4 ᠰᠠᠷ᠎ᠠ ᠶᠢᠨ 23 ᠤ ᠡᠳᠣᠷ ᠪᠤᠯ 27 ᠳᠠᠬᠢ ︽ᠳᠡᠯᠡᠭᠡᠢ ᠶᠢᠨ ᠨᠤᠮ ᠣᠩᠰᠢᠬᠤ ᠡᠳᠣᠷ︾ ᠪᠤᠯᠤᠨ᠎ᠠ ᠃ ︽ ᠨᠤᠮ ᠣᠩᠰᠢᠬᠤ ᠳᠣᠷᠠᠳᠠᠢ᠂ ᠰᠠᠶᠢᠨ ᠨᠤᠮ | ᠣᠩᠰᠢᠬᠤ᠂ ᠦᠷᠭᠦᠯᠵᠢ ᠨᠤᠮ ᠣᠩᠰᠢᠬᠤ︾ ᠰᠠᠶᠢᠨ ᠰᠠᠶᠢᠬᠠᠨ ᠵᠠᠩ ᠳᠠᠳᠬᠠᠯ ᠢ ᠪᠤᠢ ᠪᠤᠯᠭᠠᠬᠤ ᠶᠢᠨ ᠲᠦᠯᠦᠭᠡ᠂ ︽ᠳᠡᠯᠡᠭᠡᠢ ᠶᠢᠨ ᠨᠤᠮ ᠣᠩᠰᠢᠬᠤ ᠡᠳᠣᠷ︾ | ᠬᠦᠷᠴᠤ ᠢᠷᠡᠬᠦ ᠳᠠᠰᠢᠷᠠᠮ ᠢᠶᠠᠷ᠂ ᠣᠯᠣᠰ ᠤᠨ ᠭᠠᠶᠢᠯᠢ ᠶᠢᠨ ᠶᠠᠪᠤᠳᠠᠯ ᠤᠨ ᠶᠡᠷᠤᠩᠭᠡᠢ ᠲᠤᠪᠴᠢᠶ᠎ᠠ ᠶᠢᠨ ᠣᠷᠳᠣᠰ ᠬᠤᠲᠠ ᠶᠢᠨ ᠬᠢᠶ᠎ᠠ ᠪᠠᠭᠰᠢ ᠲᠤᠭᠤᠷᠢᠭ ᠤᠨ | ᠭᠠᠶᠢᠯᠢ ᠶᠢᠨ ᠶᠠᠪᠤᠳᠠᠯ ᠤᠨ ᠺᠠᠳ᠋ᠷᠴᠣᠳ ︽ᠪᠢᠴᠢᠭ ᠤᠨ ᠰᠣᠷᠪᠣᠯᠵᠢᠳᠡᠨ ᠤ ᠬᠦᠷᠢᠶᠡᠯᠡᠩ᠂ ᠬᠦᠰᠡᠯ ᠲᠡᠮᠡᠤᠯᠡᠭᠰᠡᠨ ᠵᠠᠯᠠᠭᠤ ᠨᠠᠰᠣ︾ ᠭᠡᠬᠦ ᠨᠤᠮ ᠣᠩᠰᠢᠭᠰᠡᠨ | ᠣᠯᠣᠯᠳᠠ ᠪᠠᠨ ᠬᠤᠪᠢᠶᠠᠯᠴᠠᠬᠤ ᠠᠵᠢᠯᠯᠠᠭ᠎ᠠ ᠶᠢ ᠵᠤᠬᠢᠶᠠᠨ ᠪᠠᠶᠢᠭᠤᠯᠤᠨ ᠦᠷᠨᠢᠭᠦᠯᠪᠡ᠃ | ᠦᠢᠷ᠎ᠠ ᠶᠢᠨ ᠵᠢᠯ ᠠᠴᠠ ᠨᠠᠰᠢ᠂ ᠮᠠᠨ ᠤ ᠬᠤᠲᠠ ᠪᠢᠴᠢᠭ ᠤᠨ ᠰᠣᠷᠪᠣᠯᠵᠢᠳᠡᠨ ᠤ ᠠᠯᠪᠠᠨ ᠪᠠᠶᠢᠭᠤᠯᠭ᠎ᠠ ᠶᠢᠨ ᠪᠠᠶᠢᠭᠤᠯᠤᠯᠳᠠ ᠶᠢ ᠬᠦᠴᠦᠳᠡᠢ ᠠᠬᠢᠭᠤᠯᠵᠤ | ᠂ ᠳᠡᠷᠢᠭᠦᠨ ᠤ ᠰᠣᠶᠣᠯ ᠤᠨ ᠳᠠᠭᠠᠭᠤᠯᠤᠭᠴᠢ ᠶᠢ ᠪᠠᠷᠢᠮᠳᠠᠯᠠᠵᠤ᠂ ᠲᠤᠭᠳᠠᠯᠴᠠᠭ᠎ᠠ ᠪᠠᠨ ᠳᠠᠰᠣᠷᠠᠯᠳᠠ ᠦᠭᠡᠢ ᠰᠢᠨᠡᠴᠢᠯᠡᠨ᠂ ᠠᠴᠢᠶᠠᠯᠠᠪᠤᠷᠢ ᠪᠠᠨ ᠨᠡᠭᠡᠭᠡᠨ | ᠦᠷᠭᠡᠳᠭᠡᠵᠤ᠂ ᠠᠯᠪᠠᠨ ᠪᠠᠶᠢᠭᠤᠯᠭ᠎ᠠ ᠶᠢᠨ ᠪᠢᠴᠢᠭ ᠤᠨ ᠰᠣᠷᠪᠣᠯᠵᠢᠳᠡᠨ ᠤ ᠰᠣᠶᠣᠯ ᠢ ᠪᠠᠶᠢᠭᠤᠯᠵᠤ᠂ ᠨᠠᠮ ᠤᠨ ᠭᠡᠰᠢᠭᠦᠨ ᠺᠠᠳ᠋ᠷᠴᠣᠳ ᠤᠨ ᠰᠠᠶᠢᠳᠣᠷ | ᠰᠣᠷᠣᠯᠴᠠᠬᠤ᠂ ᠢᠯᠡᠭᠦᠣ ᠪᠤᠳᠣᠯᠬᠢᠯᠠᠬᠤ᠂ ᠰᠢᠳᠣᠷᠭᠤ ᠪᠠᠷ ᠣᠷᠣᠭᠰᠢᠯᠠᠬᠤ ᠶᠢ ᠰᠣᠷᠭᠠᠨ ᠬᠦᠮᠦᠵᠢᠭᠦᠯᠦᠨ ᠵᠢᠭᠠᠨ ᠵᠢᠯᠣᠭᠤᠳᠴᠣ᠂ ᠡᠷᠳᠡᠮ ᠮᠡᠳᠡᠯᠭᠡ ᠶᠢ | ᠬᠦᠨᠳᠦᠳᠭᠡᠨ᠂ ᠨᠤᠮ ᠣᠩᠰᠢᠬᠤ ᠶᠢ ᠡᠷᠬᠢᠮᠯᠡᠬᠦ ᠣᠷᠴᠢᠨ ᠲᠤᠭᠤᠷᠢᠨ ᠢ ᠪᠤᠢ ᠪᠤᠯᠭᠠᠭᠰᠡᠨ ᠪᠠᠶᠢᠨ᠎ᠠ᠃ | | | | |