ᠬᠤᠲᠠ ᠶᠢᠨ ᠣᠯᠣᠰ ᠲᠦᠷᠦ ᠶᠢᠨ ᠵᠦᠪᠯᠡᠯᠭᠡᠨ ᠤ ᠳᠠᠪᠤᠳᠣᠭᠠᠷ ᠬᠤᠭᠤᠴᠠᠭᠠᠨ ᠤ ᠬᠤᠶᠠᠳᠣᠭᠠᠷ ᠣᠳᠠᠭ᠎ᠠ ᠶᠢᠨ ᠪᠠᠶᠢᠩᠭᠤ ᠶᠢᠨ ᠬᠤᠷᠢᠶᠠᠨ ᠤ ᠬᠤᠷᠠᠯ ᠬᠤᠷᠠᠯᠳᠣᠭᠤᠯᠪᠠ
ᠨᠡᠶᠢᠲᠡᠯᠡᠭᠰᠡᠨ ᠴᠠᠭ᠄
2022/6/24
      6 ᠰᠠᠷ᠎ᠠ ᠶᠢᠨ 21᠎ ᠤ ᠡᠳᠣᠷ᠂ ᠬᠤᠲᠠ ᠶᠢᠨ ᠣᠯᠣᠰ ᠲᠦᠷᠦ ᠶᠢᠨ ᠵᠦᠪᠯᠡᠯᠭᠡᠨ ᠤ ᠳᠠᠪᠤᠳᠣᠭᠠᠷ ᠬᠤᠭᠤᠴᠠᠭᠠᠨ ᠤ ᠬᠤᠶᠠᠳᠣᠭᠠᠷ ᠣᠳᠠᠭ᠎ᠠ ᠶᠢᠨ ᠪᠠᠶᠢᠩᠭᠤ ᠎ ᠶᠢᠨ ᠬᠤᠷᠢᠶᠠᠨ ᠤ ᠬᠤᠷᠠᠯ ᠬᠤᠷᠠᠯᠳᠣᠭᠤᠯᠵᠤ᠂ ᠬᠤᠲᠠ ᠶᠢᠨ ᠨᠠᠮ ᠤᠨ ᠬᠤᠷᠢᠶᠠᠨ ᠤ ᠣᠯᠣᠰ ᠲᠦᠷᠦ ᠶᠢᠨ ᠵᠦᠪᠯᠡᠯᠭᠡᠨ ᠤ ᠠᠵᠢᠯ ᠤᠨ ᠬᠤᠷᠠᠯ ᠤᠨ ᠵᠤᠷᠢᠭ ᠰᠠᠨᠠᠭ᠎ᠠ ᠎ ᠶᠢ ᠣᠯᠠᠮᠵᠢᠯᠠᠨ ᠰᠣᠷᠣᠯᠴᠠᠵᠤ᠂ ᠪᠦᠬᠦ ᠬᠤᠲᠠ ᠶᠢᠨ 2022 ᠣᠨ ᠤ 1᠎ ᠠᠴᠠ 5 ᠰᠠᠷ᠎ᠠ ᠬᠦᠷᠳᠡᠯᠡᠬᠢ ᠠᠵᠤ ᠠᠬᠤᠢ ᠨᠡᠶᠢᠭᠡᠮ ᠤᠨ ᠠᠵᠢᠯᠯᠠᠭᠠᠨ ᠤ ᠪᠠᠶᠢᠳᠠᠯ ᠤᠨ ᠲᠤᠬᠠᠢ ᠨᠡᠶᠢᠳᠡᠯᠡᠯ ᠢ ᠰᠣᠨᠣᠰᠴᠣ᠂ ︽ᠠᠵᠢᠯ ᠮᠡᠷᠭᠡᠵᠢᠯ ᠤᠨ ᠰᠣᠷᠭᠠᠨ ᠬᠦᠮᠦᠵᠢᠯ ᠤᠨ ᠦᠢᠯᠡᠳᠪᠤᠷᠢᠯᠡᠯ ᠵᠢᠭᠠᠨ ᠰᠣᠷᠭᠠᠯᠳᠠ ᠶᠢᠨ ᠠᠭᠤᠰᠣᠯᠴᠠᠯ ᠢ ᠠᠬᠢᠭᠤᠯᠬᠤ︾ ᠲᠤᠭᠤᠷᠢᠨ ᠳᠤ ᠲᠤᠰᠬᠠᠢ ᠰᠡᠳᠣᠪ ᠢᠶᠠᠷ ᠵᠦᠪᠳᠡᠯᠴᠡᠪᠡ᠃      ᠬᠤᠲᠠ ᠶᠢᠨ ᠣᠯᠣᠰ ᠲᠦᠷᠦ ᠶᠢᠨ ᠵᠦᠪᠯᠡᠯᠭᠡᠨ ᠤ ᠨᠠᠮ ᠤᠨ ᠲᠤᠭᠤᠶᠢᠯᠠᠩ ᠤᠨ ᠱᠦᠵᠢ᠂ ᠳᠡᠷᠢᠭᠦᠯᠡᠭᠴᠢ ᠭᠤᠤ ᠵᠠᠨ ᠱᠧᠩ ᠬᠤᠷᠠᠯ ᠢ ᠡᠷᠬᠢᠯᠡᠭᠰᠡᠨ ᠤ ᠬᠠᠮᠳᠣ ᠶᠠᠷᠢᠶ᠎ᠠ ᠳᠠᠯᠪᠢᠵᠡᠢ᠃ ᠬᠤᠲᠠ ᠶᠢᠨ ᠳᠡᠳ᠋ ᠳᠠᠷᠤᠭ᠎ᠠ ᠸᠠᠩ ᠰᠢᠨ ᠢᠣᠢ᠂ ᠬᠤᠲᠠ ᠶᠢᠨ ᠣᠯᠣᠰ ᠲᠦᠷᠦ ᠶᠢᠨ ᠵᠦᠪᠯᠡᠯᠭᠡᠨ ᠤ ᠣᠳᠣᠷᠢᠳᠬᠤ ᠪᠠᠭ ᠤᠨ ᠪᠦᠷᠢᠯᠳᠦᠭᠦᠨ ᠴᠢᠶᠤᠤ ᠮᠢᠩ᠂ ᠮ᠊ · ᠭᠠᠷᠤᠳᠢ᠂ ᠵᠢᠷᠭᠠᠯᠳᠣ᠂ ᠵᠢᠢ ᠭᠧᠩ ᠶᠦᠨ᠂ ᠶᠢᠨ ᠭᠤᠸᠠᠩ ᠵᠢᠶᠦ᠋ᠨ᠂ ᠣᠯᠠᠭᠠᠨ᠂ ᠹᠠᠩ ᠵᠢᠶᠠᠨ ᠬᠤᠸᠠ᠂ ᠭᠤᠤ ᡁᠢ ᠬᠤᠸᠠ᠂ ᠯᠢ ᠮᠧᠢ ᠷᠦᠩ᠂ ᠴᠧᠨ ᠵᠢᠩ᠂ ᠭᠡᠷ ᠲᠡᠭᠡᠨ ᠪᠠᠶᠢᠭ᠎ᠠ ᠬᠤᠲᠠ ᠶᠢᠨ ᠣᠯᠣᠰ ᠲᠦᠷᠦ ᠶᠢᠨ ᠵᠦᠪᠯᠡᠯᠭᠡᠨ ᠤ ᠪᠠᠶᠢᠩᠭᠤ ᠶᠢᠨ ᠬᠤᠷᠢᠶᠠᠨ ᠤ ᠪᠦᠷᠢᠯᠳᠦᠭᠦᠨ᠂ ᠡᠯ᠎ᠡ ᠬᠤᠰᠢᠭᠤ ᠲᠤᠭᠤᠷᠢᠭ ᠤᠨ ᠣᠯᠣᠰ ᠲᠦᠷᠦ ᠶᠢᠨ ᠵᠦᠪᠯᠡᠯᠭᠡᠨ ᠤ ᠬᠠᠷᠢᠭᠤᠴᠠᠯᠭᠠᠳᠠᠨ‌ᠨᠦ᠋ᠬᠦᠳ‌ᠬᠤᠷᠠᠯ ᠳᠤ ᠣᠷᠣᠯᠴᠠᠵᠡᠢ᠃      ᠬᠤᠷᠠᠯ ᠠᠴᠠ ᠡᠮᠤᠨ᠎ᠡ᠂ ᠣᠯᠣᠰ ᠲᠦᠷᠦ ᠶᠢᠨ ᠳᠣᠳᠣᠭᠠᠳᠣ ᠶᠢᠨ ᠬᠠᠮᠢᠶ᠎ᠠ ᠪᠦᠬᠦᠢ ᠲᠤᠰᠬᠠᠢ ᠮᠡᠷᠭᠡᠵᠢᠯᠳᠠᠳ ᠢ ᠣᠷᠢᠵᠤ ᠵᠦᠪᠳᠡᠯᠴᠡᠬᠦ ᠰᠡᠳᠣᠪ ᠤᠨ ᠲᠤᠭᠤᠷᠢᠨ ᠳᠤ ᠪᠤᠯᠪᠠᠰᠣᠷᠠᠯ ᠬᠢᠪᠠ᠃ ᠬᠤᠷᠠᠯ ᠳᠡᠭᠡᠷ᠎ᠡ᠂ ᠬᠤᠲᠠ ᠶᠢᠨ ᠣᠯᠣᠰ ᠲᠦᠷᠦ ᠶᠢᠨ ᠵᠦᠪᠯᠡᠯᠭᠡᠨ ᠤ ᠵᠠᠷᠢᠮ ᠪᠠᠶᠢᠩᠭᠤ ᠶᠢᠨ ᠭᠡᠰᠢᠭᠦᠨ᠂ ᠭᠡᠰᠢᠭᠦᠨ᠂ ᠬᠤᠲᠠ ᠶᠢᠨ ᠰᠣᠷᠭᠠᠨ ᠬᠦᠮᠦᠵᠢᠯ ᠪᠡᠶ᠎ᠡ ᠶᠢᠨ ᠳᠠᠮᠢᠷ ᠤᠨ ᠲᠤᠪᠴᠢᠶ᠎ᠠ᠂ ᠵᠠᠷᠢᠮ ᠳᠣᠮᠳᠠ ᠵᠡᠷᠭᠡ ᠶᠢᠨ ᠠᠵᠢᠯ ᠮᠡᠷᠭᠡᠵᠢᠯ ᠤᠨ ᠰᠣᠷᠭᠠᠭᠤᠯᠢ᠂ ᠬᠤᠯᠪᠤᠭᠳᠠᠯ ᠪᠦᠬᠦᠢ ᠠᠵᠤ ᠠᠬᠤᠶᠢᠯᠠᠯ ᠤᠨ ᠬᠠᠷᠢᠭᠤᠴᠠᠯᠭᠠᠳᠠᠨ ᠨᠦᠭᠦᠳ ᠪᠤᠯᠤᠨ ᠬᠤᠯᠪᠤᠭᠳᠠᠯ ᠪᠦᠬᠦᠢ ᠲᠤᠰᠬᠠᠢ ᠮᠡᠷᠭᠡᠵᠢᠯᠳᠠᠳ ᠰᠠᠨᠠᠯ ᠢᠶᠠᠨ ᠰᠣᠯᠢᠯᠴᠠᠬᠤ ᠶᠠᠷᠢᠶ᠎ᠠ ᠳᠠᠯᠪᠢᠵᠡᠢ᠃      ᠭᠤᠤ ᠵᠠᠨ ᠱᠧᠩ ᠦᠢᠷ᠎ᠠ ᠶᠢᠨ ᠵᠢᠯ ᠤᠳ ᠲᠤ᠂  ᠮᠠᠨ ᠤ ᠬᠤᠲᠠ ᠴᠢᠳᠠᠪᠤᠷᠢᠳᠠᠨ ᠢ ᠬᠦᠮᠦᠵᠢᠭᠦᠯᠬᠦ ᠪᠦᠳᠦᠴᠡ ᠪᠠᠨ ᠳᠠᠰᠣᠷᠠᠯᠳᠠ ᠦᠭᠡᠢ ᠰᠢᠯᠢᠳᠡᠭᠵᠢᠭᠦᠯᠵᠦ ᠂ ᠠᠵᠢᠯ ᠮᠡᠷᠭᠡᠵᠢᠯ ᠤᠨ ᠰᠣᠷᠭᠠᠨ ᠬᠦᠮᠦᠵᠢᠯ ᠳᠠᠬᠢ ᠪᠡᠯᠡ ᠣᠷᠣᠭᠤᠯᠤᠯᠳᠠ ᠶᠢᠨ ᠡᠷᠴᠢᠮ ᠢᠶᠠᠨ ᠴᠢᠩᠭᠠᠷᠠᠭᠤᠯᠤᠨ᠂ ᠠᠵᠢᠯ ᠮᠡᠷᠭᠡᠵᠢᠯ ᠤᠨ ᠰᠣᠷᠭᠠᠨ ᠬᠦᠮᠦᠵᠢᠯ ᠬᠢᠭᠡᠳ ᠠᠵᠤ ᠠᠬᠤᠢ ᠨᠡᠶᠢᠭᠡᠮ ᠤᠨ ᠬᠤᠯᠪᠤᠭᠠᠯᠠᠨ ᠬᠦᠭᠵᠢᠬᠦ ᠶᠢ ᠠᠬᠢᠭᠤᠯᠵᠤ᠂ ᠪᠦᠬᠦ ᠬᠤᠲᠠ ᠶᠢᠨ ᠳᠣᠮᠳᠠ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠰᠣᠷᠭᠠᠨ ᠬᠦᠮᠦᠵᠢᠯ ᠤᠨ ᠰᠤᠷᠭᠠᠭᠤᠯᠢ ᠡᠷᠬᠢᠯᠡᠬᠦ ᠬᠢᠷᠢ ᠲᠦᠪᠰᠢᠨ ᠢᠯᠡᠳᠳᠡ ᠳᠡᠭᠡᠭᠰᠢᠯᠡᠪᠡ᠃ ᠤᠯᠤᠰ ᠲᠦᠷᠤ ᠶᠢᠨ ᠵᠥᠪᠯᠡᠯᠭᠡᠨ ᠤ ᠵᠤᠬᠢᠶᠠᠨ ᠪᠠᠶᠢᠭᠤᠯᠤᠯᠳᠠ ᠶᠡᠷᠤᠩᠭᠡᠢ ᠱᠦᠵᠢ ᠰᠢ ᠶᠢᠨ ᠫᠢᠩ ᠤᠨ ᠠᠵᠢᠯ ᠮᠡᠷᠭᠡᠵᠢᠯ ᠤᠨ ᠰᠣᠷᠭᠠᠨ ᠬᠦᠮᠦᠵᠢᠯ ᠤᠨ ᠲᠤᠬᠠᠢ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠣᠰᠤᠭᠠᠷ᠂ ᠳᠠᠪᠠᠭᠤᠯᠢᠭ ᠦᠢᠯᠡᠳᠦᠯ ᠢᠶᠠᠨ ᠢᠳᠡᠪᠬᠢᠳᠡᠢ ᠪᠠᠳᠠᠷᠠᠭᠤᠯᠵᠤ᠂ ᠪᠦᠬᠦ ᠬᠤᠲᠠ ᠶᠢᠨ ᠠᠵᠢᠯ ᠮᠡᠷᠭᠡᠵᠢᠯ ᠤᠨ ᠰᠤᠷᠭᠠᠨ ᠬᠦᠮᠦᠵᠢᠯ ᠤᠨ ᠦᠢᠯᠡᠳᠪᠦᠷᠢᠯᠡᠯ ᠵᠢᠭᠠᠨ ᠰᠤᠷᠭᠠᠯᠳᠠ ᠶᠢ ᠠᠭᠤᠰᠣᠯᠴᠠᠭᠤᠯᠬᠤ᠂ ᠰᠤᠷᠭᠠᠭᠤᠯᠢ ᠠᠵᠤ ᠠᠬᠤᠶᠢᠯᠠᠯ ᠬᠠᠮᠳᠤᠷᠠᠯᠴᠠᠬᠤ ᠵᠠᠮ ᠢᠶᠠᠷ ᠰᠠᠶᠢᠳᠣᠷ ᠵᠠᠮᠨᠠᠬᠤ ᠶᠢ ᠳᠡᠮᠵᠢᠬᠦ ᠬᠡᠷᠡᠭᠳᠡᠢ᠃ ᠥᠷᠭᠡᠨ ᠣᠯᠠᠨ ᠤᠯᠤᠰ ᠲᠦᠷᠤ ᠶᠢᠨ ᠵᠥᠪᠯᠡᠯᠭᠡᠨ ᠤ ᠭᠡᠰᠢᠭᠦᠨ ᠭᠦᠨᠵᠡᠭᠡᠢ ᠪᠠᠶᠢᠴᠠᠭᠠᠨ ᠰᠣᠳᠣᠯᠣᠯᠳᠠ ᠬᠢᠵᠤ᠂  ᠢᠳᠡᠪᠬᠢᠳᠡᠢ ᠪᠠᠷ ᠰᠠᠨᠠᠯ ᠰᠠᠨᠠᠭᠤᠯᠭ᠎ᠠ ᠳᠣᠷᠠᠳᠣᠨ ᠠᠷᠭ᠎ᠠ ᠤᠬᠠᠭᠠᠨ ᠭᠠᠷᠭᠠᠵᠤ᠂ ᠭᠠᠵᠠᠷ ᠣᠷᠣᠨ ᠤ ᠠᠵᠢᠯ ᠮᠡᠷᠭᠡᠵᠢᠯ ᠤᠨ ᠰᠣᠷᠭᠠᠨ ᠬᠦᠮᠦᠵᠢᠯ ᠤᠨ ᠦᠢᠯᠡᠳᠪᠤᠷᠢᠯᠡᠯ ᠵᠢᠭᠠᠨ ᠰᠤᠷᠭᠠᠯᠳᠠ ᠶᠢᠨ ᠬᠦᠨᠵᠡᠭᠡᠢ ᠠᠭᠤᠰᠣᠯᠴᠠᠨ ᠬᠦᠭᠵᠢᠭᠦ ᠶᠢ ᠠᠬᠢᠭᠤᠯᠬᠤ ᠳᠤ ᠣᠶᠣᠨ ᠤᠬᠠᠭᠠᠨ ᠪᠠ ᠬᠦᠴᠦᠨ ᠴᠢᠳᠠᠯ ᠢᠶᠠᠨ ᠡᠷᠬᠦᠬᠦ ᠪᠠᠷ ᠴᠢᠷᠮᠠᠶᠢᠬᠤ ᠬᠡᠷᠡᠭᠳᠡᠢ ᠭᠡᠪᠡ᠃       ᠸᠠᠩ ᠰᠢᠨ ᠢᠣᠢ ᠶᠡᠭᠡ ᠬᠤᠷᠠᠯ ᠤᠨ ᠶᠠᠷᠢᠶ᠎ᠠ ᠶᠢ ᠨᠠᠷᠢᠨ ᠬᠢᠨᠠᠮᠠᠭᠠᠢ ᠰᠣᠨᠣᠰᠴᠤ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠬᠤᠯᠪᠤᠭᠳᠠᠯ ᠪᠦᠬᠦᠢ ᠰᠠᠨᠠᠯ ᠰᠠᠨᠠᠭᠤᠯᠭ᠎ᠠ ᠶᠢ ᠨᠠᠷᠢᠨ ᠬᠢᠨᠠᠮᠠᠭᠠᠢ ᠡᠮᠬᠢᠯᠡᠨ ᠲᠢᠭᠯᠡᠵᠦ᠂ ᠪᠤᠳᠠᠳᠠᠢ ᠠᠵᠢᠯ ᠤᠨ ᠳᠤᠮᠳᠠ ᠪᠠᠨ ᠢᠳᠡᠪᠬᠢᠳᠡᠢ ᠪᠠᠷ ᠬᠦᠯᠢᠶᠡᠨ ᠠᠪᠬᠤ ᠶᠢᠨ ᠬᠠᠮᠳᠣ ᠨᠠᠷᠢᠯᠢᠭᠵᠢᠭᠤᠯᠤᠨ ᠨᠠᠶᠢᠳᠠᠪᠤᠷᠢᠵᠢᠭᠤᠯᠵᠤ᠂ ᠪᠦᠬᠦ ᠬᠤᠲᠠ ᠶᠢᠨ ᠠᠵᠢᠯ ᠮᠡᠷᠭᠡᠵᠢᠯ ᠤᠨ ᠰᠤᠷᠭᠠᠨ ᠬᠦᠮᠦᠵᠢᠯ ᠤᠨ ᠴᠢᠨᠠᠷ ᠰᠠᠶᠢᠲᠠᠢ ᠬᠦᠭᠵᠢᠯᠳᠡ ᠶᠢ ᠳᠠᠰᠣᠷᠠᠯᠳᠠ ᠦᠭᠡᠢ ᠠᠬᠢᠭᠤᠯᠤᠨ᠎ᠠ ᠭᠡᠵᠤ ᠢᠯᠡᠷᠭᠡᠶᠢᠯᠡᠪᠡ᠃       ᠬᠤᠷᠠᠯ ᠠᠴᠠ ᠪᠠᠰᠠ ︽ᠳᠣᠮᠳᠠᠳᠣ ᠤᠯᠤᠰ ᠤᠨ ᠠᠷᠠᠳ ᠤᠨ ᠣᠯᠣᠰ ᠲᠦᠷᠦ ᠶᠢᠨ ᠵᠦᠪᠯᠡᠯᠭᠡᠨ ᠤ ᠣᠷᠳᠣᠰ ᠬᠤᠲᠠ ᠶᠢᠨ  ᠬᠤᠷᠢᠶ᠎ᠠ ᠶᠢᠨ ᠵᠦᠪᠯᠡᠬᠦ  ᠠᠵᠢᠯ ᠤᠨ ᠳᠦᠷᠢᠮ ︵ᠳᠦᠰᠦᠯ︶︾ ᠪᠣᠯᠣᠨ ᠬᠠᠮᠢᠶ᠎ᠠ ᠪᠦᠬᠦᠢ ᠠᠵᠢᠯᠳᠠᠨ ᠤ ᠶᠠᠪᠤᠳᠠᠯ ᠤᠨ ᠲᠤᠰᠢᠶᠠᠯ ᠳᠤ ᠲᠤᠮᠢᠯᠠᠵᠤ ᠲᠤᠰᠢᠶᠠᠯ ᠠᠴᠠ ᠪᠠᠭᠤᠯᠭᠠᠬᠤ ᠤᠴᠢᠷ ᠶᠠᠪᠤᠳᠠᠯ ᠢ ᠬᠢᠨᠠᠨ ᠵᠦᠪᠯᠡᠵᠤ ᠪᠠᠳᠣᠯᠠᠪᠠ᠃ 
ᠢᠷᠡᠯᠲᠡ᠄ ᠣᠷᠳᠣᠰ ᠤᠨ ᠮᠤᠩᠭᠤᠯ ᠬᠡᠯᠡᠨ ᠤ ᠰᠣᠨᠢᠨ ᠮᠡᠳᠡᠭᠡᠨ ᠤ ᠰᠦᠯᠵᠢᠶ᠎ᠡ