35 ᠳᠠᠬᠢ《6.26》 ᠤ ᠤᠯᠠᠨ ᠤᠯᠤᠰ ᠤᠨ ᠬᠤᠤᠷ ᠴᠠᠭᠠᠵᠠᠯᠠᠬᠤ ᠡᠳᠦᠷ ᠬᠦᠷᠴᠦ ᠢᠷᠡᠬᠦ ᠳᠠᠰᠢᠷᠠᠮ ᠢᠶᠠᠷ᠂ ᠤᠷᠳᠤᠰ ᠬᠤᠳᠠ ᠶᠢᠨ ᠬᠤᠤᠷ ᠴᠠᠭᠠᠵᠠᠯᠠᠬᠤ | ᠠᠵᠢᠯ ᠤᠨ ᠠᠯᠪᠠᠨ ᠭᠡᠷ ᠠᠴᠠ ᠪᠦᠬᠦ ᠬᠤᠳᠠ ᠶᠢᠨ ᠬᠤᠤᠷ ᠴᠠᠭᠠᠵᠠᠯᠠᠬᠤ ᠠᠵᠢᠯ ᠤᠨ ᠰᠤᠨᠢᠨ ᠮᠡᠳᠡᠭᠡ ᠨᠡᠶᠢᠳᠡᠯᠡᠬᠦ ᠬᠤᠷᠠᠯ ᠢ ᠬᠤᠷᠠᠯᠳᠤᠭᠤᠯᠵᠦ᠂ ᠤᠶᠢᠷ᠎ᠠ ᠶᠢᠨ | ᠭᠤᠷᠪᠠᠨ ᠵᠢᠯ ᠠᠴᠠ ᠨᠠᠭᠠᠰᠢᠬᠢ ᠪᠦᠬᠦ ᠬᠤᠳᠠ ᠶᠢᠨ ᠬᠤᠤᠷ ᠴᠠᠭᠠᠵᠠᠯᠠᠭᠰᠠᠨ ᠠᠵᠢᠯ ᠤᠨ ᠪᠠᠶᠢᠳᠠᠯ ᠢ ᠨᠡᠶᠢᠳᠡᠯᠡᠪᠡ᠃ | 2019 ᠤᠨ ᠠᠴᠠ ᠨᠠᠭᠠᠰᠢ᠂ ᠪᠦᠬᠦ ᠬᠤᠳᠠ ᠶᠢᠨ ᠬᠤᠤᠷ ᠴᠠᠭᠠᠵᠠᠯᠠᠬᠤ ᠰᠠᠯᠠᠭ᠎ᠠ ᠮᠦᠴᠢᠷ ᠤᠨ ᠬᠢᠨ《ᠠᠮᠤᠭᠤᠯᠠᠩᠳᠤ ᠤᠷᠳᠤᠰ》 ᠤᠨ ᠪᠦᠳᠦᠭᠡᠨ | ᠪᠠᠶᠢᠭᠤᠯᠤᠯᠳᠠ ᠶᠢᠨ ᠶᠡᠷᠦᠩᠬᠡᠢ ᠱᠠᠭᠠᠷᠳᠠᠯᠭ᠎ᠠ ᠶᠢᠨ ᠲᠤᠭᠤᠷᠢᠨ ᠳᠤ《 ᠵᠢᠷᠭᠤᠭᠠᠨ ᠪᠦᠷᠢᠨ》ᠬᠤᠤᠷ ᠴᠠᠭᠠᠵᠠᠯᠠᠬᠤ ᠳᠤᠭᠳᠠᠯᠴᠠᠭ᠎ᠠ ᠶᠢ ᠪᠠᠶᠢᠭᠤᠯᠬᠤ ᠪᠠᠷ ᠬᠠᠷᠠᠯᠳᠠ | ᠪᠤᠯᠭᠠᠵᠦ᠂ ᠬᠤᠤᠷ ᠴᠠᠭᠠᠵᠠᠯᠠᠬᠤ ᠳᠠᠭᠤᠷᠢᠶᠠᠯ ᠦᠵᠡᠭᠦᠯᠬᠦ ᠶᠢ ᠡᠭᠦᠳᠦᠨ ᠪᠠᠶᠢᠭᠤᠯᠬᠤ᠂《 ᠬᠤᠶᠠᠷ ᠲᠤ ᠴᠤᠬᠢᠯᠳᠠ ᠦᠭᠴᠦ ᠬᠤᠶᠠᠷ ᠢ ᠬᠢᠵᠠᠭᠠᠷᠯᠠᠬᠤ》᠂ ᠬᠠᠷ᠎ᠠ | ᠪᠦᠯᠦᠭᠳᠡᠨ ᠬᠠᠷᠭᠢᠰ ᠬᠦᠴᠦᠨ ᠢ ᠠᠷᠢᠯᠭᠠᠬᠤ ᠪᠠ ᠭᠤᠤᠯᠳᠠᠯᠭ᠎ᠠ ᠲᠠᠢ ᠴᠡᠭᠴᠡᠯᠡᠨ ᠵᠠᠰᠠᠬᠤ ᠪᠠᠷ ᠠᠴᠢᠶᠠᠯᠠᠭᠴᠢ ᠪᠤᠯᠭᠠᠨ᠂ ᠨᠡᠶᠢᠬᠡᠮ ᠤᠨ ᠬᠦᠴᠦᠨ ᠢ ᠳᠠᠶᠢᠴᠢᠯᠠᠵᠦ᠂ | ᠴᠤᠬᠢᠯᠳᠠ ᠦᠭᠴᠦ ᠰᠡᠷᠭᠡᠶᠢᠯᠡᠬᠦ ᠳᠤᠭᠲᠠᠯᠴᠠᠭ᠎ᠠ ᠶᠢᠨ ᠰᠢᠨ᠎ᠡ ᠶᠢ ᠡᠭᠦᠳᠬᠦ ᠶᠢ ᠬᠠᠶᠢᠨ ᠰᠦᠪᠡᠭᠴᠢᠯᠡᠵᠦ᠂ ᠶᠡᠷᠦᠩᠬᠡᠶᠢᠯᠡᠨ ᠵᠠᠰᠠᠬᠤ ᠠᠷᠭ᠎ᠠ ᠬᠡᠮᠵᠢᠶ᠎ᠡ ᠶᠢ ᠪᠠᠳᠤᠳᠬᠠᠨ᠂ | ᠬᠤᠤᠷ ᠴᠠᠭᠠᠵᠠᠯᠠᠬᠤ ᠠᠵᠢᠯ ᠤᠨ ᠰᠢᠨ᠎ᠡ ᠦᠷ᠎ᠡ ᠪᠦᠳᠦᠮᠵᠢ ᠤᠯᠬᠤ ᠶᠢ ᠠᠬᠢᠭᠤᠯᠤᠭᠰᠠᠨ ᠪᠠᠶᠢᠨ᠎ᠠ᠃ ᠨᠡᠶᠢᠳᠡ197 ᠬᠤᠤᠷᠳᠤ ᠡᠳ᠋ ᠤᠨ ᠡᠷᠡᠭᠦᠦ ᠶᠢᠨ ᠬᠡᠷᠡᠭ ᠢ | ᠪᠠᠶᠢᠴᠠᠭᠠᠨ ᠢᠯᠡᠷᠡᠭᠦᠯᠵᠦ᠂ 417 ᠨᠡᠷ᠎ᠡ ᠬᠤᠤᠷᠳᠤ ᠡᠳ᠋ ᠤᠨ ᠶᠠᠯ᠎ᠠ ᠬᠢᠭᠰᠡᠨ ᠰᠡᠵᠢᠭᠳᠡᠨ ᠢ ᠪᠠᠷᠢᠪᠴᠢᠯᠠᠨ᠂ ᠬᠤᠤᠷᠳᠤ ᠡᠳ᠋ ᠡᠾᠧᠷᠤᠶ᠋ᠢᠨ1.366 ᠺᠢᠯᠤᠭ᠍ᠷᠠᠮ᠂ | ᠮᠦᠰᠦᠨ ᠬᠤᠤᠷ 0.887ᠺᠢᠯᠤᠭ᠍ᠷᠠᠮ᠂ ᠬᠠᠷ᠎ᠠ ᠲᠠᠮᠠᠬᠢ 5.227ᠺᠢᠯᠤᠭ᠍ᠷᠠᠮ ᠬᠤᠷᠢᠶᠠᠮᠵᠢᠯᠠᠪᠠ᠃ ᠬᠤᠤᠷ ᠳᠠᠳᠠᠭᠰᠠᠨ ᠨᠡᠶᠢᠳᠡ1167 ᠬᠦᠮᠦᠨ ᠤᠳᠠᠭ᠎ᠠ ᠶᠢ | ᠪᠠᠶᠢᠴᠠᠭᠠᠨ ᠭᠠᠷᠭᠠᠵᠦ᠂ ᠡᠭᠦᠨ ᠳᠤ ᠰᠢᠨ᠎ᠡ ᠪᠠᠷ ᠢᠯᠡᠷᠡᠭᠦᠯᠦᠭᠰᠡᠨ ᠬᠦᠮᠦᠨ279 ᠪᠠᠶᠢᠵᠦ᠂ ᠤᠳᠤ ᠪᠠᠶᠢᠭ᠎ᠠ ᠬᠤᠤᠷ ᠳᠠᠳᠠᠭᠴᠢ ᠶᠢᠨ ᠪᠦᠬᠦ ᠬᠤᠳᠠ ᠶᠢᠨ ᠪᠦᠬᠦ | ᠬᠦᠮᠦᠨ ᠠᠮᠠ ᠶᠢᠨ ᠳᠤᠳᠤᠷ᠎ᠠ ᠡᠵᠡᠯᠡᠬᠦ ᠨᠤᠷᠮ᠎ᠠ2018 ᠣᠨ ᠤ ᠡᠴᠦᠰ ᠤᠨ13% ᠠᠴᠠ0.64% ᠪᠤᠯᠵᠦ ᠪᠠᠭᠤᠷᠠᠵᠠᠢ᠃ | ᠥᠢᠯᠠᠭᠠᠭᠰᠠᠨ ᠢᠶᠠᠷ᠂ ᠮᠠᠨ ᠤ ᠬᠤᠲᠠ ᠰᠤᠷᠭᠠᠭᠤᠯᠢ ᠶᠢᠨ ᠬᠦᠷᠢᠶᠡᠨ ᠳᠤ ᠬᠤᠤᠷ ᠲᠠᠲᠠᠬᠤ ᠥᠬᠡᠶ᠂ 18 ᠨᠠᠰᠤᠨ ᠠᠴᠠ ᠳᠣᠷᠣᠭᠰᠢᠬᠢ ᠬᠤᠤᠷ ᠲᠠᠲᠠᠬᠤ | ᠬᠥᠮᠦᠰ ᠢ ᠨᠡᠮᠡᠭᠳᠡᠭᠦᠯᠬᠦ ᠥᠬᠡᠶ᠂ ᠬᠤᠤᠷ ᠳᠠᠳᠠᠭᠰᠠᠨ ᠬᠥᠮᠥᠰ ᠢ ᠬᠡᠷᠡᠭ ᠭᠠᠷᠭᠠᠵᠤ ᠤᠷᠰᠢᠭ ᠲᠠᠳᠠᠭᠤᠯᠬᠤ ᠥᠬᠡᠶ᠂ ᠵᠤᠭ᠎ᠠ ᠴᠡᠩᠭᠡᠯ ᠤᠨ ᠥᠢᠯᠡᠴᠢᠯᠡᠬᠡᠨ ᠤ | ᠲᠠᠯᠠᠪᠤᠷ ᠲᠤ ᠬᠤᠤᠷ ᠲᠠᠲᠠᠬᠤ ᠥᠬᠡᠶ ᠪᠠᠢᠬᠤ ᠵᠡᠷᠭᠡ ᠢ ᠥᠷᠬᠦᠯᠵᠢᠯᠡᠨ ᠪᠠᠳᠤᠯᠠᠵᠤ᠂ ᠣᠯᠠᠨ ᠲᠦᠮᠡᠨ ᠤ ᠬᠤᠤᠷ ᠴᠠᠭᠠᠵᠠᠯᠠᠬᠤ ᠠᠵᠢᠯ ᠤᠨ ᠲᠠᠯ᠎ᠠ ᠪᠠᠷ ᠬᠢ ᠶᠡᠷᠦᠩᠬᠡᠶ | ᠬᠠᠨᠤᠮᠵᠢ ᠶᠢᠨ ᠬᠡᠮᠵᠢᠶ᠎ᠡ ᠶᠢ 96.26 % ᠲᠤ ᠬᠥᠷᠬᠡᠵᠠᠢ ︵ᠪᠥᠬᠦ ᠣᠷᠣᠨ ᠤ ᠨᠡᠷᠡᠰ ᠤᠨ ᠵᠢᠭᠰᠠᠭᠠᠯᠲᠠ ᠳᠤ ᠬᠤᠶᠠᠳᠤᠭᠠᠷ ᠲᠤ ᠵᠢᠭᠰᠠᠭᠠᠭᠳᠠᠪᠠ︶᠃ ᠡᠭᠦᠨ ᠤ | ᠬᠠᠮᠲᠤ᠂ ᠪᠦᠬᠦ ᠬᠤᠲᠠ ᠶᠢᠨ 216 ᠰᠤᠷᠭᠠᠭᠤᠯᠢ ᠶᠢᠨ 14.3 ᠲᠦᠮᠡᠨ ᠰᠤᠷᠤᠭᠴᠢᠳ ᠢ ᠢᠳᠡᠪᠬᠢᠲᠡᠶ ᠪᠠᠷ ᠵᠣᠬᠢᠶᠠᠨ ᠪᠠᠢᠭᠤᠯᠤᠨ ᠪᠦᠬᠦ ᠤᠯᠤᠰ ᠤᠨ ᠵᠠᠯᠠᠭᠤᠴᠤᠳ | ᠪᠠᠭᠠᠴᠤᠳ ᠤᠨ ᠬᠤᠣᠷ ᠴᠠᠭᠠᠵᠠᠯᠠᠬᠤ ᠮᠡᠳᠡᠯᠭᠡ ᠤᠨ ᠤᠷᠤᠯᠳᠤᠭᠠᠨ ᠳᠤ ᠣᠷᠣᠯᠴᠠᠭᠤᠯᠵᠤ᠂ ᠰᠤᠷᠭᠠᠭᠤᠯᠢ ᠶᠢᠨ ᠣᠷᠣᠯᠴᠠᠭᠰᠠᠨ ᠨᠤᠷᠮ᠎ᠠ ᠪᠠ ᠰᠣᠷᠣᠭᠴᠢ ᠶᠢᠨ | ᠣᠷᠣᠯᠴᠠᠭᠰᠠᠨ ᠨᠤᠷᠮ᠎ᠠ ᠴᠥᠮ 100 % ᠳᠤ ᠬᠦᠷᠴᠦ᠂ ᠪᠥᠬᠦ ᠬᠤᠲᠠ ᠶᠢᠨ 9 ᠬᠤᠰᠢᠭᠤ ᠲᠣᠭᠤᠷᠢᠭ ᠵᠢᠴᠢ ᠬᠤᠤᠷ ᠳᠠᠳᠠᠭᠰᠠᠳ ᠲᠠᠢ 77 ᠵᠡᠭᠡᠯᠢ ᠭᠤᠳᠤᠮᠵᠢ | ᠰᠢᠶᠠᠩ ᠪᠠᠯᠭᠠᠰᠤᠨ ᠲᠤ ᠨᠡᠢᠬᠡᠮ ᠲᠣᠭᠤᠷᠢᠭ ᠤᠨ ᠬᠤᠤᠷ ᠲᠠᠲᠠᠬᠤ ᠶᠢ ᠵᠣᠭᠰᠣᠭᠠᠵᠤ ᠨᠡᠢᠬᠡᠮ ᠲᠣᠭᠤᠷᠢᠭ ᠤᠨ ᠡᠷᠡᠭᠦᠯᠵᠢᠯ ᠤᠨ ᠠᠵᠢᠯ ᠥᠷᠨᠢᠭᠦᠯᠬᠦ ᠶᠢ ᠢᠳᠡᠪᠬᠢᠲᠡᠶ | ᠠᠬᠢᠭᠤᠯᠤᠨ᠂ ᠨᠢᠭᠡᠨᠲᠡ ᠪᠠᠷᠢᠮᠵᠢᠶᠠᠵᠢᠭᠰᠠᠨ ᠨᠡᠢᠬᠡᠮ ᠲᠣᠭᠤᠷᠢᠭ ᠤᠨ ᠬᠤᠤᠷ ᠲᠠᠲᠠᠬᠤ ᠶᠢ ᠵᠤᠭᠰᠤᠭᠠᠬᠤ ᠡᠷᠡᠭᠦᠯᠵᠢᠯ ᠤᠨ ᠠᠵᠢᠯ ᠤᠨᠥᠷᠲᠡᠭᠡ ᠶᠢ18 ᠪᠠᠢᠭᠤᠯᠵᠤ᠂ | ︽ᠳᠥᠷᠪᠡ ᠶᠢ ᠪᠠᠭᠤᠷᠠᠭᠤᠯᠵᠤ ᠬᠤᠶᠠᠷ ᠢ ᠳᠡᠭᠡᠭᠰᠢᠯᠡᠭᠦᠯᠬᠦ︾ ᠠᠵᠢᠯ ᠤᠨ ᠬᠠᠷᠠᠯᠲᠠ ᠶᠢ ᠪᠦᠬᠦᠯᠢ ᠴᠤᠭᠴᠠ ᠪᠠᠷ ᠪᠡᠶᠡᠯᠡᠭᠦᠯᠵᠠᠢ᠃ | | | |