ᠷᠦᠲ᠋ᠧᠷ ᠬᠤᠷᠢᠶ᠎ᠠ ᠶᠢᠨ ᠲᠤᠭ᠎ᠠ ᠪᠠᠷᠢᠮᠲᠠ ᠳᠤ ᠢᠯᠡᠷᠡᠭᠦᠯᠦᠭᠰᠡᠨ ᠢᠶᠠᠷ᠂ ᠣᠷᠣᠰ ᠦᠺᠷᠡᠶᠢᠨ ᠬᠤᠶᠠᠷ ᠤᠯᠤᠰ ᠤᠨ ᠪᠣᠭᠤᠳᠠᠶ ᠶᠢᠨ ᠭᠠᠳᠠᠭᠠᠳᠤ ᠳᠤ | ᠭᠠᠷᠭᠠᠬᠤ ᠬᠡᠮᠵᠢᠶ᠎ᠡ ᠪᠥᠬᠦ ᠪᠥᠮᠪᠥᠷᠴᠡᠭ ᠤᠨ ᠪᠠᠷᠤᠭ 30 % ᠶᠢ ᠡᠵᠡᠯᠡᠵᠦ᠂ ᠡᠷᠳᠡᠨᠢ ᠰᠢᠰᠢ ᠶᠢᠨ ᠭᠠᠳᠠᠭᠠᠳᠤ ᠳᠤ ᠭᠠᠷᠭᠠᠬᠤ ᠬᠡᠮᠵᠢᠶ᠎ᠡ ᠪᠠᠷᠤᠭ 20 % ᠶᠢ | ᠡᠵᠡᠯᠡᠵᠦ ᠪᠠᠶᠢᠨ᠎ᠠ᠃ | ᠦᠺᠷᠡᠶᠢᠨ ᠤ ᠪᠠᠶᠢᠳᠠᠯ ᠤᠨ ᠪᠠᠴᠢᠮ ᠪᠣᠯᠬᠤ ᠶᠢ ᠳᠠᠭᠠᠯᠳᠤᠨ᠂ ᠬᠠᠷ᠎ᠠ ᠲᠠᠩᠭᠢᠰ ᠤᠨ ᠭᠠᠷᠠᠮ ᠤᠨ ᠠᠷᠠᠯᠵᠢᠶ᠎ᠠ ᠬᠦᠨᠳᠦ ᠨᠣᠴᠢᠲᠠᠶ ᠬᠠᠷᠰᠢᠯᠠᠯ ᠳᠤ | ᠤᠴᠠᠷᠠᠵᠤ᠂ ᠪᠣᠭᠤᠳᠠᠶ ᠵᠡᠷᠭᠡ ᠠᠮᠤ ᠪᠤᠳᠠᠭᠠᠨ ᠤ ᠦᠨ᠎ᠡ ᠬᠠᠩᠰᠢ ᠶᠢ ᠥᠰᠬᠡᠪᠡ᠃ ᠴᠢᠺᠠᠭᠤ᠋ ᠶᠢᠨ ᠬᠤᠭᠤᠴᠠᠭᠠᠲᠤ ᠪᠠᠷᠠᠭᠠᠨ ᠤ ᠠᠷᠠᠯᠵᠢᠶᠠᠨ ᠤ ᠭᠠᠵᠠᠷ ᠤᠨ | ᠪᠤᠭᠤᠳᠠᠢ ᠶᠢᠨ ᠦᠨ᠎ᠡ ᠬᠠᠩᠰᠢ ᠨᠢ ᠤᠷᠤᠰ ᠦᠺᠷᠡᠶᠢᠨ 2 ᠰᠠᠷ᠎ᠠ ᠶᠢᠨ 24 ᠤ ᠡᠳᠦᠷ ᠮᠥᠷᠭᠦᠯᠳᠦᠭᠡᠨ ᠭᠠᠷᠤᠭᠰᠠᠨ ᠠᠴᠠ ᠨᠠᠰᠢ᠂ ᠥᠰᠥᠯᠲᠡ ᠨᠢ 40 % ᠲᠤ | ᠬᠦᠷᠴᠡᠢ᠃ ᠣᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠳᠡᠯᠡᠬᠡᠶ ᠶᠢᠨ ᠠᠮᠤ ᠪᠤᠳᠠᠭᠠᠨ ᠤ ᠲᠥᠯᠥᠪᠯᠡᠭᠡ ᠶᠢᠨ ᠵᠠᠬᠢᠷᠭ᠎ᠠ ᠰᠡᠷᠡᠮᠵᠢᠯᠡᠭᠦᠯᠦᠭᠰᠡᠨ ᠨᠢ᠂ ᠣᠷᠣᠰ | ᠦᠺᠷᠡᠶᠢᠨ ᠬᠤᠶᠠᠷ ᠤᠯᠤᠰ ᠤᠨ ᠬᠠᠩᠭᠠᠯᠭ᠎ᠠ ᠶᠢᠨ ᠬᠡᠯᠬᠢᠶ᠎ᠡ ᠶᠢᠨ ᠰᠠᠮᠠᠭᠤᠷᠠᠯ ᠨᠢ ᠪᠥᠬᠦ ᠳᠡᠯᠡᠬᠡᠶ ᠶᠢᠨ ᠬᠡᠳᠦᠨ ᠵᠠᠭᠤᠨ ᠲᠦᠮᠡᠨ ᠠᠷᠠᠳ ᠢᠷᠭᠡᠨ ᠤ ᠠᠮᠤ | ᠪᠤᠳᠠᠭᠠᠨ ᠤ ᠠᠮᠤᠷ ᠲᠦᠪᠰᠢᠨ ᠳᠤ ᠠᠶᠤᠯ ᠲᠦᠭᠰᠢᠭᠦᠷᠢ ᠤᠴᠠᠷᠠᠭᠤᠯᠬᠤ ᠪᠣᠯᠤᠨ᠎ᠠ ᠭᠡᠵᠡᠢ᠃ |