ᠬᠤᠳᠠ ᠶᠢᠨ ᠨᠠᠮ ᠤᠨ ᠬᠤᠷᠢᠶ᠎ᠡ ᠶᠢᠨ ᠠᠷᠠᠳ ᠤᠨ ᠲᠦᠯᠤᠬᠡᠯᠡᠭᠴᠢᠳ ᠤᠨ ᠶᠡᠭᠡ ᠬᠤᠷᠠᠯ ᠤᠨ ᠠᠵᠢᠯ ᠤᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2022/6/20
       ᠯᠢ ᠯᠢ ᠬᠤᠷᠠᠯ ᠳᠤ ᠤᠷᠤᠯᠴᠠᠭᠰᠡᠨ ᠤ ᠬᠠᠮᠳᠤ ᠶᠡᠷᠢᠶ᠎ᠡ ᠲᠠᠯᠪᠢᠪᠠ          ᠵᠠᠩ ᠵᠠᠨ ᠯᠢᠨ  ᠭᠤᠤ ᠵᠠᠨ ᠱᠧᠩ ᠬᠤᠷᠠᠯ ᠳᠤ ᠤᠷᠤᠯᠴᠠᠵᠠᠢ         6 ᠰᠠᠷ᠎ᠡ ᠶᠢᠨ14᠎ ᠤ ᠡᠳᠤᠷ ᠤᠨ ᠦᠳᠡ ᠶᠢᠨ ᠡᠮᠤᠨ᠎ᠡ᠂ ᠬᠤᠳᠠ ᠶᠢᠨ ᠨᠠᠮ ᠤᠨ ᠬᠤᠷᠢᠶ᠎ᠠ ᠶᠢᠨ ᠠᠷᠠᠳ ᠤᠨ ᠲᠦᠯᠤᠬᠡᠯᠡᠭᠴᠢᠳ ᠤᠨ ᠶᠡᠭᠡ ᠬᠤᠷᠠᠯ ᠤᠨ ᠠᠵᠢᠯ ᠤᠨ ᠬᠤᠷᠠᠯ ᠬᠢᠶ᠎ᠡ ᠪᠠᠭᠰᠢ ᠲᠤᠭᠤᠷᠢᠭ ᠲᠤ ᠬᠤᠷᠠᠯᠳᠤᠵᠤ᠂ ᠲᠦᠪ ᠪᠤᠯᠤᠨ ᠦᠪᠡᠷᠳᠡᠬᠡᠨ ᠵᠠᠰᠠᠬᠤ ᠤᠷᠤᠨ ᠤ ᠨᠠᠮ ᠎ ᠤᠨ ᠬᠤᠷᠢᠶ᠎ᠠ ᠶᠢᠨ ᠠᠷᠠᠳ ᠤᠨ ᠲᠦᠯᠤᠬᠡᠯᠡᠭᠴᠢᠳ ᠤᠨ ᠶᠡᠭᠡ ᠬᠤᠷᠠᠯ ᠤᠨ ᠠᠵᠢᠯ ᠤᠨ ᠬᠤᠷᠠᠯ ᠤᠨ ᠵᠤᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠤᠳᠤᠬᠠᠨ ᠎ ᠤ ᠪᠠ ᠬᠤᠶᠢᠰᠢᠳᠠ ᠶᠢᠨ ᠬᠡᠰᠡᠭ ᠬᠤᠭᠤᠴᠠᠭᠠᠨ ᠤ ᠮᠠᠨ ᠤ ᠬᠤᠳᠠ ᠶᠢᠨ ᠠᠷᠠᠳ ᠤᠨ ᠲᠦᠯᠤᠬᠡᠯᠡᠭᠴᠢᠳ ᠤᠨ ᠶᠡᠭᠡ ᠬᠤᠷᠠᠯ ᠤᠨ ᠠᠵᠢᠯ ᠢ ᠰᠤᠳᠤᠯᠤᠨ ᠪᠠᠶᠢᠷᠠᠯᠠᠭᠤᠯᠪᠠ᠃ ᠬᠤᠳᠠ ᠶᠢᠨ ᠨᠠᠮ ᠤᠨ ᠬᠤᠷᠢᠶᠠᠨ ᠤ ᠱᠦᠵᠢ ᠯᠢ ᠯᠢ ᠬᠤᠷᠠᠯ ᠳᠤ ᠤᠷᠤᠯᠴᠠᠭᠰᠡᠨ ᠤ ᠬᠠᠮᠳᠤ ᠶᠡᠷᠢᠶ᠎ᠡ ᠲᠠᠯᠪᠢᠪᠡ᠃ 

