ᠸᠠᠩ ᠳ᠋ᠦᠡᠭ ᠪᠤᠯ ᠤᠷᠳᠤᠰ ᠤᠨ ᠸᠠᠩ ᠳ᠋ᠤᠤ ᠠᠷᠢᠬᠢᠨ ᠤ ᠬᠢᠵᠠᠭᠠᠷᠳᠤ ᠺᠤᠮᠫᠠᠨᠢ ᠶᠢᠨ ᠬᠦᠢᠴᠡᠳᠭᠡᠭᠴᠢ ᠬᠡᠷᠡᠭ ᠮᠡᠳᠡᠭᠴᠢ ᠪᠤᠯᠬᠤ ᠪᠦᠬᠡᠳ ᠵᠡᠭᠦᠨᠭᠠᠷ | ᠬᠤᠰᠢᠭᠤᠨ ᠤ ᠤᠤᠭᠠᠯ ᠢᠷᠬᠡᠨ ᠮᠦᠨ᠃ 2016 ᠤᠨ ᠳᠤ᠂ ᠠᠵᠢᠯ ᠦᠢᠯᠡᠰ ᠦᠷᠨᠢᠨ ᠬᠦᠭᠵᠢᠵᠤ ᠠᠮᠧᠷᠢᠺᠡ ᠤᠯᠤᠰ ᠤᠨ ᠡᠷᠬᠡᠳᠦ ᠠᠷᠡᠳ ᠤᠨ ᠺᠠᠷᠲ ᠲᠠᠢ | ᠪᠤᠯᠤᠬᠰᠠᠨ ᠤ ᠳᠠᠷᠠᠭ᠎ᠠ᠂ ᠳᠡᠷᠡ ᠡᠷᠡᠰ ᠰᠢᠭᠤᠷᠬᠠᠢ ᠪᠠᠷ ᠰᠢᠢᠳᠪᠤᠷᠢ ᠭᠠᠷᠭᠠᠨ ᠵᠡᠭᠦᠨᠭᠠᠷ ᠠᠵᠤ ᠠᠬᠤᠢ ᠶᠢᠨ ᠨᠡᠬᠡᠬᠡᠯᠳᠡ ᠶᠢᠨ ᠤᠷᠤᠨ ᠳᠤ ᠢᠷᠡᠵᠤ ᠪᠡᠯᠡ | ᠤᠷᠤᠭᠤᠯᠤᠨ ᠸᠠᠩ ᠳ᠋ᠤᠤ ᠠᠷᠢᠬᠢᠨ ᠤ ᠦᠢᠯᠡᠰ ᠤᠨ ᠬᠢᠵᠠᠭᠠᠷᠳᠤ ᠺᠤᠮᠫᠠᠨᠢ ᠶᠢ ᠪᠠᠶᠢᠭᠤᠯᠪᠠ᠃ ᠺᠤᠮᠫᠠᠨᠢ ᠪᠠᠶᠢᠭᠤᠯᠤᠬᠳᠠᠬᠰᠠᠨ ᠬᠡᠳᠦᠨ ᠵᠢᠯ ᠤᠨ ᠳᠤᠷᠰᠢ᠂ ᠰᠢᠯᠢᠳᠡᠭ | ᠦᠢᠯᠡᠳᠬᠦᠨ ᠤ ᠴᠢᠨᠡᠷ ᠴᠢᠨᠰᠠᠭ᠎ᠠ ᠪᠠ ᠳᠠᠪᠰᠢᠩᠭᠤᠢ ᠦᠢᠯᠡᠰ ᠪᠦᠳᠦᠬᠡᠬᠦ ᠤᠬᠠᠮᠰᠠᠷ ᠲᠠᠭᠠᠨ ᠲᠦᠰᠢᠭᠯᠡᠭᠰᠡᠨ ᠠᠴᠠ ᠠᠵᠤ ᠦᠢᠯᠡᠰ ᠨᠢ ᠤᠯᠠᠮ ᠢᠶᠠᠷ ᠪᠤᠵᠠᠭᠠᠶᠢᠷᠠᠵᠤ᠂ | ᠦᠢᠯᠡᠳᠬᠦᠨ ᠨᠢ ᠤᠯᠤᠰ ᠤᠨ ᠳᠤᠳᠤᠭᠠᠳᠤ ᠳᠤ ᠵᠤᠬᠢᠬᠤ ᠵᠠᠬ᠎ᠠ ᠳᠡᠯᠬᠡᠬᠦᠷ ᠲᠠᠢ ᠪᠤᠯᠤᠬᠰᠠᠨ ᠪᠦᠬᠡᠳ ᠠᠮᠧᠷᠢᠺᠡ ᠳᠤ ᠭᠠᠷᠭᠠᠬᠤ ᠪᠠᠷ ᠪᠤᠯᠪᠠ᠃ ᠤᠷᠳᠤᠰ ᠤᠨ ᠸᠠᠩ | ᠳ᠋ᠤᠤ ᠠᠷᠢᠬᠢᠨ ᠤ ᠦᠢᠯᠡᠰ ᠤᠨ ᠬᠢᠵᠠᠭᠠᠷᠳᠤ ᠺᠤᠮᠫᠠᠨᠢ ᠳᠤ ᠬᠦᠷᠪᠡᠯ᠂ ᠴᠡᠪᠡᠷ ᠳᠤᠬᠢᠯᠢᠭ ᠦᠢᠯᠡᠳᠪᠦᠷᠢ ᠶᠢᠨ ᠳᠠᠰᠤᠭ᠂ ᠳᠡᠷᠢᠬᠦᠨ ᠤ ᠳᠤᠨᠤᠭ ᠳᠦᠬᠦᠬᠡᠷᠦᠮᠵᠢ ᠨᠢ | ᠦᠨᠢ ᠡᠷᠳᠡ ᠶᠢᠨ ᠠᠷᠢᠬᠢ ᠨᠡᠷᠡᠬᠦ ᠮᠡᠷᠬᠡᠵᠢᠯ ᠲᠠᠢ ᠤᠶᠠᠯᠳᠤᠵᠤ ᠬᠦᠮᠦᠰ ᠤᠨ ᠪᠠᠭᠷᠬᠠᠯ ᠢ ᠳᠠᠳᠠᠨ᠎ᠠ᠃ ᠠᠵᠤ ᠠᠬᠤᠶᠢᠯᠡᠯ ᠢᠶᠠᠨ ᠤᠳᠤᠬᠢᠴᠢᠯᠠᠬᠰᠠᠨ ᠬᠦᠭ | ᠠᠮᠢᠰᠬᠤᠯ ᠢᠶᠠᠷ ᠪᠢᠯᠬᠠᠭᠤᠯᠬᠤ ᠶᠢᠨ ᠬᠠᠮᠳᠤ ᠤᠯᠠᠮᠵᠢᠯᠠᠯᠳᠤ ᠠᠷᠢᠬᠢ ᠨᠡᠷᠡᠬᠦ ᠭᠠᠷ ᠤᠷᠠᠯᠠᠯ ᠢᠶᠠᠨ ᠬᠠᠳᠠᠭᠠᠯᠠᠬᠤ ᠨᠢ ᠸᠠᠩ ᠳ᠋ᠦᠡᠭ ᠤᠨ ᠠᠵᠤ ᠠᠬᠤᠶᠢᠯᠡᠯ ᠡᠷᠬᠢᠯᠡᠬᠦ | ᠤᠭ ᠰᠠᠨᠠᠭ᠎ᠠ ᠪᠠᠶᠢᠪᠠ᠃ ᠸᠠᠩ ᠳ᠋ᠦᠡᠭ ᠤᠨ ᠠᠯᠪᠠᠨ ᠬᠡᠷ ᠲᠤ᠂ ᠲᠤᠷᠤᠭ ᠴᠠᠷᠡᠰᠤᠨ ᠰᠠᠭᠤᠯᠠᠭ᠎ᠠ ᠨᠢ ᠤᠨᠴᠠ ᠶᠢᠨ ᠠᠩᠬᠠᠷᠤᠯ ᠢ ᠳᠠᠳᠠᠨ᠎ᠠ᠃ ᠳᠡᠬᠦᠨ ᠤ | ᠰᠤᠷᠪᠤᠯᠵᠢᠯᠠᠬᠴᠢ ᠳᠤ ᠲᠠᠨᠢᠯᠴᠠᠭᠤᠯᠤᠬᠰᠠᠨ ᠢᠶᠠᠷ᠂ ᠡᠨᠡ ᠪᠤᠯ ᠳᠡᠬᠦᠨ ᠤ ᠰᠢᠨ᠎ᠡ ᠶᠢ ᠡᠬᠦᠳᠴᠤ ᠪᠠᠶᠢᠭ᠎ᠠ ᠦᠢᠯᠡᠳᠬᠦᠨ ᠪᠤᠯᠤᠨ᠎ᠠ᠂ ᠳᠤᠮᠳᠠᠳᠤ ᠤᠯᠤᠰ ᠤᠨ ᠬᠠᠷ᠎ᠡ | ᠠᠷᠢᠬᠢ ᠶᠢ ᠲᠤᠷᠤᠭ ᠴᠠᠷᠡᠰᠤᠨ ᠰᠠᠭᠤᠯᠠᠭ᠎ᠠ ᠳᠤ ᠬᠢᠵᠤ᠂ ᠤᠷᠳᠤ ᠬᠤᠭᠤᠴᠠᠭ᠎ᠠ ᠨᠡᠷᠡᠪᠡᠯ ᠳᠤᠮᠳᠠᠳᠤ ᠤᠯᠤᠰ ᠤᠨ ᠸᠢᠰᠺᠢ ᠶᠢ ᠨᠡᠷᠡᠬᠦ ᠪᠤᠯᠤᠮᠵᠢ ᠲᠠᠢ ᠬᠡᠨ᠎ᠠ᠃ ᠡᠨᠡ | ᠪᠤᠯ ᠮᠦᠨᠴᠤ ᠸᠠᠩ ᠳ᠋ᠦᠡᠭ ᠳᠤᠮᠳᠠᠳᠤ ᠤᠯᠤᠰ ᠤᠨ ᠬᠠᠷ᠎ᠡ ᠠᠷᠢᠬᠢ ᠶᠢ ᠠᠪᠴᠤ ᠤᠯᠤᠰ ᠤᠨ ᠡᠬᠦᠳᠡᠨ ᠠᠴᠠ ᠭᠠᠷᠭᠠᠬᠤ ᠠᠩᠬᠠᠨ ᠤ ᠨᠢᠬᠡ ᠠᠯᠬᠤᠮ ᠪᠤᠯᠤᠨ᠎ᠠ᠃ | ᠨᠢᠬᠡ ᠵᠢᠯ ᠤᠨ ᠡᠮᠦᠨ᠎ᠡ᠂ ᠳᠡᠷᠡ ᠦᠢᠯᠡᠳᠬᠦᠨ ᠢᠶᠠᠨ ᠠᠮᠧᠷᠢᠺᠡ ᠳᠤ ᠭᠠᠷᠭᠠᠬᠤ ᠠᠵᠢᠯ ᠢᠶᠠᠨ ᠱᠠᠯᠠᠪᠳᠠᠨ ᠬᠢᠵᠦ᠂ ᠤᠳᠤᠬᠠᠨ ᠳᠤ ᠪᠡᠯᠡᠳᠬᠡᠯ ᠠᠵᠢᠯ ᠢᠶᠠᠨ | ᠳᠠᠭᠤᠰᠬᠠᠵᠤ ᠦᠢᠯᠡᠳᠬᠦᠨ ᠢᠶᠠᠨ ᠠᠮᠧᠷᠢᠺᠡ ᠳᠤ ᠭᠠᠷᠭᠠᠬᠤ ᠪᠠᠷ ᠪᠡᠯᠡᠬᠡᠨ ᠪᠤᠯᠵᠠᠢ᠃ ᠸᠠᠩ ᠳ᠋ᠦᠡᠭ ᠶᠠᠷᠢᠬᠤ ᠪᠠᠷ᠂ ︽ᠡᠨᠡ ᠵᠢᠯ ᠤᠨ 7 ᠰᠠᠷ᠎ᠡ ᠳᠤ ᠪᠢᠳᠡ | ᠠᠮᠧᠷᠢᠺᠡ ᠳᠠᠬᠢ ᠭᠠᠭᠴᠠᠭᠠᠷ ᠪᠤᠷᠤᠯᠠᠭᠤᠯᠬᠤ ᠬᠡᠯᠡᠯᠴᠡᠬᠡᠷ ᠢᠶᠠᠨ ᠳᠤᠭᠳᠠᠵᠤ᠂ ᠬᠠᠷᠢᠵᠤ ᠢᠷᠡᠭᠰᠡᠨ ᠤ ᠳᠠᠷᠠᠭ᠎ᠠ ᠦᠢᠯᠡᠳᠬᠦᠨ ᠤ ᠪᠤᠭᠤᠳᠠᠯ ᠤᠨ ᠦᠯᠢᠬᠡᠷ ᠶᠠᠩᠵᠤ ᠶᠢ | ᠶᠠᠭᠠᠷᠠᠯᠳᠡᠢ ᠵᠤᠬᠢᠶᠡᠪᠠ᠃ | ᠤᠳᠤᠬᠠᠨ ᠳᠤ ᠪᠤᠭᠤᠳᠠᠯ ᠤᠨ ᠦᠯᠢᠬᠡᠷ ᠶᠠᠩᠵᠤ ᠶᠢ ᠵᠤᠬᠢᠶᠠᠨ ᠳᠠᠭᠤᠰᠬᠠᠵᠤ᠂ ᠠᠮᠧᠷᠢᠺᠡ ᠶᠢᠨ ᠪᠠᠷᠢᠮᠵᠢᠶᠠᠳᠤ ᠬᠠᠮᠢᠶᠠᠷᠤᠯᠳᠡ ᠶᠢᠨ ᠰᠠᠯᠠᠭ᠎ᠠ | ᠮᠦᠴᠢᠷ ᠤᠨ ᠬᠢᠨᠠᠨ ᠬᠠᠷᠭᠤᠭᠤᠯᠳᠠ ᠶᠢ ᠳᠠᠮᠵᠢᠨ ᠦᠯᠢᠬᠡᠷ ᠶᠠᠩᠵᠤ ᠠᠪᠴᠠᠢ᠃ ᠤᠳᠠᠯ ᠦᠬᠡᠢ ᠯᠤᠩᠬᠤᠨ ᠳᠤ ᠬᠢᠵᠤ ᠭᠠᠳᠠᠭᠠᠳᠤ ᠳᠤ ᠭᠠᠷᠭᠠᠬᠤ ᠪᠤᠯᠤᠨ᠎ᠠ᠃ | ᠮᠠᠨ ᠤ ᠬᠠᠷ᠎ᠡ ᠠᠷᠢᠬᠢ ᠨᠡᠩ ᠤᠯᠠᠨ ᠠᠮᠧᠷᠢᠺᠠᠴᠤᠳ ᠴᠢᠨᠠᠬᠰᠢᠯᠡᠨ ᠪᠦᠬᠦ ᠪᠦᠮᠪᠦᠷᠴᠡᠭ ᠤᠨ ᠬᠦᠮᠦᠨ ᠠᠷᠡᠳ ᠤᠨ ᠲᠠᠭᠠᠰᠢᠶᠠᠯ ᠢ ᠤᠯᠵᠦ᠂ ᠮᠠᠨ ᠤ ᠳᠤᠮᠳᠠᠳᠤ | ᠤᠯᠤᠰ ᠤᠨ ᠠᠷᠢᠬᠢᠨ ᠤ ᠰᠤᠶᠤᠯ ᠢ ᠤᠶᠢᠯᠠᠭᠠᠬᠤ ᠶᠢᠨ ᠬᠠᠮᠳᠤ ᠬᠦᠯᠢᠶᠡᠨ ᠠᠪᠬᠤ ᠶᠢ ᠬᠦᠰᠡᠵᠤ ᠪᠠᠶᠢᠨ᠎ᠠ︾ ᠬᠡᠵᠡᠢ᠃ 1995 ᠤᠨ ᠳᠤ ᠨᠠᠨᠵᠢᠩ ᠤᠨ ᠪᠠᠶᠢᠭᠠᠯᠢ | ᠲᠧᠭᠨᠢᠭ ᠤᠨ ᠶᠡᠭᠡ ᠰᠤᠷᠭᠠᠭᠤᠯᠢ ᠠᠴᠠ ᠳᠡᠬᠦᠰᠦᠭᠰᠡᠨ ᠤ ᠳᠠᠷᠠᠭ᠎ᠠ᠂ ᠸᠠᠩ ᠳ᠋ᠦᠡᠭ ᠳᠤᠬᠠᠢ ᠶᠢᠨ ᠭᠠᠵᠠᠷ ᠤᠨ ᠨᠡᠷᠡᠳᠦ ᠠᠵᠤ ᠠᠬᠤᠶᠢᠯᠡᠯ ᠤᠨ ᠶᠠᠰᠤ ᠴᠢᠨᠡᠷ | ᠪᠠᠶᠢᠴᠠᠭᠠᠬᠴᠢ ᠠᠴᠠ ᠡᠬᠢᠯᠡᠨ ᠬᠢᠵᠤ᠂ ᠠᠯᠬᠤᠮ ᠠᠯᠬᠤᠮ ᠢᠶᠠᠷ ᠺᠤᠮᠫᠠᠨᠢ ᠶᠢᠨ ᠳᠡᠳ᠋ ᠶᠡᠷᠦᠩᠬᠡᠢ ᠳᠠᠭᠠᠭᠠᠮᠠᠯ ᠪᠤᠯᠵᠤ᠂ ᠰᠡᠬᠦᠯᠡᠷ ᠨᠢ ᠦᠪᠡᠷ ᠤᠨ ᠲᠡᠯᠪᠡᠴᠡᠬᠦ ᠺᠤᠮᠫᠠᠨᠢ | ᠪᠠᠶᠢᠭᠤᠯᠬᠤ ᠶᠢᠨ ᠬᠠᠮᠳᠤ 2013 ᠤᠨ ᠳᠤ ᠠᠮᠧᠷᠢᠺᠡ ᠶᠢᠨ ᠡᠷᠬᠡᠳᠦ ᠠᠷᠡᠳ ᠤᠨ ᠺᠠᠷᠲ ᠲᠠᠢ ᠪᠤᠯᠪᠠ᠃ ᠠᠵᠢᠯ ᠦᠢᠯᠡᠰ ᠦᠬᠡᠳᠡ ᠡᠰᠡᠷᠡᠭ᠂ ᠠᠶᠢᠯ ᠬᠡᠷ ᠨᠢ ᠵᠤᠯ | ᠵᠢᠷᠭᠠᠯ ᠲᠠᠢ᠂ ᠬᠡᠦᠬᠡᠳ ᠨᠢ ᠠᠮᠧᠷᠢᠺᠡ ᠳᠤ ᠰᠤᠷᠭᠠᠨ ᠬᠦᠮᠦᠵᠢᠯ ᠬᠦᠷᠳᠡᠵᠦ ᠪᠠᠶᠢᠪᠠᠴᠤ ᠸᠠᠩ ᠳ᠋ᠦᠡᠭ ᠢᠮᠠᠬᠳᠠ ᠨᠤᠳᠤᠭ ᠢᠶᠠᠨ ᠰᠠᠨᠠᠭᠠᠯᠵᠠᠳᠠᠭ ᠪᠠᠶᠢᠯ᠎ᠠ᠃ 2016 | ᠤᠨ ᠳᠤ᠂ ᠤᠷᠳᠤᠰ ᠬᠤᠳᠠ ᠶᠢᠨ ᠸᠠᠩ ᠳ᠋ᠤᠤ ᠠᠷᠢᠬᠢᠨ ᠤ ᠦᠢᠯᠡᠰ ᠤᠨ ᠬᠢᠵᠠᠭᠠᠷᠳᠤ ᠺᠤᠮᠫᠠᠨᠢ ᠨᠢ ᠵᠡᠬᠦᠨᠭᠠᠷ ᠠᠵᠤ ᠠᠬᠤᠢ ᠶᠢᠨ ᠨᠡᠬᠡᠬᠡᠯᠳᠡ ᠶᠢᠨ ᠤᠷᠤᠨ ᠳᠤ | ᠪᠠᠷᠢᠯᠭ᠎ᠠ ᠪᠠᠨ ᠡᠬᠢᠯᠡᠬᠦᠯᠪᠡ᠃ ᠤᠬᠤᠷᠬᠠᠨ ᠬᠡᠳᠦᠨ ᠵᠢᠯ ᠤᠨ ᠬᠤᠭᠤᠷᠤᠨᠳᠤ ᠺᠤᠮᠫᠠᠨᠢ ᠶᠢᠨ ᠦᠢᠯᠡᠳᠪᠦᠷᠢᠯᠡᠭᠰᠡᠨ ᠰᠢᠷᠢᠰ ᠠᠷᠢᠬᠢ ᠨᠢ ᠨᠡᠷ᠎ᠡ ᠠᠯᠳᠠᠷ ᠮᠠᠨᠳᠤᠵᠠᠢ᠃ | ᠸᠠᠩ ᠳ᠋ᠦᠡᠭ ᠠᠮᠧᠷᠢᠺᠡ ᠳᠤ ᠰᠤᠷᠤᠯᠴᠠᠬᠰᠠᠨ ᠳᠡᠷᠢᠬᠦᠨ ᠤ ᠬᠠᠮᠢᠶᠠᠷᠤᠯᠳᠡ ᠶᠢᠨ ᠳᠤᠷᠰᠢᠯᠭ᠎ᠠ ᠪᠠᠨ ᠺᠤᠮᠫᠠᠨᠢ ᠶᠢᠨ ᠡᠵᠡᠩᠨᠡᠯᠳᠡ ᠳᠤᠮᠳᠠ ᠪᠠᠨ ᠬᠡᠷᠡᠭᠯᠡᠵᠦ᠂ ᠳᠡᠷᠢᠬᠦᠨ ᠤ | ᠰᠤᠳᠤᠯᠤᠨ ᠨᠡᠬᠡᠬᠡᠯᠳᠡ ᠶᠢᠨ ᠳᠤᠷᠰᠢᠯᠳᠡ ᠶᠢᠨ ᠳᠠᠰᠤᠭ᠂ ᠠᠦ᠋ᠲ᠋ᠤ᠋ ᠡᠵᠡᠮᠰᠢᠯ᠂ ᠴᠢᠮᠡᠭᠡ ᠵᠠᠩᠬᠢ ᠴᠤᠬᠯᠠᠭᠤᠯᠬᠤ᠂ ᠳᠤᠮᠤ ᠳ᠋ᠠᠶᠢᠲ᠋ᠠ ᠵᠡᠷᠬᠡ ᠳᠡᠬᠡᠳᠦ ᠰᠢᠨ᠎ᠡ | ᠮᠡᠷᠬᠡᠵᠢᠯ ᠤᠨ ᠠᠷᠭ᠎ᠠ ᠠᠪᠴᠠᠯ ᠢᠶᠠᠨ ᠺᠤᠮᠫᠠᠨᠢ ᠳᠤ ᠪᠠᠶᠢᠡᠭᠭᠤ ᠬᠡᠷᠡᠭᠯᠡᠭᠳᠡᠳᠡᠭ ᠪᠤᠯᠪᠠ᠃ ᠳᠡᠷᠡ ᠪᠠᠷ ᠦᠢᠯᠡᠳᠬᠦᠨ ᠤ ᠴᠢᠨᠡᠷ ᠳᠡᠰ ᠢ ᠴᠢᠬᠤᠯᠠᠴᠢᠯᠠᠵᠤ᠂ ᠨᠠᠩ ᠴᠤ | ᠰᠢᠨᠵᠢᠯᠡᠬᠦ ᠤᠬᠠᠭᠠᠨ ᠮᠡᠷᠬᠡᠵᠢᠯ ᠤᠨ ᠰᠢᠨ᠎ᠡ ᠶᠢ ᠡᠬᠦᠳᠬᠦ ᠶᠢ ᠨᠡᠩ ᠴᠢᠬᠤᠯᠠᠴᠢᠯᠡᠳᠠᠭ ᠪᠠᠶᠢᠪᠠ᠃ ᠤᠳᠤᠬᠠᠨ ᠳᠤ ᠬᠡᠷᠡᠭᠯᠡᠬᠡᠨ ᠤ ᠰᠢᠨ᠎ᠡ ᠬᠡᠯᠪᠡᠷᠢ ᠶᠢᠨ ᠳᠤᠰᠬᠠᠢ | ᠠᠰᠢᠭ 35᠂ ᠭᠠᠳᠠᠷ ᠦᠵᠡᠮᠵᠢ ᠶᠢᠨ ᠡᠬᠦᠳᠦᠯᠳᠡ ᠶᠢᠨ ᠳᠤᠰᠬᠠᠢ ᠠᠰᠢᠭ 10 ᠪᠠᠶᠢᠵᠦ᠂ ᠡᠬᠦᠨ ᠳᠤ 70% ᠶᠢᠨ ᠬᠡᠷᠡᠭᠯᠡᠬᠡᠨ ᠤ ᠰᠢᠨ᠎ᠡ ᠬᠡᠯᠪᠡᠷᠢ ᠶᠢᠨ ᠳᠤᠰᠬᠠᠢ | ᠠᠰᠢᠭ ᠨᠢ ᠨᠢᠬᠡᠨᠳᠡ ᠰᠢᠨᠵᠢᠯᠡᠬᠦ ᠤᠬᠠᠭᠠᠨ ᠮᠡᠷᠬᠡᠵᠢᠯ ᠤᠨ ᠦᠷ᠎ᠡ ᠪᠦᠳᠦᠬᠡᠯ ᠢ ᠬᠤᠪᠢᠷᠠᠭᠤᠯᠬᠤ ᠶᠢ ᠪᠡᠶᠡᠯᠡᠬᠦᠯᠦᠭᠰᠡᠨ ᠪᠠᠶᠢᠨ᠎ᠠ᠃ ᠸᠠᠩ ᠳ᠋ᠦᠡᠭ ᠰᠤᠷᠪᠤᠯᠵᠢᠯᠠᠬᠴᠢ ᠳᠤ | ᠶᠠᠷᠢᠬᠤ ᠳᠠᠭᠠᠨ᠂ ᠦᠢᠯᠡᠳᠪᠦᠷᠢ ᠪᠠᠶᠢᠭᠤᠯᠤᠬᠰᠠᠨ 5 ᠵᠢᠯ ᠤᠨ ᠳᠤᠷᠰᠢ᠂ ᠳᠡᠳᠡ ᠮᠡᠷᠬᠡᠵᠢᠯ ᠤᠨ ᠳᠡᠰ ᠳᠡᠪᠰᠢᠬᠦ ᠦᠬᠡᠷᠡᠴᠢᠯᠡᠯᠳᠡ ᠶᠢ ᠳᠠᠰᠤᠷᠡᠯᠳᠡ ᠦᠬᠡᠢ ᠬᠢᠵᠤ᠂ | ᠤᠳᠤᠬᠠᠨ ᠳᠤ ᠤᠶᠤᠨᠴᠢᠯᠡᠯᠳᠡ᠂ ᠠᠦ᠋ᠲ᠋ᠤᠴᠢᠯᠡᠯᠳᠡ᠂ ᠴᠢᠮᠡᠭᠡ ᠵᠠᠩᠬᠢᠵᠢᠯᠳᠡ ᠶᠢᠨ ᠦᠢᠯᠡᠳᠪᠦᠷᠢᠯᠡᠯ ᠤᠨ ᠶᠠᠪᠤᠴᠠ ᠶᠢ ᠪᠡᠶᠡᠯᠡᠬᠦᠯᠵᠤ᠂ ᠤᠯᠠᠮᠵᠢᠯᠠᠯᠳᠤ ᠭᠠᠷ | ᠤᠷᠠᠯᠠᠯ ᠤᠨ ᠴᠢᠨᠡᠷ ᠴᠢᠨᠰᠠᠭ᠎ᠠ ᠶᠢ ᠤᠯᠠᠮ ᠨᠢᠬᠡ ᠠᠯᠬᠤᠮ ᠳᠡᠭᠡᠭᠰᠢᠯᠡᠬᠦᠯᠪᠡ᠃ ᠡᠬᠦᠨ ᠤ ᠬᠠᠮᠳᠤ ᠳᠡᠳᠡᠨᠡᠷ ᠪᠠᠰᠠ ᠤᠯᠤᠰ ᠤᠨ ᠳᠤᠳᠤᠭᠠᠳᠤ ᠭᠠᠳᠠᠭᠠᠳᠤ ᠶᠢᠨ | ᠤᠳᠤᠬᠢᠴᠢᠯᠠᠬᠰᠠᠨ ᠦᠢᠯᠡᠳᠪᠦᠷᠢ ᠪᠠᠷ ᠬᠦᠷᠴᠤ ᠰᠢᠨᠵᠢᠯᠡᠨ ᠪᠠᠶᠢᠴᠠᠭᠠᠵᠦ᠂ ᠲᠡᠳᠡᠨ ᠤ ᠮᠡᠷᠬᠡᠵᠢᠯ ᠪᠠ ᠵᠠᠷᠢᠮ ᠤᠶᠤᠨᠴᠢᠯᠠᠬᠰᠠᠨ ᠬᠠᠮᠢᠶᠠᠷᠤᠯᠳᠡ ᠪᠠᠭᠳᠠᠪᠠ᠃ | ᠲᠡᠷᠡᠴᠢᠯᠡᠨ ᠮᠠᠰᠢᠨ ᠬᠦᠮᠦᠨ ᠤ ᠠᠷᠢᠬᠢ ᠨᠡᠷᠡᠬᠦ ᠰᠢᠰᠲ᠋ᠧᠮ ᠢ ᠤᠷᠤᠭᠤᠯᠬᠤ ᠪᠠᠷ ᠰᠡᠳᠦᠵᠤ᠂ ᠸᠠᠩ ᠳ᠋ᠤᠤ ᠠᠷᠢᠬᠢᠨ ᠤ ᠦᠢᠯᠡᠰ ᠤᠨ ᠦᠢᠯᠡᠳᠪᠦᠷᠢᠯᠡᠯ ᠤᠨ | ᠶᠠᠪᠤᠴᠠ ᠶᠢ ᠨᠡᠩ ᠨᠠᠷᠢᠯᠢᠭ ᠤᠨᠤᠪᠴᠢᠳᠡᠢ ᠡᠵᠡᠮᠰᠢᠯᠳᠡ ᠳᠤ ᠬᠦᠷᠬᠡᠵᠤ᠂ ᠦᠢᠯᠡᠳᠬᠦᠨ ᠤ ᠴᠢᠨᠡᠷ ᠳᠡᠰ ᠢ ᠤᠯᠠᠮ ᠨᠢᠬᠡ ᠠᠯᠬᠤᠮ ᠳᠡᠭᠡᠭᠰᠢᠯᠡᠬᠦᠯᠦᠨ᠎ᠡ ᠬᠡᠪᠡ᠃ | ᠵᠡᠬᠦᠨᠭᠠᠷ ᠠᠵᠤ ᠠᠬᠤᠢ ᠶᠢᠨ ᠨᠡᠬᠡᠬᠡᠯᠳᠡ ᠶᠢᠨ ᠤᠷᠤᠨ ᠳᠤ ᠠᠷᠢᠬᠢᠨ ᠤ ᠦᠢᠯᠡᠳᠪᠦᠷᠢ ᠪᠠᠶᠢᠭᠤᠯᠬᠤ ᠶᠢᠨ ᠪᠠᠰᠠ ᠨᠢᠬᠡ ᠴᠢᠬᠤᠯᠠ ᠰᠢᠯᠳᠠᠭᠠᠨ ᠪᠤᠯ ᠳᠤᠬᠠᠢ ᠶᠢᠨ | ᠭᠠᠵᠠᠷ ᠤᠨ ᠳᠠᠷᠢᠶᠠᠴᠢᠨ ᠢ ᠳᠠᠶᠢᠴᠢᠯᠠᠵᠤ ᠬᠠᠮᠳᠤᠪᠡᠷ ᠴᠢᠨᠡᠬᠡᠯᠢᠭᠵᠢᠬᠦ ᠪᠤᠯᠤᠨ᠎ᠠ᠃ ᠸᠠᠩ ᠳ᠋ᠦᠡᠭ ᠵᠢᠯ ᠪᠦᠷᠢ ᠤᠶᠢᠷ᠎ᠡ ᠬᠠᠪᠢ ᠶᠢᠨ ᠳᠤᠰᠬᠤᠨ ᠬᠤᠷᠰᠢᠶ᠎ᠡ ᠲᠠᠢ | ᠵᠠᠬᠢᠶᠠᠯᠠᠭ᠎ᠠ ᠶᠢᠨ ᠬᠡᠷ᠎ᠡ ᠳᠤᠬᠳᠠᠵᠤ᠂ ︽ᠳᠠᠷᠢᠶᠠᠴᠢᠨ ᠡᠷᠦᠬᠡ + ᠵᠠᠬᠢᠶᠠᠯᠠᠭ᠎ᠠ︾ ᠶᠢᠨ ᠵᠠᠬᠪᠤᠷ ᠢᠶᠠᠷ ᠳᠦᠬᠦᠬᠡᠢ ᠮᠠᠲ᠋ᠧᠷᠢᠶᠡᠯ ᠤᠨ ᠬᠠᠨᠭ᠍ᠭᠠᠯᠭ᠎ᠠ ᠶᠢ ᠪᠠᠳᠤᠯᠠᠵᠤ᠂ | ᠳᠠᠷᠢᠶᠠᠴᠢᠳ ᠤᠨ ᠤᠷᠤᠯᠭ᠎ᠠ ᠪᠠᠨ ᠨᠡᠮᠡᠭᠳᠡᠬᠦᠯᠬᠦ ᠶᠢ ᠳᠠᠶᠢᠴᠢᠯᠠᠳᠠᠭ᠃ ᠠᠵᠤ ᠠᠬᠤᠶᠢᠯᠡᠯ ᠤᠨ ᠬᠦᠷᠢᠶ᠎ᠡ ᠬᠡᠪᠴᠢᠶ᠎ᠡ ᠪᠠᠨ ᠦᠷᠬᠡᠳᠬᠡᠬᠦ ᠶᠢᠨ ᠳᠤᠰᠠᠳᠠ᠂ ᠡᠨᠡ ᠵᠢᠯ | ᠤᠨ ᠡᠬᠢᠨ ᠳᠤ᠂ ᠸᠠᠩ ᠳ᠋ᠦᠡᠭ ᠤᠨ ᠪᠡᠯᠡ ᠤᠷᠤᠭᠤᠯᠤᠬᠰᠠᠨ ᠵᠢᠮᠢᠰ ᠤᠨ ᠳᠦᠯᠦᠪᠯᠡᠭᠡ ᠶᠢᠨ ᠳᠦᠷᠦᠯ ᠵᠦᠢᠯ ᠴᠤ ᠵᠡᠭᠦᠨᠭᠠᠷ ᠠᠵᠤ ᠠᠬᠤᠢ ᠶᠢᠨ ᠨᠡᠬᠡᠬᠡᠯᠳᠡ ᠶᠢᠨ | ᠤᠷᠤᠨ ᠳᠤ ᠠᠮᠵᠢᠯᠳᠡ ᠲᠠᠢ ᠪᠠᠷᠢᠯᠭ᠎ᠠ ᠪᠠᠨ ᠡᠬᠢᠯᠡᠬᠦᠯᠵᠡᠢ᠃ ᠬᠤᠶᠡᠷ ᠳᠦᠷᠦᠯ ᠵᠦᠢᠯ ᠤᠨ ᠨᠤᠳᠤᠬᠰᠢᠬᠰᠠᠨ ᠨᠢ ᠳᠤᠬᠠᠢ ᠶᠢᠨ ᠭᠠᠵᠠᠷ ᠤᠨ ᠳᠠᠷᠢᠶᠠᠴᠢᠨ ᠡᠷᠦᠬᠡ ᠳᠤ | ᠨᠡᠩ ᠤᠯᠠᠨ ᠠᠰᠢᠭ ᠤᠷᠤᠯᠭ᠎ᠠ ᠠᠪᠴᠢᠷᠡᠬᠰᠠᠨ ᠪᠠᠶᠢᠨ᠎ᠠ᠃ | ᠸᠠᠩ ᠳ᠋ᠦᠡᠭ ᠶᠠᠷᠢᠬᠤ ᠳᠠᠭᠠᠨ᠂ ᠪᠢ ᠵᠡᠭᠦᠨᠭᠠᠷ ᠬᠤᠰᠢᠭᠤᠨ ᠤ ᠬᠦᠮᠦᠨ᠂ ᠵᠡᠭᠦᠨᠭᠠᠷ ᠬᠤᠰᠢᠭᠤᠨ ᠳᠤ ᠦᠰᠦᠨ ᠪᠤᠶᠢᠵᠢᠪᠠ᠃ ᠬᠦᠭᠵᠢᠯᠳᠠ ᠶᠢ | ᠡᠷᠢᠯᠬᠢᠯᠡᠵᠦ ᠪᠠᠶᠢᠭᠠᠳ᠂ ᠦᠨᠦᠳᠦᠷ ᠪᠠᠰᠠ ᠵᠡᠭᠦᠨᠭᠠᠷ ᠬᠤᠰᠢᠭᠤᠨ ᠳᠤ ᠢᠷᠡᠵᠦ ᠪᠡᠯᠡ ᠤᠷᠤᠭᠤᠯᠤᠨ ᠦᠢᠯᠡᠳᠪᠦᠷᠢ ᠪᠠᠶᠢᠭᠤᠯᠵᠤ ᠦᠢᠯᠡᠰ ᠪᠦᠳᠦᠬᠡᠵᠡᠢ᠃ ᠤᠳᠤ | ᠪᠡᠯᠡ ᠤᠷᠤᠭᠤᠯᠤᠬᠰᠠᠨ ᠬᠤᠶᠡᠷ ᠳᠦᠷᠦᠯ ᠵᠦᠢᠯ ᠤᠨ ᠳᠦᠬᠦᠬᠡᠢ ᠮᠠᠲ᠋ᠧᠷᠢᠶᠡᠯ ᠨᠢ ᠭᠤᠤᠯᠳᠠᠭᠤ ᠮᠠᠨ ᠤ ᠳᠤᠬᠠᠢ ᠶᠢᠨ ᠭᠠᠵᠠᠷ ᠤᠨ ᠬᠦᠳᠡᠭᠡ ᠳᠤᠰᠬᠤᠨ ᠠᠴᠠ | ᠢᠷᠡᠯᠳᠡ ᠲᠠᠢ ᠪᠠᠶᠢᠵᠦ᠂ ᠨᠢᠬᠡ ᠨᠢ ᠰᠢᠰᠢ᠂ ᠨᠦᠬᠦᠬᠡ ᠨᠢ ᠳᠤᠬᠠᠢ ᠶᠢᠨ ᠭᠠᠵᠠᠷ ᠤᠨ ᠵᠢᠮᠢᠰ ᠤᠨ ᠵᠦᠢᠯ ᠪᠤᠯᠤᠨ᠎ᠠ᠃ ᠠᠵᠤ ᠠᠬᠤᠶᠢᠯᠡᠯ ᠢᠶᠠᠨ ᠬᠦᠭᠵᠢᠬᠦᠯᠬᠦ ᠶᠢᠨ | ᠳᠠᠭᠠᠤ ᠳᠤᠬᠠᠢ ᠶᠢᠨ ᠭᠠᠵᠠᠷ ᠤᠨ ᠬᠦᠳᠡᠭᠡ ᠳᠤᠰᠬᠤᠨ ᠤ ᠠᠵᠤ ᠠᠬᠤᠢ ᠶᠢᠨ ᠬᠦᠭᠵᠢᠯᠳᠡ ᠶᠢ ᠳᠠᠶᠢᠴᠢᠯᠠᠵᠤ᠂ ᠠᠵᠤ ᠠᠬᠤᠶᠢᠯᠡᠯ ᠪᠠ ᠳᠠᠷᠢᠶᠠᠴᠢᠨ ᠤᠨ ᠬᠠᠮᠳᠤᠪᠡᠷ | ᠠᠰᠢᠭ ᠬᠦᠷᠳᠡᠬᠦ ᠶᠢ ᠬᠦᠰᠡᠵᠤ ᠪᠠᠶᠢᠨ᠎ᠠ ᠬᠡᠵᠡᠢ᠃ ᠤᠳᠤᠬᠠᠨ ᠳᠤ᠂ ᠸᠠᠩ ᠳ᠋ᠦᠡᠭ ᠤᠨ ᠠᠵᠤ ᠦᠢᠯᠡᠰ ᠤᠯᠠᠮ ᠢᠶᠠᠷ ᠪᠤᠵᠠᠭᠠᠶᠢᠷᠡᠵᠤ᠂ ᠨᠢᠬᠡ ᠳᠠᠯ᠎ᠠ ᠪᠠᠷ ᠳᠠᠷᠢᠶᠠᠴᠢᠨ | ᠡᠷᠦᠬᠡ ᠶᠢ ᠳᠠᠶᠢᠴᠢᠯᠡᠨ ᠴᠢᠨᠡᠬᠡᠯᠢᠭᠵᠢᠬᠦᠯᠵᠦ᠂ ᠨᠦᠬᠦᠬᠡ ᠳᠠᠯ᠎ᠠ ᠪᠠᠷ ᠨᠤᠳᠤᠭ ᠤᠨ ᠤᠯᠠᠨ ᠳᠦᠮᠡᠨ ᠤ ᠠᠵᠢᠯ ᠤᠯᠭᠤᠯᠳᠠ ᠶᠢ ᠰᠢᠢᠳᠪᠦᠷᠢᠯᠡᠵᠤ᠂ ᠨᠤᠳᠤᠭ | ᠤᠷᠤᠨ ᠢᠶᠠᠨ ᠢᠪᠡᠬᠡᠭᠰᠡᠨ ᠵᠠᠭᠤᠨ ᠵᠢᠯ ᠤᠨ ᠪᠤᠬᠢᠷᠳᠤᠯ ᠦᠬᠡᠢ ᠠᠵᠤ ᠦᠢᠯᠡᠰ ᠢ ᠪᠠᠶᠢᠭᠤᠯᠬᠤ ᠪᠤᠯ ᠸᠠᠩ ᠳ᠋ᠦᠡᠭ ᠤᠨ ᠡᠴᠦᠰ ᠤᠨ ᠬᠠᠷᠠᠯᠳᠠ ᠪᠠᠶᠢᠪᠠ᠃ ᠸᠠᠩ ᠳ᠋ᠤᠤ | ᠠᠷᠢᠬᠢᠨ ᠤ ᠦᠢᠯᠡᠰ ᠤᠳᠤ ᠨᠢᠬᠡᠨᠳᠡ 150 ᠭᠠᠷᠤᠢ ᠬᠦᠮᠦᠨ ᠤ ᠠᠵᠢᠯ ᠤᠯᠭᠤᠯᠳᠠ ᠶᠢ ᠰᠢᠢᠳᠪᠦᠷᠢᠯᠡᠪᠡ᠃ ᠵᠢᠮᠢᠰ ᠤᠨ ᠳᠦᠯᠦᠪᠯᠡᠭᠡ ᠶᠢᠨ ᠳᠦᠷᠦᠯ ᠵᠦᠢᠯ | ᠠᠰᠢᠬᠯᠠᠯᠳᠠ ᠳᠤ ᠤᠷᠤᠬᠰᠠᠨ ᠤ ᠳᠠᠷᠠᠭ᠎ᠠ᠂ ᠪᠠᠰᠠ 100 ᠭᠠᠷᠤᠢ ᠬᠦᠮᠦᠨ ᠳᠤ ᠠᠵᠢᠯ ᠤᠨ ᠪᠠᠶᠢᠷᠢ ᠬᠠᠨᠭ᠍ᠭᠠᠨ᠎ᠠ᠃ ᠳᠤᠰ ᠬᠤᠶᠡᠷ ᠳᠦᠷᠦᠯ ᠵᠦᠢᠯ ᠢᠶᠠᠷ ᠳᠠᠮᠵᠢᠨ | ᠳᠤᠬᠠᠢ ᠶᠢᠨ ᠭᠠᠵᠠᠷ ᠤᠨ ᠲᠠᠷᠢᠶᠠᠴᠢᠳ ᠤᠨ ᠤᠷᠤᠯᠭ᠎ᠠ ᠪᠠᠨ ᠨᠡᠮᠡᠭᠳᠡᠬᠦᠯᠬᠦ ᠳᠤ ᠳᠡᠮᠵᠢᠯᠬᠡ ᠦᠵᠡᠬᠦᠯᠬᠦ ᠪᠤᠯᠤᠨ᠎ᠠ᠃ ᠲᠠᠷᠢᠶᠠᠴᠢᠳ ᠤᠨ ᠵᠢᠮᠢᠰ ᠤᠨ ᠮᠤᠳᠤ ᠲᠠᠷᠢᠬᠤ ᠶᠢ | ᠵᠤᠷᠢᠭᠵᠢᠭᠤᠯᠬᠤ ᠪᠠᠷ ᠳᠠᠮᠵᠢᠨ ᠵᠡᠬᠦᠨᠭᠠᠷ ᠬᠤᠰᠢᠭᠤᠨ ᠤ ᠪᠤᠬᠢᠷᠳᠤᠯ ᠦᠬᠡᠢ ᠬᠦᠭᠵᠢᠯᠳᠡ ᠳᠤ ᠦᠪᠡᠷ ᠤᠨ ᠵᠢᠳᠬᠦᠯ ᠢᠶᠠᠨ ᠭᠠᠷᠭᠠᠬᠤ ᠪᠤᠯᠤᠨ᠎ᠠ᠃ | | |