ᠡᠷᠡᠭᠦᠯᠵᠢᠯ ᠤᠨ ᠪᠤᠳᠠᠰ ᠬᠤᠳᠠᠯᠳᠤᠨ ᠠᠪᠬᠤ ᠳᠤ ᠠᠩᠬᠠᠷᠤᠭᠠᠷᠠᠢ
ᠨᠡᠶᠢᠲᠡᠯᠡᠭᠰᠡᠨ ᠴᠠᠭ᠄
2022/5/16
      ᠣᠶᠢᠷ᠎ᠠ ᠳᠤ᠂ ᠵᠠᠷᠢᠮ ᠰᠦᠯᠵᠢᠶᠡᠨ ᠨᠠᠶᠢᠵᠠ ᠦᠰᠦ ᠭᠡᠵᠢᠭᠡ  ᠤᠨᠠᠬᠤ ᠶᠢ  ᠡᠮᠨᠡᠨ  ᠵᠠᠰᠠᠬᠤ ᠳᠤ  ᠢᠯᠡᠳᠲᠡ  ᠦᠷ᠎ᠡ ᠪᠦᠲᠦᠮᠵᠢ ᠲᠠᠢ ᠡᠷᠡᠭᠦᠯᠵᠢᠯ ᠤᠨ ᠪᠤᠳᠠᠰ ᠬᠤᠳᠠᠯᠳᠤᠨ ᠠᠪᠴᠤ᠂ ᠬᠡᠷᠡᠭᠯᠡᠭᠰᠡᠨ ᠤ ᠳᠠᠷᠠᠭ᠎ᠠ ᠬᠠᠷᠢᠨ ᠶᠠᠮᠠᠷ ᠴᠤ  ᠦᠷ᠎ᠡ  ᠪᠦᠲᠦᠮᠵᠢ ᠭᠠᠷᠤᠭᠰᠠᠨ ᠥᠬᠡᠶ᠃ ᠲᠡᠷᠡ ᠶᠠᠭᠠᠬᠢᠪᠠᠯ ᠵᠣᠬᠢᠬᠤ ᠪᠣᠶ︖ ᠬᠠᠤᠯᠢᠴᠢ ᠡᠭᠦᠨ ᠤ  ᠲᠤᠬᠠᠶ  ᠢᠯᠡᠷᠬᠡᠶᠢᠯᠡᠬᠦ ᠳᠡᠭᠡᠨ᠂  ᠬᠤᠯᠪᠣᠭᠳᠠᠯ ᠪᠥᠬᠦᠶ ᠬᠠᠤᠯᠢ ᠴᠠᠭᠠᠵᠠ ᠶᠢᠨ ᠲᠣᠭᠲᠠᠭᠠᠯ ᠢ ᠦᠨᠳᠦᠰᠦᠯᠡᠪᠡᠯ᠂  ᠡᠷᠡᠭᠦᠯᠵᠢᠯ ᠤᠨ ᠢᠳᠡᠭᠡᠨ ᠤ  ᠤᠬᠠᠭᠤᠯᠤᠭᠰᠠᠨ  ᠡᠷᠭᠦᠯᠵᠢᠭᠦᠯᠬᠦ ᠴᠢᠳᠠᠮᠵᠢ ᠨᠢ ᠰᠢᠨᠵᠢᠯᠡᠬᠦ  ᠤᠬᠠᠭᠠᠨᠴᠢ  ᠦᠨᠳᠦᠰᠦᠯᠡᠯ ᠲᠠᠢ  ᠪᠠᠶᠢᠬᠤ  ᠬᠡᠷᠡᠭᠲᠡᠶ᠂  ᠡᠷᠡᠭᠦᠯᠵᠢᠯ ᠤᠨ  ᠢᠳᠡᠭᠡᠨ ᠤ  ᠲᠡᠮᠳᠡᠭ ᠤᠨ ᠲᠣᠳᠣᠷᠬᠠᠶᠢᠯᠠᠯᠲᠠ ᠨᠢ ᠡᠪᠡᠳᠴᠢᠨ ᠡᠮᠭᠡᠭ ᠢ ᠤᠷᠢᠳᠴᠢᠯᠠᠨ ᠰᠡᠷᠭᠡᠶᠢᠯᠡᠬᠦ᠂ ᠡᠮᠨᠡᠨ ᠵᠠᠰᠠᠬᠤ ᠴᠢᠳᠠᠮᠵᠢ  ᠵᠡᠷᠭᠡ ᠳᠤ  ᠬᠤᠯᠪᠣᠭᠳᠠᠵᠤ ᠪᠣᠯᠬᠤ ᠥᠬᠡᠶ᠂ ᠲᠣᠰ ᠣᠶᠢᠯᠡᠳᠬᠦᠨ ᠢ ᠥᠰᠬᠡᠭᠡᠨ  ᠲᠥᠰᠬᠡᠭᠡᠨ ᠲᠠᠢ  ᠤᠬᠠᠭᠤᠯᠵᠤ᠂  ᠮᠡᠬᠡᠯᠡᠭᠰᠡᠨ  ᠰᠡᠵᠢᠭᠯᠡᠯᠲᠡᠶ  ᠪᠠᠶᠢᠪᠠᠯ᠂ ᠬᠡᠷᠡᠭᠯᠡᠭᠴᠢᠳ ᠤᠨ ᠵᠠᠷᠤᠳᠠᠯ ᠢ ᠪᠤᠴᠠᠭᠠᠬᠤ ᠬᠡᠷᠡᠭᠲᠡᠶ ᠪᠥᠭᠡᠳ ᠦᠨ᠎ᠡ ᠶᠢᠨ  ᠬᠢᠨᠢ  ᠭᠤᠷᠪᠠᠨ  ᠳᠠᠬᠢᠨ ᠤ  ᠲᠥᠯᠥᠪᠦᠷᠢ  ᠮᠥᠩᠭᠦ ᠥᠭᠬᠦ ᠬᠡᠷᠡᠭᠲᠡᠶ ᠭᠡᠪᠡ᠃
ᠢᠷᠡᠯᠲᠡ᠄ ᠤᠷᠳᠤᠰ ᠮᠤᠩᠭᠤᠯ ᠰᠦᠯᠵᠢᠶ᠎ᠡ