1.jpg

        ᠬᠤᠳᠠ ᠶᠢᠨ ᠠᠷᠠᠳ ᠤᠨ ᠲᠦᠯᠤᠬᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠵᠠᠩ ᠵᠠᠨ ᠯᠢᠨ᠂ ᠬᠤᠳᠠ ᠶᠢᠨ ᠤᠯᠤᠰ

ᠲᠦᠷᠤ ᠶᠢᠨ ᠵᠦᠪᠯᠡᠯᠬᠡᠨ ᠤ ᠲᠠᠷᠢᠬᠦᠯᠡᠭᠴᠢ ᠭᠤᠤ ᠵᠠᠨ ᠱᠧᠩ ᠬᠤᠷᠠᠯ ᠳᠤ ᠤᠷᠤᠯᠴᠠᠪᠠ᠃ ᠬᠤᠳᠠ ᠶᠢᠨ ᠨᠠᠮ ᠤᠨ ᠬᠤᠷᠢᠶᠠᠨ ᠤ ᠲᠡᠳ᠋ ᠱᠦᠵᠢ᠂ ᠤᠯᠤᠰ ᠲᠦᠷᠤ

ᠬᠠᠤᠯᠢ ᠴᠠᠭᠠᠵᠠ ᠶᠢᠨ ᠬᠤᠷᠢᠶᠠᠨ ᠤ ᠱᠦᠵᠢ᠂ ᠬᠢᠶ᠎ᠡ ᠪᠠᠭᠰᠢ ᠲᠤᠭᠤᠷᠢᠭ ᠤᠨ ᠨᠠᠮ ᠤᠨ ᠬᠤᠷᠢᠶᠠᠨ ᠤ ᠱᠦᠵᠢ ᠰᠢᠩ ᠵᠧᠩ ᠬᠤᠷᠠᠯ ᠢ ᠡᠷᠬᠢᠯᠡᠵᠡᠢ᠃ 

2.jpg

  

       ᠯᠢ ᠯᠢ ᠦᠢᠷ᠎ᠡ ᠶᠢᠨ ᠵᠢᠯ ᠠᠴᠠ ᠨᠠᠭᠠᠰᠢ᠂ ᠪᠦᠬᠦ ᠬᠤᠳᠠ ᠶᠢᠨ ᠱᠠᠳᠤᠨ ᠤ ᠠᠷᠠᠳ ᠤᠨ ᠲᠦᠯᠤᠬᠡᠯᠡᠭᠴᠢᠳ ᠤᠨ ᠶᠡᠭᠡ ᠬᠤᠷᠠᠯ ᠵᠢᠴᠢ ᠪᠠᠶᠢᠩᠭᠤ ᠶᠢᠨ

ᠬᠤᠷᠢᠶᠠᠨ ᠤ ᠬᠢᠨ ᠶᠡᠷᠤᠩᠬᠡᠢ ᠱᠦᠵᠢ ᠰᠢ ᠶᠢᠨ ᠫᠢᠩ ᠤᠨ ᠠᠷᠠᠳ ᠤᠨ ᠲᠦᠯᠤᠬᠡᠯᠡᠭᠴᠢᠳ ᠤᠨ ᠶᠡᠭᠡ ᠬᠤᠷᠠᠯ ᠤᠨ ᠪᠠᠶᠢᠭᠤᠯᠤᠯ ᠢ ᠪᠠᠷᠢᠮᠳᠠᠯᠡᠨ ᠲᠡᠬᠦᠯᠳᠡᠷᠵᠢᠬᠦᠯᠬᠦ

ᠲᠤᠬᠠᠢ ᠴᠢᠬᠤᠯᠠ ᠦᠵᠡᠯ ᠰᠠᠨᠠᠭ᠎ᠠ ᠶᠢ ᠬᠦᠨᠵᠡᠬᠡᠢ ᠰᠤᠷᠤᠯᠴᠠᠨ ᠲᠤᠭᠤᠰᠢᠯᠡᠭᠤᠯᠵᠤ᠂ ᠤᠯᠤᠰ ᠲᠦᠷᠤ ᠶᠢᠨ ᠦᠨᠡᠨᠴᠢ ᠰᠢᠳᠤᠷᠭᠤ ᠶᠢ ᠪᠠᠳᠤ ᠱᠤᠭᠤᠵᠤ᠂ ᠬᠠᠤᠯᠢ

᠎ ᠳᠤ ᠲᠤᠭᠳᠠᠭᠠᠭᠰᠡᠨ ᠲᠤᠰᠢᠶᠠᠯ ᠬᠠᠷᠢᠭᠤᠴᠠᠯᠭ᠎ᠠ ᠪᠠᠨ ᠯᠠᠪᠳᠠᠭᠤᠨ ᠪᠠᠳᠤᠳᠠᠢ ᠬᠦᠢᠴᠡᠳᠬᠡᠨ᠂ ᠲᠦᠯᠤᠬᠡᠯᠡᠭᠴᠢᠳ ᠤᠨ ᠬᠠᠤᠯᠢ ᠶᠤᠰᠤᠭᠠᠷ ᠲᠤᠰᠢᠶᠠᠯ ᠢᠶᠠᠨ

ᠬᠦᠢᠴᠡᠳᠬᠡᠬᠦ ᠶᠢ ᠲᠠᠮᠵᠢᠨ ᠪᠠᠳᠤᠯᠠᠵᠤ᠂ ᠶᠡᠭᠡ ᠬᠡᠮᠵᠢᠶᠠᠨ ᠤ ᠪᠦᠳᠤᠮᠵᠢᠳᠡᠢ ᠠᠵᠢᠯ ᠤᠳ ᠢ ᠬᠢᠵᠤ᠂ ᠮᠠᠨ ᠤ ᠬᠤᠳᠠ ᠶᠢᠨ ᠠᠷᠠᠳᠴᠢᠯᠠᠯ ᠬᠠᠤᠯᠢᠵᠢᠯ ᠤᠨ

ᠪᠠᠶᠢᠭᠤᠯᠤᠯᠳᠠ ᠪᠠ ᠠᠵᠤ ᠠᠬᠤᠢ ᠨᠠᠶᠢᠬᠡᠮ ᠤᠨ ᠬᠦᠭᠵᠢᠯᠳᠠ ᠶᠢ ᠠᠬᠢᠭᠤᠯᠬᠤ ᠳᠤ ᠴᠢᠬᠤᠯᠠ ᠬᠤᠪᠢ ᠨᠡᠮᠡᠷᠢ ᠪᠠᠨ ᠦᠵᠡᠬᠦᠯᠤᠭ᠍ᠰᠡᠨ ᠪᠠᠶᠢᠨ᠎ᠡ ᠬᠡᠵᠤ ᠵᠢᠭᠠᠵᠤ

ᠭᠠᠷᠭᠠᠪᠠ᠃ 

3.jpg

   

        ᠯᠢ ᠯᠢ ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠳᠠᠯᠠᠨ᠂ ᠪᠦᠬᠦ ᠬᠤᠳᠠ ᠶᠢᠨ ᠡᠯ᠎ᠡ ᠱᠠᠳᠤᠨ ᠤ ᠡᠯ᠎ᠡ ᠬᠤᠯᠪᠤᠭᠳᠠᠯ ᠪᠦᠬᠦᠢ ᠰᠠᠯᠠᠭ᠎ᠠ

ᠮᠦᠴᠢᠷ ᠤᠨ ᠬᠢᠨ ᠠᠷᠠᠳ ᠤᠨ ᠲᠦᠯᠤᠬᠡᠯᠡᠭᠴᠢᠳ ᠤᠨ ᠶᠡᠭᠡ ᠬᠤᠷᠠᠯ ᠤᠨ ᠠᠵᠢᠯ ᠳᠠᠬᠢ ᠨᠠᠮ ᠤᠨ ᠤᠳᠤᠷᠢᠳᠤᠯᠭ᠎ᠠ ᠶᠢ ᠪᠠᠷᠢᠮᠳᠠᠯᠠᠬᠤ ᠪᠤᠯ ᠲᠠᠤᠬᠡᠨ ᠵᠠᠶᠢᠯᠠᠰᠢ

ᠦᠬᠡᠢ ᠴᠢᠨᠠᠷ ᠪᠤᠯᠬᠤ ᠶᠢ ᠬᠦᠨᠵᠡᠬᠡᠢ ᠲᠠᠨᠢᠵᠤ᠂《 ᠬᠤᠶᠠᠷ ᠢ ᠲᠤᠭᠳᠠᠭᠠᠬᠤ》᠎ ᠶᠢ ᠡᠷᠡᠰ ᠬᠦᠷᠢᠶᠡᠯᠡᠨ ᠂《 ᠬᠤᠶᠠᠷ ᠢ ᠬᠠᠮᠠᠭᠠᠯᠠᠬᠤ》᠎ ᠶᠢ ᠪᠡᠶᠡᠯᠡᠬᠦᠯᠬᠦ ᠪᠤᠯ

ᠠᠷᠠᠳ ᠤᠨ ᠲᠦᠯᠤᠬᠡᠯᠡᠭᠴᠢᠳ ᠤᠨ ᠶᠡᠭᠡ ᠬᠤᠷᠠᠯ ᠤᠨ ᠠᠵᠢᠯ ᠢ ᠰᠠᠶᠢᠳᠤᠷ ᠬᠢᠬᠦ ᠦᠨᠳᠤᠰᠤᠨ ᠤᠷᠢᠳᠠᠯ᠂ ᠶᠡᠷᠤᠩᠬᠡᠢ ᠱᠦᠵᠢ ᠰᠢ ᠶᠢᠨ ᠫᠢᠩ ᠤᠨ ᠠᠷᠠᠳ ᠤᠨ

ᠲᠦᠯᠤᠬᠡᠯᠡᠭᠴᠢᠳ ᠤᠨ ᠶᠡᠭᠡ ᠬᠤᠷᠠᠯ ᠤᠨ ᠪᠠᠶᠢᠭᠤᠯᠤᠯ ᠢ ᠪᠠᠷᠢᠮᠳᠠᠯᠠᠨ ᠲᠠᠬᠦᠯᠳᠡᠷᠵᠢᠬᠦᠯᠬᠦ ᠲᠤᠬᠠᠢ ᠴᠢᠬᠤᠯᠠ ᠦᠵᠡᠯ ᠰᠠᠨᠠᠭ᠎ᠠ ᠶᠢᠨ ᠬᠦᠴᠤᠷᠬᠡᠭ ᠶᠡᠭᠡ ᠦᠨᠡᠨ

ᠶᠤᠰᠤᠨ ᠤ ᠬᠦᠴᠤᠨ ᠴᠢᠳᠠᠯ᠂ ᠠᠷᠠᠳ ᠤᠨ ᠲᠦᠯᠤᠬᠡᠯᠡᠭᠴᠢᠳ ᠤᠨ ᠶᠡᠭᠡ ᠬᠤᠷᠠᠯ ᠤᠨ ᠪᠠᠶᠢᠭᠤᠯᠤᠯ ᠤᠨ ᠢᠯᠡᠷᠬᠡᠢ ᠲᠠᠪᠠᠭᠤᠯᠢᠭ᠂ ᠰᠢᠨ᠎ᠡ ᠪᠠᠶᠢᠳᠠᠯ ᠰᠢᠨ᠎ᠡ ᠡᠬᠦᠷᠬᠡ

᠎ ᠠᠴᠠ ᠠᠷᠠᠳ ᠎ ᠤᠨ ᠲᠦᠯᠤᠬᠡᠯᠡᠭᠴᠢᠳ ᠤᠨ ᠶᠡᠭᠡ ᠬᠤᠷᠠᠯ ᠤᠨ ᠠᠵᠢᠯ ᠳᠤ ᠲᠤᠷᠠᠳᠤᠭᠰᠡᠨ ᠨᠠᠩ ᠶᠡᠭᠡ ᠰᠢᠨ᠎ᠡ ᠱᠠᠭᠠᠷᠳᠠᠯᠭ᠎ᠠ ᠪᠤᠯᠬᠤ ᠶᠢ ᠬᠦᠨᠵᠡᠬᠡᠢ ᠲᠠᠨᠢᠵᠤ᠂ ᠨᠠᠮ

᠎ ᠤᠨ ᠤᠳᠤᠷᠢᠳᠤᠯᠭ᠎ᠠ ᠶᠢ ᠠᠷᠠᠳ ᠤᠨ ᠲᠦᠯᠤᠬᠡᠯᠡᠭᠴᠢᠳ ᠤᠨ ᠶᠡᠭᠡ ᠬᠤᠷᠠᠯ ᠤᠨ ᠬᠠᠤᠯᠢ ᠶᠤᠰᠤᠭᠠᠷ ᠲᠤᠰᠢᠶᠠᠯ ᠢᠶᠠᠨ ᠬᠦᠢᠴᠡᠳᠬᠡᠬᠦ ᠪᠦᠬᠦ ᠶᠠᠪᠤᠴᠠ ᠶᠢᠨ ᠡᠯ᠎ᠡ

ᠲᠠᠯ᠎ᠡ ᠳᠤ ᠠᠭᠤᠰᠬᠠᠬᠤ ᠬᠡᠷᠡᠭᠳᠡᠢ᠃ ᠡᠯ᠎ᠡ ᠱᠠᠳᠤᠨ ᠤ ᠠᠷᠠᠳ ᠤᠨ ᠲᠦᠯᠤᠬᠡᠯᠡᠭᠴᠢᠳ ᠤᠨ ᠶᠡᠭᠡ ᠬᠤᠷᠠᠯ ᠤᠨ ᠎ ᠬᠢᠨ ᠲᠠᠪᠴᠠᠩ ᠢᠶᠠᠨ ᠨᠠᠨᠳᠢᠩᠨᠡᠨ ᠲᠤᠰᠢᠶᠠᠯ ᠢᠶᠠᠨ

ᠵᠢᠱᠢᠶᠡᠴᠢ ᠪᠠᠷ ᠬᠦᠢᠴᠡᠳᠬᠡᠵᠤ᠂ ᠨᠠᠮ ᠲᠠᠢ ᠦᠨᠡᠨᠴᠢ ᠰᠢᠳᠤᠷᠭᠤ ᠪᠠᠷ ᠬᠦᠴᠢᠷᠳᠠᠯ ᠢᠶᠠᠨ ᠬᠤᠪᠢᠶᠠᠯᠴᠠᠨ᠂ ᠠᠷᠠᠳ ᠤᠨ ᠲᠦᠯᠤᠬᠡ ᠦᠨᠡᠨᠴᠢ ᠰᠢᠳᠤᠷᠭᠤ ᠪᠠᠷ

