ᠬᠤᠳᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠎ ᠤᠨ ᠤᠨᠤᠯ ᠤᠨ ᠰᠣᠷᠣᠯᠴᠠᠯᠭ᠎ᠠ ᠶᠢᠨ ᠭᠤᠣᠯ ᠳᠤᠭᠤᠶᠢᠯᠠᠩ 2022 ᠣᠨ ᠤ 9 ᠳ᠋ᠣᠭᠡᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠬᠢᠪᠡ
ᠨᠡᠶᠢᠲᠡᠯᠡᠭᠰᠡᠨ ᠴᠠᠭ᠄
2022/6/29

      6 ᠰᠠᠷ᠎ᠠ ᠶᠢᠨ 27᠎ ᠤ ᠡᠳᠦᠷ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠨᠠᠮ ᠤᠨ ᠤᠳᠤᠷᠢᠳᠬᠤ

ᠳᠤᠭᠤᠶᠢᠯᠠᠩ ᠤᠨ ᠣᠨᠣᠯ ᠤᠨ ᠰᠣᠷᠣᠯᠴᠠᠯᠭ᠎ᠠ ᠶᠢᠨ ᠭᠤᠤᠯ ᠳᠤᠭᠤᠶᠢᠯᠠᠩ 2022 ᠣᠨ ᠤ 9 ᠳ᠋ᠣᠭᠡᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠬᠢᠪᠠ᠃

ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠡᠷᠬᠢᠯᠡᠭᠴᠢ

ᠵᠠᠩ ᠵᠠᠨ ᠯᠢᠨ ᠬᠤᠷᠠᠯ ᠢ ᠡᠷᠭᠢᠯᠡᠭᠰᠡᠨ ᠎ ᠤ ᠬᠠᠮᠳᠣ ᠶᠠᠷᠢᠶ᠎ᠠ ᠲᠠᠯᠪᠢᠵᠠᠶ᠃

      ᠬᠤᠳᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠳᠡᠳ᠋ ᠱᠦᠵᠢ᠂

ᠳᠡᠳ᠋ ᠡᠷᠬᠢᠯᠡᠭᠴᠢ ᠱᠢ ᠶᠠᠨ ᠵᠢᠶᠧ᠂ ᠬᠤᠳᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠨᠠᠮ ᠤᠨ ᠤᠳᠤᠷᠢᠳᠬᠤ

ᠳᠤᠭᠤᠶᠢᠯᠠᠩ ᠤᠨ ᠪᠦᠷᠢᠯᠳᠦᠬᠦᠨ᠂ ᠳᠡᠳ᠋ ᠡᠷᠬᠢᠯᠡᠭᠴᠢ ᠪᠠᠶᠠᠷ᠂ ᠶᠠᠩ ᠶᠦᠨ᠂ ᠬᠤᠳᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ

ᠬᠤᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠨᠠᠷᠢᠨ ᠪᠢᠴᠢᠭ ᠤᠨ ᠳᠠᠷᠤᠭ᠎ᠠ ᠯᠢ ᠰᠢᠨ ᠱᠣ᠋ ᠬᠤᠷᠠᠯ ᠳᠤ ᠣᠷᠣᠯᠴᠠᠪᠠ᠃ ᠬᠤᠲᠠ ᠶᠢᠨ

ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠾᠧ ᠶᠢᠨ ᠬᠤᠷᠠᠯ ᠳᠤ ᠰᠤᠯᠠ ᠣᠷᠣᠯᠴᠠᠪᠠ᠃

       ᠬᠤᠷᠠᠯ ᠠᠴᠠ ᠨᠠᠮ ᠤᠨ ᠳᠣᠲᠣᠭᠠᠳᠤ ᠶᠢᠨ ᠤᠯᠤᠰ ᠲᠦᠷᠦ ᠶᠢᠨ ᠠᠮᠢᠳᠤᠷᠠᠯ ᠤᠨ ᠪᠤᠯᠬᠢᠴᠢᠯᠠᠬᠤ ᠠᠷᠠᠯᠵᠢᠶᠠᠯᠠᠬᠤ ᠠᠰᠠᠭᠤᠳᠠᠯ ᠤᠨ ᠰᠡᠷᠡᠮᠵᠢᠯᠡᠭᠦᠯᠬᠦ

ᠬᠥᠮᠦᠵᠢᠯ ᠤᠨ ᠹᠢᠯᠢᠮ ᠢ ᠲᠥᠪᠯᠡᠷᠡᠭᠦᠯᠦᠨ ᠦᠵᠡᠵᠦ᠂ ᠪᠦᠬᠦ ᠠᠷᠠᠳ ᠤᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ ᠢ ᠴᠢᠩᠭᠠᠳᠬᠠᠬᠤ ᠲᠤᠬᠠᠢ ᠰᠢ ᠶᠢᠨ

ᠫᠢᠩ ᠶᠡᠷᠦᠩᠬᠡᠢ ᠱᠦᠵᠢ ᠶᠢᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠪᠣᠯᠤᠨ ᠲᠥᠪ ᠪᠠ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠬᠤᠷᠠᠯ ᠤᠨ

ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠠᠢ᠃

      ᠬᠤᠷᠠᠯ ᠳᠡᠭᠡᠷ᠎ᠡ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠤᠳᠤᠷᠢᠳᠬᠤ ᠪᠠᠭ ᠤᠨ ᠪᠦᠷᠢᠯᠳᠦᠬᠦᠨ

ᠨᠡᠷ ᠤᠯᠤᠰ ᠤᠨ ᠠᠮᠤᠷ ᠲᠦᠪᠰᠢᠨ ᠤ ᠶᠡᠷᠦᠩᠬᠡᠶ ᠦᠵᠡᠯᠲᠡ ᠶᠢ ᠪᠠᠲᠤ ᠪᠠᠬᠢ ᠱᠣᠭᠤᠵᠣ᠂ ᠪᠥᠬᠦ ᠠᠷᠠᠳ ᠤᠨ ᠤᠯᠤᠰ ᠤᠨ ᠪᠠᠲᠤᠯᠠᠨ ᠬᠠᠮᠠᠭᠠᠯᠠᠯᠲᠠ ᠶᠢᠨ

ᠬᠥᠮᠦᠵᠢᠯ ᠢ ᠴᠢᠩᠭᠠᠳᠬᠠᠬᠤ ᠲᠤᠬᠠᠶ ᠰᠠᠨᠠᠯ ᠢᠶᠠᠨ ᠰᠣᠯᠢᠯᠴᠠᠪᠠ᠃

       ᠵᠠᠩ ᠵᠠᠨ ᠯᠢᠨ ᠴᠢᠬᠤᠯᠠᠴᠢᠯᠠᠬᠤ ᠳᠠᠭᠠᠨ᠂ ᠰᠢ ᠶᠢᠨ ᠫᠢᠩ ᠶᠡᠷᠦᠩᠬᠡᠶ ᠱᠦᠵᠢ ᠶᠢᠨ ᠪᠦᠬᠦ ᠠᠷᠠᠳ ᠤᠨ ᠤᠯᠤᠰ ᠤᠨ ᠪᠠᠲᠤᠯᠠᠨ ᠬᠠᠮᠠᠭᠠᠯᠠᠯᠲᠠ ᠶᠢᠨ

ᠬᠥᠮᠦᠵᠢᠯ ᠢ ᠴᠢᠩᠭᠠᠳᠬᠠᠬᠤ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠣᠶᠢᠯᠠᠭᠠᠵᠤ᠂ ︽ᠬᠤᠶᠠᠷ ᠢ ᠲᠣᠭᠲᠠᠭᠠᠬᠤ︾᠎ ᠶᠢ

ᠦᠨᠡᠨᠴᠢ ᠪᠠᠷ ᠬᠦᠷᠢᠶᠡᠯᠡᠵᠦ᠂ ︽ᠬᠤᠶᠠᠷ ᠢ ᠬᠠᠮᠠᠭᠠᠯᠠᠬᠤ︾᠎ ᠶᠢ ᠡᠷᠡᠰ ᠦᠢᠯᠡᠳᠦᠯᠭᠡᠵᠢᠭᠦᠯᠵᠤ᠂ ᠪᠥᠬᠦ ᠠᠷᠠᠳ ᠤᠨ ᠤᠯᠤᠰ ᠤᠨ ᠪᠠᠲᠤᠯᠠᠨ ᠬᠠᠮᠠᠭᠠᠯᠠᠯᠲᠠ ᠶᠢᠨ

ᠰᠤᠷᠭᠠᠨ ᠬᠥᠮᠦᠵᠢᠯ ‍ᠤᠨ‌ᠥᠷᠨᠢᠭᠦᠯᠬᠦ ᠴᠢᠬᠤᠯᠠ ᠴᠢᠨᠠᠷ ᠢ ᠭᠦᠨᠵᠡᠭᠡᠶ ᠲᠠᠨᠢᠵᠤ᠂ ᠤᠯᠤᠰ ᠤᠨ ᠵᠠᠰᠠᠯᠲᠠ ᠶᠢᠨ ᠲᠤᠭᠳᠠᠯᠴᠠᠭ᠎ᠠ ᠶᠢᠨ ᠴᠢᠬᠤᠯᠠ ᠪᠦᠷᠢᠯᠳᠦᠬᠦᠨ ᠬᠡᠰᠡᠭ ᠤᠨ

ᠴᠢᠳᠠᠪᠬᠢ ᠶᠢᠨ ᠳᠠᠪᠠᠭᠤᠯᠢᠭ ᠢ ᠦᠨᠡᠨᠬᠦ ᠰᠠᠶᠢᠲᠤᠷ ᠪᠠᠳᠠᠷᠠᠭᠤᠯᠵᠤ᠂ ᠪᠥᠬᠦ ᠬᠤᠲᠠ ᠶᠢᠨ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠠᠮᠤᠷ ᠲᠦᠪᠰᠢᠨ ᠤ

ᠰᠡᠷᠭᠡᠶᠢᠯᠡᠯᠲᠡ ᠶᠢᠨ ᠱᠤᠭᠤᠮ ᠢ ᠪᠠᠬᠢᠵᠢᠭᠦᠯᠬᠦ ᠳᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠦᠴᠦᠨ ᠴᠢᠳᠠᠯ ᠢᠶᠠᠨ ᠡᠷᠭᠦᠬᠦ ᠬᠡᠷᠡᠭᠲᠡᠶ᠃ ᠰᠠᠶᠢᠨ

ᠬᠥᠮᠦᠨ ᠤ ᠶᠡᠭᠡ ᠴᠢᠳᠠᠪᠬᠢ ᠶᠢᠨ ᠦᠢᠯᠡᠳᠦᠯ ᠢ ᠦᠨᠡᠨ ᠬᠦ ᠭᠦᠢᠴᠡᠳᠬᠡᠵᠦ᠂ ᠴᠢᠳᠠᠪᠬᠢ ᠶᠢᠨ ᠪᠠᠶᠢᠷᠢ ᠲᠣᠭᠲᠠᠭᠠᠯᠲᠠ ᠳᠤ ᠭᠦᠢᠴᠡᠳ ᠰᠠᠭᠤᠷᠢᠯᠠᠨ᠂ ᠢᠮᠠᠭᠲᠠ

ᠭᠤᠣᠯᠳᠠᠯᠭ᠎ᠠ ᠲᠠᠢ ᠤᠶᠠᠯᠳᠤᠭᠤᠯᠤᠨ᠂ ᠶᠡᠭᠡ ᠲᠠᠯ᠎ᠠ ᠳᠤ ᠦᠢᠯᠡᠴᠢᠯᠡᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ

ᠰᠠᠨᠠᠭᠤᠯᠭ᠎ᠠ ᠶᠢ ᠳᠤᠷᠠᠳᠬᠤ ᠪᠠ  ᠰᠢᠢᠳᠪᠤᠷᠢᠯᠡᠬᠦ ᠶᠢ ᠴᠢᠩᠭᠠᠳᠬᠠᠵᠤ᠂ ᠪᠦᠬᠦ ᠠᠷᠠᠳ ᠤᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠰᠤᠷᠭᠠᠨ ᠬᠥᠮᠦᠵᠢᠯ ᠤᠨ

ᠡᠯ᠎ᠡ ᠲᠦᠷᠦᠯ ᠤᠨ ᠠᠵᠢᠯ ᠢ ᠪᠣᠳᠠᠲᠠᠶ ᠪᠠᠷ ᠨᠠᠶᠢᠳᠠᠪᠤᠷᠢᠵᠢᠭᠤᠯᠬᠤ᠂ ᠪᠣᠳᠠᠲᠤ ᠦᠷ᠎ᠡ ᠪᠦᠲᠦᠮᠵᠢ ᠤᠯᠬᠤ ᠶᠢ ᠲᠦᠯᠬᠢᠨ ᠠᠬᠢᠭᠤᠯᠵᠤ᠂ ᠰᠢᠨ᠎ᠡ ᠪᠠᠶᠢᠳᠠᠯ ᠤᠨ

