ᠮᠠᠨ ᠤ ᠬᠤᠲᠠ ᠶᠢᠨ115 ᠠᠵᠤ ᠠᠬᠤᠶᠢᠯᠠᠯ 4000 ᠲᠦᠮᠡᠨ ᠲᠦᠭᠦᠷᠢᠭ ᠤᠨ ᠰᠣᠳᠣᠯᠣᠨ ᠨᠡᠭᠡᠭᠡᠬᠦ ᠣᠷᠣᠭᠤᠯᠤᠯᠳᠠ ᠶᠢᠨ ᠨᠦᠭᠦᠪᠦᠷᠢ ᠣᠯᠪᠠ
ᠨᠡᠶᠢᠲᠡᠯᠡᠭᠰᠡᠨ ᠴᠠᠭ᠄
2022/6/29

        ᠦᠢᠷ᠎ᠠ ᠳᠤ᠂ ᠦᠪᠡᠷᠳᠡᠭᠡᠨ ᠵᠠᠰᠠᠬᠤ ᠣᠷᠣᠨ ᠤ ᠡᠳ᠋ ᠤᠨ ᠵᠠᠰᠭ ᠤᠨ ᠲᠢᠩᠭᠢᠮ᠂ ᠰᠢᠨᠵᠢᠯᠡᠬᠦ ᠣᠬᠠᠭᠠᠨ ᠮᠡᠷᠭᠡᠵᠢᠯ ᠤᠨ ᠲᠢᠩᠭᠢᠮ ᠠᠴᠠ ︽2022 ᠤᠨ

᠎ ᠤ  ᠦᠪᠡᠷᠳᠡᠭᠡᠨ ᠵᠠᠰᠠᠬᠤ ᠣᠷᠣᠨ ᠤ ᠨᠢᠭᠡᠳᠣᠭᠡᠷ ᠪᠦᠯᠦᠭ  ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠶᠢ  ᠬᠦᠳᠦᠯᠦᠨ  ᠵᠢᠯᠤᠭᠤᠳᠬᠤ ᠱᠠᠩᠨᠠᠯ ᠤᠨ

ᠪᠡᠯᠡ ᠮᠦᠩᠬᠦ ︵ᠠᠵᠤ ᠠᠬᠤᠶᠢᠯᠠᠯ ᠤᠨ ᠰᠣᠳᠣᠯᠣᠨ ᠨᠡᠭᠡᠭᠡᠭᠦ ᠣᠷᠣᠭᠤᠯᠤᠯᠳᠠ ᠎ ᠶᠢ ᠡᠳ᠋ ᠤᠨ ᠵᠠᠰᠠᠭ ᠠᠴᠠ ᠳᠠᠷᠠᠭ᠎ᠠ ᠳᠤᠨᠢ ᠨᠦᠭᠦᠪᠦᠷᠢᠯᠡᠬᠦ︶᠎ ᠶᠢᠨ ᠲᠦᠰᠦᠪ ᠢ

ᠪᠠᠭᠤᠯᠭᠠᠬᠤ  ᠲᠤᠬᠠᠢ ᠮᠡᠳᠡᠭᠳᠡᠯ︾᠎ ᠢ ᠳᠠᠷᠤᠮᠠᠯᠯᠠᠨ ᠳᠠᠷᠬᠠᠭᠠᠵᠤ᠂ ᠪᠦᠬᠦ ᠣᠷᠣᠨ ᠤ 652 ᠠᠵᠤ ᠠᠬᠤᠶᠢᠯᠠᠯ ᠳᠤ1.63 ᠳ᠋ᠦᠩᠰᠢᠭᠤᠷ ᠲᠦᠭᠦᠷᠢᠭ ᠤᠨ

ᠰᠣᠳᠣᠯᠣᠨ ᠨᠡᠭᠡᠭᠡᠭᠦ ᠣᠷᠣᠭᠤᠯᠤᠯᠳᠠ ᠎ ᠶᠢ ᠳᠠᠷᠠᠭ᠎ᠠ ᠳᠤᠨᠢ ᠨᠦᠭᠦᠪᠦᠷᠢᠯᠡᠬᠦ ᠨᠦᠭᠦᠪᠦᠷᠢ ᠶᠢ ᠣᠯᠪᠠ᠂ ᠡᠭᠦᠨ ᠳᠤ᠂ ᠮᠠᠨ ᠤ ᠬᠤᠲᠠ ᠶᠢᠨ115 ᠠᠵᠤ ᠠᠬᠤᠶᠢᠯᠠᠯ

