ᠮᠠᠨ ᠤ ᠬᠤᠲᠠ ᠦᠢᠯᠡᠴᠢᠯᠡᠭᠡᠨ ᠤ ᠦᠢᠯᠡᠰ ᠪᠤᠯᠤᠨ ᠬᠢᠯᠢ ᠠᠯᠣᠰᠯᠠᠭᠰᠡᠨ ᠡᠯᠧᠺᠲᠷᠤᠨ ᠬᠤᠳᠠᠯᠳᠣᠭᠠᠨ ᠤ ᠴᠢᠨᠠᠷ ᠰᠠᠶᠢᠳᠠᠢ ᠬᠦᠭᠵᠢᠯᠳᠡ ᠶᠢ ᠲᠦᠷᠭᠡᠳᠭᠡᠨ᠎ᠡ
ᠨᠡᠶᠢᠲᠡᠯᠡᠭᠰᠡᠨ ᠴᠠᠭ᠄
2022/6/30

      ᠦᠢᠷ᠎ᠠ ᠶᠢᠨ ᠡᠳᠣᠷ᠂ ᠮᠠᠨ ᠤ ᠬᠤᠲᠠ ︽ᠣᠯᠣᠰ ᠪᠠ ᠦᠪᠡᠷᠳᠡᠭᠡᠨ ᠵᠠᠰᠠᠬᠤ ᠣᠷᠣᠨ ᠤ ᠦᠢᠯᠡᠴᠢᠯᠡᠭᠡᠨ ᠤ ᠦᠢᠯᠡᠰ ᠤᠨ ᠴᠢᠨᠠᠷ ᠰᠠᠶᠢᠳᠠᠢ ᠬᠦᠭᠵᠢᠯᠳᠡ ᠶᠢ

ᠨᠠᠶᠢᠳᠠᠪᠤᠷᠢᠵᠢᠭᠤᠯᠬᠤ ᠲᠤᠬᠠᠢ ᠣᠷᠳᠣᠰ ᠬᠤᠲᠠ ᠶᠢᠨ ᠲᠦᠷᠦ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠨᠦᠭᠦᠳ︾ ︵︽ᠦᠢᠯᠡᠴᠢᠯᠡᠭᠡᠨ ᠤ ᠦᠢᠯᠡᠰ ᠤᠨ ᠲᠦᠷᠦ

᠎ ᠶᠢᠨ ᠪᠤᠳᠣᠯᠭ᠎ᠠ ᠶᠢᠨ ᠠᠷᠭ᠎ᠠ ᠬᠡᠮᠵᠢᠶ᠎ᠡ︾ ᠭᠡᠵᠤ ᠲᠤᠪᠴᠢᠯᠠᠨ᠎ᠠ︶ ᠪᠠ ︽ᠣᠷᠳᠣᠰ ᠬᠤᠲᠠ ᠶᠢᠨ ᠬᠢᠯᠢ ᠠᠯᠤᠰᠯᠠᠭᠰᠡᠨ ᠡᠯᠧᠺᠲᠷᠤᠨ ᠬᠤᠳᠠᠯᠳᠣᠭᠠᠨ ᠤ ᠶᠠᠪᠣᠳᠠᠯ

᠎ ᠤᠨ ᠶᠡᠷᠤᠩᠭᠡᠶᠢᠯᠡᠭᠰᠡᠨ ᠲᠤᠷᠰᠢᠯᠳᠠ ᠶᠢᠨ ᠣᠷᠣᠨ ᠤ ᠬᠦᠭᠵᠢᠯᠳᠡ ᠶᠢ ᠳᠡᠮᠵᠢᠬᠦ ᠲᠦᠷᠦ ᠶᠢᠨ ᠪᠤᠳᠣᠯᠭ᠎ᠠ ᠨᠤᠭᠤᠳ︾  ︵︽ᠬᠢᠯᠢ ᠠᠯᠣᠰᠯᠠᠭᠰᠡᠨ ᠡᠯᠧᠺᠲᠷᠤᠨ

ᠬᠤᠳᠠᠯᠳᠣᠭᠠᠨ ᠤ ᠲᠦᠷᠦ ᠶᠢᠨ ᠪᠤᠳᠣᠯᠭ᠎ᠠ︾ ᠭᠡᠵᠤ ᠲᠤᠪᠴᠢᠯᠠᠨ᠎ᠠ︶᠎ ᠤᠨ ᠰᠣᠨᠢᠨ ᠮᠡᠳᠡᠭᠡ ᠨᠡᠶᠢᠳᠡᠯᠡᠬᠦ ᠬᠤᠷᠠᠯ ᠬᠤᠷᠠᠯᠳᠣᠭᠤᠯᠪᠠ᠃

        ᠰᠣᠨᠢᠨ ᠮᠡᠳᠡᠭᠡ ᠨᠡᠶᠢᠳᠡᠯᠡᠬᠦ ᠬᠤᠷᠠᠯ ᠳᠡᠭᠡᠷ᠎ᠡ᠂ ᠬᠤᠲᠠ ᠶᠢᠨ ᠬᠤᠳᠠᠯᠳᠣᠭᠠᠨ ᠤ ᠶᠠᠪᠤᠳᠠᠯ ᠤᠨ ᠲᠤᠪᠴᠢᠶᠠᠨ ᠤ ᠬᠠᠷᠢᠭᠤᠴᠠᠯᠭᠠᠳᠠᠨ ᠠᠴᠠ ︽

ᠦᠢᠯᠡᠴᠢᠯᠡᠭᠡᠨ ᠤ ᠦᠢᠯᠡᠰ ᠤᠨ ᠲᠦᠷᠦ ᠶᠢᠨ ᠪᠤᠳᠣᠯᠭ᠎ᠠ ᠶᠢᠨ ᠠᠷᠭ᠎ᠠ ᠬᠡᠮᠵᠢᠶ᠎ᠡ︾ ᠪᠠ ︽ᠬᠢᠯᠢ ᠠᠯᠣᠰᠯᠠᠭᠰᠡᠨ ᠡᠯᠧᠺᠲᠷᠤᠨ ᠬᠤᠳᠠᠯᠳᠣᠭᠠᠨ ᠤ ᠲᠦᠷᠦ ᠶᠢᠨ

ᠪᠤᠳᠣᠯᠭ᠎ᠠ︾᠎ ᠶᠢ ᠲᠤᠭᠳᠠᠭᠰᠡᠨ ᠠᠬᠤᠢ ᠪᠠᠶᠢᠳᠠᠯ ᠪᠤᠯᠤᠨ ᠬᠠᠷᠠᠯᠳᠠ ᠵᠢᠴᠢ ᠭᠤᠤᠯ ᠠᠭᠤᠯᠭ᠎ᠠ ᠵᠡᠷᠭᠡ ᠳᠠᠯ᠎ᠠ ᠪᠠᠷ ᠦᠢᠯᠡᠴᠢᠯᠡᠭᠡᠨ ᠤ ᠦᠢᠯᠡᠰ ᠤᠨ ᠰᠡᠷᠭᠦᠯᠳᠡ ᠶᠢᠨ

ᠴᠢᠨᠠᠷᠳᠠᠢ ᠨᠡᠮᠡᠭᠳᠡᠯ ᠢ ᠠᠬᠢᠭᠤᠯᠵᠤ᠂ ᠦᠢᠯᠡᠴᠢᠯᠡᠭᠡᠨ ᠤ ᠦᠢᠯᠡᠰ ᠤᠨ ᠴᠢᠨᠠᠷᠵᠢᠯ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠵᠤ᠂ ᠬᠢᠵᠢᠭ ᠤᠨ ᠪᠠᠶᠢᠳᠠᠯ ᠢ

ᠰᠡᠷᠭᠡᠶᠢᠯᠡᠨ ᠡᠵᠡᠮᠳᠡᠬᠦ ᠪᠠ ᠠᠵᠤ ᠠᠬᠤᠢ ᠨᠡᠶᠢᠭᠡᠮ ᠤᠨ ᠬᠦᠭᠵᠢᠯᠳᠡ ᠶᠢᠨ ᠠᠵᠢᠯ ᠢ ᠨᠢᠭᠡᠳᠣᠯᠳᠡᠢ ᠲᠦᠯᠦᠪᠯᠡᠬᠦ ᠶᠢ ᠪᠠᠷᠢᠮᠳᠠᠯᠠᠨ᠂ ᠠᠵᠤ ᠦᠢᠯᠡᠰ ᠤᠨ ᠬᠡᠯᠪᠡᠷᠢ ᠪᠠᠨ

ᠬᠤᠪᠢᠷᠠᠭᠤᠯᠤᠨ ᠳᠡᠰ ᠳᠡᠪᠰᠢᠭᠦᠯᠬᠦ ᠪᠠ ᠰᠠᠭᠤᠭᠠᠯᠢ ᠠᠷᠠᠳ ᠤᠨ ᠬᠡᠷᠡᠭᠯᠡᠭᠡᠨ ᠤ ᠳᠡᠰ ᠳᠡᠪᠰᠢᠭᠦᠯᠬᠦ ᠬᠡᠷᠡᠭᠴᠡᠭᠡ ᠳᠤ ᠵᠤᠬᠢᠴᠠᠭᠤᠯᠤᠨ᠂ ᠵᠠᠬ᠎ᠠ ᠳᠡᠯᠭᠡᠭᠦᠷ ᠤᠨ ᠭᠤᠤᠯ

ᠴᠤᠭᠴᠠ ᠶᠢᠨ ᠵᠢᠱᠢᠯᠳᠡ ᠶᠢ ᠲᠤᠭᠳᠠᠭᠤᠨ ᠪᠤᠯᠭᠠᠵᠤ᠂ ᠦᠢᠯᠡᠴᠢᠯᠡᠭᠡᠨ ᠤ ᠦᠢᠯᠡᠰ ᠤᠨ ᠳᠣᠮᠳᠠ ᠪᠠᠭ᠎ᠠ ᠵᠢᠵᠢᠭ ᠠᠵᠤ ᠠᠬᠤᠶᠢᠯᠠᠯ ᠪᠤᠯᠤᠨ ᠬᠤᠪᠢ ᠶᠢᠨ

ᠦᠢᠯᠡᠳᠪᠤᠷᠢ ᠬᠤᠳᠠᠯᠳᠣᠭᠠᠨ ᠤ ᠡᠷᠤᠭᠡ ᠶᠢ ᠬᠠᠪᠰᠣᠷᠣᠨ ᠬᠦᠴᠢᠷᠳᠡᠯ ᠢ ᠲᠤᠭᠤᠯᠤᠭᠤᠯᠵᠤ᠂ ᠵᠠᠬ᠎ᠠ ᠳᠡᠯᠭᠡᠭᠦᠷ ᠤᠨ ᠭᠤᠤᠯ ᠴᠤᠭᠴᠠ ᠶᠢᠨ ᠠᠮᠢᠵᠢᠷᠠᠯ ᠤᠨ ᠬᠦᠴᠦᠨ

᠎ ᠢ ᠣᠯᠠᠮ ᠬᠦᠭᠵᠢᠭᠡᠨ᠂ ᠮᠠᠨ ᠤ ᠬᠤᠲᠠ ᠶᠢᠨ ᠠᠵᠤ ᠠᠬᠤᠢ ᠶᠢᠨ ᠲᠤᠭᠳᠠᠭᠤᠨ ᠬᠦᠭᠵᠢᠯᠳᠡ ᠶᠢ ᠪᠠᠳᠣᠯᠠᠬᠤ ᠶᠢᠨ ᠲᠤᠰᠠᠳᠠ᠂ ᠮᠠᠨ ᠤ ᠬᠤᠲᠠ ︽  ᠦᠢᠯᠡᠴᠢᠯᠡᠭᠡᠨ

᠎ ᠤ ᠦᠢᠯᠡᠰ ᠤᠨ ᠲᠦᠷᠦ ᠶᠢᠨ ᠪᠤᠳᠣᠯᠭ᠎ᠠ ᠶᠢᠨ ᠠᠷᠭ᠎ᠠ ᠬᠡᠮᠵᠢᠶ᠎ᠡ︾᠎ ᠶᠢ ᠲᠤᠭᠳᠠᠭᠠᠵᠡᠢ᠃ ᠡᠭᠦᠨ ᠳᠤ ᠭᠤᠤᠯᠳᠠᠭᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ

ᠪᠠᠶᠢᠩᠭᠤ ᠶᠢᠨ ᠴᠢᠨᠠᠷ ᠲᠠᠢ ᠵᠠᠬ᠎ᠠ ᠳᠡᠯᠭᠡᠭᠦᠷ ᠤᠨ ᠠᠮᠢᠵᠢᠷᠠᠯ ᠤᠨ ᠬᠦᠴᠦᠨ ᠢ ᠬᠦᠭᠵᠢᠭᠡᠭᠦ᠂ ᠠᠷᠠᠳ ᠲᠤ ᠳᠦᠭᠦᠮ ᠦᠵᠡᠭᠦᠯᠬᠦ ᠠᠮᠢᠳᠣᠷᠠᠯ ᠤᠨ ᠦᠢᠯᠡᠴᠢᠯᠡᠭᠡᠨ ᠤ

ᠲᠤᠭᠤᠷᠢᠭ ᠢ ᠪᠠᠶᠢᠭᠤᠯᠬᠤ ᠠᠮᠳᠠᠳᠣ ᠢᠳᠡᠭᠡᠨ ᠣᠮᠳᠠᠭᠠᠨ ᠤ ᠵᠤᠭᠠᠴᠠᠯ ᠢ ᠰᠢᠨ᠎ᠡ ᠪᠠᠷ ᠬᠦᠭᠵᠢᠭᠦᠯᠬᠦ᠂ ᠬᠡᠷᠡᠭᠯᠡᠭᠡ ᠶᠢ ᠠᠬᠢᠭᠤᠯᠬᠤ ᠠᠵᠢᠯᠯᠠᠭ᠎ᠠ ᠶᠢ ᠬᠦᠨᠵᠡᠭᠡᠢ

ᠦᠷᠨᠢᠭᠦᠯᠬᠦ᠂ ᠬᠢᠯᠢ ᠠᠯᠤᠰᠯᠠᠭᠰᠡᠨ ᠡᠯᠧᠺᠲᠷᠤᠨ ᠬᠤᠳᠠᠯᠳᠣᠭᠠᠨ ᠤ ᠭᠠᠳᠠᠭᠠᠳᠣ ᠳᠠᠬᠢ ᠬᠦᠮᠦᠷᠭᠡ ᠶᠢᠨ ᠪᠦᠳᠦᠭᠡᠨ ᠪᠠᠶᠢᠭᠤᠯᠤᠯᠳᠠ ᠶᠢ ᠳᠡᠮᠵᠢᠬᠦ᠂ ᠡᠯᠧᠺᠲᠷᠤᠨ

ᠬᠤᠳᠠᠯᠳᠣᠭᠠᠨ ᠤ ᠶᠠᠪᠤᠳᠠᠯ ᠤᠨ ᠲᠤᠭᠳᠠᠯᠴᠠᠭ᠎ᠠ ᠶᠢᠨ ᠪᠠᠶᠢᠭᠤᠯᠤᠯᠳᠠ ᠶᠢ ᠳᠦᠷᠭᠡᠳᠭᠡᠭᠦ᠂ ᠡᠷᠡᠭᠦᠯ ᠮᠡᠨᠳᠣ ᠨᠠᠰᠣᠵᠢᠯ ᠤᠨ ᠦᠢᠯᠡᠴᠢᠯᠡᠭᠡᠨ ᠤ ᠦᠢᠯᠡᠰ ᠢ

