ᠣᠷᠳᠣᠰ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ
ᠨᠡᠶᠢᠲᠡᠯᠡᠭᠰᠡᠨ ᠴᠠᠭ᠄
2022/6/2
ᠣᠷᠳᠣᠰ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠡᠭᠦᠷᠭᠡ ᠴᠢᠳᠠᠪᠤᠷᠢ ᠶᠢᠨ ᠲᠣᠬᠢᠷᠠᠭᠤᠯᠤᠯᠲᠠ᠃ ᠭᠤᠣᠯ ᠲᠤᠰᠢᠶᠠᠯ ᠬᠠᠷᠢᠭᠤᠴᠠᠯᠭ᠎ᠠ᠄ ︵ᠨᠢᠭᠡ  ︶ ᠤᠯᠤᠰ᠂ ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠠᠵᠢᠯ ‍ᠤᠨ‌ᠬᠠᠮᠢᠶ᠎ᠠ ᠪᠦᠬᠦᠢ ᠴᠢᠭᠯᠡᠯᠲᠡ᠂ ᠲᠥᠷᠦ ᠶᠢᠨ ᠪᠣᠳᠣᠯᠭ᠎ᠠ ᠶᠢ ᠲᠤᠤᠱᠯᠠᠭᠤᠯᠤᠨ ᠬᠡᠷᠡᠭᠵᠢᠭᠦᠯᠵᠦ᠂ ᠪᠦᠬᠦ ᠬᠤᠲᠠ ᠶᠢᠨ ᠳᠣᠲᠣᠭᠠᠳᠤ ᠶᠢ ᠬᠠᠮᠠᠭᠠᠯᠠᠬᠤ ᠠᠵᠢᠯ ᠤᠨ ᠲᠥᠷᠦ ᠶᠢᠨ ᠪᠣᠳᠣᠯᠭ᠎ᠠ ᠶᠢ ᠰᠤᠳᠤᠯᠤᠨ ᠲᠣᠭᠲᠠᠭᠠᠵᠤ᠂ ᠪᠦᠬᠦ ᠬᠤᠲᠠ ᠶᠢᠨ ᠳᠣᠲᠣᠭᠠᠳᠤ ᠶᠢ ᠬᠠᠮᠠᠭᠠᠯᠠᠬᠤ ᠠᠵᠢᠯ ᠤᠨ ᠬᠠᠤᠯᠢ ᠲᠣᠭᠲᠠᠭᠠᠯ᠂ ᠳᠦᠷᠢᠮ ᠲᠣᠭᠲᠠᠭᠠᠯ ᠤᠨ ᠲᠥᠰᠦᠯ ᠢ ᠨᠣᠣᠷᠠᠭᠯᠠᠵᠤ᠂ ᠪᠦᠬᠦ ᠬᠤᠲᠠ ᠶᠢᠨ ᠳᠣᠲᠣᠭᠠᠳᠤ ᠶᠢ ᠬᠠᠮᠠᠭᠠᠯᠠᠬᠤ ᠠᠵᠢᠯ ᠢ ᠵᠢᠯᠣᠭᠤᠳᠤᠨ ᠬᠢᠨᠠᠯᠲᠠ ᠲᠠᠯᠪᠢᠨ᠎ᠠ᠃︵ᠬᠤᠶᠠᠷ︶ ᠪᠦᠬᠦ ᠬᠤᠲᠠ ᠶᠢᠨ ᠲᠣᠭᠲᠠᠭᠤᠨ ᠢ ᠨᠥᠯᠥᠭᠡᠯᠡᠬᠦ᠂ ᠤᠯᠤᠰ  ᠤᠨ ᠳᠣᠲᠣᠭᠠᠳᠤ ᠶᠢᠨ ᠠᠮᠤᠷ ᠲᠦᠪᠰᠢᠨ ᠢ ᠬᠤᠬᠢᠷᠠᠭᠤᠯᠬᠤ ᠪᠠ ᠪᠦᠬᠦ ᠬᠤᠲᠠ ᠶᠢᠨ ᠨᠡᠶᠢᠭᠡᠮ ᠤᠨ ᠠᠮᠤᠷ ᠲᠦᠪᠰᠢᠨ ᠢ ᠬᠤᠬᠢᠷᠠᠭᠤᠯᠬᠤ ᠪᠠᠶᠢᠳᠠᠯ ᠢ ᠡᠵᠡᠮᠰᠢᠵᠦ᠂ ᠵᠠᠳᠠᠯᠵᠤ᠂ ᠠᠷᠭᠠᠴᠠᠬᠤ ᠪᠣᠳᠣᠯᠭ᠎ᠠ ᠲᠣᠭᠲᠠᠭᠠᠨ᠎ᠠ᠃ ︵ᠭᠤᠷᠪᠠ  ︶ ᠲᠤᠷᠰᠢᠨ ᠪᠠᠶᠢᠴᠠᠭᠠᠬᠤ ᠠᠵᠢᠯ ᠢ ᠵᠣᠬᠢᠶᠠᠨ ᠪᠠᠶᠢᠭᠤᠯᠤᠨ ᠵᠢᠯᠣᠭᠤᠳᠴᠤ᠂ ᠪᠦᠬᠦ ᠬᠤᠲᠠ ᠳᠤ ᠬᠦᠨᠳᠦ ᠶᠡᠭᠡ ᠨᠥᠯᠥᠭᠡ ᠲᠠᠢ ᠬᠡᠷᠡᠭ᠂ ᠠᠮᠤᠷ ᠲᠦᠪᠰᠢᠨ ᠤ ᠠᠳᠡᠯ ᠪᠠ ᠦᠢᠮᠡᠭᠡᠨ ᠢ ᠵᠣᠬᠢᠴᠠᠭᠤᠯᠤᠨ ᠰᠢᠢᠳᠪᠦᠷᠢᠯᠡᠨ᠎ᠡ᠃︵ᠳᠥᠷᠪᠠ︶ ᠪᠦᠬᠦ ᠬᠤᠲᠠ ᠶᠢᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠨᠡᠶᠢᠭᠡᠮ ᠤᠨ ᠠᠮᠤᠷ ᠲᠦᠪᠰᠢᠨ ᠤ ᠡᠮᠬᠢ ᠳᠢᠭᠯᠢᠮ ᠳᠤ ᠬᠤᠣᠷ ᠬᠥᠨᠥᠭᠡᠯ ᠤᠴᠠᠷᠠᠭᠤᠯᠤᠭᠰᠠᠨ ᠵᠠᠰᠠᠭ ᠵᠠᠬᠢᠷᠭᠠᠨ ᠤ ᠬᠡᠷᠡᠭ ᠢ ᠬᠠᠤᠯᠢ ᠶᠣᠰᠣᠭᠠᠷ ᠪᠠᠶᠢᠴᠠᠭᠠᠨ ᠰᠢᠢᠳᠪᠦᠷᠢᠯᠡᠬᠦ ᠶᠢ ᠵᠢᠯᠣᠭᠤᠳᠤᠨ ᠬᠢᠨᠠᠯᠲᠠ ᠲᠠᠯᠪᠢᠨ᠎ᠠ︔ ᠠᠮᠤᠷ ᠢ ᠬᠠᠮᠠᠭᠠᠯᠠᠬᠤ᠂ ᠡᠷᠦᠬᠡ ᠠᠮᠠ ᠶᠢᠨ ᠶᠠᠪᠤᠳᠠᠯ᠂ ᠬᠢᠯᠢ ᠪᠠᠷ ᠣᠷᠣᠵᠤ ᠭᠠᠷᠬᠤ᠂ ᠣᠯᠠᠨ ᠨᠡᠶᠢᠲᠡ ᠶᠢᠨ ᠮᠡᠳᠡᠭᠡ ᠵᠠᠩᠭᠢ ᠶᠢᠨ ᠲᠣᠤᠷ ᠰᠦᠯᠵᠢᠶ᠎ᠡ ᠶᠢᠨ ᠠᠮᠤᠷ ᠲᠦᠪᠰᠢᠨ᠂ ᠵᠠᠮ ᠬᠠᠷᠢᠯᠴᠠᠭᠠᠨ ᠤ ᠠᠮᠤᠷ ᠲᠦᠪᠰᠢᠨ ᠤ ᠬᠠᠮᠢᠶᠠᠷᠤᠯᠲᠠ ᠶᠢ ᠬᠠᠤᠯᠢ ᠶᠣᠰᠣᠭᠠᠷ ᠬᠢᠨ᠎ᠡ︔ ᠲᠥᠷᠥ ᠶᠢᠨ ᠪᠠᠶᠢᠭᠤᠯᠭ᠎ᠠ᠂ ᠨᠡᠶᠢᠭᠡᠮ ᠤᠨ ᠪᠦᠯᠬᠦᠮ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠪᠣᠯᠤᠨ ᠭᠤᠣᠯᠳᠠᠯᠭ᠎ᠠ ᠲᠠᠢ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠵᠢᠴᠢ ᠣᠯᠠᠨ ᠲᠦᠮᠡᠨᠴᠢ ᠴᠢᠨᠠᠷᠲᠠᠶ ᠠᠮᠤᠷ ᠢ ᠬᠠᠮᠠᠭᠠᠯᠠᠬᠤ ᠵᠣᠬᠢᠶᠠᠨ ᠪᠠᠶᠢᠭᠤᠯᠤᠯᠲᠠ ᠶᠢ ᠵᠢᠯᠣᠭᠤᠳᠤᠨ᠂ ᠬᠢᠨᠠᠯᠲᠠ ᠲᠠᠯᠪᠢᠨ᠎ᠠ︔ ᠪᠦᠬᠦ ᠬᠤᠲᠠ ᠶᠢᠨ ᠳᠣᠲᠣᠭᠠᠳᠤ ᠶᠢ ᠬᠠᠮᠠᠭᠠᠯᠠᠬᠤ ᠪᠠᠢᠭᠤᠯᠭ᠎ᠠ ᠶᠢ ᠵᠣᠬᠢᠶᠠᠨ ᠪᠠᠶᠢᠭᠤᠯᠵᠤ ᠨᠡᠶᠢᠭᠡᠮ ᠤᠨ ᠠᠮᠤᠷ ᠲᠦᠪᠰᠢᠨ ᠤ ᠰᠡᠷᠭᠡᠶᠢᠯᠡᠯᠲᠡ ᠶᠢᠨ ᠠᠵᠢᠯ ᠢ ᠬᠡᠷᠡᠭᠵᠢᠭᠦᠯᠦᠨ᠎ᠡ᠃︵ᠲᠠᠪᠤ︶ ᠪᠦᠬᠦ ᠬᠤᠲᠠ ᠶᠢᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠬᠠᠤᠯᠢ ᠶᠣᠰᠣᠭᠠᠷ ᠡᠷᠡᠭᠦᠦ ᠰᠢᠢᠳᠬᠡᠯ ᠭᠦᠢᠴᠡᠳᠬᠡᠬᠦ ᠶᠢ ᠵᠢᠯᠣᠭᠤᠳᠤᠨ ᠬᠢᠨᠠᠯᠲᠠ ᠲᠠᠯᠪᠢᠨ᠎ᠠ︔ ᠪᠦᠬᠦ ᠬᠤᠲᠠ ᠶᠢᠨ ᠳᠣᠲᠣᠭᠠᠳᠤ ᠶᠢ ᠬᠠᠮᠠᠭᠠᠯᠠᠬᠤ  ᠪᠠᠶᠢᠭᠤᠯᠭ᠎ᠠ ᠶᠢᠨ ᠬᠢᠨᠠᠨ ᠬᠠᠮᠢᠶᠠᠷᠬᠤ ᠲᠠᠯᠠᠪᠤᠷ ᠤᠨ ᠬᠠᠮᠢᠶᠠᠷᠤᠯᠲᠠ ᠪᠠ ᠪᠦᠲᠦᠭᠡᠨ ᠪᠠᠢᠭᠤᠯᠤᠯᠲᠠ  ᠶᠢᠨ ᠠᠵᠢᠯ᠂ ᠬᠤᠷᠢᠶᠠᠮᠵᠢᠯᠠᠨ ᠵᠠᠰᠠᠨ ᠬᠥᠮᠦᠵᠢᠭᠦᠯᠵᠦ ᠬᠢᠨᠠᠨ ᠵᠥᠪᠰᠢᠶᠡᠷᠡᠬᠦ ᠠᠵᠢᠯ ᠢ ᠵᠢᠯᠣᠭᠤᠳᠤᠨ ᠬᠢᠨᠠᠯᠲᠠ ᠲᠠᠯᠪᠢᠵᠤ᠂ ᠬᠤᠲᠠ ᠶᠢᠨ ᠬᠥᠳᠡᠯᠮᠦᠷᠢ ᠪᠠᠷ ᠵᠠᠰᠠᠨ ᠬᠥᠮᠦᠵᠢᠭᠦᠯᠬᠦ ᠵᠥᠪᠯᠡᠯ ᠤᠨ ᠡᠳᠦᠷ ᠲᠤᠲᠤᠮ ᠤᠨ ᠠᠵᠢᠯ ᠢ ᠡᠭᠦᠷᠭᠡᠯᠡᠨ᠎ᠡ᠃︵ᠵᠢᠷᠭᠤᠭ᠎ᠠ︶ ᠪᠦᠬᠦ ᠬᠤᠲᠠ ᠶᠢᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠬᠠᠤᠯᠢ ᠳᠦᠷᠢᠮ ᠤᠨ ᠪᠠᠶᠢᠭᠤᠯᠤᠯᠲᠠ ᠪᠠ ᠬᠠᠤᠯᠢ ᠬᠡᠷᠡᠭᠵᠢᠭᠦᠯᠬᠦ ᠠᠵᠢᠯ ᠢ ᠵᠢᠯᠣᠭᠤᠳᠤᠨ ᠬᠢᠨᠠᠯᠲᠠ ᠲᠠᠯᠪᠢᠨ᠎ᠠ᠃ ︵ᠳᠣᠯᠤᠭ᠎ᠠ︶ ᠪᠦᠬᠦ ᠬᠤᠲᠠ ᠶᠢᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢ ᠵᠣᠬᠢᠶᠠᠨ ᠪᠠᠶᠢᠭᠤᠯᠵᠤ ᠰᠢᠨᠵᠢᠯᠡᠬᠦ ᠤᠬᠠᠭᠠᠨ ᠮᠡᠷᠭᠡᠵᠢᠯ ᠤᠨ ᠠᠵᠢᠯ ᠪᠠ ᠳᠣᠲᠣᠭᠠᠳᠤ ᠶᠢ ᠬᠠᠮᠠᠭᠠᠯᠠᠬᠤ ᠴᠢᠮᠡᠭᠡ ᠬᠤᠯᠪᠣᠭᠠᠨ ᠤ ᠪᠠᠶᠢᠭᠤᠯᠤᠯᠳᠠ ᠶᠢ ᠬᠡᠷᠡᠭᠵᠢᠭᠦᠯᠦᠨ᠎ᠡ᠃︵ᠨᠠᠶᠮᠠ︶ ᠪᠦᠬᠦ ᠬᠤᠲᠠ ᠶᠢᠨ ᠳᠣᠲᠣᠭᠠᠳᠤ ᠶᠢ ᠬᠠᠮᠠᠭᠠᠯᠠᠬᠤ ᠡᠩᠨᠡᠭᠡᠨ ᠤ ᠪᠠᠶᠢᠭᠤᠯᠤᠯᠳᠠ ᠶᠢᠨ ᠠᠵᠢᠯ ᠢ ᠬᠠᠷᠢᠭᠤᠴᠠᠨ᠎ᠠ︔ ᠺᠠᠳ᠋ᠷ ᠢ ᠲᠣᠭᠲᠠᠭᠠᠭᠰᠠᠨ ᠡᠷᠬᠡ ᠶᠢᠨ ᠬᠠᠷᠢᠶᠠᠯᠠᠯ ᠶᠣᠰᠣᠭᠠᠷ ᠬᠠᠮᠢᠶᠠᠷᠤᠨ᠎ᠠ︔ ᠪᠦᠬᠦ ᠬᠤᠲᠠ ᠶᠢᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠠᠵᠢᠯᠲᠠᠨ ᠤ ᠪᠣᠯᠪᠠᠰᠤᠷᠠᠯ᠂ ᠬᠥᠮᠦᠵᠢᠯ᠂ ᠤᠬᠠᠭᠤᠯᠭ᠎ᠠ ᠶᠢᠨ ᠲᠥᠯᠥᠪᠵᠢᠭᠦᠯᠭᠡ ᠶᠢ ᠲᠤᠭᠤᠷᠪᠢᠨ ᠲᠣᠭᠲᠠᠭᠠᠵᠤ᠂ ᠬᠢᠨᠠᠯᠲᠠ ᠲᠠᠯᠪᠢᠨ ᠨᠠᠶᠢᠳᠠᠪᠤᠷᠢᠵᠢᠭᠤᠯᠤᠨ᠎ᠠ︔ ᠳᠣᠲᠣᠭᠠᠳᠤ ᠶᠢ ᠬᠠᠮᠠᠭᠠᠯᠠᠬᠤ ᠡᠩᠨᠡᠭᠡᠨ ᠤ ᠰᠠᠬᠢᠯᠭ᠎ᠠ ᠪᠠᠲᠤ ᠶᠢ ᠵᠥᠷᠢᠴᠡᠭᠰᠡᠨ ᠬᠦᠨᠳᠦ ᠶᠡᠭᠡ ᠬᠡᠷᠡᠭ ᠢ ᠪᠠᠶᠢᠴᠠᠭᠠᠨ᠂ ᠱᠠᠯᠠᠪᠳᠠᠭᠤᠯᠤᠨ ᠰᠢᠳᠪᠤᠷᠢᠯᠡᠨ᠎ᠡ︔ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠱᠠᠯᠠᠪᠳᠠᠭᠤᠯᠤᠨ ᠪᠠᠶᠢᠴᠠᠭᠠᠬᠤ ᠠᠵᠢᠯ ᠢ ᠵᠣᠬᠢᠶᠠᠨ ᠪᠠᠶᠢᠭᠤᠯᠤᠨ ᠵᠢᠯᠣᠭᠤᠳᠤᠨ᠎ᠠ︔ ᠪᠦᠬᠦ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠨᠤᠭ ᠲᠥᠬᠦᠭᠡᠷᠦᠮᠵᠢ ᠶᠢᠨ ᠲᠥᠯᠥᠪᠵᠢᠭᠦᠯᠪᠡ ᠵᠢᠴᠢ ᠬᠡᠷᠡᠭᠵᠢᠭᠦᠯᠦᠯᠲᠡ ᠶᠢ ᠬᠠᠷᠢᠭᠤᠴᠠᠨ᠎ᠠ᠃︵ᠶᠢᠰᠦ︶ ᠬᠠᠤᠯᠢ ᠴᠠᠭᠠᠵᠠ ᠠᠴᠠ ᠣᠯᠭᠤᠭᠰᠠᠨ ᠪᠤᠰᠤᠳ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠪᠠ ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠲᠢᠩᠬᠢᠮ ᠠᠴᠠ ᠲᠤᠰᠢᠶᠠᠭᠰᠠᠨ ᠪᠤᠰᠤᠳ ᠵᠦᠢᠯᠡᠰ ᠢ ᠳᠠᠭᠠᠭᠠᠨ ᠭᠦᠢᠴᠡᠳᠬᠡᠨ᠎ᠡ᠃ᠪᠠᠶᠢᠭᠤᠯᠤᠮᠵᠢ ᠶᠢᠨ ᠲᠣᠬᠢᠷᠠᠭᠤᠯᠤᠯᠳᠠ᠄ ︵ᠨᠢᠭᠡ︶ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ︵ᠴᠠᠭᠳᠠᠭᠠᠨ ᠤ ᠶᠠᠪᠤᠳᠠᠯ ᠤᠨ ᠬᠢᠨᠠᠯᠲᠠ ᠲᠠᠯᠪᠢᠬᠤ ᠭᠠᠵᠠᠷ︶ ᠶᠢᠨ ᠳᠣᠤᠷ᠎ᠠ ᠪᠠᠶᠢᠴᠠᠭᠠᠨ ᠰᠢᠭᠦᠬᠦ ᠲᠠᠰᠤᠭ᠂ ᠴᠠᠭᠳᠠᠭᠠᠨ ᠤ ᠶᠠᠪᠤᠳᠠᠯ ᠤᠨ ᠱᠠᠯᠠᠪᠳᠠᠭᠤᠯᠤᠨ ᠪᠠᠶᠢᠴᠠᠭᠠᠬᠤ ᠰᠠᠯᠪᠤᠷᠢ ᠠᠩᠭᠢ᠂ ᠵᠠᠬᠢᠳᠠᠯ ᠰᠤᠷᠪᠤᠯᠵᠢᠯᠠᠭ᠎ᠠ ᠶᠢᠨ ᠲᠠᠰᠤᠭ ᠭᠠᠷᠭᠠᠨ᠎ᠠ᠃ ᠰᠠᠬᠢᠯᠭ᠎ᠠ ᠪᠠᠲᠤ ᠪᠠᠶᠢᠴᠠᠭᠠᠬᠤ ᠠᠵᠢᠯ ᠤᠨ ᠴᠢᠭᠯᠡᠯᠲᠡ᠂ ᠲᠦᠷᠦ ᠶᠢᠨ ᠪᠤᠳᠤᠯᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠵᠣᠬᠢᠶᠠᠨ ᠪᠠᠶᠢᠭᠤᠯᠵᠤ ᠬᠡᠷᠡᠭᠵᠢᠭᠦᠯᠬᠦ ᠶᠢ ᠬᠠᠷᠢᠭᠤᠴᠠᠬᠤ ᠪᠥᠭᠡᠳ ᠬᠢᠨᠠᠯᠲᠠ ᠲᠠᠯᠪᠢᠵᠤ ᠬᠡᠷᠡᠭᠵᠢᠭᠦᠯᠦᠨ᠎ᠡ︔ ᠪᠦᠬᠦ ᠬᠤᠲᠠ ᠶᠢᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢ ᠵᠢᠯᠣᠭᠤᠳᠤᠨ ᠬᠢᠨᠠᠯᠲᠠ ᠲᠠᠯᠪᠢᠬᠤ ᠶᠢᠨ ᠬᠠᠮᠲᠤ ᠬᠤᠲᠠ ᠶᠢᠨ ᠲᠤᠳᠤᠭᠠᠳᠤ ᠶᠢ ᠬᠠᠮᠠᠭᠠᠯᠠᠬᠤ ᠲᠣᠪᠴᠢᠶᠠᠨ ᠤ ᠴᠠᠭᠳᠠᠭᠠᠨ ᠤ ᠶᠠᠪᠤᠳᠠᠯ ᠤᠨ ᠬᠢᠨᠠᠨ ᠪᠠᠶᠢᠴᠠᠭᠠᠬᠤ ᠠᠵᠢᠯ ᠢ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ︔ ᠵᠠᠭᠠᠯᠳᠤᠯᠭ᠎ᠠ ᠭᠤᠮᠣᠳᠠᠯ ᠢ ᠬᠦᠯᠢᠶᠡᠨ ᠠᠪᠴᠤ᠂ ᠪᠦᠬᠦ ᠬᠤᠲᠠ ᠶᠢᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠳᠣᠲᠣᠭᠠᠳᠤ ᠶᠢᠨ ᠬᠢᠨᠠᠨ ᠪᠣᠳᠣᠯᠲᠠ ᠶᠢ ᠬᠠᠷᠢᠭᠤᠴᠠᠨ᠎ᠠ︔ ᠪᠦᠬᠦ ᠬᠤᠲᠠ ᠶᠢᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠵᠢᠴᠢ ᠠᠷᠠᠳ ᠤᠨ ᠴᠠᠭᠳᠠᠭ᠎ᠠ ᠶᠢᠨ ᠬᠠᠤᠯᠢ ᠶᠣᠰᠣᠭᠠᠷ ᠲᠤᠰᠢᠶᠠᠯ ᠬᠠᠷᠢᠭᠤᠴᠠᠯᠭ᠎ᠠ ᠪᠠᠨ ᠭᠦᠶᠴᠡᠳᠬᠡᠬᠦ᠂ ᠡᠷᠬᠡ ᠲᠤᠰᠢᠶᠠᠯ ᠢᠶᠠᠨ ᠬᠡᠷᠡᠭᠵᠢᠭᠦᠯᠬᠦ ᠪᠠ ᠬᠠᠤᠯᠢ ᠰᠠᠬᠢᠯᠭ᠎ᠠ ᠶᠢ ᠵᠢᠷᠤᠮᠯᠠᠬᠤ ᠶᠢ ᠵᠢᠯᠣᠭᠤᠳᠤᠨ ᠬᠢᠨᠠᠯᠲᠠ ᠲᠠᠯᠪᠢᠨ᠎ᠠ᠃ ︵ᠬᠤᠶᠠᠷ︶ ᠤᠯᠤᠰ ᠲᠦᠷᠦ ᠶᠢᠨ ᠬᠡᠯᠲᠡᠰ᠃ ᠪᠦᠬᠦ ᠬᠤᠲᠠ ᠶᠢᠨ ᠳᠣᠲᠣᠭᠠᠳᠤ ᠶᠢ ᠬᠠᠮᠠᠭᠠᠯᠠᠬᠤ ᠡᠩᠨᠡᠭᠡᠨ ᠤ ᠪᠠᠶᠢᠭᠤᠯᠤᠯᠳᠠ ᠶᠢᠨ ᠪᠠᠶᠢᠳᠠᠯ ᠢ ᠡᠵᠡᠮᠰᠢᠨ᠂ ᠵᠠᠳᠠᠯᠤᠨ ᠰᠢᠨᠵᠢᠯᠡᠵᠦ ᠬᠠᠮᠢᠶ᠎ᠠ ᠪᠦᠬᠦᠢ ᠲᠥᠷᠦ ᠶᠢᠨ ᠪᠣᠳᠣᠯᠭ᠎ᠠ᠂ ᠲᠣᠭᠲᠠᠭᠠᠯ  ᠢ ᠰᠤᠳᠤᠯᠤᠨ ᠲᠣᠭᠲᠠᠭᠠᠨ᠎ᠠ︔ ᠲᠣᠪᠴᠢᠶᠠᠨ ᠤ ᠪᠠ ᠰᠢᠭᠤᠳ ᠬᠠᠷᠢᠶ᠎ᠠ ᠨᠢᠭᠡᠴᠡ  ᠶᠢᠨ ᠪᠠᠶᠢᠭᠤᠯᠤᠮᠵᠢ ᠶᠢᠨ ᠣᠷᠣᠨ ᠲᠤᠭ᠎ᠠ᠂ ᠠᠵᠢᠯᠲᠠᠨ ᠤ ᠶᠠᠪᠤᠳᠠᠯ ᠤᠨ ᠬᠠᠮᠢᠶᠠᠷᠤᠯᠲᠠ ᠶᠢᠨ ᠠᠵᠢᠯ ᠢ ᠳᠠᠭᠠᠭᠠᠨ ᠡᠷᠬᠢᠯᠡᠨ᠎ᠡ︔ ᠪᠦᠬᠦ ᠬᠤᠲᠠ ᠶᠢᠨ ᠳᠣᠲᠣᠭᠠᠳᠤ  ᠶᠢ ᠬᠠᠮᠠᠭᠠᠯᠠᠬᠤ ᠪᠠᠶᠢᠭᠤᠯᠭ᠎ᠠ ᠶᠢᠨ ᠴᠠᠭᠳᠠᠭ᠎ᠠ ᠶᠢᠨ ᠴᠣᠯᠠ ᠲᠡᠰ ᠤᠨ ᠬᠠᠮᠢᠶᠠᠷᠤᠯᠲᠠ᠂ ᠬᠥᠮᠦᠵᠢᠯ ᠪᠣᠯᠪᠠᠰᠤᠷᠠᠯ᠂ ᠰᠠᠶᠢᠰᠢᠶᠠᠯ ᠬᠥᠬᠢᠭᠦᠯᠦᠯ᠂ ᠦᠬᠦᠯ ᠰᠢᠷᠬᠠᠲᠤᠯ  ᠤᠨ ᠠᠰᠠᠷᠠᠮᠵᠢ᠂ ᠲᠤᠰᠬᠠᠢ ᠮᠡᠷᠭᠡᠵᠢᠯ ᠤᠨ ᠵᠡᠷᠭᠡ ᠳᠡᠰ ᠢ ᠲᠣᠭᠲᠠᠭᠠᠵᠤ ᠤᠷᠢᠬᠤ ᠵᠡᠷᠭᠡ ᠠᠵᠢᠯ ᠢ ᠵᠢᠯᠣᠭᠤᠳᠤᠨ᠎ᠠ︔ ᠺᠠᠳ᠋ᠷ ᠢ ᠬᠢᠨᠠᠨ ᠰᠢᠯᠭᠠᠬᠤ ᠠᠵᠢᠯ ᠢ ᠬᠠᠮᠵᠢᠨ ᠬᠠᠮᠢᠶᠠᠷᠬᠤ ᠪᠥᠭᠡᠳ ᠲᠣᠮᠢᠯᠠᠬᠤ ᠪᠠᠭᠤᠯᠭᠠᠬᠤ ᠶᠢ ᠳᠤᠷᠠᠳᠴᠤ᠂ ᠰᠠᠨᠠᠯ ᠢᠶᠠᠨ ᠰᠣᠯᠢᠯᠴᠠᠨ᠎ᠠ︔ ᠪᠦᠬᠦ ᠬᠤᠲᠠ ᠶᠢᠨ ᠳᠣᠲᠣᠭᠠᠳᠤ ᠶᠢ ᠬᠠᠮᠠᠭᠠᠯᠠᠬᠤ ᠬᠥᠮᠦᠵᠢᠯ ᠤᠨ ᠬᠥᠭᠵᠢᠯᠲᠡ ᠶᠢᠨ ᠲᠥᠯᠥᠪᠵᠢᠭᠦᠯᠭᠡ ᠶᠢ ᠲᠤᠭᠤᠷᠪᠢᠨ ᠲᠣᠭᠲᠠᠭᠠᠵᠤ᠂ ᠪᠦᠬᠦ ᠬᠤᠲᠠ ᠶᠢᠨ ᠳᠣᠲᠣᠭᠠᠳᠤ ᠶᠢ ᠬᠠᠮᠠᠭᠠᠯᠠᠬᠤ ᠴᠠᠭᠳᠠᠭ᠎ᠠ ᠶᠢᠨ ᠺᠠᠳ᠋ᠷ ᠤᠨ ᠰᠤᠷᠭᠠᠭᠤᠯᠢ  ᠶᠢᠨ ᠪᠦᠲᠦᠭᠡᠨ ᠪᠠᠶᠢᠭᠤᠯᠤᠯᠳᠠ ᠶᠢ ᠵᠢᠯᠣᠭᠤᠳᠤᠨ᠎ᠠ᠃ ᠪᠦᠬᠦ ᠬᠤᠲᠠ ᠶᠢᠨ ᠳᠣᠲᠣᠭᠠᠳᠤ ᠶᠢ ᠬᠠᠮᠠᠭᠠᠯᠠᠬᠤ ᠰᠢᠰᠲ᠋ᠧᠮ ᠤᠨ ᠤᠬᠠᠭᠤᠯᠭ᠎ᠠ᠂ ᠦᠵᠡᠯ ᠰᠠᠨᠠᠭ᠎ᠠ ᠤᠯᠤᠰ ᠲᠥᠷᠦ ᠶᠢᠨ ᠠᠵᠢᠯ ᠤᠨ ᠲᠥᠯᠥᠪᠯᠡᠭᠡ ᠶᠢ ᠰᠤᠳᠤᠯᠤᠨ ᠲᠣᠭᠲᠠᠭᠠᠵᠤ᠂ ᠨᠠᠶᠢᠳᠠᠪᠤᠷᠢᠵᠢᠭᠤᠯᠤᠭᠰᠠᠨ ᠪᠠᠶᠢᠳᠠᠯ ᠢ ᠪᠠᠶᠢᠴᠠᠭᠠᠵᠤ ᠬᠢᠨᠠᠯᠲᠠ ᠲᠠᠯᠪᠢᠨ᠎ᠠ︔ ᠪᠦᠬᠦ ᠬᠤᠲᠠ  ᠶᠢᠨ ᠳᠣᠲᠣᠭᠠᠳᠤ ᠶᠢ ᠬᠠᠮᠠᠭᠠᠯᠠᠬᠤ ᠰᠢᠰᠲ᠋ᠧᠮ ᠤᠨ ᠲᠤᠬᠠᠶᠢᠯᠠᠭᠰᠠᠨ ᠠᠵᠢᠯ ᠪᠠ ᠡᠩᠨᠡᠭᠡᠨ ᠤ ᠪᠠᠶᠢᠭᠤᠯᠤᠯᠲᠠ ᠶᠢᠨ ᠤᠬᠠᠭᠤᠯᠭ᠎ᠠ ᠶᠢᠨ ᠠᠵᠢᠯ ᠢ ᠵᠢᠯᠣᠭᠤᠳᠤᠨ ᠬᠢᠨᠠᠯᠲᠠ ᠲᠠᠯᠪᠢᠨ᠎ᠠ︔ ᠪᠦᠬᠦ ᠬᠤᠲᠠ ᠶᠢᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠰᠣᠶᠣᠯ ᠤᠨ ᠪᠠᠶᠢᠭᠤᠯᠤᠯᠳᠠ ᠪᠠ ᠰᠣᠨᠢᠨ ᠮᠡᠳᠡᠭᠡ ᠨᠡᠶᠢᠳᠡᠯᠡᠬᠦ ᠠᠵᠢᠯ ᠢ ᠵᠢᠯᠣᠭᠤᠳᠤᠨ ᠬᠢᠨᠠᠯᠲᠠ ᠲᠠᠯᠪᠢᠨ᠎ᠠ︔ ᠪᠠᠶᠢᠭᠤᠯᠭ᠎ᠠ ᠶᠢᠨ ᠨᠠᠮ ᠪᠠ ᠣᠯᠠᠨ ᠲᠦᠮᠡᠨ ᠤ ᠠᠵᠢᠯ ᠢ ᠡᠭᠦᠷᠭᠡᠯᠡᠨ᠎ᠡ᠃︵ᠭᠤᠷᠪᠠ︶ ᠠᠯᠪᠠᠨ ᠭᠡᠷ᠃ ᠪᠦᠬᠦ ᠬᠤᠲᠠ ᠶᠢᠨ ᠳᠣᠲᠣᠭᠠᠳᠤ ᠶᠢ ᠬᠠᠮᠠᠭᠠᠯᠠᠬᠤ ᠠᠵᠢᠯ ᠤᠨ ᠪᠠᠶᠢᠳᠠᠯ ᠢ ᠡᠵᠡᠮᠰᠢᠵᠦ᠂ ᠳᠠᠶᠢᠰᠤᠩᠨᠠᠭᠴᠢ ᠡᠲᠡᠭᠡᠳ  ᠤᠨ ᠪᠠᠶᠢᠳᠠᠯ ᠵᠢᠴᠢ ᠳᠣᠲᠣᠭᠠᠳᠤ ᠶᠢ ᠬᠠᠮᠠᠭᠠᠯᠠᠬᠤ ᠮᠡᠳᠡᠭᠡ ᠵᠠᠩᠭᠢ ᠶᠢ ᠴᠤᠭᠯᠠᠭᠤᠯᠵᠤ᠂ ᠵᠠᠳᠠᠯᠵᠤ᠂ ᠮᠡᠳᠡᠭᠦᠯᠦᠨ᠎ᠡ︔ ᠪᠦᠬᠦ ᠬᠤᠲᠠ ᠶᠢᠨ ᠳᠣᠲᠣᠭᠠᠳᠤ ᠶᠢ ᠬᠠᠮᠠᠭᠠᠯᠠᠬᠤ ᠠᠵᠢᠯ  ᠤᠨ ᠲᠥᠷᠦ ᠶᠢᠨ ᠪᠣᠳᠣᠯᠭ᠎ᠠ᠂ ᠲᠣᠭᠲᠠᠭᠠᠯ  ᠢ ᠰᠤᠳᠤᠯᠤᠨ ᠲᠣᠭᠲᠠᠭᠠᠵᠤ᠂ ᠴᠢᠬᠤᠯᠠ ᠪᠢᠴᠢᠭ ᠮᠠᠲ᠋ᠧᠷᠢᠶᠠᠯ ᠢ ᠲᠤᠭᠤᠷᠪᠢᠵᠤ᠂ ᠴᠢᠬᠤᠯᠠ ᠬᠤᠷᠠᠯ᠂ ᠴᠢᠬᠤᠯᠠ ᠶᠡᠭᠡ ᠬᠡᠷᠡᠭ ᠶᠠᠪᠤᠳᠠᠯ ᠢ ᠵᠣᠬᠢᠶᠠᠨ ᠪᠠᠶᠢᠭᠤᠯᠤᠨ ᠵᠣᠬᠢᠴᠠᠭᠤᠯᠬᠤ ᠪᠠ ᠱᠠᠭᠠᠷᠳᠠᠨ ᠪᠠᠶᠢᠴᠠᠭᠠᠵᠤ ᠱᠠᠭᠠᠷᠳᠠᠨ ᠭᠦᠢᠴᠡᠳᠬᠡᠬᠦ ᠶᠢ ᠬᠠᠷᠢᠭᠤᠴᠠᠨ᠎ᠠ︔ ᠣᠷᠴᠢᠭᠤᠯᠬᠤ᠂ ᠨᠢᠭᠤᠴᠠ ᠮᠠᠲ᠋ᠧᠷᠢᠶᠠᠯ ᠤᠨ ᠨᠢᠭᠤᠴᠠ ᠨᠣᠮᠧᠷ ᠤᠨ ᠬᠠᠮᠢᠶᠠᠷᠤᠯᠲᠠ᠂ ᠪᠢᠴᠢᠭ ᠮᠠᠲ᠋ᠧᠷᠢᠶᠠᠯ᠂ ᠴᠠᠬᠢᠯᠭᠠᠨ ᠮᠡᠳᠡᠭᠡ ᠶᠢ ᠬᠤᠷᠢᠶᠠᠵᠤ ᠲᠠᠷᠬᠠᠭᠠᠬᠤ᠂ ᠳᠠᠩᠰᠠ ᠡᠪᠬᠡᠮᠡᠯ᠂ ᠨᠢᠭᠤᠴᠠ  ᠶᠢ ᠬᠠᠮᠠᠭᠠᠯᠠᠬᠤ ᠵᠡᠷᠭᠡ ᠠᠵᠢᠯ ᠢ ᠬᠠᠷᠢᠭᠤᠴᠠᠨ᠎ᠠ᠃ ︵ᠳᠥᠷᠪᠡ︶ ᠵᠢᠯᠣᠭᠤᠳᠬᠤ ᠲᠥᠪ᠃ 110 ᠲᠦᠭᠰᠢᠭᠦᠷᠢ ᠮᠡᠳᠡᠭᠦᠯᠬᠦ ᠦᠶᠯᠡᠴᠢᠯᠡᠭᠡᠨ ᠤ ᠪᠠᠶᠢᠭᠤᠯᠤᠯᠲᠠ ᠶᠢᠨ ᠠᠵᠢᠯ ᠢ ᠵᠢᠯᠣᠭᠤᠳᠴᠤ᠂ ᠪᠠᠴᠢᠮ ᠪᠠᠶᠢᠳᠠᠯ ᠢ ᠠᠷᠭᠠᠴᠠᠬᠤ ᠴᠠᠭᠳᠠᠭᠠᠨ ᠤ ᠶᠠᠪᠤᠳᠠᠯ ᠢ ᠵᠣᠬᠢᠴᠠᠭᠤᠯᠤᠨ ᠰᠢᠶᠳᠪᠦᠷᠢᠯᠡᠵᠦ᠂ ᠳᠣᠲᠣᠭᠠᠳᠤ ᠶᠢ ᠬᠠᠮᠠᠭᠠᠯᠠᠬᠤ ᠲᠤᠭ᠎ᠠ ᠪᠦᠷᠢᠳᠬᠡᠯ ᠢ ᠬᠠᠷᠢᠭᠤᠴᠠᠨ᠎ᠠ᠃ ︵ᠲᠠᠪᠤ︶ ᠲᠣᠨᠣᠭᠯᠠᠯ ᠡᠳ᠋ ᠤᠨ ᠶᠠᠪᠤᠳᠠᠯ ᠤᠨ ᠭᠠᠵᠠᠷ᠃ ᠳᠣᠲᠣᠭᠠᠳᠤ ᠶᠢ ᠬᠠᠮᠠᠭᠠᠯᠠᠬᠤ ᠠᠷᠤ ᠲᠠᠯ᠎ᠠ ᠶᠢᠨ ᠦᠢᠯᠡᠴᠢᠯᠡᠭᠡ ᠪᠠ ᠴᠠᠭᠳᠠᠭᠠᠨ ᠤ ᠶᠠᠪᠤᠳᠠᠯ ᠤᠨ ᠪᠠᠲᠤᠯᠠᠭ᠎ᠠ ᠶᠢᠨ ᠲᠥᠷᠥ ᠶᠢᠨ ᠪᠣᠳᠣᠯᠭ᠎ᠠ᠂ ᠲᠣᠨᠤᠭ ᠲᠥᠬᠦᠭᠡᠷᠦᠮᠵᠢ  ᠶᠢᠨ ᠬᠠᠮᠢᠶᠠᠷᠤᠯᠲᠠ ᠶᠢᠨ ᠲᠦᠷᠢᠮ ᠵᠢᠴᠢ ᠳᠣᠭᠢᠷᠠᠭᠤᠯᠬᠤ ᠪᠠᠷᠢᠮᠵᠢᠶ᠎ᠠ ᠶᠢ ᠲᠤᠤᠱᠯᠠᠭᠤᠯᠤᠨ ᠬᠡᠷᠡᠭᠵᠢᠭᠦᠯᠦᠨ᠎ᠡ︔ ᠪᠥᠬᠦ ᠬᠤᠲᠠ ᠶᠢᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠠᠷᠤ ᠲᠠᠯ᠎ᠠ ᠶᠢᠨ ᠦᠢᠯᠡᠴᠢᠯᠡᠭᠡ᠂ ᠴᠠᠭᠳᠠᠭᠠᠨ ᠤ ᠶᠠᠪᠤᠳᠠᠯ ᠤᠨ ᠪᠠᠲᠤᠯᠠᠭ᠎ᠠ ᠶᠢᠨ ᠠᠵᠢᠯ ᠢ ᠵᠢᠯᠣᠭᠤᠳᠴᠤ᠂ ᠬᠢᠨᠠᠯᠲᠠ ᠲᠠᠯᠪᠢᠨ᠎ᠠ︔ ᠪᠠᠶᠢᠭᠤᠯᠭ᠎ᠠ ᠶᠢᠨ ᠡᠳ᠋ ᠤᠨ ᠶᠠᠪᠤᠳᠠᠯ᠂ ᠲᠣᠨᠣᠭᠯᠠᠯ᠂ ᠬᠤᠪᠴᠠᠰᠤ ᠬᠤᠨᠠᠷ᠂ ᠦᠨᠳᠦᠰᠦᠨ ᠪᠦᠳᠦᠭᠡᠨ ᠪᠠᠶᠢᠭᠤᠯᠤᠯᠲᠠ ᠪᠠ ᠤᠯᠤᠰ ᠤᠨ ᠥᠮᠴᠢᠯᠠᠯᠳᠤ ᠡᠳ᠋ ᠬᠦᠷᠦᠩᠭᠡ ᠶᠢᠨ ᠬᠠᠮᠢᠶᠠᠷᠤᠯᠲᠠ ᠶᠢ ᠬᠠᠷᠢᠭᠤᠴᠠᠨ᠎ᠠ︔ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠵᠢᠯᠴᠠᠨ ᠡᠯ᠎ᠡ ᠲᠥᠷᠥᠯ ᠤᠨ ᠪᠡᠯᠡ ᠮᠥᠩᠭᠦ ᠶᠢ ᠬᠢᠨᠠᠨ ᠬᠠᠷᠭᠤᠭᠤᠯᠤᠨ᠎ᠠ︔ ᠳᠣᠲᠣᠭᠠᠳᠤ ᠶᠢ ᠬᠠᠮᠠᠭᠠᠯᠠᠬᠤ ᠲᠤᠰᠬᠠᠶ ᠵᠦᠶᠯ ᠤᠨ ᠵᠠᠷᠤᠳᠠᠯ ᠤᠨ ᠬᠡᠷᠡᠭᠯᠡᠯᠲᠡ ᠶᠢᠨ ᠪᠠᠶᠢᠳᠠᠯ ᠳᠤ ᠬᠢᠨᠠᠯᠲᠠ ᠲᠠᠯᠪᠢᠨ᠎ᠠ᠃ ︵ᠵᠢᠷᠭᠤᠭ᠎ᠠ︶ ᠰᠢᠨᠵᠢᠯᠡᠬᠦ ᠤᠬᠠᠭᠠᠨ ᠮᠡᠷᠭᠡᠵᠢᠯ ᠴᠢᠮᠡᠭᠡ ᠬᠤᠯᠪᠣᠭᠠᠨ ᠤ ᠰᠠᠯᠪᠤᠷᠢ ᠠᠩᠭᠢ᠃ ᠪᠦᠬᠦ ᠬᠤᠲᠠ ᠶᠢᠨ ᠳᠣᠲᠣᠭᠠᠳᠤ ᠶᠢ ᠬᠠᠮᠠᠭᠠᠯᠠᠬᠤ ᠮᠡᠳᠡᠭᠡ ᠵᠠᠩᠭᠢ  ᠶᠢᠨ ᠰᠦᠯᠵᠢᠶᠡᠨ ᠤ ᠬᠥᠭᠵᠢᠯᠲᠡ ᠶᠢᠨ ᠲᠥᠯᠥᠪᠵᠢᠭᠦᠯᠭᠡ ᠶᠢ ᠰᠤᠳᠤᠯᠤᠨ ᠲᠣᠭᠲᠠᠭᠠᠵᠤ᠂ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ︔ ᠳᠣᠲᠣᠭᠠᠳᠤ ᠶᠢ ᠬᠠᠮᠠᠭᠠᠯᠠᠬᠤ ᠲᠤᠬᠠᠶᠢᠯᠠᠭᠰᠠᠨ ᠠᠵᠢᠯ ᠤᠨ ᠳ᠋ᠠᠶᠢᠲ᠋ᠠ ᠬᠥᠮᠥᠷᠭᠡ ᠶᠢ ᠪᠠᠶᠢᠭᠤᠯᠵᠤ᠂ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠳᠤ ᠳ᠋ᠠᠶᠢᠲ᠋ᠠ ᠪᠠᠶᠢᠴᠠᠭᠠᠨ ᠯᠠᠪᠯᠠᠬᠤ ᠦᠶᠯᠡᠴᠢᠯᠡᠭᠡ ᠬᠠᠩᠭᠠᠨ᠎ᠠ︔ ᠪᠦᠬᠦ ᠬᠤᠲᠠ ᠶᠢᠨ ᠳᠣᠲᠣᠭᠠᠳᠤ ᠶᠢ ᠬᠠᠮᠠᠭᠠᠯᠠᠬᠤ ᠮᠡᠳᠡᠭᠡ ᠵᠠᠩᠭᠢ᠂ ᠴᠢᠮᠡᠭᠡ ᠬᠤᠯᠪᠣᠭᠠᠨ ᠤ ᠰᠦᠯᠵᠢᠶᠡᠨ ᠤ ᠪᠠᠶᠢᠭᠤᠯᠤᠯᠲᠠ ᠶᠢᠨ ᠮᠡᠷᠭᠡᠵᠢᠯ ᠤᠨ ᠲᠥᠷᠥ ᠶᠢᠨ ᠪᠣᠳᠣᠯᠭ᠎ᠠ ᠪᠣᠯᠤᠨ ᠮᠡᠷᠭᠡᠵᠢᠯ ᠤᠨ ᠪᠠᠷᠢᠮᠵᠢᠶ᠎ᠠ ᠶᠢ ᠰᠤᠳᠤᠯᠤᠨ ᠲᠣᠭᠲᠠᠭᠠᠵᠤ᠂ ᠬᠤᠯᠪᠣᠭᠳᠠᠯ ᠪᠦᠬᠦᠢ ᠮᠡᠷᠭᠡᠵᠢᠯ ᠤᠨ ᠪᠠᠶᠢᠭᠤᠯᠤᠯᠲᠠ  ᠶᠢᠨ ᠠᠵᠢᠯ ᠢ ᠵᠢᠯᠣᠭᠤᠳᠤᠨ ᠬᠢᠨᠠᠯᠲᠠ ᠲᠠᠯᠪᠢᠨ᠎ᠠ︔ ᠪᠦᠬᠦ ᠬᠤᠲᠠ ᠶᠢᠨ ᠳᠣᠲᠣᠭᠠᠳᠤ ᠶᠢ ᠬᠠᠮᠠᠭᠠᠯᠠᠬᠤ ᠮᠡᠳᠡᠭᠡ ᠵᠠᠩᠭᠢ ᠴᠢᠮᠡᠭᠡ ᠬᠤᠯᠪᠣᠭᠠᠨ ᠤ ᠰᠦᠯᠵᠢᠶ᠎ᠡ ᠶᠢᠨ ᠬᠡᠪ ᠤᠨ ᠠᠵᠢᠯᠯᠠᠭ᠎ᠠ ᠶᠢ ᠪᠠᠲᠤᠯᠠᠬᠤ ᠶᠢ ᠬᠠᠷᠢᠭᠤᠴᠠᠵᠤ᠂ ᠪᠠᠶᠢᠭᠤᠯᠭ᠎ᠠ ᠶᠢᠨ ᠮᠡᠳᠡᠭᠡ ᠵᠠᠩᠭᠢ ᠴᠢᠮᠡᠭᠡ ᠬᠤᠯᠪᠣᠭᠠᠨ ᠤ ᠲᠥᠬᠦᠭᠡᠷᠦᠮᠵᠢ ᠶᠢ ᠬᠠᠮᠠᠭᠠᠯᠠᠵᠤ᠂ ᠴᠢᠮᠡᠭᠡ ᠬᠤᠯᠪᠣᠭᠠᠨ ᠤ ᠮᠡᠷᠭᠡᠵᠢᠯ ᠤᠨ ᠦᠶᠯᠡᠴᠢᠯᠡᠭᠡ ᠪᠠ ᠪᠠᠴᠢᠮ ᠪᠠᠶᠢᠳᠠᠯ ᠢ ᠠᠷᠭᠠᠴᠠᠬᠤ ᠪᠠᠲᠤᠯᠠᠭ᠎ᠠ ᠬᠠᠩᠭᠠᠨ᠎ᠠ᠃ ︵ᠳᠣᠯᠤᠭ᠎ᠠ  ︶ ᠰᠦᠯᠵᠢᠶᠡᠨ ᠤ ᠠᠮᠤᠷ ᠲᠦᠪᠰᠢᠨ ᠢ ᠬᠠᠮᠠᠭᠠᠯᠠᠬᠤ ᠰᠠᠯᠪᠤᠷᠢ ᠠᠩᠭᠢ᠃ ᠪᠦᠬᠦ ᠬᠤᠲᠠ ᠶᠢᠨ ᠣᠯᠠᠨ ᠨᠡᠶᠢᠲᠡ ᠶᠢᠨ ᠮᠡᠳᠡᠭᠡ ᠵᠠᠩᠭᠢ ᠶᠢᠨ ᠰᠦᠯᠵᠢᠶᠡᠨ  ᠤ ᠠᠮᠤᠷ ᠲᠦᠪᠰᠢᠨ ᠤ ᠲᠥᠷᠦ ᠶᠢᠨ ᠪᠣᠳᠣᠯᠭ᠎ᠠ ᠪᠠ ᠮᠡᠷᠭᠡᠵᠢᠯ ᠤᠨ ᠵᠢᠷᠤᠮᠵᠢᠯ ᠢ ᠰᠤᠳᠤᠯᠤᠨ ᠲᠤᠭᠤᠷᠪᠢᠨ ᠲᠣᠭᠲᠠᠭᠠᠨ᠎ᠠ︔ ᠪᠦᠬᠦ ᠬᠤᠲᠠ ᠶᠢᠨ ᠣᠯᠠᠨ ᠨᠡᠶᠢᠲᠡ  ᠶᠢᠨ ᠮᠡᠳᠡᠭᠡ ᠵᠠᠩᠭᠢ ᠶᠢᠨ ᠰᠦᠯᠵᠢᠶᠡᠨ ᠤ ᠠᠮᠤᠷ ᠲᠦᠪᠰᠢᠨ ᠢ ᠬᠢᠨᠠᠨ ᠪᠠᠶᠢᠴᠠᠭᠠᠬᠤ ᠠᠵᠢᠯ ᠢ ᠵᠢᠯᠣᠭᠤᠳᠴᠤ᠂ ᠬᠢᠨᠠᠯᠲᠠ ᠲᠠᠯᠪᠢᠨ᠎ᠠ︔ ᠪᠦᠬᠦ ᠬᠤᠲᠠ ᠶᠢᠨ ᠣᠯᠠᠨ ᠨᠡᠶᠢᠲᠡ ᠶᠢᠨ ᠮᠡᠳᠡᠭᠡ ᠵᠠᠩᠭᠢ ᠶᠢᠨ ᠰᠦᠯᠵᠢᠶ᠎ᠡ ᠪᠠ ᠣᠯᠠᠨ ᠤᠯᠤᠰ ᠤᠨ ᠢᠨᠲ᠋ᠧᠷ ᠰᠦᠯᠵᠢᠶᠡᠨ ᠤ ᠠᠮᠤᠷ ᠲᠦᠪᠰᠢᠨ ᠢ ᠬᠠᠮᠠᠭᠠᠯᠠᠬᠤ ᠠᠵᠢᠯ ᠢ ᠵᠢᠯᠣᠭᠤᠳᠤᠨ᠂ ᠬᠢᠨᠠᠯᠲᠠ ᠲᠠᠯᠪᠢᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ︔ ᠪᠦᠬᠦ ᠬᠤᠲᠠ ᠶᠢᠨ ᠮᠡᠳᠡᠭᠡ ᠵᠠᠩᠭᠢ ᠶᠢᠨ ᠰᠦᠯᠵᠢᠶᠡᠨ ᠤ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠶᠢᠨ ᠬᠥᠳᠡᠯᠦᠯ ᠪᠠᠶᠢᠳᠠᠯ ᠢ ᠡᠵᠡᠮᠰᠢᠵᠦ᠂ ᠡᠯᠧᠺᠲᠷᠣᠨ ᠲᠤᠭ᠎ᠠ ᠪᠠᠷᠢᠮᠲᠠ ᠶᠢ ᠬᠢᠨᠠᠨ ᠲᠣᠭᠲᠠᠭᠠᠬᠤ ᠶᠢ ᠬᠠᠷᠢᠭᠤᠴᠠᠵᠤ᠂ ᠲᠣᠣᠷ ᠰᠦᠯᠵᠢᠶᠡᠨ ᠤ ᠶᠠᠯᠠᠲᠤ ᠬᠡᠷᠡᠭ ᠤᠨ ᠭᠡᠷᠡᠴᠢ ᠪᠠᠷᠢᠮᠲᠠ ᠶᠢ ᠬᠠᠩᠭᠠᠵᠤ᠂ ᠮᠡᠳᠡᠭᠡ ᠵᠠᠩᠭᠢ ᠶᠢᠨ ᠰᠦᠯᠵᠢᠶᠡᠨ ᠤ ᠶᠠᠯᠠᠲᠤ ᠠᠵᠢᠯᠯᠠᠭ᠎ᠠ ᠳᠤ ᠬᠠᠤᠯᠢ ᠶᠣᠰᠣᠭᠠᠷ ᠴᠣᠬᠢᠯᠲᠠ ᠥᠭᠭᠦᠨ᠎ᠡ᠃︵ᠨᠠᠶᠮᠠ︶ ᠬᠢᠯᠢ ᠪᠠᠷ ᠭᠠᠷᠴᠤ ᠣᠷᠣᠬᠤ ᠶᠢ ᠬᠠᠮᠢᠶᠠᠷᠬᠤ ᠭᠠᠵᠠᠷ᠃ ᠪᠦᠬᠦ ᠬᠤᠲᠠ ᠶᠢᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠬᠢᠯᠢ ᠪᠠᠷ ᠣᠷᠣᠵᠤ ᠭᠠᠷᠬᠤ ᠬᠠᠮᠢᠶᠠᠷᠤᠯᠲᠠ ᠶᠢᠨ ᠠᠵᠢᠯ ᠢ ᠵᠢᠯᠣᠭᠤᠳᠴᠤ᠂ ᠬᠢᠨᠠᠯᠲᠠ ᠲᠠᠯᠪᠢᠨ᠎ᠠ︔ ᠡᠩ ᠤᠨ ᠫᠠᠰᠫᠣᠷᠲ ᠲᠠᠢ ᠭᠠᠳᠠᠭᠠᠳᠤ ᠶᠢᠨ ᠬᠥᠮᠦᠨ ᠪᠠ ᠳᠤᠮᠳᠠᠳᠤ ᠤᠯᠤᠰ ᠤᠨ ᠠᠷᠠᠳ ᠢᠷᠭᠡᠨ ᠤ ᠬᠢᠯᠢ ᠪᠠᠷ ᠣᠷᠣᠵᠤ ᠭᠠᠷᠬᠤ ᠬᠠᠮᠢᠶᠠᠷᠤᠯᠲᠠ ᠵᠢᠴᠢ ᠬᠢᠯᠢ ᠪᠠᠷ ᠣᠷᠣᠵᠤ ᠭᠠᠷᠬᠤ ᠬᠠᠮᠢᠶᠠᠷᠤᠯᠲᠠ ᠶᠢᠨ ᠬᠠᠤᠯᠢ ᠴᠠᠭᠠᠵᠠ᠂ ᠬᠠᠤᠯᠢ ᠲᠣᠭᠲᠠᠭᠠᠯ  ᠠᠴᠠ ᠵᠥᠷᠢᠴᠡᠭᠰᠡᠨ ᠬᠡᠷᠡᠭ ᠢ ᠪᠠᠶᠢᠴᠠᠭᠠᠨ ᠰᠢᠶᠳᠪᠦᠷᠢᠯᠡᠬᠦ ᠠᠵᠢᠯ ᠢ ᠵᠢᠯᠣᠭᠤᠳᠬᠤ ᠪᠠ ᠬᠢᠨᠠᠯᠲᠠ ᠲᠠᠯᠪᠢᠨ᠎ᠠ︔ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠪᠠᠷ ᠭᠠᠳᠠᠭᠠᠳᠤ ᠶᠢᠨ ᠬᠥᠮᠦᠨ ᠳᠤ ᠨᠡᠭᠡᠭᠡᠯᠲᠡ ᠬᠢᠬᠦ ᠭᠠᠵᠠᠷ ᠣᠷᠣᠨ ᠤ ᠬᠢᠨᠠᠨ ᠬᠠᠷᠭᠤᠭᠤᠯᠬᠤ ᠠᠵᠢᠯ ᠢ ᠳᠠᠭᠠᠭᠠᠨ ᠬᠢᠵᠦ᠂ ᠬᠤᠲᠠ ᠶᠢᠨ ᠬᠠᠷᠢᠶ᠎ᠠ ᠲᠠᠢ ᠠᠷᠠᠳ ᠢᠷᠭᠡᠳ ᠤᠨ ᠬᠤᠪᠢ ᠶᠢᠨ ᠶᠠᠪᠤᠳᠠᠯ ᠢᠶᠠᠷ ᠬᠢᠯᠢ ᠪᠠᠷ ᠣᠷᠣᠵᠤ ᠭᠠᠷᠬᠤ᠂ ᠰᠢᠶᠠᠩᠭᠠᠩ᠂ ᠣᠣᠮᠧᠨ᠂ ᠲᠠᠶᠢᠸᠠᠨ ᠣᠷᠣᠨ ᠢᠶᠠᠷ ᠣᠷᠣᠵᠤ ᠭᠠᠷᠬᠤ ᠬᠠᠮᠢᠶᠠᠷᠤᠯᠲᠠ ᠶᠢᠨ ᠠᠵᠢᠯ᠂ ᠳᠤᠮᠳᠠᠳᠤ ᠤᠯᠤᠰ ᠤᠨ ᠤᠯᠤᠰ ᠤᠨ ᠬᠠᠷᠢᠶ᠎ᠠ ᠳᠤ ᠣᠷᠣᠬᠤ᠂ ᠭᠠᠷᠬᠤ᠂ ᠰᠡᠷᠭᠦᠭᠡᠬᠦ ᠶᠠᠪᠤᠳᠠᠯ ᠢ ᠭᠥᠯᠢᠶᠡᠨ ᠠᠪᠴᠤ ᠰᠢᠶᠳᠪᠦᠷᠢᠯᠡᠬᠦ᠂ ᠮᠡᠳᠡᠭᠦᠯᠦᠨ ᠵᠥᠪᠰᠢᠶᠡᠷᠡᠭᠦᠯᠬᠦ ᠢ ᠵᠢᠯᠣᠭᠤᠳᠤᠨ᠎ᠠ︔︵ᠶᠢᠰᠦ︶ ᠤᠯᠤᠰ ᠤᠨ ᠳᠣᠲᠣᠭᠠᠳᠤ ᠶᠢᠨ ᠠᠮᠤᠷ ᠢ ᠬᠠᠮᠠᠭᠠᠯᠠᠬᠤ ᠰᠠᠯᠪᠤᠷᠢ ᠠᠩᠭᠢ᠃ ᠤᠯᠤᠰ ᠤᠨ ᠳᠣᠲᠣᠭᠠᠳᠤ ᠶᠢᠨ ᠠᠮᠤᠷ ᠲᠦᠪᠰᠢᠨ ᠢ ᠨᠥᠯᠥᠭᠡᠯᠡᠬᠦ ᠬᠥᠳᠡᠯᠦᠯ ᠪᠠᠶᠢᠳᠠᠯ ᠢ ᠴᠤᠭᠯᠠᠭᠤᠯᠤᠨ ᠡᠵᠡᠮᠰᠢᠵᠦ᠂ ᠲᠦᠷᠦ ᠶᠢᠨ ᠪᠤᠳᠤᠯᠭ᠎ᠠ ᠶᠢ ᠰᠤᠳᠤᠯᠤᠨ ᠲᠤᠭᠤᠷᠪᠢᠨ ᠲᠣᠭᠲᠠᠭᠠᠵᠤ᠂ ᠤᠯᠤᠰ ᠤᠨ ᠠᠮᠤᠷ ᠲᠦᠪᠰᠢᠨ ᠳᠤ ᠬᠤᠣᠷ ᠬᠥᠨᠥᠭᠡᠯ ᠤᠴᠠᠷᠠᠭᠤᠯᠤᠭᠰᠠᠨ ᠬᠡᠷᠡᠭ ᠪᠠ ᠬᠡᠷᠡᠭ ᠢ ᠰᠢᠢᠳᠪᠦᠷᠢᠯᠡᠬᠦ ᠠᠵᠢᠯ ᠢ ᠵᠣᠬᠢᠶᠠᠨ‌‍ᠪᠠᠶᠢᠭᠤᠯᠬᠤ᠂ ᠵᠢᠯᠤᠭᠤᠳᠬᠤ᠂ ᠬᠢᠨᠠᠯᠲᠠ ᠲᠠᠯᠪᠢᠬᠤ᠂ ᠨᠢᠭᠤᠴᠠ ᠮᠡᠳᠡᠭᠡ ᠵᠠᠩᠭᠢ ᠶᠢ ᠳᠡᠭᠡᠭᠰᠢ ᠮᠡᠳᠡᠭᠦᠯᠬᠦ᠂ ᠵᠠᠷᠯᠠᠨ ᠮᠡᠳᠡᠭᠳᠡᠬᠦ᠂ ᠰᠣᠯᠢᠯᠴᠠᠬᠤ ᠪᠠ ᠬᠠᠮᠵᠢᠯᠴᠠᠬᠤ ᠵᠦᠢᠯᠡᠰ ᠢ ᠬᠠᠷᠢᠭᠤᠴᠠᠨ᠎ᠠ︔ ᠨᠢᠭᠤᠴᠠ ᠠᠵᠢᠯ ᠢ ᠮᠡᠷᠭᠡᠵᠢᠭᠦᠯᠭᠦ᠂ ᠨᠡᠶᠢᠭᠡᠮᠴᠢᠯᠡᠬᠦ ᠪᠠᠶᠢᠭᠤᠯᠤᠯᠲᠠ ᠶᠢ ᠵᠢᠯᠣᠭᠤᠳᠤᠨ᠎ᠠ︔ ᠳᠡᠭᠡᠳᠦ ᠱᠠᠲᠤᠨ ᠤ ᠳᠠᠭᠠᠭᠠᠯᠭᠠᠭᠰᠠᠨ ᠬᠡᠷᠡᠭ ᠪᠠ ᠬᠤᠯᠪᠣᠭᠳᠠᠯ ᠪᠦᠬᠦᠢ ᠶᠠᠪᠤᠳᠠᠯ ᠤᠳ ᠢ ᠳᠠᠭᠠᠭᠠᠨ ᠠᠪᠴᠤ ᠰᠢᠢᠳᠪᠦᠷᠢᠯᠡᠨ᠎ᠡ᠃︵ᠠᠷᠪᠠ︶ ᠠᠵᠤ ᠠᠬᠤᠶ ᠶᠢᠨ ᠶᠠᠯᠠᠲᠤ ᠠᠵᠢᠯᠯᠠᠭ᠎ᠠ ᠶᠢ ᠴᠠᠭᠳᠠᠨ ᠪᠠᠶᠢᠴᠠᠭᠠᠬᠤ ᠰᠠᠯᠪᠤᠷᠢ ᠠᠩᠭᠢ᠃ ᠪᠦᠬᠦ ᠬᠤᠲᠠ ᠶᠢᠨ ᠠᠵᠤ ᠠᠬᠤᠢ ᠶᠢᠨ ᠶᠠᠯᠠᠲᠤ ᠠᠵᠢᠯᠯᠠᠭ᠎ᠠ  ᠶᠢᠨ ᠬᠥᠳᠡᠯᠦᠯ ᠪᠠᠶᠢᠳᠠᠯ ᠢ ᠡᠵᠡᠮᠰᠢᠵᠤ᠂ ᠠᠵᠤ ᠠᠬᠤᠶ ᠶᠢᠨ ᠶᠠᠯᠠᠲᠤ ᠠᠵᠢᠯᠯᠠᠭ᠎ᠠ ᠶᠢᠨ ᠪᠠᠶᠢᠳᠠᠯ ᠢ ᠵᠠᠳᠠᠯᠤᠨ ᠰᠤᠳᠤᠯᠵᠤ᠂ ᠤᠷᠢᠳᠴᠢᠯᠠᠨ ᠰᠡᠷᠭᠡᠶᠢᠯᠡᠬᠦ᠂ ᠴᠣᠬᠢᠯᠲᠠ ᠥᠭᠬᠦ ᠠᠷᠭ᠎ᠠ ᠪᠣᠳᠣᠯᠭ᠎ᠠ ᠶᠢ ᠲᠣᠭᠲᠠᠭᠠᠨ᠎ᠠ︔ ᠪᠦᠬᠦ ᠬᠤᠲᠠ ᠶᠢᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠠᠵᠤ ᠠᠬᠤᠢ ᠶᠢᠨ ᠶᠠᠯᠠᠲᠤ ᠬᠡᠷᠡᠭ ᠢ ᠴᠠᠭᠳᠠᠨ ᠪᠠᠶᠢᠴᠠᠭᠠᠬᠤ ᠠᠵᠢᠯ ᠢ ᠵᠣᠬᠢᠶᠠᠨ ᠪᠠᠶᠢᠭᠤᠯᠤᠨ ᠵᠢᠯᠣᠭᠤᠳᠴᠤ᠂ ᠬᠢᠨᠠᠯᠲᠠ ᠲᠠᠯᠪᠢᠨ᠎ᠠ︔ ᠬᠤᠳᠠ ᠶᠢᠨ ᠳᠤᠳᠤᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠬᠠᠷᠢᠶᠠᠨ  ᠳᠠᠬᠢ ᠬᠡᠷᠡᠭ ᠢ ᠴᠠᠭᠳᠠᠨ ᠪᠠᠶᠢᠴᠠᠭᠠᠨ᠎ᠠ︔ ᠳᠡᠭᠡᠳᠦ ᠱᠠᠲᠤᠨ ᠤ ᠲᠤᠰᠢᠶᠠᠨ ᠰᠢᠳᠬᠡᠭᠦᠯᠦᠭᠰᠡᠨ ᠬᠡᠷᠡᠭ ᠢ ᠳᠠᠭᠠᠭᠠᠨ ᠰᠢᠳᠭᠡᠨ᠎ᠡ᠃︵ᠠᠷᠪᠠᠨ ᠨᠢᠭᠡ︶ ᠠᠮᠤᠷ ᠢ ᠬᠠᠮᠠᠭᠠᠯᠠᠬᠤ ᠰᠠᠯᠪᠤᠷᠢ ᠠᠩᠭᠢ᠃ ᠪᠦᠬᠦ ᠬᠤᠲᠠ ᠶᠢᠨ ᠠᠮᠤᠷ ᠢ ᠬᠠᠮᠠᠭᠠᠯᠠᠬᠤ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ︔ ᠪᠦᠬᠦ ᠬᠤᠲᠠ ᠶᠢᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠨᠡᠶᠢᠭᠡᠮ ᠤᠨ ᠠᠮᠤᠷ ᠲᠦᠪᠰᠢᠨ ᠤ ᠡᠮᠬᠢ ᠳᠢᠭᠯᠢᠮ ᠳᠤ ᠬᠤᠣᠷ ᠬᠥᠨᠥᠭᠡᠯ ᠤᠴᠠᠷᠠᠭᠤᠯᠤᠭᠰᠠᠨ ᠠᠵᠢᠯᠯᠠᠭ᠎ᠠ ᠶᠢ ᠬᠠᠤᠯᠢ ᠶᠣᠰᠣᠭᠠᠷ ᠪᠠᠶᠢᠴᠠᠭᠠᠨ ᠰᠢᠢᠳᠪᠦᠷᠢᠯᠡᠬᠦ ᠶᠢ ᠵᠢᠯᠣᠭᠤᠳᠤᠨ ᠬᠢᠨᠠᠯᠲᠠ ᠲᠠᠯᠪᠢᠨ᠎ᠠ︔ ᠫᠤᠤ ᠵᠡᠪᠰᠡᠭ᠂ ᠳᠠᠷᠢ ᠰᠤᠮᠤ᠂ ᠠᠶᠤᠯᠲᠠᠶ ᠪᠣᠳᠠᠰ᠂ ᠴᠥᠮ᠎ᠡ ᠶᠢᠨ ᠮᠠᠲ᠋ᠧᠷᠢᠶᠠᠯ ᠢ ᠬᠠᠮᠠᠭᠠᠯᠠᠬᠤ ᠪᠠ ᠣᠨᠴᠠ ᠲᠥᠷᠥᠯ ᠤᠨ ᠠᠵᠢᠯ ᠲᠥᠷᠥᠯ ᠤᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ︔ ᠲᠣᠭᠤᠷᠢᠨ ᠴᠠᠭᠳᠠᠬᠤ᠂ ᠬᠦᠴᠦᠷᠬᠡᠭᠯᠡᠯ ᠢ ᠰᠡᠷᠭᠡᠶᠢᠯᠡᠬᠦ ᠠᠵᠢᠯ ᠢ ᠵᠢᠯᠤᠭᠤᠳᠴᠤ᠂ ᠳᠡᠯᠪᠡᠷᠡᠯᠲᠡ ᠶᠢ ᠨᠡᠩᠵᠢᠬᠦ᠂ ᠠᠮᠤᠷ ᠲᠦᠪᠰᠢᠨ ᠤ ᠪᠠᠶᠢᠴᠠᠭᠠᠯᠲᠠ ᠶᠢᠨ ᠠᠵᠢᠯ ᠢ ᠬᠠᠷᠢᠭᠤᠴᠠᠨ᠎ᠠ︔ ᠪᠦᠬᠦ ᠬᠤᠲᠠ ᠶᠢᠨ ᠠᠯᠪᠠᠨ ᠪᠠᠶᠢᠭᠤᠯᠭ᠎ᠠ᠂ ᠨᠡᠶᠢᠭᠡᠮ ᠤᠨ ᠪᠦᠯᠬᠦᠮ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ᠂ ᠭᠤᠣᠯᠳᠠᠯᠭ᠎ᠠ ᠲᠠᠢ ᠪᠦᠲᠦᠭᠡᠨ ᠪᠠᠶᠢᠭᠤᠯᠤᠯᠳᠠ ᠶᠢᠨ ᠢᠨᠵᠧᠨᠧᠷᠢᠩ ᠪᠠ ᠲᠣᠮᠣ ᠬᠡᠯᠪᠡᠷᠢ ᠶᠢᠨ ᠠᠵᠢᠯᠯᠠᠭᠠᠨ ᠤ ᠠᠮᠤᠷ ᠢ ᠬᠠᠮᠠᠭᠠᠯᠠᠬᠤ ᠠᠵᠢᠯ ᠢ ᠵᠢᠯᠣᠭᠤᠳᠤᠨ ᠬᠢᠨᠠᠯᠲᠠ ᠲᠠᠯᠪᠢᠨ᠎ᠠ︔ ᠠᠮᠤᠷ ᠢ ᠬᠠᠮᠠᠭᠠᠯᠠᠬᠤ ᠵᠤᠬᠢᠶᠠᠨ ᠪᠠᠶᠢᠭᠤᠯᠤᠯᠳᠠ ᠶᠢ ᠬᠠᠮᠢᠶᠠᠷᠤᠨ᠎ᠠ︔ ᠬᠤᠲᠠ ᠶᠢᠨ ᠲᠤᠳᠤᠭᠠᠳᠤ ᠶᠢ ᠬᠠᠮᠠᠭᠠᠯᠠᠬᠤ ᠲᠣᠪᠴᠢᠶᠠᠨ ᠤ ᠬᠠᠷᠢᠶᠠᠨ ᠳᠠᠬᠢ ᠠᠮᠤᠷ ᠢ ᠬᠠᠮᠠᠭᠠᠯᠠᠬᠤ ᠬᠡᠷᠡᠭ ᠢ ᠪᠠᠶᠢᠴᠠᠭᠠᠨ ᠰᠢᠶᠳᠪᠦᠷᠢᠯᠡᠨ᠎ᠡ︔ ᠡᠷᠦᠬᠡ ᠠᠮᠠ ᠶᠢᠨ ᠬᠠᠮᠢᠶᠠᠷᠤᠯᠲᠠ ᠶᠢᠨ ᠲᠥᠷᠥ ᠶᠢᠨ ᠪᠣᠳᠣᠯᠭ᠎ᠠ᠂ ᠲᠣᠭᠲᠠᠭᠠᠯ  ᠢ ᠰᠤᠳᠤᠯᠤᠨ ᠲᠣᠭᠲᠠᠭᠠᠵᠤ ᠂ ᠦᠨᠳᠦᠰᠦᠨ ᠱᠠᠲᠤᠨ ᠤ ᠰᠠᠭᠤᠷᠢ ᠠᠵᠢᠯ ᠢ ᠵᠢᠯᠣᠭᠤᠳᠤᠨ ᠵᠣᠬᠢᠴᠠᠭᠤᠯᠤᠨ᠎ᠠ︔ ᠪᠦᠬᠦ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠮᠢᠯᠠᠭᠰᠠᠨ ᠰᠠᠯᠪᠤᠷᠢ ᠶᠢᠨ ᠵᠢᠷᠤᠮᠵᠢᠭᠰᠠᠨ ᠬᠠᠮᠢᠶᠠᠷᠤᠯᠲᠠ ᠪᠠ ᠪᠦᠲᠦᠭᠡᠨ ᠪᠠᠶᠢᠭᠤᠯᠤᠯᠲᠠ ᠶᠢᠨ ᠠᠵᠢᠯ ᠢ ᠵᠢᠯᠣᠭᠤᠳᠤᠨ᠎ᠠ︔ ᠡᠷᠦᠬᠡ ᠠᠮᠠ᠂ ᠰᠠᠭᠤᠭᠠᠯᠢ ᠠᠷᠠᠳ ᠤᠨ ᠪᠡᠶ᠎ᠡ ᠶᠢᠨ ᠦᠨᠡᠮᠯᠡᠯ ᠪᠣᠯᠤᠨ ᠪᠠᠶᠢᠩᠭᠤ ᠰᠠᠭᠤᠭ᠎ᠠ ᠬᠥᠮᠦᠨ ᠠᠮᠠ᠂ ᠨᠡᠭᠦᠳᠡᠯ ᠬᠥᠮᠦᠨ ᠠᠮᠠ᠂ ᠭᠤᠤᠯᠳᠠᠯᠭ᠎ᠠ ᠲᠠᠢ ᠬᠥᠮᠦᠨ ᠠᠮᠠ ᠶᠢᠨ ᠬᠠᠮᠢᠶᠠᠷᠤᠯᠲᠠ ᠶᠢᠨ ᠠᠵᠢᠯ ᠢ ᠵᠢᠯᠣᠭᠤᠳᠤᠨ᠂ ᠬᠢᠨᠠᠯᠲᠠ ᠲᠠᠯᠪᠢᠨ᠎ᠠ︔ ᠬᠥᠮᠦᠨ ᠠᠮᠠ ᠶᠢᠨ ᠪᠦᠷᠢᠳᠬᠡᠯ᠂ ᠵᠠᠳᠠᠯᠤᠯᠲᠠ ᠶᠢᠨ ᠰᠤᠳᠤᠯᠭᠠᠨ ᠢ ᠥᠷᠨᠢᠭᠦᠯᠦᠨ᠎ᠡ︔ ᠬᠤᠯᠪᠣᠭᠳᠠᠯ ᠪᠦᠬᠦᠢ ᠰᠠᠯᠠᠭ᠎ᠠ ᠮᠥᠴᠢᠷ ᠢ ᠬᠠᠮᠵᠢᠨ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠶᠢᠨ ᠠᠵᠢᠯ ᠢ ᠥᠷᠨᠢᠭᠦᠯᠦᠨ᠎ᠡ᠃︵ᠠᠷᠪᠠᠨ ᠬᠤᠶᠠᠷ︶ ᠡᠷᠡᠭᠦᠦ ᠶᠢᠨ ᠬᠡᠷᠡᠭ ᠢ ᠴᠠᠭᠳᠠᠨ ᠪᠠᠶᠢᠴᠠᠭᠠᠬᠤ ᠰᠠᠯᠪᠤᠷᠢ ᠠᠩᠭᠢ᠃ ᠪᠦᠬᠦ ᠬᠤᠲᠠ ᠶᠢᠨ ᠡᠷᠡᠭᠦᠦ ᠶᠢᠨ ᠶᠠᠯᠠᠲᠤ ᠬᠡᠷᠡᠭ ᠤᠨ ᠪᠠᠶᠢᠳᠠᠯ ᠢ ᠡᠵᠡᠮᠰᠢᠵᠦ᠂ ᠡᠷᠡᠭᠦᠦ ᠶᠢᠨ ᠶᠠᠯᠠᠲᠤ ᠬᠡᠷᠡᠭ ᠤᠨ ᠮᠡᠳᠡᠭᠡ ᠵᠠᠩᠭᠢ ᠶᠢ ᠴᠤᠭᠯᠠᠭᠤᠯᠵᠤ᠂ ᠮᠡᠳᠡᠭᠳᠡᠵᠦ᠂ ᠰᠣᠯᠢᠯᠴᠠᠵᠤ᠂ ᠲᠡᠭᠦᠨ ᠤ ᠵᠢᠮ᠎ᠡ ᠶᠣᠰᠣ ᠪᠠ ᠣᠨᠴᠠᠯᠢᠭ ᠢ ᠵᠠᠳᠠᠯᠤᠨ ᠰᠤᠳᠤᠯᠵᠤ᠂ ᠤᠷᠢᠳᠴᠢᠯᠠᠨ ᠰᠡᠷᠭᠡᠶᠢᠯᠡᠬᠦᠤ᠋᠂ ᠴᠣᠬᠢᠯᠲᠠ ᠥᠭᠬᠦ ᠠᠷᠭ᠎ᠠ ᠪᠣᠳᠣᠯᠭ᠎ᠠ ᠶᠢ ᠰᠤᠳᠤᠯᠤᠨ ᠲᠣᠭᠲᠠᠭᠠᠨ᠎ᠠ︔ ᠪᠦᠬᠦ ᠬᠤᠲᠠ ᠶᠢᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠡᠷᠡᠭᠦᠦ ᠶᠢᠨ ᠬᠡᠷᠡᠭ ᠤᠨ ᠶᠠᠯᠠᠲᠤ ᠠᠵᠢᠯᠯᠠᠭ᠎ᠠ ᠳᠤ ᠴᠣᠬᠢᠯᠲᠠ ᠥᠭᠬᠦ ᠠᠵᠢᠯ ᠢ ᠵᠣᠬᠢᠶᠠᠨ ᠪᠠᠶᠢᠭᠤᠯᠵᠤ᠂ ᠵᠢᠯᠣᠭᠤᠳᠴᠤ᠂ ᠬᠢᠨᠠᠯᠲᠠ ᠲᠠᠯᠪᠢᠨ᠎ᠠ︔ ᠳᠡᠭᠡᠷ᠎ᠡ ᠱᠠᠲᠤᠨ ᠤ ᠲᠤᠰᠢᠶᠠᠭᠰᠠᠨ ᠬᠡᠷᠡᠭ ᠢ ᠳᠠᠭᠠᠭᠠᠨ ᠰᠢᠢᠳᠪᠦᠷᠢᠯᠡᠵᠦ᠂ ᠪᠦᠬᠦ ᠬᠤᠲᠠ ᠶᠢᠨ ᠡᠷᠡᠭᠦᠦ ᠶᠢᠨ ᠬᠡᠷᠡᠭ ᠢ ᠴᠠᠭᠳᠠᠨ ᠪᠠᠶᠢᠴᠠᠭᠠᠬᠤ ᠰᠠᠭᠤᠷᠢ ᠠᠵᠢᠯ ᠢ ᠵᠢᠯᠣᠭᠤᠳᠤᠨ᠎ᠠ︔ ᠬᠦᠨᠳᠦ ᠶᠡᠭᠡ ᠬᠦᠴᠢᠷ ᠲᠦᠪᠡᠭᠲᠡᠶ ᠡᠷᠡᠭᠦᠦ ᠶᠢᠨ ᠬᠡᠷᠡᠭ ᠲᠤ ᠮᠡᠷᠭᠡᠵᠢᠯ ᠤᠨ ᠲᠤᠰᠠᠯᠠᠮᠵᠢ ᠬᠠᠩᠭᠠᠨ᠎ᠠ︔ ᠬᠤᠲᠠ ᠶᠢᠨ ᠲᠤᠳᠤᠭᠠᠳᠤ ᠶᠢ ᠬᠠᠮᠠᠭᠠᠯᠠᠬᠤ ᠲᠣᠪᠴᠢᠶᠠᠨ ᠤ ᠬᠠᠷᠢᠶᠠᠯᠠᠯ ᠳᠠᠬᠢ ᠬᠡᠷᠡᠭ᠂ ᠭᠠᠵᠠᠷ ᠣᠷᠣᠨ ᠠᠯᠤᠰᠯᠠᠭᠰᠠᠨ ᠬᠡᠷᠡᠭ ᠢ ᠲᠠᠩᠨᠠᠨ ᠢᠯᠡᠷᠡᠭᠦᠯᠬᠦ ᠪᠠ ᠴᠢᠬᠤᠯᠠ ᠬᠡᠷᠡᠭ ᠤᠨ ᠶᠠᠯᠠᠲᠠᠨ ᠢ ᠨᠡᠬᠡᠮᠵᠢᠯᠡᠨ ᠪᠠᠷᠢᠪᠴᠢᠯᠠᠬᠤ ᠠᠵᠢᠯ ᠢ ᠵᠣᠬᠢᠶᠠᠨ ᠪᠠᠶᠢᠭᠤᠯᠬᠤ ᠪᠤᠶᠤ ᠰᠢᠭᠤᠳ ᠰᠢᠶᠳᠪᠦᠷᠢᠯᠡᠨ᠎ᠡ᠃︵ᠠᠷᠪᠠᠨ ᠭᠤᠷᠪᠠ︶ ᠮᠡᠷᠭᠡᠵᠢᠯ ᠤᠨ ᠴᠠᠭᠳᠠᠨ ᠪᠠᠶᠢᠴᠠᠭᠠᠬᠤ ᠰᠠᠯᠪᠤᠷᠢ ᠠᠩᠭᠢ᠃ ᠳᠣᠲᠣᠭᠠᠳᠤ ᠶᠢ ᠬᠠᠮᠠᠭᠠᠯᠠᠬᠤ ᠶᠠᠮᠤᠨ᠂ ᠳᠣᠲᠣᠭᠠᠳᠤ ᠶᠢ ᠬᠠᠮᠠᠭᠠᠯᠠᠬᠤ ᠲᠢᠩᠬᠢᠮ  ᠤᠨ ᠮᠡᠷᠭᠡᠵᠢᠯ ᠤᠨ ᠠᠵᠢᠯ ᠤᠨ ᠳᠦᠷᠢᠮ ᠲᠣᠭᠲᠠᠭᠠᠯ ᠢ ᠲᠤᠤᠱᠯᠠᠭᠤᠯᠤᠨ ᠬᠡᠷᠡᠭᠵᠢᠭᠦᠯᠵᠦ᠂ ᠪᠦᠬᠦ ᠬᠤᠲᠠ ᠶᠢᠨ ᠮᠡᠷᠭᠡᠵᠢᠯ ᠤᠨ ᠠᠵᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ︔ ᠤᠯᠤᠰ ᠤᠨ ᠳᠣᠲᠣᠭᠠᠳᠤ ᠶᠢᠨ ᠠᠮᠤᠷ ᠲᠦᠪᠰᠢᠨ ᠪᠠ ᠨᠡᠶᠢᠭᠡᠮ ᠤᠨ ᠠᠮᠤᠷ ᠲᠦᠪᠰᠢᠨ ᠳᠤ ᠬᠤᠤᠷ ᠬᠥᠨᠥᠭᠡᠯ ᠤᠴᠠᠷᠠᠭᠤᠯᠬᠤ ᠮᠡᠳᠡᠭᠡ ᠵᠠᠩᠭᠢ ᠪᠠ ᠬᠦᠨᠳᠦ ᠶᠡᠭᠡ ᠬᠡᠷᠡᠭ ᠤᠨ ᠰᠦᠪᠡᠭᠴᠢ ᠶᠢ ᠴᠤᠭᠯᠠᠭᠤᠯᠤᠨ᠎ᠠ︔ ᠪᠦᠬᠦ ᠬᠤᠲᠠ ᠶᠢᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠬᠡᠷᠡᠭ ᠰᠢᠢᠳᠪᠦᠷᠢᠯᠡᠬᠦ ᠮᠡᠷᠭᠡᠵᠢᠯ ᠤᠨ ᠠᠵᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ︵ᠠᠷᠪᠠᠨ ᠳᠥᠷᠪᠡ︶ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠰᠠᠯᠪᠤᠷᠢ ᠠᠩᠭᠢ᠃ ᠪᠦᠬᠦ ᠬᠤᠲᠠ ᠶᠢᠨ ᠵᠠᠮ ᠬᠠᠷᠢᠯᠴᠠᠭᠠᠨ ᠤ ᠠᠮᠤᠷ ᠲᠦᠪᠰᠢᠨ ᠤ ᠬᠠᠮᠢᠶᠠᠷᠤᠯᠲᠠ ᠶᠢᠨ ᠲᠥᠷᠥ ᠶᠢᠨ ᠪᠣᠳᠣᠯᠭ᠎ᠠ᠂ ᠬᠠᠤᠯᠢ ᠲᠣᠭᠲᠠᠭᠠᠯ᠂ ᠳᠦᠷᠢᠮ ᠲᠣᠭᠲᠠᠭᠠᠯ  ᠢ ᠰᠤᠳᠤᠯᠤᠨ ᠲᠣᠭᠲᠠᠭᠠᠨ᠎ᠠ︔ ᠵᠠᠮ ᠬᠠᠷᠢᠯᠴᠠᠭᠠᠨ ᠤ ᠬᠠᠤᠯᠢ ᠠᠴᠠ ᠵᠥᠷᠢᠴᠡᠭᠰᠡᠨ ᠠᠵᠢᠯᠯᠠᠭ᠎ᠠ ᠪᠣᠯᠤᠨ ᠵᠠᠮ ᠬᠠᠷᠢᠯᠴᠠᠭᠠᠨ ᠤ ᠠᠳᠡᠯ ᠢ ᠬᠠᠤᠯᠢ ᠶᠣᠰᠣᠭᠠᠷ ᠪᠠᠶᠢᠴᠠᠭᠠᠨ ᠰᠢᠶᠳᠪᠦᠷᠢᠯᠡᠬᠦ ᠶᠢ ᠵᠢᠯᠣᠭᠤᠳᠤᠨ᠂ ᠬᠢᠨᠠᠯᠲᠠ ᠲᠠᠯᠪᠢᠬᠤ ᠪᠠ ᠬᠡᠷᠡᠭᠵᠢᠭᠦᠯᠵᠦ᠂ ᠵᠠᠮ ᠬᠠᠷᠢᠯᠴᠠᠭᠠᠨ ᠤ ᠠᠮᠤᠷ ᠲᠦᠪᠰᠢᠨ ᠤ ᠤᠬᠠᠭᠤᠯᠭ᠎ᠠ ᠬᠥᠮᠦᠵᠢᠯ ᠢ ᠥᠷᠨᠢᠭᠦᠯᠵᠦ᠂ ᠪᠦᠬᠦ ᠬᠤᠲᠠ ᠶᠢᠨ ᠵᠠᠮ ᠬᠠᠷᠢᠯᠴᠠᠭᠠᠨ ᠤ ᠡᠮᠬᠢ ᠳᠢᠭᠯᠢᠮ ᠪᠣᠯᠤᠨ ᠵᠠᠰᠠᠮᠠᠯ ᠵᠠᠮ ᠤᠨ ᠠᠮᠤᠷ ᠲᠦᠪᠰᠢᠨ ᠤ ᠡᠮᠬᠢ ᠳᠢᠭᠯᠢᠮ ᠢ ᠬᠠᠮᠠᠭᠠᠯᠠᠬᠤ᠂ ᠮᠠᠰᠢᠨ ᠲᠡᠷᠭᠡᠨ ᠤ ᠠᠮᠤᠷ ᠲᠦᠪᠰᠢᠨ ᠢ ᠰᠢᠯᠭᠠᠨ ᠪᠠᠶᠢᠴᠠᠭᠠᠬᠤ᠂ ᠫᠠᠶᠢᠰᠠ ᠦᠨᠡᠮᠯᠡᠯ ᠣᠯᠭᠤᠬᠤ ᠪᠠ ᠵᠢᠯᠣᠭᠤᠴᠢ ᠶᠢ ᠬᠢᠨᠠᠨ ᠰᠢᠯᠭᠠᠬᠤ ᠠᠵᠢᠯ ᠢ ᠵᠣᠬᠢᠶᠠᠨ ᠪᠠᠶᠢᠭᠤᠯᠤᠨ ᠶᠠᠪᠤᠭᠳᠠᠭᠤᠯᠤᠨ᠎ᠠ︔ ᠵᠠᠮ ᠬᠠᠷᠢᠯᠴᠠᠭ᠎ᠠ ᠪᠠ ᠴᠢᠬᠤᠯᠠ ᠲᠥᠬᠦᠭᠡᠷᠦᠮᠵᠢ  ᠶᠢᠨ ᠲᠥᠯᠥᠪᠵᠢᠭᠦᠯᠭᠡ ᠳᠤ ᠣᠷᠣᠯᠴᠠᠨ᠎ᠠ᠃ ︵ᠠᠷᠪᠠᠨ ᠲᠠᠪᠤ︶ ᠬᠤᠤᠷ ᠴᠠᠭᠠᠵᠠᠯᠠᠬᠤ ᠰᠠᠯᠪᠤᠷᠢ ᠠᠩᠭᠢ᠃ ᠪᠦᠬᠦ ᠬᠤᠲᠠ ᠶᠢᠨ ᠬᠤᠣᠷᠲᠤ ᠡᠳ᠋ ᠤᠨ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠶᠢᠨ ᠬᠥᠳᠡᠯᠦᠯ ᠪᠠᠶᠢᠳᠠᠯ ᠢ ᠡᠵᠡᠮᠰᠢᠵᠦ᠂ ᠤᠷᠢᠳᠴᠢᠯᠠᠨ ᠰᠡᠷᠭᠡᠢᠯᠡᠬᠦ᠂ ᠴᠣᠬᠢᠯᠲᠠ ᠥᠭᠬᠦ ᠠᠷᠭ᠎ᠠ ᠪᠣᠳᠣᠯᠭ᠎ᠠ ᠶᠢ ᠰᠤᠳᠤᠯᠤᠨ ᠲᠣᠭᠲᠠᠭᠠᠨ᠎ᠠ︔ ᠪᠦᠬᠦ ᠬᠤᠲᠠ ᠶᠢᠨ ᠬᠤᠤᠷ ᠴᠠᠭᠠᠵᠠᠯᠠᠬᠤ ᠠᠵᠢᠯ ᠪᠠ ᠬᠤᠤᠷᠲᠤ ᠡᠳ᠋ ᠤᠨ ᠶᠠᠯᠠᠲᠤ ᠬᠡᠷᠡᠭ ᠢ ᠪᠠᠶᠢᠴᠠᠭᠠᠬᠤ ᠠᠵᠢᠯ ᠪᠠ ᠮᠢᠨᠴᠦᠭᠦᠷᠡᠭᠦᠯᠬᠦ ᠡᠮ᠂ ᠮᠡᠳᠡᠷᠡᠯ ᠤᠨ ᠡᠮ ᠤᠨ ᠠᠮᠤᠷ ᠲᠦᠪᠰᠢᠨ  ᠤ ᠬᠠᠮᠢᠶᠠᠷᠤᠯᠲᠠ ᠵᠢᠴᠢ ᠬᠤᠤᠷᠲᠤ ᠡᠳ᠋ ᠦᠶᠯᠡᠳᠬᠦ ᠳᠤ ᠠᠮᠠᠷᠬᠠᠨ ᠬᠢᠮᠢ ᠶᠢᠨ ᠪᠣᠳᠠᠰ ᠢ ᠵᠠᠬᠢᠷᠤᠨ ᠬᠠᠮᠢᠶᠠᠷᠬᠤ ᠵᠡᠷᠭᠡ ᠠᠵᠢᠯ ᠢ ᠵᠢᠯᠣᠭᠤᠳᠤᠨ ᠬᠢᠨᠠᠯᠲᠠ ᠲᠠᠯᠪᠢᠨ᠎ᠠ︔ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠬᠤᠣᠷᠲᠤ ᠡᠳ᠋ ᠤᠨ ᠬᠡᠷᠡᠭ ᠢ ᠰᠢᠭᠤᠳ ᠪᠠᠶᠢᠴᠠᠭᠠᠨ᠎ᠠ᠃ ︵ᠠᠷᠪᠠᠨ ᠵᠢᠷᠭᠤᠭ᠎ᠠ︶ ᠬᠠᠤᠯᠢ ᠳᠦᠷᠢᠮ ᠤᠨ ᠰᠠᠯᠪᠤᠷᠢ ᠠᠩᠭᠢ᠃ ᠪᠦᠬᠦ ᠬᠤᠲᠠ ᠶᠢᠨ ᠳᠣᠲᠣᠭᠠᠳᠤ ᠶᠢ ᠬᠠᠮᠠᠭᠠᠯᠠᠬᠤ ᠰᠢᠰᠲ᠋ᠧᠮ ᠤᠨ ᠬᠠᠤᠯᠢ ᠲᠣᠭᠲᠠᠭᠠᠬᠤ ᠲᠥᠯᠥᠪᠯᠡᠭᠡ ᠶᠢ ᠨᠠᠶᠢᠷᠠᠭᠤᠯᠤᠨ ᠵᠣᠬᠢᠶᠠᠵᠤ᠂ ᠬᠤᠲᠠ ᠶᠢᠨ ᠳᠣᠲᠣᠭᠠᠳᠤ ᠶᠢ ᠬᠠᠮᠠᠭᠠᠯᠠᠬᠤ ᠬᠠᠤᠯᠢ ᠲᠣᠭᠲᠠᠭᠠᠯ᠂ ᠳᠦᠷᠢᠮ ᠲᠣᠭᠲᠠᠭᠠᠯ ᠤᠨ ᠲᠥᠰᠦᠯ ᠢ ᠵᠣᠬᠢᠶᠠᠨ ᠪᠠᠶᠢᠭᠤᠯᠤᠨ ᠲᠤᠭᠤᠷᠪᠢᠨ ᠪᠢᠴᠢᠨ᠎ᠡ︔ ᠪᠦᠬᠦ ᠬᠤᠲᠠ ᠶᠢᠨ ᠳᠣᠲᠣᠭᠠᠳᠤ ᠶᠢ ᠬᠠᠮᠠᠭᠠᠯᠠᠬᠤ ᠬᠠᠤᠯᠢ ᠳᠦᠷᠢᠮ  ᠤᠨ ᠤᠬᠠᠭᠤᠯᠭ᠎ᠠ ᠶᠢᠨ ᠠᠵᠢᠯ ᠢ ᠵᠢᠯᠣᠭᠤᠳᠴᠤ᠂ ᠬᠢᠨᠠᠯᠲᠠ ᠲᠠᠯᠪᠢᠨ᠎ᠠ︔ ᠪᠦᠬᠦ ᠬᠤᠲᠠ ᠶᠢᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠬᠠᠤᠯᠢ ᠳᠦᠷᠢᠮ  ᠤᠨ ᠪᠠᠶᠢᠭᠤᠯᠤᠯᠲᠠ ᠪᠠ ᠬᠠᠤᠯᠢ ᠬᠡᠷᠡᠭᠵᠢᠭᠦᠯᠬᠦ ᠠᠵᠢᠯ ᠢ ᠵᠢᠯᠣᠭᠤᠳᠴᠤ᠂ ᠬᠢᠨᠠᠯᠲᠠ ᠲᠠᠯᠪᠢᠨ᠎ᠠ︔ ᠬᠤᠲᠠ ᠶᠢᠨ ᠬᠥᠳᠡᠯᠮᠦᠷᠢ ᠪᠠᠷ ᠵᠠᠰᠠᠨ ᠬᠥᠮᠦᠵᠢᠭᠦᠯᠬᠦ ᠵᠥᠪᠯᠡᠯ ᠤᠨ ᠡᠳᠦᠷ ᠲᠤᠲᠤᠮ ᠤᠨ ᠠᠵᠢᠯ ᠢ ᠵᠢᠯᠣᠭᠤᠳᠴᠤ᠂ ᠬᠢᠨᠠᠯᠲᠠ ᠲᠠᠯᠪᠢᠨ᠎ᠠ︔ ᠪᠦᠬᠦ ᠬᠤᠲᠠ ᠶᠢᠨ ᠳᠣᠲᠣᠭᠠᠳᠤ ᠶᠢ ᠬᠠᠮᠠᠭᠠᠯᠠᠬᠤ ᠪᠠᠢᠭᠤᠯᠭ᠎ᠠ ᠶᠢᠨ ᠵᠠᠰᠠᠭ ᠵᠠᠬᠢᠷᠭᠠᠨ ᠤ ᠳᠠᠬᠢᠨ ᠵᠥᠪᠯᠡᠬᠦ᠂ ᠵᠠᠷᠭᠤ ᠬᠦᠯᠢᠶᠡᠬᠦ᠂ ᠲᠥᠯᠥᠪᠦᠷᠢ ᠥᠭᠬᠦ ᠠᠵᠢᠯ ᠢ ᠵᠢᠯᠣᠭᠤᠳᠤᠨ ᠬᠢᠨᠠᠯᠲᠠ ᠲᠠᠯᠪᠢᠨ᠎ᠠ︔ ᠵᠠᠷᠭᠤ ᠬᠦᠯᠢᠶᠡᠬᠦ᠂ ᠬᠥᠳᠡᠯᠮᠦᠷᠢ ᠪᠠᠷ ᠵᠠᠰᠠᠨ ᠬᠥᠮᠦᠵᠢᠭᠦᠯᠬᠦ ᠶᠢ ᠳᠠᠬᠢᠨ ᠵᠥᠪᠯᠡᠬᠦ ᠪᠠ ᠰᠤᠷᠭᠠᠵᠤ ᠬᠥᠮᠦᠵᠢᠭᠦᠯᠬᠦ ᠶᠢ ᠬᠢᠨᠠᠨ ᠵᠥᠪᠰᠢᠶᠡᠷᠡᠬᠦ ᠠᠵᠢᠯ ᠢ ᠬᠠᠷᠢᠭᠤᠴᠠᠨ᠎ᠠ᠃︵ᠠᠷᠪᠠᠨ ᠳᠣᠯᠤᠭ᠎ᠠ︶ ᠬᠢᠨᠠᠨ ᠬᠠᠮᠢᠶᠠᠷᠬᠤ ᠰᠠᠯᠪᠤᠷᠢ ᠠᠩᠭᠢ᠃ ᠪᠥᠬᠦ ᠬᠤᠲᠠ ᠶᠢᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠬᠤᠷᠢᠭᠤᠯ ᠤᠨ ᠭᠠᠵᠠᠷ᠂ ᠬᠤᠷᠢᠵᠤ ᠬᠥᠳᠡᠯᠮᠦᠷᠢᠯᠡᠭᠦᠯᠬᠦ ᠭᠠᠵᠠᠷ᠂ ᠠᠮᠤᠷ ᠢ ᠬᠠᠮᠠᠭᠠᠯᠠᠬᠤ ᠲᠦᠷ ᠬᠤᠷᠢᠬᠤ ᠭᠠᠵᠠᠷ᠂ ᠠᠯᠪᠠᠳᠠᠯᠭ᠎ᠠ ᠪᠠᠷ ᠬᠤᠤᠷ ᠲᠠᠲᠠᠬᠤ ᠶᠢ ᠵᠣᠭᠰᠣᠭᠠᠬᠤ ᠭᠠᠵᠠᠷ᠂ ᠬᠤᠷᠢᠶᠠᠮᠵᠢᠯᠠᠨ ᠬᠥᠮᠦᠵᠢᠭᠦᠯᠬᠦ ᠭᠠᠵᠠᠷ ᠤᠨ ᠪᠥᠲᠥᠭᠡᠨ ᠪᠠᠶᠢᠭᠤᠯᠤᠯᠲᠠ ᠪᠠ ᠬᠢᠨᠠᠨ ᠬᠠᠮᠢᠶᠠᠷᠴᠤ ᠬᠥᠮᠦᠵᠢᠭᠦᠯᠬᠦ ᠠᠵᠢᠯ ᠢ ᠵᠢᠯᠣᠭᠤᠳᠤᠨ᠎ᠠ︔ ᠬᠤᠯᠪᠣᠭᠳᠠᠯ ᠪᠦᠬᠦᠢ ᠲᠥᠷᠥ ᠶᠢᠨ ᠪᠣᠳᠣᠯᠭ᠎ᠠ ᠪᠣᠯᠤᠨ ᠳᠦᠷᠢᠮ ᠢ ᠰᠤᠳᠤᠯᠤᠨ ᠲᠣᠭᠲᠠᠭᠠᠬᠤ ᠶᠢᠨ ᠬᠠᠮᠲᠤ ᠬᠢᠨᠠᠯᠲᠠ ᠲᠠᠯᠪᠢᠨ ᠨᠠᠶᠢᠳᠠᠪᠤᠷᠢᠵᠢᠭᠤᠯᠤᠨ᠎ᠠ︔ ᠬᠤᠷᠢᠯᠲᠠ ᠶᠢᠨ ᠪᠠᠶᠢᠳᠠᠯ ᠢ ᠡᠵᠡᠮᠰᠢᠵᠦ᠂ ᠬᠤᠷᠢᠶᠠᠮᠵᠢᠯᠠᠨ ᠬᠤᠷᠢᠬᠤ ᠲᠠᠯᠠᠪᠤᠷ ᠤᠨ ᠠᠮᠤᠷ ᠲᠦᠪᠰᠢᠨ ᠤ ᠰᠡᠷᠭᠡᠶᠢᠯᠡᠯᠲᠡ ᠶᠢᠨ ᠠᠵᠢᠯ ᠢ ᠵᠢᠯᠣᠭᠤᠳᠴᠤ᠂ ᠬᠢᠨᠠᠯᠲᠠ ᠲᠠᠯᠪᠢᠨ᠎ᠠ᠃ ᠠᠵᠢᠯᠯᠠᠬᠤ ᠭᠠᠵᠠᠷ᠄ ᠣᠷᠳᠣᠰ ᠬᠤᠲᠠ ᠶᠢᠨ ᠬᠢᠶ᠎ᠠ ᠪᠠᠭᠰᠢ ᠲᠣᠭᠤᠷᠢᠭ ᠤᠨ ᠣᠷᠳᠣᠰ ᠪᠠᠷᠠᠭᠤᠨ ᠵᠡᠭᠡᠯᠢ ᠶᠢᠨ 9 ᠳ᠋ᠦ᠋ᠭᠡᠷ ᠨᠣᠮᠧᠷ ᠠᠯᠪᠠᠯᠠᠬᠤ ᠤᠲᠠᠰᠤ᠄ 0477 - 8582032 ᠠᠵᠢᠯᠯᠠᠬᠤ ᠴᠠᠭ᠄ 9᠄ 00—12᠄ 00 14᠄ 00—17᠄ 30 ᠰᠢᠦᠳᠠᠨ ᠳ᠋ᠤᠭᠠᠷ᠄ 017010 ᠰᠦᠯᠵᠢᠶᠡᠨ ᠬᠠᠶ᠋ᠢᠭ᠄ http᠄ / / ga . ordos . gov . cn / index . html᠃
ᠢᠷᠡᠯᠲᠡ᠄ ᠤᠷᠳᠤᠰ ᠮᠤᠩᠭᠤᠯ ᠰᠦᠯᠵᠢᠶ᠎ᠡ