ᠱᠧ ᠰᠢ ᠸᠧᠨ
ᠨᠡᠶᠢᠲᠡᠯᠡᠭᠰᠡᠨ ᠴᠠᠭ᠄
2022/7/5
ᠬᠤᠪᠢᠶᠠᠷᠢᠯᠡᠨ ᠬᠠᠮᠢᠶᠠᠷᠴᠤ ᠪᠠᠶᠢᠭ᠎ᠠ ᠠᠵᠢᠯ      ᠵᠤᠬᠢᠶᠠᠨ ᠪᠠᠶᠢᠭᠤᠯᠬᠤ᠂ ᠺᠠᠳ᠋ᠷ᠂ ᠤᠷᠤᠨ ᠲᠤᠭ᠎ᠠ᠂ ᠴᠢᠳᠠᠪᠤᠷᠢᠳᠠᠨ ᠤ ᠠᠵᠢᠯ ᠢ ᠬᠠᠷᠢᠭᠤᠴᠠᠵᠤ᠂ ᠬᠤᠳᠠ ᠶᠢᠨ ᠨᠠᠮ ᠤᠨ ᠬᠤᠷᠢᠶ᠎ᠠ ᠶᠢᠨ ᠵᠤᠬᠢᠶᠠᠨ ᠪᠠᠶᠢᠭᠤᠯᠬᠤ ᠬᠡᠯᠳᠡᠰ ᠤᠨ ᠪᠦᠬᠦ ᠲᠠᠯ᠎ᠠ ᠶᠢᠨ ᠠᠵᠢᠯ ᠢ ᠡᠷᠬᠢᠯᠡᠵᠤ᠂ ᠪᠠᠶᠢᠭᠤᠯᠤᠮᠵᠢ ᠤᠷᠤᠨ ᠲᠤᠭᠠᠨ ᠤ ᠵᠦᠪᠯᠡᠯ ᠤᠨ ᠠᠯᠪᠠᠨ ᠭᠡᠷ᠂ ᠠᠬᠠᠮᠠᠳ ᠺᠠᠳ᠋ᠷᠴᠤᠳ ᠤᠨ ᠲᠤᠪᠴᠢᠶ᠎ᠠ ᠶᠢ ᠬᠤᠪᠢᠶᠠᠷᠢᠯᠡᠨ ᠬᠠᠮᠢᠶᠠᠷᠤᠨ᠎ᠠ      ᠱᠧ ᠰᠢ ᠸᠧᠨ᠂ ᠡᠷᠡᠭᠳᠡᠢ᠂ ᠬᠢᠳᠡᠳ ᠦᠨᠳᠤᠰᠤᠳᠡᠨ᠂1967 ᠤᠨ ᠤ 12 ᠰᠠᠷ᠎ᠠ ᠲᠤ ᠲᠦᠷᠤᠪᠠ᠂ ᠭᠠᠨᠰᠤ ᠮᠤᠵᠢ ᠵᠧᠨ ᠶᠤᠸᠠᠨ ᠤ ᠭᠦᠮᠤᠨ᠂ ᠪᠠᠷᠠᠭᠤᠨ ᠬᠤᠶᠢᠳᠤ ᠶᠢᠨ ᠪᠠᠭᠰᠢ ᠶᠢᠨ ᠶᠡᠭᠡ ᠰᠤᠷᠭᠠᠭᠤᠯᠢ ᠶᠢᠨ ᠰᠤᠷᠤᠯᠭ᠎ᠠ ᠶᠢᠨ ᠨᠠᠮᠳᠠᠷ ᠲᠠᠢ᠂ ᠲᠦᠪ ᠬᠤᠷᠢᠶ᠎ᠠ ᠶᠢᠨ ᠨᠠᠮ ᠤᠨ ᠰᠤᠷᠭᠠᠭᠤᠯᠢ ᠶᠢᠨ ᠬᠠᠤᠯᠢ ᠴᠠᠭᠠᠵᠠ ᠶᠢᠨ ᠰᠤᠳᠤᠯᠬᠤ ᠰᠤᠷᠤᠭᠴᠢ᠂ 1991 ᠤᠨ ᠤ 12 ᠰᠠᠷ᠎ᠠ ᠳᠤ ᠲᠤᠮᠳᠠᠳᠤ ᠤᠯᠤᠰ ᠤᠨ ᠡᠪ  ᠬᠠᠮᠳᠤ ᠨᠠᠮ ᠳᠤ ᠤᠷᠤᠵᠤ᠂ 1987 ᠤᠨ ᠤ 8 ᠰᠠᠷ᠎ᠠ ᠳᠤ ᠠᠵᠢᠯ ᠳᠤ ᠤᠷᠤᠯᠴᠠᠪᠠ᠃ ᠤᠳᠤ ᠤᠷᠳᠤᠰ ᠬᠤᠳᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠵᠤᠬᠢᠶᠠᠨ ᠪᠠᠶᠢᠭᠤᠯᠬᠤ ᠬᠡᠯᠳᠡᠰ ᠤᠨ ᠲᠠᠷᠤᠭ᠎ᠠ ᠶᠢᠨ ᠲᠤᠰᠢᠶᠠᠯ ᠢ ᠬᠠᠷᠢᠭᠤᠴᠠᠵᠤ ᠪᠠᠶᠢᠨ᠎ᠠ᠃      1983 ᠤᠨ ᠤ 9 ᠰᠠᠷ᠎ᠠ ᠠᠴᠠ 1987 ᠤᠨ ᠤ 7 ᠰᠠᠷ᠎ᠠ ᠪᠤᠯᠳᠠᠯ᠎ᠠ   ᠭᠠᠨᠰᠤ ᠮᠤᠵᠢ ᠶᠢᠨ ᠴᠢᠩᠶᠠᠩ ᠶᠢᠨ ᠪᠠᠭᠰᠢ ᠶᠢᠨ ᠲᠡᠭᠡᠳᠤ ᠰᠤᠷᠭᠠᠭᠤᠯᠢ ᠳᠤ ᠰᠤᠷᠤᠯᠴᠠᠵᠤ ᠪᠠᠶᠢᠪᠠ      1987 ᠤᠨ ᠤ 7 ᠰᠠᠷ᠎ᠠ ᠠᠴᠠ 1987 ᠤᠨ ᠤ 8 ᠰᠠᠷ᠎ᠠ ᠪᠤᠯᠳᠠᠯ᠎ᠠ ᠠᠵᠢᠯ ᠬᠤᠪᠢᠶᠠᠷᠢᠯᠠᠯᠳᠠ ᠶᠢ ᠭᠦᠯᠢᠶᠠᠵᠤ ᠪᠠᠶᠢᠪᠠ      1987 ᠤᠨ ᠤ 8 ᠰᠠᠷ᠎ᠠ ᠠᠴᠠ 1989 ᠤᠨ ᠤ 9 ᠰᠠᠷ᠎ᠠ ᠪᠤᠯᠳᠠᠯ᠎ᠠ ᠭᠠᠨᠰᠤ ᠮᠤᠵᠢ ᠶᠢᠨ ᠵᠧᠨ ᠶᠤᠸᠠᠨ ᠰᠢᠶᠠᠨ ᠤ ᠳ᠋ᠦᠩ ᠭᠤᠸᠠᠨ ᠪᠠᠭ᠎ᠠ ᠰᠤᠷᠭᠠᠭᠤᠯᠢ ᠳᠤ ᠪᠠᠭᠰᠢᠯᠠᠵᠤ ᠪᠠᠶᠢᠪᠠ      1989 ᠤᠨ ᠤ 9 ᠰᠠᠷ᠎ᠠ ᠠᠴᠠ 1993 ᠤᠨ ᠤ 7 ᠰᠠᠷ᠎ᠠ ᠪᠤᠯᠳᠠᠯ᠎ᠠ ᠪᠠᠷᠠᠭᠤᠨ ᠬᠤᠶᠢᠳᠤ ᠶᠢᠨ ᠪᠠᠭᠰᠢ ᠶᠢᠨ ᠶᠡᠭᠡ ᠰᠤᠷᠭᠠᠭᠤᠯᠢ ᠶᠢᠨ ᠲᠠᠭᠤᠤ ᠭᠦᠭᠵᠢᠮ ᠤᠨ ᠰᠠᠯᠪᠤᠷᠢ ᠶᠢᠨ ᠲᠠᠭᠤᠤ ᠭᠦᠭᠵᠢᠮ ᠤᠨ ᠲᠤᠰᠬᠠᠢ ᠮᠡᠷᠭᠡᠵᠢᠯ ᠢ ᠰᠤᠷᠤᠯᠴᠠᠵᠤ ᠪᠠᠶᠢᠪᠠ      1993 ᠤᠨ ᠤ 7 ᠰᠠᠷ᠎ᠠ ᠠᠴᠠ1998 ᠤᠨ ᠤ 8 ᠰᠠᠷ᠎ᠠ ᠪᠤᠯᠳᠠᠯ᠎ᠠ  ᠪᠠᠷᠠᠭᠤᠨ ᠬᠤᠶᠢᠳᠤ ᠶᠢᠨ ᠪᠠᠭᠰᠢ ᠶᠢᠨ ᠶᠡᠭᠡ ᠰᠤᠷᠭᠠᠭᠤᠯᠢ ᠶᠢᠨ ᠲᠡᠤᠭᠡᠨ ᠰᠠᠯᠪᠤᠷᠢ  ᠶᠢᠨ ᠡᠪᠯᠡᠯ ᠤᠨ  ᠶᠠᠷᠤᠩᠬᠡᠢ ᠡᠭᠦᠷ ᠤᠨ ᠱᠦᠵᠢ᠂ ᠨᠠᠮ ᠤᠨ ᠶᠠᠷᠤᠩᠬᠡᠢ ᠡᠭᠦᠷ ᠤᠨ ᠨᠠᠷᠢᠨ ᠪᠢᠴᠢᠭᠡᠴᠢ ᠪᠠᠷ ᠠᠵᠢᠯᠯᠠᠵᠤ ᠪᠠᠶᠢᠪᠠ      1998 ᠤᠨ ᠤ 8 ᠰᠠᠷ᠎ᠠ ᠠᠴᠠ 2001 ᠤᠨ ᠤ7 ᠰᠠᠷ᠎ᠠ ᠪᠤᠯᠳᠠᠯ᠎ᠠ ᠲᠦᠪ ᠬᠤᠷᠢᠶ᠎ᠠ ᠶᠢᠨ ᠨᠠᠮ ᠤᠨ ᠰᠤᠷᠭᠠᠭᠤᠯᠢ ᠶᠢᠨ ᠰᠤᠳᠤᠯᠬᠤ ᠰᠤᠷᠤᠭᠴᠢ ᠶᠢᠨ ᠲᠡᠭᠡᠳᠤ ᠰᠤᠷᠭᠠᠭᠤᠯᠢ ᠶᠢᠨ ᠨᠠᠮ ᠤᠨ ᠤᠨᠤᠯ ᠪᠠ ᠨᠠᠮ ᠤᠨ ᠪᠠᠶᠢᠭᠤᠯᠤᠯᠳᠠ ᠶᠢᠨ ᠲᠤᠰᠬᠠᠢ ᠮᠡᠷᠭᠡᠵᠢᠯ ᠢ ᠰᠤᠷᠤᠯᠴᠠᠵᠤ ᠪᠠᠶᠢᠪᠠ      2001 ᠤᠨ ᠤ7 ᠰᠠᠷ᠎ᠠ ᠠᠴᠠ 2002 ᠤᠨ ᠤ 8 ᠰᠠᠷ᠎ᠠ ᠪᠤᠯᠳᠠᠯ᠎ᠠ ᠦᠪᠤᠷ ᠮᠤᠩᠭᠤᠯ ᠤᠨ ᠨᠠᠮ ᠤᠨ ᠰᠤᠷᠭᠠᠭᠤᠯᠢ ᠳᠤ ᠪᠠᠭᠰᠢᠯᠠᠵᠤ ᠪᠠᠶᠢᠪᠠ      2002 ᠤᠨ ᠤ8 ᠰᠠᠷ᠎ᠠ ᠠᠴᠠ 2003 ᠤᠨ ᠤ4  ᠰᠠᠷ᠎ᠠ ᠪᠤᠯᠳᠠᠯ᠎ᠠ ᠦᠪᠤᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠨᠠᠮ ᠤᠨ ᠭᠡᠰᠢᠭᠦᠨ ᠤ ᠴᠠᠬᠢᠯᠭᠠᠭᠴᠢᠯᠠᠭᠰᠡᠨ ᠵᠢᠭᠠᠨ ᠰᠤᠷᠭᠠᠯᠳᠠ ᠤᠨ ᠲᠦᠪ ᠤᠨ  ᠡᠷᠬᠢᠯᠡᠭᠦ ᠠᠵᠢᠯᠳᠠᠨ ᠢᠶᠠᠷ ᠠᠵᠢᠯᠯᠠᠵᠤ ᠪᠠᠶᠢᠪᠠ      2003 ᠤᠨ ᠤ 4 ᠰᠠᠷ᠎ᠠ ᠠᠴᠠ2004 ᠤᠨ ᠤ 4 ᠰᠠᠷ᠎ᠠ ᠪᠤᠯᠳᠠᠯ᠎ᠠ ᠦᠪᠤᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠵᠤᠬᠢᠶᠠᠨ ᠪᠠᠶᠢᠭᠤᠯᠬᠤ ᠬᠡᠯᠳᠡᠰ ᠤᠨ ᠰᠤᠳᠤᠯᠬᠤ ᠲᠠᠰᠤᠭ ᠤᠨ ᠡᠷᠬᠢᠯᠡᠭᠦ ᠠᠵᠢᠯᠳᠠᠨ ᠢᠶᠠᠷ ᠠᠵᠢᠯᠯᠠᠵᠤ ᠪᠠᠶᠢᠪᠠ      2004 ᠤᠨ ᠤ 4 ᠰᠠᠷ᠎ᠠ ᠠᠴᠠ2009 ᠤᠨ ᠤ12 ᠰᠠᠷ᠎ᠠ ᠪᠤᠯᠳᠠᠯ᠎ᠠ ᠦᠪᠤᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠵᠤᠬᠢᠶᠠᠨ ᠪᠠᠶᠢᠭᠤᠯᠬᠤ ᠬᠡᠯᠳᠡᠰ ᠤᠨ ᠰᠤᠳᠤᠯᠬᠤ ᠲᠠᠰᠤᠭ ᠤᠨ  ᠲᠡᠳ᠋ ᠡᠷᠬᠢᠯᠡᠭᠴᠢ ᠶᠢᠨ ᠲᠤᠰᠢᠶᠠᠯ ᠢ ᠬᠠᠷᠢᠭᠤᠴᠠᠵᠤ ᠪᠠᠶᠢᠪᠠ ︵ ᠰᠢᠶᠠᠨ ᠤ ᠲᠡᠳ᠋ ᠲᠡᠰ︶      2009 ᠤᠨ ᠤ12 ᠰᠠᠷ᠎ᠠ ᠠᠴᠠ 2010 ᠤᠨ ᠤ 8 ᠰᠠᠷ᠎ᠠ ᠪᠤᠯᠳᠠᠯ᠎ᠠ ᠦᠪᠤᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠵᠤᠬᠢᠶᠠᠨ ᠪᠠᠶᠢᠭᠤᠯᠬᠤ ᠬᠡᠯᠳᠡᠰ ᠤᠨ  ᠰᠤᠳᠤᠯᠬᠤ ᠲᠡᠰᠤᠭ ᠤᠨ ᠡᠷᠬᠢᠯᠡᠭᠴᠢ ︵ᠰᠢᠶᠠᠨ ᠤ ᠵᠢᠩᠬᠢᠨᠢ ᠲᠡᠰ︶      2010 ᠤᠨ ᠤ 8 ᠰᠠᠷ᠎ᠠ ᠠᠴᠠ2016 ᠤᠨ ᠤ5 ᠰᠠᠷ᠎ᠠ ᠪᠤᠯᠳᠠᠯ᠎ᠠ  ᠦᠪᠤᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠠᠯᠪᠠᠨ ᠲᠢᠩᠬᠢᠮ ᠤᠨ ᠶᠠᠷᠤᠩᠬᠡᠶᠢᠯᠡᠭᠰᠡᠨ ᠨᠢᠭᠡᠳᠤᠭᠡᠷ ᠭᠠᠵᠡᠷ ᠤᠨ ᠲᠠᠷᠤᠭ᠎ᠠ ᠶᠢᠨ ᠲᠤᠰᠢᠶᠠᠯ ᠳᠤ ᠪᠠᠶᠢᠪᠠ      2016 ᠤᠨ ᠤ5 ᠰᠠᠷ᠎ᠠ ᠠᠴᠠ2020 ᠤᠨ ᠤ 10 ᠰᠠᠷ᠎ᠠ ᠪᠤᠯᠳᠠᠯ᠎ᠠ ᠦᠪᠤᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠬᠢᠩᠭᠠᠨ ᠠᠶᠢᠮᠠᠭ ᠤᠨ ᠨᠠᠮ ᠤᠨ ᠬᠤᠷᠢᠶ᠎ᠠ ᠶᠢᠨ ᠭᠡᠰᠢᠭᠦᠨ᠂ ᠵᠤᠬᠢᠶᠠᠨ ᠪᠠᠶᠢᠭᠤᠯᠬᠤ ᠬᠡᠯᠳᠡᠰ ᠤᠨ ᠲᠠᠷᠤᠭ᠎ᠠ ᠶᠢᠨ ᠲᠤᠰᠢᠶᠠᠯ ᠳᠤ ᠪᠠᠶᠢᠪᠠ      2020 ᠤᠨ ᠤ 10 ᠰᠠᠷ᠎ᠠ ᠠᠴᠠ ᠤᠳᠤ ᠪᠤᠯᠳᠠᠯ᠎ᠠ  ᠦᠪᠤᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠤᠷᠳᠤᠰ ᠬᠤᠳᠠ ᠶᠢᠨ ᠨᠠᠮ ᠤᠨ ᠬᠤᠷᠢᠶ᠎ᠠ  ᠶᠢᠨ ᠪᠠᠶᠢᠩᠭᠤ ᠶᠢᠨ ᠭᠡᠰᠢᠭᠦᠨ᠂ ᠵᠤᠬᠢᠶᠠᠨ ᠪᠠᠶᠢᠭᠤᠯᠬᠤ ᠬᠡᠯᠳᠡᠰ ᠤᠨ ᠲᠠᠷᠤᠭ᠎ᠠ ᠶᠢᠨ ᠲᠤᠰᠢᠶᠠᠯ ᠳᠤ ᠪᠤᠢ
ᠢᠷᠡᠯᠲᠡ᠄ ᠤᠷᠳᠤᠰ ᠬᠤᠲᠠ ᠶᠢᠨ ᠠᠷᠠᠳ ᠤᠨ ᠵᠠᠰᠠᠭ ᠤᠨ ᠤᠷᠳᠤᠨ ᠤ ᠠᠯᠪᠠᠨ ᠭᠡᠷ