​ᠤᠳᠤᠭ ᠤᠨ ᠡᠮᠦᠨᠡᠳᠦ ᠬᠤᠰᠢᠭᠤ《 ᠬᠠᠮᠤᠭ ᠤᠨ ᠬᠦᠴᠦᠷᠬᠡᠭ ᠨᠠᠮ ᠤᠨ ᠡᠭᠦᠷ 》᠎ ᠢ ᠡᠭᠦᠳᠦᠨ ᠪᠠᠶᠢᠭᠤᠯᠬᠤ ᠠᠵᠢᠯ ᠢ ᠯᠠᠪᠳᠠᠭᠤᠨ ᠪᠠᠳᠤᠳᠠᠢ ᠠᠬᠢᠭᠤᠯᠪᠠ
ᠨᠡᠶᠢᠲᠡᠯᠡᠭᠰᠡᠨ ᠴᠠᠭ᠄
2022/6/29
       ᠤᠳᠤᠭ ᠤᠨ ᠡᠮᠦᠨᠡᠳᠦ ᠬᠤᠰᠢᠭᠤ《ᠬᠠᠮᠤᠭ ᠤᠨ ᠬᠦᠴᠦᠷᠭᠡᠭ ᠨᠠᠮ ᠤᠨ ᠡᠭᠦᠷ》᠎ ᠢ ᠡᠭᠦᠳᠦᠨ ᠪᠠᠶᠢᠭᠤᠯᠬᠤ ᠠᠵᠢᠯ ᠢ ᠯᠠᠪᠳᠠᠭᠤᠨ ᠪᠠᠳᠤᠳᠠᠢ ᠠᠬᠢᠭᠤᠯᠤᠨ᠂ ᠭᠤᠷᠪᠠᠨ ᠱᠠᠳᠤᠨ ᠤ ᠨᠠᠮ ᠤᠨ ᠪᠠᠶᠢᠭᠤᠯᠤᠯᠳᠠ ᠶᠢᠨ ᠨᠡᠷᠡᠳᠦ ᠳᠡᠮᠳᠡᠭᠳᠦ ᠶᠢᠨ ᠳᠤᠭᠳᠠᠯᠴᠠᠭ᠎ᠠ ᠶᠢ ᠪᠦᠬᠦ ᠲᠠᠯ᠎ᠠ ᠪᠠᠷ ᠪᠠᠶᠢᠭᠤᠯᠵᠦ᠂ ᠪᠦᠬᠦ ᠬᠤᠰᠢᠭᠤᠨ ᠤ ᠦᠨᠳᠦᠰᠦᠨ ᠱᠠᠳᠤᠨ ᠤ ᠨᠠᠮ ᠤᠨ ᠪᠠᠶᠢᠭᠤᠯᠤᠯᠳᠠ ᠶᠢᠨ ᠠᠵᠢᠯ ᠤᠨ ᠪᠦᠬᠦᠯᠢ ᠴᠤᠭᠴᠠ ᠶᠢᠨ ᠳᠠᠭᠡᠭᠰᠢᠯᠡᠯᠳᠡ ᠶᠢ ᠠᠬᠢᠭᠤᠯᠵᠦ ᠪᠠᠶᠢᠨ᠎ᠠ᠃       ᠤᠳᠤᠭ ᠤᠨ ᠡᠮᠦᠨᠡᠳᠦ ᠬᠤᠰᠢᠭᠤ ᠦᠪᠡᠷᠮᠢᠴᠡ ᠤᠷᠤᠨ ᠪᠠᠶᠢᠷᠢ ᠪᠠ ᠠᠵᠦ ᠦᠢᠯᠡᠰ ᠤᠨ ᠳᠠᠪᠠᠭᠤᠯᠢᠭ ᠲᠠᠭᠠᠨ ᠰᠠᠭᠤᠷᠢᠯᠠᠨ᠂ ᠠᠵᠢᠯ ᠤᠨ ᠪᠤᠳᠠᠳᠠᠢ ᠲᠠᠢ ᠎ ᠪᠠᠨ ᠤᠶᠠᠯᠳᠤᠭᠤᠯᠤᠨ ᠰᠢᠰᠲ᠋ᠧᠮ ᠲᠠᠢ ᠠᠷᠭ᠎ᠠ ᠰᠦᠪᠡᠭᠴᠢᠯᠡᠵᠦ᠂ ᠡᠯ᠎ᠡ ᠦᠨᠳᠦᠰᠦᠨ ᠱᠠᠳᠤᠨ ᠤ ᠨᠠᠮ ᠤᠨ ᠵᠤᠬᠢᠶᠠᠨ ᠪᠠᠶᠢᠭᠤᠯᠤᠯᠳᠠ ᠶᠢ ᠳᠠᠶᠢᠴᠢᠯᠠᠨ ᠳᠠᠭᠠᠭᠤᠯᠵᠦ᠂ ᠨᠠᠮ ᠤᠨ ᠪᠠᠶᠢᠭᠤᠯᠤᠯᠳᠠ ᠶᠢᠨ ᠨᠡᠷᠡᠳᠦ ᠳᠡᠮᠳᠡᠭᠳᠦ ᠶᠢ ᠡᠭᠦᠳᠦᠨ ᠪᠠᠶᠢᠭᠤᠯᠬᠤ ᠪᠠᠷ ᠨᠠᠮ ᠤᠨ ᠪᠠᠶᠢᠭᠤᠯᠤᠯᠳᠠ ᠶᠢᠨ ᠪᠦᠬᠦ ᠲᠠᠯ᠎ᠠ ᠶᠢᠨ ᠳᠡᠭᠡᠭᠰᠢᠯᠡᠯᠳᠡ ᠶᠢ ᠠᠬᠢᠭᠤᠯᠵᠦ᠂《 ᠬᠠᠮᠤᠭ ᠤᠨ ᠬᠦᠴᠦᠷᠭᠡᠭ ᠨᠠᠮ ᠤᠨ ᠡᠭᠦᠷ》᠎ ᠢ ᠡᠭᠦᠳᠦᠨ ᠪᠠᠶᠢᠭᠤᠯᠬᠤ ᠪᠠᠷᠢᠮᠵᠢᠶ᠎ᠠ ᠶᠢ ᠨᠠᠷᠢᠯᠢᠭᠵᠢᠭᠤᠯᠵᠦ᠂ ᠠᠵᠢᠯ ᠤᠨ ᠡᠭᠦᠷᠭᠡ ᠶᠢ ᠳᠤᠭᠳᠠᠭᠠᠨ᠂ ᠤᠨᠢᠨ ᠳᠡᠭᠡᠷ᠎ᠡ ᠨᠢ ᠠᠬᠢᠭᠤᠯᠵᠦ᠂ ᠨᠡᠷᠡᠳᠦ ᠳᠠᠮᠳᠡᠭᠳᠦ ᠶᠢᠨ ᠲᠦᠯᠦᠪᠵᠢᠭᠦᠯᠭᠡ ᠶᠢ ᠳᠤᠪᠤᠶᠢᠯᠭᠠᠨ᠂ ᠳᠠᠭᠤᠷᠢᠶᠠᠯ ᠦᠵᠡᠭᠦᠯᠦᠨ ᠳᠠᠶᠢᠴᠢᠯᠠᠨ ᠳᠠᠭᠠᠭᠤᠯᠬᠤ ᠶᠢ ᠠᠬᠢᠭᠤᠯᠪᠠ᠃ ᠬᠤᠰᠢᠭᠤ ᠱᠠᠳᠤᠨ ᠤ ᠨᠠᠮ ᠤᠨ ᠪᠠᠶᠢᠭᠤᠯᠤᠯᠳᠠ ᠶᠢᠨ ᠨᠡᠷᠡᠳᠦ ᠳᠡᠮᠳᠡᠭᠳᠦ ᠶᠢ ᠡᠭᠦᠳᠦᠨ ᠪᠠᠶᠢᠭᠤᠯᠬᠤ ᠠᠵᠢᠯ ᠤᠨ ᠴᠢᠭᠯᠡᠯᠳᠡ ᠪᠠᠷ ᠵᠢᠯᠤᠭᠤᠳᠤᠯᠭ᠎ᠠ ᠪᠤᠯᠭᠠᠵᠦ᠂ ᠡᠯ᠎ᠡ ᠦᠨᠳᠦᠰᠦᠨ ᠱᠠᠳᠤᠨ ᠤ ᠨᠠᠮ ᠤᠨ ᠬᠤᠷᠢᠶ᠎ᠡ ᠶᠢ ᠵᠤᠬᠢᠶᠠᠨ ᠪᠠᠶᠢᠭᠤᠯᠤᠨ ᠳᠠᠶᠢᠴᠢᠯᠠᠵᠦ᠂ ᠨᠠᠮ ᠤᠨ ᠪᠠᠶᠢᠭᠤᠯᠤᠯᠳᠠ ᠶᠢᠨ ᠠᠵᠢᠯ ᠢ ᠠᠵᠦ ᠠᠬᠤᠢ ᠨᠡᠶᠢᠬᠡᠮ ᠤᠨ ᠡᠯ᠎ᠡ ᠵᠦᠢᠯ ᠤᠨ ᠭᠤᠤᠯ ᠡᠭᠦᠷᠭᠡ ᠲᠠᠢ ᠠᠭᠤᠰᠤᠯᠴᠠᠭᠤᠯᠤᠨ᠂ ᠬᠤᠶᠠᠳᠤᠭᠠᠷ ᠱᠠᠳᠤᠨ ᠤ ᠨᠠᠮ ᠤᠨ ᠪᠠᠶᠢᠭᠤᠯᠤᠯᠳᠠ ᠶᠢᠨ ᠨᠡᠷᠡᠳᠦ ᠳᠡᠮᠳᠡᠭᠳᠦ ᠶᠢ ᠡᠭᠦᠳᠦᠨ ᠪᠠᠶᠢᠭᠤᠯᠵᠦ᠂ ᠤᠷᠤᠨ ᠪᠦᠰᠡ ᠶᠢᠨ ᠪᠦᠬᠦᠯᠢ ᠴᠤᠭᠴᠠ ᠪᠠᠷ ᠠᠬᠢᠭᠤᠯᠬᠤ ᠶᠢ ᠪᠤᠳᠠᠳᠠᠶᠢᠵᠢᠭᠤᠯᠤᠨ᠂ ᠡᠭᠦᠳᠦᠨ ᠪᠠᠶᠢᠭᠤᠯᠬᠤ ᠠᠴᠢᠶᠠᠯᠠᠪᠤᠷᠢ ᠶᠢᠨ ᠬᠡᠷᠡᠭᠯᠡᠯᠳᠡ ᠶᠢ ᠪᠤᠳᠠᠳᠠᠢ ᠠᠳᠬᠤᠵᠦ᠂ ᠭᠤᠤᠯᠳᠠᠯᠭ᠎ᠠ ᠲᠠᠢ ᠳᠦᠷᠦᠯ ᠵᠦᠢᠯ ᠤᠨ ᠪᠦᠳᠦᠭᠡᠨ ᠪᠠᠶᠢᠭᠤᠯᠤᠯᠳᠠ ᠶᠢ ᠠᠬᠢᠭᠤᠯᠪᠠ᠃ ᠦᠨᠳᠦᠰᠦᠨ ᠱᠠᠳᠤᠨ ᠤ ᠨᠠᠮ ᠤᠨ ᠪᠠᠶᠢᠭᠤᠯᠤᠯᠳᠠ ᠶᠢᠨ ᠡᠯ᠎ᠡ ᠳᠦᠷᠦᠯ ᠤᠨ ᠭᠤᠤᠯᠳᠠᠯᠭ᠎ᠠ ᠲᠠᠢ ᠠᠵᠢᠯ ᠤᠨ ᠡᠭᠦᠷᠭᠡ ᠶᠢ ᠠᠬᠢᠭᠤᠯᠬᠤ ᠲᠠᠢ ᠤᠶᠠᠯᠳᠤᠭᠤᠯᠤᠨ᠂ ᠦᠨᠳᠦᠰᠦᠨ ᠱᠠᠳᠤᠨ ᠤ ᠨᠠᠮ ᠤᠨ ᠵᠤᠬᠢᠶᠠᠨ ᠪᠠᠶᠢᠭᠤᠯᠤᠯᠳᠠ ᠶᠢᠨ ᠠᠮᠢᠵᠢᠷᠠᠯ ᠤᠨ ᠬᠦᠴᠦᠨ ᠢ ᠬᠦᠭᠵᠢᠭᠡᠵᠦ᠂ ᠨᠠᠮ ᠤᠨ ᠪᠠᠶᠢᠭᠤᠯᠤᠯᠳᠠ ᠶᠢᠨ ᠠᠮᠢᠵᠢᠷᠠᠯ ᠤᠨ ᠬᠦᠴᠦᠨ ᠢ ᠬᠦᠭᠵᠢᠭᠡᠵᠦ᠂ ᠨᠠᠮ ᠤᠨ ᠪᠠᠶᠢᠭᠤᠯᠤᠯᠳᠠ ᠶᠢᠨ ᠠᠵᠢᠯ ᠢ ᠡᠯ᠎ᠡ ᠳᠦᠷᠦᠯ ᠤᠨ ᠭᠤᠤᠯᠳᠠᠯᠭ᠎ᠠ ᠲᠠᠢ ᠠᠵᠢᠯ ᠳᠤ ᠪᠤᠳᠤᠮᠵᠢᠳᠡᠢ ᠪᠠᠷ ᠤᠷᠤᠭᠤᠯᠤᠨ᠂ ᠦᠨᠳᠦᠰᠦᠨ ᠱᠠᠳᠤᠨ ᠤ ᠨᠠᠮ ᠤᠨ ᠵᠤᠬᠢᠶᠠᠨ ᠪᠠᠶᠢᠭᠤᠯᠤᠯᠳᠠ ᠶᠢᠨ ᠬᠦᠴᠦᠷᠬᠡᠭ ᠶᠡᠭᠡ ᠳᠠᠪᠠᠭᠤᠯᠢᠭ ᠢ ᠭᠦᠢᠴᠡᠳᠭᠡᠨ ᠪᠠᠳᠠᠷᠠᠭᠤᠯᠵᠦ᠂ ᠭᠤᠷᠪᠠᠳᠤᠭᠠᠷ ᠱᠠᠳᠤᠨ ᠤ ᠨᠠᠮ ᠤᠨ ᠪᠠᠶᠢᠭᠤᠯᠤᠯᠳᠠ ᠶᠢᠨ ᠨᠡᠷᠡᠳᠦ ᠳᠡᠮᠳᠡᠭᠳᠦ ᠶᠢ ᠡᠭᠦᠳᠦᠨ ᠪᠠᠶᠢᠭᠤᠯᠵᠦ᠂ ᠨᠠᠮ ᠤᠨ ᠡᠭᠦᠷ ᠢ ᠵᠢᠷᠤᠮᠵᠢᠭᠤᠯᠬᠤ ᠪᠠᠶᠢᠭᠤᠯᠤᠯᠳᠠ ᠶᠢ ᠴᠢᠩᠭᠠᠳᠬᠠᠨ᠂ ᠤᠯᠠᠨ ᠡᠰᠢᠳᠦ ᠨᠡᠷᠡᠳᠦ ᠳᠡᠮᠳᠡᠭᠳᠦ ᠶᠢ ᠡᠭᠦᠳᠦᠨ ᠪᠠᠶᠢᠭᠤᠯᠵᠦ᠂ ᠨᠠᠮ ᠤᠨ ᠡᠭᠦᠷ ᠢ ᠵᠢᠷᠤᠮᠵᠢᠭᠤᠯᠬᠤ ᠪᠠᠶᠢᠭᠤᠯᠤᠯᠳᠠ ᠶᠢ ᠴᠢᠩᠭᠠᠳᠬᠠᠨ᠂ ᠤᠯᠠᠨ ᠡᠰᠢᠳᠦ ᠨᠡᠷᠡᠳᠦ ᠳᠡᠮᠳᠡᠭᠳᠤ ᠤᠨ ᠠᠭᠤᠯᠤᠭᠳᠠᠬᠤᠨ ᠢ ᠴᠢᠩᠭᠠᠷᠠᠭᠤᠯᠵᠦ᠂ ᠨᠠᠮ ᠤᠨ ᠪᠠᠶᠢᠭᠤᠯᠤᠯᠳᠠ ᠶᠢᠨ ᠨᠡᠷᠡᠳᠦ ᠳᠡᠮᠳᠡᠭᠳᠦ ᠶᠢᠨ ᠦᠢᠯᠡᠳᠦᠯ ᠢ ᠴᠢᠩᠭᠠᠳᠬᠠᠵᠠᠢ᠃           
ᠢᠷᠡᠯᠲᠡ᠄ ᠤᠷᠳᠤᠰ ᠤᠨ ᠮᠤᠩᠭᠤᠯ ᠡᠳᠦᠷ ᠤᠨ ᠰᠤᠨᠢᠨ