ᠦᠢᠷ᠎ᠠ ᠳᠤ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠬᠤᠷᠠᠯ ᠬᠤᠷᠠᠯᠳᠣᠭᠤᠯᠵᠤ᠂ ᠶᠡᠷᠤᠩᠭᠡᠢ ᠱᠦᠵᠢ ᠰᠢ ᠶᠢᠨ ᠫᠢᠩ ᠤᠨ | ᠴᠢᠬᠤᠯᠠ ᠶᠠᠷᠢᠶᠠᠨ ᠤ ᠵᠤᠷᠢᠭ ᠰᠠᠨᠠᠭ᠎ᠠ᠂ ᠰᠦᠨ ᠱᠣᠣ ᠴᠧᠩ ᠨᠦᠭᠦᠷ ᠤᠨ ᠬᠤᠯᠪᠤᠭᠳᠠᠯ ᠪᠦᠬᠦᠢ ᠶᠠᠷᠢᠶ᠎ᠠ ᠵᠢᠭᠠᠪᠤᠷᠢ ᠶᠢᠨ ᠵᠤᠷᠢᠭ ᠰᠠᠨᠠᠭ᠎ᠠ ᠶᠢ ᠣᠯᠠᠮᠵᠢᠯᠠᠨ | ᠰᠣᠷᠣᠯᠴᠠᠵᠤ᠂ ᠮᠠᠨ ᠤ ᠬᠤᠲᠠ ᠶᠢᠨ ︽ᠬᠤᠶᠠᠷ ᠰᠠᠭᠤᠷᠢᠨ︾ ᠤ ᠪᠦᠳᠦᠭᠡᠨ ᠪᠠᠶᠢᠭᠤᠯᠤᠯᠳᠠ᠂ ᠬᠦᠳᠡᠭᠡ ᠲᠤᠰᠬᠤᠨ ᠢ ᠬᠦᠭᠵᠢᠭᠦᠯᠬᠦ ᠵᠡᠷᠭᠡ ᠠᠵᠢᠯ ᠢ ᠰᠣᠳᠣᠯᠵᠡᠢ᠃ | ᠬᠤᠲᠠ ᠶᠢᠨ ᠨᠠᠮ ᠤᠨ ᠬᠤᠷᠢᠶᠠᠨ ᠤ ᠱᠦᠵᠢ ᠯᠢ ᠯᠢ ᠬᠤᠷᠠᠯ ᠢ ᠡᠷᠬᠢᠯᠡᠪᠡ᠃ | ᠬᠤᠷᠠᠯ ᠠᠴᠠ ᠶᠡᠷᠤᠩᠭᠡᠢ ᠱᠦᠵᠢ ᠰᠢ ᠶᠢᠨ ᠫᠢᠩ ᠤᠨ 2022 ᠣᠨ ᠤ 6 ᠰᠠᠷ᠎ᠠ ᠶᠢᠨ 5 ᠤ ᠣᠷᠴᠢᠨ ᠲᠤᠭᠤᠷᠢᠨ ᠤ ᠡᠳᠣᠷ ᠤᠨ ᠣᠯᠣᠰ ᠤᠨ ᠭᠤᠤᠯ | ᠳᠠᠯᠠᠪᠤᠷ ᠤᠨ ᠠᠵᠢᠯᠯᠠᠭ᠎ᠠ ᠳᠤ ᠢᠯᠡᠭᠡᠭᠰᠡᠨ ᠪᠠᠶᠠᠷ ᠤᠨ ᠵᠠᠬᠢᠳᠠᠯ᠂ ᠰᠧᠴᠣᠸᠠᠨ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠵᠢᠭᠠᠪᠤᠷᠢ᠂ ︽ᠳᠣᠮᠳᠠᠳᠣ | ᠣᠯᠣᠰ ᠤᠨ ᠬᠦᠮᠦᠨ ᠤ ᠡᠷᠭᠡ ᠶᠢᠨ ᠬᠦᠭᠵᠢᠯᠳᠡ ᠶᠢᠨ ᠵᠠᠮ ᠢᠶᠠᠷ ᠡᠷᠡᠰ ᠭᠤᠶᠢᠪᠢᠰᠢ ᠦᠭᠡᠢ ᠵᠠᠮᠨᠠᠵᠤ᠂ ᠮᠠᠨ ᠤ ᠣᠯᠣᠰ ᠤᠨ ᠬᠦᠮᠦᠨ ᠤ ᠡᠷᠭᠡ ᠶᠢᠨ ᠦᠢᠯᠡᠰ ᠤᠨ | ᠬᠦᠭᠵᠢᠯᠳᠡ ᠶᠢ ᠨᠡᠩ ᠰᠠᠶᠢᠳᠣᠷ ᠠᠬᠢᠭᠤᠯᠬᠤ ᠬᠡᠷᠡᠭᠳᠡᠢ︾ ᠭᠡᠭᠦ ᠴᠢᠬᠤᠯᠠ ᠵᠤᠬᠢᠶᠠᠯ᠂ ᠲᠦᠪ ᠤᠨ ᠣᠯᠣᠰ ᠲᠦᠷᠦ ᠶᠢᠨ ᠲᠤᠪᠴᠢᠶᠠᠨ ᠤ ᠳᠦᠴᠢᠳᠣᠭᠡᠷ ᠣᠳᠠᠭ᠎ᠠ | ᠶᠢᠨ ᠬᠠᠮᠳᠣ ᠶᠢᠨ ᠰᠣᠷᠣᠯᠴᠠᠯᠭ᠎ᠠ ᠳᠡᠭᠡᠷᠡᠬᠢ ᠴᠢᠬᠤᠯᠠ ᠶᠠᠷᠢᠶ᠎ᠠ᠂ ᠲᠦᠪ ᠤᠨ ᠦᠭᠡᠷᠡᠴᠢᠯᠡᠯᠳᠡ ᠶᠢ ᠪᠦᠬᠦ ᠳᠠᠯ᠎ᠠ ᠪᠠᠷ ᠬᠦᠨᠵᠡᠭᠡᠶᠢᠷᠡᠭᠦᠯᠬᠦ ᠬᠤᠷᠢᠶ᠎ᠠ ᠶᠢᠨ ᠬᠤᠷᠢᠨ | ᠵᠢᠷᠭᠤᠳᠣᠭᠠᠷ ᠣᠳᠠᠭ᠎ᠠ ᠶᠢᠨ ᠬᠤᠷᠠᠯ ᠳᠡᠭᠡᠷᠡᠬᠢ ᠴᠢᠬᠤᠯᠠ ᠶᠠᠷᠢᠶ᠎ᠠ᠂ 6 ᠰᠠᠷ᠎ᠠ ᠶᠢᠨ 17 ᠤ ᠡᠳᠣᠷ ᠤᠨ ᠲᠦᠪ ᠤᠨ ᠣᠯᠣᠰ ᠲᠦᠷᠦ ᠶᠢᠨ ᠲᠤᠪᠴᠢᠶᠠᠨ ᠤ ᠬᠤᠷᠠᠯ | ᠤᠨ ᠵᠤᠷᠢᠭ ᠰᠠᠨᠠᠭ᠎ᠠ ᠪᠤᠯᠤᠨ ᠲᠦᠪ ᠤᠨ ᠠᠯᠪᠠᠨ ᠲᠢᠩᠭᠢᠮ ᠤᠨ ᠳᠣᠷᠣᠮᠠᠯᠯᠠᠨ ᠳᠠᠷᠬᠠᠭᠠᠭᠰᠡᠨ ︽ᠣᠳᠣᠷᠢᠳᠬᠤ ᠺᠠᠳ᠋ᠷ ᠤᠨ ᠬᠠᠨᠢ ᠨᠦᠭᠦᠷ ᠦᠷ᠎ᠡ ᠬᠡᠤᠭᠡᠳ ᠵᠢᠴᠢ | ᠳᠡᠳᠡᠨ ᠤ ᠬᠠᠨᠢ ᠨᠦᠭᠦᠷ ᠤᠨ ᠬᠤᠳᠠᠯᠳᠤᠭ᠎ᠠ ᠡᠵᠡᠩᠨᠡᠵᠤ ᠠᠵᠤ ᠠᠬᠤᠶᠢᠯᠠᠯ ᠡᠷᠬᠢᠯᠡᠬᠦ ᠬᠠᠮᠢᠶᠠᠷᠤᠯᠳᠠ ᠶᠢᠨ ᠲᠤᠭᠳᠠᠭᠠᠯ︾ ᠢ ᠣᠯᠠᠮᠵᠢᠯᠠᠨ ᠰᠣᠷᠣᠯᠴᠠᠪᠠ᠃ | ᠬᠤᠷᠠᠯ ᠠᠴᠠ ᠮᠠᠨ ᠤ ᠬᠤᠲᠠ ᠶᠢᠨ ︽ᠬᠤᠶᠠᠷ ᠰᠠᠭᠤᠷᠢᠨ︾ ᠤ ᠪᠦᠳᠦᠭᠡᠨ ᠪᠠᠶᠢᠭᠤᠯᠤᠯᠳᠠ ᠶᠢᠨ ᠪᠠᠶᠢᠳᠠᠯ ᠤᠨ ᠬᠠᠷᠢᠭᠤ ᠮᠡᠳᠡᠭᠦᠯᠦᠯᠳᠡ ᠶᠢ ᠰᠣᠨᠣᠰᠴᠣ᠂ | ᠣᠯᠣᠰ ᠤᠨ ᠴᠢᠬᠤᠯᠠ ᠮᠠᠯ ᠤᠨ ᠠᠰᠢᠭ ᠰᠢᠮ᠎ᠡ ᠳᠠᠷᠢᠶᠠᠯᠠᠩ ᠤᠨ ᠪᠦᠳᠦᠭᠡᠭᠳᠡᠭᠦᠨ ᠤ ᠦᠢᠯᠡᠳᠪᠤᠷᠢᠯᠡᠯ ᠤᠨ ᠰᠠᠭᠤᠷᠢᠨ ᠢ ᠪᠦᠳᠦᠭᠡᠨ ᠪᠠᠶᠢᠭᠤᠯᠬᠤ ᠲᠤᠭᠤᠷᠢᠨ ᠳᠤ᠂ | ᠨᠢᠭᠡᠳᠣᠭᠡᠷ ᠠᠵᠤ ᠦᠢᠯᠡᠰ ᠢ ᠳᠠᠬᠢᠨ ᠱᠣᠭᠤᠬᠤ ᠲᠦᠯᠦᠪᠯᠡᠭᠡ ᠶᠢ ᠬᠦᠨᠵᠡᠭᠡᠢ ᠠᠬᠢᠭᠤᠯᠵᠤ᠂ ᠢᠮᠠᠭᠠᠨ ᠨᠣᠣᠯᠤᠭᠤᠷ᠂ ᠠᠯᠠᠰᠢᠨ ᠦᠭᠡᠷ᠂ ᠰᠠᠭᠠᠯᠢ ᠶᠢᠨ ᠦᠢᠯᠡᠰ | ᠵᠡᠷᠭᠡ ᠳᠡᠭᠡᠳᠣ ᠳᠡᠰ ᠤᠨ᠂ ᠦᠪᠡᠷᠮᠢᠴᠡ ᠣᠨᠴᠠᠯᠢᠭᠳᠣ ᠬᠦᠭᠵᠢᠯᠳᠡ ᠶᠢ ᠠᠬᠢᠭᠤᠯᠵᠤ᠂ ᠦᠨᠳᠦᠷ ᠪᠠᠷᠢᠮᠵᠢᠶᠠᠳᠣ ᠳᠠᠷᠢᠶᠠᠨ ᠭᠠᠵᠠᠷ ᠤᠨ ᠪᠦᠳᠦᠭᠡᠨ ᠪᠠᠶᠢᠭᠤᠯᠤᠯᠳᠠ | ᠶᠢ ᠳᠦᠷᠭᠡᠳᠭᠡᠭᠦ ᠬᠡᠷᠡᠭᠳᠡᠢ᠃ ᠣᠯᠣᠰ ᠤᠨ ᠴᠢᠬᠤᠯᠠᠡᠨᠧᠷᠭᠢ ᠶᠢᠨ ᠰᠣᠷᠪᠣᠯᠵᠢ ᠪᠠ ᠪᠠᠶᠢᠯᠳᠣᠬᠤ ᠪᠣᠳᠣᠯᠭ᠎ᠠ ᠶᠢᠨ ᠡᠬᠢ ᠪᠠᠶᠠᠯᠢᠭ ᠤᠨ ᠰᠠᠭᠤᠷᠢᠨ ᠢ ᠪᠦᠳᠦᠭᠡᠨ | ᠪᠠᠶᠢᠭᠤᠯᠬᠤ ᠲᠤᠭᠤᠷᠢᠨ ᠳᠤ᠂ ᠬᠤᠳᠠᠯᠳᠤᠭ᠎ᠠ ᠡᠷᠬᠢᠯᠡᠬᠦ ᠣᠷᠴᠢᠨ ᠠᠬᠤᠢ ᠶᠢ ᠦᠷᠭᠦᠯᠵᠢᠯᠡᠨ ᠰᠢᠯᠢᠳᠡᠭᠵᠢᠭᠦᠯᠵᠤ᠂ ︽ᠰᠠᠯᠬᠢ ᠬᠡᠷᠡᠯ ᠴᠡᠨᠡᠭ ᠣᠰᠣᠳᠦ᠋ᠷᠦᠭᠴᠢ | ᠬᠠᠳᠠᠭᠠᠯᠠᠬᠤ ᠳᠡᠷᠭᠡ︾ ᠶᠢᠨ ᠪᠦᠬᠦ ᠠᠵᠤ ᠦᠢᠯᠡᠰ ᠤᠨ ᠬᠡᠯᠬᠢᠶ᠎ᠡ ᠶᠢᠨ ᠬᠦᠭᠵᠢᠯᠳᠡ ᠶᠢ ᠠᠬᠢᠭᠤᠯᠵᠤ᠂ ᠣᠯᠣᠰ ᠤᠨ ᠦᠮᠴᠢᠯᠡᠯᠳᠣ ᠠᠵᠤ ᠠᠬᠤᠶᠢᠯᠠᠯ ᠢ | ᠪᠤᠶᠢᠵᠢᠭᠤᠯᠤᠨ ᠪᠤᠵᠠᠭᠠᠶᠢᠷᠠᠭᠤᠯᠵᠤ᠂ ᠲᠤᠰ ᠭᠠᠵᠠᠷ ᠣᠷᠣᠨ ᠤ ᠠᠵᠤ ᠠᠬᠤᠶᠢᠯᠠᠯ ᠤᠨ ᠬᠦᠭᠵᠢᠯᠳᠡ ᠶᠢ ᠳᠡᠮᠵᠢᠬᠦ ᠬᠡᠷᠡᠭᠳᠡᠢ ᠭᠡᠵᠤ ᠴᠢᠬᠤᠯᠠᠴᠢᠯᠠᠪᠠ᠃ | ᠬᠤᠷᠠᠯ ᠠᠴᠠ ᠦᠪᠡᠷᠳᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ ᠰᠦᠨ ᠱᠤᠤ ᠴᠧᠩ ᠤᠨ ᠬᠤᠯᠪᠤᠭᠳᠠᠯ ᠪᠦᠬᠦᠢ ᠶᠠᠷᠢᠶ᠎ᠠ ᠵᠢᠭᠠᠪᠤᠷᠢ ᠶᠢᠨ | ᠵᠤᠷᠢᠭ ᠰᠠᠨᠠᠭ᠎ᠠ ᠶᠢ ᠣᠯᠠᠮᠵᠢᠯᠠᠵᠤ᠂ ᠰᠢᠨ᠎ᠡ ᠡᠨᠧᠷᠭᠢ ᠶᠢᠨ ᠰᠣᠷᠪᠣᠯᠵᠢ ᠶᠢ ᠨᠡᠭᠡᠭᠡᠨ ᠠᠰᠢᠭᠯᠠᠬᠤ ᠠᠷᠭ᠎ᠠ ᠮᠠᠶ᠋ᠢᠭ ᠢ ᠬᠤᠪᠢᠷᠠᠭᠤᠯᠤᠨ᠂ ᠭᠠᠵᠠᠷ ᠰᠢᠷᠦᠢ ᠶᠢ | ᠡᠷᠴᠢᠮᠵᠢᠭᠦᠯᠵᠤ ᠭᠠᠮᠨᠠᠨ ᠠᠰᠢᠭᠯᠠᠬᠤ ᠶᠢ ᠠᠬᠢᠭᠤᠯᠵᠤ᠂ ᠬᠤᠳᠠᠯᠳᠤᠭ᠎ᠠ ᠡᠷᠬᠢᠯᠡᠬᠦ ᠣᠷᠴᠢᠨ ᠠᠬᠤᠢ ᠶᠢᠨ ᠲᠦᠭᠵᠢᠷᠠᠯ ᠤᠨ ᠴᠡᠭ ᠢ ᠨᠡᠪᠲᠡᠷᠡᠭᠦᠯᠦᠨ᠂ ᠠᠮᠢ ᠠᠬᠤᠢ | ᠣᠷᠴᠢᠨ ᠲᠤᠭᠤᠷᠢᠨ ᠤ ᠬᠠᠮᠠᠭᠠᠯᠠᠯᠳᠠ ᠶᠢ ᠴᠢᠩᠭᠠᠳᠬᠠᠵᠤ᠂ ᠦᠷᠢ ᠰᠢᠷᠢ᠂ ᠮᠦᠩᠭᠦᠨ ᠭᠦᠢᠯᠭᠡᠭᠡᠨ ᠤ ᠠᠶᠤᠯ ᠲᠦᠭᠰᠢᠭᠦᠷᠢ ᠶᠢ ᠰᠡᠷᠬᠡᠶᠢᠯᠡᠨ ᠨᠠᠮᠳᠠᠭᠤᠯᠵᠤ᠂ | ᠭᠠᠳᠠᠭᠰᠢᠯ ᠣᠬᠠᠭᠤᠯᠭ᠎ᠠ ᠶᠢ ᠴᠢᠩᠭᠠᠳᠬᠠᠨ᠂ ᠴᠢᠳᠠᠪᠤᠷᠢᠳᠠᠨ ᠪᠠ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠠᠵᠢᠯ ᠢ ᠰᠠᠶᠢᠳᠣᠷ ᠬᠢᠵᠤ᠂ ᠣᠯᠣᠰ | ᠤᠨ ᠦᠮᠴᠢᠯᠡᠯᠳᠣ ᠠᠵᠤ ᠠᠬᠤᠶᠢᠯᠠᠯ ᠤᠨ ᠦᠭᠡᠷᠡᠴᠢᠯᠡᠯᠳᠡ ᠬᠦᠭᠵᠢᠯᠳᠡ ᠶᠢᠨ ᠠᠯᠬᠤᠴᠠ ᠶᠢ ᠲᠦᠷᠭᠡᠳᠭᠡᠨ᠂ ᠡᠯ᠎ᠡ ᠲᠦᠷᠦᠯ ᠤᠨ ᠡᠭᠦᠷᠭᠡ ᠶᠢ ᠪᠤᠳᠠᠳᠠᠢ ᠳᠤ | ᠨᠠᠶᠢᠳᠠᠪᠤᠷᠢᠵᠢᠭᠤᠯᠬᠤ ᠶᠢ ᠦᠨᠡᠨ ᠬᠦ ᠪᠠᠳᠣᠯᠠᠬᠤ ᠬᠡᠷᠡᠭᠳᠡᠢ ᠭᠡᠵᠤ ᠴᠢᠬᠤᠯᠠᠴᠢᠯᠠᠪᠠ᠃ | ᠬᠤᠷᠠᠯ ᠠᠴᠠ ᠪᠦᠬᠦ ᠬᠤᠲᠠ ᠶᠢᠨ ᠬᠦᠳᠡᠭᠡ ᠲᠤᠰᠬᠤᠨ ᠢ ᠬᠦᠭᠵᠢᠭᠦᠯᠬᠦ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠳᠡ ᠶᠢ ᠰᠣᠨᠣᠰᠴᠣ᠂ | ᠲᠦᠯᠦᠪᠵᠢᠭᠦᠯᠭᠡ᠂ ᠨᠠᠶᠢᠳᠠᠪᠤᠷᠢᠵᠢᠭᠤᠯᠤᠯᠳᠠ᠂ ᠴᠡᠭᠴᠡᠯᠡᠨ ᠰᠠᠶᠢᠵᠢᠷᠠᠭᠤᠯᠤᠯᠳᠠ ᠶᠢ ᠬᠢᠨᠠᠮᠠᠭᠠᠢ ᠠᠳᠬᠤᠵᠤ᠂ ᠳᠠᠪᠤᠨ ᠱᠠᠳᠣᠨ ᠤ ᠱᠦᠵᠢ ᠬᠦᠳᠡᠭᠡ ᠲᠤᠰᠬᠤᠨ ᠢ | ᠬᠦᠭᠵᠢᠭᠦᠯᠬᠦ ᠠᠵᠢᠯ ᠢ ᠠᠳᠬᠤᠬᠤ ᠱᠠᠭᠠᠷᠳᠠᠯᠭ᠎ᠠ ᠶᠢ ᠨᠠᠶᠢᠳᠠᠪᠤᠷᠢᠵᠢᠭᠤᠯᠤᠨ᠂ ᠶᠠᠳᠠᠭᠤ ᠠᠴᠠ ᠠᠩᠬᠢᠵᠢᠷᠠᠭᠤᠯᠤᠨ ᠪᠤᠭᠤᠮᠳᠠ ᠰᠢᠪᠳᠦᠯᠣᠭᠰᠡᠨ ᠦᠷ᠎ᠡ ᠪᠦᠳᠦᠭᠡᠯ ᠢ | ᠪᠠᠬᠢᠵᠢᠭᠦᠯᠦᠨ ᠦᠷᠭᠡᠳᠭᠡᠬᠦ ᠪᠠ ᠬᠦᠳᠡᠭᠡ ᠲᠤᠰᠬᠤᠨ ᠢ ᠬᠦᠭᠵᠢᠭᠦᠯᠬᠦ ᠶᠢ ᠪᠦᠳᠦᠮᠵᠢᠳᠡᠢ ᠵᠤᠯᠭᠠᠭᠤᠯᠵᠤ᠂ ᠠᠵᠢᠯ ᠤᠨ ᠲᠤᠬᠢᠷᠠᠭᠤᠯᠤᠯᠳᠠ ᠶᠢ ᠴᠢᠩᠭᠠᠳᠬᠠᠨ᠂ | ᠴᠡᠭᠴᠡᠯᠡᠨ ᠰᠠᠶᠢᠵᠢᠷᠠᠭᠤᠯᠬᠤ ᠠᠬᠢᠴᠠ ᠶᠢ ᠲᠦᠷᠭᠡᠳᠭᠡᠵᠤ᠂ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠦᠨᠡᠨ ᠬᠦ ᠪᠠᠳᠣᠯᠠᠬᠤ ᠬᠡᠷᠡᠭᠳᠡᠢ ᠭᠡᠵᠤ | ᠴᠢᠬᠤᠯᠠᠴᠢᠯᠠᠪᠠ᠃ | ᠬᠤᠷᠠᠯ ᠠᠴᠠ ︽ᠲᠦᠪ ᠬᠤᠷᠢᠶ᠎ᠠ ᠪᠠ ᠦᠪᠡᠷᠳᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ | ᠠᠵᠢᠯ ᠤᠨ ᠬᠤᠷᠠᠯ ᠤᠨ ᠵᠤᠷᠢᠭ ᠰᠠᠨᠠᠭ᠎ᠠ ᠶᠢ ᠲᠤᠭᠤᠰᠢᠯᠠᠭᠤᠯᠬᠤ ᠭᠤᠤᠯᠳᠠᠯᠭ᠎ᠠ ᠲᠠᠢ ᠡᠭᠦᠷᠭᠡ ᠶᠢ ᠨᠠᠶᠢᠳᠠᠪᠤᠷᠢᠵᠢᠭᠤᠯᠬᠤ ᠲᠦᠰᠦᠯ︾᠂ ︽ᠣᠷᠳᠣᠰ ᠬᠤᠲᠠ ᠶᠢᠨ | ᠬᠠᠳᠣᠨ ᠭᠤᠤᠯ ᠤᠨ ᠭᠤᠤᠯ ᠤᠨ ᠵᠠᠮ ᠤᠨ ᠬᠠᠮᠢᠶᠠᠷᠤᠯᠳᠠ ᠶᠢᠨ ᠳᠦᠷᠢᠮ ︵ᠲᠦᠰᠦᠯ ᠳᠤ ᠵᠠᠰᠠᠪᠤᠷᠢ ᠣᠷᠣᠭᠤᠯᠤᠭᠰᠡᠨ ᠨᠤᠤᠷᠠᠭ︶︾ ᠢ ᠰᠣᠳᠣᠯᠣᠭᠰᠡᠨ ᠪᠠᠶᠢᠨ᠎ᠠ᠃ | | ᠬᠤᠷᠠᠯ ᠠᠴᠠ ᠪᠦᠬᠦ ᠣᠯᠣᠰ ᠤᠨ ᠳᠣᠳᠣᠭᠠᠳᠣ ᠶᠢ ᠬᠠᠮᠠᠯᠠᠭᠠᠬᠤ ᠰᠢᠰᠲ᠋ᠧᠮ ᠤᠨ ᠪᠠᠭᠠᠳᠣᠷ ᠵᠢᠱᠢᠶᠡᠴᠢ ᠭᠠᠪᠢᠶ᠎ᠠ ᠪᠠᠶᠢᠭᠤᠯᠤᠭᠰᠡᠨ ᠬᠠᠮᠳᠣ ᠨᠡᠶᠢᠳᠡ ᠶᠢ | ᠬᠦᠭᠢᠭᠦᠯᠦᠨ ᠰᠠᠶᠢᠰᠢᠶᠠᠬᠤ ᠶᠡᠭᠡ ᠬᠤᠷᠠᠯ ᠤᠨ ᠵᠤᠷᠢᠭ ᠰᠠᠨᠠᠭ᠎ᠠ ᠶᠢ ᠣᠯᠠᠮᠵᠢᠯᠠᠵᠤ᠂ ᠪᠦᠬᠦ ᠬᠤᠲᠠ ᠶᠢᠨ ᠳᠣᠳᠣᠭᠠᠳᠣ ᠶᠢ ᠬᠠᠮᠠᠭᠠᠯᠠᠬᠤ ᠠᠵᠢᠯ ᠤᠨ ᠪᠠᠶᠢᠳᠠᠯ ᠤᠨ | ᠲᠤᠬᠠᠢ ᠬᠠᠷᠢᠭᠤ ᠮᠡᠳᠡᠭᠦᠯᠦᠯᠳᠡ ᠶᠢ ᠰᠣᠨᠣᠰᠴᠣ᠂ ᠳᠣᠳᠣᠭᠠᠳᠣ ᠶᠢ ᠬᠠᠮᠠᠭᠠᠯᠠᠬᠤ ᠠᠵᠢᠯ ᠳᠠᠬᠢ ᠨᠠᠮ ᠤᠨ ᠬᠠᠷᠢᠴᠠᠯᠠᠰᠢ ᠦᠭᠡᠢ ᠣᠳᠣᠷᠢᠳᠣᠯᠭ᠎ᠠ ᠶᠢ ᠪᠠᠷᠢᠮᠳᠠᠯᠠᠨ | ᠴᠢᠩᠭᠠᠳᠬᠠᠵᠤ᠂ ᠠᠷᠠᠳ ᠲᠦᠮᠡᠨ ᠢᠶᠠᠷ ᠭᠤᠤᠯ ᠪᠤᠯᠭᠠᠬᠤ ᠬᠦᠭᠵᠢᠯᠳᠡ ᠶᠢᠨ ᠦᠵᠡᠯ ᠰᠠᠨᠠᠭ᠎ᠠ ᠶᠢ ᠪᠠᠳᠣ ᠪᠠᠬᠢ ᠪᠤᠢ ᠪᠤᠯᠭᠠᠵᠤ᠂ ᠭᠠᠵᠠᠷ ᠣᠷᠣᠨ ᠤ ᠠᠮᠤᠷ | ᠠᠮᠤᠭᠤᠯᠠᠩ ᠢ ᠪᠠᠳᠣ ᠰᠠᠬᠢᠬᠤ᠂ ᠭᠠᠵᠠᠷ ᠣᠷᠣᠨ ᠤ ᠲᠤᠭᠳᠠᠭᠤᠨ ᠪᠠᠶᠢᠳᠠᠯ ᠢ ᠬᠠᠮᠠᠭᠠᠯᠠᠬᠤ ᠬᠠᠷᠢᠭᠤᠴᠠᠯᠭ᠎ᠠ ᠶᠢ ᠡᠭᠦᠷᠭᠡᠯᠡᠨ᠂ ᠨᠡᠩ ᠦᠨᠳᠦᠷ ᠬᠢᠷᠢ ᠲᠦᠪᠰᠢᠨ | ᠪᠦᠬᠦᠢ ᠠᠮᠤᠭᠤᠯᠠᠩᠳᠣ ᠣᠷᠳᠣᠰ ᠢ ᠪᠦᠳᠦᠭᠡᠨ ᠪᠠᠶᠢᠭᠤᠯᠵᠤ᠂ ᠨᠠᠮ ᠤᠨ ᠬᠤᠷᠢᠳᠣᠭᠠᠷ ᠶᠡᠭᠡ ᠬᠤᠷᠠᠯ ᠤᠨ ᠠᠮᠵᠢᠯᠳᠠ ᠲᠠᠢ ᠬᠤᠷᠠᠯᠳᠣᠬᠤ ᠳᠤ ᠠᠮᠤᠷ ᠲᠦᠪᠰᠢᠨ | ᠲᠤᠭᠳᠠᠭᠤᠨ ᠣᠷᠴᠢᠨ ᠲᠤᠭᠤᠷᠢᠨ ᠢ ᠪᠤᠢ ᠪᠤᠯᠭᠠᠬᠤ ᠬᠡᠷᠡᠭᠳᠡᠢ ᠭᠡᠵᠤ ᠴᠢᠬᠤᠯᠠᠴᠢᠯᠠᠪᠠ᠃ | ᠬᠤᠷᠠᠯ ᠠᠴᠠ ᠪᠠᠰᠠ ᠪᠤᠰᠣᠳ ᠣᠴᠢᠷ ᠶᠠᠪᠤᠳᠠᠯ ᠤᠳ ᠢ ᠰᠣᠳᠣᠯᠵᠡᠢ᠃ |