ᠬᠦᠭᠵᠢᠭᠦᠯᠬᠦ᠂ ᠣᠨᠴᠠᠯᠢᠭᠳᠣ ᠵᠡᠭᠡᠯᠢ ᠲᠤᠭᠤᠷᠢᠭ ᠤᠨ ᠪᠦᠳᠦᠭᠡᠨ ᠪᠠᠶᠢᠭᠤᠯᠤᠯᠳᠠ ᠶᠢᠨ ᠠᠵᠢᠯ ᠢ ᠠᠬᠢᠭᠤᠯᠬᠤ᠂ ᠳᠣᠳᠣᠭᠠᠳᠣ ᠭᠠᠳᠠᠭᠠᠳᠣ ᠠᠷᠠᠯᠵᠢᠶ᠎ᠠ ᠶᠢ ᠨᠢᠭᠡ

ᠴᠤᠭᠴᠠᠵᠢᠭᠤᠯᠬᠤ ᠵᠡᠷᠭᠡ 15  ᠳᠠᠯ᠎ᠠ ᠶᠢᠨ ᠪᠤᠳᠠᠳᠠᠢ ᠠᠷᠭ᠎ᠠ ᠬᠡᠮᠵᠢᠶ᠎ᠡ ᠶᠢ ᠲᠤᠭᠳᠠᠭᠠᠵᠢ᠃

       ᠬᠢᠯᠢ ᠠᠯᠤᠰᠯᠠᠭᠰᠡᠨ ᠡᠯᠧᠺᠲᠷᠤᠨ ᠬᠤᠳᠠᠯᠳᠤᠭ᠎ᠠ ᠪᠤᠯᠤᠨ ᠲᠤᠬᠠᠢ ᠶᠢᠨ ᠭᠠᠵᠠᠷ ᠣᠷᠣᠨ ᠤ ᠠᠵᠤ ᠦᠢᠯᠡᠰ ᠤᠨ ᠬᠦᠨᠵᠡᠭᠡᠢ ᠠᠭᠤᠰᠣᠯᠴᠠᠯ ᠢ ᠠᠬᠢᠭᠤᠯᠤᠨ᠂

ᠣᠯᠠᠮᠵᠢᠯᠠᠯᠳᠣ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠭᠦᠯᠬᠦ ᠶᠢ ᠳᠠᠶᠢᠴᠢᠯᠠᠵᠤ᠂ ᠪᠦᠬᠦ ᠣᠷᠣᠨ ᠪᠦᠰᠡ ᠶᠢᠨ ᠬᠢᠯᠢ ᠠᠯᠣᠰᠯᠠᠭᠰᠡᠨ

ᠡᠯᠧᠺᠲᠷᠤᠨ ᠬᠤᠳᠠᠯᠳᠣᠭᠠᠨ ᠤ ᠬᠦᠭᠵᠢᠯᠳᠡ ᠶᠢᠨ ᠰᠢᠨ᠎ᠡ ᠪᠠᠶᠢᠷᠢᠰᠢᠯ ᠢ ᠪᠦᠷᠢᠯᠳᠦᠭᠦᠯᠦᠨ᠂ ᠣᠷᠳᠣᠰ ᠢ ᠶᠡᠷᠤᠩᠭᠡᠶᠢᠯᠡᠭᠰᠡᠨ ᠲᠤᠷᠰᠢᠯᠳᠠ ᠶᠢᠨ ᠣᠷᠣᠨ ᠢᠶᠠᠷ

ᠪᠦᠳᠦᠭᠡᠨ ᠪᠠᠶᠢᠭᠤᠯᠬᠤ ᠳᠤ ᠪᠦᠬᠦ ᠬᠤᠲᠠ ᠳᠤ ᠰᠠᠭᠤᠷᠢᠯᠠᠭᠰᠡᠨ᠂ ᠪᠦᠬᠦ ᠣᠷᠣᠨ ᠳᠤ ᠦᠢᠯᠡᠴᠢᠯᠡᠭᠰᠡᠨ᠂ ᠪᠠᠷᠠᠭᠤᠨ ᠬᠤᠶᠢᠳᠣ ᠣᠷᠣᠨ ᠢ ᠨᠦᠯᠦᠭᠡᠯᠡᠭᠰᠡᠨ᠂

