3 ᠰᠠᠷ᠎ᠠ ᠶᠢᠨ 21 ᠤ ᠡᠳᠦᠷ᠂ ᠠᠷᠠᠳ ᠤᠨ ᠳᠡᠭᠡᠳᠦ ᠰᠢᠭᠦᠬᠦ ᠬᠤᠷᠢᠶ᠎ᠠ ︽ᠵᠠᠰᠠᠭ ᠵᠠᠬᠢᠷᠭᠠᠨ ᠤ ᠲᠥᠯᠥᠪᠦᠷᠢ ᠶᠢᠨ ᠬᠡᠷᠡᠭ ᠢ ᠰᠢᠭᠦᠬᠦ ᠠᠰᠠᠭᠤᠳᠠᠯ ᠤᠳ ᠤᠨ | ᠲᠤᠬᠠᠶ ᠲᠣᠭᠲᠠᠭᠠᠯ︾ ︵ᠳᠣᠷᠣᠭᠰᠢ ︽ᠵᠠᠰᠠᠭ ᠵᠠᠬᠢᠷᠭᠠᠨ ᠤ ᠲᠥᠯᠥᠪᠦᠷᠢ ᠶᠢᠨ ᠬᠠᠤᠯᠢ ᠬᠡᠷᠡᠭᠵᠢᠭᠦᠯᠬᠦ ᠲᠠᠶᠢᠯᠪᠤᠷᠢᠯᠠᠯᠲᠠ︾ ᠭᠡᠵᠦ ᠲᠣᠪᠴᠢᠯᠠᠨ᠎ᠠ︶ ᠵᠢᠴᠢ ᠯᠠᠪᠯᠠᠯᠲᠠ | ᠪᠣᠯᠭᠠᠭᠰᠠᠨ ᠬᠡᠷᠡᠭ ᠤᠨ ᠵᠢᠱᠢᠶ᠎ᠡ ᠶᠢ ᠨᠡᠶᠢᠲᠡᠯᠡᠵᠦ᠂ ᠠᠷᠠᠳ ᠤᠨ ᠰᠢᠭᠦᠬᠦ ᠬᠤᠷᠢᠶ᠎ᠠ ᠵᠠᠰᠠᠭ ᠵᠠᠬᠢᠷᠭᠠᠨ ᠤ ᠲᠥᠯᠥᠪᠦᠷᠢ ᠶᠢᠨ ᠬᠡᠷᠡᠭ ᠢ ᠲᠥᠪ ᠭᠤᠤᠯᠴᠢ᠂ ᠴᠠᠭ | ᠲᠤᠬᠠᠶ ᠳᠤᠨᠢ ᠰᠢᠭᠦᠬᠦ ᠶᠢ ᠦᠨᠡᠨ ᠬᠦ ᠪᠠᠲᠤᠯᠠᠵᠤ᠂ ᠵᠠᠰᠠᠭ ᠵᠠᠬᠢᠷᠭᠠᠨ ᠤ ᠲᠥᠯᠥᠪᠦᠷᠢ ᠶᠢᠨ ᠮᠠᠷᠭᠤᠯᠳᠤᠭᠠᠨ ᠢ ᠦᠨᠡᠨ ᠬᠦ ᠨᠠᠮᠳᠠᠭᠤᠯᠬᠤᠪᠤᠯᠤᠨᠠ᠃ ᠲᠣᠰ ᠬᠠᠤᠯᠢ | ᠬᠡᠷᠡᠭᠵᠢᠭᠦᠯᠬᠦ ᠲᠠᠶᠢᠯᠪᠤᠷᠢᠯᠠᠯᠲᠠ ᠶᠢ 2022 ᠣᠨ ᠤ 5 ᠰᠠᠷ᠎ᠠ ᠶᠢᠨ 1 ᠤ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃ ᠲᠡᠭᠡᠪᠡᠯ᠂ ᠶᠠᠮᠠᠷ ᠶᠠᠮᠠᠷ ᠪᠠᠶᠢᠳᠠᠯ ᠳᠤᠤᠷ᠎ᠠ | ᠪᠢᠳᠡᠨ ᠤ ᠬᠠᠤᠯᠢ ᠶᠣᠰᠣᠨ ᠤ ᠡᠷᠬᠡ ᠠᠰᠢᠭ ᠬᠤᠬᠢᠷᠠᠯ ᠳᠤ ᠤᠴᠠᠷᠠᠭᠰᠠᠨ ᠪᠣᠯ ᠬᠠᠤᠯᠢ ᠶᠣᠰᠣᠭᠠᠷ ᠵᠠᠰᠠᠭ ᠵᠠᠬᠢᠷᠭᠠᠨ ᠤ ᠲᠥᠯᠥᠪᠦᠷᠢ ᠶᠢᠨ ᠵᠠᠷᠭᠤ ᠬᠢᠵᠦ | ᠪᠣᠯᠬᠤ ᠪᠣᠶ︖ ᠵᠠᠰᠠᠭ ᠵᠠᠬᠢᠷᠭᠠᠨ ᠤ ᠲᠥᠯᠥᠪᠦᠷᠢ ᠶᠢᠨ ᠬᠦᠷᠢᠶ᠎ᠡ ᠬᠡᠪᠴᠢᠶ᠎ᠡ᠂ ᠬᠠᠷᠢᠭᠤᠴᠠᠯᠭ᠎ᠠ ᠪᠠ ᠪᠠᠷᠢᠮᠵᠢᠶ᠎ᠠ ᠨᠢ ᠶᠠᠭᠤ ᠪᠣᠶ︖ | 1 . ᠵᠠᠰᠠᠭ ᠵᠠᠬᠢᠷᠭᠠᠨ ᠤ ᠡᠷᠬᠡ ᠲᠤᠰᠢᠶᠠᠯ ᠢᠶᠠᠨ ᠬᠠᠤᠯᠢ ᠶᠢ ᠵᠥᠷᠢᠴᠡᠨ ᠬᠡᠷᠡᠭᠵᠢᠭᠦᠯᠦᠭᠡᠳ ᠬᠠᠤᠯᠢ ᠶᠣᠰᠣᠨ ᠤ ᠡᠷᠬᠡ ᠠᠰᠢᠭ ᠲᠤ ᠬᠤᠬᠢᠷᠠᠯ | ᠤᠴᠠᠷᠠᠭᠤᠯᠤᠭᠰᠠᠨ ᠪᠠᠶᠢᠪᠠᠯ ᠵᠠᠰᠠᠭ ᠵᠠᠬᠢᠷᠭᠠᠨ ᠤ ᠲᠥᠯᠥᠪᠦᠷᠢ ᠳᠤᠷᠠᠳᠴᠤ ᠪᠣᠯᠤᠨ᠎ᠠ᠃ ︽ᠵᠠᠰᠠᠭ ᠵᠠᠬᠢᠷᠭᠠᠨ ᠤ ᠲᠥᠯᠥᠪᠦᠷᠢ ᠶᠢᠨ ᠬᠠᠤᠯᠢ ᠬᠡᠷᠡᠭᠵᠢᠭᠦᠯᠬᠦ | ᠲᠠᠶᠢᠯᠪᠤᠷᠢᠯᠠᠯᠲᠠ︾ ᠳᠤ ᠤᠯᠤᠰ ᠤᠨ ᠲᠥᠯᠥᠪᠦᠷᠢ ᠶᠢᠨ ᠬᠠᠤᠯᠢ ᠪᠠ ᠵᠠᠰᠠᠪᠤᠷᠢ ᠣᠷᠣᠭᠤᠯᠤᠭᠰᠠᠨ ᠤ ᠳᠠᠷᠠᠭᠠᠬᠢ ᠵᠠᠰᠠᠭ ᠵᠠᠬᠢᠷᠭᠠᠨ ᠤ ᠵᠠᠷᠭᠤ ᠶᠢᠨ ᠬᠠᠤᠯᠢ ᠶᠢᠨ | ᠲᠣᠭᠲᠠᠭᠠᠯ ᠢ ᠴᠢᠩᠭ᠎ᠠ ᠨᠠᠶᠢᠳᠠᠪᠤᠷᠢᠵᠢᠭᠤᠯᠵᠤ᠂ ᠢᠷᠭᠡᠨ᠂ ᠬᠠᠤᠯᠢ ᠶᠢᠨ ᠬᠥᠮᠦᠨ ᠪᠤᠶᠤ ᠪᠤᠰᠤᠳ ᠵᠣᠬᠢᠶᠠᠨ ᠪᠠᠶᠢᠭᠤᠯᠤᠯᠲᠠ ᠠᠴᠠ ᠵᠠᠰᠠᠭ ᠵᠠᠬᠢᠷᠭᠠᠨ ᠤ ᠪᠠᠶᠢᠭᠤᠯᠭ᠎ᠠ | ᠵᠢᠴᠢ ᠲᠡᠭᠦᠨ ᠤ ᠠᠵᠢᠯᠲᠠᠨ ᠬᠠᠤᠯᠢ ᠶᠢ ᠵᠥᠷᠢᠴᠡᠨ ᠵᠠᠰᠠᠭ ᠵᠠᠬᠢᠷᠭᠠᠨ ᠤ ᠡᠷᠬᠡ ᠲᠤᠰᠢᠶᠠᠯ ᠢᠶᠠᠨ ᠬᠡᠷᠡᠭᠵᠢᠭᠦᠯᠦᠭᠰᠡᠨ ᠠᠴᠠ ᠪᠤᠯᠵᠦ᠂ ᠲᠡᠭᠦᠨ ᠤ ᠬᠥᠳᠡᠯᠮᠦᠷᠢᠯᠡᠬᠦ | ᠡᠷᠬᠡ᠂ ᠬᠥᠷᠰᠢᠯᠡᠬᠦ ᠡᠷᠬᠡ ᠵᠡᠷᠭᠡ ᠬᠠᠤᠯᠢ ᠶᠣᠰᠣᠨ ᠤ ᠡᠷᠬᠡ ᠠᠰᠢᠭ ᠲᠤ ᠬᠠᠯᠳᠠᠵᠦ᠂ ᠬᠥᠮᠦᠨ ᠤ ᠪᠡᠶ᠎ᠡ ᠮᠠᠬᠠᠪᠣᠳ᠂ ᠡᠳ᠋ ᠬᠥᠷᠥᠩᠭᠡ ᠳᠤ ᠬᠤᠬᠢᠷᠠᠯ | ᠤᠴᠠᠷᠠᠭᠤᠯᠤᠭᠰᠠᠨ ᠭᠡᠵᠦ ᠦᠵᠡᠪᠡᠯ᠂ ᠬᠠᠤᠯᠢ ᠶᠣᠰᠣᠭᠠᠷ ᠵᠠᠰᠠᠭ ᠵᠠᠬᠢᠷᠭᠠᠨ ᠤ ᠲᠥᠯᠥᠪᠦᠷᠢ ᠶᠢᠨ ᠵᠠᠷᠭᠤ ᠬᠢᠵᠦ ᠪᠣᠯᠤᠨ᠎ᠠ ᠭᠡᠵᠦ ᠴᠢᠬᠤᠯᠠᠴᠢᠯᠠᠪᠠ᠃ | 2 . ᠬᠤᠶᠠᠷ ᠲᠥᠷᠥᠯ ᠤᠨ ᠭᠤᠤᠯ ᠪᠠᠶᠢᠳᠠᠯ ᠨᠢ ᠵᠠᠰᠠᠭ ᠵᠠᠬᠢᠷᠭᠠᠨ ᠤ ᠦᠢᠯᠡ ᠠᠵᠢᠯᠯᠠᠭ᠎ᠠ ᠨᠢ ᠬᠠᠤᠯᠢ ᠠᠴᠠ ᠵᠥᠷᠢᠴᠡᠭᠰᠡᠨ ᠢᠶᠠᠷ ᠨᠤᠲᠠᠯᠠᠭᠳᠠᠭᠰᠠᠨ | ᠪᠠᠶᠢᠬᠤ᠃ ︽ᠵᠠᠰᠠᠭ ᠵᠠᠬᠢᠷᠭᠠᠨ ᠤ ᠲᠥᠯᠥᠪᠦᠷᠢ ᠶᠢᠨ ᠬᠠᠤᠯᠢ ᠬᠡᠷᠡᠭᠵᠢᠭᠦᠯᠬᠦ ᠲᠠᠶᠢᠯᠪᠤᠷᠢᠯᠠᠯᠲᠠ︾ ᠳᠤ ᠦᠷᠭᠦᠯᠵᠢ ᠲᠣᠬᠢᠶᠠᠯᠳᠤᠳᠠᠭ ᠬᠤᠶᠠᠷ ᠲᠥᠷᠥᠯ ᠤᠨ | ᠪᠣᠳᠠᠲᠠᠶ ᠢᠯᠡᠷᠡᠬᠦ ᠬᠡᠯᠪᠡᠷᠢ ᠶᠢ ᠵᠢᠭᠰᠠᠭᠠᠪᠠ᠄ ᠨᠢᠭᠡ ᠳᠤ ᠵᠠᠰᠠᠭ ᠵᠠᠬᠢᠷᠭᠠᠨ ᠤ ᠦᠢᠯᠡ ᠠᠵᠢᠯᠯᠠᠭ᠎ᠠ ᠶᠢ ᠡᠷᠬᠡᠲᠦ ᠪᠠᠶᠢᠭᠤᠯᠭ᠎ᠠ ᠬᠠᠤᠯᠢ ᠳᠤ ᠲᠣᠭᠲᠠᠭᠠᠭᠰᠠᠨ ᠵᠢᠷᠤᠮ | ᠶᠣᠰᠣᠭᠠᠷ ᠬᠦᠴᠦᠨ ᠥᠬᠡᠶ ᠪᠣᠯᠭᠠᠭᠰᠠᠨ᠂ ᠬᠤᠪᠢᠷᠠᠭᠤᠯᠤᠭᠰᠠᠨ᠂ ᠬᠠᠤᠯᠢ ᠶᠢ ᠵᠥᠷᠢᠴᠡᠭᠰᠡᠨ ᠪᠤᠶᠤ ᠬᠦᠴᠦᠨ ᠥᠬᠡᠶ ᠪᠣᠯᠬᠤ ᠶᠢ ᠨᠤᠲᠠᠯᠠᠭᠰᠠᠨ︔ ᠬᠤᠶᠠᠷ ᠲᠤ | ᠵᠠᠰᠠᠭ ᠵᠠᠬᠢᠷᠭᠠᠨ ᠤ ᠦᠢᠯᠡ ᠠᠵᠢᠯᠯᠠᠭ᠎ᠠ ᠶᠢ ᠬᠡᠷᠡᠭᠵᠢᠭᠦᠯᠦᠭᠰᠡᠨ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠠᠵᠢᠯᠲᠠᠨ ᠲᠣᠰ ᠦᠢᠯᠡ ᠠᠵᠢᠯᠯᠠᠭ᠎ᠠ ᠠᠴᠠ ᠪᠣᠯᠵᠣ | ᠬᠦᠴᠦᠨ ᠲᠠᠢ ᠪᠣᠯᠤᠭᠰᠠᠨ ᠬᠠᠤᠯᠢ ᠴᠠᠭᠠᠵᠠ ᠶᠢᠨ ᠪᠢᠴᠢᠭ ᠬᠠᠷ᠎ᠠ ᠪᠤᠶᠤ ᠬᠢᠨᠠᠨ ᠪᠠᠶᠢᠴᠠᠭᠠᠬᠤ ᠪᠠᠶᠢᠭᠤᠯᠭ᠎ᠠ ᠶᠢᠨ ᠵᠠᠰᠠᠭ ᠤᠨ ᠶᠠᠪᠤᠳᠠᠯ ᠤᠨ ᠰᠢᠳᠬᠡᠯ ᠢᠶᠠᠷ | ᠲᠤᠰᠢᠶᠠᠯ ᠢᠶᠠᠨ ᠭᠤᠲᠤᠭᠠᠭᠰᠠᠨ᠂ ᠡᠷᠬᠡ ᠲᠤᠰᠢᠶᠠᠯ ᠢᠶᠠᠨ ᠳᠤᠷ᠎ᠠ ᠪᠠᠷ ᠢᠶᠠᠨ ᠬᠡᠷᠡᠭᠯᠡᠭᠰᠡᠨ ᠭᠡᠵᠦ ᠨᠤᠲᠠᠯᠠᠭᠳᠠᠭᠰᠠᠨ᠃ | 3 . ᠬᠤᠶᠠᠷ ᠵᠦᠢᠯ ᠤᠨ ᠪᠠᠶᠢᠳᠠᠯ ᠳᠤ ᠭᠡᠷᠡᠴᠢ ᠳᠤᠷᠠᠳᠬᠤ ᠬᠠᠷᠢᠭᠤᠴᠠᠯᠭ᠎ᠠ ᠶᠢ ᠲᠣᠩᠭᠤᠷᠠᠭᠤᠯᠵᠤ ᠪᠣᠯᠤᠨ᠎ᠠ᠃ ᠳᠣᠣᠷᠠᠬᠢ ᠬᠤᠶᠠᠷ ᠵᠦᠢᠯ ᠤᠨ | ᠪᠠᠶᠢᠳᠠᠯ ᠳᠤ ᠭᠡᠷᠡᠴᠢ ᠳᠤᠷᠠᠳᠬᠤ ᠬᠠᠷᠢᠭᠤᠴᠠᠯᠭ᠎ᠠ ᠲᠣᠩᠭᠤᠷᠠᠨᠠ᠄ ᠨᠢᠭᠡ ᠳᠤ ᠵᠠᠭᠠᠯᠳᠤᠭᠳᠠᠭᠴᠢ ᠶᠢᠨ ᠰᠢᠯᠲᠠᠭᠠᠨ ᠠᠴᠠ ᠪᠤᠯᠵᠤ ᠵᠠᠭᠠᠯᠳᠤᠭᠴᠢ ᠭᠡᠷᠡᠴᠢ | ᠳᠤᠷᠠᠳᠬᠤ ᠶᠢᠨ ᠠᠷᠭ᠎ᠠ ᠦᠭᠡᠢ ᠪᠣᠯᠤᠭᠰᠠᠨ ᠪᠠᠶᠢᠪᠠᠯ᠂ ᠵᠠᠭᠠᠯᠳᠤᠭᠳᠠᠭᠴᠢ ᠭᠡᠷᠡᠴᠢ ᠳᠤᠷᠠᠳᠬᠤ ᠬᠠᠷᠢᠭᠤᠴᠠᠯᠭ᠎ᠠ ᠡᠭᠦᠷᠭᠡᠯᠡᠨ᠎ᠡ︔ ᠬᠤᠶᠠᠷ ᠲᠤ ᠵᠠᠭᠠᠯᠳᠤᠭᠴᠢ | ᠪᠡᠶ᠎ᠡ ᠶᠢᠨ ᠡᠷᠬᠡ ᠴᠢᠯᠥᠭᠡ ᠨᠢ ᠬᠢᠵᠠᠭᠠᠷᠯᠠᠭᠳᠠᠭᠰᠠᠨ ᠬᠤᠭᠤᠴᠠᠭᠠᠨ ᠳᠤ ᠪᠡᠶ᠎ᠡ ᠮᠠᠬᠠᠪᠣᠳ ᠤᠨ ᠭᠡᠮᠲᠦᠯ ᠳᠤ ᠤᠴᠠᠷᠠᠭᠰᠠᠨ ᠭᠡᠵᠦ ᠦᠵᠡᠪᠡᠯ᠂ ᠵᠠᠭᠠᠯᠳᠤᠭᠳᠠᠭᠴᠢ | ᠬᠤᠯᠪᠣᠭᠳᠠᠯ ᠪᠦᠬᠦᠢ ᠬᠤᠬᠢᠷᠠᠯ ᠤᠴᠠᠷᠠᠭᠤᠯᠤᠭᠰᠠᠨ ᠪᠣᠳᠠᠲᠤ ᠬᠡᠷᠡᠭ ᠢ ᠦᠭᠡᠶᠢᠰᠬᠡᠭᠰᠡᠨ ᠪᠤᠶᠤ ᠬᠤᠬᠢᠷᠠᠯ ᠨᠢ ᠬᠠᠤᠯᠢ ᠶᠢ ᠵᠥᠷᠢᠴᠡᠭᠰᠡᠨ ᠵᠠᠰᠠᠭ ᠵᠠᠬᠢᠷᠭᠠᠨ ᠤ | ᠦᠢᠯᠡ ᠠᠵᠢᠯᠯᠠᠭ᠎ᠠ ᠲᠠᠢ ᠰᠢᠯᠲᠠᠭᠠᠨ ᠦᠷ᠎ᠡ ᠳ᠋ᠥᠩ ᠤᠨ ᠬᠠᠷᠢᠴᠠᠭ᠎ᠠ ᠲᠠᠢ ᠪᠠᠶᠢᠪᠠᠯ᠂ ᠵᠠᠭᠠᠯᠳᠤᠭᠳᠠᠭᠴᠢ ᠵᠣᠬᠢᠴᠠᠩᠭᠤᠢ ᠭᠡᠷᠡᠴᠢ ᠪᠠᠷᠢᠮᠲᠠ ᠬᠠᠩᠭᠠᠵᠤ ᠭᠡᠷᠡᠴᠢᠯᠡᠬᠦ | ᠬᠡᠷᠡᠭᠲᠡᠢ᠃ | 4 . ᠤᠯᠤᠰ ᠤᠨ ᠲᠥᠯᠥᠪᠦᠷᠢ ᠶᠢᠨ ᠬᠠᠤᠯᠢ ᠳᠠᠬᠢ ︽ᠰᠢᠭᠤᠳ ᠬᠤᠬᠢᠷᠠᠯ︾ ᠤᠨ ᠬᠦᠷᠢᠶ᠎ᠡ ᠬᠡᠪᠴᠢᠶ᠎ᠡ ᠶᠢ ᠵᠦᠢᠵᠣᠬᠢᠰᠲᠠᠢ ᠲᠣᠭᠲᠠᠭᠠᠨ᠎ᠠ᠃ ︽ᠵᠠᠰᠠᠭ | ᠵᠠᠬᠢᠷᠭᠠᠨ ᠤ ᠲᠥᠯᠥᠪᠦᠷᠢ ᠶᠢᠨ ᠬᠠᠤᠯᠢ ᠬᠡᠷᠡᠭᠵᠢᠭᠦᠯᠬᠦ ᠲᠠᠶᠢᠯᠪᠤᠷᠢᠯᠠᠯᠲᠠ︾ ᠳᠤ ᠲᠣᠳᠣᠷᠬᠠᠶ ᠲᠣᠭᠲᠠᠭᠠᠭᠰᠠᠨ ᠨᠢ᠂ ᠬᠠᠳᠠᠭᠠᠯᠠᠮᠵᠢ ᠶᠢᠨ ᠬᠦᠦ ᠮᠥᠩᠭᠦ᠂ | ᠵᠢᠭᠡᠯᠡᠯᠭᠡ ᠶᠢᠨ ᠬᠦᠦ ᠮᠥᠩᠭᠦ᠂ ᠪᠡᠯᠡᠨ ᠵᠣᠭᠤᠰ ᠤᠨ ᠬᠦᠦ ᠮᠥᠩᠭᠦ᠂ ᠮᠠᠰᠢᠨᠲᠤ ᠲᠡᠷᠭᠡᠨ ᠤ ᠲᠡᠭᠡᠭᠡᠪᠦᠷᠢ ᠵᠣᠭᠰᠣᠭᠰᠠᠨ ᠬᠤᠭᠤᠴᠠᠭᠠᠨ ᠳᠠᠬᠢ ᠡᠵᠡᠩᠨᠡᠯᠲᠡ ᠶᠢᠨ | ᠬᠤᠬᠢᠷᠠᠯ ᠵᠢᠴᠢ ᠵᠠᠰᠠᠭ ᠵᠠᠬᠢᠷᠭᠠᠨ ᠤ ᠨᠥᠬᠦᠪᠥᠷᠢ ᠶᠢᠨ ᠵᠢᠷᠤᠮ ᠢᠶᠠᠷ ᠳᠠᠮᠵᠢᠭᠤᠯᠤᠨ ᠬᠠᠤᠯᠢ ᠶᠣᠰᠣᠭᠠᠷ ᠤᠯᠬᠤ ᠶᠣᠰᠣᠲᠠᠶ ᠱᠠᠩᠨᠠᠯ᠂ ᠨᠥᠬᠦᠪᠥᠷᠢ ᠵᠡᠷᠭᠡ ᠨᠢ | ᠴᠥᠮ ᠰᠢᠭᠤᠳ ᠬᠤᠬᠢᠷᠠᠯ ᠤᠨ ᠠᠶ ᠳᠤ ᠬᠠᠷᠢᠶᠠᠯᠠᠭᠳᠠᠨ᠎ᠠ᠂ ᠡᠭᠦᠨ ᠤ ᠬᠠᠮᠲᠤ ᠰᠠᠭᠤᠷᠢ ᠠᠴᠠ ᠨᠢ ᠪᠠᠲᠤᠯᠠᠬᠤ ᠵᠥᠢᠯ ᠵᠤᠷᠪᠤᠰ ᠲᠤ ᠡᠳ᠋ ᠬᠥᠷᠥᠩᠭᠡ ᠳᠤ | ᠤᠴᠠᠷᠠᠭᠤᠯᠤᠭᠰᠠᠨ ᠪᠤᠰᠤᠳ ᠪᠣᠳᠠᠲᠠᠶ ᠬᠤᠬᠢᠷᠠᠯ ᠨᠢ ᠰᠢᠭᠤᠳ ᠬᠤᠬᠢᠷᠠᠯ ᠳᠤ ᠬᠠᠷᠢᠶᠠᠯᠠᠭᠳᠠᠨ᠎ᠠ᠃ | 5 . ᠡᠳ᠋ ᠬᠥᠷᠥᠩᠭᠡ ᠶᠢᠨ ᠬᠤᠬᠢᠷᠠᠯ ᠤᠨ ᠲᠥᠯᠥᠪᠦᠷᠢ ᠶᠢᠨ ᠪᠠᠷᠢᠮᠵᠢᠶ᠎ᠠ ᠶᠢ ᠲᠤᠲᠤᠷᠬᠠᠶᠢᠯᠠᠪᠠ᠃ ︽ᠵᠠᠰᠠᠭ ᠵᠠᠬᠢᠷᠭᠠᠨ ᠤ ᠲᠥᠯᠥᠪᠦᠷᠢ ᠶᠢᠨ ᠬᠠᠤᠯᠢ | ᠬᠡᠷᠡᠭᠵᠢᠭᠦᠯᠬᠦ ᠲᠠᠶᠢᠯᠪᠤᠷᠢᠯᠠᠯᠲᠠ︾ ᠳᠤ᠂ ᠲᠥᠯᠥᠪᠦᠷᠢ ᠮᠥᠩᠭᠦ ᠶᠢ ᠬᠤᠬᠢᠷᠠᠯ ᠡᠭᠦᠰᠬᠦ ᠦᠶ᠎ᠡ ᠶᠢᠨ ᠵᠠᠬ᠎ᠠ ᠳᠡᠯᠭᠡᠭᠦᠷ ᠤᠨ ᠦᠨ᠎ᠡ ᠬᠠᠩᠰᠢ ᠪᠠᠷ ᠬᠤᠬᠢᠷᠠᠯ ᠢ | ᠪᠤᠳᠤᠨ᠎ᠠ᠃ ᠵᠠᠬ᠎ᠠ ᠳᠡᠯᠭᠡᠭᠦᠷ ᠤᠨ ᠦᠨ᠎ᠡ ᠶᠢ ᠲᠣᠭᠲᠠᠭᠠᠬᠤ ᠶᠢᠨ ᠠᠷᠭ᠎ᠠ ᠤᠢᠭᠡᠢ᠂ ᠡᠰᠡᠬᠦᠯ᠎ᠡ ᠲᠤᠰ ᠦᠨ᠎ᠡ ᠨᠢ ᠢᠷᠭᠡᠨ᠂ ᠬᠠᠤᠯᠢ ᠶᠢᠨ ᠬᠥᠮᠦᠨ ᠪᠤᠶᠤ | ᠪᠤᠰᠤᠳ ᠵᠣᠬᠢᠶᠠᠨ ᠪᠠᠶᠢᠭᠤᠯᠤᠯᠲᠠ ᠶᠢᠨ ᠬᠤᠬᠢᠷᠠᠯ ᠢ ᠨᠥᠬᠦᠪᠥᠷᠢᠯᠡᠵᠦ ᠳᠡᠶᠢᠯᠬᠦ ᠤᠢᠭᠡᠢ ᠪᠠᠶᠢᠪᠠᠯ᠂ ᠪᠤᠰᠤᠳ ᠵᠦᠢ ᠵᠣᠬᠢᠰᠲᠠᠢ ᠠᠷᠭ᠎ᠠ ᠮᠠᠶ᠋ᠢᠭ ᠢᠶᠠᠷ ᠪᠤᠳᠦᠵᠦ | ᠪᠣᠯᠤᠨ᠎ᠠ᠃ | 6 . ᠬᠠᠤᠯᠢ ᠶᠢ ᠵᠥᠷᠢᠴᠡᠵᠦ ᠲᠠᠲᠠᠪᠤᠷᠢᠯᠠᠨ ᠬᠡᠷᠡᠭᠯᠡᠭᠰᠡᠨ ᠭᠠᠵᠠᠷ ᠰᠢᠷᠣᠢ ᠨᠢ ᠲᠠᠲᠠᠪᠤᠷᠢᠯᠠᠭᠳᠠᠭᠰᠠᠨ ᠬᠥᠮᠦᠨ ᠤ ᠲᠥᠪᠬᠢᠨᠡᠭᠦᠯᠬᠦ ᠨᠥᠬᠦᠪᠥᠷᠢ ᠤᠯᠬᠤ | ᠶᠣᠰᠣᠲᠠᠢ ᠡᠷᠬᠡ ᠠᠰᠢᠭ ᠠᠴᠠ ᠪᠠᠭ᠎ᠠ ᠪᠠᠶᠢᠵᠤ ᠪᠣᠯᠬᠤ ᠦᠭᠡᠢ᠃ ︽ᠵᠠᠰᠠᠭ ᠵᠠᠬᠢᠷᠭᠠᠨ ᠤ ᠲᠥᠯᠥᠪᠦᠷᠢ ᠶᠢᠨ ᠬᠠᠤᠯᠢ ᠬᠡᠷᠡᠭᠵᠢᠭᠦᠯᠬᠦ ᠲᠠᠶᠢᠯᠪᠤᠷᠢᠯᠠᠯᠲᠠ︾ ᠳᠤ᠂ | ᠠᠷᠠᠳ ᠤᠨ ᠰᠢᠭᠦᠬᠦ ᠬᠤᠷᠢᠶ᠎ᠠ ᠠᠴᠠ ᠲᠠᠲᠠᠪᠤᠷᠢᠯᠠᠭᠳᠠᠭᠰᠠᠨ ᠬᠥᠮᠦᠨ ᠳᠤ ᠵᠠᠰᠠᠭ ᠵᠠᠬᠢᠷᠭᠠᠨ ᠤ ᠲᠥᠯᠥᠪᠦᠷᠢ ᠥᠭᠬᠦ ᠪᠠᠷ ᠲᠠᠰᠤᠯᠬᠤ ᠳᠠᠭᠠᠨ᠂ | ᠲᠠᠲᠠᠪᠤᠷᠢᠯᠠᠭᠳᠠᠭᠰᠠᠨ ᠬᠥᠮᠦᠨ ᠤ ᠬᠠᠤᠯᠢ ᠶᠣᠰᠣᠭᠠᠷ ᠤᠯᠬᠤ ᠶᠣᠰᠣᠲᠠᠶ ᠲᠥᠪᠬᠢᠨᠡᠭᠦᠯᠬᠦ ᠨᠥᠬᠦᠪᠥᠷᠢ ᠶᠢᠨ ᠡᠷᠬᠡ ᠠᠰᠢᠭ ᠠᠴᠠ ᠪᠠᠭ᠎ᠠ ᠪᠠᠶᠢᠯᠭᠠᠵᠤ ᠪᠣᠯᠬᠤ ᠥᠬᠡ᠊ ᠢ᠃ | | |