ᠦᠢᠷ᠎ᠠ ᠶᠢᠨ ᠡᠳᠣᠷ᠂ ᠪᠦᠬᠦ ᠬᠤᠲᠠ ᠶᠢᠨ ᠣᠯᠣᠰ ᠲᠦᠷᠦ ᠶᠢᠨ ᠵᠦᠪᠯᠡᠯᠭᠡᠨ ᠤ ᠰᠢᠰᠲ᠋ᠧᠮ ᠤᠨ ᠬᠢᠨ ᠲᠦᠪ᠂ ᠦᠪᠡᠷᠳᠡᠭᠡᠨ ᠵᠠᠰᠠᠬᠤ ᠤᠷᠣᠨ ᠤ ᠨᠠᠮ ᠤᠨ | ᠬᠤᠷᠢᠶ᠎ᠠ᠂ ᠬᠤᠲᠠ ᠶᠢᠨ ᠨᠠᠮ ᠤᠨ ᠬᠤᠷᠢᠶᠠᠨ ᠤ ᠣᠯᠣᠰ ᠲᠦᠷᠦ ᠶᠢᠨ ᠵᠦᠪᠯᠡᠯᠭᠡᠨ ᠤ ᠠᠵᠢᠯ ᠤᠨ ᠬᠤᠷᠠᠯ ᠤᠨ ᠵᠤᠷᠢᠭ ᠰᠠᠨᠠᠭ᠎ᠠ ᠶᠢ ᠲᠤᠭᠤᠰᠢᠯᠠᠭᠤᠯᠤᠨ | ᠨᠠᠶᠢᠳᠠᠪᠤᠷᠢᠵᠢᠭᠤᠯᠬᠤ ᠲᠤᠰᠬᠠᠢ ᠰᠡᠳᠣᠪᠳᠣ ᠬᠤᠷᠠᠯ ᠬᠤᠷᠠᠯᠳᠣᠪᠠ᠃ ᠬᠤᠲᠠ ᠶᠢᠨ ᠣᠯᠣᠰ ᠲᠦᠷᠦ ᠶᠢᠨ ᠵᠦᠪᠯᠡᠯᠭᠡᠨ ᠤ ᠨᠠᠮ ᠤᠨ ᠲᠤᠭᠤᠶᠢᠯᠠᠩ ᠤᠨ ᠱᠦᠵᠢ᠂ | ᠳᠡᠷᠢᠭᠦᠯᠡᠭᠴᠢ ᠭᠤᠤ ᠵᠠᠨ ᠱᠧᠩ ᠬᠤᠷᠠᠯ ᠢ ᠡᠷᠬᠢᠯᠡᠰᠡᠨ ᠤ ᠬᠠᠮᠳᠣ ᠶᠠᠷᠢᠶ᠎ᠠ ᠳᠠᠯᠪᠢᠵᠡᠢ᠃ | ᠬᠤᠲᠠ ᠶᠢᠨ ᠣᠯᠣᠰ ᠲᠦᠷᠦ ᠶᠢᠨ ᠵᠦᠪᠯᠡᠯᠭᠡᠨ ᠤ ᠣᠳᠣᠷᠢᠳᠬᠤ ᠪᠠᠭ ᠤᠨ ᠪᠦᠷᠢᠯᠳᠦᠭᠦᠨ ᠴᠢᠶᠤᠤ ᠮᠢᠩ᠂ ᠵᠢᠷᠭᠠᠯᠳᠣ᠂ ᠵᠢᠢ ᠭᠧᠩ ᠶᠦᠨ᠂ ᠣᠯᠠᠭᠠᠨ᠂ | ᠹᠠᠩ ᠵᠢᠶᠠᠨ ᠬᠤᠸᠠ᠂ ᠭᠤᠤ ᡁᠢ ᠬᠤᠸᠠ᠂ ᠯᠢ ᠮᠧᠢ ᠷᠥᠩ᠂ ᠴᠧᠨ ᠵᠢᠩ᠂ ᠮᠦᠷᠡᠨ᠂ ᠮᠠ ᠢᠣᠢ ᠴᠢᠩ ᠬᠤᠷᠠᠯ ᠳᠤ ᠣᠷᠣᠯᠴᠠᠪᠠ᠃ ᠡᠯ᠎ᠡ ᠬᠤᠰᠢᠭᠤ ᠲᠤᠭᠤᠷᠢᠭ | ᠤᠨ ᠣᠯᠣᠰ ᠲᠦᠷᠦ ᠶᠢᠨ ᠵᠦᠪᠯᠡᠯᠭᠡᠨ ᠤ ᠳᠡᠷᠢᠭᠦᠯᠡᠭᠴᠢ᠂ ᠬᠤᠪᠢᠶᠠᠷᠢᠯᠠᠨ ᠬᠠᠮᠢᠶᠠᠷᠴᠤ ᠪᠠᠶᠢᠭ᠎ᠠ ᠳᠡᠳ᠋ ᠳᠡᠷᠢᠭᠦᠯᠡᠭᠴᠢ ᠵᠢᠴᠢ ᠬᠤᠯᠪᠤᠭᠳᠠᠯ ᠪᠦᠬᠦᠢ | ᠬᠠᠷᠢᠭᠤᠴᠠᠯᠭᠠᠳᠠᠨ ᠬᠤᠷᠠᠯ ᠳᠤ ᠣᠷᠣᠯᠴᠠᠪᠠ᠃ | ᠬᠤᠷᠠᠯ ᠤᠨ ᠬᠤᠭᠤᠴᠠᠭᠠᠨ ᠳᠤ᠂ ᠬᠤᠷᠠᠯ ᠳᠤ ᠣᠷᠣᠯᠴᠠᠭᠰᠠᠳ ᠡᠵᠡᠨ ᠬᠤᠷᠤᠭ᠎ᠠ ᠬᠤᠰᠢᠭᠤ᠂ ᠦᠦᠰᠢᠨ ᠬᠤᠰᠢᠭᠤ᠂ ᠤᠲᠤᠭ ᠤᠨ ᠡᠮᠤᠨᠡᠳᠣ ᠬᠤᠰᠢᠭᠤ | ᠵᠡᠷᠭᠡ ᠭᠠᠵᠠᠷ ᠤᠳ ᠢᠶᠠᠷ ᠬᠦᠨᠵᠡᠭᠡᠶᠢᠷᠡᠵᠤ᠂ ᠲᠦᠪ ᠪᠠ ᠦᠪᠡᠷᠳᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠤᠯᠤᠨ ᠬᠤᠲᠠ ᠶᠢᠨ ᠨᠠᠮ ᠤᠨ ᠬᠤᠷᠢᠶᠠᠨ ᠤ ᠣᠯᠣᠰ | ᠲᠦᠷᠦ ᠶᠢᠨ ᠵᠦᠪᠯᠡᠯᠭᠡᠨ ᠤ ᠠᠵᠢᠯ ᠤᠨ ᠬᠤᠷᠠᠯ ᠤᠨ ᠵᠤᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ᠂ ᠣᠯᠣᠰ ᠲᠦᠷᠦ ᠶᠢᠨ ᠵᠦᠪᠯᠡᠯᠭᠡᠨ ᠤ | ᠵᠦᠪᠯᠡᠯᠭᠡ ᠬᠢᠬᠦ ᠶᠢ ᠦᠨᠳᠦᠰᠦᠨ ᠱᠠᠳᠣ ᠳᠡᠶᠢᠰᠢ ᠣᠷᠳᠣᠳᠬᠠᠬᠤ ᠶᠢ ᠠᠬᠢᠭᠤᠯᠬᠤ ᠵᠡᠷᠭᠡ ᠠᠵᠢᠯ ᠤᠨ ᠪᠠᠶᠢᠳᠠᠯ ᠤᠨ ᠲᠤᠬᠠᠢ ᠲᠤᠬᠠᠢ ᠶᠢᠨ ᠳᠠᠯᠠᠪᠡᠢ ᠳᠤ ᠲᠤᠭᠤᠷᠢᠨ | ᠦᠵᠡᠪᠡ᠃ ᠶᠠᠷᠢᠯᠴᠠᠬᠤ ᠬᠤᠷᠠᠯ ᠳᠡᠭᠡᠷ᠎ᠡ᠂ ᠬᠤᠲᠠ ᠶᠢᠨ ᠣᠯᠣᠰ ᠲᠦᠷᠦ ᠶᠢᠨ ᠵᠦᠪᠯᠡᠯᠭᠡᠨ ᠤ ᠳᠡᠳ᠋ ᠳᠡᠷᠢᠭᠦᠯᠡᠭᠴᠢᠳ ᠪᠠ ᠡᠯ᠎ᠡ ᠬᠤᠰᠢᠭᠤ ᠲᠤᠭᠤᠷᠢᠭ ᠤᠨ ᠣᠯᠣᠰ | ᠲᠦᠷᠦ ᠶᠢᠨ ᠵᠦᠪᠯᠡᠯᠭᠡᠨ ᠤ ᠬᠠᠷᠢᠭᠤᠴᠠᠯᠭᠠᠳᠠᠨ ᠨᠦᠭᠦᠳ ᠰᠠᠨᠠᠯ ᠢᠶᠠᠨ ᠰᠣᠯᠢᠯᠴᠠᠬᠤ ᠶᠠᠷᠢᠶ᠎ᠠ ᠳᠠᠯᠪᠢᠪᠠ᠃ | ᠬᠤᠷᠠᠯ ᠠᠴᠠ ᠪᠦᠬᠦ ᠬᠤᠲᠠ ᠶᠢᠨ ᠡᠯ᠎ᠡ ᠱᠠᠳᠣᠨ ᠤ ᠣᠯᠣᠰ ᠲᠦᠷᠦ ᠶᠢᠨ ᠵᠦᠪᠯᠡᠯᠭᠡᠨ ᠤ ᠵᠤᠬᠢᠶᠠᠨ ᠪᠠᠶᠢᠭᠤᠯᠤᠯᠳᠠ ᠪᠠ ᠦᠷᠭᠡᠨ ᠣᠯᠠᠨ ᠣᠯᠣᠰ ᠲᠦᠷᠦ | ᠶᠢᠨ ᠵᠦᠪᠯᠡᠯᠭᠡᠨ ᠤ ᠭᠡᠰᠢᠭᠦᠨ ᠶᠡᠷᠤᠩᠭᠡᠢ ᠱᠦᠵᠢ ᠰᠢ ᠶᠢᠨ ᠫᠢᠩ ᠤᠨ ᠠᠷᠠᠳ ᠤᠨ ᠣᠯᠣᠰ ᠲᠦᠷᠦ ᠶᠢᠨ ᠵᠦᠪᠯᠡᠯᠭᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ | ᠲᠤᠬᠠᠢ ᠴᠢᠬᠤᠯᠠ ᠦᠵᠡᠯ ᠰᠠᠨᠠᠭ᠎ᠠ᠂ ᠲᠦᠪ᠂ ᠦᠪᠡᠷᠳᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠤᠯᠤᠨ ᠬᠤᠲᠠ ᠶᠢᠨ ᠨᠠᠮ ᠤᠨ ᠬᠤᠷᠢᠶᠠᠨ ᠤ ᠣᠯᠣᠰ ᠲᠦᠷᠦ | ᠶᠢᠨ ᠵᠦᠪᠯᠡᠯᠭᠡᠨ ᠤ ᠠᠵᠢᠯ ᠤᠨ ᠬᠤᠷᠠᠯ ᠤᠨ ᠵᠤᠷᠢᠭ ᠰᠠᠨᠠᠭ᠎ᠠ ᠶᠢ ᠪᠦᠬᠦ ᠳᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠣᠯᠣᠰ ᠲᠦᠷᠦ ᠶᠢᠨ ᠵᠦᠪᠯᠡᠯᠭᠡᠨ | ᠤ ᠵᠤᠬᠢᠶᠠᠨ ᠪᠠᠶᠢᠭᠤᠯᠤᠯᠳᠠ ᠶᠢᠨ ᠨᠢᠭᠡᠳᠦᠮᠡᠯ ᠹᠷᠤᠨᠲ ᠤᠨ ᠰᠢᠨᠵᠢ ᠴᠢᠨᠠᠷ᠂ ᠬᠠᠮᠳᠣ ᠶᠢᠨ ᠳᠠᠨᠢᠯᠳᠠ ᠶᠢ ᠨᠢᠭᠳᠠᠷᠠᠭᠤᠯᠬᠤ ᠴᠢᠬᠤᠯᠠ ᠡᠭᠦᠷᠭᠡ ᠴᠢᠳᠠᠪᠬᠢ ᠪᠠ ᠲᠤᠰᠬᠠᠢ | ᠵᠦᠪᠯᠡᠬᠦ ᠪᠠᠶᠢᠭᠤᠯᠦᠮᠵᠢ ᠶᠢᠨ ᠶᠡᠷᠤᠩᠭᠡᠶᠢᠯᠡᠭᠰᠡᠨ ᠪᠠᠶᠢᠷᠢ ᠲᠤᠭᠳᠠᠭᠠᠯᠳᠠ ᠶᠢ ᠤᠨᠤᠪᠴᠢᠳᠠᠢ ᠡᠵᠡᠮᠳᠡᠨ᠂ ᠭᠤᠤᠯ ᠬᠠᠷᠢᠭᠤᠴᠠᠯᠭ᠎ᠠ ᠭᠤᠤᠯ ᠠᠵᠢᠯ ᠳᠤ ᠠᠩᠬᠠᠷᠣᠯ ᠢᠶᠠᠨ | ᠲᠦᠪᠯᠡᠷᠡᠭᠦᠯᠵᠤ᠂ ᠠᠷᠭ᠎ᠠ ᠮᠠᠶ᠋ᠢᠭ ᠪᠠ ᠠᠷᠭ᠎ᠠ ᠶᠢᠨ ᠳᠠᠯ᠎ᠠ ᠪᠠᠷ ᠰᠢᠨ᠎ᠡ ᠶᠢ ᠡᠭᠦᠳᠴᠣ᠂ ᠦᠵᠡᠯ ᠰᠠᠨᠠᠭ᠎ᠠ ᠣᠯᠣᠰ ᠲᠦᠷᠦ ᠶᠢᠨ ᠵᠢᠯᠤᠭᠤᠳᠣᠯᠭ᠎ᠠ ᠶᠢ ᠴᠢᠩᠭᠠᠳᠬᠠᠨ | ᠂ ᠬᠠᠮᠳᠣ ᠶᠢᠨ ᠳᠠᠨᠢᠯᠳᠠ ᠶᠢᠨ ᠬᠦᠴᠦᠨ ᠢ ᠦᠷᠭᠡᠨ ᠢᠶᠠᠷ ᠨᠢᠭᠳᠠᠷᠠᠭᠤᠯᠵᠤ᠂ ᠭᠡᠰᠢᠭᠦᠳ ᠤᠨ ᠡᠩᠨᠡᠭᠡᠨ ᠤ ᠪᠠᠶᠢᠭᠤᠯᠤᠯᠳᠠ ᠶᠢ ᠰᠠᠶᠢᠳᠣᠷ ᠠᠳᠬᠤᠨ᠂ ᠵᠦᠪᠯᠡᠯᠭᠡ | ᠬᠢᠵᠤ ᠲᠦᠷᠦ ᠶᠢᠨ ᠶᠠᠪᠤᠳᠠᠯ ᠢ ᠵᠦᠪᠯᠡᠬᠦ ᠴᠢᠳᠠᠪᠤᠷᠢ ᠪᠠ ᠬᠢᠷᠢ ᠲᠦᠪᠰᠢᠨ ᠢᠶᠠᠨ ᠳᠠᠰᠣᠷᠠᠯᠳᠠ ᠦᠭᠡᠢ ᠳᠡᠭᠡᠭᠰᠢᠯᠡᠭᠦᠯᠬᠦ ᠬᠡᠷᠡᠭᠳᠡᠢ᠃ ᠲᠤᠰᠢᠶᠠᠯ ᠬᠠᠷᠢᠭᠤᠴᠠᠯᠭ᠎ᠠ ᠪᠠᠨ | ᠬᠦᠢᠴᠡᠳᠭᠡᠬᠦ ᠭᠤᠤᠯᠳᠠᠯᠭ᠎ᠠ ᠪᠠᠨ ᠲᠤᠪᠤᠶᠢᠯᠭᠠᠵᠤ᠂ ᠰᠢᠨ᠎ᠡ ᠶᠢ ᠡᠭᠦᠳᠬᠦ ᠪᠠᠷ ᠬᠦᠳᠦᠯᠦᠨ ᠳᠠᠭᠠᠭᠤᠯᠬᠤ ᠶᠢ ᠪᠠᠷᠢᠮᠳᠠᠯᠠᠨ᠂ ᠣᠯᠣᠰ ᠲᠦᠷᠦ ᠶᠢᠨ ᠵᠦᠪᠯᠡᠯᠭᠡᠨ ᠤ | ᠵᠦᠪᠯᠡᠯᠭᠡ ᠬᠢᠬᠦ ᠶᠢ ᠦᠨᠳᠦᠰᠦᠨ ᠱᠠᠳᠣ ᠳᠠᠶᠢᠰᠢ ᠣᠷᠳᠣᠳᠬᠠᠬᠤ ᠠᠵᠢᠯ ᠢ ᠦᠷᠭᠦᠯᠵᠢᠯᠡᠨ ᠬᠦᠨᠵᠡᠭᠡᠶᠢᠷᠡᠭᠦᠯᠵᠤ᠂ ︽ᠪᠢᠴᠢᠭ ᠤᠨ ᠰᠣᠷᠪᠣᠯᠵᠢᠳᠣ ᠣᠯᠣᠰ ᠲᠦᠷᠦ | ᠶᠢᠨ ᠵᠦᠪᠯᠡᠯᠭᠡᠨ︾ ᠤ ᠪᠠᠶᠢᠭᠤᠯᠤᠯᠳᠠ ᠶᠢ ᠶᠡᠭᠡ ᠪᠠᠷ ᠴᠢᠩᠭᠠᠳᠬᠠᠵᠤ᠂ ᠤᠯᠤᠰ ᠲᠦᠷᠦ ᠶᠢᠨ ᠵᠦᠪᠯᠡᠯᠭᠡᠨ ᠤ ᠤᠨᠴᠠᠯᠢᠭ ᠪᠦᠬᠦᠢ ᠨᠡᠩ ᠤᠯᠠᠨ ᠠᠵᠢᠯ ᠤᠨ ᠬᠢᠯᠠᠰ | ᠴᠡᠭ ᠪᠠ ᠲᠤᠰᠢᠶᠠᠯ ᠬᠠᠷᠢᠭᠤᠴᠠᠯᠭ᠎ᠠ ᠪᠠᠨ ᠬᠦᠢᠴᠡᠳᠭᠡᠭᠦ ᠨᠡᠷᠡᠳᠣ ᠳᠡᠮᠳᠡᠭᠳᠣ ᠶᠢ ᠳᠠᠰᠣᠷᠠᠯᠳᠠ ᠦᠭᠡᠢ ᠪᠤᠢ ᠪᠤᠯᠭᠠᠬᠤ ᠬᠡᠷᠡᠭᠳᠡᠢ᠃ ᠬᠤᠲᠠ ᠬᠤᠰᠢᠭᠤ ᠲᠤᠭᠤᠷᠢᠭ | ᠬᠤᠶᠠᠷ ᠱᠠᠳᠣᠨ ᠤ ᠣᠯᠣᠰ ᠲᠦᠷᠦ ᠶᠢᠨ ᠵᠦᠪᠯᠡᠯᠭᠡᠨ ᠤ ᠬᠤᠯᠪᠤᠭᠠᠯᠠᠨ ᠬᠦᠳᠡᠯᠦᠯᠴᠡᠬᠦ ᠶᠢ ᠴᠢᠨᠠᠭᠰᠢᠳᠠ ᠴᠢᠩᠭᠠᠳᠬᠠᠵᠤ᠂ ᠲᠤᠰᠬᠠᠢ ᠵᠦᠪᠯᠡᠯ ᠤᠨ ᠪᠠᠶᠢᠭᠤᠯᠤᠯᠳᠠ | ᠪᠤᠯᠤᠨ ᠪᠠᠶᠢᠭᠤᠯᠭ᠎ᠠ ᠶᠢᠨ ᠺᠠᠳ᠋ᠷ ᠤᠨ ᠡᠩᠨᠡᠭᠡᠨ ᠤ ᠪᠠᠶᠢᠭᠤᠯᠤᠯᠳᠠ ᠶᠢ ᠳᠠᠰᠣᠷᠠᠯᠳᠠ ᠦᠭᠡᠢ ᠴᠢᠩᠭᠠᠳᠬᠠᠨ᠂ ᠰᠢᠨ᠎ᠡ ᠴᠠᠭ ᠦᠶ᠎ᠡ ᠶᠢᠨ ᠪᠦᠬᠦ ᠬᠤᠲᠠ ᠶᠢᠨ ᠣᠯᠣᠰ | ᠲᠦᠷᠦ ᠶᠢᠨ ᠵᠦᠪᠯᠡᠯᠭᠡᠨ ᠤ ᠠᠵᠢᠯ ᠤᠨ ᠰᠢᠨ᠎ᠡ ᠪᠠᠶᠢᠳᠠᠯ ᠢ ᠴᠢᠷᠮᠠᠶᠢᠨ ᠡᠭᠦᠳᠴᠣ᠂ ᠰᠢᠯᠢᠳᠡᠭ ᠠᠮᠵᠢᠯᠳᠠ ᠪᠠᠷ ᠪᠠᠨ ᠨᠠᠮ ᠤᠨ ᠬᠤᠷᠢᠳᠣᠭᠠᠷ ᠶᠡᠭᠡ ᠬᠤᠷᠠᠯ ᠤᠨ | ᠠᠮᠵᠢᠯᠳᠠ ᠲᠠᠢ ᠬᠤᠷᠠᠯᠳᠣᠬᠤ ᠶᠢ ᠣᠭᠳᠣᠬᠤ ᠬᠡᠷᠡᠭᠳᠡᠢ ᠭᠡᠵᠤ ᠱᠠᠭᠠᠷᠳᠠᠪᠠ᠃ |