ᠪᠡᠭᠡᠵᠢᠩ ᠲᠢᠶᠠᠨᠵᠢᠨ ᠡᠾᠧᠪᠸᠢ ᠶᠢ ᠵᠤᠯᠭᠠᠭᠤᠯᠤᠭᠰᠡᠨ᠂ ᠮᠣᠩᠭᠤᠯ ᠣᠷᠣᠰ ᠲᠤ ᠬᠠᠨᠳᠣᠭᠤᠯᠤᠭᠰᠡᠨ ᠭᠠᠳᠠᠭᠠᠳᠣ ᠠᠷᠠᠯᠵᠢᠶᠠᠨ ᠤ ᠴᠢᠨᠠᠷ ᠰᠠᠶᠢᠳᠠᠢ ᠬᠦᠭᠵᠢᠯᠳᠡ ᠶᠢᠨ

ᠳᠡᠷᠢᠭᠦᠨ ᠤ ᠰᠢᠨ᠎ᠡ ᠭᠠᠵᠠᠷ ᠤᠷᠤᠨ ᠪᠤᠯᠭᠠᠨ ᠪᠦᠳᠦᠭᠡᠨ ᠪᠠᠶᠢᠭᠤᠯᠵᠤ᠂ ︽ᠰᠢᠨ᠎ᠡ ᠵᠠᠮ ᠢᠶᠠᠷ ᠰᠠᠶᠢᠳᠣᠷ ᠵᠠᠮᠨᠠᠵᠤ᠂  ᠣᠷᠢᠳ ᠢᠶᠠᠷ ᠬᠡᠷᠡᠭᠵᠢᠭᠦᠯᠬᠦ ᠣᠷᠣᠨ ᠢ

ᠪᠦᠳᠦᠭᠡᠨ ᠪᠠᠶᠢᠭᠤᠯᠤᠨ᠂ ᠣᠳᠣᠬᠢᠴᠢᠯᠠᠭᠰᠡᠨ ᠣᠷᠳᠣᠰ ᠤᠨ ᠪᠦᠳᠦᠭᠡᠨ ᠪᠠᠶᠢᠭᠤᠯᠤᠯᠳᠠ ᠶᠢᠨ ᠰᠠᠶᠢᠨ ᠰᠠᠶᠢᠬᠠᠨ ᠢᠷᠡᠭᠡᠳᠣᠢ ᠶᠢ ᠡᠭᠦᠳᠦᠨ ᠪᠠᠶᠢᠭᠤᠯᠬᠤ ︾᠎ ᠳᠤ

ᠬᠦᠴᠦᠨ ᠴᠢᠳᠠᠯ ᠢᠶᠠᠨ ᠡᠷᠭᠦᠭᠦ ᠶᠢᠨ ᠲᠤᠰᠠᠳᠠ᠂ ᠮᠠᠨ ᠤ ᠬᠤᠲᠠ ︽ᠬᠢᠯᠢ ᠠᠯᠤᠰᠯᠠᠭᠰᠡᠨ ᠡᠯᠧᠺᠲᠷᠤᠨ ᠬᠤᠳᠠᠯᠳᠣᠭᠠᠨ ᠤ  ᠲᠦᠷᠦ ᠶᠢᠨ ᠪᠤᠳᠣᠯᠭ᠎ᠠ︾᠎ ᠶᠢ

ᠲᠤᠭᠳᠠᠭᠠᠵᠡᠢ᠃ ᠡᠭᠦᠨ ᠳᠤ ᠭᠤᠤᠯᠳᠠᠭᠤ ᠬᠢᠯᠢ ᠠᠯᠤᠰᠯᠠᠭᠰᠡᠨ ᠡᠯᠧᠺᠲᠷᠤᠨ ᠬᠤᠳᠠᠯᠳᠣᠭᠠᠨ ᠤ ᠰᠦᠯᠵᠢᠶᠡᠨ ᠳᠡᠭᠡᠷᠡᠬᠢ ᠠᠷᠠᠯᠵᠢᠶ᠎ᠠ ᠵᠡᠷᠭᠡ ᠪᠠᠭᠳᠠᠵᠤ᠂ ᠪᠠᠰᠠ ᠬᠢᠯᠢ

