ᠬᠤᠳᠠ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ
ᠨᠡᠶᠢᠲᠡᠯᠡᠭᠰᠡᠨ ᠴᠠᠭ᠄
2022/8/20

     ᠣᠷᠳᠣᠰ ᠬᠤᠲᠠ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ ᠶᠢᠨ ᠴᠢᠳᠠᠪᠬᠢ ᠶᠢᠨ ᠲᠣᠬᠢᠷᠠᠭᠤᠯᠤᠯᠲᠠ᠂ ᠳᠣᠲᠣᠭᠠᠳᠤ ᠪᠠᠶᠢᠭᠤᠯᠤᠮᠵᠢ ᠪᠠ

ᠠᠵᠢᠯᠲᠠᠨ ᠤ ᠣᠷᠣᠨ ᠲᠤᠭ᠎ᠠ ᠶᠢᠨ ᠲᠣᠭᠲᠠᠭᠠᠯ

      ᠨᠢᠭᠡᠳᠦᠭᠡᠷ ᠵᠦᠢᠯ    ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠠᠷᠠᠳ ᠤᠨ

ᠵᠠᠰᠠᠭ ᠤᠨ ᠣᠷᠳᠣᠨ ᠤ ᠵᠥᠪᠰᠢᠶᠡᠷᠡᠭᠰᠡᠨ ︽ᠣᠷᠳᠣᠰ ᠬᠤᠲᠠ ᠶᠢᠨ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠲᠥᠰᠦᠯ︾ ᠪᠣᠯᠤᠨ ᠣᠷᠳᠣᠰ ᠬᠤᠲᠠ ᠶᠢᠨ

ᠳᠠᠷᠤᠮᠠᠯᠯᠠᠨ ᠲᠠᠷᠬᠠᠭᠠᠭᠰᠠᠨ ︽ᠣᠷᠳᠣᠰ ᠬᠤᠲᠠ ᠶᠢᠨ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠬᠡᠷᠡᠭᠵᠢᠭᠦᠯᠬᠦ ᠰᠠᠨᠠᠯ︾᠎ ᠢ ᠦᠨᠳᠦᠰᠦᠯᠡᠨ᠂ ᠲᠣᠰ ᠲᠣᠭᠲᠠᠭᠠᠯ ᠢ

ᠲᠣᠭᠲᠠᠭᠠᠪᠠ᠃

     ᠬᠤᠶᠠᠳᠤᠭᠠᠷ ᠵᠦᠢᠯ ᠣᠷᠳᠣᠰ ᠬᠤᠲᠠ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ ᠪᠣᠯ ᠣᠷᠳᠣᠰ ᠬᠤᠲᠠ ᠶᠢᠨ ᠠᠷᠠᠳ ᠤᠨ ᠵᠠᠰᠠᠭ ᠤᠨ ᠣᠷᠳᠣᠨ ᠤ

ᠠᠵᠢᠯ ᠤᠨ ᠰᠠᠯᠠᠭ᠎ᠠ ᠮᠥᠴᠢᠷ ᠪᠠᠶᠢᠵᠤ᠂ ᠵᠢᠩᠬᠢᠨᠢ ᠭᠠᠵᠠᠷ ᠤᠨ ᠲᠠᠰ ᠎ ᠤᠨ  ᠰᠠᠯᠠᠭ᠎ᠠ ᠮᠦᠴᠢᠷ  ᠮᠦᠨ᠃

     ᠭᠤᠷᠪᠠᠳᠤᠭᠠᠷ ᠵᠦᠢᠯ ᠣᠷᠳᠣᠰ ᠬᠤᠲᠠ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ ᠨᠢ ᠵᠠᠮ ᠬᠠᠷᠢᠯᠴᠠᠭ᠎ᠠ ᠲᠡᠭᠡᠭᠡᠪᠦᠷᠢ ᠶᠢᠨ ᠠᠵᠢᠯ ᠤᠨ ᠲᠤᠬᠠᠶ

ᠨᠠᠮ ᠤᠨ ᠲᠥᠪ ᠬᠤᠷᠢᠶ᠎ᠠ ᠶᠢᠨ ᠴᠢᠭᠯᠡᠯᠲᠡ ᠲᠥᠷᠥ ᠶᠢᠨ ᠪᠣᠳᠣᠯᠭ᠎ᠠ ᠶᠢ  ᠲᠤᠭᠤᠰᠢᠯᠠᠭᠤᠯᠤᠨ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠲᠠ ᠶᠢᠨ

ᠨᠠᠮ ᠤᠨ ᠬᠤᠷᠢᠶ᠎ᠠ ᠶᠢᠨ ᠰᠢᠢᠳᠪᠤᠷᠢᠳᠤ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠵᠤ᠂ ᠡᠭᠦᠷᠭᠡ ᠬᠠᠷᠢᠭᠤᠴᠠᠯᠭ᠎ᠠ ᠪᠠᠨ ᠬᠦᠢᠴᠡᠳᠭᠡᠬᠦ ᠶᠠᠪᠤᠴᠠ ᠳᠤ

ᠵᠠᠮ ᠬᠠᠷᠢᠯᠴᠠᠭ᠎ᠠ ᠲᠡᠭᠡᠭᠡᠪᠦᠷᠢ ᠶᠢᠨ ᠠᠵᠢᠯ ᠳᠠᠬᠢ ᠨᠠᠮ ᠤᠨ ᠲᠥᠪᠯᠡᠷᠡᠩᠭᠦᠶ ᠨᠢᠭᠡᠳᠦᠯᠲᠡᠶ ᠤᠳᠤᠷᠢᠳᠤᠯᠭ᠎ᠠ ᠶᠢ ᠪᠠᠷᠢᠮᠲᠠᠯᠠᠨ ᠴᠢᠩᠭᠠᠳᠬᠠᠬᠤ ᠬᠡᠷᠡᠭᠲᠡᠶ᠃  ᠭᠤᠣᠯ

ᠡᠭᠦᠷᠭᠡ ᠬᠠᠷᠢᠭᠤᠴᠠᠯᠭ᠎ᠠ ᠪᠣᠯ᠄

     ︵ᠨᠢᠭᠡ︶ ᠤᠯᠤᠰ ᠤᠨ ᠬᠠᠤᠯᠢ ᠲᠣᠭᠲᠠᠭᠠᠯ ᠪᠠ ᠥᠪᠡᠷᠲᠡᠭᠡᠨ ᠵᠠᠰᠠᠬᠤ ᠣᠷᠣᠨ ᠤ ᠣᠷᠣᠨ ᠨᠤᠲᠤᠭ ᠤᠨ ᠴᠢᠨᠠᠷᠲᠠᠶ  ᠬᠠᠤᠯᠢ ᠲᠣᠭᠲᠠᠭᠠᠯ ᠲᠦᠷᠢᠮ  ᠢ 

ᠲᠤᠭᠤᠰᠢᠯᠠᠭᠤᠯᠤᠨ ᠬᠡᠷᠡᠭᠵᠢᠭᠦᠯᠵᠦ᠂ ᠪᠥᠬᠦ ᠬᠤᠲᠠ ᠶᠢᠨ ᠵᠠᠰᠠᠮᠠᠯ ᠵᠠᠮ ᠤᠰᠤᠨ ᠵᠠᠮ ᠤᠨ ᠬᠥᠭᠵᠢᠯᠲᠡ ᠶᠢᠨ ᠲᠥᠯᠥᠪᠵᠢᠭᠦᠯᠭᠡ᠂ ᠲᠥᠰᠦᠯ ᠵᠡᠷᠭᠡ ᠬᠠᠮᠢᠶ᠎ᠠ ᠪᠥᠬᠦᠶ

ᠲᠥᠷᠥ ᠶᠢᠨ ᠪᠣᠳᠣᠯᠭ᠎ᠠ ᠶᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠬᠦ ᠪᠠ ᠤᠬᠠᠭᠤᠯᠬᠤ ᠠᠵᠢᠯ ᠢ ᠬᠠᠷᠢᠭᠤᠴᠠᠨ᠎ᠠ᠃

ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠶᠡᠷᠦᠩᠬᠡᠶᠢᠯᠡᠭᠰᠡᠨ ᠵᠠᠮ ᠬᠠᠷᠢᠯᠴᠠᠭ᠎ᠠ ᠲᠡᠭᠡᠭᠡᠪᠦᠷᠢ ᠶᠢᠨ ᠬᠥᠭᠵᠢᠯᠲᠡ ᠶᠢᠨ ᠲᠥᠯᠥᠪᠵᠢᠭᠦᠯᠭᠡ ᠶᠢ ᠲᠤᠭᠤᠷᠪᠢᠨ

ᠲᠣᠭᠲᠠᠭᠠᠵᠤ᠂ ᠪᠠᠷᠠᠭᠠᠨ ᠤ ᠭᠦᠢᠯᠭᠡᠭᠡᠨ ᠤ ᠦᠢᠯᠡᠰ ᠤᠨ ᠬᠥᠭᠵᠢᠯᠲᠡ ᠶᠢᠨ ᠲᠥᠯᠥᠪᠵᠢᠭᠦᠯᠭᠡ ᠶᠢ ᠲᠤᠭᠤᠷᠪᠢᠨ ᠲᠣᠭᠲᠠᠭᠠᠬᠤ ᠳᠤ  ᠤᠷᠤᠯᠴᠠᠨ᠎ᠠ᠃ ᠬᠠᠮᠢᠶ᠎ᠠ ᠪᠥᠬᠦᠶ

ᠪᠦᠷᠢᠳᠬᠡᠨ ᠵᠠᠳᠠᠯᠬᠤ ᠠᠵᠢᠯ ᠢ ᠡᠭᠦᠷᠭᠡᠯᠡᠨ᠎ᠡ᠃

     ︵ᠬᠤᠶᠠᠷ︶ ᠪᠥᠬᠦ ᠬᠤᠲᠠ ᠶᠢᠨ ᠵᠠᠰᠠᠮᠠᠯ ᠵᠠᠮ ᠤᠰᠤᠨ ᠵᠠᠮ ᠤᠨ ᠪᠥᠲᠥᠭᠡᠨ ᠪᠠᠶᠢᠭᠤᠯᠤᠯᠲᠠ ᠶᠢᠨ ᠠᠵᠢᠯ ᠢ ᠬᠢᠨᠠᠨ ᠵᠢᠯᠣᠭᠤᠳᠤᠨ᠎ᠠ᠃ ᠲᠣᠭᠲᠠᠮᠠᠯ

ᠬᠥᠷᠥᠩᠭᠡ ᠶᠢᠨ ᠪᠠᠯᠠ ᠣᠷᠣᠭᠤᠯᠤᠯᠲᠠ ᠶᠢᠨ ᠬᠠᠮᠢᠶ᠎ᠠ ᠪᠥᠬᠦᠶ ᠲᠥᠷᠥᠯ ᠵᠦᠢᠯ᠂ ᠪᠠᠯᠠ ᠮᠥᠩᠭᠦ ᠵᠢᠴᠢ ᠡᠳ᠋ ᠤᠨ ᠵᠠᠰᠠᠭ᠂ ᠭᠠᠵᠠᠷ ᠰᠢᠷᠣᠶ᠂ ᠦᠨ᠎ᠡ ᠬᠠᠩᠰᠢ᠂ ᠪᠠᠯᠠ

ᠤᠷᠤᠭᠤᠯᠤᠯᠳᠠ ᠵᠡᠷᠭᠡ ᠲᠠᠯ᠎ᠠ ᠳᠤ ᠬᠤᠯᠪᠣᠭᠳᠠᠬᠤ ᠪᠤᠰᠤᠳ ᠰᠠᠨᠠᠭᠤᠯᠭ᠎ᠠ ᠶᠢ ᠳᠤᠷᠠᠳᠴᠤ᠂ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠶᠢᠨ ᠬᠠᠮᠢᠶ᠎ᠠ ᠪᠥᠬᠦᠶ

ᠲᠥᠷᠥᠯ ᠵᠦᠢᠯ ᠢ ᠬᠢᠨᠠᠨ ᠬᠠᠷᠭᠤᠭᠤᠯᠵᠤ᠂ ᠵᠠᠰᠠᠭ ᠤᠨ ᠣᠷᠳᠣᠨ ᠤ ᠴᠢᠨᠠᠷᠲᠠᠶ ᠥᠷᠢ ᠥᠭᠴᠡᠭᠡ ᠶᠢᠨ ᠲᠦᠭᠰᠢᠭᠦᠷᠢ ᠶᠢ ᠰᠡᠷᠭᠡᠶᠢᠯᠡᠨ᠎ᠡ᠃ ᠵᠠᠮ ᠬᠠᠷᠢᠯᠴᠠᠭ᠎ᠠ

ᠲᠡᠭᠡᠭᠡᠪᠦᠷᠢ ᠶᠢᠨ ᠠᠵᠢᠯ ᠲᠥᠷᠥᠯ ᠤᠨ ᠮᠡᠷᠭᠡᠵᠢᠯ ᠤᠨ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃

     ︵ᠭᠤᠷᠪᠠ︶ ᠪᠥᠬᠦ ᠬᠤᠲᠠ ᠶᠢᠨ ᠵᠠᠰᠠᠮᠠᠯ ᠵᠠᠮ ᠤᠰᠤᠨ ᠵᠠᠮ ᠤᠨ ᠬᠠᠮᠢᠶᠠᠷᠤᠯᠲᠠ ᠬᠠᠮᠠᠭᠠᠯᠠᠯᠲᠠ ᠶᠢᠨ ᠠᠵᠢᠯ ᠢ ᠬᠢᠨᠠᠨ ᠵᠢᠯᠣᠭᠤᠳᠤᠨ᠎ᠠ᠃ ᠬᠡᠮᠵᠢᠶ᠎ᠡ ᠠᠴᠠ

ᠬᠡᠲᠦᠷᠡᠲᠡᠯ᠎ᠡ ᠠᠴᠢᠶᠠᠯᠠᠭᠰᠠᠨ ᠲᠡᠭᠡᠭᠡᠪᠦᠷᠢ᠂ ᠵᠠᠮ ᠳᠤ ᠬᠤᠯᠪᠣᠭᠳᠠᠬᠤ ᠪᠠᠷᠢᠯᠭ᠎ᠠ ᠪᠣᠯᠤᠨ ᠰᠦᠢᠳᠬᠡᠯ ᠬᠤᠷᠢᠶᠠᠬᠤ ᠵᠠᠰᠠᠮᠠᠯ ᠵᠠᠮ ᠤᠨ ᠬᠠᠮᠢᠶ᠎ᠠ ᠪᠥᠬᠦᠢ ᠵᠦᠢᠯᠡᠰ ᠢ

