ᠣᠳᠣᠬᠠᠨ ᠳᠤ ᠲᠠᠷᠢᠶᠠᠯᠠᠩ ᠠᠵᠤ ᠠᠬᠤᠶ ᠶᠢᠨ ᠬᠥᠭᠵᠢᠯᠲᠡ ᠶᠢ ᠳᠠᠭᠠᠯᠳᠤᠨ᠂ ᠪᠤᠷᠳᠤᠭᠤᠷ ᠤᠨ ᠣᠷᠤᠭᠤᠯᠬᠤ ᠨᠢ ᠤᠯᠠᠮ ᠠᠴᠠ ᠤᠯᠠᠮ ᠲᠠᠷᠢᠮᠠᠯ ᠤᠨ | ᠬᠤᠷᠢᠶᠠᠯᠲᠠ ᠶᠢ ᠪᠠᠲᠤᠯᠠᠬᠤ ᠨᠢᠭᠡᠨ ᠴᠢᠬᠤᠯᠠ ᠨᠥᠬᠦᠴᠡᠯ ᠪᠣᠯᠵᠠᠢ᠂ ᠭᠡᠪᠡᠴᠦ ᠲᠠᠷᠢᠶᠠᠴᠢᠳ ᠤᠨ ᠪᠤᠷᠳᠤᠭᠤᠷ ᠬᠡᠷᠡᠭᠯᠡᠬᠦ ᠬᠡᠮᠵᠢᠶ᠎ᠡ ᠶᠢᠨ ᠨᠡᠮᠡᠭᠳᠡᠬᠦ ᠶᠢ ᠳᠠᠭᠠᠯᠳᠤᠨ | ᠪᠣᠷᠳᠤᠭᠤᠷ ᠤᠨ ᠬᠤᠤᠷ ᠬᠦᠨᠦᠭᠡᠯ ᠤᠨ ᠠᠰᠠᠭᠤᠳᠠᠯ ᠢ ᠠᠪᠴᠢᠷᠠᠭᠰᠠᠨ ᠪᠠᠶᠢᠨ᠎ᠠ᠂ ᠲᠡᠭᠡᠪᠡᠯ ᠪᠢᠳᠡ ᠵᠢᠮᠢᠰ ᠤᠨ ᠮᠣᠳᠤᠨ ᠤ ᠪᠤᠷᠳᠤᠭᠤᠷ ᠤᠨ ᠬᠤᠤᠷ ᠬᠦᠨᠦᠭᠡᠯ ᠢ | ᠰᠢᠢᠳᠪᠦᠷᠢᠯᠡᠬᠦ ᠲᠤᠬᠠᠢ ᠬᠡᠳᠤᠨ ᠠᠷᠭ᠎ᠠ ᠶᠢ ᠰᠤᠷᠤᠯᠴᠠᠶ᠎ᠠ᠂ ᠳᠣᠣᠷᠠᠬᠢ ᠮᠡᠲᠦ᠄ | 1 . ᠪᠤᠷᠳᠤᠭᠤᠷ ᠤᠨ ᠲᠦᠷᠦᠯ ᠵᠦᠢᠯ ᠢ ᠵᠦᠢ ᠵᠣᠬᠢᠰᠲᠠᠶ ᠪᠠᠷ ᠰᠣᠩᠭᠤᠨ ᠬᠡᠷᠡᠭᠯᠡᠬᠦ ᠤᠯᠠᠨ ᠨᠠᠰᠤᠲᠤ ᠵᠢᠮᠢᠰ ᠤᠨ ᠮᠣᠳᠣ ᠨᠢ ᠬᠤᠯᠢᠮᠠᠭ ᠪᠣᠷᠳᠣᠭᠤᠷ᠂ | ᠣᠷᠭᠠᠨᠢᠭ ᠪᠤᠷᠳᠤᠭᠤᠷ ᠬᠡᠷᠡᠭᠯᠡᠬᠦ ᠪᠠᠷ ᠭᠤᠤᠯᠯᠠᠵᠤ᠂ ᠬᠢᠮᠢ ᠶᠢᠨ ᠪᠤᠷᠳᠤᠭᠤᠷ ᠪᠠ ᠣᠷᠭᠠᠨᠢᠭ ᠪᠣᠷᠳᠣᠭᠤᠷ ᠢ ᠬᠤᠯᠢᠵᠤ ᠣᠷᠤᠭᠤᠯᠪᠠᠯ᠂ ᠪᠤᠷᠳᠤᠭᠤᠷ ᠤᠨ ᠬᠤᠣᠷ | ᠬᠥᠨᠥᠭᠡᠯ ᠢ ᠪᠠᠭᠠᠰᠬᠠᠨ᠎ᠠ᠃ ᠠᠳᠠᠯᠢᠬᠠᠨ ᠪᠦᠷ ᠬᠢᠮᠢ ᠶᠢᠨ ᠪᠤᠷᠳᠤᠭᠤᠷ ᠪᠤᠯᠪᠠᠴᠦ ᠾᠯᠣᠷᠲᠤ ᠬᠢᠮᠢ ᠶᠢᠨ ᠪᠤᠷᠳᠤᠭᠤᠷ ᠨᠢ ᠪᠤᠷᠳᠣᠭᠤᠷ ᠤᠨ ᠬᠦᠨᠦᠭᠡᠯ ᠬᠠᠮᠤᠭ ᠤᠨ | ᠠᠮᠠᠷᠬᠠᠨ ᠡᠭᠦᠰᠭᠡᠳᠡᠭ᠃ ᠣᠳᠤᠬᠠᠨ ᠳᠤ ᠵᠠᠬ᠎ᠠ ᠳᠡᠭᠡᠷ᠎ᠡ ᠬᠤᠳᠠᠯᠳᠤᠵᠤ ᠪᠠᠶᠢᠭ᠎ᠠ ᠪᠤᠷᠳᠤᠭᠤᠷ ᠤᠨ ᠲᠦᠷᠦᠯ ᠵᠦᠢᠯ ᠤᠯᠠᠨ᠂ ᠶᠠᠰᠤ ᠴᠢᠨᠠᠷ ᠨᠢ ᠠᠳᠠᠯᠢ ᠦᠭᠡᠢ᠂ | ᠥᠷᠭᠡᠨ ᠤᠯᠠᠨ ᠲᠠᠷᠢᠶᠠᠴᠢᠳ ᠰᠣᠩᠭᠤᠵᠤ ᠬᠡᠷᠡᠭᠯᠡᠬᠦ ᠳᠡᠭᠡᠨ ᠢᠯᠡᠭᠦᠬᠡᠨ ᠠᠩᠬᠠᠷᠤᠯ ᠳᠠᠭᠠᠨ ᠠᠪᠬᠤ ᠬᠡᠷᠡᠭᠲᠡᠢ᠃ | 2. ᠪᠤᠷᠳᠤᠭᠤᠷ ᠣᠷᠣᠭᠤᠯᠬᠤ ᠠᠷᠭ᠎ᠠ ᠪᠠᠨ ᠬᠠᠯᠠᠨ ᠰᠠᠶᠢᠵᠢᠷᠠᠭᠤᠯᠬᠤ ᠡᠪᠦᠯ ᠬᠠᠪᠤᠷ ᠤᠨ ᠤᠯᠠᠷᠢᠯ ᠳᠤ ᠮᠣᠳᠣᠨ ᠣᠷᠣᠢ ᠶᠢ ᠬᠦᠷᠢᠶᠡᠯᠡᠭᠰᠡᠨ ᠭᠠᠳᠠᠷ ᠭᠤᠤ | ᠳᠠᠭᠠᠤ ᠰᠠᠭᠤᠷᠢ ᠪᠤᠷᠳᠤᠭᠤᠷ ᠣᠷᠤᠭᠤᠯᠤᠨ᠎ᠠ᠂ ᠭᠤᠤ ᠶᠢᠨ ᠭᠦᠨ᠂ ᠥᠷᠭᠡᠨ ᠨᠢ ᠪᠦᠷ 20 — 30 ᠰᠡᠨᠲ᠋ᠢᠮᠧᠳ᠋ᠷ᠂ ᠪᠣᠷᠳᠣᠭᠤᠷ ᠤᠷᠣᠭᠤᠯᠤᠭᠰᠠᠨ ᠤ ᠳᠠᠷᠠᠭ᠎ᠠ | ᠰᠢᠷᠣᠶ ᠪᠠᠷ ᠳᠠᠷᠤᠵᠤ᠂ ᠰᠢᠨ᠎ᠡ ᠥᠭᠡᠬᠦᠨ ᠬᠦᠴᠢᠯ ᠤᠨ ᠪᠦᠷᠬᠦᠪᠴᠢ ᠶᠢᠨ 800 ᠳᠠᠬᠢᠨ ᠰᠢᠩᠭᠡᠨ ᠪᠡᠶᠡᠲᠦ ᠶᠢ ᠰᠦᠷᠴᠢᠵᠦ ᠰᠠᠭᠤᠷᠢ ᠪᠤᠷᠳᠤᠭᠤᠷ ᠤᠨ | ᠠᠰᠢᠭᠯᠠᠮᠵᠢ ᠶᠢ ᠨᠡᠮᠡᠭᠳᠡᠭᠦᠯᠦᠨ᠎ᠡ᠃ ᠬᠢᠮᠢ ᠶᠢᠨ ᠪᠣᠷᠳᠤᠭᠤᠷ ᠢ ᠨᠡᠮᠡᠨ ᠣᠷᠣᠭᠤᠯᠬᠤ ᠳᠠᠭᠠᠨ᠂ ᠤᠰᠤᠯᠠᠬᠤ ᠠᠷᠭ᠎ᠠ ᠪᠠᠷ ᠣᠷᠤᠭᠤᠯᠤᠨ᠎ᠠ᠃ ᠡᠰᠡᠬᠦᠯ᠎ᠡ ᠪᠣᠷᠣᠭᠠᠨ ᠤ | ᠲᠡᠷᠠᠭ᠎ᠠ ᠬᠥᠷᠥᠰᠥ ᠰᠢᠷᠣᠶ ᠴᠢᠭᠢᠭᠯᠢᠭ ᠦᠶ᠎ᠡ ᠳᠤ ᠨᠠᠮᠡᠨ ᠣᠷᠣᠭᠤᠯᠣᠨ᠎ᠠ᠃ ᠪᠣᠷᠳᠤᠭᠤᠷ ᠨᠡᠮᠡᠨ ᠣᠷᠣᠭᠤᠯᠬᠤ ᠳᠠᠭᠠᠨ ᠰᠢᠨ᠎ᠡ ᠥᠭᠡᠬᠦᠨ ᠬᠦᠴᠢᠯ ᠤᠨ | ᠪᠦᠷᠬᠦᠪᠴᠢ ᠶᠢᠨ 800 ᠳᠠᠬᠢᠨ ᠰᠢᠩᠭᠡᠨ ᠪᠡᠶᠡᠲᠦ ᠶᠢ ᠰᠦᠷᠴᠢᠵᠦ ᠨᠡᠮᠡᠯᠲᠡ ᠪᠤᠷᠳᠤᠭᠤᠷ ᠤᠨ ᠠᠰᠢᠭᠯᠠᠮᠵᠢ ᠶᠢ ᠨᠡᠮᠡᠭᠳᠡᠭᠦᠯᠦᠨ᠎ᠡ᠃ | 3 . ᠪᠤᠷᠳᠤᠭᠤᠷ ᠬᠡᠷᠡᠭᠯᠡᠬᠦ ᠬᠡᠮᠵᠢᠶ᠎ᠡ ᠶᠢ ᠡᠵᠡᠮᠰᠢᠬᠦ ᠤᠨᠴᠠᠭᠠᠶᠢᠯᠠᠨ ᠠᠽᠣᠲ ᠤᠨ ᠪᠤᠷᠳᠤᠭᠤᠷ ᠢ ᠬᠡᠷᠡᠭᠯᠡᠬᠦ ᠳᠤ᠂ ᠡᠩ ᠤᠨ ᠰᠠᠭᠤᠷᠢ ᠪᠦᠷᠢ ᠶᠢᠨ ᠵᠢᠮᠢᠰ ᠤᠨ | ᠭᠠᠷᠤᠯᠲᠠ ᠨᠢ 50 ᠺᠢᠯᠣᠭ᠍ᠷᠠᠮ ᠤᠨ ᠵᠢᠮᠢᠰ ᠤᠨ ᠮᠣᠳᠤᠨ ᠳᠤ ᠤᠳᠠᠭ᠎ᠠ ᠪᠦᠷᠢ ᠰᠠᠭᠤᠷᠢ ᠪᠦᠷᠢ ᠳᠤ ᠰᠢᠭᠡᠰᠦᠯᠢᠭ ᠡᠳ᠋ 100 ᠭᠷᠠᠮ ᠠᠴᠠ ᠬᠡᠲᠦᠷᠡᠭᠦᠯᠵᠦ ᠪᠣᠯᠬᠤ | ᠦᠭᠡᠢ᠂ ᠪᠤᠰᠤᠳ ᠠᠽᠣᠲ ᠤᠨ ᠪᠤᠷᠳᠤᠭᠤᠷ ᠨᠢ 250 — 300 ᠭᠷᠠᠮ ᠠᠴᠠ ᠬᠡᠲᠦᠷᠡᠵᠦ ᠪᠣᠯᠬᠤ ᠦᠭᠡᠢ᠃ ᠨᠢᠯᠬ᠎ᠠ᠂ ᠶᠠᠳᠠᠮᠠᠭ ᠳᠣᠷᠤᠢ ᠵᠢᠮᠢᠰ ᠤᠨ | ᠮᠣᠳᠤᠨ ᠳᠤ ᠪᠠᠭ᠎ᠠ ᠬᠡᠮᠵᠢᠶ᠎ᠡ ᠪᠠᠷ ᠣᠯᠠᠨ ᠤᠳᠠᠭ᠎ᠠ ᠪᠤᠷᠳᠤᠭᠤᠷ ᠨᠡᠮᠡᠨ᠎ᠡ᠃ ᠨᠢᠭᠡᠨᠲᠡ ᠪᠤᠷᠳᠤᠭᠤᠷ ᠤᠨ ᠬᠥᠨᠥᠭᠡᠯ ᠡᠭᠦᠰᠦᠭᠰᠡᠨ ᠪᠠᠶᠢᠳᠠᠯ ᠳᠤ᠂ ᠪᠤᠷᠳᠤᠭᠤᠷ | ᠣᠷᠣᠭᠤᠯᠣᠭᠰᠠᠨ ᠬᠡᠰᠡᠭ ᠤᠨ ᠬᠥᠷᠥᠰᠥ ᠶᠢ ᠤᠬᠤᠵᠤ᠂ ᠴᠡᠪᠡᠷ ᠲᠤᠩᠭᠠᠯᠠᠭ ᠤᠰᠤ ᠪᠠᠷ ᠤᠬᠤᠭᠰᠠᠨ ᠨᠦᠬᠡᠨ ᠳᠠᠬᠢ ᠬᠦᠷᠦᠰᠦ ᠶᠢ ᠤᠰᠤᠯᠠᠬᠤ ᠮᠡᠲᠦ ᠪᠠᠷ᠂ | ᠬᠦᠷᠦᠰᠦᠨ ᠳᠣᠲᠤᠷᠠᠬᠢ ᠪᠣᠷᠳᠣᠭᠤᠷ ᠤᠨ ᠥᠳᠬᠡᠴᠡ ᠶᠢ ᠰᠢᠩᠭᠡᠷᠡᠭᠦᠯᠬᠦ ᠶᠢᠨ ᠬᠠᠮᠲᠦ ᠨᠢᠭᠡᠨᠲᠡ ᠦᠬᠦᠭᠰᠡᠨ ᠦᠨᠳᠦᠰᠦ ᠶᠢ ᠳᠠᠰᠤᠯᠵᠦ ᠳᠠᠬᠢᠨ ᠰᠢᠨ᠎ᠡ ᠬᠦᠷᠦᠰᠦ | ᠨᠡᠮᠡᠨ᠎ᠡ᠂ ᠡᠭᠦᠨ ᠤ ᠬᠠᠮᠲᠤ ᠳᠡᠭᠡᠳᠦ ᠬᠡᠰᠡᠭ ᠤᠨ ᠬᠤᠪᠠᠭ᠋ᠠᠢ ᠮᠦᠴᠢᠷ ᠢ ᠵᠠᠰᠠᠵᠦ᠂ ᠵᠠᠰᠠᠭᠰᠠᠨ ᠬᠡᠰᠡᠭ ᠲᠤᠨᠢ ᠢᠯᠵᠢᠷᠡᠬᠦ ᠶᠢ ᠰᠡᠷᠭᠡᠶᠢᠯᠡᠬᠦ ᠪᠦᠷᠬᠦᠭᠦᠯ ᠢ ᠪᠦᠷᠬᠦᠵᠦ | ᠰᠢᠷᠬ᠎ᠠ ᠲᠠᠢ ᠬᠡᠰᠡᠭ ᠤᠨ ᠨᠡᠭᠡᠳᠡᠰᠦ ᠶᠢᠨ ᠡᠳᠡᠭᠡᠷᠡᠬᠦ ᠶᠢ ᠬᠠᠮᠠᠭᠠᠯᠠᠨ᠂ ᠡᠪᠡᠳᠴᠢᠨ ᠤ ᠪᠠᠺᠲ᠋ᠧᠷᠢ ᠬᠠᠯᠳᠠᠪᠤᠷᠢᠯᠠᠬᠤ ᠶᠢ ᠰᠡᠷᠭᠡᠶᠢᠯᠡᠨ᠎ᠡ᠃ ᠡᠭᠦᠨ ᠤ ᠬᠠᠮᠲᠤ ᠪᠦᠬᠦ | ᠬᠦᠷᠢᠶᠡᠯᠡᠩ ᠳᠤ ᠨᠡᠶᠢᠳᠡᠮ ᠳᠤᠨᠢ ᠬᠥ᠋ ᠱᠤ᠋ ᠵᠢᠶᠠᠩ ᠵᠢᠶᠦ᠋ᠨ ︵护树将 军︶ ᠰᠦᠷᠴᠢᠵᠦ ᠪᠠᠺᠲ᠋ᠧᠷᠢ ᠶᠢ ᠤᠰᠠᠳᠬᠠᠨ ᠠᠷᠢᠭᠤᠳᠬᠠᠵᠦ᠂ ᠡᠪᠡᠳᠴᠢᠨ ᠤ | ᠪᠠᠺᠲ᠋ᠧᠷᠢ ᠶᠢ ᠪᠠᠭᠠᠰᠬᠠᠨ᠎ᠠ᠃ | |