​ ᠳ᠋ᠦᠩᠱᠧᠩ ᠲᠤᠭᠤᠷᠢᠭ ᠢ ᠦᠪᠡᠷᠳᠡᠭᠡᠨ ᠵᠠᠰᠬᠠᠤ ᠤᠷᠤᠨ ᠤ ᠬᠤᠷᠢᠮ ᠤᠨ ᠵᠠᠩᠰᠢᠯ ᠤᠨ ᠦᠭᠡᠷᠡᠴᠢᠯᠡᠯᠳᠡ ᠶᠢᠨ ᠳᠤᠷᠰᠢᠯᠳᠡ ᠶᠢᠨ ᠴᠡᠭ ᠢᠶᠠᠷ ᠳᠤᠭᠳᠠᠭᠠᠵᠠᠢ
ᠨᠡᠶᠢᠲᠡᠯᠡᠭᠰᠡᠨ ᠴᠠᠭ᠄
2022/6/28
      ᠬᠤᠷᠢᠮ ᠤᠨ ᠵᠠᠩᠰᠢᠯ ᠢ ᠦᠭᠡᠷᠡᠴᠢᠯᠡᠬᠦ ᠶᠢ ᠶᠡᠭᠡ ᠪᠠᠷ ᠠᠬᠢᠭᠤᠯᠵᠦ᠂ ᠪᠦᠬᠦ ᠤᠷᠤᠨ ᠤ ᠬᠤᠷᠢᠮ ᠤᠨ ᠵᠠᠩᠰᠢᠯ ᠤᠨ ᠦᠭᠡᠷᠡᠴᠢᠯᠡᠯᠳᠡ ᠶᠢᠨ ᠳᠤᠷᠰᠢᠯᠳᠡ ᠶᠢᠨ ᠴᠡᠭ ᠤᠨ ᠬᠠᠮᠤᠷᠬᠤ ᠬᠡᠪᠴᠢᠶ᠎ᠡ ᠶᠢ ᠤᠯᠠᠮ ᠨᠢᠭᠡ ᠠᠯᠬᠤᠮ ᠦᠷᠭᠡᠳᠬᠡᠨ᠂ ᠪᠤᠯᠪᠠᠰᠤᠨ ᠰᠢᠨ᠎ᠡ ᠰᠤᠷᠳᠠᠯ ᠢ ᠲᠦᠭ ᠲᠦᠮᠡᠨ ᠡᠷᠦᠬᠡ ᠳᠤ ᠤᠷᠤᠭᠤᠯᠬᠤ ᠶᠢ ᠠᠬᠢᠭᠤᠯᠵᠦ ᠂ ᠪᠤᠭᠤᠳᠤ ᠬᠤᠳᠠ ᠶᠢᠨ ᠴᠢᠩᠱᠠᠨ ᠲᠤᠭᠤᠷᠢᠭ᠂ ᠤᠯᠠᠭᠠᠨᠬᠠᠳᠠ ᠬᠤᠳᠠ ᠶᠢᠨ ᠬᠤᠩᠱᠠᠨ ᠲᠤᠭᠤᠷᠢᠭ᠂ ᠤᠯᠠᠭᠠᠨᠴᠠᠪ ᠬᠤᠳᠠ ᠶᠢᠨ ᠵᠢᠨᠢᠩ ᠲᠤᠭᠤᠷᠢᠭ ᠢ ᠪᠦᠬᠦ ᠤᠯᠤᠰ ᠤᠨ ᠬᠤᠷᠢᠮ ᠤᠨ ᠵᠠᠩᠰᠢᠯ ᠤᠨ ᠦᠭᠡᠷᠡᠴᠢᠯᠡᠯᠳᠡ ᠶᠢᠨ ᠳᠤᠷᠰᠢᠯᠳᠡ ᠶᠢᠨ ᠴᠡᠭ ᠢᠶᠠᠷ ᠳᠤᠭᠳᠠᠭᠠᠭᠰᠠᠨ ᠰᠠᠭᠤᠷᠢᠨ ᠳᠡᠭᠡᠷ᠎ᠡ᠂ ᠤᠶᠢᠷ᠎ᠡ ᠳᠤ᠂ ᠦᠪᠡᠷᠳᠡᠭᠡᠨ ᠵᠠᠰᠠᠬᠤ ᠤᠷᠤᠨ ᠠᠴᠠ ᠪᠠᠰᠠ᠂ ᠬᠤᠰᠢᠭᠤ ᠰᠢᠶᠠᠨ〈ᠬᠤᠳᠠ᠂ ᠲᠤᠭᠤᠷᠢᠭ〉᠎ ᠢ ᠦᠪᠡᠷᠳᠡᠭᠡᠨ ᠵᠠᠰᠠᠬᠤ ᠤᠷᠤᠨ ᠤ ᠬᠤᠷᠢᠮ ᠤᠨ ᠵᠠᠩᠰᠢᠯ ᠤᠨ ᠦᠭᠡᠷᠡᠴᠢᠯᠡᠯᠳᠡ ᠶᠢᠨ ᠳᠤᠷᠰᠢᠯᠳᠡ ᠶᠢᠨ ᠴᠡᠭ ᠢᠶᠠᠷ ᠰᠤᠩᠭᠤᠵᠦ᠂ ᠳ᠋ᠦᠩᠱᠧᠩ ᠲᠤᠭᠤᠷᠢᠭ ᠢ ᠦᠪᠡᠷᠳᠡᠭᠡᠨ ᠵᠠᠰᠠᠬᠤ ᠤᠷᠤᠨ ᠤ ᠬᠤᠷᠢᠮ ᠤᠨ ᠵᠠᠩᠰᠢᠯ ᠤᠨ ᠦᠭᠡᠷᠡᠴᠢᠯᠡᠯᠳᠡ ᠶᠢᠨ ᠳᠤᠷᠰᠢᠯᠳᠡ ᠶᠢᠨ ᠴᠡᠭ ᠢᠶᠠᠷ ᠳᠤᠭᠳᠠᠭᠠᠪᠠ᠃      ᠤᠶᠢᠯᠠᠭᠠᠭᠰᠠᠨ ᠢᠶᠠᠷ᠂ ᠳᠤᠷᠰᠢᠯᠳᠡ ᠶᠢᠨ ᠴᠡᠭ ᠤᠨ ᠠᠵᠢᠯ ᠨᠢ 2022 ᠤᠨ ᠤ 6 ᠰᠠᠷ᠎ᠠ ᠠᠴᠠ 2024 ᠤᠨ ᠤ 6 ᠰᠠᠷ᠎ᠠ ᠪᠤᠯᠳᠠᠯ᠎ᠠ ᠬᠤᠶᠠᠷ ᠵᠢᠯ ᠤᠨ ᠬᠤᠭᠤᠴᠠᠭ᠎ᠠ ᠲᠠᠢ ᠶᠠᠪᠤᠭᠳᠠᠨ᠎ᠠ᠃ ᠡᠯ᠎ᠡ ᠳᠤᠷᠰᠢᠯᠳᠡ ᠶᠢᠨ ᠴᠡᠭ ᠤᠨ ᠭᠠᠵᠠᠷ ᠤᠷᠤᠨ ᠤ ᠬᠢᠨ ᠳᠤᠷᠰᠢᠯᠳᠡ ᠶᠢᠨ ᠦᠭᠡᠷᠡᠴᠢᠯᠡᠯᠳᠡ ᠶᠢᠨ ᠡᠭᠦᠷᠭᠡ ᠶᠢᠨ ᠲᠤᠭᠤᠷᠢᠨ ᠳᠤ ᠳᠤᠰ ᠭᠠᠵᠠᠷ ᠤᠷᠤᠨ ᠤ ᠪᠤᠳᠠᠳᠤ ᠪᠠᠶᠢᠳᠠᠯ ᠲᠠᠢ ᠪᠠᠨ ᠤᠶᠠᠯᠳᠤᠭᠤᠯᠤᠨ᠂ ᠤᠷᠤᠭ ᠭᠡᠷ ᠪᠦᠯᠢ ᠶᠢᠨ ᠬᠠᠪᠰᠤᠷᠤᠨ ᠵᠢᠯᠤᠭᠤᠳᠬᠤ ᠠᠵᠢᠯᠯᠠᠭ᠎ᠠ ᠶᠢ ᠰᠢᠨ᠎ᠡ ᠶᠢ ᠡᠭᠦᠳᠦᠨ ᠦᠷᠨᠢᠭᠦᠯᠵᠦ᠂ ᠪᠤᠯᠪᠠᠰᠤᠨ ᠦᠭᠡᠳᠡᠷᠬᠡᠭ ᠬᠤᠷᠢᠮ ᠤᠨ ᠵᠠᠩ ᠦᠢᠯᠡ ᠶᠢᠨ ᠰᠤᠶᠤᠯ ᠢ ᠬᠦᠴᠦᠯᠡᠨ ᠪᠤᠶᠢᠵᠢᠭᠤᠯᠵᠦ᠂ ᠤᠷᠤᠭ ᠬᠤᠷᠢᠮ ᠤᠨ ᠬᠡᠪ ᠵᠠᠩᠰᠢᠯ ᠤᠨ ᠬᠦᠷᠢᠶᠡᠨ ᠳᠠᠬᠢ ᠳᠤᠪᠤᠶᠢᠮ᠎ᠠ ᠠᠰᠠᠭᠤᠳᠠᠯ ᠢ ᠳᠦᠪᠯᠡᠷᠡᠭᠦᠯᠦᠨ ᠵᠠᠰᠠᠵᠦ᠂ ᠰᠠᠶᠢᠨ ᠰᠠᠶᠢᠬᠠᠨ ᠭᠡᠷ ᠤᠨ ᠰᠤᠷᠳᠠᠯ ᠭᠡᠷ ᠤᠨ ᠰᠤᠷᠭᠠᠯ ᠢ ᠦᠷᠭᠦᠯᠵᠢᠯᠡᠨ ᠵᠠᠯᠭᠠᠮᠵᠢᠯᠠᠵᠦ᠂ ᠪᠦᠬᠦ ᠨᠡᠶᠢᠬᠡᠮ ᠢᠶᠠᠷ ᠢᠶᠠᠨ ᠤᠷᠤᠭ ᠭᠡᠷ ᠪᠦᠯᠢ ᠶᠢᠨ ᠵᠦᠪ ᠦᠷᠳᠡᠭ ᠤᠨ ᠬᠠᠨᠳᠤᠯᠭ᠎ᠠ ᠶᠢ ᠪᠤᠢ ᠪᠤᠯᠭᠠᠬᠤ ᠶᠢ ᠰᠠᠨᠠᠭᠠᠴᠢᠯᠠᠨ᠂ ᠤᠷᠤᠭ ᠬᠤᠷᠢᠮ ᠤᠨ ᠬᠡᠪ ᠵᠠᠩᠰᠢᠯ ᠤᠨ ᠳᠦᠪ ᠪᠤᠰᠤ ᠰᠤᠷᠳᠠᠯ ᠢ ᠬᠤᠷᠢᠭᠯᠠᠵᠦ᠂ ᠪᠦᠬᠦ ᠨᠡᠶᠢᠬᠡᠮ ᠤᠨ ᠪᠤᠯᠪᠠᠰᠤᠨ ᠤ ᠬᠡᠮᠵᠢᠶ᠎ᠡ ᠪᠠ ᠤᠯᠠᠨ ᠲᠦᠮᠡᠨ ᠤ ᠤᠶᠤᠨ ᠰᠠᠨᠠᠭᠠᠨ ᠤ ᠳᠦᠷᠰᠦ ᠪᠠᠶᠢᠳᠠᠯ ᠢ ᠳᠠᠰᠤᠷᠠᠯᠳᠠ ᠦᠭᠡᠢ ᠳᠡᠭᠡᠭᠰᠢᠯᠡᠭᠦᠯᠦᠨ᠂ ᠳᠠᠭᠤᠷᠢᠶᠠᠯ ᠦᠵᠡᠭᠦᠯᠦᠨ ᠬᠦᠳᠦᠯᠦᠨ ᠳᠠᠭᠠᠭᠤᠯᠬᠤ ᠦᠢᠯᠡᠳᠦᠯ ᠢ ᠪᠠᠳᠠᠷᠠᠭᠤᠯᠵᠦ᠂ ᠪᠦᠬᠦ ᠤᠷᠤᠨ ᠤ ᠬᠤᠷᠢᠮ ᠤᠨ ᠵᠠᠩᠰᠢᠯ ᠤᠨ ᠦᠭᠡᠷᠡᠴᠢᠯᠡᠯᠳᠡ ᠶᠢ ᠠᠬᠢᠭᠤᠯᠬᠤ ᠳᠤ ᠰᠢᠨ᠎ᠡ ᠦᠯᠢᠭᠡᠷ ᠬᠡᠪ ᠬᠠᠩᠭᠠᠬᠤ ᠪᠤᠯᠤᠨ᠎ᠠ᠃    
ᠢᠷᠡᠯᠲᠡ᠄ ᠤᠷᠳᠤᠰ ᠤᠨ ᠮᠤᠩᠭᠤᠯ ᠡᠳᠦᠷ ᠤᠨ ᠰᠤᠨᠢᠨ ᠠᠴᠠ ᠪᠠᠭᠤᠯᠭᠠᠪᠠ