᠷᠤᠭ᠎ᠠ ᠶᠢ ᠬᠠᠮᠵᠢᠨ ᠬᠤᠳᠠ ᠶᠢᠨ ᠠᠷᠠᠳ ᠤᠨ ᠵᠠᠰᠠᠭ ᠤᠨ ᠣᠷᠳᠣᠨ ᠤ ᠪᠠᠶᠢᠭᠤᠯᠭ᠎ᠠ ᠶᠢᠨ ᠡᠳᠦᠷ ᠲᠤᠳᠤᠮ ᠤᠨ ᠠᠵᠢᠯ ᠢ ᠰᠢᠢᠳᠪᠦᠷᠢᠯᠡᠵᠦ᠂ | ᠬᠤᠳᠠ ᠶᠢᠨ ᠵᠠᠰᠠᠭ ᠤᠨ ᠤᠷᠳᠤᠨ ᠤ ᠠᠯᠪᠡᠨ ᠭᠡᠷ ᠤᠨ ᠠᠵᠢᠯ ᠢ ᠡᠷᠬᠢᠯᠡᠨ᠎ᠡ᠃ | | ᠣᠷᠳᠣᠰ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ | 2022 ᠣᠨ ᠤ 2 ᠰᠠᠷ᠎ᠠ ᠶᠢᠨ 16 ᠤ ᠡᠳᠦᠷ | | |