4199.4 ᠲᠦᠮᠡᠨ ᠲᠦᠭᠦᠷᠢᠭ ᠤᠨ  ᠨᠦᠭᠦᠪᠦᠷᠢ ᠣᠯᠪᠠ᠃

       ᠠᠵᠤ ᠠᠬᠤᠶᠢᠯᠠᠯ ᠤᠨ ᠰᠤᠳᠤᠯᠤᠨ ᠨᠡᠭᠡᠭᠡᠬᠦ ᠪᠡᠯᠡ ᠣᠷᠣᠭᠤᠯᠤᠯᠲᠠ ᠶᠢ ᠠᠷᠭ᠎ᠠ ᠳᠤᠨᠢ ᠨᠦᠭᠦᠪᠦᠷᠢᠯᠡᠬᠦ ᠨᠥᠬᠦᠪᠥᠷᠢ ᠪᠣᠯ ᠥᠪᠡᠷᠲᠡᠭᠡᠨ ᠵᠠᠰᠠᠬᠤ ᠣᠷᠣᠨ ᠤ

ᠰᠢᠨᠵᠢᠯᠡᠬᠦ ᠤᠬᠠᠭᠠᠨ ᠮᠡᠷᠭᠡᠵᠢᠯ ᠤᠨ ᠲᠢᠩᠬᠢᠮ ᠤᠨ ︽ᠰᠢᠨᠵᠢᠯᠡᠬᠦ ᠤᠬᠠᠭᠠᠨ ᠮᠡᠷᠭᠡᠵᠢᠯ ᠢᠶᠠᠷ ᠥᠪᠥᠷ ᠮᠣᠩᠭᠤᠯ ᠢ  ᠬᠦᠭᠵᠢᠭᠦᠯᠦᠨ ᠮᠠᠨᠳᠣᠭᠤᠯᠬᠤ 30 ᠵᠤᠷᠪᠤᠰ︾

ᠵᠢᠴᠢ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠵᠤ ᠠᠬᠤᠶᠢᠯᠠᠯ ᠤᠨ ᠰᠤᠳᠤᠯᠤᠨ ᠨᠡᠭᠡᠭᠡᠬᠦ ᠪᠡᠯᠡ ᠣᠷᠣᠭᠤᠯᠤᠯᠲᠠ ᠶᠢ ᠡᠳ᠋ ᠤᠨ ᠵᠠᠰᠠᠭ ᠠᠴᠠ 

ᠳᠠᠷᠠᠭ᠎ᠠ ᠳᠤᠨᠢ ᠨᠦᠭᠦᠪᠦᠷᠢᠯᠡᠬᠦ ᠠᠷᠭ᠎ᠠ︾᠎  ᠶᠣᠰᠣᠭᠠᠷ᠂ ᠭᠠᠶᠢᠯᠢ ᠶᠢᠨ ᠶᠠᠪᠤᠳᠠᠯ ᠤᠨ ᠰᠠᠯᠠᠭ᠎ᠠ ᠮᠥᠴᠢᠷ ᠠᠴᠠ ᠠᠵᠤ ᠠᠬᠤᠶᠢᠯᠠᠯ ᠤᠨ ᠣᠨ ᠤ ᠰᠤᠳᠤᠯᠤᠨ ᠨᠡᠭᠡᠭᠡᠬᠦ

ᠵᠠᠷᠤᠳᠠᠯ ᠤᠨ ᠪᠦᠷᠢᠳᠬᠡᠯ ᠤᠨ ᠲᠤᠭ᠎ᠠ ᠪᠠᠷᠢᠮᠲᠠ ᠶᠢ ᠦᠨᠳᠦᠰᠦᠯᠡᠨ᠂ ᠵᠣᠬᠢᠬᠤ ᠬᠠᠷᠢᠴᠠᠯ ᠢᠶᠠᠷ ᠠᠵᠤ ᠠᠬᠤᠶᠢᠯᠠᠯ ᠳᠤ ᠲᠦᠭᠡᠮᠡᠯ ᠬᠠᠷᠠᠭᠠᠯᠵᠠᠯ ᠤᠨ ᠴᠢᠨᠠᠷᠲᠠᠶ ᠳᠠᠷᠠᠭ᠎ᠠ

᠎ ᠳᠤᠨᠢ ᠨᠦᠭᠦᠪᠦᠷᠢᠯᠡᠬᠦ ᠲᠥᠷᠥ ᠶᠢᠨ ᠪᠣᠳᠣᠯᠭ᠎ᠠ ᠶᠢ ᠣᠯᠭᠤᠵᠤ᠂ ᠠᠵᠤ ᠠᠬᠤᠶᠢᠯᠠᠯ ᠢ ᠬᠠᠪᠰᠤᠷᠤᠨ ᠲᠥᠷᠥ ᠶᠢᠨ ᠪᠣᠳᠣᠯᠭ᠎ᠠ ᠶᠢᠨ ᠠᠰᠢᠭ ᠢ ᠬᠦᠢᠴᠡᠳ ᠡᠳ᠋ᠯᠡᠭᠦᠯᠵᠦ᠂

ᠠᠵᠤ ᠠᠬᠤᠶᠢᠯᠠᠯ ᠤᠨ ᠰᠢᠨ᠎ᠡ ᠶᠢ ᠡᠭᠦᠳᠬᠦ ᠣᠷᠮ᠎ᠠ ᠰᠡᠳᠬᠢᠯᠭᠡ ᠶᠢ ᠬᠥᠭᠵᠢᠭᠡᠨ᠂ ᠰᠢᠨ᠎ᠡ ᠶᠢ ᠡᠭᠦᠳᠬᠦ ᠭᠤᠤᠯ ᠴᠣᠭᠴᠠ ᠶᠢᠨ ᠰᠤᠳᠤᠯᠤᠨ ᠨᠡᠭᠡᠭᠡᠬᠦ

ᠣᠷᠣᠭᠤᠯᠤᠯᠲᠠ ᠪᠠᠨ ᠦᠷᠭᠦᠯᠵᠢᠯᠡᠨ ᠨᠡᠮᠡᠭᠳᠡᠭᠦᠯᠬᠦ ᠶᠢ ᠵᠣᠷᠢᠭᠵᠢᠭᠤᠯᠤᠨ᠎ᠠ᠃  ᠬᠠᠮᠢᠶ᠎ᠠ ᠪᠦᠬᠦᠢ ᠲᠣᠭᠲᠠᠭᠠᠯ ᠶᠣᠰᠣᠭᠠᠷ᠂ ᠮᠠᠨ ᠤ ᠬᠤᠲᠠ ᠡᠭᠦᠨ ᠤ ᠳᠣᠲᠣᠷᠠᠬᠢ

20%᠎ ᠶᠢᠨ ᠨᠥᠬᠦᠪᠥᠷᠢ ᠮᠥᠩᠭᠦ ᠶᠢ ᠢᠵᠢ ᠪᠦᠷᠢᠳᠦᠭᠦᠯᠦᠨ ᠡᠭᠦᠷᠭᠡᠯᠡᠨ᠎ᠡ᠃

       2021 ᠣᠨ ᠠᠴᠠ ᠨᠠᠰᠢ᠂ ᠮᠠᠨ ᠤ ᠬᠤᠲᠠ ︽ᠰᠢᠨᠵᠢᠯᠡᠬᠦ ᠤᠬᠠᠭᠠᠨ ᠮᠡᠷᠭᠡᠵᠢᠯ ᠤᠨ 30 ᠵᠤᠷᠪᠤᠰ ᠰᠢᠨ᠎ᠡ ᠲᠥᠷᠥ ᠶᠢᠨ ᠪᠣᠳᠣᠯᠭ᠎ᠠ ︾ ︽1+N︾

ᠲᠥᠷᠥ ᠶᠢᠨ ᠪᠣᠳᠣᠯᠭ᠎ᠠ ᠶᠢᠨ ᠲᠤᠭᠳᠠᠯᠴᠠᠭ᠎ᠠ ᠶᠢ ᠪᠥᠬᠦ ᠬᠦᠴᠦᠨ ᠢᠶᠠᠷ ᠢᠶᠠᠨ ᠪᠠᠶᠢᠭᠤᠯᠤᠨ ᠲᠡᠭᠦᠯᠳᠡᠷᠵᠢᠭᠦᠯᠵᠦ᠂ ︽ᠲᠥᠷᠥ ᠶᠢᠨ ᠪᠣᠳᠣᠯᠭ᠎ᠠ ᠶᠢ ᠪᠤᠳᠠᠳᠠᠶᠢᠵᠢᠭᠤᠯᠬᠤ

ᠣᠨ︾᠎ ᠢᠶᠠᠷ ᠭᠤᠤᠯ ᠰᠡᠳᠦᠪ ᠪᠣᠯᠭᠠᠨ᠂ ︽ᠬᠤᠶᠠᠷ ᠳᠠᠬᠢᠨ ᠢᠶᠠᠷ ᠨᠡᠮᠡᠭᠳᠡᠭᠦᠯᠬᠦ︾ ︽ᠭᠤᠷᠪᠠ ᠶᠢ ᠦᠭᠡᠶᠢᠰᠬᠡᠬᠦ︾ ᠵᠡᠷᠭᠡ ᠰᠢᠨᠵᠢᠯᠡᠬᠦ ᠤᠬᠠᠭᠠᠨ ᠮᠡᠷᠭᠡᠵᠢᠯ ᠤᠨ

ᠬᠡᠯᠪᠡᠷᠢ ᠶᠢᠨ ᠠᠵᠤ ᠠᠬᠤᠶᠢᠯᠠᠯ ᠢ ᠪᠤᠶᠢᠵᠢᠭᠤᠯᠬᠤ ᠪᠠ ᠠᠵᠤ ᠠᠬᠤᠶᠢᠯᠠᠯ ᠤᠨ ᠰᠢᠨ᠎ᠡ ᠶᠢ ᠡᠭᠦᠳᠬᠦ ᠴᠢᠳᠠᠪᠤᠷᠢ ᠶᠢ ᠳᠡᠭᠡᠭᠰᠢᠯᠡᠭᠦᠯᠬᠦ ᠠᠵᠢᠯᠯᠠᠭ᠎ᠠ ᠪᠠᠷ ᠳᠠᠮᠵᠢᠭᠤᠯᠤᠨ᠂

ᠠᠵᠤ ᠠᠬᠤᠶᠢᠯᠠᠯ ᠎ ᠢ ᠬᠦᠳᠦᠯᠦᠨ ᠵᠢᠯᠤᠭᠤᠳᠴᠣ ᠪᠠᠶᠢᠭᠠᠳ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠤᠬᠠᠮᠰᠠᠷ ᠢᠶᠠᠨ ᠲᠠᠰᠤᠷᠠᠯᠲᠠ ᠥᠬᠡᠶ

ᠳᠡᠭᠡᠭᠰᠢᠯᠡᠭᠦᠯᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠣᠷᠣᠭᠤᠯᠤᠯᠲᠠ ᠪᠠᠨ ᠨᠡᠮᠡᠭᠳᠡᠭᠦᠯᠬᠦ ᠶᠢ ᠳᠡᠮᠵᠢᠨ᠎ᠠ᠃ 2021 ᠣᠨ ᠳᠤ ᠪᠥᠬᠦ ᠬᠤᠲᠠ ᠶᠢᠨ ᠬᠦᠴᠦᠨ 

᠎ ᠲᠠᠢ ᠬᠤᠭᠤᠴᠠᠭᠠᠨ ᠳᠠᠬᠢ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠢ 170  ᠪᠤᠯᠭᠠᠵᠤ᠂ ᠨᠢᠳᠣᠨᠣᠨ ᠤ ᠠᠳᠠᠯᠢ ᠬᠤᠭᠤᠴᠠᠭᠠᠨ ᠤ ᠬᠢ ᠠᠴᠠ 29%᠎ ᠪᠠᠷ 

ᠨᠡᠮᠡᠭᠳᠡᠭᠦᠯᠦᠨ᠎ᠡ︔ ᠤᠯᠤᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ ᠳᠤᠮᠳᠠ ᠪᠠᠭ᠎ᠠ 170 ᠠᠵᠤ ᠠᠬᠤᠶᠢᠯᠠᠯ ᠢ ᠬᠥᠮᠥᠷᠭᠡ ᠳᠤ ᠣᠷᠣᠭᠤᠯᠵᠤ᠂

ᠨᠢᠳᠣᠨᠣᠨ ᠤ ᠠᠳᠠᠯᠢ ᠬᠤᠭᠤᠴᠠᠭᠠᠨ ᠤ ᠬᠢ ᠠᠴᠠ 53%᠎ ᠪᠠᠷ  ᠨᠡᠮᠡᠭᠳᠡᠭᠦᠯᠦᠨ᠎ᠡ᠃

 

 

ᠢᠷᠡᠯᠲᠡ᠄ ᠲᠤᠰ ᠰᠦᠯᠵᠢᠶ᠎ᠡ