| ᠤᠶᠢᠷ᠎ᠠ ᠶᠢᠨ ᠵᠢᠯ ᠠᠴᠠ ᠨᠠᠭᠠᠰᠢ᠂ ᠣᠲᠤᠭ ᠤᠨ ᠡᠮᠦᠨᠡᠲᠦ ᠬᠤᠰᠢᠭᠤ ᠭᠠᠴᠠᠭ᠎ᠠ ᠳᠤᠰᠬᠤᠨ ᠤ ᠬᠠᠮᠲᠤ ᠶᠢᠨ ᠠᠵᠤ ᠠᠬᠤᠶ ᠶᠢ ᠬᠥᠭᠵᠢᠭᠦᠯᠦᠨ | ᠪᠤᠵᠠᠭᠠᠢᠷᠠᠭᠤᠯᠬᠤ ᠶᠢ ᠨᠠᠮ ᠤᠨ ᠪᠠᠶᠢᠭᠤᠯᠤᠯᠳᠠ ᠶᠢ ᠠᠳᠬᠤᠵᠦ ᠬᠥᠳᠡᠭᠡ ᠳᠤᠰᠬᠤᠨ ᠢ ᠬᠥᠭᠵᠢᠭᠦᠯᠭᠦ ᠶᠢ ᠠᠬᠢᠭᠤᠯᠬᠤ ᠴᠢᠬᠤᠯᠠ ᠭᠠᠷᠳᠠᠴᠠ ᠪᠣᠯᠭᠠᠬᠤ ᠶᠢ | ᠪᠠᠷᠢᠮᠲᠠᠯᠠᠨ᠂ ᠬᠠᠮᠲᠤ ᠶᠢᠨ ᠠᠵᠤ ᠠᠬᠤᠶ ᠶᠢᠨ ᠠᠵᠢᠯᠯᠠᠭᠠᠨ ᠤ ᠰᠢᠨ᠎ᠡ ᠬᠡᠪ ᠵᠠᠭᠪᠤᠷ ᠢ ᠢᠳᠡᠪᠬᠢᠲᠡᠶ ᠪᠠᠷ ᠬᠠᠶᠢᠨ ᠰᠦᠪᠡᠭᠴᠢᠯᠡᠵᠦ᠂ ᠡᠬᠢ ᠪᠠᠶᠠᠯᠢᠭ ᠤᠨ | ᠳᠠᠪᠠᠭᠤᠯᠢᠭ ᠳᠠᠭᠠᠨ ᠰᠠᠭᠤᠷᠢᠯᠠᠨ᠂ ᠲᠤᠬᠠᠶ ᠶᠢᠨ ᠭᠠᠵᠠᠷ ᠣᠷᠣᠨ ᠤ ᠪᠠᠶᠢᠳᠠᠯ ᠳᠤᠨᠢ ᠳᠣᠭᠢᠷᠠᠭᠤᠯᠤᠨ᠂ ᠤᠨᠴᠠᠯᠢᠬᠳᠤ ᠠᠵᠤ ᠦᠢᠯᠡᠰ ᠢ ᠶᠡᠭᠡ ᠪᠠᠷ ᠬᠥᠭᠵᠢᠭᠦᠯᠵᠦ᠂ | ᠭᠠᠴᠠᠭ᠎ᠠ ᠲᠤᠰᠬᠤᠨ ᠤ ᠬᠠᠮᠳᠤ ᠶᠢᠨ ᠠᠵᠤ ᠠᠬᠤᠢ ᠶᠢᠨ ᠪᠤᠳᠠᠳᠤ ᠭᠦᠴᠦᠨ ᠢ ᠴᠢᠩᠭᠠᠷᠠᠭᠤᠯᠪᠠ᠃ | ᠭᠠᠴᠠᠭ᠎ᠠ ᠲᠤᠰᠬᠤᠨ ᠤ ᠠᠵᠤ ᠦᠢᠯᠡᠰ ᠢ ᠭᠦᠭᠵᠢᠭᠦᠯᠭᠦ ᠪᠠᠷ ᠭᠦᠴᠦᠯᠡᠪᠡ᠃ ︽ᠨᠠᠮ ᠤᠨ ᠡᠭᠦᠷ ᠠᠴᠠ ᠠᠵᠤ ᠠᠬᠤᠢᠯᠠᠯ ᠢ ᠭᠦᠳᠦᠯᠦᠨ ᠵᠢᠯᠤᠭᠤᠳᠬᠤ᠂ | ᠠᠵᠤ ᠠᠬᠤᠢᠯᠠᠯ ᠨᠢ ᠠᠵᠤ ᠦᠢᠯᠡᠰ ᠢ ᠭᠦᠭᠵᠢᠭᠦᠯᠭᠦ᠂ | ᠠᠵᠤ ᠦᠢᠯᠡᠰ ᠢᠶᠠᠷ ᠮᠠᠯᠴᠢᠨ ᠲᠠᠷᠢᠶᠠᠴᠢᠨ ᠡᠷᠦᠬᠡ ᠶᠢ ᠬᠤᠯᠪᠣᠬᠤ︾ ᠬᠡᠪ ᠵᠠᠭᠪᠤᠷ ᠢ ᠢᠳᠡᠪᠬᠢᠲᠡᠶ ᠬᠡᠷᠡᠭᠵᠢᠭᠦᠯᠵᠦ᠂ ᠲᠤᠯᠤᠭᠠᠶᠢᠯᠠᠬᠤ ᠠᠵᠤ ᠠᠬᠤᠢᠯᠠᠯ ᠢ | ᠣᠷᠣᠭᠤᠯᠤᠨ ᠠᠪᠴᠢᠷᠠᠬᠤ ᠪᠠᠷ ᠳᠠᠮᠵᠢᠭᠤᠯᠤᠨ ᠯᠠᠵᠤᠤ | ᠳᠠᠷᠢᠬᠤ᠂ ᠢᠳᠡᠰᠢᠨ ᠨᠤᠭᠤᠭ᠎ᠠ ᠬᠠᠲᠠᠭᠠᠬᠤ᠂ ᠡᠭᠦᠯᠳᠡᠷ ᠤᠨ ᠮᠠᠯ ᠢ ᠲᠡᠵᠢᠭᠡᠨ ᠪᠣᠷᠣᠯᠠᠭᠤᠯᠬᠤ ᠵᠡᠷᠭᠡ ᠤᠨᠴᠠᠯᠢᠭᠳᠤ ᠠᠵᠤ ᠦᠢᠯᠡᠰ ᠢ ᠶᠡᠭᠡ ᠪᠠᠷ ᠬᠥᠭᠵᠢᠭᠦᠯᠵᠦ᠂ | ᠭᠡᠪᠴᠢᠶᠡᠵᠢᠭᠰᠡᠨ᠂ ᠡᠷᠴᠢᠮᠵᠢᠭᠰᠡᠨ ᠳᠠᠷᠢᠵᠤ | ᠤᠷᠭᠤᠭᠤᠯᠬᠤ ᠠᠵᠤ ᠦᠢᠯᠡᠰ ᠤᠨ ᠬᠡᠯᠬᠢᠶ᠎ᠡ ᠶᠢ ᠪᠣᠶ ᠪᠣᠯᠭᠠᠵᠤ᠂ ᠠᠵᠤ ᠠᠬᠤᠢᠯᠠᠯ᠂ ᠬᠠᠮᠲᠤ ᠶᠢᠨ ᠠᠵᠤ ᠠᠬᠤᠢ᠂ ᠮᠠᠯᠴᠢᠨ ᠲᠠᠷᠢᠶᠠᠴᠢᠨ ᠡᠷᠦᠬᠡ ᠭᠤᠷᠪᠠᠨ | ᠲᠠᠯ᠎ᠠ ᠪᠠᠷ ᠢᠶᠠᠨ ᠬᠠᠮᠲᠤ ᠪᠠᠷ ᠠᠰᠢᠭ ᠭᠥᠷᠳᠡᠬᠦ ᠰᠠᠶᠢᠨ ᠰᠠᠶᠢᠬᠠᠨ ᠪᠠᠶᠢᠳᠠᠯ ᠢ ᠪᠣᠶ ᠪᠣᠯᠭᠠᠪᠠ᠃ | ᠭᠠᠴᠠᠭ᠎ᠠ ᠲᠤᠰᠬᠤᠨ ᠤ ᠬᠤᠯᠪᠤᠭᠠᠯᠡᠨ ᠭᠦᠭᠵᠢᠭᠦᠯᠭᠦ ᠬᠡᠪ ᠵᠠᠬᠪᠤᠷ ᠢ ᠬᠡᠷᠡᠭᠵᠢᠭᠦᠯᠪᠠ᠃ ᠨᠠᠮ ᠤᠨ ᠵᠣᠬᠢᠶᠠᠨ ᠪᠠᠢᠭᠤᠯᠤᠯᠲᠠ ᠶᠢᠨ ᠬᠤᠯᠪᠣᠭᠠᠲᠤ ᠴᠤᠭᠴᠠ ᠶᠢ | ᠪᠠᠢᠭᠤᠯᠬᠤ ᠪᠠᠷ ᠳᠡᠮᠵᠢᠭᠤᠯᠤᠨ᠂ ᠭᠦᠭᠵᠢᠯᠳᠡ ᠪᠠᠷ ᠪᠠᠭᠤᠷᠠᠶ ᠭᠠᠴᠠᠭ᠎ᠠ ᠳᠤᠰᠬᠤᠨ ᠤ ᠭᠠᠵᠠᠷ ᠰᠢᠷᠣᠢ᠂ ᠲᠥᠷᠥᠯ ᠵᠦᠢᠯ ᠤᠨ ᠪᠠᠯᠠ ᠮᠥᠩᠭᠦ᠂ ᠳᠤᠭᠳᠠᠮᠠᠯ ᠬᠥᠷᠥᠩᠭᠡ | ᠵᠡᠷᠭᠡ ᠶᠢ ᠨᠢᠭᠡᠳᠦᠯᠲᠡᠶ ᠲᠥᠯᠥᠪᠵᠢᠭᠦᠯᠵᠦ᠂ ᠲᠠᠷᠠᠬᠠᠶ ᠪᠤᠳᠠᠷᠬᠠᠢ ᠡᠵᠡᠩᠨᠡᠯᠳᠡ ᠭᠢᠵᠤ ᠪᠠᠶᠢᠭ᠎ᠠ ᠭᠠᠴᠠᠭ᠎ᠠ ᠳᠤᠰᠬᠤᠨ ᠢ ᠵᠣᠬᠢᠶᠠᠨ ᠪᠠᠢᠭᠤᠯᠵᠤ᠂ ᠬᠤᠯᠪᠤᠭᠠᠯᠡᠨ | ᠭᠦᠭᠵᠢᠭᠦᠯᠭᠦ ᠲᠡᠢᠰᠢ ᠬᠤᠪᠢᠷᠠᠭᠤᠯᠪᠡ᠃ ᠶᠠᠩ ᠴᠠᠩ ᠬᠤᠤ᠂ ᠬᠤᠸᠠᠩ ᠬᠠᠶ ᠽᠢ ᠵᠡᠷᠭᠡ 5 ᠭᠠᠴᠠᠭ᠎ᠠ ᠳᠤᠰᠬᠤᠨ 250 ᠲᠦᠮᠡᠨ ᠲᠥᠭᠦᠷᠢᠭ ᠤᠨ ᠲᠥᠷᠥᠯ | ᠵᠦᠢᠯ ᠤᠨ ᠪᠠᠯᠠ ᠮᠥᠩᠭᠦ ᠶᠢ ᠠᠰᠢᠭᠯᠠᠨ ᠬᠥᠭᠡᠰᠦᠷᠬᠡᠭ ᠬᠠᠶᠢᠷᠴᠠᠭ ᠤᠨ ᠦᠢᠯᠡᠳᠪᠤᠷᠢ ᠶᠢ ᠬᠠᠮᠲᠤᠷᠠᠨ ᠪᠠᠢᠭᠤᠯᠵᠤ᠂ ᠨᠠᠮ ᠤᠨ ᠪᠠᠢᠭᠤᠯᠤᠯᠲᠠ᠂ ᠦᠢᠯᠡᠴᠢᠯᠡᠭᠡ᠂ | ᠤᠷᠤᠯᠭ᠎ᠠ ᠶᠢ ᠨᠡᠮᠡᠭᠳᠡᠭᠦᠯᠬᠦ ᠭᠤᠷᠪᠠᠨ ᠲᠠᠪᠴᠠᠩ ᠢ ᠪᠠᠢᠭᠤᠯᠬᠤ ᠪᠠᠷ ᠳᠠᠮᠵᠢᠭᠤᠯᠤᠨ᠂ ᠠᠵᠤ ᠦᠢᠯᠡᠰ ᠲᠠᠷᠠᠬᠠᠶ ᠪᠤᠲᠠᠷᠬᠠᠶ᠂ ᠬᠠᠮᠲᠤ ᠶᠢᠨ ᠠᠵᠤ ᠠᠬᠤᠶ ᠪᠠᠭᠤᠷᠠᠶ | ᠪᠠᠶᠢᠬᠤ ᠠᠰᠠᠭᠤᠳᠠᠯ ᠢ ᠪᠦᠲᠦᠮᠵᠢᠲᠡᠶ ᠰᠢᠢᠳᠪᠤᠷᠢᠯᠡᠪᠡ᠃ 2021 ᠣᠨ ᠳᠤ᠂ 5 ᠭᠠᠴᠠᠭ᠎ᠠ ᠳᠤᠰᠬᠤᠨ ᠤ ᠬᠠᠮᠲᠤ ᠶᠢᠨ ᠠᠵᠤ ᠠᠬᠤᠶ ᠶᠢᠨ ᠤᠷᠤᠯᠭ᠎ᠠ ᠨᠢ | ᠤᠤᠯ ᠤᠨ 5 ᠲᠦᠮᠡᠨ ᠲᠥᠭᠦᠷᠢᠭ ᠬᠥᠷᠬᠦ ᠦᠬᠡᠶ ᠪᠠᠶᠢᠭᠰᠠᠨ ᠠᠴᠠ ᠪᠠᠨ ᠳᠤᠮᠳᠠᠴᠢ ᠪᠠᠷ 10 ᠲᠦᠮᠡᠨ ᠲᠥᠭᠦᠷᠢᠭ ᠠᠴᠠ ᠳᠡᠭᠡᠭᠰᠢ | ᠪᠣᠯᠵᠣ ᠨᠡᠮᠡᠭᠳᠡᠪᠡ᠃ | ᠣᠲᠤᠭ ᠤᠨ ᠡᠮᠦᠨᠡᠳᠦ ᠬᠤᠰᠢᠭᠤ ᠦᠢᠯᠡᠳᠪᠦᠷᠢ ᠠᠭᠤᠷᠬᠠᠶ ᠵᠢᠨᠠᠵᠤ ᠠᠬᠤᠢᠯᠠᠯ ᠤᠨ ᠭᠠᠵᠠᠷ ᠵᠦᠶ ᠶᠢᠨ ᠳᠠᠪᠠᠭᠤᠯᠢᠭ ᠲᠤ ᠰᠠᠭᠤᠷᠢᠯᠠᠨ᠂ ᠨᠠᠮ ᠤᠨ | ᠪᠠᠢᠭᠤᠯᠤᠯᠲᠠ ᠪᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠨᠠᠷᠢᠯᠢᠭ ᠣᠨᠣᠴᠠᠲᠠᠶ ᠪᠠᠷ ᠲᠥᠷᠥ ᠶᠢᠨ ᠪᠤᠳᠤᠯᠭ᠎ᠠ ᠶᠢ ᠬᠡᠷᠡᠭᠵᠢᠭᠦᠯᠦᠨ᠂ ᠬᠥᠳᠡᠯᠮᠦᠷᠢ | ᠦᠢᠯᠡᠴᠢᠯᠡᠭᠡᠨ ᠤ ᠬᠤᠷᠰᠢᠶᠠᠵᠢᠯ ᠢ ᠪᠠᠶᠢᠭᠤᠯᠬᠤ ᠪᠤᠶᠤ ᠬᠥᠳᠡᠯᠮᠦᠷᠢ ᠦᠢᠯᠡᠴᠢᠯᠡᠭᠡᠨ ᠤ ᠺᠣᠮᠫᠠᠨᠢ ᠪᠠᠶᠢᠭᠤᠯᠬᠤ ᠪᠠᠷ ᠳᠠᠮᠵᠢᠭᠤᠯᠵᠤ᠂ ᠶᠡᠷᠦᠩᠬᠡᠢᠯᠡᠭᠰᠡᠨ | ᠦᠢᠯᠡᠴᠢᠯᠡᠭᠡᠨ ᠤ ᠣᠷᠣᠯᠠᠨ ᠭᠦᠢᠴᠡᠳᠭᠡᠬᠦ ᠭᠠᠵᠠᠷ ᠢ ᠡᠭᠦᠳᠦᠨ ᠪᠠᠢᠭᠤᠯᠵᠤ᠂ ᠪᠠᠷᠠᠭ᠎ᠠ ᠲᠡᠭᠡᠭᠡᠪᠦᠷᠢᠯᠡᠬᠦ ᠳᠡᠷᠭᠡ ᠠᠩᠭᠢ ᠶᠢ ᠵᠣᠬᠢᠶᠠᠨ ᠪᠠᠢᠭᠤᠯᠵᠤ᠂ ᠴᠠᠬᠢᠯᠭᠠᠨ | ᠦᠢᠯᠡᠳᠪᠤᠷᠢ᠂ ᠨᠡᠭᠦᠷᠡᠰᠦᠨ ᠠᠭᠤᠷᠬᠠᠶ᠂ ᠬᠢᠮᠢ ᠶᠢᠨ ᠠᠵᠤ ᠦᠢᠯᠡᠳᠪᠤᠷᠢ ᠵᠡᠷᠭᠡ ᠠᠵᠤ ᠦᠢᠯᠡᠳᠪᠤᠷᠢ ᠶᠢᠨ ᠠᠵᠤ ᠠᠬᠤᠶᠢᠯᠠᠯ ᠯᠤᠭ᠎ᠠ ᠬᠠᠮᠲᠤᠷᠠᠯᠴᠠᠭᠠᠨ ᠤ | ᠬᠠᠷᠢᠴᠠᠭ᠎ᠠ ᠪᠠᠢᠭᠤᠯᠵᠤ᠂ ᠴᠢᠨᠠᠷ ᠰᠠᠶᠢᠳᠠᠢ ᠬᠥᠳᠡᠯᠮᠦᠷᠢ ᠶᠢᠨ ᠦᠢᠯᠡᠴᠢᠯᠡᠭᠡ ᠬᠠᠨᠭ᠍ᠭᠠᠨ᠂ ᠠᠵᠤ ᠠᠬᠤᠢᠯᠠᠯ ᠤᠨ ᠦᠢᠯᠡᠳᠪᠤᠷᠢ ᠡᠵᠡᠩᠨᠡᠯᠳᠡ ᠳᠤ ᠴᠢᠨᠠᠷ ᠰᠠᠶᠢᠲᠠᠢ | ᠬᠠᠪᠰᠤᠷᠤᠨ ᠭᠦᠢᠴᠡᠳᠬᠡᠬᠦ ᠣᠷᠣᠯᠠᠨ ᠭᠦᠢᠴᠡᠳᠬᠡᠬᠦ ᠦᠢᠯᠡᠴᠢᠯᠡᠭᠡ ᠬᠠᠩᠭᠠᠵᠤ᠂ ᠭᠠᠴᠠᠭ᠎ᠠ ᠳᠤᠰᠬᠤᠨ ᠤ ᠬᠠᠮᠲᠤ ᠶᠢᠨ ᠠᠵᠤ ᠠᠬᠤᠶ ᠶᠢᠨ ᠤᠷᠤᠯᠭ᠎ᠠ ᠶᠢ | ᠨᠡᠮᠡᠭᠳᠡᠭᠦᠯᠪᠡ᠃ 2021 ᠣᠨ ᠳᠤ ᠱᠠᠩᠬᠠᠢ ᠶᠢᠨ ᠰᠦᠮ᠎ᠡ ᠪᠠᠯᠭᠠᠰᠤᠨ ᠤ ᠱᠠᠭᠠᠵᠠᠩᠳᠤ ᠳᠤᠰᠬᠤᠨ ᠤ ᠰᠢᠨ ᠾᠧ ᠪᠠᠷᠠᠭᠠᠨ ᠤ ᠲᠡᠭᠡᠭᠡᠪᠦᠷᠢ ᠶᠢᠨ ᠺᠣᠮᠫᠠᠨᠢ ᠰᠢᠨ | ᠺᠤᠸᠠᠩ ᠥᠪᠥᠷ ᠮᠣᠩᠭᠤᠯ ᠤᠨ ᠡᠨᠧᠷᠬᠢ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠬᠠᠷᠢᠶᠠᠨ ᠲᠠᠬᠢ ᠬᠤᠶᠠᠳᠤᠭᠠᠷ ᠠᠭᠤᠷᠬᠠᠢ᠂ ᠲᠠᠪᠤᠳᠤᠭᠠᠷ ᠠᠭᠤᠷᠬᠠᠢ᠂ | ᠵᠢᠷᠭᠤᠳᠤᠭᠠᠷ ᠠᠭᠤᠷᠬᠠᠢ ᠲᠠᠢ ᠬᠠᠮᠲᠤᠷᠠᠯᠴᠠᠭᠠᠨ ᠤ ᠬᠠᠷᠢᠴᠠᠭ᠎ᠠ ᠪᠠᠢᠭᠤᠯᠪᠠ᠃ ᠠᠵᠤ ᠠᠬᠤᠢᠯᠠᠯ ᠳᠤ ᠡᠳ᠋ ᠪᠠᠷᠠᠭ᠎ᠠ ᠲᠡᠭᠡᠭᠡᠪᠦᠷᠢᠯᠡᠬᠦ ᠶᠢ ᠣᠷᠣᠯᠠᠨ ᠭᠦᠢᠴᠡᠳᠬᠡᠬᠦ | ᠦᠢᠯᠡᠴᠢᠯᠡᠭᠡ ᠬᠠᠩᠭᠠᠵᠤ᠂ ᠭᠠᠴᠠᠭ᠎ᠠ ᠳᠤᠰᠬᠤᠨ ᠤ ᠬᠠᠮᠲᠤ ᠶᠢᠨ ᠠᠵᠤ ᠠᠬᠤᠶ ᠶᠢᠨ ᠤᠷᠤᠯᠭ᠎ᠠ ᠶᠢ 5 ᠲᠦᠮᠡᠨ ᠲᠥᠭᠦᠷᠢᠭ ᠨᠡᠮᠡᠭᠳᠡᠭᠦᠯᠦᠭᠰᠡᠨ ᠤ ᠬᠠᠮᠲᠤ ᠬᠤᠪᠢ | ᠤᠷᠤᠭᠤᠯᠤᠭᠰᠠᠨ ᠳᠤᠰᠬᠤᠨ ᠤ ᠠᠷᠠᠳ ᠨᠢᠭᠡᠨᠲᠡ ᠭᠤᠷᠪᠠᠨ ᠵᠢᠯ ᠳᠠᠷᠠᠭᠠᠯᠠᠨ ᠠᠰᠢᠭ ᠣᠯᠵᠠᠪᠤᠷᠢ ᠶᠢᠨ ᠬᠤᠪᠢᠶᠠᠷᠢᠯᠠᠯᠲᠠ ᠣᠯᠵᠤ᠂ 2021 ᠤᠨ ᠤ ᠠᠰᠢᠭ | ᠣᠯᠵᠠᠪᠤᠷᠢ ᠶᠢᠨ ᠬᠤᠪᠢᠶᠠᠷᠢᠯᠠᠯᠲᠠ ᠤᠤᠯ ᠤᠨ1000 ᠲᠥᠭᠦᠷᠢᠭ ᠪᠠᠶᠢᠭᠰᠠᠨ ᠠᠴᠠ ᠪᠠᠨ ᠨᠡᠮᠡᠭᠳᠡᠭᠡᠳ 5000 ᠲᠥᠭᠦᠷᠢᠭ ᠲᠤ | ᠬᠦᠷᠴᠤ᠂ 2022 ᠣᠨ ᠳᠤ ᠳᠤᠰᠬᠤᠨ ᠤ ᠬᠠᠮᠲᠤ ᠶᠢᠨ ᠠᠵᠤ ᠠᠬᠤᠶ ᠶᠢᠨ ᠤᠷᠤᠯᠭ᠎ᠠ ᠵᠢᠱᠢᠯᠲᠡ ᠪᠠᠷ100 ᠲᠦᠮᠡᠨ ᠳᠦᠭᠦᠷᠢᠭ ᠠᠴᠠ ᠳᠡᠭᠡᠭᠰᠢ ᠳᠤ ᠬᠦᠷᠬᠦ | ᠪᠤᠯᠤᠨ᠎ᠠ᠃ | |