| ᠦᠢᠷ᠎ᠠ ᠳᠤ᠂ ᠡᠵᠡᠨ ᠬᠤᠷᠤᠭ᠎ᠠ ᠬᠤᠰᠢᠭᠤᠨ ᠤ ᠠᠯᠳᠡᠨᠰᠢᠷᠡᠭᠡᠳᠤ ᠪᠠᠯᠭᠠᠰᠤᠨ ᠤ ᠠᠷᠠᠳ ᠤᠨ ᠵᠠᠰᠠᠭ ᠤᠨ ᠤᠷᠳᠤᠨ ᠪᠤᠯᠤᠨ ᠬᠤᠰᠢᠭᠤᠨ ᠤ ᠡᠮᠡᠭᠳᠠᠶᠢᠴᠤᠳ | ᠤᠨ ᠬᠤᠯᠪᠤᠭᠠᠳᠤ ᠬᠤᠷᠠᠯ᠂ ᠬᠤᠰᠢᠭᠤᠨ ᠤ ᠠᠵᠢᠯ ᠤᠯᠭᠤᠯᠳᠡ ᠪᠤᠯᠤᠨ ᠨᠡᠶᠢᠭᠡᠮ ᠤᠨ ᠲᠠᠭᠠᠳᠬᠠᠯ ᠤᠨ ᠦᠢᠯᠡᠰ ᠤᠨ ᠲᠦᠪ᠂ ᠲᠤᠰ ᠲᠤᠰ ᠠᠵᠢᠨᠠᠢ ᠨᠡᠶᠢᠭᠡᠮ | ᠲᠤᠭᠤᠷᠢᠭ᠂ ᠲᠤᠩᠭᠠᠯᠠᠭ ᠨᠡᠶᠢᠭᠡᠮ ᠲᠤᠭᠤᠷᠢᠭ ᠲᠤ ᠬᠠᠳᠬᠤᠮᠠᠯ᠂ ᠭᠠᠷ ᠦᠢᠯᠡᠳᠭᠡᠯ᠂ ᠤᠶᠤᠨᠳᠠᠯ ᠵᠡᠷᠭᠡ ᠤᠷ᠎ᠡ ᠮᠡᠷᠭᠡᠵᠢᠯ ᠤᠨ ᠪᠤᠯᠪᠠᠰᠤᠷᠠᠯ ᠢ ᠦᠷᠨᠢᠭᠦᠯᠦᠭᠰᠡᠨ | ᠪᠠᠶᠢᠨ᠎ᠠ᠃ | ︿ᠪᠠᠭ᠎ᠠ ᠰᠠᠭ᠎ᠠ ᠭᠠᠷ ᠤᠷᠠᠯᠠᠯ ᠤᠨ ᠠᠵᠢᠯ ᠬᠢᠬᠦ ᠳᠤ ᠲᠤᠩ ᠠᠮᠠᠷᠬᠠᠨ᠂ ᠲᠤᠬᠳᠠᠪᠤᠷᠢᠳᠠᠢ ᠤᠷᠤᠯᠭ᠎ᠠ ᠲᠠᠢ ᠪᠤᠯᠤᠬᠰᠡᠨ ᠢᠶᠠᠷ ᠪᠠᠷᠠᠬᠤ ᠦᠭᠡᠢ ᠭᠡᠷ ᠤᠨ | ᠬᠦᠮᠤᠰ ᠢᠶᠠᠨ ᠬᠠᠷᠠᠭᠠᠯᠵᠠᠬᠤ ᠶᠢ ᠴᠤ ᠰᠠᠭᠠᠳᠠᠭᠠᠳᠠᠭ ᠦᠭᠡᠢ﹀ ᠭᠡᠵᠤ ᠲᠤᠩᠭᠠᠯᠠᠭ ᠨᠡᠶᠢᠭᠡᠮ ᠲᠤᠭᠤᠷᠢᠭ ᠤᠨ ᠰᠠᠭᠤᠭᠠᠯᠢ ᠠᠷᠠᠳ ᠵᠤᠤ ᠠᠪᠠᠭ᠋ᠠᠢ ᠶᠠᠷᠢᠨ᠎ᠠ᠃ ᠡᠨᠡ | ᠵᠢᠯ ᠠᠴᠠ ᠨᠠᠭᠠᠰᠢ᠂ ᠠᠯᠳᠡᠨᠰᠢᠷᠡᠭᠡᠳᠤ ᠪᠠᠯᠭᠠᠰᠤ ᠠᠵᠢᠯ ᠤᠯᠭᠤᠯᠳᠡ ᠶᠢ ᠲᠤᠬᠳᠠᠭᠤᠨ ᠪᠠᠶᠢᠯᠭᠠᠬᠤ᠂ ᠠᠵᠢᠯ ᠤᠯᠭᠤᠯᠳᠡ ᠶᠢ ᠪᠠᠳᠤᠯᠠᠬᠤ ᠶᠢ ᠲᠡᠷᠢᠭᠦᠨ ᠴᠢᠬᠤᠯᠨ | ᠡᠭᠦᠷᠭᠡ ᠪᠤᠯᠭᠠᠬᠤ ᠶᠢ ᠪᠠᠷᠢᠮᠳᠠᠯᠠᠵᠤ᠂ ᠡᠭᠦᠷᠭᠡ ᠴᠢᠳᠠᠪᠤᠷᠢ ᠶᠢᠨ ᠪᠠᠶᠢᠷᠢ ᠲᠤᠬᠳᠠᠭᠠᠯᠳᠠ ᠳᠤ ᠰᠠᠭᠤᠷᠢᠯᠠᠨ᠂ ︿ᠪᠤᠯᠪᠠᠰᠤᠷᠠᠯ﹀ ᠢᠶᠠᠷ ᠤᠳᠤᠷᠢᠳᠤᠮᠵᠢ ᠪᠤᠯᠭᠠᠵᠤ᠂ | ︿ᠵᠠᠬᠢᠶᠠᠯᠠᠭ᠎ᠠ ᠶᠢᠨ ᠬᠡᠯᠪᠡᠷᠢ﹀ ᠶᠢᠨ ᠪᠤᠯᠪᠠᠰᠤᠷᠠᠯ ᠤᠨ ᠬᠡᠪ ᠵᠠᠬᠪᠤᠷ ᠢ ᠬᠡᠷᠡᠭᠯᠡᠨ᠂ ᠦᠢᠯᠡᠰ ᠪᠦᠳᠦᠭᠡᠵᠤ ᠠᠵᠢᠯ ᠤᠯᠬᠤ ᠬᠦᠰᠡᠯ ᠵᠤᠷᠢᠯᠳᠡ ᠲᠠᠢ ᠤᠯᠡᠨ ᠲᠦᠮᠡᠨ | ᠳᠤ ᠮᠡᠷᠭᠡᠵᠢᠯ ᠡᠵᠡᠮᠰᠢᠭᠦᠯᠬᠦ ᠳᠤ ᠬᠦᠴᠦᠨ ᠨᠡᠮᠡᠷᠢᠯᠡᠵᠤ᠂ ᠤᠯᠡᠨ ᠲᠦᠮᠡᠨ ᠤ ᠦᠢᠯᠡᠰ ᠪᠦᠳᠦᠭᠡᠵᠤ ᠠᠵᠢᠯ ᠤᠯᠬᠤ ᠤᠷᠮ᠎ᠠ ᠵᠤᠷᠢᠭ ᠢ ᠬᠦᠭᠵᠢᠭᠡᠨ᠂ ᠤᠷᠤᠯᠭ᠎ᠠ | ᠪᠠᠨ ᠨᠡᠮᠡᠭᠳᠡᠭᠦᠯᠤᠨ ᠪᠠᠶᠠᠵᠢᠨ ᠴᠢᠨᠡᠭᠡᠯᠢᠭᠵᠢᠬᠦ ᠶᠢ ᠠᠬᠢᠭᠤᠯᠤᠬᠰᠡᠨ ᠪᠠᠶᠢᠨ᠎ᠠ᠃ | ᠦᠢᠯᠠᠭᠠᠬᠰᠡᠨ ᠢᠶᠠᠷ᠂ ᠡᠵᠡᠨ ᠬᠤᠷᠤᠭ᠎ᠠ ᠬᠤᠰᠢᠭᠤᠨ ᠤ ᠠᠵᠢᠯ ᠤᠯᠭᠤᠯᠳᠡ ᠪᠡ ᠨᠡᠶᠢᠭᠡᠮ ᠤᠨ ᠲᠠᠭᠠᠳᠬᠠᠯ ᠤᠨ ᠦᠢᠯᠡᠰ ᠤᠨ ᠲᠦᠪ ᠠᠴᠠ ᠤᠷ᠎ᠡ | ᠴᠢᠳᠠᠪᠤᠷᠢ ᠶᠢᠨ ᠪᠤᠯᠪᠠᠰᠤᠷᠠᠯ ᠢ ᠨᠡᠶᠢᠭᠡᠮ ᠲᠤᠭᠤᠷᠢᠭ ᠲᠤ ᠤᠷᠤᠭᠤᠯᠬᠤ ᠠᠵᠢᠯᠯᠠᠭ᠎ᠠ ᠶᠢ ᠦᠷᠨᠢᠭᠦᠯᠵᠤ᠂ ᠪᠤᠯᠪᠠᠰᠤᠷᠠᠯ ᠤᠨ ᠤᠬᠠᠭᠤᠯᠭ᠎ᠠ ᠶᠢᠨ ᠬᠠᠭᠤᠳᠠᠰᠤ | ᠲᠠᠷᠬᠠᠭᠠᠬᠤ᠂ ᠤᠬᠠᠭᠤᠯᠭ᠎ᠠ ᠶᠢᠨ ᠪᠢᠴᠢᠭᠡᠰᠤ ᠡᠯᠭᠦᠬᠦ᠂ ᠲᠤᠬᠠᠢ ᠶᠢᠨ ᠲᠠᠯᠠᠪᠤᠷ ᠲᠤ ᠠᠵᠤ ᠠᠬᠤᠶᠢᠯᠠᠯ ᠪᠡ ᠤᠯᠡᠨ ᠲᠦᠮᠡᠨ ᠤ ᠠᠰᠠᠭᠤᠨ ᠯᠠᠪᠯᠠᠯᠭ᠎ᠠ ᠶᠢ | ᠬᠠᠷᠢᠭᠤᠯᠬᠤ ᠠᠷᠭ᠎ᠠ ᠬᠡᠯᠪᠡᠷᠢ ᠪᠠᠷ ᠲᠠᠮᠵᠢᠭᠤᠯᠤᠨ ᠠᠵᠤ ᠠᠬᠤᠶᠢᠯᠠᠯ ᠪᠡ ᠤᠯᠡᠨ ᠲᠦᠮᠡᠨ ᠤ ᠦᠪᠡᠷᠮᠢᠴᠨ ᠪᠤᠯᠪᠠᠰᠤᠷᠠᠯ ᠤᠨ ᠬᠡᠷᠡᠭᠴᠡᠭᠡ ᠶᠢ ᠦᠢᠯᠠᠭᠠᠨ᠂ | ᠪᠤᠯᠪᠠᠰᠤᠷᠠᠯ ᠤᠨ ᠪᠠᠭᠰᠢ ᠶᠢ ᠨᠠᠷᠢᠨ ᠨᠢᠮᠪᠠᠢ ᠰᠢᠯᠢᠨ ᠰᠤᠩᠭᠤᠵᠤ᠂ ᠠᠵᠤ ᠠᠬᠤᠶᠢᠯᠠᠯ ᠪᠡ ᠤᠯᠡᠨ ᠲᠦᠮᠡᠨ ᠳᠤ ᠪᠤᠯᠪᠠᠰᠤᠷᠠᠯ ᠤᠨ ᠲᠦᠯᠦᠪᠯᠡᠭᠡ ᠲᠤᠬᠳᠠᠭᠠᠨ | ᠦᠭᠴᠤ᠂ ᠠᠵᠢᠯ ᠮᠡᠷᠭᠡᠵᠢᠯ ᠤᠨ ᠤᠷ᠎ᠡ ᠴᠢᠳᠠᠪᠤᠷᠢ ᠶᠢᠨ ᠪᠤᠯᠪᠠᠰᠤᠷᠠᠯ ᠢ ᠪᠦᠬᠦ ᠬᠤᠰᠢᠭᠤᠨ ᠤ ᠡᠯ᠎ᠡ ᠲᠦᠷᠦᠯ ᠤᠨ ᠠᠵᠤ ᠠᠬᠤᠶᠢᠯᠠᠯ ᠪᠡ ᠨᠡᠶᠢᠭᠡᠮ ᠲᠤᠭᠤᠷᠢᠭ ᠲᠤ | ᠪᠦᠷᠭᠦᠭᠦᠯᠦᠭᠰᠡᠨ ᠪᠠᠶᠢᠨ᠎ᠠ᠃ | | | |