ᠬᠤᠲᠠ ᠶᠢᠨ ᠲᠠᠪᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠵᠢᠷᠭᠤᠳᠤᠭᠠᠷ ᠤᠳᠠᠭ᠎ᠠ ᠶᠢᠨ ᠡᠷᠬᠢᠯᠡᠭᠴᠢᠳ ᠤᠨ ᠬᠤᠷᠠᠯ ᠬᠤᠷᠠᠯᠳᠣᠪᠠ
ᠨᠡᠶᠢᠲᠡᠯᠡᠭᠰᠡᠨ ᠴᠠᠭ᠄
2022/6/28
       6 ᠰᠠᠷ᠎ᠠ ᠶᠢᠨ 27᠎ ᠤ ᠡᠳᠦᠷ᠂ ᠬᠤᠲᠠ ᠶᠢᠨ ᠲᠠᠪᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠵᠢᠷᠭᠤᠳᠤᠭᠠᠷ ᠤᠳᠠᠭᠠᠨ ᠤ ᠡᠷᠬᠢᠯᠡᠭᠴᠢᠳ ᠤᠨ ᠬᠤᠷᠠᠯ ᠬᠤᠷᠠᠯᠳᠤᠵᠤ᠂ ᠬᠤᠲᠠ ᠶᠢᠨ ᠲᠠᠪᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠭᠤᠷᠪᠠᠳᠤᠭᠠᠷ ᠣᠳᠠᠭᠠᠨ ᠤ ᠬᠤᠷᠠᠯ ᠢ 6 ᠰᠠᠷ᠎ᠠ ᠶᠢᠨ 29᠎ ᠤ ᠡᠳᠦᠷ ᠬᠢᠶ᠎ᠠ ᠪᠠᠭᠰᠢ ᠳᠤ ᠬᠤᠷᠠᠯᠳᠤᠭᠤᠯᠬᠤ ᠪᠠᠷ ᠲᠤᠭᠳᠠᠪᠠ ᠃       ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠵᠠᠩ ᠵᠠᠨ ᠯᠢᠨ ᠬᠤᠷᠠᠯ ᠢ ᠡᠷᠭᠢᠯᠡᠭᠰᠡᠨ ᠤ ᠬᠠᠮᠳᠣ ᠶᠠᠷᠢᠶ᠎ᠠ ᠲᠠᠯᠪᠢᠵᠠᠶ᠃ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠱᠢ ᠶᠠᠨ ᠵᠢᠶᠧ᠂ ᠾᠧ ᠶᠢᠨ᠂ ᠪᠠᠶᠠᠷ᠂ ᠶᠠᠩ ᠶᠦᠨ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠨᠠᠷᠢᠨ ᠪᠢᠴᠢᠭ ᠤᠨ ᠳᠠᠷᠤᠭ᠎ᠠ ᠯᠢ ᠰᠢᠨ ᠱᠣ᠋ ᠬᠤᠷᠠᠯ ᠳᠤ ᠣᠷᠣᠯᠴᠠᠪᠠ᠃       ᠬᠤᠷᠠᠯ ᠠᠴᠠ ᠬᠤᠲᠠ ᠶᠢᠨ ᠲᠠᠪᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠭᠤᠷᠪᠠᠳᠤᠭᠠᠷ ᠬᠤᠷᠠᠯᠳᠤᠭᠠᠨ ᠤ ᠰᠠᠨᠠᠭᠤᠯᠭ᠎ᠠ ᠶᠢᠨ ᠵᠥᠪᠯᠡᠬᠦ ᠰᠡᠳᠦᠪ ᠢ ᠪᠠᠲᠤᠯᠠᠪᠠ᠄ ︽ᠣᠷᠳᠣᠰ ᠬᠤᠲᠠ ᠶᠢᠨ ᠬᠠᠲᠤᠨ ᠭᠤᠤᠯ ᠤᠨ ᠣᠷᠣᠰᠬᠠᠯ ᠵᠠᠮ ᠤᠨ ᠬᠠᠮᠢᠶᠠᠷᠤᠯᠲᠠ ᠶᠢᠨ ᠲᠦᠷᠢᠮ ︵ᠲᠥᠰᠦᠯ ᠤᠨ ᠬᠤᠶᠠᠳᠠᠬᠢ ᠤᠳᠠᠭᠠᠨ ᠤ ᠬᠢᠨᠠᠨ ᠶᠠᠷᠢᠯᠴᠠᠭᠰᠠᠨ ᠨᠣᠤᠷᠠᠭ︶︾᠎ ᠢ ᠬᠢᠨᠠᠨ ᠵᠦᠪᠯᠡᠪᠡ︔ ︽ᠣᠷᠳᠣᠰ ᠬᠤᠲᠠ ᠶᠢᠨ ᠰᠢᠯᠵᠢᠭᠦᠯᠵᠦ ᠪᠣᠯᠤᠰᠢ ᠥᠬᠡᠶ ᠲᠡᠤᠬᠡ ᠶᠢᠨ ᠳᠤᠷᠠᠰᠬᠠᠯᠲᠤ  ᠵᠦᠢᠯᠡᠰ ᠤᠨ ᠬᠠᠮᠠᠭᠠᠯᠠᠯᠲᠠ ᠶᠢᠨ ᠲᠦᠷᠢᠮ ︵ᠲᠥᠰᠦᠯ︶︾᠎ ᠢ ᠬᠢᠨᠠᠨ  ᠵᠦᠪᠯᠡᠪᠡ︔ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠪᠥᠬᠦ ᠬᠤᠲᠠ ᠶᠢᠨ ᠪᠠᠷᠠᠭᠠᠨ ᠤ ᠬᠦᠢᠯᠭᠡᠭᠡᠨ ᠤ ᠦᠢᠯᠡᠰ ᠤᠨ ᠬᠥᠭᠵᠢᠯᠲᠡ ᠶᠢᠨ ᠪᠠᠶᠢᠳᠠᠯ ᠤᠨ ᠲᠤᠬᠠᠶ ᠮᠡᠳᠡᠭᠦᠯᠦᠯᠲᠡ ᠶᠢ ᠰᠣᠨᠣᠰᠴᠤ ᠬᠢᠨᠠᠨ ᠵᠥᠪᠯᠡᠬᠦ ᠶᠢᠨ ᠬᠠᠮᠲᠤ ᠲᠤᠰᠬᠠᠢ ᠰᠡᠳᠣᠪᠳᠣ ᠠᠰᠠᠭᠤᠨ ᠯᠠᠪᠯᠠᠯᠳᠠ ᠬᠢᠪᠠ︔ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠥᠷᠢ ᠥᠭᠴᠡᠭᠡ ᠶᠢᠨ ᠬᠠᠮᠢᠶᠠᠷᠤᠯᠲᠠ ᠶᠢᠨ ᠪᠠᠶᠢᠳᠠᠯ ᠤᠨ ᠲᠤᠬᠠᠶ ᠮᠡᠳᠡᠭᠦᠯᠦᠯᠲᠡ ᠶᠢ ᠰᠣᠨᠣᠰᠴᠤ ᠬᠢᠨᠠᠨ  ᠵᠦᠪᠯᠡᠪᠡ︔᠎  ᠬᠤᠲᠠ ᠶᠢᠨ ᠠᠷᠠᠳ ᠤᠨ ᠳᠤᠮᠳᠠ ᠵᠡᠷᠭᠡ ᠶᠢᠨ ᠰᠢᠭᠦᠬᠦ ᠬᠤᠷᠢᠶ᠎ᠠ ᠶᠢᠨ ᠪᠥᠬᠦ ᠬᠤᠲᠠ ᠶᠢᠨ ᠰᠢᠭᠦᠬᠦ ᠬᠤᠷᠢᠶ᠎ᠠ ᠶᠢᠨ ᠮᠥᠩᠭᠦᠨ ᠭᠦᠢᠯᠭᠡᠭᠡᠨ ᠤ ᠵᠢᠭᠡᠯᠡᠯᠭᠡ ᠶᠢᠨ ᠵᠢᠭᠤᠷᠠᠯᠳᠤᠭᠠᠨ ᠤ ᠬᠡᠷᠡᠭ ᠢ ᠰᠢᠭᠦᠨ  ᠰᠢᠢᠳᠪᠤᠷᠢᠯᠡᠭᠰᠡᠨ ᠪᠠ ᠭᠦᠢᠴᠡᠳᠭᠡᠭᠰᠡᠨ ᠪᠠᠶᠢᠳᠠᠯ ᠤᠨ ᠲᠤᠬᠠᠶ ᠮᠡᠳᠡᠭᠦᠯᠦᠯᠲᠡ ᠶᠢ ᠰᠣᠨᠣᠰᠴᠣ ᠬᠢᠨᠠᠨ ᠵᠦᠪᠯᠡᠪᠡ︔ ᠵᠦᠪᠯᠡᠨ ᠲᠤᠭᠳᠠᠭᠠᠭᠳᠠᠬᠤ 10 ᠨᠡᠷ᠎ᠡ ᠰᠢᠭᠦᠭᠦ ᠲᠤᠰᠢᠶᠠᠯᠲᠠᠨ ᠤ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠭᠰᠡᠨ ᠪᠠᠶᠢᠳᠠᠯ ᠤᠨ ᠲᠤᠬᠠᠶ ᠮᠡᠳᠡᠭᠦᠯᠦᠯᠲᠡ ᠶᠢ ᠰᠣᠨᠣᠰᠴᠤ ᠬᠢᠨᠠᠨ ᠵᠦᠪᠯᠡᠬᠦ ᠶᠢᠨ ᠬᠠᠮᠳᠣ ᠬᠠᠨᠤᠮᠵᠢ ᠶᠢᠨ ᠬᠡᠮᠵᠢᠶ᠎ᠡ ᠶᠢ ᠰᠢᠯᠭᠠᠨ ᠦᠨᠡᠯᠡᠪᠡ︔ ᠪᠤᠰᠤᠳ ᠬᠤᠯᠪᠣᠭᠳᠠᠯ ᠪᠦᠬᠦᠢ ᠤᠴᠢᠷ ᠶᠠᠪᠤᠳᠠᠯ ᠢ ᠬᠢᠨᠠᠨ ᠵᠦᠪᠯᠡᠪᠡ᠃      ᠬᠤᠷᠠᠯ ᠠᠴᠠ ᠪᠠᠰᠠ ᠤᠷᠳᠤᠰ ᠬᠤᠳᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠪᠦᠬᠦ ᠬᠤᠳᠠ ᠶᠢᠨ ᠬᠠᠳᠤᠨ ᠭᠤᠣᠯ ᠤᠨ ᠰᠡᠪᠡ ᠭᠠᠵᠠᠷ ᠤᠨ ᠰᠣᠶᠣᠯ ᠪᠠ ᠵᠤᠭᠠᠴᠠᠯ ᠤᠨ ᠦᠢᠯᠡᠰ ᠤᠨ ᠬᠥᠭᠵᠢᠯᠲᠡ ᠶᠢᠨ ᠪᠠᠶᠢᠳᠠᠯ ᠤᠨ ᠲᠤᠬᠠᠢ ᠪᠠᠶᠢᠴᠠᠭᠠᠨ ᠰᠤᠳᠤᠯᠤᠯᠲᠠ ᠶᠢᠨ ᠮᠡᠳᠡᠭᠦᠯᠦᠯᠲᠡ᠂ ᠬᠤᠳᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠤᠨ ᠳᠤᠭᠤᠶᠢᠯᠠᠩ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠵᠢᠯ ᠢ ᠬᠠᠨᠳᠤᠯᠭ᠎ᠠ ᠲᠠᠢ ᠪᠠᠷ ᠪᠠᠶᠢᠴᠠᠭᠠᠨ ᠦᠵᠡᠭᠰᠡᠨ ᠮᠡᠳᠡᠭᠦᠯᠦᠯᠲᠡ ᠪᠣᠯᠤᠨ ᠪᠦᠬᠦ ᠬᠤᠳᠠ ᠶᠢᠨ ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠢ ᠥᠭᠡᠷᠡᠴᠢᠯᠡᠨ ᠪᠠᠶᠢᠭᠤᠯᠤᠭᠰᠠᠨ ᠠᠵᠢᠯ ᠤᠨ ᠪᠠᠶᠢᠳᠠᠯ ᠤᠨ ᠮᠡᠳᠡᠭᠦᠯᠦᠯᠲᠡ᠂ ︽ᠤᠷᠳᠤᠰ ᠬᠤᠳᠠ ᠶᠢᠨ ᠭᠠᠵᠠᠷ ᠤᠨ ᠨᠡᠷ᠎ᠡ ᠶᠢᠨ ᠬᠠᠮᠢᠶᠠᠷᠤᠯᠲᠠ ᠶᠢᠨ ᠲᠦᠷᠢᠮ︾᠎ ᠤᠨ ᠬᠠᠤᠯᠢ ᠲᠣᠭᠲᠠᠭᠠᠬᠤ ᠪᠠᠶᠢᠴᠠᠭᠠᠨ ᠰᠤᠳᠤᠯᠤᠯᠲᠠ ᠶᠢᠨ ᠮᠡᠳᠡᠭᠦᠯᠦᠯᠲᠡ ᠶᠢ ᠰᠣᠨᠣᠰᠬᠤ ᠶᠢᠨ ᠬᠠᠮᠳᠣ ᠬᠢᠨᠠᠨ ᠵᠦᠪᠯᠡᠪᠡ᠃   
ᠢᠷᠡᠯᠲᠡ᠄ ᠲᠤᠰ ᠰᠦᠯᠵᠢᠶ᠎ᠡ