ᠬᠠᠮᠢᠶᠠᠷᠴᠤ᠂ ᠵᠠᠰᠠᠮᠠᠯ ᠵᠠᠮ ᠢ ᠠᠷᠠᠴᠢᠯᠠᠨ ᠬᠠᠮᠠᠭᠠᠯᠠᠬᠤ᠂ ᠵᠠᠮ ᠤᠨ ᠶᠠᠪᠤᠳᠠᠯ᠂ ᠡᠵᠡᠩᠨᠡᠯᠲᠡ ᠶᠢᠨ ᠦᠢᠯᠡᠴᠢᠯᠡᠭᠡ ᠵᠡᠷᠭᠡ ᠠᠵᠢᠯ ᠢ ᠵᠢᠯᠣᠭᠤᠳᠤᠨ᠎ᠠ᠃ ᠵᠠᠰᠠᠮᠠᠯ

ᠵᠠᠮ ᠤᠨ ᠨᠢᠭᠡᠳᠦᠯᠲᠡᠶ ᠲᠥᠯᠥᠪᠯᠡᠨ ᠲᠣᠬᠢᠷᠠᠭᠤᠯᠬᠤ᠂ ᠵᠠᠮ ᠤᠨ ᠲᠤᠤᠷ ᠤᠨ ᠬᠢᠨᠠᠨ ᠬᠡᠮᠵᠢᠬᠦ ᠠᠵᠢᠯ ᠢ ᠡᠭᠦᠷᠭᠡᠯᠡᠨ᠎ᠡ᠃ ᠬᠥᠳᠡᠭᠡ ᠲᠣᠰᠬᠤᠨ ᠤ ᠵᠠᠰᠠᠮᠠᠯ ᠵᠠᠮ ᠤᠨ

ᠬᠠᠮᠢᠶ᠎ᠠ ᠪᠦᠬᠦᠢ ᠠᠵᠢᠯ ᠢ ᠳᠠᠭᠠᠭᠠᠨ ᠡᠷᠬᠢᠯᠡᠨ᠎ᠠ᠃

     ︵ᠳᠥᠷᠪᠡ︶ ᠪᠥᠬᠦ ᠬᠤᠲᠠ ᠶᠢᠨ ᠵᠠᠰᠠᠮᠠᠯ ᠵᠠᠮ ᠤᠰᠤᠨ ᠵᠠᠮ ᠤᠨ ᠪᠥᠲᠥᠭᠡᠨ ᠪᠠᠶᠢᠭᠤᠯᠤᠯᠲᠠ ᠶᠢᠨ ᠵᠠᠬ᠎ᠠ ᠳᠡᠯᠭᠡᠭᠦᠷ ᠤᠨ ᠬᠠᠮᠢᠶᠠᠷᠤᠯᠲᠠ ᠶᠢᠨ ᠠᠵᠢᠯ ᠢ ᠬᠢᠨᠠᠨ

ᠵᠢᠯᠣᠭᠤᠳᠤᠨ᠎ᠠ᠃ ᠲᠣᠭᠲᠠᠭᠠᠭᠰᠠᠨ ᠡᠷᠬᠡ ᠮᠡᠳᠡᠯ ᠤᠨ ᠶᠣᠰᠣᠭᠠᠷ ᠵᠠᠰᠠᠮᠠᠯ ᠵᠠᠮ ᠤᠰᠤᠨ ᠵᠠᠮ ᠤᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠵᠢᠷᠤᠭ

ᠲᠥᠯᠥᠪᠯᠡᠭᠡ ᠶᠢ ᠬᠢᠨᠠᠨ ᠵᠥᠪᠰᠢᠶᠡᠷᠡᠬᠦ᠂ ᠪᠠᠷᠢᠯᠭ᠎ᠠ ᠪᠠᠷᠢᠬᠤ ᠶᠢ ᠵᠥᠪᠰᠢᠶᠡᠷᠡᠬᠦ᠂ ᠪᠠᠶᠢᠭᠤᠯᠤᠭᠰᠠᠨ ᠦᠨ᠎ᠡ ᠶᠢᠨ ᠲᠣᠭᠲᠠᠭᠰᠠᠨ ᠲᠤᠭ᠎ᠠ᠂ ᠳᠠᠭᠠᠭᠠᠴᠢᠯᠠᠯᠲᠠ ᠵᠠᠷᠯᠠᠬᠤ

ᠳᠠᠭᠠᠭᠠᠴᠢᠯᠠᠯᠲᠠ ᠬᠦᠯᠢᠶᠡᠬᠦ᠂ ᠠᠵᠢᠯ ᠡᠷᠭᠢᠯᠡᠬᠦ ᠬᠢᠷᠢ ᠬᠡᠮ ᠤᠯᠭᠤᠬᠤ᠂ ᠶᠠᠰᠤ ᠴᠢᠨᠠᠷ ᠲᠤ ᠬᠢᠨᠠᠯᠲᠠ ᠲᠠᠯᠪᠢᠬᠤ᠂ ᠪᠠᠷᠢᠯᠭ᠎ᠠ ᠶᠢ ᠰᠢᠯᠭᠠᠨ ᠠᠪᠬᠤ ᠵᠡᠷᠭᠡ ᠬᠢᠨᠠᠯᠲᠠ

ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃

     ︵ᠲᠠᠪᠤ︶ ᠪᠥᠬᠦ ᠬᠤᠲᠠ ᠶᠢᠨ ᠵᠠᠰᠠᠮᠠᠯ ᠵᠠᠮ ᠤᠰᠤᠨ ᠵᠠᠮ ᠤᠨ ᠲᠡᠭᠡᠭᠡᠪᠦᠷᠢ ᠶᠢᠨ ᠵᠠᠬ᠎ᠠ ᠳᠡᠯᠭᠡᠭᠦᠷ ᠤᠨ ᠬᠠᠮᠢᠶᠠᠷᠤᠯᠲᠠ ᠶᠢᠨ ᠠᠵᠢᠯ ᠢ ᠬᠢᠨᠠᠨ ᠵᠢᠯᠣᠭᠤᠳᠤᠨ᠎ᠠ᠃

ᠠᠶᠢᠮᠠᠭ ᠬᠤᠲᠠ ᠠᠯᠤᠰᠯᠠᠭᠰᠠᠨ ᠵᠠᠰᠠᠮᠠᠯ ᠵᠠᠮ ᠤᠨ ᠠᠶᠠᠨᠴᠢᠳ ᠤᠨ ᠲᠡᠭᠡᠭᠡᠪᠦᠷᠢ᠂ ᠤᠰᠤᠨ ᠠᠶᠠᠯᠠᠯ ᠤᠨ ᠨᠡᠪᠲᠡᠷᠡᠬᠦ ᠨᠥᠬᠦᠴᠡᠯ ᠤᠨ ᠨᠥᠯᠥᠭᠡ ᠶᠢ ᠦᠨᠡᠯᠡᠨ

ᠬᠠᠮᠢᠶᠠᠷᠬᠤ ᠶᠢ ᠬᠠᠷᠢᠭᠤᠴᠠᠨ᠎ᠠ᠃ ᠵᠠᠰᠠᠮᠠᠯ ᠵᠠᠮ ᠤᠰᠤᠨ ᠵᠠᠮ ᠤᠨ ᠠᠶᠠᠨᠴᠢᠳ ᠤᠨ ᠲᠡᠭᠡᠭᠡᠪᠦᠷᠢ᠂ ᠪᠠᠷᠠᠭᠠᠨ ᠤ ᠲᠡᠭᠡᠭᠡᠪᠦᠷᠢ᠂ ᠠᠶᠠᠨᠴᠢᠳ ᠎ ᠤᠨ ᠪᠠ ᠪᠠᠷᠠᠭᠠᠨ ᠤ

ᠲᠡᠭᠡᠭᠡᠪᠦᠷᠢ ᠶᠢᠨ ᠲᠠᠯᠠᠪᠤᠷ ᠥᠷᠲᠡᠭᠡ ᠶᠢᠨ ᠡᠵᠡᠩᠨᠡᠯᠲᠡ᠂ ᠮᠠᠰᠢᠨᠲᠤ ᠲᠡᠷᠭᠡ ᠰᠡᠯᠪᠢᠨ ᠵᠠᠰᠠᠬᠤ᠂ ᠲᠡᠭᠡᠭᠡᠪᠦᠷᠢ ᠶᠢᠨ ᠲᠡᠷᠭᠡ ᠶᠢᠨ ᠶᠡᠷᠦᠩᠬᠡᠶᠢᠯᠡᠭᠰᠡᠨ ᠴᠢᠳᠠᠪᠬᠢ ᠶᠢ

ᠪᠠᠶᠢᠴᠠᠭᠠᠨ ᠰᠢᠯᠭᠠᠬᠤ᠂ ᠮᠠᠰᠢᠨᠲᠤ ᠲᠡᠷᠭᠡᠨ ᠤ ᠵᠢᠯᠣᠭᠤᠴᠢ ᠶᠢ ᠪᠤᠯᠪᠠᠰᠤᠷᠠᠭᠤᠯᠬᠤ᠂ ᠠᠵᠢᠯ ᠡᠷᠭᠢᠯᠡᠭᠰᠡᠳ ᠢ ᠬᠠᠮᠢᠶᠠᠷᠬᠤ ᠵᠡᠷᠭᠡ ᠠᠵᠢᠯ ᠢ ᠬᠢᠨᠠᠨ ᠵᠢᠯᠣᠭᠤᠳᠤᠨ᠎ᠠ᠃

ᠨᠡᠶᠢᠲᠡ ᠶᠢᠨ ᠮᠠᠰᠢᠨ ᠲᠡᠷᠭᠡ᠂ ᠲᠦᠷᠢᠶᠡᠰᠦᠨ ᠮᠠᠰᠢᠨ ᠲᠡᠷᠭᠡ᠂ ᠮᠠᠰᠢᠨ ᠲᠡᠷᠭᠡ ᠲᠦᠷᠢᠶᠡᠰᠦᠯᠡᠬᠦ᠂ ᠰᠦᠯᠵᠢᠶ᠎ᠡ ᠪᠠᠷ ᠪᠣᠯᠵᠣᠬᠤ ᠲᠡᠷᠭᠡ ᠵᠡᠷᠭᠡ ᠬᠤᠲᠠ ᠶᠢᠨ

ᠠᠶᠠᠨᠴᠢᠳ ᠤᠨ ᠲᠡᠭᠡᠭᠡᠪᠦᠷᠢ ᠶᠢᠨ ᠬᠠᠮᠢᠶᠠᠷᠤᠯᠲᠠ ᠶᠢ ᠵᠢᠯᠣᠭᠤᠳᠤᠨ᠎ᠠ᠃ ᠠᠶᠠᠯᠠᠯ ᠤᠨ ᠵᠠᠮ᠂ ᠣᠯᠣᠮ᠂ ᠭᠠᠷᠠᠮ ᠤᠨ ᠠᠷᠠᠴᠢᠯᠠᠯᠳᠠ ᠶᠢ ᠵᠢᠯᠣᠭᠤᠳᠴᠤ᠂ ᠣᠩᠭᠤᠴᠠ

ᠰᠠᠯ ᠢ ᠳᠠᠩᠰᠠᠯᠠᠬᠤ᠂ ᠰᠢᠯᠭᠠᠨ ᠪᠠᠶᠢᠴᠠᠭᠠᠬᠤ ᠪᠠ ᠣᠩᠭᠤᠴᠠᠴᠢᠨ ᠤ ᠬᠠᠮᠢᠶᠠᠷᠤᠯᠲᠠ ᠶᠢ ᠵᠢᠯᠣᠭᠤᠳᠤᠨ᠎ᠠ᠃

     ︵ᠵᠢᠷᠭᠤᠭ᠎ᠠ︶ ᠪᠥᠬᠦ ᠬᠤᠲᠠ ᠶᠢᠨ ᠵᠠᠰᠠᠮᠠᠯ ᠵᠠᠮ ᠤᠰᠤᠨ ᠵᠠᠮ ᠤᠨ ᠠᠵᠢᠯ ᠲᠥᠷᠥᠯ ᠤᠨ ᠠᠶᠤᠯ ᠥᠬᠡᠶ ᠦᠢᠯᠡᠳᠪᠤᠷᠢᠯᠡᠯ ᠪᠠ ᠪᠠᠴᠢᠮ ᠪᠠᠶᠢᠳᠠᠯ ᠢ ᠠᠷᠭᠠᠴᠠᠬᠤ

ᠬᠠᠮᠢᠶᠠᠷᠤᠯᠲᠠ ᠶᠢᠨ ᠠᠵᠢᠯ ᠢ ᠬᠢᠨᠠᠨ ᠵᠢᠯᠣᠭᠤᠳᠤᠨ᠎ᠠ᠃ ᠵᠠᠰᠠᠮᠠᠯ ᠵᠠᠮ ᠤᠰᠤᠨ ᠵᠠᠮ ᠤᠨ ᠠᠶᠤᠯ ᠥᠬᠡᠶ ᠦᠢᠯᠡᠳᠪᠤᠷᠢᠯᠡᠯ ᠤᠨ ᠬᠠᠮᠢᠶᠠᠷᠤᠯᠲᠠ ᠶᠢᠨ ᠲᠦᠷᠢᠮ ᠪᠣᠯᠤᠨ

ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠢ ᠲᠣᠭᠲᠠᠭᠠᠬᠤ ᠶᠢᠨ ᠬᠠᠮᠲᠤ ᠬᠢᠨᠠᠯᠲᠠ ᠲᠠᠯᠪᠢᠵᠤ ᠬᠡᠷᠡᠭᠵᠢᠭᠦᠯᠦᠨ᠎ᠡ᠃ ᠬᠠᠮᠢᠶ᠎ᠠ ᠪᠥᠬᠦᠶ ᠵᠠᠮ ᠤᠨ ᠲᠤᠤᠷ ᠤᠨ

ᠠᠵᠢᠯᠯᠠᠭᠠᠨ ᠤ ᠪᠠᠶᠢᠳᠠᠯ ᠢ ᠬᠢᠨᠠᠨ ᠵᠠᠳᠠᠯᠵᠦ᠂ ᠬᠠᠮᠢᠶ᠎ᠠ ᠪᠥᠬᠦᠶ ᠮᠡᠳᠡᠭᠡ ᠵᠠᠩᠭᠢ ᠶᠢ ᠨᠡᠶᠢᠲᠡᠯᠡᠨ᠎ᠡ᠃ ᠤᠰᠤᠨ ᠳᠡᠭᠡᠷᠡᠬᠢ ᠵᠠᠮ ᠬᠠᠷᠢᠯᠴᠠᠭᠠᠨ ᠤ ᠠᠮᠤᠷ ᠲᠦᠪᠰᠢᠨ ᠤ

ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ᠃ ᠪᠦᠬᠦ ᠬᠤᠲᠠ ᠶᠢᠨ ᠭᠤᠣᠯᠳᠠᠯᠭ᠎ᠠ ᠲᠠᠢ ᠡᠳ᠋ ᠪᠣᠳᠠᠰ᠂ ᠠᠶᠠᠨᠴᠢᠳ ᠤᠨ ᠪᠠ ᠪᠠᠷᠠᠭᠠᠨ ᠤ ᠪᠠᠴᠢᠮ ᠲᠡᠭᠡᠭᠡᠪᠦᠷᠢ ᠶᠢ 

ᠬᠠᠷᠢᠭᠤᠴᠠᠨ  ᠲᠤᠬᠢᠷᠠᠭᠤᠯᠤᠨ᠎ᠠ᠃

     ︵ᠳᠣᠯᠤᠭ᠎ᠠ︶ ᠬᠤᠲᠠ ᠶᠢᠨ ᠲᠣᠰ ᠱᠠᠲᠤᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯ ᠢ

ᠬᠠᠷᠢᠭᠤᠴᠠᠵᠤ᠂ ᠪᠥᠬᠦ ᠬᠤᠲᠠ ᠶᠢᠨ ᠴᠢᠨᠠᠷᠲᠠᠶ᠂ ᠬᠤᠰᠢᠭᠤ ᠲᠣᠭᠤᠷᠢᠭ ᠠᠯᠤᠰᠯᠠᠭᠰᠠᠨ ᠵᠠᠰᠠᠮᠠᠯ ᠵᠠᠮ ᠤᠨ ᠵᠠᠮ ᠤᠨ ᠶᠠᠪᠤᠳᠠᠯ᠂ ᠵᠠᠮ ᠲᠡᠭᠡᠭᠡᠪᠦᠷᠢ ᠶᠢᠨ ᠶᠠᠪᠤᠳᠠᠯ᠂

ᠤᠰᠤᠨ ᠵᠠᠮ ᠤᠨ ᠲᠡᠭᠡᠭᠡᠪᠦᠷᠢ ᠶᠢᠨ ᠶᠠᠪᠤᠳᠠᠯ᠂ ᠣᠷᠣᠨ ᠨᠤᠲᠤᠭ ᠤᠨ ᠲᠡᠯᠡᠶ ᠶᠢᠨ ᠶᠠᠪᠤᠳᠠᠯ ᠤᠨ ᠵᠠᠰᠠᠭ ᠵᠠᠬᠢᠷᠭ᠎ᠠ᠂ ᠪᠠᠷᠢᠯᠭ᠎ᠠ ᠶᠢᠨ ᠶᠠᠰᠤ ᠴᠢᠨᠠᠷ ᠤᠨ ᠬᠢᠨᠠᠯᠲᠠ

ᠬᠠᠮᠢᠶᠠᠷᠤᠯᠲᠠ ᠵᠡᠷᠭᠡ ᠬᠦᠷᠢᠶ᠎ᠡ ᠴᠠᠷᠠᠭ᠎ᠠ ᠶᠢᠨ ᠬᠠᠤᠯᠢ ᠠᠴᠠ ᠵᠥᠷᠢᠴᠡᠭᠰᠡᠨ  ᠦᠢᠯᠡ ᠠᠵᠢᠯᠯᠠᠭ᠎ᠠ ᠶᠢ ᠪᠠᠶᠢᠴᠠᠭᠠᠨ ᠰᠢᠢᠳᠪᠤᠷᠢᠯᠡᠵᠤ᠂ ᠴᠢᠬᠤᠯᠠ ᠶᠡᠭᠡ ᠵᠠᠰᠠᠭ

ᠵᠠᠬᠢᠷᠭᠠᠨ ᠤ ᠬᠡᠷᠡᠭ ᠢ  ᠬᠦᠢᠴᠡᠳᠭᠡᠨ᠎ᠠ᠃ ᠬᠤᠰᠢᠭᠤ  ᠲᠤᠭᠤᠷᠢᠭ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ

ᠬᠡᠷᠡᠭᠵᠢᠭᠦᠯᠬᠦ ᠠᠵᠢᠯ ᠢ ᠵᠢᠯᠣᠭᠤᠳᠴᠤ᠂ ᠬᠢᠨᠠᠯᠲᠠ ᠲᠠᠯᠪᠢᠵᠤ ᠬᠠᠮᠢᠶᠠᠷᠤᠨ᠎ᠠ᠃

     ︵ᠨᠠᠢᠮᠠ︶ ᠪᠥᠬᠦ ᠬᠤᠲᠠ ᠶᠢᠨ ᠵᠠᠰᠠᠮᠠᠯ ᠵᠠᠮ ᠤᠰᠤᠨ ᠵᠠᠮ ᠤᠨ ᠠᠵᠢᠯ ᠲᠥᠷᠥᠯ ᠤᠨ ᠣᠷᠴᠢᠨ ᠲᠣᠭᠤᠷᠢᠨ ᠢ ᠬᠠᠮᠠᠭᠠᠯᠠᠵᠤ ᠡᠨᠧᠷᠭᠢ ᠠᠷᠪᠢᠯᠠᠬᠤ᠂

ᠪᠣᠬᠢᠷᠲᠤᠯ ᠢ ᠰᠡᠷᠭᠡᠶᠢᠯᠡᠨ ᠵᠠᠰᠠᠬᠤ ᠠᠵᠢᠯ ᠢ ᠬᠢᠨᠠᠨ ᠵᠢᠯᠣᠭᠤᠳᠤᠨ᠎ᠠ᠃

     ︵ᠶᠢᠰᠦ︶ ᠪᠥᠬᠦ ᠬᠤᠲᠠ ᠶᠢᠨ ᠵᠠᠰᠠᠮᠠᠯ ᠵᠠᠮ ᠤᠰᠤᠨ ᠵᠠᠮ ᠤᠨ ᠠᠵᠢᠯ ᠲᠥᠷᠥᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠦᠨ

ᠳᠡᠯᠭᠡᠷᠡᠭᠦᠯᠬᠦ ᠶᠢ ᠵᠢᠯᠣᠭᠤᠳᠴᠤ᠂ ᠮᠡᠳᠡᠭᠡ ᠵᠠᠩᠬᠢᠴᠢᠯᠠᠯᠳᠠ᠂ ᠪᠠᠷᠢᠮᠵᠢᠶᠠᠵᠢᠭᠤᠯᠤᠯᠲᠠ ᠶᠢᠨ ᠠᠵᠢᠯ ᠢ ᠵᠢᠯᠣᠭᠤᠳᠤᠨ᠎ᠠ᠃

     ︵ᠠᠷᠪᠠ︶ ᠪᠥᠬᠦ ᠬᠤᠲᠠ ᠶᠢᠨ ᠵᠠᠰᠠᠮᠠᠯ ᠵᠠᠮ ᠤᠰᠤᠨ ᠵᠠᠮ ᠤᠨ ᠠᠵᠢᠯ ᠲᠥᠷᠥᠯ ᠤᠨ ᠥᠭᠡᠷᠡᠴᠢᠯᠡᠯᠲᠡ ᠶᠢᠨ ᠠᠵᠢᠯ ᠪᠠ ᠢᠲᠡᠭᠡᠮᠵᠢ ᠶᠢᠨ ᠲᠤᠬᠳᠠᠯᠴᠠᠭ᠎ᠠ ᠶᠢᠨ

ᠪᠠᠶᠢᠭᠤᠯᠤᠯᠲᠠ ᠶᠢ ᠵᠢᠯᠣᠭᠤᠳᠤᠨ᠎ᠠ᠃

     ︵ᠠᠷᠪᠠᠨ ᠨᠢᠭᠡ︶ ᠵᠠᠮ ᠬᠠᠷᠢᠯᠴᠠᠭ᠎ᠠ ᠲᠡᠶᠢᠨ ᠤ ᠪᠡᠯᠡᠳᠬᠡᠯ ᠤᠨ ᠲᠠᠯ᠎ᠠ ᠶᠢᠨ ᠬᠠᠮᠢᠶ᠎ᠠ ᠪᠥᠬᠦᠶ ᠠᠵᠢᠯ ᠢ ᠬᠠᠷᠢᠭᠤᠴᠠᠨ᠎ᠠ᠃

     ︵ᠠᠷᠪᠠᠨ ᠬᠤᠶᠠᠷ︶ ᠬᠤᠳᠠ ᠶᠢᠨ ᠨᠠᠮ ᠤᠨ ᠬᠤᠷᠢᠶ᠎ᠠ᠂ ᠬᠤᠳᠠ ᠶᠢᠨ ᠵᠠᠰᠠᠭ ᠤᠨ ᠣᠷᠳᠣᠨ ᠤ ᠲᠤᠰᠢᠶᠠᠭᠰᠠᠨ ᠪᠤᠰᠤᠳ ᠡᠭᠦᠷᠭᠡ ᠨᠦᠭᠦᠳ ᠢ ᠪᠡᠶᠡᠯᠡᠭᠦᠯᠦᠨ᠎ᠡ᠃

     ︵ᠠᠷᠪᠠᠨ ᠭᠤᠷᠪᠠ︶ ᠬᠤᠯᠪᠣᠭᠳᠠᠯ ᠪᠥᠬᠦᠶ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ᠃

     1. ᠵᠠᠰᠠᠮᠠᠯ ᠵᠠᠮ ᠤᠰᠤᠨ ᠵᠠᠮ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠲᠠᠯ᠎ᠠ ᠪᠠᠷ ᠬᠢ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ᠄

ᠬᠤᠲᠠ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ ᠠᠴᠠ ᠬᠠᠶᠢᠨ ᠪᠠᠶᠢᠴᠠᠭᠠᠬᠤ ᠵᠢᠷᠤᠭᠯᠠᠨ ᠲᠥᠯᠥᠪᠯᠡᠬᠦ ᠬᠢᠨᠠᠨ ᠪᠠᠶᠢᠴᠠᠭᠠᠬᠤ ᠬᠢᠨᠠᠨ ᠵᠥᠪᠰᠢᠶᠡᠷᠡᠬᠦ

ᠠᠵᠢᠯ ᠢ ᠬᠠᠷᠢᠭᠤᠴᠠᠵᠤ᠂ ᠪᠠᠷᠢᠯᠭ᠎ᠠ ᠶᠢᠨ ᠪᠣᠯᠤᠮᠵᠢ ᠶᠢᠨ ᠲᠤᠬᠠᠶ ᠰᠤᠳᠤᠯᠭᠠᠨ ᠤ ᠮᠡᠳᠡᠭᠦᠯᠦᠯᠲᠡ ᠶᠢᠨ ᠠᠵᠢᠯ ᠲᠥᠷᠥᠯ ᠤᠨ ᠬᠢᠨᠠᠨ ᠪᠠᠶᠢᠴᠠᠭᠠᠭᠰᠠᠨ ᠰᠠᠨᠠᠯ ᠢ

ᠳᠤᠷᠠᠳᠤᠨ᠎ᠠ᠃ ᠬᠤᠲᠠ ᠶᠢᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠨᠢ ᠵᠠᠰᠠᠮᠠᠯ ᠵᠠᠮ ᠤᠰᠤᠨ ᠵᠠᠮ ᠤᠨ ᠪᠥᠲᠥᠭᠡᠨ ᠪᠠᠶᠢᠭᠤᠯᠤᠯᠲᠠ ᠶᠢᠨ ᠲᠥᠷᠥᠯ

ᠵᠦᠢᠯ ᠤᠨ ᠲᠥᠷᠥᠯ ᠵᠦᠢᠯ ᠪᠠᠶᠢᠭᠤᠯᠬᠤ ᠶᠢ ᠬᠢᠨᠠᠨ ᠵᠥᠪᠰᠢᠶᠡᠷᠡᠬᠦ ᠶᠢ ᠬᠠᠷᠢᠭᠤᠴᠠᠨ᠎ᠠ᠃

     2. ᠬᠤᠳᠠ ᠬᠥᠳᠡᠭᠡ ᠶᠢᠨ ᠠᠶᠠᠨᠴᠢᠳ ᠤᠨ ᠲᠡᠭᠡᠭᠡᠪᠦᠷᠢ ᠶᠢᠨ ᠲᠠᠯ᠎ᠠ ᠶᠢᠨ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ᠄ ᠬᠤᠳᠠ ᠬᠥᠳᠡᠭᠡ ᠶᠢᠨ ᠠᠶᠠᠨᠴᠢᠳ

᠎ ᠤᠨ ᠲᠡᠭᠡᠭᠡᠪᠦᠷᠢ ᠶᠢᠨ ᠬᠠᠮᠢᠶᠠᠷᠤᠯᠲᠠ ᠶᠢᠨ ᠠᠵᠢᠯ ᠶᠠᠪᠤᠳᠠᠯ ᠤᠨ ᠡᠷᠬᠡ ᠪᠠ ᠬᠠᠮᠢᠶᠠᠷᠤᠯᠲᠠ ᠶᠢᠨ ᠡᠭᠦᠷᠭᠡ ᠬᠠᠷᠢᠭᠤᠴᠠᠯᠭ᠎ᠠ ᠶᠢ ᠡᠯ᠎ᠡ ᠱᠠᠲᠤᠨ ᠤ ᠠᠷᠠᠳ ᠤᠨ ᠵᠠᠰᠠᠭ

᠎ ᠤᠨ ᠣᠷᠳᠣᠨ ᠠᠴᠠ ᠬᠠᠷᠢᠭᠤᠴᠠᠨ᠎ᠠ᠃ ᠬᠤᠲᠠ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ ᠨᠢ ᠬᠤᠲᠠ ᠬᠥᠳᠡᠭᠡ ᠶᠢᠨ ᠠᠶᠠᠨᠴᠢᠳ ᠤᠨ ᠲᠡᠭᠡᠭᠡᠪᠦᠷᠢ ᠶᠢᠨ

ᠡᠵᠡᠩᠨᠡᠯᠲᠡ ᠬᠠᠮᠢᠶᠠᠷᠤᠯᠲᠠ ᠶᠢ ᠬᠠᠷᠢᠭᠤᠴᠠᠨ ᠵᠢᠯᠣᠭᠤᠳᠴᠤ᠂ ᠬᠤᠲᠠ ᠬᠥᠳᠡᠭᠡ ᠶᠢᠨ ᠠᠶᠠᠨᠴᠢᠳ ᠤᠨ ᠲᠡᠭᠡᠭᠡᠪᠦᠷᠢ ᠶᠢᠨ ᠬᠠᠮᠢᠶ᠎ᠠ ᠪᠥᠬᠦᠶ ᠪᠡᠯᠡᠳᠬᠡᠮᠵᠢ ᠶᠢᠨ

ᠲᠥᠯᠥᠪᠵᠢᠭᠦᠯᠭᠡ ᠪᠠ ᠬᠠᠮᠢᠶᠠᠷᠤᠯᠲᠠ ᠶᠢᠨ ᠠᠵᠢᠯ ᠳᠤ ᠣᠷᠣᠯᠴᠠᠨ᠂ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ᠂ ᠲᠦᠷᠢᠮ ᠪᠠ ᠪᠠᠷᠢᠮᠵᠢᠶ᠎ᠠ ᠶᠢ ᠵᠣᠬᠢᠶᠠᠨ ᠪᠠᠶᠢᠭᠤᠯᠤᠨ

ᠲᠤᠭᠤᠷᠪᠢᠨ ᠲᠣᠭᠲᠠᠭᠠᠬᠤ ᠶᠢᠨ ᠬᠠᠮᠲᠤ ᠬᠢᠨᠠᠯᠲᠠ ᠳᠡᠯᠪᠢᠨ ᠬᠡᠷᠡᠭᠵᠢᠭᠦᠯᠦᠨ᠎ᠡ᠃

     3. ᠤᠰᠤᠨ ᠳᠡᠭᠡᠷᠡᠬᠢ ᠵᠠᠮ ᠬᠠᠷᠢᠯᠴᠠᠭᠠᠨ ᠤ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠲᠠᠯ᠎ᠠ ᠶᠢᠨ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ᠄

ᠲᠠᠷᠢᠶᠠᠯᠠᠩ ᠮᠠᠯ ᠠᠵᠤ ᠠᠬᠤᠶ ᠶᠢᠨ ᠰᠠᠯᠠᠭ᠎ᠠ ᠮᠥᠴᠢᠷ ᠵᠢᠭᠠᠰᠤᠨ ᠣᠩᠭᠤᠴᠠᠨ ᠤ ᠭᠠᠷᠠᠮ ᠤᠨ ᠤᠰᠤᠨ ᠣᠷᠣᠨ ᠤ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ

ᠬᠠᠷᠢᠭᠤᠴᠠᠵᠤ᠂ ᠪᠡᠶ᠎ᠡ ᠶᠢᠨ ᠲᠠᠮᠢᠷ ᠤᠨ ᠰᠠᠯᠠᠭ᠎ᠠ ᠮᠥᠴᠢᠷ ᠤᠷᠤᠯᠳᠤᠭᠠᠨ ᠳᠤ ᠣᠷᠣᠯᠴᠠᠬᠤ ᠪᠡᠶ᠎ᠡ ᠶᠢᠨ ᠲᠠᠮᠢᠷ ᠤᠨ ᠬᠥᠳᠡᠯᠭᠡᠭᠡᠨ ᠤ ᠣᠩᠭᠤᠴᠠ ᠰᠠᠯ ᠤᠨ ᠠᠮᠤᠷ

ᠲᠦᠪᠰᠢᠨ ᠤ ᠬᠢᠨᠠᠯᠳᠠ ᠬᠠᠮᠢᠶᠠᠷᠤᠯᠳᠠ ᠶᠢ ᠬᠠᠷᠢᠭᠤᠴᠠᠵᠤ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠰᠠᠯᠠᠭ᠎ᠠ ᠮᠥᠴᠢᠷ ᠪᠤᠰᠤᠳ ᠣᠩᠭᠤᠴᠠ ᠰᠠᠯ ᠵᠢᠴᠢ

ᠵᠥᠪᠰᠢᠶᠡᠷᠡᠯ ᠢᠶᠠᠷ ᠠᠶᠠᠨᠴᠢᠨ ᠤ ᠪᠠ ᠪᠠᠷᠠᠭᠠᠨ ᠤ ᠲᠡᠭᠡᠭᠡᠪᠦᠷᠢ ᠬᠢᠬᠦ ᠵᠢᠭᠠᠰᠤᠨ ᠣᠩᠭᠤᠴᠠᠨ ᠤ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠪᠠ ᠠᠶᠠᠯᠠᠯ ᠨᠡᠪᠲᠡᠷᠡᠬᠦ

ᠤᠰᠤᠨ ᠣᠷᠣᠨ ᠤ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ᠃ ᠠᠵᠤ ᠦᠢᠯᠡᠳᠪᠤᠷᠢ ᠪᠠ ᠮᠡᠳᠡᠭᠡ ᠵᠠᠩᠬᠢᠴᠢᠯᠠᠯᠳᠠ ᠶᠢᠨ ᠰᠠᠯᠠᠭ᠎ᠠ

ᠮᠥᠴᠢᠷ ᠤᠳ ᠣᠩᠭᠤᠴᠠ ᠰᠠᠯ ᠦᠢᠯᠡᠳᠬᠦ ᠶᠠᠰᠤ ᠴᠢᠨᠠᠷ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠬᠠᠷᠢᠭᠤᠴᠠᠵᠤ᠂ ᠰᠤᠮᠤ ᠰᠢᠶᠠᠩ ᠪᠠᠯᠭᠠᠰᠤ ᠶᠢᠨ

ᠲᠡᠭᠡᠭᠡᠪᠦᠷᠢ ᠶᠢᠨ ᠪᠤᠰᠤ ᠣᠩᠭᠤᠴᠠ ᠰᠠᠯ ᠢ ᠬᠤᠰᠢᠭᠤ ᠲᠣᠭᠤᠷᠢᠭ᠂ ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ᠠᠴᠠ ᠰᠢᠶᠠᠩ ᠪᠠᠯᠭᠠᠰᠤ ᠶᠢᠨ

ᠲᠡᠭᠡᠭᠡᠪᠦᠷᠢ ᠶᠢᠨ ᠣᠩᠭᠤᠴᠠ ᠰᠠᠯ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠬᠠᠮᠢᠶ᠎ᠠ ᠪᠥᠬᠦᠶ ᠲᠣᠭᠲᠠᠭᠠᠯ ᠢᠶᠠᠷ ᠯᠠᠪᠯᠠᠯᠲᠠ ᠪᠣᠯᠭᠠᠨ ᠬᠢᠨᠠᠨ ᠬᠠᠮᠢᠶᠠᠷᠬᠤ

ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠬᠤᠲᠠ ᠶᠢᠨ ᠴᠡᠴᠡᠷᠯᠢᠭ ᠤᠨ ᠤᠰᠤᠨ ᠣᠷᠣᠨ ᠤ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠡᠯ᠎ᠡ ᠬᠤᠰᠢᠭᠤ

ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠠᠴᠠ ᠲᠣᠭᠲᠠᠭᠠᠨ᠎ᠠ᠃

     4.ᠭᠤᠣᠯ ᠤᠨ ᠵᠠᠮ ᠠᠴᠠ ᠬᠠᠶᠢᠷ ᠮᠠᠯᠲᠠᠬᠤ ᠬᠠᠮᠢᠶᠠᠷᠤᠯᠲᠠ ᠶᠢᠨ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ᠄ ᠬᠤᠳᠠ ᠶᠢᠨ ᠵᠠᠮ ᠬᠠᠷᠢᠯᠴᠠᠭ᠎ᠠ

ᠲᠡᠭᠡᠭᠡᠪᠦᠷᠢ ᠶᠢᠨ ᠲᠣᠪᠴᠢᠶ᠎ᠠ ᠭᠤᠣᠯ ᠤᠨ ᠵᠠᠮ ᠠᠴᠠ ᠬᠠᠶᠢᠷ ᠮᠠᠯᠳᠠᠬᠤ ᠬᠠᠮᠢᠶᠠᠷᠤᠯᠲᠠ ᠶᠢ ᠬᠠᠷᠢᠭᠤᠴᠠᠨ᠎ᠠ᠃ ᠬᠤᠲᠠ ᠶᠢᠨ ᠤᠰᠤᠨ ᠠᠰᠢᠭᠯᠠᠯᠲᠠ ᠶᠢᠨ ᠲᠣᠪᠴᠢᠶ᠎ᠠ

ᠭᠤᠤᠯ ᠤᠨ ᠵᠠᠮ ᠠᠴᠠ ᠬᠠᠶᠢᠷ ᠮᠠᠯᠲᠠᠬᠤ ᠠᠵᠢᠯ ᠢ ᠬᠢᠨᠠᠨ ᠬᠠᠮᠢᠶᠠᠷᠴᠤ᠂ ᠭᠤᠤᠯ ᠤᠨ ᠵᠠᠮ ᠠᠴᠠ ᠬᠠᠶᠢᠷ ᠮᠠᠯᠲᠠᠬᠤ ᠲᠥᠯᠥᠪᠵᠢᠭᠦᠯᠭᠡ ᠪᠠ ᠲᠥᠯᠥᠪᠯᠡᠭᠡ ᠶᠢ

ᠨᠠᠶᠢᠷᠠᠭᠤᠯᠤᠨ ᠵᠣᠬᠢᠶᠠᠬᠤ ᠶᠢ ᠵᠢᠯᠣᠭᠤᠳᠤᠨ᠎ᠠ᠃

     ᠳᠥᠷᠪᠡᠳᠦᠭᠡᠷ ᠵᠦᠢᠯ    ᠬᠤᠲᠠ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ ᠳᠤ ᠳᠣᠣᠷᠠᠬᠢ ᠮᠡᠲᠦ ᠳᠣᠲᠣᠭᠠᠳᠤ ᠪᠠᠶᠢᠭᠤᠯᠤᠮᠵᠢ ᠶᠢ ᠪᠠᠶᠢᠭᠤᠯᠤᠨ᠎ᠠ᠄

     ︵ᠨᠢᠭᠡ︶ ᠠᠯᠪᠠᠨ ᠭᠡᠷ

     ᠪᠠᠶᠢᠭᠤᠯᠭ᠎ᠠ ᠶᠢᠨ ᠡᠳᠦᠷ ᠲᠤᠲᠤᠮ ᠤᠨ ᠠᠵᠢᠯᠯᠠᠭᠠᠨ ᠢ ᠬᠠᠷᠢᠭᠤᠴᠠᠵᠤ᠂ ᠶᠡᠷᠦᠩᠬᠡᠶᠢᠯᠡᠭᠰᠡᠨ ᠴᠢᠨᠠᠷᠲᠠᠶ ᠡᠬᠡ ᠪᠢᠴᠢᠭ ᠢ ᠲᠤᠭᠤᠷᠪᠢᠬᠤ᠂ ᠬᠤᠷᠠᠯ ᠤᠨ ᠶᠠᠪᠤᠳᠠᠯ᠂

ᠨᠢᠭᠤᠴᠠ ᠶᠢ ᠬᠠᠮᠠᠭᠠᠯᠠᠬᠤ᠂ ᠨᠢᠭᠤᠴᠠ ᠮᠠᠲ᠋ᠧᠷᠢᠶᠠᠯ᠂ ᠵᠠᠰᠠᠭ ᠤᠨ ᠶᠠᠪᠤᠳᠠᠯ ᠢ ᠱᠠᠭᠠᠷᠳᠠᠨ ᠬᠢᠯᠭᠡᠬᠦ  ᠠᠵᠢᠯ ᠢ ᠡᠭᠦᠷᠭᠡᠯᠡᠵᠦ᠂ ᠮᠡᠳᠡᠭᠡ ᠵᠠᠩᠭᠢ ᠶᠢ ᠢᠯᠡ ᠪᠣᠯᠭᠠᠬᠤ ᠶᠢ

ᠵᠣᠬᠢᠶᠠᠨ ᠪᠠᠶᠢᠭᠤᠯᠤᠨ ᠵᠣᠬᠢᠴᠠᠭᠤᠯᠵᠤ᠂ ᠠᠵᠢᠯ ᠲᠥᠷᠥᠯ ᠤᠨ ᠰᠣᠨᠢᠨ ᠮᠡᠳᠡᠭᠡ ᠤᠬᠠᠭᠤᠯᠭ᠎ᠠ ᠶᠢᠨ ᠠᠵᠢᠯ ᠢ ᠵᠢᠯᠣᠭᠤᠳᠤᠨ᠂ ᠪᠠᠶᠢᠭᠤᠯᠭ᠎ᠠ ᠶᠢᠨ ᠠᠷᠤ ᠲᠠᠯ᠎ᠠ ᠶᠢᠨ 

ᠦᠢᠯᠡᠴᠢᠯᠡᠭᠡᠨ ᠤ ᠠᠵᠢᠯ ᠢ ᠵᠣᠬᠢᠴᠠᠭᠤᠯᠤᠨ᠎ᠠ᠃

     ︵ᠬᠤᠶᠠᠷ︶ ᠠᠵᠢᠯᠲᠠᠨ ᠤ ᠶᠠᠪᠤᠳᠠᠯ ᠬᠥᠮᠦᠵᠢᠯ ᠪᠤᠯᠪᠠᠰᠤᠷᠠᠯ ᠤᠨ ᠰᠠᠯᠠᠭ᠎ᠠ

      ᠪᠠᠶᠢᠭᠤᠯᠭ᠎ᠠ ᠶᠢᠨ ᠪᠠᠶᠢᠭᠤᠯᠤᠮᠵᠢ ᠶᠢᠨ ᠣᠷᠣᠨ ᠲᠤᠭ᠎ᠠ᠂ ᠠᠵᠢᠯᠲᠠᠨ ᠢ ᠲᠣᠮᠢᠯᠠᠵᠤ ᠪᠠᠭᠤᠯᠭᠠᠬᠤ᠂ ᠺᠠᠳ᠋ᠷ ᠲᠤ ᠬᠢᠨᠠᠯᠲᠠ ᠲᠠᠯᠪᠢᠬᠤ᠂ ᠴᠠᠯᠢᠩ ᠨᠡᠶᠢᠭᠡᠮ ᠤᠨ

ᠪᠠᠲᠤᠯᠠᠭ᠎ᠠ᠂ ᠣᠨ ᠤ ᠰᠢᠯᠭᠠᠨ ᠬᠢᠨᠠᠯᠳᠠ᠂ ᠬᠤᠪᠢ ᠶᠢᠨ ᠶᠠᠪᠤᠳᠠᠯ ᠢᠶᠠᠷ ᠤᠯᠤᠰ ︵ᠬᠢᠯᠢ︶᠎ ᠠᠴᠠ ᠭᠠᠷᠬᠤ ᠭᠡᠷᠡᠴᠢ ᠦᠨᠡᠮᠯᠡᠯ ᠤᠨ ᠬᠠᠮᠢᠶᠠᠷᠤᠯᠲᠠ ᠵᠡᠷᠭᠡ ᠠᠵᠢᠯ ᠢ

ᠬᠠᠷᠢᠭᠤᠴᠠᠵᠤ᠂ ᠬᠠᠷᠢᠶ᠎ᠠ ᠨᠢᠭᠡᠴᠢ ᠶᠢᠨ ᠢᠶᠠᠨ ᠬᠠᠮᠢᠶ᠎ᠠ ᠪᠥᠬᠦᠶ ᠠᠵᠢᠯ ᠢ ᠬᠢᠨᠠᠨ ᠵᠢᠯᠣᠭᠤᠳᠤᠨ᠎ᠠ᠃ ᠪᠠᠶᠢᠭᠤᠯᠭ᠎ᠠ ᠶᠢᠨ ᠺᠠᠳ᠋ᠷ ᠠᠵᠢᠯᠲᠠᠨ ᠤ ᠬᠥᠮᠦᠵᠢᠯ

ᠪᠤᠯᠪᠠᠰᠤᠷᠠᠯ ᠤᠨ ᠠᠵᠢᠯ ᠢ ᠬᠠᠷᠢᠭᠤᠴᠠᠵᠤ᠂ ᠰᠢᠰᠲ᠋ᠧᠮ ᠤᠨ ᠠᠵᠢᠯᠲᠠᠨ ᠠᠵᠢᠯᠴᠢᠨ ᠤ ᠬᠥᠮᠦᠵᠢᠯ ᠪᠤᠯᠪᠠᠰᠤᠷᠠᠯ ᠤᠨ ᠬᠠᠮᠢᠶ᠎ᠠ ᠪᠥᠬᠦᠶ ᠠᠵᠢᠯ ᠢ ᠵᠢᠯᠣᠭᠤᠳᠤᠨ᠎ᠠ᠃

ᠬᠤᠯᠪᠣᠭᠳᠠᠯ ᠪᠥᠬᠦᠢ ᠰᠠᠯᠠᠭ᠎ᠠ ᠮᠥᠴᠢᠷ ᠢ ᠬᠠᠮᠵᠢᠨ ᠲᠤᠰᠬᠠᠶ ᠮᠡᠷᠭᠡᠵᠢᠯ ᠤᠨ ᠠᠵᠢᠯᠳᠠᠨ ᠤ ᠬᠢᠷᠢ ᠬᠡᠮ ᠢ ᠬᠢᠨᠠᠨ ᠲᠣᠭᠲᠠᠭᠠᠬᠤ ᠪᠠ ᠠᠵᠢᠯᠴᠢᠨ ᠤ ᠮᠡᠷᠭᠡᠵᠢᠯ ᠤᠨ

ᠵᠡᠷᠭᠡ ᠳᠡᠰ ᠢ ᠬᠢᠨᠠᠨ ᠰᠢᠯᠭᠠᠵᠤ ᠦᠨᠡᠯᠡᠨ ᠲᠣᠭᠲᠠᠭᠠᠬᠤ ᠠᠵᠢᠯ ᠢ ᠰᠠᠶᠢᠲᠤᠷ ᠬᠢᠨ᠎ᠠ᠃ ᠠᠵᠢᠯ ᠲᠥᠷᠥᠯ ᠤᠨ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠶᠢ

ᠵᠢᠯᠤᠭᠤᠳᠤᠨ᠎ᠠ᠃ ᠪᠠᠶᠢᠭᠤᠯᠭ᠎ᠠ ᠶᠢᠨ ᠠᠵᠢᠯ ᠠᠴᠠ ᠪᠠᠨ ᠰᠠᠯᠵᠤ ᠠᠮᠠᠷᠠᠭᠰᠠᠨ ᠪᠠ ᠠᠵᠢᠯ ᠠᠴᠠ ᠪᠠᠨ ᠪᠠᠭᠤᠵᠤ ᠠᠮᠠᠷᠠᠭᠰᠠᠨ ᠬᠥᠮᠦᠰ ᠤᠨ ᠠᠵᠢᠯ ᠢ ᠬᠠᠷᠢᠭᠤᠴᠠᠵᠤ᠂

ᠬᠠᠷᠢᠶ᠎ᠠ ᠨᠢᠭᠡᠴᠢ ᠶᠢᠨ ᠢᠶᠠᠨ ᠠᠵᠢᠯ ᠠᠴᠠ ᠪᠠᠨ ᠰᠠᠯᠵᠤ ᠠᠮᠠᠷᠠᠭᠰᠠᠨ ᠪᠠ ᠠᠵᠢᠯ ᠠᠴᠠ ᠪᠠᠨ ᠪᠠᠭᠤᠵᠤ ᠠᠮᠠᠷᠠᠭᠰᠠᠨ ᠬᠥᠮᠦᠰ ᠤᠨ ᠠᠵᠢᠯ ᠢ  ᠵᠢᠯᠤᠭᠤᠳᠤᠨ᠎ᠠ᠃

     ︵ᠭᠤᠷᠪᠠ︶ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠰᠠᠯᠠᠭ᠎ᠠ ︵ᠵᠠᠰᠠᠭ ᠵᠠᠬᠢᠷᠭᠠᠨ ᠤ ᠬᠠᠤᠯᠢ ᠭᠡᠷᠡᠭᠵᠢᠬᠦᠯᠵᠤ ᠬᠢᠨᠠᠯᠲᠠ ᠲᠠᠯᠪᠢᠬᠤ ᠪᠠ ᠲᠥᠷᠥ ᠶᠢᠨ

ᠪᠣᠳᠣᠯᠭ᠎ᠠ ᠬᠠᠤᠯᠢ ᠲᠣᠭᠲᠠᠭᠠᠯ ᠤᠨ ᠰᠠᠯᠠᠭ᠎ᠠ︶

     ᠲᠣᠭᠲᠠᠭᠠᠭᠰᠠᠨ ᠡᠷᠬᠡ ᠮᠡᠳᠡᠯ ᠤᠨ ᠬᠡᠪᠴᠢᠶ᠎ᠡ ᠶᠣᠰᠣᠭᠠᠷ ᠬᠤᠲᠠ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ ᠶᠢᠨ ᠪᠠᠶᠢᠭᠤᠯᠭ᠎ᠠ ᠶᠢᠨ ᠵᠠᠰᠠᠭ

ᠵᠠᠬᠢᠷᠭᠠᠨ ᠤ ᠵᠦᠪᠰᠢᠶᠡᠷᠡᠬᠦᠯᠬᠦ᠂ ᠨᠤᠳᠠᠯᠠᠭᠤᠯᠬᠤ᠂ ᠱᠠᠩᠨᠠᠬᠤ᠂ ᠥᠭᠭᠦᠭᠦᠯᠬᠦ ᠵᠦᠢᠯᠡᠰ ᠢ ᠭᠥᠯᠢᠶᠡᠨ ᠠᠪᠴᠤ ᠰᠢᠢᠳᠪᠤᠷᠢᠯᠡᠬᠦ᠂ ᠬᠢᠨᠠᠨ ᠵᠥᠪᠰᠢᠶᠡᠷᠡᠬᠦ᠂ ᠳᠠᠮᠵᠢᠭᠤᠯᠤᠨ

ᠮᠡᠳᠡᠭᠦᠯᠬᠦ ᠵᠡᠷᠭᠡ ᠠᠵᠢᠯ ᠪᠠ ᠡᠳᠦᠷ ᠲᠤᠲᠤᠮ ᠤᠨ ᠬᠠᠮᠢᠶᠠᠷᠤᠯᠲᠠ ᠦᠢᠯᠡᠴᠢᠯᠡᠭᠡᠨ ᠤ ᠲᠥᠷᠥᠯ ᠵᠡᠷᠭᠡ ᠵᠦᠢᠯᠡᠰ ᠢ ᠬᠢᠨᠠᠨ ᠬᠠᠷᠭᠤᠭᠤᠯᠬᠤ᠂ ᠵᠥᠪᠰᠢᠶᠡᠷᠡᠬᠦ᠂

ᠳᠠᠩᠰᠠᠯᠠᠬᠤ ᠵᠡᠷᠭᠡ ᠠᠵᠢᠯ ᠢ ᠡᠭᠦᠷᠭᠡᠯᠡᠨ᠎ᠡ᠃ ᠡᠯ᠎ᠡ ᠲᠤᠬᠠᠶᠢᠯᠠᠭᠰᠠᠨ ᠠᠵᠢᠯ ᠤᠨ ᠰᠠᠯᠠᠭ᠎ᠠ ᠲᠠᠰᠤᠭ ᠤᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ  ᠵᠦᠢᠯᠡᠰ ᠲᠤ

ᠦᠵᠡᠭᠦᠯᠬᠦ ᠠᠷᠤ ᠲᠠᠯ᠎ᠠ ᠶᠢᠨ ᠳᠡᠮᠵᠢᠯᠭᠡ ᠶᠢᠨ ᠠᠵᠢᠯ ᠢ ᠬᠠᠷᠢᠭᠤᠴᠠᠨ ᠵᠣᠬᠢᠴᠠᠭᠤᠯᠤᠨ᠎ᠠ᠃ ᠲᠥᠷᠥ ᠶᠢᠨ ᠪᠣᠳᠣᠯᠭ᠎ᠠ ᠶᠢᠨ ᠪᠠᠶᠢᠴᠠᠭᠠᠨ ᠰᠤᠳᠤᠯᠤᠯᠲᠠ ᠶᠢ ᠵᠣᠬᠢᠶᠠᠨ

ᠪᠠᠶᠢᠭᠤᠯᠵᠤ᠂ ᠥᠭᠡᠷᠡᠴᠢᠯᠡᠯᠲᠡ ᠶᠢ ᠵᠣᠬᠢᠴᠠᠭᠤᠯᠬᠤ ᠲᠠᠯ᠎ᠠ ᠶᠢᠨ ᠠᠵᠢᠯ ᠢ ᠡᠬᠦᠷᠭᠡᠯᠡᠨ᠎ᠡ᠃ ᠠᠵᠢᠯ ᠲᠥᠷᠥᠯ ᠤᠨ ᠬᠠᠤᠯᠢ ᠶᠣᠰᠣᠭᠠᠷ ᠵᠠᠰᠠᠭ ᠶᠠᠪᠤᠭᠤᠯᠬᠤ ᠪᠠ ᠬᠠᠤᠯᠢ

ᠲᠦᠭᠡᠮᠡᠯᠵᠢᠭᠦᠯᠬᠦ ᠠᠵᠢᠯ ᠢ ᠵᠢᠯᠣᠭᠤᠳᠴᠤ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠬᠦᠷᠢᠶ᠎ᠡ ᠴᠠᠷᠠᠭ᠎ᠠ ᠶᠢᠨ ᠵᠢᠷᠤᠮᠵᠢᠬᠰᠠᠨ ᠪᠢᠴᠢᠭ ᠮᠠᠲ᠋ᠧᠷᠢᠶᠠᠯ ᠤᠨ ᠬᠠᠤᠯᠢ ᠶᠣᠰᠣᠴᠢ

ᠴᠢᠨᠠᠷ ᠢ ᠬᠢᠨᠠᠨ ᠪᠠᠶᠢᠴᠠᠭᠠᠬᠤ᠂ ᠵᠠᠰᠠᠭ ᠵᠠᠬᠢᠷᠭᠠᠨ ᠢᠶᠠᠷ ᠳᠠᠬᠢᠨ ᠵᠦᠪᠯᠡᠬᠦᠯᠬᠦ᠂ ᠵᠠᠰᠠᠭ ᠵᠠᠬᠢᠷᠭᠠᠨ ᠤ ᠵᠠᠷᠭᠤ ᠬᠦᠯᠢᠶᠡᠬᠦ ᠵᠡᠷᠭᠡ ᠠᠵᠢᠯ ᠢ ᠡᠭᠦᠷᠭᠡᠯᠡᠨ᠎ᠡ᠃

ᠢᠲᠡᠭᠡᠮᠵᠢ ᠶᠢᠨ ᠲᠤᠬᠳᠠᠯᠴᠠᠭ᠎ᠠ ᠶᠢᠨ ᠪᠠᠶᠢᠭᠤᠯᠤᠯᠲᠠ ᠶᠢ ᠵᠣᠬᠢᠴᠠᠭᠤᠯᠤᠨ᠎ᠠ᠃ ᠠᠵᠢᠯ ᠲᠥᠷᠥᠯ ᠤᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢᠨ ᠬᠢᠨᠠᠯᠲᠠ

ᠬᠠᠮᠢᠶᠠᠷᠤᠯᠲᠠ ᠶᠢᠨ ᠠᠵᠢᠯ ᠢ ᠬᠠᠷᠢᠭᠤᠴᠠᠵᠤ᠂ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ᠂ ᠲᠦᠷᠢᠮ ᠪᠠ ᠪᠠᠷᠢᠮᠵᠢᠶ᠎ᠠ ᠶᠢ ᠲᠣᠭᠲᠠᠭᠠᠬᠤ ᠶᠢᠨ ᠬᠠᠮᠲᠤ ᠬᠢᠨᠠᠯᠲᠠ

ᠲᠠᠯᠪᠢᠵᠤ ᠬᠡᠷᠡᠭᠵᠢᠭᠦᠯᠦᠨ᠎ᠡ᠃ ᠠᠵᠢᠯ ᠲᠥᠷᠥᠯ ᠤᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠡᠩᠨᠡᠭᠡ ᠶᠢᠨ ᠪᠠᠶᠢᠭᠤᠯᠤᠯᠲᠠ ᠶᠢ ᠵᠢᠯᠤᠭᠤᠳᠤᠨ᠎ᠠ᠃ ᠵᠢᠭᠠᠰᠤᠨ

ᠠᠵᠤ ᠠᠬᠤᠶ ᠶᠢᠨ ᠣᠩᠭᠤᠴᠠ ᠰᠠᠯ ᠤᠨ ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠠᠵᠢᠯ ᠢ ᠬᠠᠷᠢᠭᠤᠴᠠᠨ᠎ᠠ᠃

      ︵ᠲᠦᠷᠪᠡ︶ ᠲᠥᠯᠥᠪᠵᠢᠭᠦᠯᠭᠡ ᠶᠢᠨ ᠰᠠᠯᠠᠭ᠎ᠠ

      ᠪᠥᠬᠦ ᠬᠤᠲᠠ ᠶᠢᠨ ᠶᠡᠷᠦᠩᠬᠡᠶᠢᠯᠡᠭᠰᠡᠨ ᠵᠠᠮ ᠬᠠᠷᠢᠯᠴᠠᠭ᠎ᠠ ᠲᠡᠭᠡᠭᠡᠪᠦᠷᠢ ᠶᠢᠨ ᠬᠥᠭᠵᠢᠯᠲᠡ ᠶᠢᠨ ᠲᠥᠯᠥᠪᠵᠢᠭᠦᠯᠭᠡ ᠵᠢᠴᠢ ᠵᠠᠰᠠᠮᠠᠯ ᠵᠠᠮ᠂ ᠤᠰᠤᠨ ᠵᠠᠮ᠂

ᠠᠶᠠᠯᠠᠬᠤ ᠵᠠᠮ ᠤᠨ  ᠬᠥᠭᠵᠢᠯᠲᠡ ᠶᠢᠨ ᠪᠠᠶᠢᠯᠳᠤᠬᠤ ᠪᠣᠳᠣᠯᠭ᠎ᠠ᠂ ᠲᠤᠰᠬᠠᠶ ᠵᠦᠢᠯ ᠤᠨ ᠲᠥᠯᠥᠪᠵᠢᠭᠦᠯᠭᠡ᠂ ᠣᠨ ᠤ ᠲᠥᠯᠥᠪᠯᠡᠭᠡ ᠶᠢ ᠵᠣᠬᠢᠶᠠᠨ ᠪᠠᠶᠢᠭᠤᠯᠤᠨ

ᠨᠠᠶᠢᠷᠠᠭᠤᠯᠤᠨ ᠵᠣᠬᠢᠶᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠬᠦ ᠶᠢ ᠬᠠᠷᠢᠭᠤᠴᠠᠨ᠎ᠠ᠃ ᠵᠠᠰᠠᠮᠠᠯ ᠵᠡᠮ ᠢ ᠠᠷᠠᠴᠢᠯᠠᠨ ᠬᠠᠮᠠᠭᠠᠯᠠᠬᠤ ᠲᠥᠯᠥᠪᠯᠡᠭᠡ᠂

