| | ᠬᠥᠳᠡᠭᠡ ᠲᠣᠰᠬᠤᠨ ᠤ ᠪᠠᠶᠠᠵᠢᠭᠰᠠᠨ ᠡᠰᠡᠬᠦ ᠶᠢ ᠦᠵᠡᠬᠦ ᠳᠤ ᠵᠠᠩᠭᠢᠯᠠᠭ᠎ᠠ ᠨᠢ ᠺᠠᠳ᠋ᠷ ᠢ ᠦᠵᠡᠨ᠎ᠡ᠃ ᠣᠶᠢᠷ᠎ᠠ ᠶᠢᠨ ᠵᠢᠯ ᠠᠴᠠ᠂ ᠤᠳᠤᠭ ᠤᠨ ᠡᠮᠦᠨᠡᠲᠦ | ᠬᠤᠰᠢᠭᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠠᠢ ᠪᠦᠲᠦᠮᠵᠢᠲᠡᠢ | ᠵᠣᠯᠭᠠᠭᠤᠯᠬᠤ ᠭᠤᠣᠯᠳᠠᠯᠭ᠎ᠠ ᠲᠠᠢ ᠬᠦᠷᠢᠶ᠎ᠡ ᠪᠣᠯᠣᠨ ᠵᠠᠩᠭᠢᠯᠠᠭ᠎ᠠ ᠶᠢᠨ ᠭᠤᠭᠴᠤᠭ᠎ᠠ ᠶᠢ ᠪᠠᠬᠢᠵᠢᠭᠦᠯᠦᠨ ᠥᠷᠭᠡᠳᠬᠡᠬᠦ ᠳᠤ ᠠᠩᠬᠠᠷᠤᠯ ᠢᠶᠠᠨ ᠲᠥᠪᠯᠡᠷᠡᠭᠦᠯᠵᠦ᠂ | ᠰᠢᠯᠢᠳᠡᠭ ᠺᠠᠳ᠋ᠷ ᠢ ᠤᠨᠢᠨ ᠳᠡᠭᠡᠷ᠎ᠡ ᠨᠢ ᠰᠣᠩᠭᠤᠨ ᠲᠣᠰᠬᠤᠨ ᠳᠤ ᠰᠠᠭᠤᠯᠭᠠᠵᠤ᠂ ᠬᠥᠳᠡᠭᠡ ᠲᠣᠰᠬᠤᠨ ᠤ ᠠᠵᠤ ᠦᠢᠯᠡᠰ᠂ ᠴᠢᠳᠠᠪᠤᠷᠢᠲᠠᠨ᠂ ᠰᠣᠶᠣᠯ᠂ ᠠᠮᠢ | ᠠᠬᠤᠢ᠂ ᠵᠣᠬᠢᠶᠠᠨ ᠪᠠᠶᠢᠭᠤᠯᠤᠯᠲᠠ ᠶᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠠᠬᠢᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ︽ | ᠰᠢᠯᠭᠠᠯᠲᠠ ᠳᠤ ᠣᠷᠤᠯᠴᠠᠬᠤ︾ ᠬᠠᠭᠤᠳᠠᠰᠤ ᠶᠢ ᠴᠢᠷᠮᠠᠶᠢᠨ ᠰᠠᠶᠢᠲᠤᠷ ᠬᠠᠷᠢᠭᠤᠯᠵᠠᠢ᠃ | ︽ᠬᠤᠪᠢᠰᠬᠠᠯ ᠤᠨ ᠬᠥᠳᠡᠯᠭᠡᠭᠦ ᠡᠨᠧᠷᠭᠢ︾ ᠳᠤ ᠠᠩᠬᠠᠷᠤᠯ ᠢᠶᠠᠨ ᠲᠥᠪᠯᠡᠷᠡᠭᠦᠯᠵᠦ᠂ ︽ᠲᠠᠶᠢᠴᠢᠨ ᠪᠠᠬᠢᠯᠡᠯᠲᠡ︾ ᠶᠢ ᠪᠠᠶᠢᠭᠤᠯᠤᠨ ᠬᠦᠴᠦᠷᠬᠡᠭᠵᠢᠭᠦᠯᠦᠨ᠎ᠡ᠃ | ᠵᠣᠬᠢᠶᠠᠨ ᠪᠠᠶᠢᠭᠤᠯᠤᠯᠲᠠ ᠬᠦᠴᠦᠷᠬᠡᠭᠵᠢᠪᠡᠯ ᠬᠥᠳᠡᠭᠡ ᠲᠣᠰᠬᠤᠨ ᠬᠦᠴᠦᠷᠬᠡᠭᠵᠢᠨ᠎ᠡ︔ ᠵᠣᠬᠢᠶᠠᠨ ᠪᠠᠶᠢᠭᠤᠯᠤᠯᠲᠠ ᠶᠢ ᠬᠥᠭᠵᠢᠭᠦᠯᠪᠡᠯ ᠬᠥᠳᠡᠭᠡ ᠲᠣᠰᠬᠤᠨ ᠢ | ᠬᠥᠭᠵᠢᠭᠦᠯᠦᠨ᠎ᠡ᠃ ᠣᠲᠤᠭ ᠤᠨ ᠡᠮᠦᠨᠡᠲᠦ ᠬᠤᠰᠢᠭᠤᠨ ᠤ ᠲᠣᠰᠬᠤᠨ ᠳᠤ ᠰᠠᠭᠤᠭ᠎ᠠ ᠺᠠᠳ᠋ᠷᠴᠤᠳ ᠣᠲᠤᠭ ᠤᠨ ᠡᠮᠦᠨᠡᠲᠦ ᠬᠤᠰᠢᠭᠤᠨ ᠤ ᠣᠶᠤᠨᠲᠤ ᠨᠠᠮ ᠤᠨ | ᠪᠠᠶᠢᠭᠤᠯᠤᠯᠲᠠ ᠶᠢᠨ ᠶᠡᠷᠦᠩᠬᠡᠶᠢᠯᠡᠭᠰᠡᠨ ᠲᠤᠬᠠᠶᠢᠯᠠᠭᠰᠠᠨ ᠠᠵᠢᠯ ᠤᠨ ᠲᠠᠪᠴᠠᠩ ᠳᠤ ᠲᠦᠰᠢᠭᠯᠡᠨ᠂ ᠨᠠᠮ ᠤᠨ ᠭᠡᠰᠢᠭᠦᠨ ᠣᠯᠠᠨ ᠲᠦᠮᠡᠨ ᠳᠤ ᠦᠢᠯᠡᠴᠢᠯᠡᠬᠦ ᠠᠷᠭ᠎ᠠ | ᠵᠠᠮ ᠢᠶᠠᠨ ᠥᠷᠭᠡᠳᠬᠡᠨ᠎ᠡ᠃ ᠭᠠᠴᠠᠭ᠎ᠠ ᠲᠣᠰᠬᠤᠨ ᠤ ︽ᠬᠤᠶᠠᠷ ᠵᠥᠪᠯᠡᠯ︾ ᠤᠨ ᠪᠠᠭ ᠢ ᠬᠠᠪᠰᠤᠷᠤᠨ ᠨᠠᠮ ᠤᠨ ᠵᠣᠬᠢᠶᠠᠨ ᠪᠠᠶᠢᠭᠤᠯᠤᠯᠲᠠ ᠪᠠ ᠨᠠᠮ ᠤᠨ ᠭᠡᠰᠢᠭᠦᠨ ᠤ | ᠡᠩᠨᠡᠭᠡ ᠶᠢᠨ ᠪᠠᠶᠢᠭᠤᠯᠤᠯᠲᠠ ᠶᠢ ᠰᠠᠶᠢᠲᠤᠷ ᠬᠢᠵᠦ᠂ ︽ᠭᠤᠷᠪᠠᠨ ᠬᠤᠷᠠᠯ ᠨᠢᠭᠡ ᠬᠢᠴᠢᠶᠡᠯ︾᠂ ᠵᠣᠬᠢᠶᠠᠨ ᠪᠠᠶᠢᠭᠤᠯᠤᠯᠲᠠ ᠶᠢᠨ ᠠᠮᠢᠳᠤᠷᠠᠯ ᠤᠨ ᠬᠤᠷᠠᠯ᠂ ᠨᠠᠮ ᠤᠨ | ᠭᠡᠰᠢᠭᠦᠨ ᠤ ᠶᠠᠰᠤ ᠴᠢᠨᠠᠷ ᠢ ᠠᠷᠠᠳᠴᠢᠯᠠᠯ ᠢᠶᠠᠷ ᠦᠨᠡᠯᠡᠬᠦ ᠠᠵᠢᠯ ᠢ ᠬᠠᠪᠰᠤᠷᠤᠨ ᠳᠡᠭᠡᠭᠰᠢᠯᠡᠭᠦᠯᠵᠦ᠂ ᠭᠠᠴᠠᠭ᠎ᠠ ᠲᠣᠰᠬᠤᠨ ᠤ ᠵᠢᠭᠰᠠᠭᠠᠯ ᠤᠨ ᠭᠠᠵᠠᠷ ᠤᠨ | ᠪᠠᠷᠢᠮᠵᠢᠶᠠᠵᠢᠭᠤᠯᠬᠤ ᠪᠠᠶᠢᠭᠤᠯᠤᠯᠲᠠ ᠶᠢ ᠵᠢᠯᠣᠭᠤᠳᠤᠨ ᠠᠬᠢᠭᠤᠯᠵᠤ᠂ ᠨᠠᠮ ᠤᠨ ᠵᠣᠬᠢᠶᠠᠨ ᠪᠠᠶᠢᠭᠤᠯᠤᠯᠲᠠ ᠶᠢᠨ ᠳᠠᠶᠢᠴᠢᠨ ᠪᠠᠬᠢᠯᠡᠯᠲᠡ ᠶᠢᠨ ᠦᠢᠯᠡᠳᠦᠯ ᠪᠠ ᠨᠠᠮ ᠤᠨ | ᠭᠡᠰᠢᠭᠦᠨ ᠤ ᠬᠤᠰᠢᠭᠤᠴᠢ ᠵᠢᠱᠢᠶᠡᠴᠢ ᠶᠢᠨ ᠦᠢᠯᠡᠳᠦᠯ ᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠬᠡᠷᠡᠭᠲᠡᠢ᠃ ᠣᠳᠣᠬᠠᠨ ᠳᠤ᠂ ᠪᠥᠬᠦ ᠬᠤᠰᠢᠭᠤᠨ ᠳᠤ ᠨᠡᠶᠢᠲᠡ | 68 ᠭᠠᠴᠠᠭ᠎ᠠ ᠲᠣᠰᠬᠤᠨ ᠤ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠠᠶᠢᠵᠤ᠂ ᠡᠭᠦᠨ ᠳᠤ 38 ᠨᠠᠮ ᠤᠨ ᠵᠣᠬᠢᠶᠠᠨ ᠪᠠᠶᠢᠭᠤᠯᠤᠯᠲᠠ ᠨᠢ ︽ | ᠬᠠᠮᠤᠭ ᠤᠨ ᠬᠦᠴᠦᠷᠬᠡᠭ ᠨᠠᠮ ᠤᠨ ᠡᠭᠦᠷ︾ ᠢᠶᠠᠷ ᠦᠨᠡᠯᠡᠭᠳᠡᠵᠦ᠂ 55.88% ᠪᠠᠷ ᠦᠨᠡᠯᠡᠭᠳᠡᠵᠦ᠂ 21 ᠨᠠᠮ ᠤᠨ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ | ᠴᠢᠭ᠋ ᠢ ᠪᠣᠶ ᠪᠣᠯᠭᠠᠵᠤ᠂ 84 ᠨᠠᠮ ᠤᠨ ᠭᠡᠰᠢᠭᠦᠨ ᠤ ᠭᠤᠤᠯᠳᠠᠯᠭᠠᠳᠤ ᠡᠷᠦᠬᠡ ᠶᠢ ᠬᠥᠮᠥᠵᠢᠭᠦᠯᠦᠨ᠂ ︽ᠬᠠᠮᠤᠭ ᠤᠨ ᠬᠦᠴᠦᠷᠬᠡᠭ ᠨᠠᠮ ᠤᠨ ᠡᠭᠦᠷ︾ ᠢᠶᠠᠷ | ᠬᠥᠲᠥᠯᠥᠨ ᠳᠠᠭᠠᠭᠤᠯᠬᠤ᠂ ᠨᠠᠮ ᠤᠨ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠴᠢᠭ᠋ ᠢᠶᠠᠷ ᠳᠠᠶᠢᠴᠢᠯᠠᠬᠤ᠂ ᠨᠠᠮ ᠤᠨ ᠭᠡᠰᠢᠭᠦᠨ ᠤ ᠭᠤᠤᠯᠳᠠᠯᠭᠠᠳᠤ ᠡᠷᠦᠬᠡ ᠪᠠᠷ | ᠣᠯᠠᠨ ᠲᠦᠮᠡᠨ ᠲᠠᠢ ᠬᠠᠷᠢᠯᠴᠠᠬᠤ ᠪᠠ ᠣᠯᠠᠨ ᠲᠦᠮᠡᠨ ᠳᠤ ᠦᠢᠯᠡᠴᠢᠯᠡᠬᠦ ᠰᠢᠨ᠎ᠡ ᠪᠠᠶᠢᠷᠢᠰᠢᠯ ᠢ ᠪᠣᠶ ᠪᠣᠯᠭᠠᠪᠠ᠃ | ︽ᠣᠯᠠᠨ ᠡᠰᠢᠲᠦ ᠬᠥᠳᠡᠯᠭᠡᠭᠦᠷ︾ ᠳᠤ ᠠᠩᠬᠠᠷᠤᠯ ᠢᠶᠠᠨ ᠲᠥᠪᠯᠡᠷᠡᠭᠦᠯᠵᠦ᠂ ᠬᠠᠮᠲᠤ ᠶᠢᠨ ᠠᠵᠤ ᠠᠬᠤᠢ ᠶᠢ ᠪᠤᠵᠠᠭᠠᠶᠢᠷᠠᠭᠤᠯᠤᠨ᠎ᠠ᠃ ᠭᠠᠴᠠᠭ᠎ᠠ | ᠲᠣᠰᠬᠤᠨ ᠤ ᠬᠠᠮᠲᠤ ᠶᠢᠨ ᠠᠵᠤ ᠠᠬᠤᠢ ᠶᠢ ᠬᠥᠭᠵᠢᠭᠦᠯᠦᠨ ᠪᠤᠵᠠᠭᠠᠶᠢᠷᠠᠭᠤᠯᠬᠤ ᠪᠣᠯ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠲᠦᠯᠬᠢᠨ | ᠠᠬᠢᠭᠤᠯᠵᠤ᠂ ᠬᠠᠮᠲᠤ ᠪᠠᠷ ᠪᠠᠶᠠᠵᠢᠬᠤ ᠶᠢ ᠪᠡᠶᠡᠯᠡᠭᠦᠯᠬᠦ ᠶᠢᠨ ︽ᠬᠥᠳᠡᠯᠭᠡᠭᠦᠷ︾ ᠮᠥᠨ᠃ ᠣᠲᠤᠭ ᠤᠨ ᠡᠮᠦᠨᠡᠲᠦ ᠬᠤᠰᠢᠭᠤᠨ ᠤ ᠲᠣᠰᠬᠤᠨ ᠳᠤ ᠰᠠᠭᠤᠭ᠎ᠠ | ᠺᠠᠳ᠋ᠷᠴᠤᠳ ᠠᠷᠠᠳ ᠢ ᠪᠠᠶᠠᠵᠢᠭᠤᠯᠤᠨ ᠣᠷᠣᠯᠭ᠎ᠠ ᠶᠢ ᠨᠡᠮᠡᠭᠳᠡᠭᠦᠯᠬᠦ ᠲᠤᠯᠭᠠᠭᠤᠷᠢ ᠠᠵᠤ ᠦᠢᠯᠡᠰ ᠲᠤ ᠠᠩᠬᠠᠷᠤᠯ ᠢᠶᠠᠨ ᠲᠥᠪᠯᠡᠷᠡᠭᠦᠯᠵᠦ᠂ ᠳᠠᠷᠢᠬᠤ᠂ ᠲᠡᠵᠢᠭᠡᠬᠦ᠂ | ᠨᠡᠮᠡᠬᠦ᠂ ᠪᠣᠷᠣᠯᠠᠭᠤᠯᠬᠤ ᠪᠥᠬᠦ ᠠᠵᠤ ᠦᠢᠯᠡᠰ ᠤᠨ ᠬᠡᠯᠬᠢᠶ᠎ᠡ ᠶᠢ ᠭᠦᠨᠵᠡᠭᠡᠢ ᠠᠭᠤᠰᠤᠯᠴᠠᠭᠤᠯᠤᠨ ᠬᠥᠭᠵᠢᠭᠦᠯᠬᠦ ᠶᠢ ᠲᠦᠷᠭᠡᠳᠬᠡᠪᠡ᠃ ᠭᠠᠴᠠᠭ᠎ᠠ ᠲᠣᠰᠬᠤᠨ ᠤ | ᠪᠣᠳᠠᠲᠠᠢ ᠪᠠᠶᠢᠳᠠᠯ ᠢ ᠦᠨᠳᠦᠰᠦᠯᠡᠨ᠂ ᠭᠠᠵᠠᠷ ᠣᠷᠣᠨ ᠤ ᠣᠨᠴᠠᠯᠢᠭ ᠲᠠᠢ ᠪᠠᠨ ᠤᠶᠠᠯᠳᠤᠭᠤᠯᠤᠨ᠂ ᠰᠡᠳᠬᠢᠬᠦᠢ ᠶᠢᠨ ᠵᠠᠭᠪᠤᠷ ᠲᠤ ᠰᠢᠨ᠎ᠡ ᠶᠢ ᠡᠭᠦᠳᠴᠦ᠂ | ᠬᠠᠮᠲᠤ ᠶᠢᠨ ᠠᠵᠤ ᠠᠬᠤᠢ ᠶᠢᠨ ᠬᠥᠭᠵᠢᠯᠲᠡ ᠶᠢᠨ ᠰᠢᠨ᠎ᠡ ᠰᠡᠳᠬᠢᠮᠵᠢ ᠶᠢ ᠰᠦᠪᠡᠭᠴᠢᠯᠡᠵᠦ᠂ ᠬᠠᠷᠠᠯᠲᠠ ᠶᠢᠨ ᠨᠠᠷᠢᠨ ᠬᠠᠭᠤᠳᠠᠰᠤ ᠶᠢ ᠨᠠᠷᠢᠯᠢᠭ ᠣᠨᠣᠴᠠᠲᠠᠢ ᠪᠠᠷ | ᠪᠠᠶᠢᠭᠤᠯᠬᠤ ᠬᠡᠷᠡᠭᠲᠡᠢ᠃ ᠭᠠᠴᠠᠭ᠎ᠠ ᠲᠣᠰᠬᠤᠨ ᠢ ᠬᠠᠪᠰᠤᠷᠤᠨ ᠰᠤᠯᠠ ᠪᠠᠶᠢᠬᠤ ᠭᠠᠵᠠᠷ ᠰᠢᠷᠣᠢ᠂ ᠰᠤᠯᠠ ᠪᠠᠶᠢᠬᠤ ᠠᠳᠠᠯ ᠦᠢᠯᠡᠰ ᠴᠣᠭᠴᠠᠯᠠᠬᠤ ᠬᠦᠷᠢᠶᠡᠯᠡᠩ ᠵᠡᠷᠭᠡ | ᠰᠤᠯᠠ ᠪᠠᠶᠢᠬᠤ ᠡᠳ᠋ ᠬᠥᠷᠥᠩᠭᠡ ᠶᠢ ᠠᠮᠢᠯᠠᠭᠤᠯᠵᠤ᠂ ︽ᠨᠦᠢᠷᠮᠣᠭᠯᠠᠬᠤ ᠡᠬᠢ ᠪᠠᠶᠠᠯᠢᠭ︾ ᠢ ᠬᠥᠷᠥᠩᠭᠡ ᠶᠢᠨ ᠪᠡᠯᠡ ᠮᠥᠩᠭᠦ ᠪᠣᠯᠭᠠᠨ ᠬᠤᠪᠢᠷᠠᠭᠤᠯᠵᠤ᠂ | ᠬᠠᠮᠲᠤ ᠶᠢᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠤᠨ᠎ᠠ᠃ ᠡᠯ᠎ᠡ ᠭᠠᠴᠠᠭ᠎ᠠ ᠲᠣᠰᠬᠤᠨ ᠤ ᠬᠤᠯᠪᠤᠭᠠᠯᠠᠨ ᠪᠠᠶᠢᠭᠤᠯᠤᠨ ᠬᠥᠭᠵᠢᠭᠦᠯᠬᠦ ᠶᠢ | ᠬᠥᠲᠥᠯᠥᠨ ᠵᠢᠯᠤᠭᠤᠳᠴᠤ᠂ ︽ᠴᠢᠰᠤ ᠪᠦᠲᠦᠭᠡᠬᠦ︾ ᠴᠢᠳᠠᠮᠵᠢ ᠶᠢ ᠴᠢᠩᠭᠠᠷᠠᠭᠤᠯᠤᠨ᠎ᠠ᠃ ᠠᠵᠤ ᠦᠢᠯᠡᠳᠪᠦᠷᠢ ᠶᠢᠨ ᠠᠵᠤ ᠠᠬᠤᠢ ᠶᠢᠨ ᠪᠦᠲᠦᠭᠡᠨ ᠪᠠᠶᠢᠭᠤᠯᠤᠯᠲᠠ᠂ | ᠠᠮᠢ ᠠᠬᠤᠢ ᠶᠢᠨ ᠣᠷᠴᠢᠯ ᠠᠵᠤ ᠠᠬᠤᠢ ᠶᠢᠨ ᠪᠦᠲᠦᠭᠡᠨ ᠪᠠᠶᠢᠭᠤᠯᠤᠯᠲᠠ᠂ ᠪᠡᠯᠡᠳᠭᠡᠮᠵᠢᠳᠤ ᠲᠠᠷᠢᠶᠠᠯᠠᠩ ᠵᠡᠷᠭᠡ ᠲᠠᠯ᠎ᠠ ᠳᠤ ᠦᠢᠯᠡᠴᠢᠯᠡᠬᠦ ᠲᠣᠭᠤᠷᠢᠨ ᠳᠤ᠂ | ᠨᠢᠰᠦᠭᠡ ᠭᠠᠵᠠᠷ᠂ ᠨᠡᠶᠢᠯᠡᠮᠡᠯ ᠭᠠᠵᠠᠷ ᠵᠡᠷᠭᠡ ᠵᠠᠭᠪᠤᠷ ᠢᠶᠠᠷ ᠳᠡᠮᠵᠢᠨ᠂ ᠤᠯᠵᠤᠤᠴᠢ ᠪᠠᠯᠭᠠᠰᠤᠨ ᠤ ᠭᠠᠴᠠᠭ᠎ᠠ ᠲᠣᠰᠬᠤᠨ ᠤ ᠬᠠᠮᠲᠤ ᠶᠢᠨ ᠠᠵᠤ ᠠᠬᠤᠢ ᠶᠢᠨ | ᠬᠤᠯᠪᠣᠭᠠᠲᠤ ᠴᠣᠭᠴᠠ᠂ ᠱᠠᠩᠬᠠᠢ ᠶᠢᠨ ᠮᠢᠶᠣᠣ ᠪᠠᠯᠭᠠᠰᠤᠨ ᠤ ᠲᠣᠰᠬᠤᠨ ᠤ ᠨᠢᠭᠡᠳᠦᠯ ᠤᠨ ᠬᠤᠯᠪᠤᠭᠠᠯᠠᠨ ᠪᠠᠶᠢᠭᠤᠯᠤᠭᠰᠠᠨ ᠠᠵᠤ ᠦᠢᠯᠡᠰ ᠤᠨ ᠶᠡᠷᠦᠩᠬᠡᠶᠢᠯᠡᠭᠰᠡᠨ | ᠴᠣᠭᠴᠠ᠂ ᠠᠩᠰᠤ ᠪᠠᠯᠭᠠᠰᠤᠨ ᠤ ᠥᠨᠳᠥᠷ ᠪᠠᠷᠢᠮᠵᠢᠶᠠᠲᠤ ᠠᠯᠠᠰᠢᠨ ᠬᠤᠨᠢ ᠲᠡᠵᠢᠭᠡᠨ ᠦᠷᠡᠵᠢᠭᠦᠯᠬᠦ ᠬᠤᠯᠪᠣᠭᠠᠲᠤ ᠴᠣᠭᠴᠠ᠂ ᠴᠧᠩ ᠴᠤᠸᠠᠨ ᠪᠠᠯᠭᠠᠰᠤᠨ ᠤ ︽ | ᠨᠢᠰᠦᠭᠡ ᠭᠠᠵᠠᠷ︾ ᠤᠨ ᠨᠡᠶᠢᠯᠡᠮᠡᠯ ᠴᠣᠭᠴᠠ ᠶᠢ ᠪᠣᠶ ᠪᠣᠯᠭᠠᠪᠠ᠃ 2021 ᠣᠨ ᠳᠤ᠂ ᠪᠥᠬᠦ ᠬᠤᠰᠢᠭᠤᠨ ᠤ 68 ᠭᠠᠴᠠᠭ᠎ᠠ ᠲᠣᠰᠬᠤᠨ ᠤ ᠬᠠᠮᠲᠤ ᠶᠢᠨ ᠠᠵᠤ | ᠠᠬᠤᠢ ᠪᠦᠬᠦᠨ ᠢᠶᠠᠷ ᠢᠶᠠᠨ 10 ᠲᠦᠮᠡᠨ ᠲᠥᠭᠦᠷᠢᠭ ᠠᠴᠠ ᠳᠡᠭᠡᠭᠰᠢ ᠪᠣᠯᠵᠤ᠂ ᠳᠡᠭᠡᠷ᠎ᠡ ᠨᠢᠭᠡ ᠵᠢᠯ ᠤᠨ ᠬᠢ ᠠᠴᠠ 16% ᠪᠠᠷ ᠨᠡᠮᠡᠭᠳᠡᠨ᠂ ᠪᠥᠬᠦ ᠬᠤᠰᠢᠭᠤᠨ ᠤ | ᠮᠠᠯᠴᠢᠨ ᠲᠠᠷᠢᠶᠠᠴᠢᠨ ᠤ ᠬᠥᠮᠥᠨ ᠪᠦᠷᠢ ᠶᠢᠨ ᠳᠤᠮᠳᠠᠴᠢ ᠴᠡᠪᠡᠷ ᠣᠷᠣᠯᠭ᠎ᠠ 2 ᠲᠦᠮᠡᠨ ᠲᠥᠭᠦᠷᠢᠭ ᠠᠴᠠ ᠳᠡᠭᠡᠭᠰᠢ ᠪᠣᠯᠪᠠ᠃ | ︽ᠦᠢᠯᠡᠳᠪᠦᠷᠢᠯᠡᠯ ᠪᠣᠷᠤᠯᠠᠭᠤᠯᠭ᠎ᠠ ᠶᠢᠨ ᠨᠡᠶᠢᠯᠡᠯ ᠬᠦᠴᠦᠨ︾ ᠳᠤ ᠠᠩᠬᠠᠷᠤᠯ ᠢᠶᠠᠨ ᠲᠥᠪᠯᠡᠷᠡᠭᠦᠯᠵᠦ᠂ ᠡᠨᠧᠷᠭᠢ ᠣᠯᠭᠤᠵᠤ ᠬᠡᠷᠡᠭᠯᠡᠭᠡ ᠶᠢ ᠬᠠᠪᠰᠤᠷᠤᠨ | ᠲᠡᠳᠬᠦᠪᠡ᠃ ᠬᠡᠷᠡᠭᠯᠡᠭᠡ ᠪᠠᠷ ᠬᠠᠪᠰᠤᠷᠤᠨ ᠲᠡᠳᠬᠦᠬᠦ ᠳᠤ᠂ ᠨᠢᠭᠡ ᠲᠠᠯ᠎ᠠ ᠨᠢ ᠬᠥᠳᠡᠭᠡ ᠲᠣᠰᠬᠤᠨ ᠲᠠᠢ ᠬᠤᠯᠪᠣᠭᠳᠠᠵᠤ᠂ ᠨᠦᠭᠦᠭᠡ ᠲᠠᠯ᠎ᠠ ᠨᠢ ᠥᠷᠭᠡᠨ ᠠᠭᠤᠳᠠᠮ | ᠵᠠᠬ᠎ᠠ ᠳᠡᠯᠭᠡᠭᠦᠷ ᠲᠠᠢ ᠬᠤᠯᠪᠣᠭᠳᠠᠵᠤ᠂ ᠮᠠᠯᠴᠢᠨ ᠲᠠᠷᠢᠶᠠᠴᠢᠨ ᠢ ᠬᠠᠪᠰᠤᠷᠤᠨ ᠣᠷᠣᠯᠭ᠎ᠠ ᠶᠢ ᠨᠢ ᠨᠡᠮᠡᠭᠳᠡᠭᠦᠯᠦᠨ ᠪᠠᠶᠠᠵᠢᠭᠤᠯᠵᠤ᠂ ᠣᠨᠴᠠᠯᠢᠭᠲᠤ ᠠᠵᠤ ᠦᠢᠯᠡᠰ ᠤᠨ | ᠬᠥᠭᠵᠢᠯᠲᠡ ᠶᠢ ᠠᠬᠢᠭᠤᠯᠬᠤ ᠪᠠᠷ ᠪᠠᠷᠠᠬᠤ ᠦᠭᠡᠢ ᠪᠠᠰᠠ ᠲᠡᠷᠢᠭᠦᠨ ᠤ ᠬᠢ ᠨᠢ ᠬᠤᠴᠤᠷᠤᠩᠭᠤᠢ ᠶᠢ ᠳᠠᠭᠠᠭᠤᠯᠵᠤ᠂ ᠬᠠᠮᠲᠤ ᠪᠠᠷ ᠪᠠᠶᠠᠵᠢᠨ ᠴᠢᠨᠡᠭᠡᠯᠢᠭᠵᠢᠬᠦ ᠪᠠᠷ ᠭᠠᠷ | ᠬᠤᠯᠪᠣᠨ ᠤᠷᠤᠭᠰᠢᠯᠠᠵᠤ ᠪᠣᠯᠣᠨ᠎ᠠ᠃ ᠣᠲᠤᠭ ᠤᠨ ᠡᠮᠦᠨᠡᠲᠦ ᠬᠤᠰᠢᠭᠤᠨ ᠤ ᠲᠣᠰᠬᠤᠨ ᠳᠤ ᠰᠠᠭᠤᠭ᠎ᠠ ᠺᠠᠳ᠋ᠷᠴᠤᠳ ︽ᠤᠯᠠᠮᠵᠢᠯᠠᠬᠤ ᠬᠠᠪᠰᠤᠷᠬᠤ ᠳᠠᠭᠠᠭᠤᠯᠬᠤ︾ | ᠦᠢᠯᠡᠳᠦᠯ ᠢᠶᠠᠨ ᠢᠳᠡᠪᠬᠢᠲᠡᠢ ᠪᠠᠳᠠᠷᠠᠭᠤᠯᠵᠤ᠂ ᠣᠯᠠᠨ ᠲᠦᠮᠡᠨ ᠤ ᠬᠦᠰᠡᠵᠦ ᠪᠠᠶᠢᠭ᠎ᠠ ᠱᠠᠭᠠᠷᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠮᠠᠯᠵᠢᠬᠤ ᠲᠠᠷᠢᠶᠠᠯᠠᠬᠤ | ᠡᠷᠦᠬᠡ ᠶᠢ ᠬᠠᠪᠰᠤᠷᠤᠨ ᠦᠢᠯᠡᠳᠪᠦᠷᠢᠯᠡᠯ ᠪᠣᠷᠤᠯᠠᠭᠤᠯᠭ᠎ᠠ ᠶᠢ ᠵᠣᠯᠭᠠᠭᠤᠯᠬᠤ ᠶᠢ ᠪᠡᠶᠡᠯᠡᠭᠦᠯᠵᠦ᠂ ᠲᠠᠷᠢᠶᠠᠯᠠᠩ ᠤᠨ ᠪᠦᠲᠦᠭᠡᠭᠳᠡᠬᠦᠨ ᠤ ᠪᠣᠷᠣᠯᠠᠭᠤᠯᠤᠯᠲᠠ ᠶᠢᠨ ︽ | ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠵᠤ᠂ ᠨᠢᠭᠡ ᠲᠣᠰᠬᠤᠨ ᠨᠢᠭᠡ ᠦᠢᠯᠡᠳᠬᠦᠨ︾ ᠤ ᠵᠠᠷᠴᠢᠮ ᠶᠣᠰᠣᠭᠠᠷ ᠬᠥᠭᠵᠢᠯᠲᠡ ᠶᠢᠨ ᠰᠢᠨ᠎ᠡ ᠵᠠᠭᠪᠤᠷ ᠢ ᠬᠠᠶᠢᠨ | ᠰᠦᠪᠡᠭᠴᠢᠯᠡᠵᠦ᠂ ᠣᠨᠴᠠᠯᠢᠭᠲᠤ ᠠᠵᠤ ᠦᠢᠯᠡᠰ ᠢ ᠶᠡᠬᠡᠪᠡᠷ ᠪᠤᠶᠢᠵᠢᠭᠤᠯᠵᠤ᠂ ᠣᠲᠤᠭ ᠤᠨ ᠡᠮᠦᠨᠡᠲᠦ ᠬᠤᠰᠢᠭᠤᠨ ᠤ ᠬᠤᠨᠢᠨ ᠮᠢᠬ᠎ᠠ᠂ ᠴᠧᠩ ᠴᠤᠸᠠᠨ | ᠭᠠᠴᠠᠭ᠎ᠠ ᠶᠢᠨ ᠳᠦᠭᠦᠷᠡᠩ ᠳᠣᠬᠢᠭᠤᠷ ᠲᠤᠯᠤᠭᠠᠨ ᠣᠲᠣ ᠲᠤᠭᠤᠷ᠂ ᠥᠨᠳᠥᠷ ᠲᠦᠯᠬᠢᠭᠡᠨ ᠤ ᠬᠥᠪᠡᠭᠡᠨ ᠳᠠᠬᠢ ᠬᠥᠮᠥᠨ ᠤ ᠠᠮᠢᠳᠤᠷᠠᠯ ᠤᠨ ᠵᠢᠮᠢᠰ᠂ ᠸᠠᠩ ᠵᠧᠨ | ᠵᠢᠩ ᠠᠭᠤᠷᠬᠠᠢ ᠶᠢᠨ ᠪᠤᠯᠠᠭ ᠤᠰᠤ᠂ ᠮᠠᠯ ᠠᠵᠤ ᠠᠬᠤᠢ ᠪᠠ ᠲᠠᠷᠢᠶᠠᠨ ᠤ ᠴᠠᠭᠠᠨ ᠢᠳᠡᠭᠡᠨ ᠤ ᠵᠦᠢᠯ᠂ ᠲᠠᠮᠪᠤᠳ᠋ ᠤᠯᠠᠭᠠᠨ ᠠᠷᠢᠬᠢ᠂ ᠦᠳᠦᠸᠧ ᠤᠯᠠᠭᠠᠨ ᠠᠷᠢᠬᠢ | ᠂ ᠫᠷᠦᠸᠠᠰ ᠲᠥᠪᠡᠳ ᠬᠠᠰᠢ ᠵᠡᠷᠭᠡ 40 ᠭᠠᠷᠤᠢ ᠵᠦᠢᠯ ᠤᠨ ᠨᠡᠶᠢᠲᠡᠯᠢᠭ ᠭᠠᠵᠠᠷ ᠤᠨ ᠪᠠᠷᠢᠮᠵᠢᠶᠠᠲᠤ ᠪᠦᠲᠦᠭᠡᠭᠳᠡᠬᠦᠨ ᠢ ᠠᠯᠬᠤᠮ ᠠᠯᠬᠤᠮ ᠢᠶᠠᠷ ᠪᠣᠶ ᠪᠣᠯᠭᠠᠬᠤ ᠶᠢᠨ | ᠬᠠᠮᠲᠤ ᠡᠯᠧᠺᠳ᠋ᠷᠣᠨ ᠬᠤᠳᠠᠯᠳᠤᠭᠠᠨ ᠤ ᠶᠠᠪᠤᠳᠠᠯ ᠤᠨ ᠳᠠᠪᠠᠭᠤᠯᠢᠭ ᠢ ᠠᠰᠢᠭᠯᠠᠨ᠂ ᠰᠦᠯᠵᠢᠶᠡᠨ ᠳᠡᠭᠡᠷ᠎ᠡ ᠰᠢᠭᠤᠳ ᠨᠠᠪᠲᠠᠷᠡᠭᠦᠯᠵᠦ ᠪᠠᠷᠠᠭ᠎ᠠ ᠠᠪᠴᠢᠷᠠᠨ᠂ ᠲᠠᠩ | ᠲᠠᠯᠠᠪᠤᠷ ᠤᠨ ᠪᠣᠷᠤᠯᠠᠭᠤᠯᠭ᠎ᠠ ᠶᠢᠨ ᠨᠣᠷᠮ᠎ᠠ ᠨᠢ 8 ᠲᠦᠮᠡ ᠭᠠᠷᠤᠢ ᠲᠥᠭᠦᠷᠢᠭ ᠲᠤ ᠬᠥᠷᠪᠡ᠃ ᠬᠤᠲᠠ ᠶᠢᠨ ᠰᠢᠭᠤᠳ ᠬᠠᠷᠢᠶ᠎ᠠ ᠲᠦᠷᠦᠭᠦᠯᠡᠨ ᠳᠠᠭᠠᠭᠠᠴᠢᠯᠠᠭᠰᠠᠨ | ᠰᠠᠯᠠᠭ᠎ᠠ ᠮᠥᠴᠢᠷ ᠤᠨ ᠨᠢᠭᠡᠳᠦᠭᠡᠷ ᠱᠦᠵᠢ ᠬᠤᠰᠢᠭᠤᠴᠢ ᠵᠢᠱᠢᠶᠡᠴᠢ ᠶᠢᠨ ᠦᠢᠯᠡᠳᠦᠯ ᠢᠶᠠᠨ ᠪᠠᠳᠠᠷᠠᠭᠤᠯᠵᠤ᠂ ᠣᠲᠤᠭ ᠤᠨ ᠡᠮᠦᠨᠡᠲᠦ ᠬᠤᠰᠢᠭᠤᠨ ᠤ ᠠᠵᠤ | ᠠᠬᠤᠶᠢᠯᠠᠯ ᠪᠠ ᠣᠷᠣᠨ ᠨᠤᠲᠤᠭ ᠬᠦᠴᠦ ᠪᠠᠨ ᠬᠠᠮᠲᠤᠳᠬᠠᠨ ᠬᠡᠷᠡᠭᠯᠡᠭᠡ ᠶᠢ ᠬᠠᠪᠰᠤᠷᠤᠨ ᠲᠡᠳᠬᠦᠬᠦ ᠭᠡᠷ᠎ᠡ ᠲᠣᠭᠲᠠᠬᠤ ᠰᠠᠨᠠᠮᠵᠢ ᠶᠢᠨ ᠶᠠᠷᠢᠯᠴᠠᠬᠤ ᠬᠤᠷᠠᠯ ᠢ ᠵᠣᠬᠢᠶᠠᠨ | ᠪᠠᠶᠢᠭᠤᠯᠤᠨ ᠬᠤᠷᠠᠯᠳᠤᠭᠤᠯᠵᠤ᠂ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ᠂ ᠠᠵᠤ ᠠᠬᠤᠶᠢᠯᠠᠯ ᠤᠨ ᠬᠠᠷᠢᠭᠤᠴᠠᠯᠭᠠᠲᠠᠨ ᠯᠤᠭ᠎ᠠ ᠶᠢᠨ ᠭᠦᠨᠵᠡᠭᠡᠢ ᠰᠣᠯᠢᠯᠴᠠᠭ᠎ᠠ ᠪᠠᠨ | ᠴᠢᠩᠭᠠᠳᠬᠠᠵᠤ᠂ ᠬᠡᠷᠡᠭᠯᠡᠭᠡ ᠶᠢ ᠬᠠᠪᠰᠤᠷᠤᠨ ᠲᠡᠳᠬᠦᠬᠦ ᠰᠢᠨ᠎ᠡ ᠵᠠᠭᠪᠤᠷ᠂ ᠰᠢᠨ᠎ᠡ ᠠᠷᠭ᠎ᠠ ᠶᠢ ᠬᠠᠶᠢᠨ ᠰᠦᠪᠡᠭᠴᠢᠯᠡᠨ᠎ᠡ᠃ ᠲᠣᠰᠬᠤᠨ ᠳᠤ ᠰᠠᠭᠤᠭ᠎ᠠ ᠪᠦᠬᠦ ᠺᠠᠳ᠋ᠷ | ᠪᠦᠬᠦ ᠬᠦᠴᠦᠨ ᠢᠶᠠᠷ ᠢᠶᠠᠨ ᠴᠢᠷᠮᠠᠶᠢᠵᠤ᠂ ᠮᠠᠯᠴᠢᠨ ᠲᠠᠷᠢᠶᠠᠴᠢᠨ ᠡᠷᠦᠬᠡ ᠶᠢ ︽ᠳᠠᠶᠢᠴᠢᠯᠠᠵᠤ︾ ᠪᠠᠶᠢᠭᠠᠳ ᠬᠡᠷᠡᠭᠯᠡᠭᠡ ᠪᠠᠷ ᠠᠵᠤ ᠦᠢᠯᠡᠰ ᠤᠨ ᠳᠡᠰ ᠳᠡᠪᠰᠢᠬᠦ ᠶᠢ | ᠠᠬᠢᠭᠤᠯᠬᠤ᠂ ᠠᠵᠤ ᠦᠢᠯᠡᠰ ᠤᠨ ᠳᠡᠰ ᠳᠡᠪᠰᠢᠬᠦ ᠪᠠᠷ ᠬᠡᠷᠡᠭᠯᠡᠭᠡ ᠶᠢ ᠳᠠᠶᠢᠴᠢᠯᠠᠬᠤ ᠠᠵᠤ ᠦᠢᠯᠡᠰ ᠤᠨ ᠬᠥᠭᠵᠢᠯᠲᠡ ᠶᠢᠨ ᠰᠢᠨ᠎ᠡ ᠵᠠᠮ ᠢ ᠨᠡᠭᠡᠭᠡᠵᠡᠢ᠃ | ︽ᠠᠷᠠᠳ ᠤᠨ ᠲᠥᠯᠥᠭᠡ ᠰᠡᠳᠬᠢᠯ ᠲᠠᠯᠪᠢᠬᠤ︾︾ ᠳᠤ ᠠᠩᠬᠠᠷᠤᠯ ᠢᠶᠠᠨ ᠲᠥᠪᠯᠡᠷᠡᠭᠦᠯᠵᠦ᠂ ᠡᠭᠦᠷᠭᠡ ᠬᠠᠷᠢᠭᠤᠴᠠᠯᠭ᠎ᠠ ᠪᠠᠨ ᠦᠢᠯᠡᠳᠦᠯᠭᠡᠵᠢᠭᠦᠯᠪᠡ᠃ | ᠠᠷᠠᠳ ᠢᠷᠭᠡᠳ ᠤᠨ ᠰᠠᠨᠠᠭᠠᠰᠢᠷᠠᠵᠤ ᠪᠠᠶᠢᠭ᠎ᠠ ᠵᠦᠢᠯ ᠢ ᠪᠢᠳᠡ ᠵᠠᠪᠠᠯ ᠪᠣᠳᠣᠯᠬᠢᠯᠠᠨ᠎ᠠ︔ ᠠᠷᠠᠳ ᠲᠦᠮᠡᠨ ᠤ ᠬᠦᠰᠡᠯ ᠡᠷᠡᠮᠡᠯᠵᠡᠯ ᠢ ᠪᠢᠳᠡ ᠵᠠᠪᠠᠯ ᠭᠦᠢᠴᠡᠳᠬᠡᠨ᠎ᠡ᠃ | ᠤᠳᠤᠭ ᠤᠨ ᠡᠮᠦᠨᠡᠲᠦ ᠬᠤᠰᠢᠭᠤᠨ ᠤ ᠲᠣᠰᠬᠤᠨ ᠳᠤ ᠰᠠᠭᠤᠭ᠎ᠠ ᠺᠠᠳ᠋ᠷᠴᠤᠳ ︽ᠤᠯᠠᠨ ᠲᠦᠮᠡᠨ ᠳᠤ ᠪᠣᠳᠠᠲᠠᠢ ᠶᠠᠪᠤᠳᠠᠯ ᠬᠢᠵᠦ ᠥᠭᠬᠦ︾ ᠬᠠᠷᠠᠯᠲᠠ ᠶᠢᠨ | ᠲᠣᠭᠤᠷᠢᠨ ᠳᠤ᠂ ᠤᠯᠠᠨ ᠲᠦᠮᠡᠨ ᠤ ︽ᠪᠠᠴᠢᠮᠳᠠᠬᠤ ᠠᠴᠠ ᠵᠣᠪᠠᠭ᠋ᠤ︾ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠴᠠᠭ ᠢᠮᠠᠭᠲᠠ ᠠᠷᠠᠳ ᠤᠯᠠᠨ ᠢ | ᠰᠡᠳᠬᠢᠯ ᠳᠡᠭᠡᠨ ᠪᠤᠳᠤᠵᠤ᠂ ᠰᠠᠨᠠᠭᠠᠴᠢᠯᠠᠭ᠎ᠠ ᠠᠴᠠ ᠪᠠᠨ ᠬᠠᠷᠢᠭᠤᠴᠠᠯᠭ᠎ᠠ ᠡᠭᠦᠷᠭᠡᠯᠡᠨ ᠠᠵᠢᠯᠯᠠᠵᠤ᠂ ᠪᠣᠳᠠᠲᠤ ᠠᠵᠢᠯᠯᠠᠭ᠎ᠠ ᠪᠠᠷ ᠢᠶᠠᠨ ᠤᠯᠠᠨ ᠲᠦᠮᠡᠨ ᠳᠤ | ᠦᠢᠯᠡᠴᠢᠯᠡᠬᠦ ︽ᠬᠠᠮᠤᠭ ᠡᠴᠦᠰ ᠤᠨ ᠨᠢᠭᠡ ᠺᠢᠯᠣᠮᠧᠳ᠋ᠷ︾ ᠢ ᠨᠡᠪᠲᠡᠷᠡᠭᠦᠯᠵᠡᠢ᠃ ᠭᠠᠴᠠᠭ᠎ᠠ ᠲᠣᠰᠬᠤᠨ ᠤ ᠡᠶᠡᠳᠡᠭᠦᠯᠬᠦ ᠠᠵᠢᠯ ᠳᠤ ᠰᠠᠨᠠᠭᠠᠴᠢᠯᠠᠭ᠎ᠠ ᠠᠴᠠ ᠪᠠᠨ | ᠣᠷᠣᠯᠴᠠᠵᠤ᠂ ᠣᠯᠠᠨ ᠲᠦᠮᠡᠨ ᠤ ᠵᠥᠷᠢᠴᠡᠯ ᠵᠢᠭᠤᠷᠠᠯᠳᠤᠭᠠᠨ ᠢ ᠡᠶᠡᠳᠡᠭᠦᠯᠦᠭᠴᠢ ᠶᠢ ᠴᠢᠷᠮᠠᠶᠢᠨ ᠰᠠᠶᠢᠲᠤᠷ ᠬᠢᠬᠦ ᠬᠡᠷᠡᠭᠲᠡᠢ᠃ ᠭᠠᠵᠠᠷ ᠰᠢᠷᠣᠢ᠂ ᠣᠶ ᠮᠣᠳᠣᠨ ᠤ | ᠡᠷᠬᠡ᠂ ᠬᠥᠷᠰᠢ ᠵᠡᠷᠭᠡᠯᠡᠳᠡᠭᠡ ᠶᠢᠨ ᠬᠠᠷᠢᠴᠠᠭ᠎ᠠ ᠵᠡᠷᠭᠡ ᠵᠥᠷᠢᠴᠡᠯ ᠵᠢᠭᠤᠷᠠᠯᠳᠤᠭᠠᠨ ᠳᠤ ᠴᠢᠭᠯᠡᠭᠦᠯᠦᠨ᠂ ᠵᠥᠷᠢᠴᠡᠯ ᠵᠢᠭᠤᠷᠠᠯᠳᠤᠭᠠᠨ ᠢ ᠡᠶᠡᠳᠡᠭᠦᠯᠬᠦ ᠲᠣᠭᠲᠠᠴᠠ ᠶᠢ | ᠪᠠᠶᠢᠭᠤᠯᠤᠨ ᠪᠦᠷᠢᠨᠰᠢᠭᠦᠯᠵᠦ᠂ ᠡᠷᠦᠬᠡ ᠳᠤ ᠬᠦᠷᠴᠦ ᠵᠣᠬᠢᠴᠠᠭᠤᠯᠤᠨ ᠠᠷᠢᠯᠭᠠᠬᠤ ᠠᠵᠢᠯ ᠢ ᠥᠷᠨᠢᠭᠦᠯᠦᠨ᠎ᠡ᠃ ᠡᠯ᠎ᠡ ᠲᠠᠯ᠎ᠠ ᠶᠢᠨ ᠬᠢᠨ ᠤ ᠳᠡᠮᠵᠢᠯᠭᠡ ᠶᠢ ᠣᠯᠬᠤ ᠪᠠᠷ | ᠢᠳᠡᠪᠬᠢᠲᠡᠢ ᠴᠢᠷᠮᠠᠶᠢᠵᠤ᠂ ᠪᠡᠯᠡ ᠮᠥᠩᠭᠦ ᠴᠤᠭᠯᠠᠭᠤᠯᠤᠨ ᠭᠠᠴᠠᠭ᠎ᠠ ᠲᠣᠰᠬᠤᠨ ᠤ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠬᠡᠷᠡᠭᠲᠡᠢ᠃ | ᠲᠠᠪᠤᠨ ᠪᠠᠲᠤᠯᠠᠭᠠᠲᠤ ᠡᠷᠦᠬᠡ᠂ ᠨᠠᠭᠠᠲᠤ ᠵᠠᠬ᠎ᠠ ᠶᠢᠨ ᠠᠮᠢᠳᠤᠷᠠᠯ ᠤᠨ ᠪᠠᠲᠤᠯᠠᠭᠠᠲᠤ ᠡᠷᠦᠬᠡ᠂ ᠶᠠᠳᠠᠭᠤ ᠠᠴᠠ ᠠᠩᠭᠢᠵᠢᠷᠠᠭᠰᠠᠨ ᠡᠷᠦᠬᠡ ᠵᠡᠷᠭᠡ ᠲᠠᠬᠢᠨ | ᠶᠠᠳᠠᠭᠤᠷᠠᠬᠤ ᠶᠢ ᠰᠡᠷᠭᠡᠶᠢᠯᠡᠬᠦ ᠭᠤᠣᠯᠳᠠᠯᠭ᠎ᠠ ᠲᠠᠢ ᠡᠲᠡᠭᠡᠳ ᠢ ᠭᠤᠣᠯᠳᠠᠯᠭ᠎ᠠ ᠲᠠᠢ ᠰᠤᠷᠪᠤᠯᠵᠢᠯᠠᠨ ᠲᠣᠬᠤᠨᠢᠭᠤᠯᠵᠤ᠂ ᠲᠡᠳᠡᠨ ᠤ ᠬᠡᠷᠡᠭᠴᠡᠭᠡ ᠱᠠᠭᠠᠷᠳᠠᠯᠭ᠎ᠠ ᠶᠢ | ᠰᠣᠨᠣᠰᠴᠤ᠂ ᠳᠠᠷᠠᠭᠠᠴᠢ ᠶᠢᠨ ᠠᠯᠬᠤᠮ ᠳᠤ ᠰᠢᠨᠵᠢᠯᠡᠬᠦ ᠤᠬᠠᠭᠠᠨᠴᠢ ᠪᠠᠷ ᠬᠠᠪᠰᠤᠷᠤᠨ ᠲᠡᠳᠬᠦᠬᠦ ᠳᠤ ᠰᠠᠭᠤᠷᠢ ᠶᠢ ᠰᠠᠶᠢᠲᠤᠷ ᠲᠠᠯᠪᠢᠬᠤ ᠬᠡᠷᠡᠭᠲᠡᠢ᠃ ᠰᠤᠷᠭᠠᠨ | ᠬᠥᠮᠦᠵᠢᠯ᠂ ᠠᠵᠢᠯ ᠣᠯᠭᠤᠯᠲᠠ᠂ ᠡᠮ ᠡᠮᠨᠡᠯᠭᠡ᠂ ᠤᠰᠤᠨ ᠠᠰᠢᠭᠯᠠᠯᠲᠠ ᠵᠡᠷᠭᠡ ᠰᠠᠯᠠᠭ᠎ᠠ ᠮᠥᠴᠢᠷ ᠢ ᠬᠠᠪᠰᠤᠷᠤᠨ ᠵᠣᠬᠢᠴᠠᠭᠤᠯᠵᠤ ᠪᠠᠶᠢᠭᠠᠳ ᠰᠤᠷᠭᠠᠭᠤᠯᠢ ᠳᠤ | ᠣᠷᠣᠬᠤ᠂ ᠠᠵᠢᠯ ᠣᠯᠬᠤ᠂ ᠡᠪᠡᠳᠴᠢᠨ ᠦᠵᠡᠭᠦᠯᠬᠦ᠂ ᠤᠰᠤ ᠤᠤᠭᠤᠬᠤ ᠵᠡᠷᠭᠡ ᠤᠯᠠᠨ ᠲᠦᠮᠡᠨ ᠤ ᠬᠠᠮᠤᠭ ᠠᠴᠠ ᠠᠩᠬᠠᠷᠴᠤ ᠪᠠᠶᠢᠭ᠎ᠠ ᠬᠠᠮᠤᠭ ᠤᠨ ᠰᠢᠭᠤᠳ | ᠬᠠᠮᠤᠭ ᠤᠨ ᠪᠣᠳᠠᠲᠠᠢ ᠠᠰᠢᠭ ᠲᠤᠰᠠ ᠶᠢᠨ ᠠᠰᠠᠭᠤᠳᠠᠯ ᠢ ᠨᠢ ᠰᠢᠢᠳᠪᠦᠷᠢᠯᠡᠵᠦ᠂ ᠤᠯᠠᠨ ᠲᠦᠮᠡᠨ ᠤ ᠬᠦᠷᠲᠡᠮᠵᠢ ᠶᠢᠨ ᠲᠥᠷᠥᠭᠳᠡᠯ᠂ ᠵᠣᠯ ᠵᠢᠷᠭᠠᠯᠲᠤ ᠲᠥᠷᠥᠭᠳᠡᠯ | ᠪᠠ ᠠᠮᠤᠷ ᠲᠦᠪᠰᠢᠨ ᠤ ᠲᠥᠷᠥᠭᠳᠡᠯ ᠢ ᠦᠨᠡᠨ ᠬᠦ ᠨᠡᠮᠡᠭᠳᠡᠭᠦᠯᠦᠨ᠎ᠡ᠃ 2021 ᠣᠨ ᠳᠤ᠂ ᠨᠡᠶᠢᠲᠡ 2000 ᠭᠠᠷᠤᠢ ᠬᠥᠮᠥᠨ ᠤᠳᠠᠭ᠎ᠠ ᠦᠨᠳᠦᠰᠦᠨ | ᠱᠠᠲᠤᠨ ᠳᠤ ᠪᠠᠭᠤᠵᠤ᠂ 300 ᠭᠠᠷᠤᠢ ᠭᠤᠣᠯᠳᠠᠯᠭ᠎ᠠ ᠲᠠᠢ ᠡᠷᠦᠬᠡ ᠶᠢ ᠰᠤᠷᠪᠤᠯᠵᠢᠯᠠᠨ ᠲᠣᠬᠤᠨᠢᠭᠤᠯᠵᠤ᠂ ᠠᠷᠠᠳ ᠤᠨ ᠲᠥᠯᠥᠭᠡ 150 ᠭᠠᠷᠤᠢ ᠪᠣᠳᠠᠲᠠᠢ ᠠᠵᠢᠯ | ᠬᠢᠵᠦ᠂ ᠰᠢᠢᠳᠪᠦᠷᠢᠯᠡᠵᠦ ᠳᠠᠭᠤᠰᠬᠠᠭᠰᠠᠨ ᠨᠣᠷᠮ᠎ᠠ 96% ᠪᠠᠶᠢᠵᠤ᠂ ᠣᠯᠠᠨ ᠲᠦᠮᠡᠨ ᠤ ᠰᠡᠳᠬᠢᠯ ᠬᠠᠨᠤᠮᠵᠢᠲᠠᠶ ᠪᠠᠶᠢᠬᠤ ᠬᠡᠮᠵᠢᠶ᠎ᠡ 100% ᠳᠤ ᠬᠥᠷᠪᠡ᠃ | |