ᠲᠤᠰᠢᠶᠠᠯ ᠢᠶᠠᠨ ᠬᠦᠢᠴᠡᠳᠬᠡᠬᠦ ᠬᠡᠷᠡᠭᠳᠡᠢ᠃ ᠵᠤᠬᠢᠶᠠᠨ ᠪᠠᠶᠢᠭᠤᠯᠵᠤ ᠤᠳᠤᠷᠢᠳᠬᠤ ᠪᠠᠨ ᠴᠢᠩᠭᠠᠳᠬᠠᠨ᠂ ᠡᠯ᠎ᠡ ᠱᠠᠳᠤᠨ ᠤ ᠨᠠᠮ ᠬᠤᠷᠢᠶ᠎ᠡ ᠨᠢ ᠠᠷᠠᠳ ᠤᠨ

ᠲᠦᠯᠤᠬᠡᠯᠡᠭᠴᠢᠳ ᠤᠨ ᠶᠡᠭᠡ ᠬᠤᠷᠠᠯ ᠵᠢᠴᠢ ᠪᠠᠶᠢᠩᠭᠤ ᠶᠢᠨ ᠬᠤᠷᠢᠶ᠎ᠡ ᠶᠢᠨ ᠬᠠᠤᠯᠢ ᠶᠤᠰᠤᠭᠠᠷ ᠲᠦᠰᠢᠶᠡᠯ ᠢᠶᠠᠨ ᠬᠦᠢᠴᠡᠳᠬᠡᠬᠦ ᠳᠤ ᠤᠬᠢ ᠰᠠᠶᠢᠨ ᠤᠷᠴᠢᠨ ᠠᠬᠤᠢ

᠎ ᠶᠢ ᠪᠦᠷᠢᠯᠳᠤᠬᠦᠯᠤᠨ ᠦᠭᠴᠤ᠂ ᠡᠯ᠎ᠡ ᠱᠠᠳᠤᠨ ᠤ ᠠᠷᠠᠳ ᠤᠨ ᠲᠦᠯᠤᠬᠡᠯᠡᠭᠴᠢᠳ ᠤᠨ ᠶᠡᠭᠡ ᠬᠤᠷᠠᠯ ᠵᠢᠴᠢ ᠪᠠᠶᠢᠩᠭᠤ ᠶᠢᠨ ᠬᠤᠷᠢᠶ᠎ᠠ᠂ ᠠᠷᠠᠳ ᠤᠨ

ᠲᠦᠯᠤᠬᠡᠯᠡᠭᠴᠢᠳ ᠤᠨ ᠶᠡᠭᠡ ᠬᠤᠷᠠᠯ ᠤᠨ ᠪᠠᠶᠢᠭᠤᠯᠭ᠎ᠠ ᠨᠢ ᠨᠠᠮ ᠪᠤᠯᠤᠨ ᠠᠷᠠᠳ ᠲᠦᠮᠡᠨ ᠤ ᠰᠡᠳᠬᠢᠯ ᠬᠠᠨᠤᠮᠵᠢᠳᠡᠢ ᠵᠢᠱᠢᠶᠡᠴᠢ ᠪᠠᠶᠢᠭᠤᠯᠭ᠎ᠠ ᠨᠢ ᠨᠠᠮ ᠪᠤᠯᠤᠨ

ᠠᠷᠠᠳ ᠲᠦᠮᠡᠨ ᠤ ᠰᠡᠳᠬᠢᠯ ᠬᠠᠨᠤᠮᠵᠢᠳᠡᠢ ᠵᠢᠱᠢᠶᠡᠴᠢ ᠪᠠᠶᠢᠭᠤᠯᠭ᠎ᠠ ᠶᠢ ᠪᠠᠶᠢᠭᠤᠯᠵᠤ᠂《 ᠨᠢᠬᠡ ᠤᠷᠳᠤᠨ ᠨᠢᠬᠡ ᠵᠦᠪᠯᠡᠯ ᠬᠤᠶᠠᠷ ᠬᠤᠷᠢᠶ᠎ᠡ》ᠠᠷᠠᠳ ᠤᠨ

ᠲᠦᠯᠤᠬᠡᠯᠡᠭᠴᠢᠳ ᠤᠨ ᠶᠡᠭᠡ ᠬᠤᠷᠠᠯ ᠤᠨ ᠬᠢᠨᠠᠯᠳᠠ ᠶᠢ ᠤᠬᠠᠮᠰᠠᠷ ᠠᠴᠠ ᠪᠠᠨ ᠬᠦᠯᠢᠶᠠᠨ ᠠᠪᠴᠤ᠂ ᠠᠷᠠᠳ ᠤᠨ ᠲᠦᠯᠤᠬᠡᠯᠡᠭᠴᠢᠳ ᠤᠨ ᠶᠡᠭᠡ ᠬᠤᠷᠠᠯ ᠤᠨ ᠠᠵᠢᠯ

᠎ ᠲᠠᠢ ᠰᠠᠨᠠᠭᠠᠴᠢᠯᠠᠭ᠎ᠠ ᠠᠴᠠ ᠪᠠᠨ ᠬᠠᠮᠵᠢᠯᠴᠠᠨ᠂ ᠡᠯ᠎ᠡ ᠱᠠᠳᠤᠨ ᠤ ᠡᠯ᠎ᠡ ᠰᠠᠯᠠᠭ᠎ᠠ ᠮᠦᠴᠢᠷ ᠨᠢ ᠡᠯ᠎ᠡ ᠱᠠᠳᠤᠨ ᠤ ᠠᠷᠠᠳ ᠤᠨ ᠲᠦᠯᠤᠬᠡᠯᠡᠭᠴᠢᠳ ᠤᠨ ᠶᠡᠭᠡ ᠬᠤᠷᠠᠯ

ᠵᠢᠴᠢ ᠪᠠᠶᠢᠩᠭᠤ ᠶᠢᠨ ᠬᠤᠷᠢᠶ᠎ᠠ ᠲᠠᠢ ᠬᠠᠮᠵᠢᠯᠴᠠᠨ ᠵᠤᠬᠢᠴᠠᠭᠤᠯᠵᠤ᠂ ᠰᠢᠨ᠎ᠡ ᠭᠠᠷᠤᠭ᠎ᠠ ᠲᠠᠢ ᠪᠠᠷ ᠪᠦᠬᠦ ᠬᠤᠳᠠ ᠶᠢᠨ ᠠᠷᠠᠳ ᠤᠨ ᠲᠦᠯᠤᠬᠡᠯᠡᠭᠴᠢᠳ ᠤᠨ ᠶᠡᠭᠡ

ᠬᠤᠷᠠᠯ ᠤᠨ ᠠᠵᠢᠯ ᠤᠨ ᠰᠢᠨ᠎ᠡ ᠪᠠᠶᠢᠳᠠᠯ ᠢ ᠬᠠᠮᠳᠤ ᠪᠠᠷ ᠪᠤᠢ ᠪᠤᠯᠭᠠᠬᠤ ᠬᠡᠷᠡᠭᠳᠡᠢ ᠬᠡᠵᠤ ᠴᠢᠬᠤᠯᠠᠴᠢᠯᠠᠪᠠ᠃ 

   

 

ᠢᠷᠡᠯᠲᠡ᠄ ᠤᠷᠳᠤᠰ ᠤᠨ ᠮᠤᠩᠭᠤᠯ ᠬᠡᠯᠡᠨ ᠤ ᠰᠤᠨᠢᠨ ᠮᠡᠳᠡᠬᠡᠨ ᠤ ᠰᠦᠯᠵᠢᠶ᠎ᠡ