ᠣᠷᠳᠣᠰ ᠬᠤᠲᠠ ᠶᠢᠨ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ
ᠨᠡᠶᠢᠲᠡᠯᠡᠭᠰᠡᠨ ᠴᠠᠭ᠄
2022/6/2
ᠣᠷᠳᠣᠰ ᠬᠤᠲᠠ ᠶᠢᠨ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ ᠤᠨ ᠴᠢᠳᠠᠪᠬᠢ ᠶᠢᠨ ᠲᠣᠬᠢᠷᠠᠭᠤᠯᠤᠯᠲᠠ᠂ ᠳᠣᠲᠣᠭᠠᠳᠤ ᠶᠢᠨ ᠪᠠᠶᠢᠭᠤᠯᠤᠮᠵᠢ ᠪᠣᠯᠤᠨ ᠠᠵᠢᠯᠲᠠᠨ ᠤ ᠣᠷᠣᠨ ᠲᠤᠭ᠎ᠠ ᠶᠢᠨ ᠲᠣᠭᠲᠠᠭᠠᠯ ᠨᠢᠭᠡᠳᠦᠭᠡᠷ ᠵᠦᠢᠯ   ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠵᠥᠪᠰᠢᠶᠡᠷᠡᠭᠰᠡᠨ ︽ᠣᠷᠳᠣᠰ ᠬᠤᠲᠠ ᠶᠢᠨ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠲᠥᠰᠦᠯ︾ ᠪᠣᠯᠤᠨ ᠣᠷᠳᠣᠰ ᠬᠤᠲᠠ ᠶᠢᠨ ᠳᠠᠷᠤᠮᠠᠯᠯᠠᠨ ᠲᠠᠷᠬᠠᠭᠠᠭᠰᠠᠨ ︽ᠣᠷᠳᠣᠰ ᠬᠤᠲᠠ ᠶᠢᠨ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠬᠡᠷᠡᠭᠵᠢᠭᠦᠯᠬᠦ ᠰᠠᠨᠠᠯ︾ ᠢ ᠦᠨᠳᠦᠰᠦᠯᠡᠨ᠂ ᠲᠤᠰ ᠲᠣᠭᠲᠠᠭᠠᠯ ᠢ ᠲᠣᠭᠲᠠᠭᠠᠪᠠ᠃ᠬᠤᠶᠠᠳᠤᠭᠠᠷ ᠵᠦᠢᠯ   ᠣᠷᠳᠣᠰ ᠬᠤᠲᠠ ᠶᠢᠨ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ  ᠪᠣᠯ ᠣᠷᠳᠣᠰ ᠬᠤᠲᠠ  ᠶᠢᠨ ᠠᠷᠠᠳ ᠤᠨ ᠵᠠᠰᠠᠭ ᠤᠨ ᠣᠷᠳᠣᠨ ᠤ ᠠᠵᠢᠯ ᠤᠨ ᠰᠠᠯᠠᠭ᠎ᠠ ᠮᠥᠴᠢᠷ ᠪᠣᠯᠬᠤ ᠪᠥᠭᠡᠳ ᠵᠢᠩᠬᠢᠨᠢ ᠰᠢᠶᠠᠨ ᠤ ᠳᠡᠰ ᠤᠨ ᠪᠠᠶᠢᠭᠤᠯᠭ᠎ᠠ  ᠪᠣᠯᠤᠨ᠎ᠠ᠃ᠭᠤᠷᠪᠠᠳᠤᠭᠠᠷ ᠵᠦᠢᠯ   ᠬᠤᠳᠠ ᠶᠢᠨ ᠤᠯᠤᠰ ᠤᠨ ᠥᠮᠴᠢᠯᠡᠯᠲᠦ ᠡᠳ᠋ ᠬᠦᠷᠦᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ  ᠂ ᠤᠯᠤᠰ ᠤᠨ ᠥᠮᠴᠢᠯᠡᠯᠲᠦ ᠡᠳ᠋ ᠬᠦᠷᠦᠩᠭᠡ ᠶᠢᠨ ᠬᠢᠨᠠᠯᠳᠠ ᠬᠠᠮᠢᠶᠠᠷᠤᠯᠳᠠ  ᠵᠢᠨ‌ᠠᠵᠢᠯ ᠤᠨ ᠲᠤᠬᠠᠶ ᠨᠠᠮ ᠤᠨ ᠲᠥᠪ ᠬᠤᠷᠢᠶᠠᠨ ᠤ ᠴᠢᠭᠯᠡᠯᠲᠡ ᠲᠦᠷᠦ ᠶᠢᠨ ᠪᠤᠳᠤᠯᠭ᠎ᠠ ᠶᠢ  ᠲᠤᠤᠱᠯᠠᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠳᠠ ᠶᠢᠨ ᠨᠠᠮ ᠤᠨ ᠬᠤᠷᠢᠶᠠᠨ ᠤ ᠰᠢᠶᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠵᠤ᠂ ᠲᠤᠰᠢᠶᠠᠯ ᠬᠠᠷᠢᠭᠤᠴᠠᠯᠭ᠎ᠠ ᠪᠠᠨ ᠭᠦᠶᠴᠡᠳᠬᠡᠬᠦ ᠶᠠᠪᠤᠴᠠ ᠳᠤ ᠤᠯᠤᠰ ‍ᠤᠨ‌ᠥᠮᠴᠢᠯᠡᠯᠲᠦ ᠡᠳ᠋ ᠬᠦᠷᠦᠩᠭᠡ ᠶᠢ ᠬᠢᠨᠠᠨ ᠬᠠᠮᠢᠶᠠᠷᠬᠤ ᠠᠵᠢᠯ  ᠳᠠᠬᠢ ᠨᠠᠮ ᠤᠨ ᠲᠥᠪᠯᠡᠷᠡᠩᠭᠦᠶ ᠨᠢᠭᠡᠳᠦᠯᠲᠡᠶ ᠤᠳᠤᠷᠢᠳᠤᠯᠭ᠎ᠠ ᠶᠢ ᠪᠠᠷᠢᠮᠲᠠᠯᠠᠨ ᠴᠢᠩᠭᠠᠳᠬᠠᠨ᠎ᠠ᠃ ᠭᠤᠣᠯ ᠲᠤᠰᠢᠶᠠᠯ ᠬᠠᠷᠢᠭᠤᠴᠠᠯᠭ᠎ᠠ᠄ ︵ᠨᠢᠭᠡ︶ ᠬᠤᠲᠠ ᠶᠢᠨ ᠠᠷᠠᠳ ᠤᠨ ᠵᠠᠰᠠᠭ  ᠤᠨ ᠣᠷᠳᠣᠨ ᠤ ᠡᠷᠬᠡ ᠣᠯᠭᠤᠯᠲᠠ ᠶᠢ ᠦᠨᠳᠦᠰᠦᠯᠡᠨ᠂ ᠪᠡᠯᠡ ᠭᠠᠷᠭᠠᠭᠴᠢ ᠶᠢᠨ ᠲᠤᠰᠢᠶᠠᠯ ᠬᠠᠷᠢᠭᠤᠴᠠᠯᠭ᠎ᠠ ᠶᠢ ᠭᠦᠢᠴᠡᠳᠬᠡᠵᠦ᠂ ᠬᠤᠲᠠ ᠶᠢᠨ ᠲᠣᠰ ᠱᠠᠲᠤᠨ ᠤ ᠠᠵᠤ ᠠᠬᠤᠶᠢᠯᠠᠯ ︵ᠮᠥᠩᠭᠦᠨ ᠭᠦᠢᠯᠭᠡᠭᠡᠨ ᠤ ᠲᠥᠷᠥᠯ ᠤᠨ ᠠᠵᠤ ᠠᠬᠤᠶᠢᠯᠠᠯ ᠪᠠᠭᠲᠠᠬᠤ ᠦᠭᠡᠢ︶ ᠤᠨ ᠤᠯᠤᠰ ᠤᠨ ᠥᠮᠴᠢᠯᠠᠯᠲᠤ  ᠡᠳ᠋ ᠬᠥᠷᠥᠩᠭᠡ ᠶᠢ ᠬᠢᠨᠠᠨ ᠬᠠᠮᠢᠶᠠᠷᠴᠤ᠂ ᠤᠯᠤᠰ ᠤᠨ ᠥᠮᠴᠢᠯᠠᠯᠲᠤ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠠᠵᠢᠯ ᠢ ᠴᠢᠩᠭᠠᠳᠬᠠᠨ᠎ᠠ᠃  ︵ᠬᠤᠶᠠᠷ︶ ᠬᠢᠨᠠᠨ ᠬᠠᠮᠢᠶᠠᠷᠴᠤ ᠪᠦᠭᠦᠢ ᠠᠵᠤ ᠠᠬᠤᠶᠢᠯᠠᠯ ᠤᠨ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠥᠷᠲᠡᠭ ᠢ ᠪᠠᠲᠤᠯᠠᠵᠤ ᠥᠷᠲᠡᠭ ᠤᠨ ᠨᠡᠮᠡᠭᠳᠡᠯ  ᠳᠤ ᠬᠢᠨᠠᠯᠳᠠ ᠳᠠᠯᠪᠢᠬᠤ ᠬᠠᠷᠢᠭᠤᠴᠠᠯᠭ᠎ᠠ ᠶᠢ ᠡᠭᠦᠷᠭᠡᠯᠡᠨ᠂ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠥᠷᠲᠡᠭ ᠢ ᠪᠠᠲᠤᠯᠠᠵᠤ ᠥᠷᠲᠡᠭ   ᠢ ᠨᠡᠮᠡᠭᠳᠡᠭᠦᠯᠬᠦ  ᠭᠦᠢᠴᠡᠳᠭᠡᠯ ᠲᠤᠭ᠎ᠠ ᠶᠢᠨ ᠲᠤᠭᠳᠠᠯᠴᠠᠭ᠎ᠠ ᠶᠢ ᠪᠠᠶᠢᠭᠤᠯᠤᠨ ᠲᠡᠭᠦᠯᠳᠡᠷᠵᠢᠭᠦᠯᠵᠦ᠂ ᠰᠢᠯᠭᠠᠨ ᠬᠢᠨᠠᠬᠤ ᠪᠠᠷᠢᠮᠵᠢᠶ᠎ᠠ ᠪᠠ ᠠᠷᠭ᠎ᠠ ᠬᠡᠮᠵᠢᠶ᠎ᠡ   