ᠬᠤᠵᠢᠷᠯᠢᠬ ᠪᠡᠯᠴᠢᠭᠡᠷ ᠵᠢᠴᠢ ᠳᠡᠭᠦᠨ ᠢ ᠦᠭᠡᠷᠡᠴᠢᠯᠡᠨ ᠰᠠᠶᠢᠵᠢᠷᠠᠭᠤᠯᠬᠤ
ᠨᠡᠶᠢᠲᠡᠯᠡᠭᠰᠡᠨ ᠴᠠᠭ᠄
2022/6/21
     ︵1︶ ᠶᠠᠭᠤ ᠶᠢ ᠬᠤᠵᠢᠷᠯᠢᠬ ᠪᠡᠯᠴᠢᠭᠡᠷ ᠭᠡᠭᠦ ᠪᠤᠢ︖      ᠭᠤᠤᠯ ᠨᠢ ᠮᠡᠨ ᠤ ᠤᠯᠤᠰ ᠤᠨ ᠠᠯᠢ ᠭᠠᠵᠠᠷ ᠤᠷᠤᠨ ᠢᠶᠠᠷ ᠲᠠᠷᠬᠠᠵᠤ ᠪᠠᠶᠢᠬᠤ ᠪᠤᠢ︖ ᠬᠤᠵᠢᠷᠯᠢᠬ ᠪᠡᠯᠴᠢᠭᠡᠷ ᠭᠡᠳᠡᠭ ᠪᠤᠯ ᠭᠦᠷᠦᠰᠤ ᠰᠢᠷᠤᠢ ᠳᠤ ᠾᠯᠤᠷᠳᠤ ᠨᠢᠭᠡᠳᠦᠯ᠂ ᠭᠦᠭᠦᠷ ᠭᠦᠴᠢᠯ ᠤᠨ ᠲᠠᠪᠤᠰᠤ᠂ ᠨᠡᠭᠦᠷᠡᠰᠤ ᠭᠦᠴᠢᠯ᠂ ᠠᠽᠤᠲ ᠭᠦᠴᠢᠯ ᠤᠨ ᠲᠠᠪᠤᠰᠤ ᠵᠡᠷᠭᠡ ᠲᠠᠪᠤᠰᠤᠨ ᠪᠦᠷᠢᠯᠳᠦᠭᠦᠨ ᠭᠡᠳᠦᠷᠭᠡᠢ ᠠᠭᠤᠯᠤᠠᠠᠳᠠᠵᠤ ᠪᠦᠭᠦᠢ ᠭᠠᠵᠠᠷ ᠲᠤ ᠡᠯ᠎ᠡ ᠵᠦᠢᠯ ᠤᠨ ᠲᠠᠪᠤᠰᠤᠯᠢᠭ ᠤᠷᠭᠤᠮᠠᠯ ᠤᠨ ᠪᠦᠯᠦᠭᠯᠡᠯ ᠤᠷᠭᠤᠵᠤ ᠪᠠᠶᠢᠬᠤ ᠪᠡᠯᠴᠢᠭᠡᠷ ᠢ ᠭᠡᠯᠡᠳᠡᠭ᠃ ᠬᠤᠵᠢᠷᠯᠢᠬ ᠪᠡᠯᠴᠢᠭᠡᠷ ᠨᠢ ᠮᠠᠨ ᠤ ᠤᠯᠤᠰ ᠤᠨ ᠤᠮᠠᠷᠠᠳᠤ ᠶᠢᠨ ᠦᠷᠭᠡᠨ ᠠᠭᠤᠳᠠᠮ ᠭᠠᠩ ᠬᠠᠭᠤᠷᠠᠢ ᠭᠠᠵᠠᠷ ᠤᠷᠤᠨ ᠳᠤ ᠭᠤᠤᠯ ᠲᠠᠷᠬᠠᠵᠤ᠂ ᠤᠷᠭᠤᠮᠠᠯ ᠤᠨ ᠪᠦᠷᠭᠦᠴᠡ ᠨᠢ ᠬᠤᠵᠢᠷᠯᠢᠬ ᠰᠢᠷᠤᠢ ᠶᠢᠨ ᠲᠦᠷᠦᠯ ᠭᠡᠯᠪᠡᠷᠢ ᠪᠠᠷ ᠭᠤᠤᠯ ᠪᠤᠯᠭᠠᠳᠠᠭ᠃      ︵2︶ ᠬᠤᠵᠢᠷᠯᠢᠬ ᠪᠡᠯᠴᠢᠭᠡᠷ ᠲᠤ ᠲᠠᠪᠤᠰᠤᠨ ᠤ ᠲᠦᠷᠦᠯ ᠶᠠᠭᠠᠭᠢᠭᠠᠳ ᠪᠤᠢ ᠪᠤᠯᠳᠠᠭ ᠪᠤᠢ︖      ᠭᠠᠩ ᠬᠠᠭᠤᠷᠠᠢ ᠭᠠᠵᠠᠷ ᠤᠷᠤᠨ ᠳᠤ ᠪᠤᠯ ᠭᠤᠤᠯ ᠨᠢ ᠴᠢᠯᠠᠭᠤᠯᠢᠭ ᠡᠷᠦᠳᠡᠰᠤ ᠦᠭᠡᠷᠢᠰᠢᠨ ᠵᠠᠳᠠᠷᠠᠭᠠᠳ ᠴᠢᠯᠠᠭᠤᠯᠢᠭ ᠲᠠᠪᠤᠨ ᠲᠦᠷᠦᠯ ᠪᠦᠭᠡᠮᠨᠡᠷᠡᠭᠰᠡᠨ ᠠᠴᠠ ᠪᠤᠢ ᠪᠤᠯᠳᠠᠭ᠃ ᠲᠠᠯᠠᠢ ᠲᠠᠭᠠᠤ ᠭᠠᠵᠠᠷ ᠤᠷᠤᠨ ᠳᠤ ᠪᠤᠯ ᠭᠤᠤᠯ ᠨᠢ ᠲᠠᠯᠠᠢ ᠶᠢᠨ ᠤᠰᠤᠨ ᠤ ᠲᠠᠪᠤᠰᠤᠯᠢᠭ ᠪᠦᠷᠢᠯᠳᠦᠭᠦᠨ ᠪᠤᠯᠤᠨ᠎ᠠ᠃ ᠬᠤᠵᠢᠷᠯᠢᠬ ᠰᠢᠷᠤᠢ ᠪᠤᠯᠵᠤ ᠪᠦᠷᠢᠯᠳᠦᠭᠦ ᠶᠠᠪᠤᠴᠠ ᠨᠢ ᠭᠡᠪᠡᠯ ᠭᠤᠤᠯᠳᠠᠭᠤ ᠡᠯ᠎ᠠ ᠵᠦᠢᠯ ᠤᠨ ᠠᠭᠤᠰᠤᠮᠠᠬᠠᠢ ᠲᠠᠪᠤᠰᠤᠨ ᠲᠦᠷᠦᠯ ᠲᠠᠭᠢᠨ ᠬᠤᠪᠢᠶ᠋ᠬᠠᠳᠠᠬᠤ ᠪᠠ ᠭᠦᠷᠤᠰᠤ ᠰᠢᠷᠤᠢ ᠳᠤ ᠲᠠᠰᠤᠷᠠᠯᠳᠠ ᠦᠭᠡᠢ ᠬᠤᠷᠠᠮᠳᠤᠬᠤ ᠶᠠᠪᠤᠴᠠ ᠪᠤᠯᠤᠨ᠎ᠠ᠃ ᠡᠨᠡ ᠬᠦ ᠶᠠᠪᠤᠴᠠ ᠳᠤ ᠤᠰᠤ ᠲᠤᠩ ᠴᠢᠬᠤᠯᠠ ᠦᠢᠯᠡᠳᠦᠯ ᠦᠵᠡᠭᠦᠯᠳᠡᠭ ᠪᠦᠭᠡᠳ ᠲᠠᠷᠠ ᠨᠢ ᠲᠠᠪᠤᠰᠤᠨ ᠪᠦᠷᠢᠯᠳᠦᠭᠦᠨ ᠢ ᠰᠢᠯᠵᠢᠭᠦᠯᠭᠦ ᠶᠢᠨ ᠭᠦᠳᠦᠯᠦᠭᠴᠢ ᠮᠦᠨ᠃ ᠲᠠᠪᠤᠰᠤᠨ ᠪᠦᠷᠢᠯᠳᠦᠭᠦᠨ ᠦᠷᠭᠦᠯᠵᠢ ᠤᠰᠤᠨ ᠤ ᠰᠢᠯᠵᠢᠯ ᠤᠨ ᠴᠢᠭᠯᠡᠯ ᠢᠶᠠᠷ ᠬᠠᠷᠢᠴᠠᠩᠭᠤᠢ ᠪᠠᠷ ᠬᠤᠪᠢᠷᠠᠳᠠᠭ᠃ ᠭᠦᠮᠦᠨ ᠲᠦᠷᠦᠯᠭᠢᠳᠡᠨ ᠤ ᠦᠢᠯᠡᠳᠪᠤᠷᠢᠯᠡᠯ ᠤᠨ ᠠᠵᠢᠯᠯᠠᠭ᠎ᠠ ᠵᠢᠱᠢᠶᠡᠯᠡᠪᠡᠯ ᠮᠠᠯ ᠪᠡᠯᠴᠢᠭᠡᠷᠯᠡᠭᠦ᠂ ᠲᠠᠷᠢᠶ᠎ᠠ ᠲᠠᠷᠢᠬᠤ᠂ ᠤᠰᠤᠯᠠᠬᠤ᠂ ᠪᠤᠷᠳᠤᠭᠤᠷ ᠤᠷᠤᠭᠤᠯᠬᠤ ᠵᠡᠷᠭᠡ ᠨᠢ ᠭᠦᠷᠤᠰᠤ ᠰᠢᠷᠤᠢ ᠶᠢᠨ ᠲᠠᠪᠤᠰᠤᠨ ᠪᠦᠷᠢᠯᠳᠦᠭᠦᠨ ᠤ ᠬᠤᠪᠢᠷᠠᠯᠳᠠ ᠳᠤ ᠲᠤᠩ ᠴᠢᠬᠤᠯᠠ ᠨᠦᠯᠦᠭᠡ ᠲᠠᠢ ᠪᠠᠶᠢᠳᠠᠭ᠃      ︵3︶ ᠲᠠᠪᠤᠰᠤ ᠬᠤᠵᠢᠷ ᠨᠢ ᠤᠷᠭᠤᠮᠠᠯ ᠳᠤ ᠶᠠᠮᠠᠷ ᠬᠤᠤᠷ ᠭᠦᠨᠦᠭᠡᠯ ᠲᠠᠢ ᠪᠠᠶᠢᠳᠠᠭ ᠪᠤᠢ︖      ᠲᠠᠪᠤᠰᠤ ᠬᠤᠵᠢᠷ ᠨᠢ ᠤᠷᠭᠤᠮᠠᠯ ᠳᠤ ᠲᠤᠤᠷᠠᠭᠢ ᠮᠡᠳᠤ ᠭᠤᠷᠪᠡᠨ ᠲᠠᠯ᠎ᠠ ᠶᠢᠨ ᠭᠦᠨᠦᠭᠡᠯ ᠲᠠᠢ ᠪᠠᠶᠢᠳᠠᠭ᠃ ᠨᠢᠭᠡ ᠳᠤ᠂ ᠦᠨᠳᠤᠰᠤᠨ ᠤ ᠰᠢᠰᠲ᠋ᠧᠮ ᠤᠨ ᠤᠷᠭᠤᠴᠠ ᠶᠢ ᠬᠤᠷᠢᠠᠠᠯᠠᠳᠠᠭ᠃ ᠭᠦᠷᠤᠰᠤ ᠰᠢᠷᠤᠢ ᠳᠤ ᠠᠭᠤᠰᠤᠮᠠᠬᠠᠢ ᠲᠠᠪᠤᠰᠤᠨ ᠵᠦᠢᠯ ᠵᠤᠭᠢᠬᠤ ᠭᠡᠮᠵᠢᠶ᠎ᠠ ᠪᠠᠷ ᠬᠤᠷᠠᠮᠳᠤᠠᠠᠰᠠᠨ ᠠᠴᠠ ᠬᠤᠶᠢᠰᠢ ᠭᠦᠷᠦᠰᠤ ᠰᠢᠷᠤᠢ ᠶᠢᠨ ᠠᠭᠤᠰᠤᠮᠠᠯ ᠤᠨ ᠦᠳᠭᠡᠴᠡ ᠨᠢ ᠤᠷᠭᠤᠮᠠᠯ ᠤᠨ ᠦᠨᠳᠤᠰᠤᠨ ᠤ ᠡᠰ ᠤᠨ ᠰᠢᠩᠭᠡᠨ ᠤ ᠦᠳᠭᠡᠴᠡ ᠠᠴᠠ ᠬᠤᠯᠠ ᠲᠠᠪᠠᠭᠠᠳ᠂ ᠤᠰᠤᠨ ᠤ ᠡᠰ ᠨᠢ ᠭᠠᠳ᠋ᠬᠠᠰᠢ ᠨᠠᠪᠴᠢᠵᠤ᠂ ᠦᠨᠳᠤᠰᠤᠨ ᠤ ᠦᠵᠦᠭᠦᠷ ᠪᠤᠯᠤᠨ ᠰᠢᠨ᠎ᠠ ᠦᠨᠳᠤᠰᠤ ᠨᠢ ᠭᠦᠷᠡᠩᠳᠤᠵᠤ᠂ ᠭᠦᠨᠳᠤ ᠨᠤᠴᠢᠳᠡᠢ ᠪᠤᠯᠬᠤ ᠦᠶᠡᠰ ᠪᠦᠭᠦ᠋ᠢᠯᠡ ᠦᠨᠳᠤᠰᠤᠨ ᠰᠢᠰᠲ᠋ᠧᠮ ᠨᠢ ᠬᠠᠷᠠᠯᠠᠨ ᠢᠯᠵᠠᠷᠠᠵᠤ᠂ ᠠᠮᠢᠵᠢᠷᠠᠯ ᠤᠨ ᠭᠦᠴᠤᠨ ᠢᠶᠠᠨ ᠠᠯᠳᠠᠵᠤ ᠦᠭᠦᠵᠤ ᠰᠦᠢᠳᠳᠡᠭ᠃ ᠬᠤᠶᠠᠷ ᠲᠤ᠂ ᠬᠤᠵᠢᠷᠯᠢᠬ ᠭᠠᠵᠠᠷ ᠤᠨ ᠤᠷᠭᠤᠮᠠᠯ ᠰᠢᠮ᠎ᠠ ᠲᠡᠵᠢᠭᠡᠯ ᠤᠨ ᠡᠳ᠋ ᠢ ᠰᠢᠩᠭᠡᠭᠡᠨ ᠠᠪᠬᠤ ᠶᠢᠨ ᠲᠠᠭᠠᠤ ᠳᠤ ᠶᠡᠭᠡ ᠭᠡᠮᠵᠢᠶᠠᠨ ᠤ ᠲᠠᠪᠤᠰᠤᠨ ᠪᠦᠷᠢᠯᠳᠦᠭᠦᠨ ᠤᠷᠭᠤᠮᠠᠯ ᠤᠨ ᠪᠡᠶ᠎ᠠ ᠳᠤ ᠨᠠᠪᠴᠢᠵᠤ᠂ ᠡᠰ ᠤᠨ ᠰᠢᠩᠭᠡᠨ ᠳᠤᠨᠢ ᠲᠠᠪᠤᠰᠤᠨ ᠪᠦᠷᠢᠯᠳᠦᠭᠦᠨ ᠭᠡᠳᠦᠷᠭᠡᠢ ᠠᠷᠪᠢᠳᠴᠤ᠂ ᠠᠽᠤᠲ ᠡᠯᠧᠮᠧᠨ᠋ᠲ ᠤᠨ ᠰᠤᠯᠢᠯᠴᠠᠬᠤ ᠭᠡᠷᠡᠯ ᠤᠨ ᠨᠡᠶᠢᠯᠡᠯᠭᠡ ᠶᠢ ᠬᠠᠷᠰᠢᠯᠠᠵᠤ᠂ ᠨᠠᠪᠴᠢᠨ ᠤ ᠨᠤᠭᠤᠭᠠᠨ ᠪᠡᠶ᠎ᠠ ᠳᠠᠬᠢ ᠤᠭᠤᠷᠠᠭ ᠤᠨ ᠨᠡᠶᠢᠯᠡᠯᠭᠡ ᠨᠢ ᠬᠤᠷᠢᠠᠠᠯᠬᠠᠳᠠᠵᠤ᠂ ᠰᠢᠨ᠎ᠠ ᠬᠠᠭᠤᠴᠢᠨ ᠤ ᠰᠤᠯᠢᠠᠠᠳᠠᠯ ᠨᠢ ᠮᠠᠭᠤᠳᠠᠵᠤ᠂ ᠡᠭᠦᠨ ᠤ ᠲᠡᠭᠡᠷ᠎ᠡ ᠦᠨᠳᠤᠰᠤᠨ ᠰᠢᠰᠲ᠋ᠧᠮ ᠤᠨ ᠤᠷᠭᠤᠯᠳᠠ ᠬᠤᠷᠢᠠᠠᠯᠬᠠᠳᠠᠳᠠᠭ᠃ ᠪᠦᠭᠦ᠋ᠢᠯᠡ ᠤᠷᠭᠤᠮᠠᠯ ᠤᠨ ᠡᠰᠢ ᠨᠢ ᠪᠤᠭᠤᠨᠢᠰᠴᠤ᠂ ᠨᠠᠪᠴᠢ ᠨᠢ ᠭᠦᠢᠴᠡᠳ ᠲᠡᠯᠭᠡᠵᠤ ᠲᠡᠶᠢᠯᠭᠦ ᠦᠭᠡᠢ᠂ ᠨᠠᠪᠴᠢᠨ ᠤ ᠦᠵᠦᠭᠦᠷ ᠨᠢ ᠰᠢᠷᠠᠯᠠᠨ ᠠᠪᠴᠢᠵᠤ᠂ ᠭᠦᠨᠳᠤ ᠨᠤᠴᠢᠳᠡᠢ ᠪᠤᠯᠬᠤ ᠦᠶᠡᠰ ᠨᠠᠪᠴᠢ ᠪᠤᠯᠤᠨ ᠡᠰᠢ ᠨᠢ ᠴᠦᠮ ᠬᠠᠳᠠᠵᠤ ᠦᠭᠦᠳᠡᠭ᠃ ᠭᠤᠷᠪᠡ ᠳᠤ᠂ ᠬᠤᠵᠢᠷᠯᠢᠬ ᠭᠠᠵᠠᠷ ᠨᠢ ᠤᠷᠭᠤᠮᠠᠯ ᠳᠤ ᠲᠠᠮ ᠭᠦᠨᠦᠭᠡᠯ ᠤᠴᠠᠷᠠᠭᠤᠯᠬᠤ ᠳᠠᠭᠠᠨ ᠭᠤᠤᠯ ᠨᠢ ᠭᠦᠷᠤᠰᠤ ᠰᠢᠷᠤᠢ ᠶᠢᠨ ᠹᠢᠽᠢᠺ ᠭᠢᠮᠢ ᠶᠢᠨ ᠪᠡᠯᠭᠡ ᠲᠡᠮᠳᠡᠭ ᠨᠢ ᠦᠭᠡᠷᠡᠳᠤᠵᠤ᠂ ᠭᠠᠵᠠᠷ ᠤᠨ ᠭᠠᠳᠠᠷᠭᠤ ᠭᠦᠷᠦᠰᠤᠨ ᠤ ᠦᠷᠦᠮᠡᠳᠦᠯ ᠨᠢ ᠲᠠᠪᠤᠰᠤᠨ ᠦᠷᠦᠮᠡᠳᠦᠯ ᠪᠤᠯᠵᠤ᠂ ᠨᠠᠪᠳᠡᠷᠡᠴᠡ ᠨᠢ ᠮᠠᠭᠤᠳᠠᠵᠤ᠂ ᠦᠩ ᠰᠢᠮ᠎ᠠ ᠨᠢ ᠪᠠᠭᠤᠷᠠᠵᠤ᠂ ᠲᠠᠷᠢᠬᠤ ᠳᠤ ᠭᠦᠴᠢᠷ ᠲᠠᠢ ᠪᠤᠯᠤᠭᠠᠳ᠂ ᠦᠷ᠎ᠡ ᠶᠢᠨ ᠨᠠᠭᠢᠶᠠᠯᠠᠵᠤ ᠰᠤᠶᠤᠭᠠᠯᠠᠬᠤ ᠶᠢ ᠬᠠᠷᠰᠢᠯᠠᠨ᠂ ᠤᠷᠭᠤᠮᠠᠯ ᠤᠨ ᠤᠷᠭᠤᠴᠠ ᠳᠤ ᠭᠦᠨᠦᠭᠡᠯ ᠤᠴᠠᠷᠠᠭᠤᠯᠳᠠᠭ ᠪᠠᠶᠢᠨ᠎ᠠ᠃      ︵4︶ ᠬᠤᠵᠢᠷᠯᠢᠬ ᠪᠡᠯᠴᠢᠭᠡᠷ ᠢ ᠭᠡᠷᠭᠢᠨ ᠰᠠᠶᠢᠵᠢᠷᠠᠭᠤᠯᠬᠤ ᠪᠤᠢ︖     ᠡᠭᠦᠨ ᠳᠤ ᠶᠠᠮᠠᠷ ᠠᠰᠠᠭᠤᠳᠠᠯ ᠢ ᠠᠩᠬᠠᠷᠬᠤ ᠴᠢᠬᠤᠯᠠ ᠲᠠᠢ ᠪᠤᠢ︖ ᠬᠤᠵᠢᠷᠯᠢᠬ ᠪᠡᠯᠴᠢᠭᠡᠷ ᠢ ᠰᠠᠶᠢᠵᠢᠷᠠᠭᠤᠯᠬᠤ ᠭᠡᠳᠡᠭ ᠪᠤᠯ ᠲᠠᠷᠤᠢ ᠨᠢᠭᠡ ᠲᠠᠯ᠎ᠠ ᠪᠠᠷ ᠨᠢᠭᠡᠨᠳᠡ ᠬᠤᠷᠠᠮᠳᠤᠠᠠᠰᠠᠨ ᠲᠠᠪᠤᠰᠤᠨ ᠪᠦᠷᠢᠯᠳᠦᠭᠦᠨ ᠢ ᠠᠷᠢᠯᠭᠠᠵᠤ᠂ ᠨᠦᠭᠦᠭᠡ ᠲᠠᠯ᠎ᠠ ᠪᠠᠷ ᠲᠠᠪᠤᠰᠤᠨ ᠪᠦᠷᠢᠯᠳᠦᠭᠦᠨ ᠤᠯᠠᠮ ᠬᠤᠷᠠᠮᠳᠤᠬᠤ ᠶᠢ ᠰᠡᠷᠭᠡᠶᠢᠯᠡᠨ᠎ᠠ᠃ ᠡᠨᠡ ᠵᠤᠷᠢᠯᠭ᠎ᠠ ᠳᠤ ᠭᠦᠷᠦᠭᠦᠯᠭᠦ ᠶᠢᠨ ᠲᠤᠰᠠᠳᠠ ᠡᠯ᠎ᠠ ᠪᠠᠶᠢᠭᠠᠯᠢ ᠶᠢᠨ ᠠᠵᠤ ᠠᠬᠤᠢ ᠶᠢᠨ ᠤᠨᠴᠠᠯᠢᠭ ᠢ ᠦᠨᠳᠦᠰᠦᠯᠡᠨ᠂ ᠭᠠᠵᠠᠷ ᠤᠷᠤᠨ ᠤ ᠪᠠᠶᠢᠳᠠᠯ ᠳᠠᠭᠠᠨ ᠲᠤᠭᠢᠷᠠᠭᠤᠯᠤᠨ ᠶᠠᠷᠦᠩᠭᠡᠶᠢᠯᠡᠨ ᠵᠠᠰᠠᠨ᠎ᠠ᠃ ᠡᠩ ᠲᠡᠷᠢᠭᠦᠨ ᠳᠤ ᠲᠤᠤᠷᠠᠭᠢ ᠬᠤᠶᠠᠷ ᠶᠠᠪᠤᠳᠠᠯ ᠢ ᠭᠠᠷᠳᠠᠨ ᠭᠢᠭᠦ ᠭᠡᠷᠡᠭᠳᠡᠢ᠃ ᠨᠢᠭᠡ ᠳᠤ᠂ ᠬᠤᠵᠢᠷᠯᠢᠬ ᠪᠠᠯᠴᠢᠭᠡᠷ ᠢ ᠨᠡᠯᠢᠶᠡᠳ ᠪᠦᠭᠦ ᠲᠠᠯ᠎ᠠ ᠪᠠᠷ ᠪᠠᠶᠢᠴᠠᠭᠠᠨ ᠵᠠᠳᠠᠯᠵᠤ᠂ ᠢᠯᠠᠩᠭᠤᠶ᠎ᠠ ᠬᠤᠵᠢᠷᠯᠢᠬ ᠪᠠᠯᠴᠢᠭᠡᠷ ᠤᠨ ᠭᠦᠷᠦᠰᠤ ᠰᠢᠷᠤᠢ ᠳᠤ ᠪᠠᠶᠢᠴᠠᠭᠠᠯᠳᠠ ᠭᠢᠵᠤ ᠵᠢᠱᠢᠶᠡᠯᠡᠪᠡᠯ ᠭᠦᠷᠦᠰᠤ ᠰᠢᠷᠤᠢ ᠶᠢᠨ ᠬᠤᠵᠢᠷᠳᠤᠯ ᠤᠨ ᠡᠭᠦᠰᠦᠯ᠂ ᠠᠬᠤᠢ ᠪᠠᠶᠢᠳᠠᠯ ᠪᠤᠯᠤᠨ ᠭᠦᠭᠵᠢᠯᠳᠡ ᠶᠢᠨ ᠬᠠᠨᠳᠤᠰᠢ ᠶᠢ ᠤᠶᠢᠯᠠᠭᠠᠬᠤ ᠭᠡᠷᠡᠭᠳᠡᠢ᠃ ᠬᠤᠶᠠᠷ ᠲᠤ᠂ ᠬᠤᠵᠢᠷᠯᠢᠬ ᠪᠡᠯᠴᠢᠭᠡᠷ ᠤᠨ ᠭᠦᠷᠦᠰᠤ ᠰᠢᠷᠤᠢ ᠶᠢᠨ ᠤᠯᠠᠷᠢᠯᠳᠠ ᠶᠢᠨ ᠵᠢᠮ᠎ᠠ ᠶᠤᠰᠤ ᠶᠢ ᠵᠦᠪ ᠲᠠᠨᠢᠬᠤ ᠭᠡᠷᠡᠭᠳᠡᠢ᠃ ᠬᠤᠵᠢᠷᠯᠢᠬ ᠪᠡᠯᠴᠢᠭᠡᠷ ᠤᠨ ᠭᠦᠷᠦᠰᠤ ᠰᠢᠷᠤᠢ ᠶᠢᠨ ᠲᠦᠷᠦᠯ ᠭᠡᠯᠪᠡᠷᠢ ᠨᠢ ᠤᠯᠠᠨ᠂ ᠭᠦᠨᠳᠤ ᠭᠦᠡᠭᠭᠡᠨ ᠨᠢ ᠠᠳᠠᠯᠢ ᠦᠭᠡᠢ᠂ ᠪᠠᠶᠢᠳᠠᠯ ᠨᠢ ᠠᠰ ᠠᠰᠳᠠᠭᠠᠨ ᠶᠤᠮ᠃ ᠡᠭᠦᠨ ᠳᠤ ᠬᠠᠮᠤᠭ ᠤᠨ ᠭᠦᠭᠵᠢᠶᠠᠨ ᠲᠠᠢ ᠭᠸᠠ ᠨᠢ ᠪᠤᠯ ᠭᠦᠷᠤᠰᠤ ᠰᠢᠷᠤᠢ ᠳᠠᠬᠢ ᠤᠰᠤ᠂ ᠲᠠᠪᠤᠰᠤᠨ ᠤ ᠭᠦᠳᠡᠯᠭᠡᠭᠡᠨ ᠤ ᠶᠠᠪᠤᠴᠠ ᠪᠤᠯᠤᠨ᠎ᠠ᠃ ᠡᠨᠡ ᠬᠦ ᠭᠦᠳᠡᠯᠭᠡᠭᠡᠨ ᠤ ᠵᠢᠮ᠎ᠠ ᠶᠤᠰᠤ ᠶᠢ ᠡᠵᠡᠮᠰᠢᠭᠦ ᠪᠤᠯ ᠬᠤᠵᠢᠷᠳᠤᠯ ᠢ ᠪᠦᠳᠦᠮᠵᠢᠳᠡᠢ ᠪᠠᠷ ᠰᠠᠷᠭᠡᠶᠢᠯᠡᠨ ᠵᠠᠰᠠᠬᠤ ᠶᠠᠪᠤᠴᠠ ᠶᠢᠨ ᠵᠠᠩᠭᠢᠯᠠᠭ᠎ᠠ ᠮᠦᠨ᠃      ︵5︶ ᠬᠤᠵᠢᠷᠳᠤᠠᠠᠰᠠᠨ ᠪᠡᠯᠴᠢᠭᠡᠷ ᠢ ᠶᠠᠮᠠᠷ ᠠᠷᠭ᠎ᠠ ᠪᠠᠷ ᠰᠠᠶᠢᠵᠢᠷᠠᠭᠤᠯᠬᠤ ᠪᠤᠢ︖      ᠬᠤᠵᠢᠷᠳᠤᠠᠠᠰᠠᠨ ᠪᠡᠯᠴᠢᠭᠡᠷ ᠢ ᠰᠠᠶᠢᠵᠢᠷᠠᠭᠤᠯᠬᠤ ᠶᠢᠨ ᠭᠤᠤᠯ ᠠᠷᠭ᠎ᠠ ᠭᠡᠮᠵᠢᠶ᠎ᠠ ᠭᠡᠪᠡᠯ᠄ ᠢᠠᠵᠧᠨᠧᠷᠢᠩ ᠤᠨ ᠠᠷᠭ᠎ᠠ ᠭᠡᠮᠵᠢᠶ᠎ᠠ᠂ ᠤᠰᠤᠨ ᠠᠰᠢᠠᠠᠯᠠᠯᠳᠠ ᠶᠢᠨ ᠠᠷᠭ᠎ᠠ ᠭᠡᠮᠵᠢᠶ᠎ᠠ᠂ ᠠᠮᠢᠳᠤ ᠪᠤᠳᠠᠰ ᠤᠨ ᠠᠷᠭ᠎ᠠ ᠭᠡᠮᠵᠢᠶ᠎ᠠ ᠪᠤᠯᠤᠨ ᠲᠠᠷᠢᠶᠠᠯᠠᠩ ᠤᠨ ᠠᠷᠭ᠎ᠠ ᠭᠡᠮᠵᠢᠶ᠎ᠠ ᠵᠡᠷᠭᠡ ᠪᠤᠢ᠃ ᠭᠡᠷᠪᠡ ᠠᠷᠭ᠎ᠠ ᠭᠡᠮᠵᠢᠶ᠎ᠠ ᠨᠢ ᠲᠤᠭᠢᠷᠠᠮᠵᠢᠳᠡᠢ᠂ ᠶᠠᠷᠦᠩᠭᠡᠶᠢᠯᠡᠨ ᠠᠰᠢᠠᠠᠯᠠᠪᠠᠯ ᠬᠤᠵᠢᠷᠳᠤᠯ ᠤᠨ ᠭᠦᠨᠦᠭᠡᠯ ᠢ ᠠᠷᠢᠯᠭᠠᠬᠤ ᠪᠤᠶᠤ ᠪᠠᠭᠠᠰᠬᠠᠵᠤ ᠪᠤᠯᠬᠤ ᠮᠦᠷᠳᠡᠭᠡᠨ ᠪᠠᠰᠠ ᠭᠦᠷᠦᠰᠤ ᠰᠢᠷᠤᠢ ᠶᠢᠨ ᠦᠩ ᠰᠢᠮ᠎ᠡ ᠶᠢ ᠲᠡᠭᠡᠭᠰᠢᠯᠡᠭᠦᠯᠵᠤ ᠪᠤᠯᠤᠨ᠎ᠠ᠃      ︵6︶ ᠤᠶᠢᠯᠡᠳᠪᠤᠷᠢᠯᠡᠯ ᠤᠨ ᠲᠠᠯ᠎ᠠ ᠪᠠᠷ ᠶᠠᠷᠦᠳᠡᠭᠡᠨ ᠶᠠᠮᠠᠷ ᠠᠷᠭ᠎ᠠ ᠨᠤᠭᠤᠳ ᠢ ᠠᠪᠳᠠᠭ ᠪᠤᠢ︖      ᠦᠢᠯᠡᠳᠪᠤᠷᠢᠯᠡᠯ ᠤᠨ ᠲᠠᠯ᠎ᠠ ᠪᠠᠷ ᠦᠷᠭᠦᠯᠵᠢ ᠭᠡᠷᠡᠭᠯᠡᠳᠡᠭ ᠠᠷᠭ᠎ᠠ ᠭᠡᠪᠡᠯ ᠤᠰᠤ ᠵᠠᠯᠠᠵᠤ ᠲᠠᠪᠤᠰᠤ ᠶᠢ ᠤᠭᠢᠶᠠᠬᠤ᠂ ᠤᠷᠭᠠᠨᠢᠭ ᠪᠤᠷᠳᠤᠭᠤᠷ ᠢ ᠢᠯᠡᠭᠦᠭᠡᠨ ᠤᠷᠤᠭᠤᠯᠬᠤ᠂ ᠬᠤᠵᠢᠷᠯᠢᠬ ᠪᠡᠯᠴᠢᠭᠡᠷ ᠢ ᠵᠤᠭᠢᠰᠳᠠᠢ ᠠᠰᠢᠠᠠᠯᠠᠬᠤ ᠠᠷᠭ᠎ᠠ ᠪᠠ ᠭᠢᠮᠢ ᠶᠢᠨ ᠠᠷᠭ᠎ᠠ ᠪᠠᠷ ᠰᠠᠶᠢᠵᠢᠷᠠᠭᠤᠯᠬᠤ ᠵᠡᠷᠭᠡ ᠪᠤᠢ᠃ ① ᠤᠰᠤ ᠵᠠᠯᠠᠵᠤ ᠲᠠᠪᠤᠰᠤ ᠤᠭᠢᠶᠠᠬᠤ ᠠᠷᠭ᠎ᠠ᠄ ᠡᠨᠡ ᠠᠷᠭ᠎ᠠ ᠪᠤᠯ ᠤᠰᠤᠨ ᠠᠰᠢᠠᠠᠯᠠᠯᠳᠠ ᠶᠢᠨ ᠪᠠᠷᠢᠯᠭ᠎ᠠ ᠶᠢᠨ ᠪᠡᠯᠡᠳᠭᠡᠮᠵᠢ ᠶᠢ ᠪᠠᠶᠢᠭᠤᠯᠬᠤ ᠪᠠᠷ ᠲᠠᠮᠵᠢᠭᠤᠯᠤᠨ᠂ ᠬᠤᠵᠢᠷᠯᠢᠬ ᠪᠡᠯᠴᠢᠭᠡᠷ ᠲᠤ ᠤᠰᠤᠯᠠᠯᠳᠠ ᠭᠢᠭᠦ ᠪᠡ ᠤᠰᠤ ᠵᠠᠯᠠᠨ ᠤᠷᠤᠭᠤᠯᠵᠤ᠂ ᠲᠠᠪᠤᠰᠤ ᠬᠤᠵᠢᠷ ᠢ ᠤᠭᠢᠶᠠᠬᠤ ᠦᠢᠯᠡᠳᠦᠯ ᠦᠵᠡᠭᠦᠯᠭᠦ ᠶᠠᠪᠤᠳᠠᠯ ᠪᠤᠯᠤᠨ᠎ᠠ᠃ ② ᠤᠷᠭᠠᠨᠢᠭ ᠪᠤᠷᠳᠤᠭᠤᠷ ᠤᠷᠤᠭᠤᠯᠬᠤ ᠠᠷᠭ᠎ᠠ᠄ ᠡᠨᠡ ᠠᠷᠭ᠎ᠠ ᠪᠤᠯ ᠤᠷᠭᠠᠨᠢᠭ ᠪᠤᠷᠳᠤᠭᠤᠷ ᠤᠷᠤᠭᠤᠯᠬᠤ ᠪᠠᠷ ᠲᠠᠮᠵᠢᠭᠤᠯᠤᠨ ᠭᠦᠷᠦᠰᠤ ᠰᠢᠷᠤᠢ ᠶᠢᠨ ᠦᠩ ᠰᠢᠮ᠎ᠠ ᠶᠢ ᠲᠡᠭᠡᠭᠰᠢᠯᠡᠭᠦᠯᠵᠤ᠂ ᠭᠦᠷᠤᠰᠤ ᠰᠢᠷᠤᠢ ᠳᠠᠬᠢ ᠤᠷᠭᠠᠨᠢᠭ ᠪᠤᠳᠠᠰ ᠤᠨ ᠠᠭᠤᠯᠤᠠᠠᠳᠠᠴᠠ ᠶᠢ ᠨᠡᠮᠡᠭᠳᠡᠭᠦᠯᠵᠤ᠂ ᠭᠦᠷᠦᠰᠤ ᠰᠢᠷᠤᠢ ᠶᠢᠨ ᠹᠢᠽᠢᠺ ᠤᠨ ᠴᠢᠨᠠᠷ ᠢ ᠰᠠᠶᠢᠵᠢᠷᠠᠭᠤᠯᠵᠤ᠂ ᠠᠭᠤᠰᠬᠠᠬᠤ ᠦᠢᠯᠡᠳᠦᠯ ᠢ ᠴᠢᠩᠭᠠᠳᠬᠠᠵᠤ᠂ ᠠᠭᠤᠷᠰᠢᠯᠳᠡ ᠶᠢ ᠪᠠᠭᠠᠰᠬᠠᠨ ᠭᠡᠳᠡᠷᠭᠦ ᠲᠠᠪᠤᠰᠤᠵᠢᠬᠤ ᠶᠢ ᠬᠤᠷᠢᠠᠠᠯᠠᠨ᠎ᠠ᠃ ᠤᠷᠭᠠᠨᠢᠭ ᠪᠤᠷᠳᠤᠭᠤᠷ ᠨᠢ ᠪᠠᠰᠠ ᠭᠦᠷᠦᠰᠤ ᠰᠢᠷᠤᠢ ᠶᠢᠨ ᠬᠤᠵᠢᠷᠯᠢᠬ ᠴᠢᠨᠠᠷ ᠢ ᠰᠠᠭᠠᠷᠮᠬᠠᠵᠢᠭᠤᠯᠵᠤ᠂ ᠬᠤᠵᠢᠷᠳᠤᠯ ᠢ ᠰᠠᠶᠢᠵᠢᠷᠠᠭᠤᠯᠬᠤ ᠦᠢᠯᠡᠳᠦᠯ ᠦᠵᠡᠭᠦᠯᠳᠡᠭ᠃ ᠪᠤᠷᠳᠤᠭᠤᠷ ᠤᠷᠤᠭᠤᠯᠬᠤ ᠪᠠ ᠤᠰᠤᠯᠠᠨ ᠤᠭᠢᠶᠠᠬᠤ ᠶᠢ ᠤᠶᠠᠯᠳᠤᠭᠤᠯᠪᠠᠯ ᠨᠡᠩ ᠰᠠᠶᠢᠨ ᠦᠷ᠎ᠡ ᠪᠦᠳᠦᠮᠵᠢ ᠤᠯᠵᠤ ᠴᠢᠳᠠᠨ᠎ᠠ᠃ ③ ᠬᠤᠵᠢᠷᠯᠢᠬ ᠪᠡᠯᠴᠢᠭᠡᠷ ᠢ ᠵᠤᠭᠢᠰᠳᠡᠢ ᠠᠰᠢᠠᠠᠯᠠᠬᠤ ᠠᠷᠭ᠎ᠠ᠄ ᠵᠤᠭᠢᠰᠳᠠᠢ ᠠᠰᠢᠠᠠᠯᠠᠬᠤ ᠶᠢᠨ ᠭᠤᠤᠯ ᠵᠠᠩᠭᠢᠯᠠᠭ᠎ᠠ ᠪᠤᠯ ᠲᠠᠷᠤᠢ ᠡᠪᠡᠰᠤ ᠪᠡᠯᠴᠢᠭᠡᠷ ᠤᠨ ᠲᠠᠭᠠᠭᠠᠴᠠ ᠪᠠᠷ ᠮᠠᠯ ᠰᠦᠷᠦᠭ ᠢ ᠭᠢᠵᠠᠭᠠᠷᠯᠠᠨ᠂ ᠡᠪᠡᠰᠤ ᠪᠡᠯᠴᠢᠭᠡᠷ ᠤᠨ ᠲᠠᠭᠠᠭᠠᠴᠠ ᠠᠴᠠ ᠭᠡᠳᠦᠷᠡᠭᠦ ᠶᠢ ᠰᠡᠷᠭᠡᠶᠢᠯᠡᠵᠤ᠂ ᠪᠡᠯᠴᠢᠭᠡᠷ ᠢᠶᠠᠷ ᠮᠠᠯ ᠢᠶᠠᠨ ᠲᠤᠠᠠᠳᠠᠭᠠᠬᠤ ᠶᠢ ᠭᠡᠷᠡᠭᠵᠢᠭᠦᠯᠭᠦ ᠶᠠᠪᠤᠳᠠᠯ ᠪᠤᠯᠤᠨ᠎ᠠ᠃ ᠬᠤᠵᠢᠷᠯᠢᠬ ᠡᠪᠡᠰᠤ ᠪᠡᠯᠴᠢᠭᠡᠷ ᠢ ᠵᠤᠭᠢᠰᠳᠠᠢ ᠠᠰᠢᠠᠠᠯᠠᠬᠤ ᠶᠢᠨ ᠲᠠᠭᠠᠤ ᠠᠷᠭ᠎ᠠ ᠭᠡᠮᠵᠢᠶ᠎ᠠ ᠠᠪᠴᠤ ᠪᠠᠶᠢᠭᠠᠳ ᠬᠤᠵᠢᠷᠯᠢᠬ ᠡᠪᠡᠰᠤ ᠪᠡᠯᠴᠢᠭᠡᠷ ᠢ ᠲᠦᠯᠦᠪᠯᠡᠭᠡ ᠲᠠᠢ ᠪᠠᠷ ᠪᠤᠶᠢᠵᠢᠭᠤᠯᠵᠤ ᠪᠤᠯᠤᠨ᠎ᠠ᠃ ᠵᠢᠱᠢᠶᠡᠯᠡᠪᠡᠯ 5~10 ᠳ᠋ᠤᠭᠠᠷ ᠰᠠᠷ᠎ᠠ ᠪᠤᠯᠳᠠᠯᠠᠭᠢ ᠡᠪᠡᠰᠤ ᠪᠡᠯᠴᠢᠭᠡᠷ ᠤᠷᠭᠤᠬᠤ ᠬᠤᠭᠤᠴᠠᠭᠠᠨ ᠳᠤ ᠮᠠᠯ ᠤᠷᠤᠭᠤᠯᠬᠤ ᠶᠢ ᠵᠤᠠᠠᠰᠤᠭᠠᠵᠤ᠂ ᠡᠭᠡᠯᠵᠢᠯᠡᠨ ᠮᠠᠯᠵᠢᠬᠤ᠂ ᠡᠭᠡᠯᠵᠢᠯᠡᠨ ᠬᠠᠳᠤᠬᠤ᠂ ᠰᠡᠯᠭᠦᠭᠦᠯᠭᠦ ᠲᠦᠷᠢᠮ ᠢᠶᠠᠷ ᠪᠢᠳᠡᠭᠦᠮᠵᠢᠯᠡᠵᠤ ᠪᠤᠯᠤᠨ᠎ᠠ᠃ ④ ᠭᠢᠮᠢ ᠶᠢᠨ ᠰᠠᠶᠢᠵᠢᠷᠠᠭᠤᠯᠤᠯᠳᠠ ᠶᠢᠨ ᠠᠷᠭ᠎ᠠ᠄ ᠡᠨᠡ ᠠᠷᠭ᠎ᠠ ᠪᠤᠯ ᠬᠤᠵᠢᠷᠰᠢᠠᠠᠰᠠᠨ ᠭᠠᠵᠠᠷ ᠲᠡᠭᠡᠷ᠎ᠡ ᠵᠤᠭᠠᠩ ᠤᠷᠤᠭᠤᠯᠵᠤ ᠭᠦᠷᠤᠰᠤ ᠰᠢᠷᠤᠢ ᠶᠢ ᠰᠠᠶᠢᠵᠢᠷᠠᠭᠤᠯᠬᠤ ᠶᠢ ᠭᠡᠯᠡᠵᠤ ᠪᠤᠢ᠃ ᠪᠤᠳᠠᠳᠠᠢ ᠭᠢᠭᠦ ᠠᠷᠭ᠎ᠠ ᠨᠢ ᠭᠡᠪᠡᠯ ᠬᠤᠵᠢᠷᠰᠢᠠᠠᠰᠠᠨ ᠪᠡᠯᠴᠢᠭᠡᠷ ᠲᠤ ᠵᠢᠯ ᠪᠦᠷᠢ ᠾᠧᠺᠲ᠋ᠠᠷ ᠨᠢᠭᠡᠪᠤᠷᠢ 1125kg ᠵᠤᠭᠠᠩ ᠤᠷᠤᠭᠤᠯᠪᠠᠯ ᠭᠤᠷᠪᠡᠨ ᠵᠢᠯ ᠤᠨ ᠲᠠᠷᠠᠭ᠎ᠠ ᠬᠤᠵᠢᠷᠰᠢᠠᠠᠰᠠᠨ ᠭᠡᠮᠵᠢᠶ᠎ᠠ ᠨᠢ ᠢᠯᠡᠳᠳᠡ ᠪᠠᠭᠤᠷᠠᠬᠤ ᠪᠤᠯᠤᠨ᠎ᠠ᠃ ⑤ ᠠᠮᠢᠳᠤ ᠪᠤᠳᠠᠰ ᠤᠨ ᠰᠠᠶᠢᠵᠢᠷᠠᠭᠤᠯᠤᠯᠳᠠ ᠶᠢᠨ ᠠᠷᠭ᠎ᠠ᠄ ᠬᠤᠵᠢᠷᠰᠢᠠᠠᠰᠠᠨ ᠨᠤᠭᠤ ᠭᠠᠵᠠᠷ ᠤᠨ ᠪᠡᠯᠴᠢᠭᠡᠷ ᠲᠡᠭᠡᠷ᠎ᠡ ᠭᠦᠷᠦᠰᠤ ᠶᠢ ᠤᠷᠪᠠᠭᠤᠯᠤᠨ ᠡᠪᠡᠰᠤ ᠲᠠᠷᠢᠵᠤ᠂ ᠲᠠᠷᠢᠮᠠᠯ ᠪᠠᠯᠴᠢᠭᠡᠷ ᠪᠠᠶᠢᠭᠤᠯᠬᠤ ᠶᠢ ᠭᠡᠯᠡᠵᠤ ᠪᠤᠢ᠃ ᠢᠡᠭᠭᠢᠪᠡᠯ ᠨᠤᠭᠤᠭᠠᠨ ᠪᠤᠷᠳᠤᠭᠤᠷᠳᠤ ᠡᠪᠡᠰᠤ ᠪᠡᠯᠴᠢᠭᠡᠷ᠂ ᠢᠠᠠᠴᠢ ᠰᠠᠬᠤᠯᠢᠬ ᠡᠰᠢ ᠨᠠᠪᠴᠢ ᠪᠦᠷᠭᠦᠭᠰᠡᠨ ᠭᠠᠵᠠᠷ ᠲᠤ ᠭᠠᠵᠠᠷ ᠤᠨ ᠭᠠᠳᠠᠷᠭᠤ ᠶᠢᠨ ᠤᠰᠤᠨ ᠤ ᠠᠭᠤᠷᠰᠢᠯᠳᠡ ᠶᠢ ᠨᠠᠮᠳᠠᠭᠤᠯᠵᠤ᠂ ᠭᠦᠷᠦᠰᠤ ᠰᠢᠷᠤᠢ ᠶᠢᠨ ᠭᠡᠳᠡᠷᠭᠦ ᠬᠤᠵᠢᠷᠰᠢᠬᠤ ᠶᠢ ᠬᠤᠷᠢᠠᠠᠯᠠᠵᠤ᠂ ᠮᠤᠨᠳᠠᠭ ᠲᠤᠮᠤ ᠦᠨᠳᠤᠰᠤᠨ ᠰᠢᠰᠲ᠋ᠧᠮ ᠳᠤ ᠶᠡᠭᠡ ᠭᠡᠮᠵᠢᠶ᠎ᠠ ᠶᠢᠨ ᠤᠰᠤ ᠶᠢ ᠰᠢᠮᠡᠳᠭᠡᠵᠤ᠂ ᠡᠰᠢ ᠨᠠᠪᠴᠢᠨ ᠳᠤ ᠠᠭᠤᠷᠰᠢᠭᠤᠯᠤᠨ ᠭᠦᠷᠦᠰᠤᠨ ᠲᠤᠤᠷᠠᠭᠢ ᠤᠰᠤᠨ ᠲᠦᠪᠰᠢᠨ ᠢ ᠲᠤᠷᠤᠠᠠᠰᠢᠯᠠᠭᠤᠯᠤᠭᠠᠳ ᠲᠠᠪᠤᠰᠤ ᠨᠢ ᠭᠠᠵᠠᠷ ᠤᠨ ᠭᠠᠳᠠᠷᠭᠤ ᠳᠤ ᠬᠤᠷᠠᠮᠳᠤᠬᠤ ᠶᠢ ᠪᠦᠳᠦᠮᠵᠢᠳᠡᠢ ᠪᠠᠷ ᠰᠡᠷᠭᠡᠶᠢᠯᠡᠵᠤ ᠴᠢᠳᠠᠳᠠᠭ᠃ ᠡᠭᠦᠨ ᠢᠶᠠᠷ ᠲᠠᠮᠵᠢᠭᠤᠯᠤᠨ ᠭᠠᠵᠠᠷ ᠤᠨ ᠭᠠᠳᠠᠷᠭᠤ ᠳᠤ ᠲᠠᠪᠤᠰᠤᠨ ᠪᠦᠷᠢᠯᠳᠦᠭᠦᠨ ᠬᠤᠷᠠᠮᠳᠤᠬᠤ ᠶᠢ ᠨᠢ ᠪᠦᠳᠦᠮᠵᠢᠳᠡᠢ ᠪᠠᠷ ᠬᠤᠷᠢᠠᠠᠯᠠᠨ᠎ᠠ᠃ ᠦᠨᠳᠤᠰᠤ᠂ ᠡᠰᠢ᠂ ᠨᠠᠪᠴᠢ ᠶᠢ ᠭᠦᠷᠤᠰᠤ ᠰᠢᠷᠤᠢ ᠳᠤ ᠤᠷᠪᠠᠭᠤᠯᠤᠨ ᠤᠷᠤᠭᠤᠯᠪᠠᠯ ᠤᠷᠭᠠᠨᠢᠭ ᠪᠤᠳᠠᠰ ᠤᠨ ᠠᠭᠤᠯᠤᠠᠠᠳᠠᠴᠠ ᠶᠢ ᠨᠡᠮᠡᠭᠳᠡᠭᠦᠯᠵᠤ᠂ ᠨᠤᠭᠤᠭᠠᠨ ᠪᠠᠶᠡᠳᠤ ᠵᠢᠴᠢ ᠦᠨᠳᠤᠰᠤ ᠨᠢ ᠮᠢᠺᠷᠤᠪ ᠢᠶᠠᠷ ᠵᠠᠳᠠᠷᠠᠵᠤ᠂ ᠡᠯ᠎ᠠ ᠵᠦᠢᠯ ᠤᠨ ᠤᠷᠭᠠᠨᠢᠭ ᠭᠦᠴᠢᠯ ᠪᠤᠢ ᠪᠤᠯᠵᠤ᠂ ᠭᠦᠷᠤᠰᠤ ᠰᠢᠷᠤᠢ ᠶᠢᠨ ᠬᠤᠵᠢᠷ ᠤᠨ ᠭᠡᠮᠵᠢᠶ᠎ᠠ ᠶᠢ ᠰᠠᠭᠠᠷᠮᠬᠠᠵᠢᠭᠤᠯᠬᠤ ᠦᠢᠯᠡᠳᠦᠯ ᠦᠵᠡᠭᠦᠯᠵᠤ ᠴᠢᠳᠠᠨ᠎ᠠ᠃      ︵7︶ ᠬᠤᠵᠢᠷ ᠲᠠᠪᠤᠰᠤᠯᠢᠭ ᠨᠤᠳᠤᠭ ᠪᠡᠯᠴᠢᠭᠡᠷ ᠲᠤ ᠶᠠᠮᠠᠷ ᠲᠦᠷᠦᠯ ᠤᠨ ᠡᠪᠡᠰᠤ ᠤᠷᠭᠤᠮᠠᠯ ᠲᠠᠷᠢᠪᠠᠯ ᠲᠤᠭᠢᠷᠠᠬᠤ ᠪᠤᠢ︖      ᠬᠤᠵᠢᠷᠰᠢᠠᠠᠰᠠᠨ ᠪᠡᠯᠴᠢᠭᠡᠷ ᠢ ᠰᠠᠶᠢᠵᠢᠷᠠᠭᠤᠯᠬᠤ ᠳᠤ ᠲᠠᠷᠢᠬᠤ ᠡᠪᠡᠰᠤᠨ ᠲᠦᠷᠦᠯ ᠭᠡᠪᠡᠯ ᠭᠤᠤᠯ ᠨᠢ ᠬᠤᠵᠢᠷᠰᠠᠭ ᠦᠯᠦᠩ᠂ ᠰᠢᠪᠠᠭᠤᠨ ᠲᠠᠷᠢᠶ᠎ᠠ᠂ ᠦᠶᠡᠳᠤ ᠦᠯᠦᠩ᠂ ᠵᠡᠷᠯᠢᠭ ᠬᠠᠷ᠎ᠠ ᠪᠤᠭᠤᠳᠠᠢ᠂ ᠰᠢᠷ᠎ᠠ ᠭᠢᠶᠠᠭ᠂ ᠭᠦᠴᠢᠩᠭᠢ᠂ ᠪᠤᠷᠤ ᠴᠠᠷᠭᠠᠰᠤ᠂ ᠴᠠᠭᠢᠯᠳᠠᠭ᠂ ᠤᠰᠤᠨ ᠬᠤᠨᠤᠭ᠂ ᠰᠤᠬᠠᠢ᠂ ᠵᠢᠭᠳᠡ᠂ ᠵᠠᠭ ᠵᠡᠷᠭᠡ ᠡᠪᠡᠰᠤ ᠪᠤᠯᠤᠨ ᠪᠤᠳᠠ ᠮᠤᠳᠤ᠂ ᠲᠤᠷᠤᠭ ᠮᠤᠳᠤ ᠪᠤᠢ᠃ ᠡᠭᠦᠨ ᠳᠤ ᠬᠤᠵᠢᠷᠰᠠᠭ ᠦᠯᠦᠩ᠂ ᠰᠢᠪᠠᠭᠤᠨ ᠲᠠᠷᠢᠶ᠎ᠠ ᠪᠤᠯ ᠭᠦᠨᠳᠤ ᠨᠤᠴᠢᠳᠠᠢ ᠬᠤᠵᠢᠷᠰᠢᠠᠠᠰᠠᠨ ᠪᠡᠯᠴᠢᠭᠡᠷ ᠢ ᠰᠠᠶᠢᠵᠢᠷᠠᠭᠤᠯᠬᠤ ᠳᠤ ᠬᠠᠮᠤᠭ ᠤᠨ ᠲᠦᠷᠦᠭᠦᠨ ᠳᠤ ᠰᠤᠩᠭᠤᠬᠤ ᠡᠪᠡᠰᠤᠨ ᠲᠦᠷᠦᠯ ᠪᠤᠯᠤᠨ᠎ᠠ᠃ ᠲᠠᠷᠠᠭᠠᠯᠠᠪᠠᠯ ᠦᠶᠡᠳᠤ ᠦᠯᠦᠩ᠂ ᠵᠡᠷᠯᠢᠭ ᠬᠠᠷ᠎ᠠ ᠪᠤᠭᠤᠳᠠᠢ ᠪᠤᠯᠤᠨ᠎ᠠ᠃ ᠲᠤᠮᠳᠠ ᠲᠠᠰ ᠪᠤᠶᠤ ᠭᠦᠡᠭᠭᠡᠨ ᠲᠠᠰ ᠤᠨ ᠬᠤᠵᠢᠷᠳᠤᠠᠠᠰᠠᠨ ᠪᠡᠯᠴᠢᠭᠡᠷ ᠲᠤ ᠰᠢᠷ᠎ᠠ ᠭᠢᠶᠠᠭ᠂ ᠭᠦᠭᠡ ᠡᠪᠡᠰᠤ᠂ ᠭᠦᠴᠢᠩᠭᠢ᠂ ᠪᠤᠷᠤ ᠴᠠᠷᠭᠠᠰᠤ᠂ ᠴᠠᠭᠢᠯᠳᠠᠭ ᠵᠡᠷᠭᠡ ᠶᠢ ᠰᠤᠩᠭᠤᠨ᠎ᠠ᠃      ︵8︶ ᠬᠤᠵᠢᠷᠰᠢᠭᠰᠠᠠ ᠪᠡᠯᠴᠢᠭᠡᠷ ᠲᠤ ᠶᠠᠭᠠᠭᠢᠵᠤ ᠡᠪᠡᠰᠤ ᠳᠠᠷᠢᠬᠤ ᠪᠤᠢ︖      ᠬᠤᠵᠢᠷᠰᠢᠠᠠᠰᠠᠨ ᠪᠡᠯᠴᠢᠭᠡᠷ ᠲᠡᠭᠡᠷ᠎ᠡ ᠬᠤᠵᠢᠷᠳᠤᠯ ᠳᠤ ᠲᠠᠰᠪᠤᠷᠢᠳᠡᠢ ᠡᠪᠡᠰᠤ ᠲᠠᠷᠢᠬᠤ ᠳᠠᠭᠠᠨ ᠭᠤᠤᠴᠢᠯᠠᠵᠤ ᠲᠡᠯᠡᠩ ᠪᠤᠰᠬᠠᠬᠤ᠂ ᠭᠦᠨ ᠭᠤᠤᠴᠢᠯᠠᠵᠤ᠂ ᠵᠤᠷᠠᠭᠠᠯᠠᠨ ᠲᠠᠷᠢᠬᠤ᠂ ᠭᠦᠨ ᠭᠤᠤᠴᠢᠯᠠᠵᠤ ᠰᠠᠭᠤᠯᠭᠠᠨ ᠲᠠᠷᠢᠬᠤ ᠵᠡᠷᠭᠡ ᠠᠳᠠᠯᠢ ᠪᠤᠰᠤ ᠭᠡᠯᠪᠡᠷᠢ ᠶᠢᠨ ᠲᠠᠷᠢᠬᠤ ᠠᠷᠭ᠎ᠠ ᠶᠢ ᠭᠡᠷᠡᠭᠯᠡᠳᠡᠭ᠃ ᠭᠤᠤ ᠭᠠᠷᠭᠠᠵᠤ ᠲᠠᠯᠠᠩ ᠪᠤᠰᠬᠠᠬᠤ ᠶᠢᠨ ᠭᠤᠤᠯ ᠦᠢᠯᠡᠳᠦᠯ ᠨᠢ ᠭᠡᠪᠡᠯ ᠭᠠᠵᠠᠷ ᠤᠨ ᠭᠠᠳᠠᠷᠭᠤ ᠶᠢ ᠬᠤᠳᠤᠭᠤᠷ ᠭᠦᠳᠦᠭᠦᠷ ᠪᠤᠯᠭᠠᠵᠤ᠂ ᠭᠦᠷᠦᠰᠤᠨ ᠳᠠᠬᠢ ᠲᠠᠪᠤᠰᠤᠨ ᠤ ᠪᠦᠷᠢᠯᠳᠦᠭᠦᠨ ᠤ ᠲᠠᠷᠬᠠᠬᠤ ᠶᠢ ᠦᠭᠡᠷᠡᠴᠢᠯᠡᠵᠤ᠂ ᠲᠠᠪᠤᠰᠤ ᠶᠢ ᠤᠭᠢᠶᠠᠬᠤ ᠦᠷ᠎ᠠ ᠪᠦᠳᠦᠭᠡᠯ ᠢ ᠨᠡᠮᠡᠭᠳᠡᠭᠦᠯᠵᠤ᠂ ᠭᠡᠳᠡᠷᠭᠦ ᠬᠤᠵᠢᠷᠰᠢᠬᠤ ᠶᠢ ᠬᠤᠷᠢᠠᠠᠯᠠᠵᠤ᠂ ᠬᠤᠵᠢᠷᠳᠤᠯ ᠤᠨ ᠭᠦᠨᠦᠭᠡᠯ ᠢ ᠪᠠᠭᠠᠰᠬᠠᠬᠤ ᠦᠢᠯᠡᠳᠦᠯ ᠦᠵᠡᠭᠦᠯᠳᠡᠭ᠃ ᠪᠤᠳᠠᠳᠠᠢ ᠠᠷᠭ᠎ᠠ ᠭᠡᠮᠵᠢᠶ᠎ᠠ ᠨᠢ ᠭᠡᠪᠡᠯ ᠬᠤᠵᠢᠷᠰᠢᠠᠠᠰᠠᠨ ᠭᠠᠵᠠᠷ ᠤᠨ ᠨᠦᠭᠦᠴᠡᠯ ᠢ ᠦᠨᠳᠤᠰᠦᠯᠡᠵᠤ᠂ ᠲᠤᠬᠠᠢ ᠶᠢᠨ ᠭᠠᠵᠠᠷ ᠤᠨ ᠪᠠᠶᠢᠳᠠᠯ ᠳᠤ ᠲᠤᠭᠢᠷᠠᠭᠤᠯᠤᠨ᠂ ᠠᠳᠠᠯᠢ ᠪᠤᠰᠤ ᠭᠡᠮᠵᠢᠶᠠᠨ ᠤ ᠭᠤᠤ ᠲᠠᠯᠠᠩ ᠭᠠᠷᠭᠠᠨ᠎ᠠ᠃ ᠶᠠᠷᠤ ᠶᠢᠨ ᠪᠠᠶᠢᠳᠠᠯ ᠲᠤᠤᠷ᠎ᠡ ᠭᠤᠤ ᠶᠢᠨ ᠦᠷᠭᠡᠨ ᠢ 0.5~1.0m᠂ ᠲᠠᠯᠠᠩ ᠤᠨ ᠦᠷᠭᠡᠨ ᠢ 0.5~1. 0m᠂ ᠦᠨᠳᠤᠷ ᠤᠨ ᠭᠡᠮᠵᠢᠶ᠎ᠠ ᠶᠢ 0.4~0.6m ᠪᠠᠶᠢᠯᠭᠠᠵᠤ᠂ ᠲᠡᠯᠡᠩ ᠪᠤᠯᠤᠨ ᠭᠤᠤ ᠳᠤ ᠵᠤᠷᠠᠭᠠᠯᠠᠨ ᠲᠠᠷᠢᠬᠤ ᠪᠠ ᠰᠠᠭᠤᠯᠭᠠᠨ ᠲᠠᠷᠢᠵᠤ᠂ ᠶᠠᠷᠦᠩᠭᠡᠢ ᠳᠡᠭᠡᠨ ᠲᠠᠷᠢᠵᠤ ᠰᠠᠭᠤᠯᠭᠠᠬᠤ ᠭᠦᠨ ᠢ 3~5cm᠎ ᠢᠶᠠᠷ ᠡᠵᠡᠮᠰᠢᠨ᠎ᠠ᠃ 
ᠢᠷᠡᠯᠲᠡ᠄ ᠪᠦᠷᠢᠨᠪᠠᠶᠠᠷ᠂ ᠮᠦᠩᠬᠡᠪᠠᠭᠠᠲᠤᠷ᠂ ᠬᠤᠩ ᠮᠧᠢ ᠨᠠᠷ ᠤᠨ ᠨᠠᠶᠢᠷᠠᠭᠤᠯᠤᠭᠰᠠᠨ ︽ᠮᠠᠯᠵᠢᠯ ᠤᠨ ᠮᠡᠳᠡᠯᠭᠡ ᠮᠡᠷᠭᠡᠵᠢᠯ︾ ᠭᠡᠬᠦ ᠨᠤᠮ ᠡᠴ᠊