ᠠᠯᠤᠰᠯᠠᠭᠰᠡᠨ ᠡᠯᠧᠺᠲᠷᠤᠨ ᠬᠤᠳᠠᠯᠳᠣᠭᠠᠨ ᠤ ᠰᠦᠯᠵᠢᠶᠡᠨ ᠳᠡᠭᠡᠷᠡᠬᠢ ᠠᠷᠠᠯᠵᠢᠶ᠎ᠠ ᠵᠡᠷᠭᠡ ᠪᠠᠭᠳᠠᠵᠤ᠂ ᠪᠠᠰᠠ ᠬᠢᠯᠢ ᠠᠯᠤᠰᠯᠠᠭᠰᠡᠨ ᠡᠯᠧᠺᠲᠷᠤᠨ ᠬᠤᠳᠠᠯᠳᠣᠭᠠᠨ

᠎ ᠤO2O ᠪᠡᠶᠡᠴᠢᠯᠡᠨ ᠦᠢᠯᠠᠭᠠᠬᠤ ᠳᠡᠯᠭᠡᠭᠦᠷ᠂ ᠬᠢᠯᠢ ᠠᠯᠤᠰᠯᠠᠭᠰᠡᠨ ᠡᠯᠧᠺᠲᠷᠤᠨ ᠬᠤᠳᠠᠯᠳᠣᠭᠠᠨ ᠤ ᠭᠠᠳᠠᠭᠠᠳᠣ ᠳᠠᠬᠢ ᠬᠦᠮᠦᠷᠭᠡ ᠶᠢᠨ ᠪᠦᠳᠦᠭᠡᠨ ᠪᠠᠶᠢᠭᠤᠯᠤᠯᠳᠠ

᠂ ᠬᠢᠯᠢ ᠠᠯᠤᠰᠯᠠᠭᠰᠡᠨ ᠡᠯᠧᠺᠲᠷᠤᠨ ᠬᠤᠳᠠᠯᠳᠣᠭᠠᠨ ᠤ ᠪᠠᠷᠠᠭᠠᠨ ᠤ ᠬᠦᠢᠯᠭᠡᠭᠡ᠂ ᠬᠢᠯᠢ ᠠᠯᠤᠰᠯᠠᠭᠰᠡᠨ ᠡᠯᠧᠺᠲᠷᠤᠨ ᠬᠤᠳᠠᠯᠳᠣᠭᠠᠨ ᠤ ᠶᠠᠪᠤᠳᠠᠯ ᠤᠨ ᠴᠢᠳᠠᠪᠤᠷᠢᠳᠠᠨ

᠎ ᠢ ᠬᠦᠮᠦᠵᠢᠬᠦᠯᠬᠦ ᠵᠡᠷᠭᠡ 11 ᠳᠠᠯ᠎ᠠ ᠶᠢᠨ ᠭᠤᠤᠯᠳᠠᠯᠭ᠎ᠠ ᠲᠠᠢ ᠠᠷᠭ᠎ᠠ ᠬᠡᠮᠵᠢᠶ᠎ᠡ ᠶᠢ ᠲᠤᠭᠳᠠᠭᠠᠭᠰᠡᠨ ᠪᠠᠶᠢᠨ᠎ᠠ᠃

ᠢᠷᠡᠯᠲᠡ᠄ ᠣᠷᠳᠣᠰ ᠤᠨ ᠮᠤᠩᠭᠤᠯ ᠬᠡᠯᠡᠨ ᠤ ᠰᠣᠨᠢᠨ ᠮᠡᠳᠡᠭᠡᠨ ᠤ ᠰᠦᠯᠵᠢᠶ᠎ᠡ