ᠶᠢ ᠲᠣᠭᠲᠠᠭᠠᠨ᠂ ᠪᠦᠷᠢᠳᠭᠡᠭᠦ ᠲᠤᠯᠭᠠᠨ ᠪᠤᠳᠤᠬᠤ ᠪᠠᠷ ᠳᠠᠮᠵᠢᠨ᠂ ᠬᠢᠨᠠᠨ ᠬᠠᠮᠢᠶᠠᠷᠴᠤ  ᠪᠦᠬᠦᠢ ᠠᠵᠤ ᠠᠬᠤᠶᠢᠯᠠᠯ ᠤᠨ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠥᠷᠲᠡᠭ ᠢ ᠪᠠᠲᠤᠯᠠᠵᠤ ᠥᠷᠲᠡᠭ ᠢ ᠨᠡᠮᠡᠭᠳᠡᠭᠦᠯᠦᠭᠰᠡᠨ ᠪᠠᠶᠢᠳᠠᠯ ᠢ ᠬᠢᠨᠠᠨ ᠬᠠᠮᠢᠶᠠᠷᠤᠨ᠎ᠠ᠃ ᠬᠢᠨᠠᠨ ᠬᠠᠮᠢᠶᠠᠷᠴᠤ  ᠪᠦᠬᠦᠢ ᠠᠵᠤ ᠠᠬᠤᠶᠢᠯᠠᠯ ᠤᠨ ᠴᠠᠯᠢᠩ ᠤᠨ ᠬᠤᠪᠢᠶᠠᠷᠢᠯᠠᠯᠲᠠ  ᠶᠢᠨ ᠠᠵᠢᠯ ᠢ ᠬᠠᠷᠢᠭᠤᠴᠠᠵᠤ᠂ ᠬᠢᠨᠠᠨ ᠬᠠᠮᠢᠶᠠᠷᠴᠤ  ᠪᠦᠬᠦᠢ ᠠᠵᠤ ᠠᠬᠤᠶᠢᠯᠠᠯ ᠤᠨ ᠬᠠᠷᠢᠭᠤᠴᠠᠯᠭᠠᠲᠠᠨ ᠤ ᠣᠷᠣᠯᠭ᠎ᠠ ᠶᠢᠨ ᠬᠤᠪᠢᠶᠠᠷᠢᠯᠠᠯᠲᠠ ᠶᠢᠨ ᠲᠥᠷᠥ ᠶᠢᠨ ᠪᠣᠳᠣᠯᠭ᠎ᠠ ᠶᠢ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ︵ᠭᠤᠷᠪᠠ︶ ᠬᠠᠮᠢᠶᠠᠷᠤᠯᠲᠠ ᠶᠢᠨ ᠡᠷᠭᠡ ᠶᠢᠨ ᠮᠡᠳᠡᠯ ᠤᠨ ᠬᠡᠪᠴᠢᠶ᠎ᠠ ᠶᠣᠰᠣᠭᠠᠷ᠂ ᠬᠠᠤᠯᠢ ᠪᠠᠷ ᠲᠣᠭᠲᠠᠭᠠᠭᠰᠠᠨ ᠳᠡᠰ ᠳᠠᠷᠠᠭᠠᠯᠠᠯ ᠢᠶᠠᠷ ᠬᠢᠨᠠᠨ ᠬᠠᠮᠢᠶᠠᠷᠴᠤ ᠪᠦᠬᠦᠢ ᠠᠵᠤ ᠠᠬᠤᠶᠢᠯᠠᠯ ᠤᠨ ᠬᠠᠷᠢᠭᠤᠴᠠᠯᠭᠠᠲᠠᠨ ᠢ ᠲᠣᠮᠢᠯᠠᠬᠤ ᠪᠠᠭᠤᠯᠭᠠᠬᠤ ᠪᠠ ᠰᠢᠯᠭᠠᠨ  ᠬᠢᠨᠠᠵᠤ᠂ ᠬᠥᠮᠦᠨ ᠰᠣᠩᠭᠤᠨ ᠬᠡᠷᠡᠭᠯᠡᠬᠦ ᠲᠣᠭᠲᠠᠴᠠ ᠶᠢ ᠪᠦᠷᠢᠨᠰᠢᠭᠦᠯᠵᠤ᠂ ᠡᠵᠡᠩᠨᠡᠭᠴᠢ ᠶᠢ ᠤᠷᠮᠠᠰᠢᠭᠤᠯᠬᠤ ᠪᠠ ᠬᠢᠵᠠᠭᠠᠷᠯᠠᠬᠤ ᠳᠦᠷᠢᠮ ᠢ ᠲᠡᠭᠦᠯᠳᠡᠷᠵᠢᠭᠦᠯᠦᠨ᠎ᠡ᠃ ︵ᠳᠥᠷᠪᠡ︶ ᠪᠡᠯᠡ ᠭᠠᠷᠭᠠᠭᠰᠠᠨ ᠠᠵᠤ ᠠᠬᠤᠶᠢᠯᠠᠯ ᠤᠨ ᠤᠯᠤᠰ ᠤᠨ ᠥᠮᠴᠢᠯᠡᠯᠲᠦ ᠬᠥᠷᠥᠩᠭᠡ ᠶᠢᠨ ᠠᠰᠢᠭ ᠣᠯᠵᠠᠪᠤᠷᠢ ᠶᠢ ᠳᠡᠭᠡᠭᠰᠢ ᠲᠤᠰᠢᠶᠠᠬᠤ ᠶᠢ ᠬᠠᠷᠢᠭᠤᠴᠠᠵᠤ᠂ ᠪᠡᠯᠡ ᠭᠠᠷᠭᠠᠭᠰᠠᠨ ᠠᠵᠤ ᠠᠬᠤᠶᠢᠯᠠᠯ   ᠢ ᠵᠤᠬᠢᠶᠠᠨ ᠪᠠᠶᠢᠭᠤᠯᠤᠨ ᠤᠯᠤᠰ ᠤᠨ ᠥᠮᠴᠢᠯᠡᠯᠲᠦ ᠬᠥᠷᠥᠩᠭᠡ ᠶᠢᠨ ᠡᠵᠡᠩᠨᠡᠯᠲᠡ ᠶᠢᠨ ᠲᠥᠰᠦᠪ ᠤᠨ ᠬᠠᠮᠢᠶ᠎ᠠ ᠪᠦᠬᠦᠢ ᠬᠠᠮᠢᠶᠠᠷᠤᠯᠲᠠ ᠶᠢᠨ ᠳᠦᠷᠢᠮ ᠪᠠ ᠠᠷᠭ᠎ᠠ ᠶᠢ  ᠲᠤᠭᠤᠷᠪᠢᠨ ᠲᠤᠭᠳᠠᠭᠠᠬᠤ ᠳᠤ ᠣᠷᠣᠯᠴᠠᠵᠤ᠂ ᠬᠠᠮᠢᠶ᠎ᠠ ᠪᠦᠬᠦᠢ ᠲᠣᠭᠲᠠᠭᠠᠯ ᠶᠣᠰᠣᠭᠠᠷ ᠤᠯᠤᠰ  ᠤᠨ ᠥᠮᠴᠢᠯᠡᠯᠲᠦ ᠬᠥᠷᠥᠩᠭᠡ ᠶᠢᠨ ᠡᠵᠡᠩᠨᠡᠯᠲᠡ ᠶᠢᠨ ᠲᠥᠰᠦᠪ ᠪᠠ ᠲᠥᠰᠦᠪ ᠤᠨ ᠭᠦᠢᠴᠡᠳᠬᠡᠯ ᠢ ᠨᠠᠶᠢᠷᠠᠭᠤᠯᠤᠨ ᠵᠣᠬᠢᠶᠠᠬᠤ  ᠂ ᠭᠦᠢᠴᠡᠳᠬᠡᠬᠦ ᠵᠡᠷᠭᠡ ᠠᠵᠢᠯ ᠢ ᠬᠠᠷᠢᠭᠤᠴᠠᠨ᠎ᠠ᠃︵ᠲᠠᠪᠤ︶ ᠪᠡᠯᠡ ᠭᠠᠷᠭᠠᠭᠰᠠᠨ ᠠᠵᠤ ᠠᠬᠤᠶᠢᠯᠠᠯ ᠤᠨ ᠤᠯᠤᠰ ᠤᠨ ᠦᠮᠴᠢᠯᠡᠯᠳᠣ ᠵᠢᠴᠢ ᠤᠯᠤᠰ ᠤᠨ  ᠦᠮᠴᠢᠯᠡᠯᠳᠣ ᠬᠤᠪᠢ ᠡᠵᠡᠮᠳᠡᠭᠰᠡᠨ᠂ ᠬᠤᠪᠢ ᠣᠷᠣᠭᠤᠯᠤᠭᠰᠠᠨ ᠠᠵᠤ ᠠᠬᠤᠶᠢᠯᠠᠯ ᠤᠨ ᠤᠯᠤᠰ ᠤᠨ ᠥᠮᠴᠢᠯᠠᠯᠲᠤ  ᠡᠳ᠋ ᠬᠦᠷᠦᠩᠭᠡ ᠶᠢᠨ  ᠦᠮᠴᠢᠯᠡᠯ ‍ᠤᠨ‌ᠡᠷᠬᠡ ᠶᠢ ᠬᠤᠪᠢᠷᠠᠭᠤᠯᠬᠤ᠂ ᠰᠢᠢᠳᠪᠦᠷᠢᠯᠡᠬᠦ ᠵᠡᠷᠭᠡ ᠶᠢ ᠬᠠᠤᠯᠢ ᠶᠣᠰᠣᠭᠠᠷ ᠬᠢᠨᠠᠯᠳᠠ ᠳᠠᠯᠪᠢᠵᠤ ᠬᠠᠮᠢᠶᠠᠷᠤᠨ᠎ᠠ᠃ ︵ᠵᠢᠷᠭᠤᠭ᠎ᠠ︶ ᠪᠡᠯᠡ ᠭᠠᠷᠭᠠᠭᠴᠢ ᠶᠢᠨ ᠲᠤᠰᠢᠶᠠᠯ ᠬᠠᠷᠢᠭᠤᠴᠠᠯᠭ᠎ᠠ ᠶᠣᠰᠣᠭᠠᠷ᠂ ᠬᠢᠨᠠᠨ ᠬᠠᠮᠢᠶᠠᠷᠴᠤ ᠪᠦᠬᠦᠢ ᠠᠵᠤ ᠠᠬᠤᠶᠢᠯᠠᠯ ᠤᠨ ᠠᠶᠤᠯ ᠦᠭᠡᠶ ᠦᠢᠯᠡᠳᠪᠦᠷᠢᠯᠡᠯ ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ᠂ ᠡᠨᠧᠷᠭᠢ ᠠᠷᠪᠢᠯᠠᠨ ᠪᠣᠬᠢᠷᠲᠤᠯ ᠢ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ  ᠂ ᠣᠷᠴᠢᠨ ᠲᠣᠭᠤᠷᠢᠨ ᠤ ᠬᠠᠮᠠᠭᠠᠯᠠᠯᠲᠠ ᠵᠡᠷᠭᠡ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠢ ᠲᠤᠤᠱᠯᠠᠭᠤᠯᠤᠨ ᠨᠠᠶᠢᠳᠠᠪᠤᠷᠢᠵᠢᠭᠤᠯᠤᠭᠰᠠᠨ ᠪᠠᠶᠢᠳᠠᠯ ᠢ ᠱᠠᠯᠠᠪᠳᠠᠭᠤᠯᠤᠨ  ᠪᠠᠶᠢᠴᠠᠭᠠᠬᠤ ᠶᠢ ᠬᠠᠷᠢᠭᠤᠴᠠᠨ᠎ᠠ᠃︵ᠲᠤᠯᠤᠭ᠎ᠠ︶ ᠤᠯᠤᠰ ᠤᠨ ᠥᠮᠴᠢᠯᠠᠯᠳᠤ ᠠᠵᠤ ᠠᠬᠤᠶᠢᠯᠠᠯ ᠤᠨ ᠥᠭᠡᠷᠡᠴᠢᠯᠡᠯᠲᠡ ᠪᠠ ᠲᠠᠬᠢᠨ ᠨᠡᠶᠢᠯᠡᠭᠦᠯᠬᠦ   ᠶᠢ ᠵᠢᠯᠣᠭᠤᠳᠤᠨ ᠠᠬᠢᠭᠤᠯᠵᠤ᠂ ᠳᠤᠮᠳᠠᠳᠤ ᠤᠯᠤᠰ  ᠤᠨ ᠣᠨᠴᠠᠯᠢᠭ ᠪᠦᠬᠦᠢ ᠤᠳᠤ ᠦᠶ᠎ᠡ ᠶᠢᠨ ᠤᠯᠤᠰ ᠤᠨ ᠥᠮᠴᠢᠯᠠᠯᠳᠤ ᠠᠵᠤ ᠠᠬᠤᠶᠢᠯᠠᠯ ᠤᠨ ᠲᠦᠷᠢᠮ ᠤᠨ ᠪᠠᠶᠢᠭᠤᠯᠤᠯᠲᠠ ᠶᠢ ᠠᠬᠢᠭᠤᠯᠵᠤ᠂ ᠺᠣᠮᠫᠠᠨᠢ ᠶᠢᠨ ᠵᠠᠰᠠᠯᠲᠠ ᠶᠢᠨ ᠪᠦᠲᠦᠴᠡ ᠶᠢ ᠲᠡᠭᠦᠯᠳᠡᠷᠵᠢᠭᠦᠯᠦᠨ᠂ ᠤᠯᠤᠰ ᠤᠨ ᠥᠮᠴᠢᠯᠠᠯᠳᠤ ᠠᠵᠤ ᠠᠬᠤᠢ ᠶᠢᠨ  ᠪᠠᠶᠢᠷᠢᠯᠠᠭᠤᠯᠤᠯᠳᠠ  ᠪᠠ ᠪᠦᠲᠦᠴᠡ ᠶᠢᠨ ᠲᠤᠬᠢᠷᠠᠭᠤᠯᠤᠯᠳᠠ  ᠶᠢ ᠠᠬᠢᠭᠤᠯᠤᠨ᠎ᠠ᠃ ︵ᠨᠠᠶᠮᠠ︶ ᠠᠵᠤ ᠠᠬᠤᠶᠢᠯᠠᠯ ᠤᠨ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠰᠠᠭᠤᠷᠢ ᠬᠠᠮᠢᠶᠠᠷᠤᠯᠲᠠ ᠶᠢ ᠬᠠᠷᠢᠭᠤᠴᠠᠨ᠎ᠠ︔ ᠤᠯᠤᠰ ᠤᠨ ᠥᠮᠴᠢᠯᠡᠯᠲᠦ  ᠡᠳ᠋ ᠬᠦᠷᠦᠩᠭᠡ ᠶᠢᠨ ᠬᠠᠮᠢᠶᠠᠷᠤᠯᠲᠠ ᠶᠢᠨ ᠲᠦᠷᠦ ᠶᠢᠨ ᠪᠤᠳᠤᠯᠭ᠎ᠠ ᠲᠣᠭᠲᠠᠭᠠᠯ ᠤᠨ ᠲᠥᠰᠦᠯ ᠢ ᠲᠤᠭᠤᠷᠪᠢᠵᠤ᠂ ᠬᠠᠮᠢᠶ᠎ᠠ ᠪᠦᠬᠦᠢ ᠲᠦᠷᠢᠮ ᠢ ᠲᠣᠭᠲᠠᠭᠠᠨ᠎ᠠ︔ ᠬᠤᠰᠢᠭᠤ ᠲᠣᠭᠤᠷᠢᠭ ‍ᠤᠨ‌ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠢᠨᠠᠯᠳᠠ ᠬᠠᠮᠢᠶᠠᠷᠤᠯᠳᠠ ᠵᠢᠨ‌ᠠᠵᠢᠯ ᠢ ᠬᠠᠤᠯᠢ ᠶᠣᠰᠣᠭᠠᠷ ᠵᠢᠯᠣᠭᠤᠳᠤᠨ ᠬᠢᠨᠠᠯᠳᠠ ᠳᠠᠯᠪᠢᠨ᠎ᠠ᠃︵ᠶᠢᠰᠦ︶ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠤ ᠲᠤᠰᠢᠶᠠᠭᠰᠠᠨ ᠪᠤᠰᠤᠳ ᠡᠭᠦᠷᠭᠡ ᠶᠢ ᠪᠡᠶᠡᠯᠡᠭᠦᠯᠦᠨ᠎ᠡ᠃︵ᠠᠷᠪᠠ︶  ᠬᠠᠮᠢᠶ᠎ᠠ ᠪᠦᠬᠦᠢ ᠲᠣᠰᠢᠶᠠᠯ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ1 . ᠬᠤᠲᠠ ᠶᠢᠨ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ᠂ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠥᠭᠡᠷᠡᠴᠢᠯᠡᠯᠲᠡ ᠶᠢᠨ ᠲᠥᠷᠥ ᠶᠢᠨ ᠪᠣᠳᠣᠯᠭ᠎ᠠ ᠶᠢ ᠬᠠᠷᠢᠭᠤᠴᠠᠨ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠨᠠᠶᠢᠳᠠᠪᠤᠷᠢᠵᠢᠭᠤᠯᠤᠨ᠎ᠠ᠃ ᠪᠡᠯᠡ ᠭᠠᠷᠭᠠᠭᠰᠠᠨ ᠠᠵᠤ ᠠᠬᠤᠶᠢᠯᠠᠯ   ᠢ ᠵᠤᠬᠢᠶᠠᠨ ᠪᠠᠶᠢᠭᠤᠯᠤᠨ ᠤᠯᠤᠰ ᠤᠨ ᠥᠮᠴᠢᠯᠡᠯᠲᠦ ᠬᠥᠷᠥᠩᠭᠡ ᠶᠢᠨ ᠠᠰᠢᠭ ᠣᠯᠵᠠᠪᠤᠷᠢ   ᠶᠢ ᠳᠡᠭᠡᠭᠰᠢ ᠲᠤᠰᠢᠶᠠᠬᠤ   ᠶᠢ ᠬᠠᠷᠢᠭᠤᠴᠠᠵᠤ᠂ ᠪᠡᠯᠡ ᠭᠠᠷᠭᠠᠭᠰᠠᠨ ᠠᠵᠤ ᠠᠬᠤᠶᠢᠯᠠᠯ ᠤᠨ ᠤᠯᠤᠰ ᠤᠨ ᠥᠮᠴᠢᠯᠡᠯᠲᠦ ᠬᠥᠷᠥᠩᠭᠡ ᠶᠢᠨ ᠡᠵᠡᠩᠨᠡᠯᠲᠡ ᠶᠢᠨ ᠲᠥᠰᠦᠪ ᠤᠨ ᠬᠠᠮᠢᠶ᠎ᠠ ᠪᠦᠬᠦᠢ ᠬᠠᠮᠢᠶᠠᠷᠤᠯᠲᠠ ᠶᠢᠨ ᠳᠦᠷᠢᠮ ᠪᠣᠯᠤᠨ ᠠᠷᠭ᠎ᠠ ᠶᠢ ᠲᠤᠭᠤᠷᠪᠢᠬᠤ ᠳᠤ ᠣᠷᠣᠯᠴᠠᠵᠤ᠂ ᠬᠠᠮᠢᠶ᠎ᠠ ᠪᠦᠬᠦᠢ ᠲᠣᠭᠲᠠᠭᠠᠯ ᠶᠣᠰᠣᠭᠠᠷ ᠤᠯᠤᠰ ᠤᠨ ᠥᠮᠴᠢᠯᠡᠯᠲᠦ ᠬᠥᠷᠥᠩᠭᠡ ᠶᠢᠨ ᠡᠵᠡᠩᠨᠡᠯᠲᠡ ᠶᠢᠨ ᠲᠥᠰᠦᠪ ᠪᠠ ᠲᠥᠰᠦᠪ ᠤᠨ ᠭᠦᠢᠴᠡᠳᠬᠡᠯ ᠢ ᠨᠠᠶᠢᠷᠠᠭᠤᠯᠤᠨ ᠵᠣᠬᠢᠶᠠᠬᠤ  ᠂ ᠭᠦᠢᠴᠡᠳᠬᠡᠬᠦ ᠵᠡᠷᠭᠡ ᠠᠵᠢᠯ ᠢ ᠬᠠᠷᠢᠭᠤᠴᠠᠨ᠎ᠠ᠃ 2 . ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ  ᠵᠠᠰᠠᠭ ᠵᠠᠬᠢᠷᠭ᠎ᠠ ᠠᠵᠢᠯ ᠦᠶᠯᠡᠰ ᠤᠨ ᠨᠢᠭᠡᠴᠡ ᠶᠢᠨ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠳᠦᠷᠢᠮ ᠢ ᠲᠤᠭᠤᠷᠪᠢᠨ ᠲᠣᠭᠲᠠᠭᠠᠬᠤ᠂ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠥᠭᠡᠷᠡᠴᠢᠯᠡᠯᠲᠡ ᠶᠢᠨ ᠲᠥᠷᠥ ᠶᠢᠨ ᠪᠣᠳᠣᠯᠭ᠎ᠠ ᠳᠠᠬᠢ ᠡᠳ᠋ ᠤᠨ ᠵᠠᠰᠠᠭ ᠡᠳ᠋ ᠤᠨ ᠶᠠᠪᠤᠳᠠᠯ   ᠢ ᠬᠢᠨᠠᠨ ᠬᠠᠮᠢᠶᠠᠷᠬᠤ ᠵᠡᠷᠭᠡ ᠬᠠᠮᠢᠶ᠎ᠠ ᠪᠦᠬᠦᠢ ᠠᠵᠢᠯ ᠢ ᠬᠠᠷᠢᠭᠤᠴᠠᠨ᠎ᠠ᠃ ᠪᠦᠬᠦ ᠬᠤᠲᠠ ᠶᠢᠨ ᠤᠯᠤᠰ ᠤᠨ ᠥᠮᠴᠢᠯᠡᠯᠲᠦ  ᠬᠥᠷᠥᠩᠭᠡ ᠶᠢᠨ ᠡᠵᠡᠩᠨᠡᠯᠲᠡ ᠶᠢᠨ ᠲᠥᠰᠦᠪ ᠤᠨ ᠳᠦᠷᠢᠮ ᠢ ᠬᠠᠷᠢᠭᠤᠴᠠᠨ  ᠲᠤᠭᠤᠷᠪᠢᠨ ᠲᠤᠭᠳᠠᠭᠠᠭᠬᠤ ᠶᠢ ᠬᠠᠷᠢᠭᠤᠴᠠᠵᠤ᠂ ᠪᠦᠬᠦ ᠬᠤᠲᠠ ᠶᠢᠨ ᠤᠯᠤᠰ  ᠤᠨ ᠥᠮᠴᠢᠯᠡᠯᠲᠦ  ᠬᠥᠷᠥᠩᠭᠡ ᠶᠢᠨ ᠡᠵᠡᠩᠨᠡᠯᠲᠡ ᠶᠢᠨ ᠲᠥᠰᠦᠪ ᠤᠨ ᠳᠦᠷᠢᠮ ᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠬᠤᠲᠠ ᠶᠢᠨ ᠲᠣᠰ ᠱᠠᠲᠤᠨ  ᠤ ᠰᠢᠭᠤᠳ ᠬᠠᠷᠢᠶ᠎ᠠ ᠤᠯᠤᠰ ᠤᠨ ᠥᠮᠴᠢᠯᠡᠯᠲᠦ  ᠠᠵᠤ ᠠᠬᠤᠢᠯᠠᠯ ᠤᠨ ᠤᠯᠤᠰ  ᠤᠨ ᠥᠮᠴᠢᠯᠡᠯᠲᠦ ᠬᠥᠷᠥᠩᠭᠡ ᠶᠢᠨ ᠡᠵᠡᠩᠨᠡᠯᠲᠡ ᠶᠢᠨ ᠲᠥᠰᠦᠪ ᠤᠨ ᠳᠦᠷᠢᠮ ᠢ ᠵᠣᠬᠢᠶᠠᠨ ᠪᠠᠶᠢᠭᠤᠯᠤᠨ ᠬᠡᠷᠡᠭᠵᠢᠭᠦᠯᠬᠦ  ᠂ ᠤᠯᠤᠰ ᠤᠨ ᠥᠮᠴᠢᠯᠡᠯᠲᠦ ᠬᠥᠷᠥᠩᠭᠡ ᠶᠢᠨ ᠡᠵᠡᠩᠨᠡᠯᠲᠡ ᠶᠢᠨ ᠲᠥᠰᠦᠪ ᠤᠨ ᠲᠥᠰᠦᠯ ᠢ ᠨᠠᠶᠢᠷᠠᠭᠤᠯᠤᠨ ᠮᠡᠳᠡᠭᠦᠯᠬᠦ᠂ ᠤᠯᠤᠰ  ᠤᠨ ᠥᠮᠴᠢᠯᠡᠯᠲᠦ  ᠬᠥᠷᠥᠩᠭᠡ ᠶᠢᠨ ᠠᠰᠢᠭ ᠣᠯᠵᠠᠪᠤᠷᠢ ᠶᠢ ᠬᠢᠨᠠᠨ  ᠲᠤᠰᠢᠶᠠᠯᠭᠠᠬᠤ ᠶᠢᠨ ᠬᠠᠷᠢᠭᠤᠴᠠᠨ᠎ᠠ᠃ ᠳᠥᠷᠪᠡᠳᠦᠭᠡᠷ ᠵᠦᠢᠯ   ᠬᠤᠳᠠ ᠶᠢᠨ ᠤᠯᠤᠰ ᠤᠨ ᠥᠮᠴᠢᠯᠠᠯᠳᠤ ᠡᠳ᠋ ᠬᠦᠷᠦᠩᠭᠡ ᠶᠢᠨ ᠬᠢᠨᠠᠯᠳᠠ ᠬᠠᠮᠢᠶᠠᠷᠣᠯᠳᠠ ᠶᠢᠨ ᠵᠥᠪᠯᠡᠯ ᠳᠤ ᠳᠣᠣᠷᠠᠬᠢ ᠮᠡᠳᠣ ᠳᠣᠲᠣᠭᠠᠳᠤ  ᠶᠢᠨ ᠪᠠᠶᠢᠭᠤᠯᠤᠮᠵᠢ ᠶᠢ  ᠲᠤᠬᠢᠷᠠᠭᠤᠯᠪᠠ᠄ ︵ᠨᠢᠭᠡ︶ ᠠᠯᠪᠠᠨ ᠭᠡᠷ᠃ ᠪᠠᠶᠢᠭᠤᠯᠭ᠎ᠠ ᠶᠢᠨ ᠡᠳᠦᠷ ᠲᠤᠲᠤᠮ ᠤᠨ ᠠᠵᠢᠯ ᠢ ᠬᠠᠷᠢᠭᠤᠴᠠᠵᠤ᠂ ᠮᠡᠳᠡᠭᠡ ᠵᠠᠩᠭᠢ᠂ ᠠᠮᠤᠷ ᠲᠦᠪᠰᠢᠨ᠂ ᠨᠢᠭᠤᠴᠠ ᠶᠢ  ᠬᠠᠮᠠᠭᠠᠯᠠᠬᠤ᠂ ᠵᠠᠬᠢᠳᠠᠯ  ᠰᠤᠷᠪᠤᠯᠵᠢᠯᠠᠭ᠎ᠠ᠂ ᠵᠠᠰᠠᠭ ᠤᠨ ᠶᠠᠪᠤᠳᠠᠯ ᠢ ᠢᠯᠡ ᠪᠣᠯᠭᠠᠬᠤ᠂  ᠱᠠᠭᠠᠷᠳᠠᠨ ᠪᠠᠶᠢᠴᠠᠭᠠᠵᠤ ᠱᠠᠯᠠᠪᠳᠠᠭᠤᠯᠤᠨ ᠭᠦᠶᠴᠡᠳᠬᠡᠬᠦ ᠵᠡᠷᠭᠡ ᠠᠵᠢᠯ ᠢ ᠡᠭᠦᠷᠭᠡᠯᠡᠨ᠎ᠡ᠃ ᠴᠢᠬᠤᠯᠠ ᠪᠢᠴᠢᠭ ᠮᠠᠲ᠋ᠧᠷᠢᠶᠠᠯ ᠪᠠ ᠮᠡᠳᠡᠭᠦᠯᠦᠯᠲᠡ ᠶᠢ ᠲᠤᠭᠤᠷᠪᠢᠬᠤ ᠶᠢ ᠬᠠᠷᠢᠭᠤᠴᠠᠨ᠎ᠠ᠃ ᠪᠠᠶᠢᠭᠤᠯᠭ᠎ᠠ ᠪᠣᠯᠤᠨ ᠰᠢᠭᠤᠳ ᠬᠠᠷᠢᠶ᠎ᠠ ᠨᠢᠭᠡᠴᠡ ᠶᠢᠨ ᠡᠳ᠋ ᠤᠨ ᠶᠠᠪᠤᠳᠠᠯ᠂ ᠪᠠᠶᠢᠭᠤᠯᠤᠮᠵᠢ ᠣᠷᠣᠨ ᠲᠤᠭ᠎ᠠ᠂ ᠠᠵᠢᠯᠲᠠᠨ ᠤ ᠬᠠᠮᠢᠶᠠᠷᠤᠯᠲᠠ ᠪᠣᠯᠤᠨ ᠠᠵᠢᠯ ᠠᠴᠠ ᠪᠠᠨ ᠠᠮᠠᠷᠠᠭᠰᠠᠳ ᠪᠠᠭᠤᠭᠰᠠᠳ ᠤᠨ ᠠᠵᠢᠯ ᠢ ᠬᠠᠷᠢᠭᠤᠴᠠᠨ᠎ᠠ᠃ ᠪᠠᠶᠢᠭᠤᠯᠭ᠎ᠠ ᠶᠢᠨ  ᠲᠤᠭᠳᠠᠭᠰᠡᠨ ᠬᠠᠪᠰᠤᠷᠤᠨ ᠲᠡᠳᠬᠦᠬᠦ ᠠᠵᠢᠯ ᠢ ᠬᠠᠷᠢᠭᠤᠴᠠᠨ᠎ᠠ᠃ ︵ᠬᠤᠶᠠᠷ︶ ᠠᠵᠤ ᠠᠬᠤᠶᠢᠯᠠᠯ ᠤᠨ ᠤᠳᠤᠷᠢᠳᠬᠤ ᠬᠥᠮᠦᠰ ᠤᠨ ᠬᠠᠮᠢᠶᠠᠷᠤᠯᠲᠠ ᠶᠢᠨ ᠰᠠᠯᠠᠭ᠎ᠠ᠃  ᠬᠠᠮᠢᠶᠠᠷᠤᠯᠲᠠ ᠶᠢᠨ  ᠡᠷᠭᠡ ᠮᠡᠳᠡᠯ ᠤᠨ ᠭᠡᠪᠴᠢᠶ᠎ᠡ ᠶᠣᠰᠣᠭᠠᠷ᠂ ᠬᠢᠨᠠᠨ ᠬᠠᠮᠢᠶᠠᠷᠴᠤ ᠪᠦᠬᠦᠢ ᠠᠵᠤ ᠠᠬᠤᠶᠢᠯᠠᠯ ᠤᠨ ᠤᠳᠤᠷᠢᠳᠬᠤ ᠬᠥᠮᠦᠰ ᠤᠨ ᠰᠢᠨᠵᠢᠯᠡᠨ ᠪᠠᠶᠢᠴᠠᠭᠠᠬᠤ ᠠᠵᠢᠯ ᠢ ᠡᠭᠦᠷᠭᠡᠯᠡᠬᠦ ᠶᠢᠨ ᠬᠠᠮᠲᠤ ᠲᠣᠮᠢᠯᠠᠬᠤ ᠪᠠᠭᠤᠯᠭᠠᠬᠤ ᠰᠠᠨᠠᠭᠤᠯᠭ᠎ᠠ ᠳᠤᠷᠠᠳᠴᠤ᠂ ᠬᠢᠨᠠᠨ ᠬᠠᠮᠢᠶᠠᠷᠴᠤ  ᠪᠦᠬᠦᠢ ᠠᠵᠤ ᠠᠬᠤᠶᠢᠯᠠᠯ ᠤᠨ ᠤᠳᠤᠷᠢᠳᠬᠤ ᠪᠠᠭ ᠤᠨ ᠪᠠᠶᠢᠭᠤᠯᠤᠯᠲᠠ ᠪᠣᠯᠤᠨ ᠤᠳᠤᠷᠢᠳᠬᠤ ᠬᠥᠮᠦᠰ ᠤᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠵᠤ᠂ ᠭᠠᠳᠠᠨᠠᠬᠢ ᠬᠡᠷᠡᠭ ᠮᠡᠳᠡᠭᠴᠢ᠂ ᠰᠲ᠋ᠣᠺ ᠤᠨ ᠡᠷᠬᠡ ᠶᠢᠨ ᠲᠥᠯᠥᠭᠡᠯᠡᠭᠴᠢ ᠶᠢᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ ᠤᠯᠤᠰ ᠤᠨ ᠦᠮᠴᠢᠯᠡᠯᠳᠣ ᠬᠤᠪᠢ ᠡᠵᠡᠮᠳᠡᠬᠦ ᠪᠠ ᠬᠤᠪᠢ ᠣᠷᠣᠭᠤᠯᠬᠤ ᠺᠣᠮᠫᠠᠨᠢ ᠳᠤ ᠤᠯᠤᠰ ᠤᠨ ᠥᠮᠴᠢᠯᠡᠯ ᠤᠨ ᠰᠲ᠋ᠣᠺ ᠤᠨ ᠡᠷᠬᠡ ᠶᠢᠨ ᠲᠥᠯᠥᠭᠡᠯᠡᠭᠴᠢ ᠲᠣᠮᠢᠯᠠᠬᠤ ᠲᠥᠰᠦᠯ ᠢ ᠲᠤᠭᠤᠷᠪᠢᠨ ᠲᠣᠭᠲᠠᠭᠠᠨ᠎ᠠ᠃ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠤᠳᠤᠷᠢᠳᠬᠤ ᠪᠠᠭ ᠤᠨ ᠪᠠᠶᠢᠭᠤᠯᠤᠯᠲᠠ  ᠶᠢ ᠴᠢᠩᠭᠠᠳᠬᠠᠬᠤ ᠬᠠᠮᠢᠶ᠎ᠠ ᠪᠦᠬᠦᠢ ᠲᠦᠷᠦ ᠶᠢᠨ ᠪᠤᠳᠤᠯᠭ᠎ᠠ ᠶᠢ ᠰᠤᠳᠤᠯᠤᠨ ᠲᠣᠭᠲᠠᠭᠠᠵᠤ᠂ ᠠᠵᠤ ᠠᠬᠤᠶᠢᠯᠠᠯ ᠢ ᠵᠢᠯᠣᠭᠤᠳᠤᠨ ᠬᠡᠷᠡᠭ ᠮᠡᠳᠡᠭᠴᠢᠳ ᠤᠨ  ᠺᠤᠮᠢᠰ  ᠤᠨ ᠪᠠᠶᠢᠭᠤᠯᠤᠯᠲᠠ ᠶᠢ ᠴᠢᠩᠭᠠᠳᠬᠠᠨ᠎ᠠ᠃ ᠬᠢᠨᠠᠨ ᠬᠠᠮᠢᠶᠠᠷᠴᠤ ᠪᠦᠬᠦᠢ ᠠᠵᠤ ᠠᠬᠤᠶᠢᠯᠠᠯ ᠤᠨ ᠵᠣᠬᠢᠶᠠᠨ ᠪᠠᠶᠢᠭᠤᠯᠤᠯᠲᠠ ᠠᠵᠢᠯᠳᠠᠨ ᠤ ᠶᠠᠪᠤᠳᠠᠯ᠂ ᠴᠢᠳᠠᠪᠤᠷᠢᠲᠠᠨ᠂ ᠬᠥᠮᠦᠵᠢᠯ ᠪᠣᠯᠪᠠᠰᠤᠷᠠᠭᠤᠯᠤᠯ  ᠤᠨ ᠠᠵᠢᠯ  ᠢ ᠵᠢᠯᠣᠭᠤᠳᠤᠨ ᠬᠢᠨᠠᠯᠲᠠ ᠲᠠᠯᠪᠢᠨ᠎ᠠ᠃ ᠬᠢᠨᠠᠨ ᠬᠠᠮᠢᠶᠠᠷᠴᠤ ᠪᠦᠬᠦᠢ ᠠᠵᠤ ᠠᠬᠤᠶᠢᠯᠠᠯ ᠤᠨ ᠬᠡᠪ ᠲᠠᠭᠤᠷᠢᠶᠠᠯ ᠲᠠᠢ ᠠᠳᠠᠯᠢᠳᠬᠠᠬᠤ ᠲᠤᠭᠳᠠᠯᠴᠠᠭ᠎ᠠ ᠢ ᠪᠦᠷᠢᠨᠰᠢᠬᠦᠯᠵᠦ᠂ ᠬᠢᠨᠠᠨ ᠬᠠᠮᠢᠶᠠᠷᠴᠤ ᠪᠦᠬᠦᠢ ᠠᠵᠤ ᠠᠬᠤᠶᠢᠯᠠᠯ ᠤᠨ ᠬᠠᠷᠢᠭᠤᠴᠠᠯᠭᠠᠲᠠᠨ ᠤ ᠡᠵᠡᠩᠨᠡᠯᠲᠡ ᠶᠢᠨ ᠠᠮᠵᠢᠯᠲᠠ ᠪᠦᠲᠦᠮᠵᠢ ᠶᠢ  ᠰᠢᠯᠭᠠᠨ ᠬᠢᠨᠠᠯᠳᠠ ᠲᠦᠷᠢᠮ ᠢ ᠲᠡᠭᠦᠯᠳᠡᠷᠵᠢᠭᠦᠯᠦᠨ᠎ᠡ᠃ ᠬᠢᠨᠠᠨ ᠬᠠᠮᠢᠶᠠᠷᠴᠤ  ᠪᠦᠬᠦᠢ ᠠᠵᠤ ᠠᠬᠤᠶᠢᠯᠠᠯ ᠤᠨ ᠬᠠᠷᠢᠭᠤᠴᠠᠯᠭᠠᠲᠠᠨ ᠳᠤ ᠣᠨ ᠤ  ᠰᠢᠯᠭᠠᠨ ᠬᠢᠨᠠᠯᠳᠠ ᠪᠠ ᠲᠤᠰᠢᠶᠠᠯ ᠤᠨ ᠬᠤᠭᠤᠴᠠᠭᠠᠨ ᠤ ᠬᠢᠨᠠᠨ ᠰᠢᠯᠭᠠᠯᠲᠠ ᠬᠢᠨ᠎ᠠ᠃ ᠬᠢᠨᠠᠨ ᠬᠠᠮᠢᠶᠠᠷᠴᠤ  ᠪᠦᠬᠦᠢ ᠠᠵᠤ ᠠᠬᠤᠶᠢᠯᠠᠯ ᠤᠨ ᠣᠷᠣᠯᠭ᠎ᠠ ᠶᠢᠨ ᠬᠤᠪᠢᠶᠠᠷᠢᠯᠠᠯᠲᠠ ᠶᠢᠨ ᠳᠦᠷᠢᠮ ᠤᠨ ᠥᠭᠡᠷᠡᠴᠢᠯᠡᠯᠲᠡ ᠶᠢᠨ ᠠᠷᠭ᠎ᠠ ᠶᠢ ᠳᠤᠷᠠᠳᠤᠨ᠎ᠠ᠃ ᠬᠢᠨᠠᠨ ᠬᠠᠮᠢᠶᠠᠷᠴᠤ ᠪᠠᠶᠢᠭ᠎ᠠ ᠠᠵᠤ ᠠᠬᠤᠶᠢᠯᠠᠯ ᠤᠨ ᠴᠠᠯᠢᠩ ᠤᠨ ᠬᠤᠪᠢᠶᠠᠷᠢᠯᠠᠯᠲᠠ ᠶᠢᠨ ᠶᠡᠷᠦᠩᠬᠡᠶ ᠬᠢᠷᠢ ᠬᠡᠮᠵᠢᠶ᠎ᠡ ᠶᠢ ᠲᠣᠬᠢᠷᠠᠭᠤᠯᠤᠨ ᠡᠵᠡᠮᠳᠡᠵᠦ᠂ ᠬᠢᠨᠠᠨ ᠬᠠᠮᠢᠶᠠᠷᠴᠤ  ᠪᠦᠬᠦᠢ ᠠᠵᠤ ᠠᠬᠤᠶᠢᠯᠠᠯ ᠤᠨ ᠬᠠᠷᠢᠭᠤᠴᠠᠯᠭᠠᠲᠠᠨ ᠤ ᠴᠠᠯᠢᠩ ᠬᠥᠯᠥᠰᠥ ᠶᠢᠨ ᠳᠦᠷᠢᠮ ᠪᠠ ᠤᠷᠮᠠᠰᠢᠭᠤᠯᠬᠤ ᠠᠷᠭ᠎ᠠ ᠶᠢ ᠳᠤᠷᠠᠳᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠬᠢᠨᠠᠨ ᠬᠠᠮᠢᠶᠠᠷᠴᠤ ᠪᠠᠶᠢᠭ᠎ᠠ ᠠᠵᠤ ᠠᠬᠤᠶᠢᠯᠠᠯ ᠤᠨ ᠬᠠᠷᠢᠭᠤᠴᠠᠯᠭᠠᠲᠠᠨ ᠤ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠬᠦᠷᠳᠡᠭᠡᠮᠵᠢ᠂ ᠲᠤᠬᠠᠶᠢᠯᠠᠭᠰᠠᠨ ᠠᠵᠢᠯ ᠤᠨ ᠵᠠᠷᠤᠯᠭ᠎ᠠ ᠪᠠ ᠠᠵᠢᠯᠳᠠᠨ ᠠᠵᠢᠯᠴᠢᠨ ᠤ ᠠᠰᠠᠷᠠᠮᠵᠢ ᠶᠢᠨ ᠪᠠᠲᠤᠯᠠᠭ᠎ᠠ ᠶᠢ ᠵᠢᠷᠤᠮᠵᠢᠭᠤᠯᠤᠨ᠎ᠠ᠃︵ᠭᠤᠷᠪᠠ︶ ᠡᠳ᠋ ᠤᠨ ᠶᠠᠪᠤᠳᠠᠯ ᠳᠤ ᠬᠢᠨᠠᠯᠲᠠ ᠳᠠᠯᠪᠢᠬᠤ ᠪᠠ ᠲᠥᠰᠦᠪ ᠤᠨ ᠠᠰᠢᠭ ᠣᠷᠣᠯᠭ᠎ᠠ ᠶᠢᠨ ᠰᠠᠯᠠᠭ᠎ᠠ᠃ ᠬᠢᠨᠠᠨ ᠬᠠᠮᠢᠶᠠᠷᠴᠤ ᠪᠦᠬᠦᠢ ᠠᠵᠤ ᠠᠬᠤᠶᠢᠯᠠᠯ  ᠤᠨ ᠡᠳ᠋ ᠤᠨ ᠶᠠᠪᠤᠳᠠᠯ ᠤᠨ ᠲᠥᠰᠦᠪ ᠪᠠ ᠲᠥᠰᠦᠪ ᠤᠨ ᠭᠦᠶᠴᠡᠳᠬᠡᠯ ᠤᠨ ᠠᠵᠢᠯ ᠢ ᠡᠭᠦᠷᠭᠡᠯᠡᠨ᠎ᠡ᠃ ᠤᠯᠤᠰ ᠤᠨ ᠥᠮᠴᠢᠯᠠᠯᠳᠤ ᠠᠵᠤ ᠠᠬᠤᠢ ᠪᠠ ᠬᠢᠨᠠᠨ ᠬᠠᠮᠢᠶᠠᠷᠴᠤ  ᠪᠦᠬᠦᠢ ᠠᠵᠤ ᠠᠬᠤᠶᠢᠯᠠᠯ ᠤᠨ ᠠᠵᠢᠯᠯᠠᠭᠠᠨ ᠤ ᠪᠠᠶᠢᠳᠠᠯ ᠢ ᠶᠡᠷᠦᠩᠬᠡᠶᠢᠯᠡᠨ ᠰᠤᠳᠤᠯᠤᠨ᠎ᠠ᠃ ᠬᠢᠨᠠᠨ ᠬᠠᠮᠢᠶᠠᠷᠴᠤ  ᠪᠦᠬᠦᠢ ᠠᠵᠤ ᠠᠬᠤᠶᠢᠯᠠᠯ ᠤᠨ ᠡᠳ᠋ ᠬᠥᠷᠥᠩᠭᠡ ᠶᠢᠨ ᠬᠦᠨᠳᠦ ᠶᠡᠭᠡ ᠬᠤᠬᠢᠷᠠᠯ ᠤᠨ ᠬᠠᠷᠢᠭᠤᠴᠠᠯᠭ᠎ᠠ ᠨᠡᠬᠡᠮᠵᠢᠯᠡᠬᠦ ᠰᠠᠨᠠᠯ ᠪᠠ ᠠᠷᠭ᠎ᠠ ᠬᠡᠮᠵᠢᠶ᠎ᠡ ᠶᠢ ᠰᠤᠳᠤᠯᠤᠨ ᠳᠤᠷᠠᠳᠤᠨ᠎ᠠ᠃ ᠬᠢᠨᠠᠨ ᠬᠠᠮᠢᠶᠠᠷᠴᠤ  ᠪᠦᠬᠦᠢ ᠠᠵᠤ ᠠᠬᠤᠶᠢᠯᠠᠯ ᠤᠨ ᠡᠳ᠋ ᠬᠥᠷᠥᠩᠭᠡ ᠪᠠᠨ ᠪᠠᠶᠢᠴᠠᠭᠠᠨ ᠬᠠᠷᠭᠤᠭᠤᠯᠬᠤ ᠪᠠ ᠡᠳ᠋ ᠬᠥᠷᠥᠩᠭᠡ ᠶᠢᠨ ᠬᠤᠬᠢᠷᠠᠯ ᠢ ᠬᠢᠨᠠᠨ ᠲᠠᠶᠢᠯᠬᠤ ᠠᠵᠢᠯ ᠢ ᠡᠭᠦᠷᠭᠡᠯᠡᠨ᠎ᠡ᠃ ᠬᠢᠨᠠᠨ ᠬᠠᠮᠢᠶᠠᠷᠴᠤ  ᠪᠦᠬᠦᠢ ᠠᠵᠤ ᠠᠬᠤᠶᠢᠯᠠᠯ ᠤᠨ ᠬᠥᠷᠥᠩᠭᠡ ᠮᠥᠩᠭᠦ ᠶᠢᠨ ᠬᠤᠪᠢᠷᠠᠯᠲᠠ ᠵᠢᠴᠢ ᠵᠢᠭᠡᠯᠡᠯᠭᠡ ᠲᠠᠯᠪᠢᠬᠤ ᠲᠥᠰᠦᠯ ᠢ ᠬᠢᠨᠠᠨ ᠬᠠᠷᠭᠤᠭᠤᠯᠵᠤ᠂ ᠬᠢᠨᠠᠨ ᠬᠠᠮᠢᠶᠠᠷᠴᠤ  ᠪᠦᠬᠦᠢ ᠠᠵᠤ ᠠᠬᠤᠶᠢᠯᠠᠯ ᠤᠨ ᠲᠦᠭᠰᠢᠭᠦᠷᠢ ᠶᠢ ᠬᠠᠮᠢᠶᠠᠷᠤᠨ ᠡᠵᠡᠮᠳᠡᠬᠦ ᠶᠢ ᠵᠢᠯᠣᠭᠤᠳᠤᠨ᠎ᠠ᠃ ᠬᠢᠨᠠᠨ ᠬᠠᠮᠢᠶᠠᠷᠴᠤ ᠪᠦᠬᠦᠢ ᠠᠵᠤ ᠠᠬᠤᠶᠢᠯᠠᠯ ᠢ  ᠱᠠᠯᠠᠪᠳᠠᠭᠤᠯᠵᠤ ᠪᠠᠶᠢᠭᠠᠳ ᠴᠢᠬᠤᠯᠠ ᠡᠵᠡᠩᠨᠡᠯᠲᠡ ᠶᠢᠨ ᠵᠦᠢᠯ ᠪᠣᠯᠤᠨ ᠬᠦᠨᠳᠦ ᠶᠡᠭᠡ ᠲᠦᠭᠰᠢᠭᠦᠷᠢ ᠢ  ᠮᠠᠳᠠᠭᠦᠯᠵᠦ᠂ ᠰᠢᠢᠳᠪᠦᠷᠢᠯᠡᠬᠦ ᠰᠠᠨᠠᠯ  ᠢ ᠰᠤᠳᠤᠯᠤᠨ ᠳᠤᠷᠠᠳᠤᠭᠤᠯᠤᠨ᠎ᠠ᠃ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠲᠤᠭ᠎ᠠ ᠪᠦᠷᠢᠳᠬᠡᠯ ᠤᠨ ᠵᠠᠳᠠᠯᠤᠯᠲᠠ᠂ ᠮᠡᠳᠡᠭᠡ ᠵᠠᠩᠭᠢ ᠨᠡᠶᠢᠲᠡᠯᠡᠬᠦ ᠠᠵᠢᠯ ᠢ ᠡᠭᠦᠷᠭᠡᠯᠡᠨ᠎ᠡ᠃ ᠪᠡᠯᠡ ᠭᠠᠷᠭᠠᠭᠰᠠᠨ ᠠᠵᠤ ᠠᠬᠤᠶᠢᠯᠠᠯ   ᠢ ᠵᠤᠬᠢᠶᠠᠨ ᠪᠠᠶᠢᠭᠤᠯᠤᠨ ᠤᠯᠤᠰ ᠤᠨ ᠥᠮᠴᠢᠯᠡᠯᠲᠦ ᠬᠥᠷᠥᠩᠭᠡ ᠶᠢᠨ ᠠᠰᠢᠭ ᠣᠯᠵᠠᠪᠤᠷᠢ ᠶᠢ ᠳᠡᠭᠡᠭᠰᠢ   ᠲᠤᠰᠢᠶᠠᠯᠭᠠᠵᠤ᠂ ᠤᠯᠤᠰ ᠤᠨ ᠥᠮᠴᠢᠯᠡᠯᠲᠦ ᠬᠥᠷᠥᠩᠭᠡ ᠶᠢᠨ ᠡᠵᠡᠩᠨᠡᠯᠲᠡ ᠶᠢᠨ ᠲᠥᠰᠦᠪ ᠢ ᠨᠠᠶᠢᠷᠠᠭᠤᠯᠤᠨ ᠵᠣᠬᠢᠶᠠᠬᠤ ᠪᠠ ᠬᠢᠨᠠᠯᠲᠠ ᠲᠠᠯᠪᠢᠵᠤ ᠬᠡᠷᠡᠭᠵᠢᠭᠦᠯᠬᠦ ᠵᠡᠷᠭᠡ ᠠᠵᠢᠯ ᠢ ᠳᠠᠭᠠᠭᠠᠨ ᠡᠷᠬᠢᠯᠡᠨ᠎ᠡ᠃︵ᠳᠥᠷᠪᠡ︶ ᠠᠵᠤ ᠠᠬᠤᠶᠢᠯᠠᠯ ᠤᠨ ᠥᠭᠡᠷᠡᠴᠢᠯᠡᠯᠲᠡ ᠬᠢᠭᠡᠳ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠤᠨ ᠰᠠᠯᠠᠭ᠎ᠠ  ᠃ ᠪᠡᠯᠡ ᠭᠠᠷᠭᠠᠭᠰᠠᠨ ᠠᠵᠤ ᠠᠬᠤᠶᠢᠯᠠᠯ ᠤᠨ ᠳᠦᠷᠢᠮ ᠢ ᠬᠢᠨᠠᠨ ᠬᠠᠷᠭᠤᠭᠤᠯᠤᠨ᠎ᠠ᠃ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠪᠠᠶᠢᠭᠤᠯᠤᠯ ᠪᠣᠯᠤᠨ ᠳᠦᠷᠢᠮ ᠤᠨ ᠥᠭᠡᠷᠡᠴᠢᠯᠡᠯᠲᠡ ᠶᠢᠨ ᠲᠥᠷᠥ ᠶᠢᠨ ᠪᠣᠳᠣᠯᠭ᠎ᠠ ᠶᠢᠨ ᠰᠠᠨᠠᠭᠤᠯᠭ᠎ᠠ ᠶᠢ ᠰᠤᠳᠤᠯᠤᠨ ᠳᠤᠷᠠᠳᠴᠤ᠂ ᠤᠯᠤᠰ ᠤᠨ ᠥᠮᠴᠢᠯᠡᠯᠲᠦ ᠠᠵᠤ ᠠᠬᠤᠶᠢᠯᠠᠯ ᠪᠣᠯᠤᠨ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠲᠥᠷᠥ ᠶᠢᠨ ᠪᠣᠳᠣᠯᠭ᠎ᠠ ᠶᠢᠨ ᠣᠨᠣᠯ ᠤᠨ ᠠᠰᠠᠭᠤᠳᠠᠯ ᠤᠨ ᠰᠤᠳᠤᠯᠤᠯ ᠢ ᠵᠣᠬᠢᠶᠠᠨ ᠪᠠᠶᠢᠭᠤᠯᠤᠨ ᠥᠷᠨᠢᠭᠦᠯᠬᠦ ᠶᠢᠨ ᠬᠠᠮᠲᠤ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠥᠭᠡᠷᠡᠴᠢᠯᠡᠯᠲᠡ ᠶᠢᠨ ᠲᠥᠷᠥ ᠶᠢᠨ ᠪᠣᠳᠣᠯᠭ᠎ᠠ ᠶᠢᠨ ᠰᠠᠨᠠᠭᠤᠯᠭ᠎ᠠ ᠶᠢ ᠳᠤᠷᠠᠳᠤᠨ᠎ᠠ  ᠃ ᠬᠢᠨᠠᠨ ᠬᠠᠮᠢᠶᠠᠷᠴᠤ  ᠪᠦᠬᠦᠢ ᠠᠵᠤ ᠠᠬᠤᠶᠢᠯᠠᠯ ᠢ ᠵᠢᠯᠣᠭᠤᠳᠴᠤ ᠳᠤᠮᠳᠠᠳᠤ ᠤᠯᠤᠰ ᠤᠨ ᠣᠨᠴᠠᠯᠢᠭ ᠪᠦᠬᠦᠢ ᠣᠳᠣ ᠦᠶ᠎ᠡ ᠶᠢᠨ ᠤᠯᠤᠰ ᠤᠨ ᠥᠮᠴᠢᠯᠠᠯᠲᠤ  ᠠᠵᠤ ᠠᠬᠤᠶᠢᠯᠠᠯ ᠤᠨ ᠳᠦᠷᠢᠮ ᠤᠨ ᠪᠠᠶᠢᠭᠤᠯᠤᠯᠲᠠ ᠶᠢ ᠴᠢᠩᠭᠠᠳᠬᠠᠨ᠎ᠠ᠃ ᠬᠢᠨᠠᠨ ᠬᠠᠮᠢᠶᠠᠷᠴᠤ ᠪᠠᠶᠢᠭ᠎ᠠ ᠠᠵᠤ ᠠᠬᠤᠶᠢᠯᠠᠯ ᠢ ᠨᠡᠶᠢᠯᠡᠭᠦᠯᠬᠦ᠂  ᠬᠤᠪᠢᠴᠠᠭᠠᠳᠣ ᠳᠦᠷᠢᠮ  ᠤᠨ ᠥᠭᠡᠷᠡᠴᠢᠯᠡᠯᠲᠡ᠂ ᠵᠠᠬ᠎ᠠ ᠳᠡᠯᠭᠡᠭᠦᠷ ᠲᠤ ᠭᠠᠷᠭᠠᠬᠤ᠂ ᠪᠡᠯᠡ  ᠬᠤᠷᠰᠢᠬᠤ᠂ ᠰᠠᠯᠭᠠᠬᠤ ᠵᠡᠷᠭᠡ ᠨᠡᠶᠢᠯᠡᠭᠦᠯᠬᠦ ᠪᠠ ᠪᠠᠶᠢᠭᠤᠯᠬᠤ ᠲᠥᠰᠦᠯ ᠢ ᠲᠤᠭᠤᠷᠪᠢᠨ ᠲᠣᠭᠲᠠᠭᠠᠨ᠎ᠠ᠃ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠨᠡᠶᠢᠭᠡᠮ ᠤᠨ ᠦᠶᠯᠡᠰ ᠡᠷᠭᠢᠯᠡᠬᠦ  ᠴᠢᠳᠠᠪᠬᠢ ᠶᠢ ᠰᠠᠯᠭᠠᠬᠤ ᠪᠠ ᠲᠡᠦᠬᠡ ᠶᠢᠨ ᠦᠯᠡᠳᠡᠭᠳᠡᠯ ᠠᠰᠠᠭᠤᠳᠠᠯ ᠢ ᠰᠢᠶᠳᠪᠦᠷᠢᠯᠡᠬᠦ ᠶᠢ ᠵᠢᠯᠣᠭᠤᠳᠤᠨ ᠠᠬᠢᠭᠤᠯᠤᠨ᠎ᠠ᠃ ᠪᠠᠶᠢᠭᠤᠯᠭ᠎ᠠ ᠶᠢᠨ ᠴᠢᠬᠤᠯᠠ ᠶᠡᠭᠡ ᠰᠢᠢᠳᠪᠦᠷᠢᠲᠦ ᠪᠤᠳᠤᠯᠭ᠎ᠠ ᠶᠢᠨ ᠬᠠᠤᠯᠢ ᠶᠣᠰᠣᠴᠢ ᠴᠢᠨᠠᠷ ᠢ ᠬᠢᠨᠠᠨ ᠪᠠᠶᠢᠴᠠᠭᠠᠬᠤ ᠪᠠ ᠬᠠᠤᠯᠢ ᠴᠠᠭᠠᠵᠠ ᠶᠢᠨ ᠬᠡᠷᠡᠭ ᠶᠠᠪᠤᠳᠠᠯ ᠤᠨ ᠠᠵᠢᠯ ᠢ ᠡᠭᠦᠷᠭᠡᠯᠡᠨ᠎ᠡ᠃ ᠬᠢᠨᠠᠨ ᠬᠠᠮᠢᠶᠠᠷᠴᠤ   ᠪᠦᠬᠦᠢ ᠠᠵᠤ ᠠᠬᠤᠶᠢᠯᠠᠯ ᠤᠨ ᠬᠠᠤᠯᠢ ᠪᠠᠷ ᠵᠠᠰᠠᠬᠤ ᠪᠠᠶᠢᠭᠤᠯᠤᠯᠲᠠ ᠪᠠ ᠬᠠᠤᠯᠢ ᠴᠠᠭᠠᠵᠠ ᠶᠢᠨ ᠵᠥᠪᠯᠡᠭᠴᠢ ᠶᠢᠨ ᠠᠵᠢᠯ ᠢ ᠵᠢᠯᠣᠭᠤᠳᠤᠨ ᠠᠬᠢᠭᠤᠯᠤᠨ᠎ᠠ᠃ ᠬᠤᠰᠢᠭᠤ ᠲᠣᠭᠤᠷᠢᠭ ᠤᠨ ᠤᠯᠤᠰ ᠤᠨ ᠥᠮᠴᠢᠯᠠᠯᠳᠤ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠠᠵᠢᠯ ᠢ ᠵᠢᠯᠣᠭᠤᠳᠤᠨ ᠬᠢᠨᠠᠯᠲᠠ ᠲᠠᠯᠪᠢᠨ᠎ᠠ᠃ ︵ᠲᠠᠪᠤ︶ ᠬᠥᠷᠥᠩᠭᠡ ᠶᠢᠨ ᠡᠷᠬᠢᠯᠳᠡ ᠡᠵᠡᠩᠨᠡᠯᠲᠡ ᠬᠢᠭᠡᠳ ᠲᠦᠯᠦᠪᠵᠢᠭᠦᠯᠭᠡ ᠭᠦᠭᠵᠢᠭᠦᠯᠦᠯᠳᠡ ᠶᠢᠨ ᠰᠠᠯᠠᠭ᠎ᠠ᠃ ᠤᠯᠤᠰ ᠤᠨ ᠥᠮᠴᠢᠯᠠᠯᠳᠤ ᠬᠦᠷᠦᠩᠭᠡ ᠶᠢᠨ ᠠᠵᠢᠯᠯᠠᠭᠠᠨ ᠤ ᠲᠦᠷᠢᠮ ᠢ ᠰᠤᠳᠤᠯᠤᠨ ᠪᠠᠶᠢᠭᠤᠯᠤᠨ᠎ᠠ᠃ ᠤᠯᠤᠰ ᠤᠨ ᠥᠮᠴᠢᠯᠡᠯᠲᠦ ᠠᠵᠤ ᠠᠬᠤᠶ ᠶᠢᠨ ᠪᠠᠶᠢᠷᠢᠯᠠᠭᠤᠯᠤᠯᠳᠠ ᠪᠣᠯᠤᠨ ᠪᠦᠲᠦᠴᠡ ᠶᠢᠨ  ᠪᠠᠶᠢᠯᠳᠤᠬᠤ ᠪᠣᠳᠣᠯᠭ᠎ᠠ ᠶᠢᠨ ᠴᠢᠨᠠᠷᠲᠠᠶ ᠲᠣᠬᠢᠷᠠᠭᠤᠯᠤᠯᠲᠠ ᠬᠢᠬᠦ ᠲᠥᠷᠥ ᠶᠢᠨ ᠪᠣᠳᠣᠯᠭ᠎ᠠ ᠶᠢᠨ ᠰᠠᠨᠠᠭᠤᠯᠭ᠎ᠠ ᠶᠢ ᠰᠤᠳᠤᠯᠤᠨ ᠳᠤᠷᠠᠳᠴᠤ᠂ ᠬᠢᠨᠠᠨ ᠬᠠᠮᠢᠶᠠᠷᠴᠤ ᠪᠦᠬᠦᠢ ᠠᠵᠤ ᠠᠬᠤᠶᠢᠯᠠᠯ ᠤᠨ ᠪᠠᠶᠢᠷᠢᠯᠠᠭᠤᠯᠤᠯᠳᠠ  ᠪᠣᠯᠤᠨ ᠪᠦᠲᠦᠴᠡ ᠶᠢᠨ ᠲᠣᠬᠢᠷᠠᠭᠤᠯᠤᠯᠲᠠ ᠶᠢ ᠵᠢᠯᠤᠭᠤᠳᠤᠨ᠎ᠠ᠃ ᠬᠢᠨᠠᠨ ᠬᠠᠮᠢᠶᠠᠷᠴᠤ ᠪᠦᠬᠦᠢ ᠠᠵᠤ ᠠᠬᠤᠶᠢᠯᠠᠯ ᠤᠨ ᠬᠥᠭᠵᠢᠯᠲᠡ ᠶᠢᠨ ᠪᠠᠶᠢᠯᠳᠤᠬᠤ ᠪᠣᠳᠣᠯᠭ᠎ᠠ᠂ ᠲᠥᠯᠥᠪᠵᠢᠭᠦᠯᠭᠡ ᠶᠢ ᠲᠣᠭᠲᠠᠭᠠᠬᠤ ᠪᠠ ᠬᠡᠷᠡᠭᠵᠢᠭᠦᠯᠬᠦ ᠶᠢ ᠵᠢᠯᠣᠭᠤᠳᠤᠨ᠎ᠠ᠃ ᠬᠢᠨᠠᠨ ᠬᠠᠮᠢᠶᠠᠷᠴᠤ  ᠪᠦᠬᠦᠢ ᠠᠵᠤ ᠠᠬᠤᠶᠢᠯᠠᠯ ᠤᠨ ᠪᠡᠯᠡ ᠣᠷᠣᠭᠤᠯᠤᠯᠲᠠ ᠶᠢ  ᠬᠢᠨᠠᠨ ᠬᠠᠮᠢᠶᠠᠷᠬᠤ ᠶᠢ ᠬᠠᠷᠢᠭᠤᠴᠠᠨ᠎ᠠ᠃ ᠬᠢᠨᠠᠨ ᠬᠠᠮᠢᠶᠠᠷᠴᠤ ᠪᠦᠬᠦᠢ ᠠᠵᠤ ᠠᠬᠤᠶᠢᠯᠠᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ ᠶᠢ ᠠᠬᠢᠭᠤᠯᠬᠤ ᠲᠥᠷᠥ ᠶᠢᠨ ᠪᠣᠳᠣᠯᠭ᠎ᠠ ᠶᠢᠨ ᠰᠠᠨᠠᠭᠤᠯᠭ᠎ᠠ ᠶᠢ ᠰᠤᠳᠤᠯᠤᠨ ᠳᠤᠷᠠᠳᠤᠨ᠎ᠠ᠃ ᠬᠢᠨᠠᠨ ᠬᠠᠮᠢᠶᠠᠷᠴᠤ ᠪᠦᠬᠦᠢ ᠠᠵᠤ ᠠᠬᠤᠶᠢᠯᠠᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠪᠠ ᠮᠡᠳᠡᠭᠡ ᠵᠠᠩᠭᠢᠴᠢᠯᠠᠬᠤ ᠪᠠᠶᠢᠭᠤᠯᠤᠯᠲᠠ ᠶᠢ ᠵᠢᠯᠣᠭᠤᠳᠤᠨ᠎ᠠ᠃ ᠬᠢᠨᠠᠨ ᠬᠠᠮᠢᠶᠠᠷᠴᠤ ᠪᠠᠶᠢᠭ᠎ᠠ ᠠᠵᠤ ᠠᠬᠤᠶᠢᠯᠠᠯ ᠢ ᠵᠢᠯᠣᠭᠤᠳᠴᠤ ᠡᠷᠬᠢᠯᠡᠵᠤ ᠪᠠᠶᠢᠭ᠎ᠠ ᠮᠥᠩᠭᠦᠨ ᠭᠦᠶᠯᠭᠡᠭᠡᠨ ᠤ ᠲᠤᠬᠠᠶᠢᠯᠠᠭᠰᠠᠨ ᠠᠵᠢᠯ ᠤᠨ ᠬᠠᠮᠢᠶᠠᠷᠤᠯᠲᠠ ᠪᠠ ᠦᠶᠯᠡᠴᠢᠯᠡᠭᠡ ᠶᠢ  ᠴᠢᠩᠭᠠᠳᠬᠠᠨ᠎ᠠ᠃ ᠬᠠᠮᠢᠶ᠎ᠠ ᠪᠦᠬᠦᠢ ᠪᠡᠯᠡ ᠣᠷᠣᠭᠤᠯᠤᠯᠲᠠ ᠶᠢᠨ ᠰᠠᠭᠤᠷᠢ ᠮᠥᠩᠭᠦ   ᠶᠢ ᠪᠠᠶᠢᠭᠤᠯᠬᠤ ᠪᠠ  ᠡᠷᠬᠢᠯᠳᠡ ᠶᠢ ᠵᠣᠬᠢᠶᠠᠨ ᠪᠠᠶᠢᠭᠤᠯᠤᠨ ᠵᠢᠯᠣᠭᠤᠳᠤᠨ᠎ᠠ᠃ ᠤᠯᠤᠰ ᠤᠨ ᠡᠳ᠋ ᠬᠥᠷᠥᠩᠭᠡ ᠶᠢᠨ ᠬᠢᠨᠠᠯᠳᠠ  ᠬᠠᠮᠢᠶᠠᠷᠤᠯᠳᠠ ᠶᠢᠨ ᠵᠥᠪᠯᠡᠯ  ᠠᠴᠠ ᠪᠡᠯᠡ ᠭᠠᠷᠭᠠᠭᠴᠢ ᠶᠢᠨ ᠲᠤᠰᠢᠶᠠᠯ ᠬᠠᠷᠢᠭᠤᠴᠠᠯᠭ᠎ᠠ ᠶᠢ ᠬᠦᠢᠴᠡᠳᠭᠡᠵᠤ ᠪᠠᠶᠢᠭ᠎ᠠ ᠬᠤᠲᠠ ᠶᠢᠨ ᠬᠠᠷᠢᠶ᠎ᠠ ᠪᠤᠰᠤ  ᠠᠵᠤ ᠠᠬᠤᠶᠢᠯᠠᠯ ᠤᠨ ᠬᠤᠪᠢ ᠣᠷᠣᠭᠤᠯᠤᠭᠴᠢ ᠶᠢᠨ ᠲᠤᠰᠢᠶᠠᠯ ᠬᠠᠷᠢᠭᠤᠴᠠᠯᠭ᠎ᠠ   ᠶᠢ ᠠᠵᠢᠯ ᠳᠦᠷᠦᠯ ᠢᠶᠠᠷ ᠬᠠᠮᠢᠶᠠᠷᠤᠨ᠎ᠠ᠃ ᠬᠢᠨᠠᠨ ᠬᠠᠮᠢᠶᠠᠷᠴᠤ  ᠪᠦᠬᠦᠢ ᠠᠵᠤ ᠠᠬᠤᠶᠢᠯᠠᠯ ᠬᠢᠭᠡᠳ ᠣᠷᠣᠨ ᠨᠤᠲᠤᠭ᠂ ᠰᠠᠯᠠᠭ᠎ᠠ ᠮᠥᠴᠢᠷ ᠤᠨ ᠬᠠᠮᠲᠤᠷᠠᠯᠴᠠᠭ᠎ᠠ ᠪᠠᠨ ᠴᠢᠩᠭᠠᠳᠬᠠᠬᠤ ᠶᠢ ᠵᠢᠯᠣᠭᠤᠳᠤᠨ ᠵᠣᠬᠢᠴᠠᠭᠤᠯᠤᠨ᠎ᠠ᠃ ︵ᠵᠢᠷᠭᠤᠭ᠎ᠠ︶ ᠥᠮᠴᠢᠯᠡᠬᠦ ᠡᠷᠬᠡ ᠶᠢᠨ ᠬᠠᠮᠢᠶᠠᠷᠤᠯᠲᠠ ᠶᠢᠨ ᠰᠠᠯᠠᠭ᠎ᠠ᠃ ᠤᠯᠤᠰ ᠤᠨ ᠥᠮᠴᠢᠯᠠᠯᠳᠤ ᠥᠮᠴᠢᠯᠡᠬᠦ ᠡᠷᠬᠡ ᠶᠢᠨ ᠬᠠᠮᠢᠶᠠᠷᠤᠯᠲᠠ ᠶᠢ ᠲᠡᠭᠦᠯᠳᠡᠷᠵᠢᠭᠦᠯᠬᠦ ᠰᠠᠨᠠᠯ ᠢ ᠰᠤᠳᠤᠯᠤᠨ ᠳᠤᠷᠠᠳᠴᠤ᠂ ᠤᠯᠤᠰ ᠤᠨ ᠥᠮᠴᠢᠯᠠᠯᠳᠤ ᠥᠮᠴᠢᠯᠡᠬᠦ ᠡᠷᠬᠡ ᠶᠢᠨ ᠬᠠᠮᠢᠶᠠᠷᠤᠯᠲᠠ ᠶᠢᠨ ᠠᠷᠭ᠎ᠠ ᠲᠦᠷᠢᠮ ᠢ ᠲᠤᠭᠤᠷᠪᠢᠨ ᠲᠣᠭᠲᠠᠭᠠᠨ᠎ᠠ᠃ ᠪᠡᠯᠡ ᠭᠠᠷᠭᠠᠭᠰᠠᠨ ᠠᠵᠤ ᠠᠬᠤᠶᠢᠯᠠᠯ ᠤᠨ ᠤᠯᠤᠰ ᠤᠨ ᠥᠮᠴᠢᠯᠡᠯᠲᠦ  ᠡᠳ᠋  ᠬᠥᠷᠥᠩᠭᠡ ᠶᠢᠨ ᠥᠮᠴᠢᠯᠡᠬᠦ ᠡᠷᠬᠡ ᠶᠢ ᠵᠠᠭᠠᠭᠯᠠᠨ ᠲᠣᠭᠲᠠᠭᠠᠬᠤ᠂ ᠳᠠᠩᠰᠠᠯᠠᠬᠤ᠂ ᠬᠤᠪᠢᠶᠠᠷᠢᠯᠠᠨ ᠰᠢᠯᠵᠢᠭᠦᠯᠬᠦ᠂ ᠰᠢᠶᠳᠪᠦᠷᠢᠯᠡᠬᠦ ᠵᠢᠴᠢ ᠥᠮᠴᠢᠯᠡᠬᠦ ᠡᠷᠬᠡ ᠶᠢᠨ ᠵᠢᠭᠤᠷᠠᠯᠳᠤᠭᠠᠨ ᠢ ᠡᠶᠡᠳᠡᠭᠦᠯᠦᠨ ᠰᠢᠶᠳᠪᠦᠷᠢᠯᠡᠬᠦ ᠵᠡᠷᠭᠡ ᠠᠵᠢᠯ ᠢ ᠡᠭᠦᠷᠭᠡᠯᠡᠨ᠎ᠡ᠃ ᠪᠡᠯᠡ ᠭᠠᠷᠭᠠᠭᠰᠠᠨ ᠠᠵᠤ ᠠᠬᠤᠶᠢᠯᠠᠯ ᠤᠨ  ᠡᠳ᠋  ᠬᠥᠷᠥᠩᠭᠡ ᠶᠢ ᠦᠨᠡᠯᠡᠨ ᠵᠢᠱᠢᠬᠦ  ᠂ ᠲᠥᠷᠥᠯ ᠵᠦᠢᠯ ᠢ ᠬᠢᠨᠠᠨ ᠵᠥᠪᠰᠢᠶᠡᠷᠡᠬᠦ ᠪᠠ ᠳᠠᠩᠰᠠᠯᠠᠭᠤᠯᠬᠤ ᠠᠵᠢᠯ ᠢ ᠡᠭᠦᠷᠭᠡᠯᠡᠨ᠎ᠡ᠃ ᠪᠡᠯᠡ ᠭᠠᠷᠭᠠᠭᠰᠠᠨ ᠠᠵᠤ ᠠᠬᠤᠶᠢᠯᠠᠯ ᠤᠨ ᠰᠲ᠋ᠣᠺ ᠤᠨ ᠡᠷᠬᠡ ᠶᠢᠨ ᠬᠠᠮᠢᠶᠠᠷᠤᠯᠲᠠ ᠶᠢᠨ ᠠᠵᠢᠯ ᠢ ᠡᠭᠦᠷᠭᠡᠯᠡᠨ᠎ᠡ᠃ ᠤᠯᠤᠰ ᠤᠨ ᠥᠮᠴᠢᠯᠠᠯᠳᠤ ᠥᠮᠴᠢᠯᠡᠬᠦ ᠡᠷᠬᠡ ᠶᠢᠨ ᠠᠷᠠᠯᠵᠢᠶ᠎ᠠ ᠳᠤ ᠬᠢᠨᠠᠯᠲᠠ ᠲᠠᠯᠪᠢᠵᠤ ᠵᠢᠷᠤᠮᠵᠢᠭᠤᠯᠤᠨ᠎ᠠ᠃ ᠬᠢᠨᠠᠨ ᠬᠠᠮᠢᠶᠠᠷᠴᠤ ᠪᠦᠬᠦᠢ ᠠᠵᠤ ᠠᠬᠤᠶᠢᠯᠠᠯ ᠢ ᠵᠢᠯᠣᠭᠤᠳᠤᠨ  ᠠᠶᠤᠯ ᠦᠭᠡᠶ ᠦᠢᠯᠡᠳᠪᠦᠷᠢᠯᠡᠯ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ᠂ ᠡᠨᠧᠷᠭᠢ ᠠᠷᠪᠢᠯᠠᠨ ᠪᠣᠬᠢᠷᠲᠤᠯ ᠢ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠪᠠ ᠣᠷᠴᠢᠨ ᠲᠣᠭᠤᠷᠢᠨ ᠤ ᠬᠠᠮᠠᠭᠠᠯᠠᠯᠲᠠ ᠵᠡᠷᠭᠡ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠢ ᠲᠤᠤᠱᠯᠠᠭᠤᠯᠤᠨ ᠨᠠᠶᠢᠳᠠᠪᠤᠷᠢᠵᠢᠭᠤᠯᠤᠨ᠎ᠠ᠃ ᠬᠢᠨᠠᠨ ᠬᠠᠮᠢᠶᠠᠷᠴᠤ ᠪᠦᠬᠦᠢ ᠠᠵᠤ ᠠᠬᠤᠶᠢᠯᠠᠯ ᠲᠠᠢ ᠬᠠᠷᠢᠯᠴᠠᠵᠤ  ᠵᠠᠬᠢᠳᠠᠯ  ᠰᠤᠷᠪᠤᠯᠵᠢᠯᠠᠭ᠎ᠠ  ᠪᠣᠯᠤᠨ ᠲᠣᠭᠲᠠᠭᠤᠨ ᠢ ᠬᠠᠮᠠᠭᠠᠯᠠᠬᠤ ᠠᠵᠢᠯ  ᠢ ᠵᠢᠯᠤᠭᠤᠳᠤᠨ᠎ᠠ᠃ ︵ᠳᠣᠯᠤᠭ᠎ᠠ︶ ᠨᠠᠮ ᠤᠨ ᠪᠠᠶᠢᠭᠤᠯᠤᠯᠲᠠ ᠶᠢᠨ ᠠᠵᠢᠯ ᠤᠨ ᠠᠯᠪᠠᠨ ᠭᠡᠷ᠃ ᠬᠢᠨᠠᠨ ᠬᠠᠮᠢᠶᠠᠷᠴᠤ ᠪᠦᠬᠦᠢ ᠠᠵᠤ ᠠᠬᠤᠶᠢᠯᠠᠯ ᠤᠨ ᠨᠠᠮ ᠤᠨ ᠪᠠᠶᠢᠭᠤᠯᠤᠯᠲᠠ᠂ ᠨᠠᠮ ᠤᠨ ᠰᠤᠷᠲᠠᠯ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠪᠣᠯᠤᠨ ᠢᠯᠵᠠᠷᠠᠯ ᠢ ᠡᠰᠡᠷᠭᠦᠴᠡᠬᠦ ᠠᠵᠢᠯ ᠢ ᠵᠢᠯᠣᠭᠤᠳᠤᠨ᠎ᠠ᠃ ᠬᠢᠨᠠᠨ ᠬᠠᠮᠢᠶᠠᠷᠴᠤ ᠪᠦᠬᠦᠢ ᠠᠵᠤ ᠠᠬᠤᠶᠢᠯᠠᠯ ᠤᠨ ᠦᠵᠡᠯ ᠤᠬᠠᠮᠰᠠᠷ ᠤᠨ ᠬᠡᠯᠪᠡᠷᠢ᠂ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ ᠤᠨ ᠠᠵᠢᠯ ᠢ ᠵᠢᠯᠣᠭᠤᠳᠤᠨ᠎ᠠ᠃ ᠬᠢᠨᠠᠨ ᠬᠠᠮᠢᠶᠠᠷᠴᠤ ᠪᠦᠬᠦᠢ ᠠᠵᠤ ᠠᠬᠤᠶᠢᠯᠠᠯ ᠤᠨ ᠨᠢᠭᠡᠳᠦᠮᠡᠯ ᠹᠷᠣᠨᠲ ᠪᠠ ᠤᠯᠠᠨ ᠲᠦᠮᠡᠨ ᠤ ᠪᠦᠯᠬᠦᠮ ᠤᠨ ᠠᠵᠢᠯ ᠢ ᠵᠢᠯᠣᠭᠤᠳᠤᠨ᠎ᠠ᠃ ᠪᠠᠶᠢᠭᠤᠯᠭ᠎ᠠ ᠶᠢᠨ ᠨᠠᠮ ᠤᠨ ᠬᠤᠷᠢᠶ᠎ᠠ᠃ ᠪᠠᠶᠢᠭᠤᠯᠭ᠎ᠠ ᠪᠠ ᠬᠠᠷᠢᠶ᠎ᠠ ᠨᠢᠭᠡᠴᠡ ᠶᠢᠨ ᠨᠠᠮ ᠪᠠ ᠤᠯᠠᠨ ᠲᠦᠮᠡᠨ᠂ ᠰᠠᠬᠢᠯᠭ᠎ᠠ ᠪᠠᠲᠤ ᠪᠠᠶᠢᠴᠠᠭᠠᠬᠤ ᠵᠡᠷᠭᠡ ᠠᠵᠢᠯ ᠢ ᠬᠠᠷᠢᠭᠤᠴᠠᠨ᠎ᠠ᠃ᠲᠠᠪᠤᠳᠤᠭᠠᠷ ᠵᠦᠢᠯ   ᠬᠤᠲᠠ ᠶᠢᠨ ᠤᠯᠤᠰ ᠤᠨ ᠥᠮᠴᠢᠯᠡᠯᠲᠦ ᠡᠳ᠋ ᠬᠥᠷᠥᠩᠭᠡ   ᠶᠢᠨ ᠬᠢᠨᠠᠯᠳᠠ ᠬᠠᠮᠢᠶᠠᠷᠤᠯᠳᠠ ᠶᠢᠨ ᠵᠥᠪᠯᠡᠯ ᠤᠨ ᠪᠠᠶᠢᠭᠤᠯᠭ᠎ᠠ ᠶᠢᠨ ᠵᠠᠰᠠᠭ ᠵᠠᠬᠢᠷᠭᠠᠨ ᠤ ᠣᠷᠣᠨ ᠲᠤᠭ᠎ᠠ 15 ᠨᠡᠷᠡᠰ ᠪᠣᠯᠤᠨ᠎ᠠ᠃ ᠡᠷᠬᠢᠯᠡᠭᠴᠢ 1 ᠨᠡᠷᠡᠰ᠂ ᠳᠡᠳ᠋ ᠡᠷᠬᠢᠯᠡᠭᠴᠢ 3 ᠨᠡᠷᠡᠰ ᠲᠣᠬᠢᠷᠠᠭᠤᠯᠤᠨ᠎ᠠ︔ ᠰᠠᠯᠠᠭᠠᠨ ᠲᠠᠰ ᠤᠨ ᠤᠳᠤᠷᠢᠳᠬᠤ ᠲᠤᠰᠢᠶᠠᠯ 11 ᠨᠡᠷᠡᠰ᠂ 8 ᠨᠡᠷᠡᠰ ᠵᠢᠩᠬᠢᠨᠢ ᠰᠠᠯᠠᠭᠠᠨ ᠲᠡᠰ ( ᠪᠠᠶᠢᠭᠤᠯᠭ᠎ᠠ ᠶᠢᠨ ᠨᠠᠮ ᠤᠨ ᠬᠤᠷᠢᠶᠠᠨ ᠤ ᠲᠤᠰᠬᠠᠶ ᠲᠤᠰᠢᠶᠠᠯᠲᠤ ᠳᠡᠳ᠋ ᠱᠦᠵᠢ 1 ᠬᠥᠮᠦᠨ ᠪᠠᠭᠲᠠᠨ᠎ᠠ ) 3 ᠨᠡᠷᠡᠰ ᠲᠡᠳ᠋ ᠰᠠᠯᠠᠭᠠᠨ ᠲᠡᠰ  ᠃ ᠵᠢᠷᠭᠤᠳᠤᠭᠠᠷ ᠵᠦᠢᠯ   ᠬᠤᠲᠠ ᠶᠢᠨ ᠤᠯᠤᠰ ᠤᠨ ᠥᠮᠴᠢᠯᠠᠯᠳᠤ ᠡᠳ᠋ ᠬᠦᠷᠦᠩᠭᠡ ᠶᠢᠨ ᠬᠢᠨᠠᠯᠳᠠ ᠬᠠᠮᠢᠶᠠᠷᠤᠯᠳᠠ ᠶᠢᠨ ᠵᠥᠪᠯᠡᠯ ᠤᠨ ᠬᠠᠷᠢᠶ᠎ᠠ ᠠᠵᠢᠯ ᠦᠶᠯᠡᠰ ᠤᠨ ᠨᠢᠭᠡᠴᠡ ᠶᠢᠨ ᠪᠠᠶᠢᠷᠢᠯᠠᠭᠤᠯᠤᠯᠲᠠ᠂ ᠲᠤᠰᠢᠶᠠᠯ ᠬᠠᠷᠢᠭᠤᠴᠠᠯᠭ᠎ᠠ ᠪᠠ ᠣᠷᠣᠨ ᠲᠤᠭ᠎ᠠ ᠶᠢᠨ ᠵᠦᠶᠯᠡᠰ ᠢ ᠠᠰᠲᠠᠭᠠᠨ ᠲᠣᠭᠲᠠᠭᠠᠨ᠎ᠠ᠃ ᠳᠣᠯᠣᠳᠤᠭᠠᠷ ᠵᠦᠢᠯ    ᠲᠤᠰ ᠲᠣᠭᠲᠠᠭᠠᠯ ᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠣᠷᠳᠣᠰ ᠬᠤᠲᠠ ᠶᠢᠨ ᠬᠤᠷᠢᠶ᠎ᠠ ᠶᠢᠨ ᠪᠠᠶᠢᠭᠤᠯᠤᠮᠵᠢ ᠣᠷᠣᠨ ᠲᠣᠭᠠᠨ  ᠤ ᠵᠥᠪᠯᠡᠯ ᠤᠨ ᠠᠯᠪᠠᠨ ᠭᠡᠷ ᠠᠴᠠ ᠬᠠᠷᠢᠭᠤᠴᠠᠨ ᠲᠠᠶᠢᠯᠪᠤᠷᠢᠯᠠᠨ᠎ᠠ᠂ ᠲᠡᠭᠦᠨ ᠤ ᠲᠣᠬᠢᠷᠠᠭᠤᠯᠤᠯᠲᠠ ᠶᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠣᠷᠳᠣᠰ ᠬᠤᠲᠠ ᠶᠢᠨ ᠬᠤᠷᠢᠶ᠎ᠠ ᠶᠢᠨ ᠪᠠᠶᠢᠭᠤᠯᠤᠮᠵᠢ ᠣᠷᠣᠨ ᠲᠣᠭᠠᠨ ᠤ ᠵᠥᠪᠯᠡᠯ ᠤᠨ ᠠᠯᠪᠠᠨ ᠭᠡᠷ ᠠᠴᠠ ᠲᠣᠭᠲᠠᠭᠰᠠᠨ ᠳᠡᠰ ᠳᠠᠷᠠᠭᠠᠯᠠᠯ ᠢᠶᠠᠷ ᠭᠦᠶᠴᠡᠳᠬᠡᠨ᠎ᠡ᠃ ᠨᠠᠶᠮᠠᠳᠤᠭᠠᠷ ᠵᠦᠢᠯ   ᠲᠤᠰ ᠲᠣᠭᠲᠠᠭᠠᠯ ᠢ 2019 ᠣᠨ ᠤ 3 ᠳ᠋ᠤᠭᠠᠷ ᠰᠠᠷ᠎ᠠ ᠶᠢᠨ 27 ᠤ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃ᠠᠵᠢᠯᠯᠠᠬᠤ ᠭᠠᠵᠠᠷ᠄ ᠣᠷᠳᠣᠰ ᠬᠤᠲᠠ ᠶᠢᠨ ᠬᠢᠶ᠎ᠠ ᠪᠠᠭᠰᠢ  ᠲᠣᠭᠤᠷᠢᠭ ᠤᠨ ᠶᠢᠨ ᠼᠠᠢ ᠲᠣᠮᠣ ᠠᠰᠠᠷ ᠤᠨ 5 ᠳ᠋ᠤᠭᠠᠷ  ᠳᠠᠪᠬᠤᠷᠭ᠎ᠠᠠᠯᠪᠠᠯᠠᠬᠤ ᠤᠲᠠᠰᠤ᠄ 0477 - 8581231 ᠠᠵᠢᠯᠯᠠᠬᠤ ᠴᠠᠭ᠄ 9᠄ 00—12᠄ 00  14᠄ 00—17᠄ 30 ᠰᠢᠦᠳᠠᠨ ᠳ᠋ᠤᠭᠠᠷ᠄ 017000 ᠰᠦᠯᠵᠢᠶᠡᠨ ᠬᠠᠶ᠋ᠢᠭ᠄ http᠄ / / gzw . ordos . gov . cn /᠃
ᠢᠷᠡᠯᠲᠡ᠄ ᠤᠷᠳᠤᠰ ᠬᠤᠳᠠ ᠶᠢᠨ ᠵᠠᠰᠠᠭ ᠤᠨ ᠤᠷᠳᠤᠨ ᠤ ᠰᠦᠯᠵᠢᠶ᠎ᠡ