ᠳᠣᠣᠷᠠᠬᠢ ᠪᠦᠬᠦ ᠠᠷᠠᠳ ᠤᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠰᠤᠷᠭᠠᠨ ᠬᠥᠮᠦᠵᠢᠯ ᠤᠨ ᠰᠢᠨ᠎ᠡ ᠪᠠᠶᠢᠷᠢᠰᠢᠯ ᠢ ᠪᠠᠶᠢᠭᠤᠯᠬᠤ ᠳᠤ ᠬᠦᠴᠦᠨ ᠨᠡᠮᠡᠷᠢᠯᠡᠬᠦ

ᠬᠡᠷᠡᠭᠲᠡᠶ᠃ ᠪᠥᠬᠦ ᠠᠷᠠᠳ ᠤᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠰᠤᠷᠭᠠᠨ ᠬᠥᠮᠦᠵᠢᠯ ᠤᠨ ᠠᠵᠢᠯ ᠤᠨ  ᠡᠭᠦᠷᠭᠡ ᠬᠠᠷᠢᠭᠤᠴᠠᠯᠭ᠎ᠠ ᠶᠢ ᠯᠠᠪᠳᠠᠭᠤᠨ ᠪᠠᠲᠤᠲᠠᠶ

ᠨᠠᠶᠢᠳᠠᠪᠤᠷᠢᠵᠢᠭᠤᠯᠵᠤ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠬᠡᠪ ᠴᠢᠨᠠᠷ ᠴᠢᠳᠠᠪᠤᠷᠢ ᠶᠢ

ᠳᠡᠭᠡᠭᠰᠢᠯᠡᠭᠦᠯᠬᠦ ᠢᠨᠵᠧᠨᠧᠷᠢᠩ ᠢ ᠬᠡᠷᠡᠭᠵᠢᠭᠦᠯᠬᠦ ᠲᠠᠢ ᠤᠶᠠᠯᠳᠤᠭᠤᠯᠤᠨ᠂ ᠦᠵᠡᠯ ᠰᠠᠨᠠᠭᠠᠨ ᠤ ᠪᠣᠯᠪᠠᠰᠤᠷᠠᠭᠤᠯᠤᠯᠲᠠ ᠶᠢ ᠪᠠᠶᠢᠩᠭᠤ ᠶᠢᠨ ᠴᠢᠨᠠᠷ ᠲᠠᠢ ᠥᠷᠨᠢᠭᠦᠯᠵᠦ᠂

ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠤᠨ ᠣᠯᠠᠨ ᠲᠦᠮᠡᠨ ᠲᠠᠢ ᠬᠠᠷᠢᠯᠴᠠᠵᠤ ᠣᠯᠠᠨ ᠲᠦᠮᠡᠨ ᠳᠤ ᠦᠢᠯᠡᠴᠢᠯᠡᠬᠦ ︽ᠨᠢᠭᠡᠳᠦᠭᠡᠷ

ᠹᠷᠣᠨᠲ︾᠎ ᠤᠨ ᠳᠠᠪᠠᠭᠤᠯᠢᠭ ᠢ ᠬᠦᠢᠴᠡᠳ ᠪᠠᠳᠠᠷᠠᠭᠤᠯᠤᠨ᠂ ᠬᠠᠮᠲᠤ ᠶᠢᠨ ᠲᠠᠨᠢᠯᠲᠠ ᠶᠢ ᠨᠠᠩ ᠰᠠᠶᠢᠲᠤᠷ ᠨᠢᠭᠲᠠᠷᠠᠭᠤᠯᠵᠤ᠂ ᠬᠦᠴᠦᠨ ᠴᠢᠳᠠᠯ ᠢ ᠨᠠᠩ ᠰᠠᠶᠢᠲᠤᠷ

ᠲᠦᠪᠯᠡᠷᠡᠭᠦᠯᠬᠦ ᠬᠡᠷᠡᠭᠳᠡᠢ ᠭᠡᠵᠡᠢ᠃

        ᠬᠤᠷᠠᠯ ᠠᠴᠠ ᠪᠠᠰᠠ ᠦᠢᠷ᠎ᠠ ᠶᠢᠨ ᠬᠤᠭᠤᠴᠠᠭᠠᠨ ᠤ  ᠭᠤᠤᠯᠳᠠᠯᠭ᠎ᠠ ᠲᠠᠢ ᠠᠵᠢᠯ ᠎ ᠢ ᠴᠢᠬᠤᠯᠠᠴᠢᠯᠠᠨ  ᠪᠠᠶᠢᠷᠢᠯᠠᠭᠤᠯᠪᠠ᠃

ᠢᠷᠡᠯᠲᠡ᠄ ᠲᠤᠰ ᠰᠦᠯᠵᠢᠶ᠎ᠡ