ᠮᠠᠨ ᠤ ᠬᠤᠲᠠ 948 ᠲᠦᠮᠡᠨ ᠲᠦᠭᠦᠷᠢᠭ ᠤᠨ ᠨᠡᠶᠢᠭᠡᠮ ᠤᠨ ᠠᠪᠤᠷᠠᠨ ᠲᠤᠰᠠᠯᠠᠬᠤ ᠪᠡᠯᠡ ᠮᠦᠩᠬᠦ ᠶᠢ ᠨᠦᠭᠦᠪᠦᠷᠢᠯᠡᠨ ᠳᠠᠷᠬᠠᠭᠠᠵᠠᠢ
ᠨᠡᠶᠢᠲᠡᠯᠡᠭᠰᠡᠨ ᠴᠠᠭ᠄
2022/6/27

       ︽2022 ᠣᠨ ᠤ ᠪᠦᠬᠦ ᠣᠷᠣᠨ ᠤ ᠨᠡᠶᠢᠭᠡᠮ ᠤᠨ ᠠᠪᠤᠷᠠᠨ ᠲᠤᠰᠠᠯᠠᠬᠤ ᠪᠠᠷᠢᠮᠵᠢᠶ᠎ᠠ ᠶᠢᠨ ᠬᠤᠯᠪᠤᠭᠳᠠᠯ ᠪᠦᠬᠦᠢ ᠣᠴᠢᠷ ᠶᠠᠪᠤᠳᠠᠯ ᠤᠨ ᠲᠤᠬᠠᠢ ᠦᠪᠦᠷ

ᠮᠤᠩᠭᠤᠯ ᠤᠨ ᠦᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ︾᠎ ᠤᠨ ᠱᠠᠭᠠᠷᠳᠠᠯᠭ᠎ᠠ ᠶᠤᠰᠣᠭᠠᠷ᠂ ᠮᠠᠨ ᠤ ᠬᠤᠲᠠ2022 ᠣᠨ

᠎ ᠤ ᠨᠡᠶᠢᠭᠡᠮ ᠤᠨ ᠠᠪᠤᠷᠠᠨ ᠲᠤᠰᠠᠯᠠᠬᠤ ᠪᠠᠷᠢᠮᠵᠢᠶ᠎ᠠ ᠶᠢ ᠳᠠᠬᠢᠨᠳᠠ ᠳᠡᠭᠡᠭᠰᠢᠯᠡᠭᠦᠯᠵᠤ᠂ 2022 ᠤᠨ ᠤ 1 ᠰᠠᠷ᠎ᠠ ᠶᠢᠨ 1᠎ ᠤ ᠡᠳᠣᠷ ᠠᠴᠠ ᠡᠬᠢᠯᠡᠵᠤ ᠬᠡᠷᠡᠭᠵᠢᠭᠦᠯᠪᠡ᠃

ᠪᠠᠷᠢᠮᠵᠢᠶ᠎ᠠ ᠶᠢ ᠳᠡᠭᠡᠭᠰᠢᠯᠡᠭᠦᠯᠦᠭᠰᠡᠨ ᠤ ᠳᠠᠷᠠᠭᠠᠭᠢ ᠨᠡᠶᠢᠭᠡᠮ ᠤᠨ ᠠᠪᠤᠷᠠᠨ ᠲᠤᠰᠠᠯᠠᠬᠤ ᠪᠡᠯᠡ ᠮᠦᠩᠬᠦ ᠶᠢ ᠠᠯᠢ ᠲᠦᠷᠭᠡᠨ ᠢᠶᠠᠷ ᠬᠦᠴᠢᠷᠳᠡᠯᠳᠡᠢ ᠣᠯᠠᠨ ᠲᠦᠮᠡᠨ ᠳᠤ

ᠨᠦᠭᠦᠪᠦᠷᠢᠯᠡᠬᠦ ᠶᠢᠨ ᠲᠦᠯᠦᠭᠡ᠂ ᠪᠦᠬᠦ ᠬᠤᠲᠠ ᠶᠢᠨ ᠠᠷᠠᠳ ᠤᠨ ᠶᠠᠪᠤᠳᠠᠯ ᠤᠨ ᠰᠢᠰᠲ᠋ᠧᠮ ᠤᠨ ᠬᠢᠨ ᠠᠵᠢᠯ ᠢᠶᠠᠨ ᠦᠳᠳᠦᠷ ᠳᠦᠷᠭᠡᠨ ᠦᠷᠨᠢᠭᠦᠯᠵᠤ᠂ ᠡᠳ᠋ ᠤᠨ

ᠵᠠᠰᠠᠭ ᠤᠨ ᠰᠠᠯᠠᠭ᠎ᠠ ᠮᠦᠴᠢᠷ ᠲᠠᠢ ᠢᠳᠡᠪᠬᠢᠳᠡᠢ ᠵᠤᠬᠢᠴᠠᠭᠤᠯᠤᠨ᠂ 6 ᠰᠠᠷ᠎ᠠ ᠶᠢᠨ9᠎ ᠤ ᠡᠳᠣᠷ ᠪᠠᠷᠢᠮᠵᠢᠶ᠎ᠠ ᠶᠢ ᠳᠡᠭᠡᠭᠰᠢᠯᠡᠭᠦᠯᠦᠭᠰᠡᠨ ᠤ ᠳᠠᠷᠠᠭᠠᠭᠢ ᠪᠡᠯᠡ ᠮᠦᠩᠭᠦ ᠶᠢ

ᠪᠦᠭᠦᠨ ᠢ ᠨᠦᠭᠦᠪᠦᠷᠢᠯᠡᠨ ᠳᠠᠷᠬᠠᠭᠠᠵᠤ᠂ ᠨᠡᠶᠢᠲᠡ 32356 ᠬᠦᠴᠢᠷᠳᠡᠯᠳᠡᠢ ᠣᠯᠠᠨ ᠲᠦᠮᠡᠨ ᠳᠤ ᠠᠰᠢᠭ ᠬᠦᠷᠳᠡᠭᠡᠵᠤ᠂ 948.03 ᠲᠦᠮᠡᠨ ᠲᠦᠭᠦᠷᠢᠭ ᠤᠨ

ᠠᠪᠤᠷᠠᠨ ᠲᠤᠰᠠᠯᠠᠬᠤ ᠪᠡᠯᠡ ᠮᠦᠩᠭᠦ ᠶᠢ ᠨᠦᠭᠦᠪᠦᠷᠢᠯᠡᠪᠡ᠃ ᠡᠭᠦᠨ ᠳᠤ ᠬᠤᠲᠠ ᠬᠦᠳᠡᠭᠡ ᠶᠢᠨ ᠳᠣᠣᠷ᠎ᠠ ᠪᠠᠳᠣᠯᠭᠠᠳᠣ ᠡᠳᠡᠭᠡᠳ 27334 ᠬᠦᠮᠦᠨ ᠪᠠᠶᠢᠵᠤ᠂

773.97 ᠲᠦᠮᠡᠨ ᠲᠦᠭᠦᠷᠢᠭ ᠤᠨ ᠪᠡᠯᠡ ᠮᠦᠩᠭᠦ ᠨᠦᠭᠦᠪᠦᠷᠢᠯᠡᠪᠡ︔ ᠬᠤᠲᠠ ᠬᠦᠳᠡᠭᠡ ᠶᠢᠨ ᠤᠨᠴᠠ ᠬᠦᠴᠢᠷᠳᠡᠯᠳᠡᠢ ᠡᠳᠡᠭᠡᠳ 5022 ᠬᠦᠮᠦᠨ ᠪᠠᠶᠢᠵᠤ᠂

174.06 ᠲᠦᠮᠡᠨ ᠲᠦᠭᠦᠷᠢᠭ ᠤᠨ ᠪᠡᠯᠡ ᠮᠦᠩᠭᠦ ᠨᠦᠭᠦᠪᠤᠷᠢᠯᠡᠪᠡ᠃

       ᠦᠢᠷ᠎ᠠ ᠶᠢᠨ ᠵᠢᠯ ᠤᠳ ᠠᠴᠠ᠂ ᠮᠠᠨ ᠤ ᠬᠤᠲᠠ ᠠᠷᠠᠳ ᠲᠦᠮᠡᠨ ᠢᠶᠠᠷ ᠭᠤᠤᠯ ᠪᠤᠯᠭᠠᠬᠤ ᠬᠦᠭᠵᠢᠯᠳᠡ ᠶᠢᠨ ᠦᠵᠡᠯ ᠰᠠᠨᠠᠭ᠎ᠠ ᠶᠢ ᠬᠢᠨᠠᠮᠠᠭᠠᠢ

ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠬᠦᠴᠢᠷᠳᠡᠯᠳᠡᠢ ᠣᠯᠠᠨ ᠲᠦᠮᠡᠨ ᠤ ᠠᠷᠠᠳ ᠤᠨ ᠠᠮᠢᠳᠣᠷᠠᠯ ᠤᠨ ᠪᠤᠶᠠᠨ ᠭᠡᠰᠢᠭ ᠢ ᠬᠦᠴᠦᠯᠡᠨ ᠳᠡᠭᠡᠭᠰᠢᠯᠡᠭᠦᠯᠵᠤ᠂

ᠨᠡᠶᠢᠭᠡᠮ ᠳᠠᠶᠠᠭᠠᠷ ᠲᠤ ᠠᠵᠤ ᠠᠬᠤᠢ ᠨᠡᠶᠢᠭᠡᠮ ᠤᠨ ᠬᠦᠭᠵᠢᠯᠳᠡ ᠶᠢᠨ ᠦᠷ᠎ᠡ ᠪᠦᠳᠦᠭᠡᠯ ᠢ ᠬᠠᠮᠳᠣ ᠪᠠᠷ ᠡᠳ᠋ᠯᠡᠭᠦᠯᠪᠡ᠃ ᠲᠤᠰ ᠣᠳᠠᠭᠠᠨ ᠤ ᠪᠠᠷᠢᠮᠵᠢᠶ᠎ᠠ ᠶᠢ

ᠳᠡᠭᠡᠭᠰᠢᠯᠡᠭᠦᠯᠵᠤ ᠨᠦᠭᠦᠪᠦᠷᠢ ᠮᠦᠩᠭᠦ ᠶᠢ ᠨᠦᠭᠦᠪᠦᠷᠢᠯᠡᠨ ᠳᠠᠷᠬᠠᠭᠠᠭᠰᠡᠨ ᠨᠢ ᠬᠤᠲᠠ ᠬᠦᠳᠡᠭᠡ ᠶᠢᠨ ᠵᠦᠷᠢᠶ᠎ᠡ ᠶᠢ ᠣᠯᠠᠮ ᠨᠢᠭᠡ ᠠᠯᠬᠤᠮ ᠪᠠᠭᠠᠰᠬᠠᠵᠤ᠂

ᠬᠦᠴᠢᠷᠳᠡᠯᠳᠡᠢ ᠣᠯᠠᠨ ᠲᠦᠮᠡᠨ ᠤ ᠦᠨᠳᠦᠰᠦᠨ ᠡᠷᠭᠡ ᠠᠰᠢᠭ ᠢ ᠨᠡᠩ ᠰᠠᠶᠢᠳᠣᠷ ᠪᠠᠳᠣᠯᠠᠨ᠂ ᠦᠨᠳᠦᠰᠦᠨ ᠠᠷᠠᠳ ᠤᠨ ᠠᠮᠢᠳᠣᠷᠠᠯ ᠤᠨ ᠪᠠᠳᠣᠯᠠᠭ᠎ᠠ ᠶᠢᠨ ᠨᠠᠭᠠᠳᠣ

ᠵᠠᠬ᠎ᠠ ᠶᠢᠨ ᠪᠠᠷᠢᠮᠵᠢᠶ᠎ᠠ ᠶᠢ ᠦᠨᠡᠨ ᠬᠦ ᠰᠠᠶᠢᠳᠣᠷ ᠪᠠᠳᠣᠯᠠᠵᠤ ᠴᠢᠳᠠᠭᠰᠡᠨ ᠪᠠᠶᠢᠨ᠎ᠠ ᠃

ᠢᠷᠡᠯᠲᠡ᠄ ᠣᠷᠳᠣᠰ ᠤᠨ ᠡᠳᠣᠷ ᠤᠨ ᠰᠣᠨᠢᠨ