ᠬᠥᠳᠡᠭᠡ ᠲᠣᠰᠬᠤᠨ ᠤ ᠵᠠᠰᠠᠮᠠᠯ ᠵᠡᠮ ᠤᠨ ᠪᠦᠳᠦᠭᠡᠠ ᠪᠠᠶᠢᠭᠤᠯᠤᠯᠲᠠ ᠶᠢᠨ ᠲᠥᠯᠥᠪᠯᠡᠭᠡ ᠶᠢ ᠨᠠᠶᠢᠷᠠᠭᠤᠯᠤᠨ ᠵᠣᠬᠢᠶᠠᠵᠤ᠂ ᠪᠠᠷᠠᠭᠠᠨ ᠤ ᠭᠦᠢᠯᠭᠡᠭᠡᠨ ᠤ ᠦᠢᠯᠡᠰ ᠤᠨ

ᠬᠥᠭᠵᠢᠯᠲᠡ ᠶᠢᠨ ᠲᠥᠯᠥᠪᠵᠢᠭᠦᠯᠭᠡ ᠶᠢ ᠲᠤᠬᠳᠠᠭᠠᠬᠤ ᠳᠤ ᠤᠷᠤᠯᠴᠠᠨ᠎ᠠ᠃ ᠵᠠᠮ ᠬᠠᠷᠢᠯᠴᠠᠭᠠᠨ ᠤ ᠰᠠᠭᠤᠷᠢ ᠲᠦᠬᠦᠭᠡᠷᠤᠮᠵᠢ ᠶᠢᠨ ᠪᠥᠳᠥᠭᠡᠨ ᠪᠠᠶᠢᠭᠤᠯᠤᠯᠲᠠ ᠶᠢᠨ

ᠲᠥᠷᠥᠯ ᠵᠦᠢᠯ ᠤᠨ ᠪᠠᠷᠢᠯᠭ᠎ᠠ ᠶᠢᠨ ᠪᠣᠯᠤᠮᠵᠢᠲᠤ  ᠴᠢᠨᠠᠷ ᠤᠨ ᠰᠤᠳᠤᠯᠭᠠᠨ ᠤ ᠠᠵᠢᠯ ᠢ ᠡᠭᠦᠷᠭᠡᠯᠡᠨ᠎ᠡ᠃ ᠬᠤᠲᠠ ᠶᠢᠨ ᠬᠤᠯᠪᠣᠭᠳᠠᠯ ᠪᠦᠬᠦᠢ ᠵᠠᠮ ᠬᠠᠷᠢᠯᠴᠠᠭᠠᠨ ᠤ

ᠲᠤᠰᠬᠠᠶ ᠪᠡᠯᠡ ᠮᠥᠩᠭᠦ ᠶᠢᠨ ᠲᠣᠬᠢᠷᠠᠭᠤᠯᠤᠯᠲᠠ ᠶᠢ ᠳᠤᠷᠠᠳᠤᠨ ᠭᠠᠷᠭᠠᠨ᠎ᠠ᠃ ᠵᠠᠮ ᠬᠠᠷᠢᠯᠴᠠᠭᠠᠨ ᠤ ᠪᠥᠳᠥᠭᠡᠨ ᠪᠠᠶᠢᠭᠤᠯᠤᠯᠲᠠ ᠶᠢᠨ ᠲᠥᠷᠥᠯ ᠵᠦᠢᠯ ᠤᠨ

ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢᠨ ᠬᠡᠪᠴᠢᠶ᠎ᠡ ᠪᠣᠯᠤᠨ ᠴᠢᠭᠯᠡᠯ᠂ ᠵᠠᠰᠠᠭ ᠤᠨ ᠣᠷᠳᠣᠨ ᠪᠣᠯᠤᠨ ᠨᠡᠶᠢᠭᠡᠮ ᠤᠨ ᠬᠥᠷᠥᠩᠭᠡ ᠶᠢᠨ

ᠬᠤᠷᠰᠢᠯᠴᠠᠭ᠎ᠠ ᠶᠢᠨ ᠲᠥᠷᠥᠯ ᠵᠦᠢᠯ ᠤᠨ ᠲᠤᠬᠠᠶ ᠬᠠᠮᠢᠶ᠎ᠠ ᠪᠥᠬᠦᠢ ᠰᠠᠨᠠᠭᠤᠯᠭ᠎ᠠ ᠶᠢ ᠲᠤᠷᠠᠳᠤᠨ᠎ᠠ᠃ ᠵᠠᠰᠠᠮᠠᠯ ᠵᠠᠮ ᠤᠰᠤᠨ ᠵᠠᠮ ᠤᠨ ᠠᠵᠢᠯ ᠲᠥᠷᠥᠯ ᠤᠨ ᠣᠷᠴᠢᠨ

ᠲᠣᠭᠤᠷᠢᠨ ᠢ ᠬᠠᠮᠠᠭᠠᠯᠠᠵᠤ ᠡᠨᠧᠷᠭᠢ ᠠᠷᠪᠢᠯᠠᠬᠤ᠂ ᠪᠣᠬᠢᠷᠲᠤᠯ ᠢ ᠰᠡᠷᠭᠡᠶᠢᠯᠡᠨ ᠵᠠᠰᠠᠬᠤ᠂ ᠵᠠᠮ ᠬᠠᠷᠢᠯᠴᠠᠭᠠᠨ ᠤ ᠲᠡᠶᠢᠨ ᠤ ᠪᠡᠯᠡᠳᠬᠡᠯ ᠪᠠ ᠭᠠᠮᠰᠢᠭ ᠠᠴᠠ ᠠᠪᠤᠷᠠᠬᠤ

ᠵᠡᠷᠭᠡ ᠠᠵᠢᠯ ᠢ ᠵᠣᠬᠢᠴᠠᠭᠤᠯᠵᠤ᠂ ᠪᠦᠷᠢᠳᠬᠡᠨ ᠵᠠᠳᠠᠯᠬᠤ ᠠᠵᠢᠯ ᠢ ᠡᠭᠦᠷᠭᠡᠯᠡᠨ᠎ᠡ᠃

      ︵ᠲᠠᠪᠤ︶ ᠪᠥᠳᠥᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠰᠠᠯᠠᠭ᠎ᠠ

      ᠵᠠᠰᠠᠮᠠᠯ ᠵᠠᠮ ᠤᠰᠤᠨ ᠵᠠᠮ ᠤᠨ ᠪᠥᠲᠥᠭᠡᠨ ᠪᠠᠶᠢᠭᠤᠯᠤᠯᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃

ᠲᠣᠭᠲᠠᠭᠠᠭᠰᠠᠨ ᠡᠷᠬᠡ ᠮᠡᠳᠡᠯ ᠤᠨ ᠭᠡᠪᠴᠢᠶ᠎ᠡ ᠶᠣᠰᠣᠭᠠᠷ ᠵᠠᠰᠠᠮᠠᠯ ᠵᠠᠮ ᠤᠰᠤᠨ ᠵᠠᠮ ᠤᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠵᠢᠷᠤᠭ

ᠲᠥᠯᠥᠪᠯᠡᠭᠡ ᠶᠢ ᠬᠢᠨᠠᠨ ᠵᠥᠪᠰᠢᠶᠡᠷᠡᠬᠦ ᠶᠢ ᠳᠠᠭᠠᠭᠠᠨ ᠬᠦᠢᠴᠡᠳᠭᠡᠬᠦ ᠶᠢᠨ ᠬᠠᠮᠲᠤ ᠬᠢᠨᠠᠯᠲᠠ ᠳᠡᠯᠪᠢᠨ ᠭᠡᠷᠡᠭᠵᠢᠬᠦᠯᠬᠦ ᠶᠢ ᠬᠠᠷᠢᠭᠤᠴᠠᠵᠤ᠂ ᠵᠠᠰᠠᠮᠠᠯ ᠵᠠᠮ ᠤᠨ ᠪᠥᠲᠥᠭᠡᠨ

ᠪᠠᠶᠢᠭᠤᠯᠤᠯᠲᠠ ᠶᠢᠨ ᠲᠥᠷᠥᠯ ᠵᠦᠢᠯ ᠤᠨ ᠪᠠᠷᠢᠯᠭ᠎ᠠ ᠳᠠᠭᠤᠰᠤᠭᠰᠠᠨ ᠢ ᠰᠢᠯᠭᠠᠨ ᠠᠪᠬᠤ ᠠᠵᠢᠯ ᠢ ᠬᠠᠷᠢᠭᠤᠴᠠᠵᠤ᠂ ᠪᠠᠷᠢᠯᠭ᠎ᠠ ᠶᠢᠨ ᠦᠨ᠎ᠡ ᠦᠷᠳᠡᠭ᠂

ᠳᠠᠭᠠᠭᠠᠴᠢᠯᠠᠯᠲᠠ ᠵᠠᠷᠯᠠᠵᠤ ᠳᠠᠭᠠᠭᠠᠴᠢᠯᠠᠯᠲᠠ ᠬᠦᠯᠢᠶᠡᠬᠦ᠂ ᠠᠵᠢᠯ ᠡᠷᠭᠢᠯᠡᠬᠦ ᠬᠢᠷᠢ ᠬᠡᠮ᠂ ᠶᠠᠰᠤ ᠴᠢᠨᠠᠷ ᠲᠤ ᠬᠢᠨᠠᠯᠲᠠ ᠲᠠᠯᠪᠢᠬᠤ ᠬᠠᠮᠢᠶ᠎ᠠ ᠪᠥᠬᠦᠶ ᠠᠵᠢᠯ ᠢ ᠬᠢᠨᠠᠨ

ᠵᠢᠯᠣᠭᠤᠳᠤᠨ᠎ᠠ᠃ ᠬᠥᠳᠡᠭᠡ ᠲᠣᠰᠬᠤᠨ ᠤ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠠᠵᠢᠯ ᠢ ᠵᠢᠯᠣᠭᠤᠳᠴᠤ ᠬᠢᠨᠠᠯᠲᠠ ᠲᠠᠯᠪᠢᠨ᠎ᠠ᠃

ᠵᠠᠰᠠᠮᠠᠯ ᠵᠠᠮ ᠤᠨ ᠲᠥᠷᠥᠯ ᠵᠦᠢᠯ ᠤᠨ ᠪᠥᠳᠥᠭᠡᠨ ᠪᠠᠶᠢᠭᠤᠯᠤᠯᠲᠠ ᠶᠢᠨ ᠬᠤᠭᠤᠴᠠᠭᠠᠨ ᠤ ᠣᠷᠴᠢᠨ ᠲᠣᠭᠤᠷᠢᠨ ᠢ ᠬᠠᠮᠠᠭᠠᠯᠠᠬᠤ᠂ ᠡᠨᠧᠷᠭᠢ ᠠᠷᠪᠢᠯᠠᠨ ᠪᠣᠬᠢᠷᠲᠤᠯ

ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠠᠵᠢᠯ ᠢ ᠵᠢᠯᠣᠭᠤᠳᠤᠨ᠎ᠠ᠃ ᠲᠣᠭᠲᠠᠭᠠᠭᠰᠠᠨ ᠡᠷᠬᠡ ᠮᠡᠳᠡᠯ ᠤᠨ ᠬᠡᠪᠴᠢᠶ᠎ᠡ ᠶᠣᠰᠣᠭᠠᠷ ᠪᠠᠷᠢᠯᠭ᠎ᠠ ᠶᠢᠨ ᠪᠥᠲᠥᠭᠡᠨ

ᠪᠠᠶᠢᠭᠤᠯᠤᠯᠲᠠ ᠶᠢᠨ ᠠᠵᠢᠯ ᠡᠷᠭᠢᠯᠡᠬᠦ ᠨᠢᠭᠡᠴᠢ ᠶᠢᠨ ᠢᠲᠡᠭᠡᠮᠵᠢ ᠶᠢᠨ ᠦᠨᠡᠯᠡᠯᠲᠡ ᠶᠢᠨ ᠠᠵᠢᠯ ᠢ ᠬᠠᠷᠢᠭᠤᠴᠠᠨ᠎ᠠ᠃ ᠵᠠᠮ ᠬᠠᠷᠢᠯᠴᠠᠭ᠎ᠠ ᠲᠡᠭᠡᠭᠡᠪᠦᠷᠢ ᠶᠢᠨ ᠠᠵᠢᠯ

ᠲᠥᠷᠥᠯ ᠤᠨ ᠮᠡᠷᠭᠡᠵᠢᠯ ᠤᠨ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠡᠳᠤᠷ ᠲᠤᠳᠤᠮ ᠤᠨ ᠠᠵᠢᠯ ᠢ ᠳᠠᠭᠠᠭᠠᠴᠢᠯᠠᠨ ᠬᠢᠨ᠎ᠠ᠃

      ︵ᠵᠢᠷᠭᠤᠭ᠎ᠠ︶ ᠵᠠᠰᠠᠮᠠᠯ ᠵᠠᠮ ᠤᠨ ᠰᠠᠯᠠᠭ᠎ᠠ

      ᠵᠠᠰᠠᠮᠠᠯ ᠵᠠᠮ ᠤᠨ ᠠᠷᠠᠴᠢᠯᠠᠯᠲᠠ᠂ ᠵᠠᠮ ᠤᠨ ᠶᠠᠪᠤᠳᠠᠯ᠂ ᠡᠵᠡᠩᠨᠡᠯᠲᠡ ᠶᠢᠨ ᠦᠢᠯᠡᠴᠢᠯᠡᠭᠡᠨ ᠤ ᠬᠢᠨᠠᠯᠲᠠ ᠬᠠᠮᠢᠶᠠᠷᠤᠯᠲᠠ ᠶᠢᠨ ᠠᠵᠢᠯ ᠢ ᠬᠠᠷᠢᠭᠤᠴᠠᠵᠤ᠂

ᠬᠡᠮᠵᠢᠶ᠎ᠡ ᠠᠴᠠ ᠬᠡᠲᠦᠷᠡᠲᠡᠯ᠎ᠡ ᠠᠴᠢᠶᠠᠯᠠᠵᠤ ᠲᠡᠭᠡᠭᠡᠪᠦᠷᠢᠯᠡᠬᠦ᠂ ᠵᠠᠮ ᠳᠤ ᠬᠤᠯᠪᠣᠭᠳᠠᠬᠤ ᠪᠠᠷᠢᠯᠭ᠎ᠠ ᠶᠢᠨ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ᠃ ᠵᠠᠮ

ᠬᠠᠷᠢᠯᠴᠠᠭᠠᠨ ᠤ ᠬᠡᠮᠵᠢᠶ᠎ᠡ ᠶᠢ ᠪᠠᠶᠢᠴᠠᠭᠠᠬᠤ᠂ ᠵᠠᠮ ᠤᠨ ᠪᠠᠶᠢᠳᠠᠯ ᠢ ᠳᠠᠩᠰᠠᠯᠠᠬᠤ᠂ ᠵᠠᠮ ᠤᠨ ᠲᠤᠤᠷ ᠢ ᠬᠢᠨᠠᠨ ᠬᠡᠮᠵᠢᠬᠦ ᠵᠢᠴᠢ ᠵᠠᠰᠠᠮᠠᠯ ᠵᠠᠮ ᠤᠨ

