​ᠯᠢ ᠯᠢ ᠡᠵᠡᠨ ᠬᠤᠷᠤᠭ᠎ᠠ ᠬᠤᠰᠢᠭᠤᠨ ᠳᠤ ᠭᠤᠤᠯᠳᠠᠯᠭ᠎ᠠ ᠲᠠᠢ ᠳᠦᠷᠦᠯ ᠵᠦᠢᠯ ᠤᠨ ᠪᠦᠳᠦᠭᠡᠨ ᠪᠠᠶᠢᠭᠤᠯᠤᠯᠳᠠ ᠳᠤ ᠪᠠᠶᠢᠴᠠᠭᠠᠨ ᠰᠤᠳᠤᠯᠤᠯᠳᠠ ᠬᠢᠪᠡ
ᠨᠡᠶᠢᠲᠡᠯᠡᠭᠰᠡᠨ ᠴᠠᠭ᠄
2022/6/30
     ᠤᠶᠢᠷ᠎ᠠ ᠳᠤ᠂ ᠬᠤᠳᠠ ᠶᠢᠨ ᠨᠠᠮ ᠤᠨ ᠬᠤᠷᠢᠶᠠᠨ ᠤ ᠱᠦᠵᠢ ᠯᠢ ᠯᠢ ᠡᠵᠡᠨ ᠬᠤᠷᠤᠭ᠎ᠠ ᠬᠤᠰᠢᠭᠤᠨ ᠳᠤ ᠭᠦᠷᠴᠦ ᠭᠤᠤᠯᠳᠠᠯᠭ᠎ᠠ ᠲᠠᠢ ᠲᠦᠷᠦᠯ ᠵᠦᠢᠯ ᠤᠨ ᠪᠦᠳᠦᠭᠡᠨ ᠪᠠᠢᠭᠤᠯᠤᠯᠳᠠ ᠳᠤ ᠪᠠᠶᠢᠴᠠᠭᠠᠨ ᠰᠤᠳᠤᠯᠤᠯᠳᠠ ᠭᠢᠪᠡ᠃ ᠬᠤᠳᠠ ᠶᠢᠨ ᠤᠳᠤᠷᠢᠳᠤᠯᠭ᠎ᠠ  ᠵᠠᠩ ᠸᠧᠢ᠂ ᠬᠤᠸᠠ ᠷᠦᠢ ᠹᠸᠡᠭ᠂ ᠯᠢᠦ ᠹᠸᠡᠭ ᠶᠦᠨ ᠪᠠᠢᠴᠠᠭᠠᠨ ᠰᠤᠳᠤᠯᠤᠯᠳᠠ ᠳᠤ ᠤᠷᠤᠯᠴᠠᠪᠠ᠃      ᠠᠭᠤᠷᠬᠠᠢ ᠶᠢᠨ ᠭᠤᠣᠯ ᠰᠡᠳᠦᠪᠲᠦ ᠴᠡᠴᠡᠷᠯᠢᠭ ᠢ ᠲᠥᠯᠥᠪᠵᠢᠭᠦᠯᠦᠨ ᠪᠦᠳᠦᠭᠡᠨ ᠪᠠᠢᠭᠤᠯᠬᠤ ᠠᠬᠤᠢ ᠲᠠᠯᠠᠪᠠᠢ ᠲᠤ᠂ ᠯᠢ ᠯᠢ ᠲᠦᠷᠦᠯ ᠵᠦᠢᠯ ᠤᠨ ᠲᠥᠯᠥᠪᠵᠢᠭᠦᠯᠭᠡ ᠶᠢᠨ ᠵᠢᠷᠤᠭ ᠲᠥᠯᠥᠪᠯᠡᠭᠡ᠂ ᠴᠢᠳᠠᠪᠬᠢ ᠶᠢᠨ ᠪᠠᠶᠢᠷᠢᠰᠢᠭᠤᠯᠤᠯᠳᠠ ᠵᠡᠷᠭᠡ ᠪᠠᠶᠢᠳᠠᠯ ᠢ ᠨᠠᠷᠢᠨ ᠤᠶᠢᠯᠠᠭᠠᠪᠠ᠃ ᠯᠢ ᠯᠢ ᠭᠠᠵᠠᠷ ᠣᠷᠣᠨ ᠤ ᠪᠤᠳᠠᠳᠤ ᠪᠠᠶᠢᠳᠠᠯ ᠳᠠᠭᠠᠨ ᠲᠤᠬᠢᠷᠠᠭᠤᠯᠵᠤ᠂ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠦᠨ᠂ ᠣᠷᠣᠨ  ᠪᠠᠶᠢᠷᠢ ᠶᠢ ᠣᠨᠣᠪᠴᠢᠲᠠᠢ ᠳᠤᠭᠳᠠᠭᠠᠵᠦ᠂ ᠤᠷᠤᠨ ᠵᠠᠢ ᠶᠢᠨ ᠪᠠᠶᠢᠷᠢᠰᠢᠯ ᠢ ᠤᠯᠠᠮ ᠴᠢᠨᠠᠭᠰᠢᠳᠠ ᠰᠢᠯᠢᠳᠡᠭᠵᠢᠭᠦᠯᠦᠨ᠂ ᠴᠢᠳᠠᠪᠬᠢ ᠶᠢ ᠢᠵᠢ ᠪᠦᠷᠢᠳᠦᠭᠦᠯᠬᠦ ᠶᠢ ᠲᠡᠭᠦᠯᠳᠡᠷᠵᠢᠭᠦᠯᠵᠦ᠂ ᠭᠠᠵᠠᠷ ᠣᠷᠣᠨ ᠤ ᠣᠨᠴᠠᠯᠢᠭ ᠢ ᠳᠤᠪᠤᠶᠢᠯᠭᠠᠵᠦ᠂ ᠰᠢᠨᠵᠢᠯᠡᠭᠡ ᠰᠤᠳᠤᠯᠭᠠᠨ᠂ ᠰᠢᠨᠵᠢᠯᠡᠬᠦ ᠤᠬᠠᠭᠠᠨ ᠮᠡᠷᠭᠡᠵᠢᠯ ᠤᠨ ᠲᠦᠭᠡᠮᠡᠯᠵᠢᠬᠦᠯᠦᠯᠳᠠ᠂ ᠰᠡᠯᠡᠭᠦᠴᠡᠯ ᠵᠡᠷᠭᠡ ᠴᠢᠳᠠᠪᠬᠢ ᠶᠢ ᠨᠢᠭᠡ ᠴᠤᠬᠴᠠᠵᠢᠭᠤᠯᠤᠬᠰᠠᠨ ᠠᠭᠤᠷᠬᠠᠢ ᠶᠢᠨ ᠭᠤᠣᠯ ᠰᠡᠳᠦᠪᠲᠦ ᠴᠡᠴᠡᠷᠯᠢᠭ ᠢ ᠪᠦᠳᠦᠭᠡᠨ ᠪᠠᠢᠭᠤᠯᠬᠤ ᠬᠡᠷᠡᠭᠳᠡᠢ ᠭᠡᠪᠡ᠃      ᠮᠸᠡᠭ ᠰᠤ᠋ ᠠᠵᠤ ᠠᠬᠤᠶ ᠶᠢᠨ ᠨᠡᠭᠡᠭᠡᠯᠲᠡ ᠶᠢᠨ ᠤᠷᠤᠨ ᠳᠤ᠂ ᠯᠢ ᠯᠢ ᠤᠷᠢᠳ ᠬᠤᠵᠢᠳ ᠱᠠᠩᠬᠠᠢ ᠶᠢᠨ ᠮᠠᠰᠢᠨ ᠲᠡᠷᠭᠡᠨ ᠤ ᠬᠤᠨᠭ᠌ ᠶᠠᠨ ᠤᠷᠳᠤᠰ ᠤᠨ ᠰᠢᠨ᠎ᠡ ᠡᠨᠧᠷᠭᠢ ᠶᠢᠨ ᠬᠦᠨᠳᠦ ᠠᠴᠢᠶᠠᠨ ᠤ ᠮᠠᠰᠢᠨ ᠲᠡᠷᠭᠡ ᠶᠢᠨ ᠲᠦᠷᠦᠯ ᠵᠦᠢᠯ᠂ ᠵᠢᠶᠧ ᠴᠢᠩ ᠰᠢᠨᠵᠢᠯᠡᠬᠦ ᠤᠬᠠᠭᠠᠨ ᠮᠡᠷᠭᠡᠵᠢᠯ ᠤᠨ ᠤᠷᠳᠤᠰ ᠤᠨ ᠲᠦᠯᠡᠰᠢᠨ ᠴᠠᠬᠢᠯᠭᠠᠨ ᠴᠡᠨᠡᠭ ᠤᠨ ᠲᠦᠷᠦᠯ ᠵᠦᠢᠯ᠂ ᠬᠤᠸᠠ ᠵᠢᠩ ᠤᠨ 40 ᠲᠦᠮᠡᠨ ᠲᠣᠨ ᠹᠣᠰᠹᠣᠷ ᠬᠦᠴᠢᠯ ᠲᠡᠮᠦᠷ ᠯᠢᠲ᠋ᠢ ᠶᠢᠨ ᠠᠷᠭ᠎ᠠ ᠲᠦᠢᠯ ᠤᠨ ᠮᠠᠲ᠋ᠧᠷᠢᠶᠠᠯ ᠤᠨ ᠲᠦᠷᠦᠯ ᠵᠦᠢᠯ᠂ ᠯᠦᠩ ᠵᠢᠢ ᠶᠢᠨ ᠪᠤᠬᠢᠷᠳᠤᠯ ᠥᠬᠡᠢ ᠭᠡᠷᠡᠯ ᠴᠡᠨᠡᠭ ᠤᠨ ᠪᠦᠬᠦ ᠠᠵᠤ ᠦᠢᠯᠡᠰ ᠤᠨ ᠬᠡᠯᠬᠢᠶ᠎ᠡ ᠶᠢᠨ ᠲᠦᠷᠦᠯ ᠵᠦᠢᠯ  ᠤᠨ ᠪᠦᠲᠦᠭᠡᠨ ᠪᠠᠢᠭᠤᠯᠤᠯᠲᠠ ᠶᠢᠨ ᠠᠬᠤᠢ ᠲᠠᠯᠠᠪᠠᠢ ᠲᠤ ᠬᠦᠷᠴᠤ᠂ ᠲᠥᠷᠥᠯ ᠵᠦᠢᠯ ᠤᠨ ᠪᠦᠲᠦᠭᠡᠨ ᠪᠠᠢᠭᠤᠯᠤᠯᠲᠠ ᠶᠢᠨ ᠠᠬᠢᠴᠠ᠂ ᠠᠵᠤ ᠦᠢᠯᠡᠰ ᠤᠨ ᠲᠥᠯᠥᠪᠵᠢᠭᠦᠯᠭᠡ ᠪᠣᠯᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠡᠭᠦᠳᠦᠯᠲᠡ ᠵᠡᠷᠭᠡ ᠪᠠᠶᠢᠳᠠᠯ ᠢ ᠨᠠᠷᠢᠨ ᠣᠢᠯᠠᠭᠠᠵᠤ᠂ ᠠᠵᠤ ᠠᠬᠤᠢᠯᠠᠯ ᠤᠨ ᠬᠢᠨ ᠢ ᠴᠠᠭ ᠬᠤᠭᠤᠴᠠᠭᠠᠨ ᠤ ᠵᠢᠠᠩᠭᠢᠯᠠᠭ᠎ᠠ ᠶᠢᠨ ᠴᠡᠭ ᠢ ᠠᠳᠬᠤᠨ᠂ ᠪᠠᠷᠢᠯᠭ᠎ᠠ ᠶᠢᠨ ᠬᠤᠭᠤᠴᠠᠭ᠎ᠠ ᠶᠢ ᠠᠮᠵᠢᠵᠤ᠂ ᠠᠬᠢᠴᠠ ᠶᠢ ᠲᠦᠷᠭᠡᠳᠭᠡᠨ᠂ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠴᠢᠨᠠᠷᠵᠢᠯ ᠢ ᠪᠠᠲᠤᠯᠠᠨ᠂ ᠲᠦᠷᠦᠯ ᠵᠦᠢᠯ ᠤᠨ ᠪᠦᠳᠦᠭᠡᠨ ᠪᠠᠢᠭᠤᠯᠤᠯᠲᠠ ᠶᠢᠨ ︽ᠬᠤᠷᠳᠤᠴᠠ︾᠎ ᠶᠢ ᠪᠦᠬᠦ ᠬᠦᠴᠦᠨ ᠢᠶᠠᠷ ᠢᠶᠠᠨ ᠪᠡᠶᠡᠯᠡᠭᠦᠯᠵᠦ᠂ ᠡᠯ᠎ᠡ ᠭᠠᠵᠠᠷ ᠡᠯ᠎ᠡ ᠰᠠᠯᠠᠭ᠎ᠠ ᠮᠦᠴᠢᠷ ᠤᠨ ᠬᠢᠨ ᠢ ᠬᠤᠳᠠᠯᠳᠤᠭ᠎ᠠ ᠡᠷᠬᠢᠯᠡᠬᠦ ᠣᠷᠴᠢᠨ ᠠᠬᠤᠢ ᠪᠠᠨ ᠴᠢᠨᠠᠭᠰᠢᠳᠡ ᠰᠢᠯᠢᠳᠡᠭᠵᠢᠭᠦᠯᠦᠨ᠂ ᠦᠢᠯᠡᠴᠢᠯᠡᠭᠡᠨ ᠤ ᠦᠷ᠎ᠡ ᠪᠦᠲᠦᠮᠵᠢ ᠪᠠᠨ ᠳᠡᠭᠡᠭᠰᠢᠯᠡᠭᠦᠯᠵᠦ᠂ ᠲᠦᠷᠦᠯ ᠵᠦᠢᠯ ᠤᠨ ᠪᠦᠳᠦᠭᠡᠨ ᠪᠠᠢᠭᠤᠯᠤᠯᠲᠠ ᠶᠢᠨ ᠳᠤᠮᠳᠠ ᠤᠷᠤᠰᠢᠵᠦ ᠪᠠᠶᠢᠭ᠎ᠠ ᠬᠦᠴᠢᠷ ᠠᠰᠠᠭᠤᠳᠠᠯ ᠢ ᠴᠠᠭ ᠲᠤᠬᠠᠢ ᠳᠤᠨᠢ ᠰᠤᠳᠤᠯᠤᠨ ᠰᠢᠢᠳᠪᠤᠷᠢᠯᠡᠵᠦ᠂ ᠲᠦᠷᠦᠯ ᠵᠦᠢᠯ ᠤᠨ ᠪᠦᠳᠦᠭᠡᠨ ᠪᠠᠢᠭᠤᠯᠤᠯᠲᠠ ᠶᠢᠨ ᠴᠢᠨᠠᠷᠵᠢᠯ ᠢ ᠰᠠᠢᠵᠢᠷᠠᠭᠤᠯᠤᠨ ᠦᠷ᠎ᠡ ᠠᠰᠢᠭ ᠢ ᠳᠡᠭᠡᠭᠰᠢᠯᠡᠭᠦᠯᠬᠦ ᠶᠢ ᠠᠬᠢᠭᠤᠯᠵᠤ᠂ ᠴᠢᠨᠠᠷ ᠰᠠᠢᠲᠠᠢ ᠲᠦᠷᠦᠯ ᠵᠦᠢᠯ ᠤᠨ ᠪᠦᠳᠦᠭᠡᠨ ᠪᠠᠢᠭᠤᠯᠤᠯᠲᠠ ᠪᠠᠷ ᠠᠵᠤ ᠠᠬᠤᠢ ᠶᠢᠨ ᠴᠢᠨᠠᠷ ᠰᠠᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ ᠭᠡᠵᠦ ᠭᠦᠰᠡᠮᠵᠢᠯᠡᠪᠡ᠃        
ᠢᠷᠡᠯᠲᠡ᠄ ᠤᠷᠳᠤᠰ ᠡᠳᠦᠷ ᠤᠨ ᠰᠤᠨᠢᠨ ᠠᠴᠠ ᠪᠠᠭᠤᠯᠭᠠᠪᠠ᠃