ᠨᠣᠭᠤᠭᠠᠷᠠᠭᠤᠯᠤᠯᠲᠠ ᠶᠢᠨ ᠠᠵᠢᠯ ᠢ ᠬᠠᠷᠢᠭᠤᠴᠠᠨ᠎ᠠ᠃ ᠵᠠᠰᠠᠮᠠᠯ ᠵᠠᠮ ᠢ ᠨᠢᠭᠡᠳᠦᠯᠲᠡᠶ ᠲᠥᠯᠥᠪᠯᠡᠨ ᠲᠣᠬᠢᠷᠠᠭᠤᠯᠬᠤ᠂ ᠠᠶᠤᠯ ᠭᠠᠮᠰᠢᠭ ᠠᠴᠠ ᠠᠪᠤᠷᠠᠬᠤ ᠠᠵᠢᠯ ᠢ

ᠡᠭᠦᠷᠭᠡᠯᠡᠨ᠎ᠡ᠃ ᠬᠥᠳᠡᠭᠡ ᠲᠣᠰᠬᠤᠨ ᠤ ᠵᠠᠰᠠᠮᠠᠯ ᠵᠠᠮ ᠢ ᠠᠷᠠᠴᠢᠯᠠᠨ ᠬᠠᠮᠠᠭᠠᠯᠠᠬᠤ ᠬᠠᠮᠢᠶ᠎ᠠ ᠪᠦᠬᠦᠢ ᠠᠵᠢᠯ ᠢ ᠳᠠᠭᠠᠭᠠᠴᠢᠯᠠᠨ ᠬᠢᠨ᠎ᠡ᠃ ᠪᠥᠬᠦ ᠬᠤᠲᠠ ᠶᠢᠨ ᠰᠦᠢᠳᠭᠡᠯ

ᠬᠤᠷᠢᠶᠠᠬᠤ ᠵᠠᠰᠠᠮᠠᠯ ᠵᠠᠮ ᠤᠨ ᠬᠠᠮᠢᠶ᠎ᠠ ᠪᠥᠬᠦᠶ ᠵᠦᠢᠯᠡᠰ᠂ ᠳᠡᠭᠡᠳᠤ ᠬᠤᠷᠳᠤᠨ ᠲᠡᠷᠭᠡᠨ ᠤ ᠵᠠᠮ ᠤᠨ ᠰᠦᠯᠵᠢᠶ᠎ᠡ ᠪᠠᠷ ᠰᠦᠢᠳᠭᠡᠯ ᠬᠤᠷᠢᠶᠠᠬᠤ ᠳᠤ ᠬᠢᠨᠠᠯᠲᠠ

ᠲᠠᠯᠪᠢᠵᠤ ᠬᠠᠮᠢᠶᠠᠷᠬᠤ ᠠᠵᠢᠯ ᠢ ᠬᠠᠷᠢᠭᠤᠴᠠᠨ᠎ᠠ᠃

     ︵ᠲᠤᠯᠤᠭ᠎ᠠ︶ ᠲᠡᠭᠡᠭᠡᠪᠦᠷᠢ ᠶᠢᠨ ᠦᠢᠯᠡᠴᠢᠯᠡᠭᠡᠨ ᠤ ᠰᠠᠯᠠᠭ᠎ᠠ

     ᠵᠠᠰᠠᠮᠠᠯ ᠵᠠᠮ ᠤᠰᠤᠨ ᠵᠠᠮ ᠤᠨ ᠲᠡᠭᠡᠭᠡᠪᠦᠷᠢ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢ ᠬᠠᠷᠢᠭᠤᠴᠠᠵᠤ᠂ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ

᠂ ᠲᠦᠷᠢᠮ ᠪᠠ ᠪᠠᠷᠢᠮᠵᠢᠶ᠎ᠠ ᠶᠢ ᠲᠣᠭᠲᠠᠭᠠᠬᠤ ᠶᠢᠨ ᠬᠠᠮᠲᠤ ᠬᠢᠨᠠᠯᠲᠠ ᠲᠠᠯᠪᠢᠵᠤ ᠬᠡᠷᠡᠭᠵᠢᠭᠦᠯᠦᠨ᠎ᠡ᠃ ᠠᠶᠢᠮᠠᠭ ᠬᠤᠲᠠ ᠠᠯᠤᠰᠯᠠᠭᠰᠠᠨ ᠬᠤᠰᠢᠭᠤ ᠲᠣᠭᠤᠷᠢᠭ

ᠠᠯᠤᠰᠯᠠᠭᠰᠠᠨ ᠵᠠᠰᠠᠮᠠᠯ ᠵᠠᠮ ᠤᠨ ᠠᠶᠠᠨᠴᠢᠳ ᠤᠨ ᠲᠡᠭᠡᠭᠡᠪᠦᠷᠢ᠂ ᠤᠰᠤᠨ ᠵᠠᠮ ᠠᠶᠠᠯᠠᠯ ᠤᠨ ᠵᠠᠮ ᠤᠨ ᠠᠶᠠᠯᠠᠯ ᠨᠡᠪᠲᠡᠷᠡᠬᠦ ᠨᠥᠬᠦᠴᠡᠯ ᠤᠨ ᠨᠥᠯᠥᠭᠡ ᠶᠢ ᠦᠨᠡᠯᠡᠬᠦ

ᠬᠠᠮᠢᠶᠠᠷᠬᠤ ᠶᠢ ᠬᠠᠷᠢᠭᠤᠴᠠᠨ᠎ᠠ᠃ ᠪᠦᠬᠦ ᠬᠤᠲᠠ ᠶᠢᠨ ᠶᠡᠷᠦᠩᠬᠡᠶᠢᠯᠡᠭᠰᠡᠨ ᠲᠡᠭᠡᠭᠡᠪᠦᠷᠢ ᠶᠢᠨ ᠲᠤᠬᠳᠠᠯᠴᠠᠭ᠎ᠠ ᠶᠢᠨ ᠪᠦᠲᠦᠭᠡᠨ ᠪᠠᠢᠭᠤᠯᠤᠯᠲᠠ ᠶᠢ ᠬᠠᠷᠢᠭᠤᠴᠠᠵᠤ᠂

ᠲᠡᠮᠦᠷ ᠵᠠᠮ ᠤᠨ ᠲᠡᠭᠡᠭᠡᠪᠦᠷᠢ᠂ ᠠᠭᠠᠷ ᠤᠨ ᠲᠡᠭᠡᠭᠡᠪᠦᠷᠢ ᠯᠦᠭᠡ ᠵᠣᠬᠢᠴᠠᠭᠤᠯᠬᠤ ᠠᠵᠢᠯ ᠢ ᠡᠭᠦᠷᠭᠡᠯᠡᠨ᠎ᠡ᠃ ᠵᠠᠰᠠᠮᠠᠯ ᠵᠠᠮ ᠤᠰᠤᠨ ᠵᠠᠮ ᠤᠨ ᠲᠡᠭᠡᠭᠡᠪᠦᠷᠢ ᠶᠢᠨ

ᠬᠥᠭᠵᠢᠯᠲᠡ ᠶᠢᠨ ᠲᠥᠯᠥᠪᠵᠢᠭᠦᠯᠭᠡ ᠶᠢ ᠲᠣᠭᠲᠠᠭᠠᠬᠤ ᠳᠤ ᠣᠷᠣᠯᠴᠠᠵᠤ᠂ ᠪᠦᠬᠦ ᠬᠤᠲᠠ ᠶᠢᠨ ᠵᠠᠰᠠᠮᠠᠯ ᠵᠠᠮ ᠤᠰᠤᠨ ᠵᠠᠮ ᠤᠨ ᠠᠶᠠᠨᠴᠢᠳ ᠤᠨ ᠲᠡᠭᠡᠭᠡᠪᠦᠷᠢ ᠶᠢᠨ

ᠡᠵᠡᠩᠨᠡᠯᠲᠡ᠂ ᠪᠠᠷᠠᠭᠠᠨ ᠤ ᠲᠡᠭᠡᠭᠡᠪᠦᠷᠢ ᠶᠢᠨ ᠡᠵᠡᠩᠨᠡᠯᠲᠡ ᠶᠢᠨ ᠬᠢᠨᠠᠯᠲᠠ ᠬᠠᠮᠢᠶᠠᠷᠤᠯᠲᠠ ᠶᠢ ᠬᠠᠷᠢᠭᠤᠴᠠᠵᠤ᠂ ᠣᠩᠭᠤᠴᠠ ᠰᠠᠯ ᠪᠣᠯᠤᠨ ᠤᠰᠤᠨ ᠳᠡᠭᠡᠷᠡᠬᠢ ᠬᠥᠪᠦᠮᠡᠯ

ᠲᠦᠬᠦᠭᠡᠷᠤᠮᠵᠢ ᠶᠢ ᠰᠢᠯᠭᠠᠨ ᠪᠠᠶᠢᠴᠠᠭᠠᠵᠤ ᠳᠠᠩᠰᠠᠯᠠᠬᠤ᠂ ᠣᠩᠭᠤᠴᠠᠴᠢᠨ ᠤ ᠦᠨᠡᠮᠯᠡᠯ ᠣᠯᠭᠤᠬᠤ᠂ ᠤᠰᠤᠨ ᠳᠡᠭᠡᠷᠡᠬᠢ ᠪᠠ ᠤᠰᠤᠨ ᠳᠤᠳᠤᠷᠠᠬᠢ ᠠᠵᠢᠯᠯᠠᠭ᠎ᠠ ᠳᠤ

ᠬᠢᠨᠠᠯᠲᠠ ᠲᠠᠯᠪᠢᠵᠤ ᠬᠠᠮᠢᠶᠠᠷᠬᠤ ᠶᠢ ᠳᠠᠭᠠᠭᠠᠴᠢᠯᠠᠨ ᠬᠦᠢᠴᠡᠳᠭᠡᠬᠦ ᠶᠢ ᠬᠠᠷᠢᠭᠤᠴᠠᠵᠤ᠂ ᠵᠠᠰᠠᠮᠠᠯ ᠵᠠᠮ ᠤᠰᠤᠨ ᠵᠠᠮ ᠤᠨ ᠠᠶᠠᠨᠴᠢᠳ ᠤᠨ ᠲᠡᠭᠡᠭᠡᠪᠦᠷᠢ᠂ ᠪᠠᠷᠠᠭᠠᠨ ᠤ

ᠲᠡᠭᠡᠭᠡᠪᠦᠷᠢ᠂ ᠠᠶᠠᠨᠴᠢᠳ ᠤᠨ ᠪᠠ ᠪᠠᠷᠠᠭᠠᠨ ᠤ ᠲᠡᠭᠡᠭᠡᠪᠦᠷᠢ ᠶᠢᠨ ᠲᠠᠯᠠᠪᠤᠷ ᠥᠷᠲᠡᠭᠡ ᠶᠢᠨ ᠡᠵᠡᠩᠨᠡᠯᠲᠡ᠂ ᠮᠠᠰᠢᠨᠲᠤ ᠲᠡᠷᠭᠡ ᠶᠢ ᠰᠡᠯᠪᠢᠨ ᠵᠠᠰᠠᠬᠤ᠂ ᠲᠡᠭᠡᠭᠡᠪᠦᠷᠢ

ᠡᠵᠡᠩᠨᠡᠯᠲᠡ ᠶᠢᠨ ᠲᠡᠷᠭᠡ ᠬᠥᠰᠬᠡ ᠶᠢᠨ ᠶᠡᠷᠦᠩᠬᠡᠶᠢᠯᠡᠭᠰᠡᠨ ᠴᠢᠨᠠᠷᠲᠠᠶ ᠡᠨᠧᠷᠭᠢ ᠶᠢ ᠪᠠᠶᠢᠴᠠᠭᠠᠨ ᠰᠢᠯᠭᠠᠬᠤ᠂ ᠮᠠᠰᠢᠨᠲᠤ ᠲᠡᠷᠭᠡᠨ ᠤ ᠵᠢᠯᠣᠭᠤᠴᠢ ᠶᠢ ᠪᠣᠯᠪᠠᠰᠤᠷᠠᠭᠤᠯᠬᠤ᠂

ᠠᠵᠢᠯᠯᠠᠭᠰᠠᠳ ᠢ ᠬᠠᠮᠢᠶᠠᠷᠬᠤ ᠵᠡᠷᠭᠡ ᠠᠵᠢᠯ ᠢ ᠬᠢᠨᠠᠨ ᠵᠢᠯᠣᠭᠤᠳᠤᠨ᠎ᠠ᠃ ᠨᠡᠶᠢᠲᠡ ᠶᠢᠨ ᠮᠠᠰᠢᠨ ᠲᠡᠷᠭᠡ᠂ ᠲᠦᠷᠢᠶᠡᠰᠦᠨ ᠮᠠᠰᠢᠨ ᠲᠡᠷᠭᠡ᠂ ᠮᠠᠰᠢᠨ ᠲᠡᠷᠭᠡ

ᠲᠦᠷᠢᠶᠡᠰᠦᠯᠡᠬᠦ᠂ ᠰᠦᠯᠵᠢᠶ᠎ᠡ ᠪᠠᠷ ᠪᠣᠯᠵᠣᠬᠤ ᠲᠡᠷᠭᠡ ᠵᠡᠷᠭᠡ ᠬᠤᠲᠠ ᠶᠢᠨ ᠠᠶᠠᠨᠴᠢᠳ ᠤᠨ ᠲᠡᠭᠡᠭᠡᠪᠦᠷᠢ ᠶᠢᠨ ᠬᠠᠮᠢᠶᠠᠷᠤᠯᠲᠠ ᠶᠢ ᠵᠢᠯᠣᠭᠤᠳᠤᠨ᠎ᠠ᠃

ᠭᠤᠣᠯᠳᠠᠯᠭ᠎ᠠ ᠲᠠᠢ ᠡᠳ᠋ ᠪᠠᠷᠠᠭ᠎ᠠ᠂ ᠠᠶᠠᠨᠴᠢᠳ ᠤᠨ ᠪᠠ ᠪᠠᠷᠠᠭᠠᠨ ᠤ ᠪᠠᠴᠢᠮ ᠲᠡᠭᠡᠭᠡᠪᠦᠷᠢ ᠶᠢ ᠵᠣᠬᠢᠶᠠᠨ ᠪᠠᠶᠢᠭᠤᠯᠤᠨ ᠵᠣᠬᠢᠴᠠᠭᠤᠯᠤᠨ᠎ᠠ᠃ ᠤᠰᠤᠨ ᠠᠶᠠᠯᠠᠯ ᠤᠨ ᠵᠠᠮ᠂

ᠣᠯᠣᠮ᠂ ᠭᠠᠷᠠᠮ ᠤᠨ ᠠᠷᠠᠴᠢᠯᠠᠭ᠎ᠠ ᠶᠢ ᠵᠢᠯᠣᠭᠤᠳᠴᠤ᠂ ᠤᠰᠤᠨ ᠳᠡᠭᠡᠷᠡᠬᠢ ᠵᠠᠮ ᠬᠠᠷᠢᠯᠴᠠᠭᠠᠨ ᠤ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠬᠠᠷᠢᠭᠤᠴᠠᠵᠤ

᠂ ᠤᠰᠤᠨ ᠳᠡᠭᠡᠷᠡᠬᠢ ᠵᠠᠮ ᠬᠠᠷᠢᠯᠴᠠᠭ᠎ᠠ ᠶᠢ ᠵᠠᠬᠢᠷᠤᠨ ᠬᠠᠮᠢᠶᠠᠷᠬᠤ᠂ ᠴᠢᠮᠡᠭᠡ ᠬᠤᠯᠪᠣᠭ᠎ᠠ ᠪᠠᠷ ᠵᠠᠮᠴᠢᠯᠠᠬᠤ᠂ ᠠᠪᠤᠷᠠᠨ ᠲᠤᠰᠠᠯᠠᠵᠤ ᠰᠢᠬᠦᠵᠤ ᠭᠠᠷᠭᠠᠬᠤ ᠵᠡᠷᠭᠡ

ᠠᠵᠢᠯ ᠢ ᠵᠢᠯᠣᠭᠤᠳᠤᠨ᠎ᠠ᠃

     ︵ᠨᠠᠢᠮᠠ︶ ᠡᠳ᠋ ᠤᠨ ᠶᠠᠪᠤᠳᠠᠯ ᠤᠨ ᠬᠢᠨᠠᠨ ᠪᠤᠳᠤᠬᠤ ᠰᠠᠯᠠᠭ᠎ᠠ

     ᠲᠤᠰ ᠰᠠᠯᠠᠭ᠎ᠠ ᠮᠥᠴᠢᠷ ᠤᠨ ᠢᠶᠠᠨ ᠡᠳ᠋ ᠤᠨ ᠶᠠᠪᠤᠳᠠᠯ᠂ ᠨᠢᠭᠲᠠᠯᠠᠨ ᠪᠤᠳᠦᠬᠤ ᠲᠦᠷᠢᠮ ᠪᠠ ᠲᠥᠰᠦᠪ ᠤᠨ ᠬᠠᠮᠢᠶᠠᠷᠤᠯᠲᠠ ᠶᠢᠨ ᠲᠦᠷᠢᠮ ᠢ ᠬᠠᠷᠢᠭᠤᠴᠠᠨ

ᠲᠣᠭᠲᠠᠭᠠᠨ᠎ᠠ᠃ ᠲᠤᠰᠬᠠᠶ ᠪᠠᠯᠠ ᠮᠥᠩᠭᠦ᠂ ᠲᠥᠰᠦᠪ ᠤᠨ ᠲᠣᠬᠢᠷᠠᠭᠤᠯᠤᠯᠲᠠ ᠶᠢᠨ ᠰᠠᠨᠠᠭᠤᠯᠭ᠎ᠠ ᠪᠠ ᠲᠥᠰᠦᠪ ᠤᠨ ᠬᠦᠢᠴᠡᠳᠭᠡᠯ ᠢ ᠨᠠᠶᠢᠷᠠᠭᠤᠯᠤᠨ ᠵᠣᠬᠢᠶᠠᠬᠤ᠂

ᠵᠠᠰᠠᠭ ᠤᠨ ᠣᠷᠳᠣᠨ ᠤ ᠬᠤᠳᠠᠯᠳᠤᠨ ᠠᠪᠬᠤ᠂ ᠢᠲᠡᠭᠡᠮᠵᠢᠲᠦ ᠵᠢᠭᠡᠯᠡᠯᠭᠡ᠂ ᠭᠠᠳᠠᠭᠠᠳᠤ ᠪᠠᠯᠠ ᠶᠢ ᠠᠰᠢᠭᠯᠠᠬᠤ ᠵᠡᠷᠭᠡ ᠠᠵᠢᠯ ᠢ ᠡᠭᠦᠷᠭᠡᠯᠡᠨ᠎ᠡ᠃ ᠠᠵᠢᠯ ᠲᠥᠷᠥᠯ ᠤᠨ

ᠳᠣᠲᠣᠭᠠᠳᠤ ᠶᠢᠨ ᠬᠢᠨᠠᠨ ᠪᠤᠳᠤᠬᠤ ᠠᠵᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠪᠠᠶᠢᠭᠤᠯᠭ᠎ᠠ ᠶᠢᠨ ᠡᠳ᠋ ᠤᠨ ᠶᠠᠪᠤᠳᠠᠯ ᠤᠨ ᠬᠠᠮᠢᠶᠠᠷᠤᠯᠲᠠ ᠶᠢᠨ ᠠᠵᠢᠯ ᠢ

ᠡᠭᠦᠷᠭᠡᠯᠡᠵᠦ᠂ ᠬᠠᠷᠢᠶ᠎ᠠ ᠨᠢᠭᠡᠴᠢ ᠶᠢᠨ ᠢᠶᠠᠨ ᠡᠳ᠋ ᠤᠨ ᠶᠠᠪᠤᠳᠠᠯ ᠤᠨ ᠬᠠᠮᠢᠶᠠᠷᠤᠯᠳᠠ ᠶᠢᠨ ᠠᠵᠢᠯ ᠢ ᠵᠢᠯᠤᠭᠤᠳᠤᠨ᠎ᠠ᠃

     ︵ᠶᠢᠰᠦ︶ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠠᠯᠠᠭ᠎ᠠ

     ᠠᠵᠢᠯ ᠲᠥᠷᠥᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠪᠠ ᠳᠡᠯᠭᠡᠷᠡᠭᠦᠯᠬᠦ᠂ ᠮᠡᠳᠡᠭᠡ ᠵᠠᠩᠬᠢᠴᠢᠯᠠᠯᠳᠠ ᠶᠢᠨ ᠪᠠᠶᠢᠭᠤᠯᠤᠯᠲᠠ ᠳᠤ ᠬᠢᠨᠠᠯᠲᠠ

ᠳᠡᠯᠪᠢᠨ ᠵᠢᠯᠣᠭᠤᠳᠬᠤ ᠠᠵᠢᠯ ᠢ ᠬᠠᠷᠢᠭᠤᠴᠠᠵᠤ᠂ ᠬᠠᠮᠢᠶ᠎ᠠ ᠪᠥᠬᠦᠶ ᠬᠠᠮᠢᠶᠠᠷᠤᠯᠲᠠ ᠶᠢᠨ ᠲᠦᠷᠢᠮ ᠢ ᠲᠣᠭᠲᠠᠭᠠᠬᠤ ᠶᠢᠨ ᠬᠠᠮᠲᠤ ᠬᠢᠨᠠᠯᠲᠠ ᠳᠡᠯᠪᠢᠨ ᠬᠡᠷᠡᠭᠵᠢᠭᠦᠯᠦᠨ᠎ᠡ᠃

ᠬᠤᠯᠪᠣᠭᠳᠠᠯ ᠪᠦᠬᠦᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠦᠷᠦᠯ ᠵᠦᠢᠯ ᠤᠨ ᠲᠥᠯᠥᠪᠯᠡᠭᠡ ᠶᠢ ᠲᠣᠭᠲᠠᠭᠠᠵᠤ᠂ ᠴᠢᠬᠤᠯᠠ ᠶᠡᠭᠡ ᠰᠢᠨᠵᠢᠯᠡᠬᠦ ᠤᠬᠠᠭᠠᠨ

ᠲᠧᠭᠨᠢᠭ ᠮᠡᠷᠭᠡᠵᠢᠯ ᠤᠨ ᠲᠦᠷᠦᠯ ᠵᠦᠢᠯ ᠢ ᠰᠤᠳᠤᠯᠬᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠢ ᠬᠤᠪᠢᠷᠠᠭᠤᠯᠬᠤ ᠪᠠ ᠳᠡᠯᠭᠡᠷᠡᠭᠦᠯᠦᠨ

ᠬᠡᠷᠡᠭᠯᠡᠬᠦ ᠶᠢ ᠵᠣᠬᠢᠴᠠᠭᠤᠯᠤᠨ᠎ᠠ᠃ ᠪᠠᠶᠢᠭᠤᠯᠭ᠎ᠠ ᠪᠠ ᠬᠠᠷᠢᠶ᠎ᠠ ᠨᠢᠭᠡᠴᠢ ᠶᠢᠨ ᠮᠡᠳᠡᠭᠡ ᠵᠠᠩᠬᠢᠴᠢᠯᠠᠯᠳᠠ ᠶᠢᠨ ᠪᠠᠶᠢᠭᠤᠯᠤᠯᠲᠠ ᠶᠢ ᠵᠢᠯᠣᠭᠤᠳᠤᠨ᠎ᠠ᠃ ᠪᠠᠷᠢᠮᠵᠢᠶᠠᠵᠢᠭᠤᠯᠬᠤ

ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ ᠠᠵᠢᠯ ᠲᠥᠷᠥᠯ ᠤᠨ ᠦᠢᠯᠡᠳᠭᠦᠨ ᠤ ᠶᠠᠰᠤ ᠴᠢᠨᠠᠷ ᠪᠠ ᠬᠡᠮᠵᠢᠯᠲᠡ ᠶᠢ ᠭᠡᠷᠡᠴᠢᠯᠡᠬᠦ ᠬᠠᠮᠢᠶᠠᠷᠤᠯᠲᠠ ᠶᠢᠨ ᠠᠵᠢᠯ ᠢ

ᠵᠢᠯᠣᠭᠤᠳᠤᠨ᠎ᠠ᠃ ᠠᠵᠢᠯ ᠲᠥᠷᠥᠯ ᠤᠨ ᠮᠡᠷᠭᠡᠵᠢᠯ ᠤᠨ ᠵᠢᠯᠣᠭᠤᠳᠣᠯᠭ᠎ᠠ ᠶᠢᠨ ᠠᠵᠢᠯ ᠢ ᠬᠠᠷᠢᠭᠤᠴᠠᠵᠤ᠂  ᠶᠠᠰᠤ ᠴᠢᠨᠠᠷ ᠪᠠ ᠠᠮᠤᠷ ᠲᠦᠪᠰᠢᠨ ᠤ ᠬᠦᠨᠳᠦ ᠶᠡᠭᠡ

ᠠᠳᠡᠯ ᠢ ᠪᠠᠶᠢᠴᠠᠭᠠᠨ ᠰᠢᠢᠳᠪᠤᠷᠢᠯᠡᠬᠦ ᠳᠤ ᠣᠷᠣᠯᠴᠠᠨ᠎ᠠ᠃ ᠬᠠᠮᠢᠶ᠎ᠠ ᠪᠥᠬᠦᠶ  ᠪᠠᠷᠢᠯᠭ᠎ᠠ ᠶᠢᠨ ᠲᠥᠷᠥᠯ ᠵᠦᠢᠯ ᠢ ᠪᠠᠶᠢᠴᠠᠭᠠᠬᠤ ᠪᠠ ᠰᠢᠯᠭᠠᠨ ᠠᠪᠬᠤ ᠠᠵᠢᠯ ᠳᠤ

ᠣᠷᠣᠯᠴᠠᠨ᠎ᠠ᠃

      ︵ᠠᠷᠪᠠ︶ ᠠᠶᠤᠯ ᠥᠭᠡᠢ ᠶᠢᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ︵ᠵᠠᠮ ᠬᠠᠷᠢᠯᠴᠠᠭᠠᠨ ᠤ ᠲᠠᠶᠢᠨ ᠤ ᠪᠡᠯᠡᠳᠬᠡᠯ ᠤᠨ ᠰᠠᠯᠠᠭ᠎ᠠ︶

ᠵᠠᠰᠠᠮᠠᠯ ᠵᠠᠮ ᠤᠰᠤᠨ ᠵᠠᠮ ᠤᠨ ᠠᠶᠤᠯ ᠥᠭᠡᠢ ᠦᠢᠯᠡᠳᠪᠦᠷᠢᠯᠡᠯ ᠤᠨ ᠬᠠᠮᠢᠶᠠᠷᠤᠯᠲᠠ ᠶᠢᠨ ᠲᠥᠷᠢᠮ ᠪᠣᠯᠤᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠢ 

ᠲᠣᠭᠲᠠᠭᠠᠬᠤ ᠶᠢᠨ ᠬᠠᠮᠲᠤ ᠬᠢᠨᠠᠯᠲᠠ ᠲᠠᠯᠪᠢᠵᠤ ᠬᠡᠷᠡᠭᠵᠢᠭᠦᠯᠬᠦ ᠶᠢ ᠬᠠᠷᠢᠭᠤᠴᠠᠨ᠎ᠠ᠃ ᠠᠵᠢᠯ ᠲᠥᠷᠥᠯ ᠤᠨ ᠠᠶᠤᠯ ᠥᠭᠡᠢ ᠦᠢᠯᠡᠳᠪᠦᠷᠢᠯᠡᠯ ᠪᠣᠯᠤᠨ ᠪᠠᠴᠢᠮ ᠪᠠᠶᠢᠳᠠᠯ

᠎ ᠢ ᠠᠷᠭᠠᠴᠠᠨ ᠰᠢᠢᠳᠪᠤᠷᠢᠯᠡᠬᠦ ᠲᠤᠬᠳᠠᠯᠴᠠᠭ᠎ᠠ ᠶᠢᠨ ᠪᠠᠶᠢᠭᠤᠯᠤᠯᠲᠠ ᠶᠢ ᠵᠢᠯᠣᠭᠤᠳᠴᠤ᠂ ᠠᠵᠢᠯ ᠲᠥᠷᠥᠯ ᠤᠨ ᠠᠶᠤᠯ ᠥᠭᠡᠢ ᠦᠢᠯᠡᠳᠪᠦᠷᠢᠯᠡᠯ ᠤᠨ ᠬᠠᠤᠯᠢ

ᠬᠡᠷᠡᠭᠵᠢᠭᠦᠯᠬᠦ ᠠᠵᠢᠯ ᠢ ᠵᠢᠯᠣᠭᠤᠳᠤᠨ᠎ᠠ᠃ ᠠᠶᠤᠯ ᠥᠭᠡᠢ ᠦᠢᠯᠡᠳᠪᠦᠷᠢᠯᠡᠯ ᠤᠨ ᠬᠠᠮᠢᠶ᠎ᠠ ᠪᠥᠬᠦᠢ ᠡ᠊ᠨᠳᠡᠯ ᠢ ᠪᠠᠶᠢᠴᠠᠭᠠᠨ ᠰᠢᠢᠳᠪᠤᠷᠢᠯᠡᠬᠦ ᠠᠵᠢᠯ ᠢ ᠵᠣᠬᠢᠶᠠᠨ

ᠪᠠᠶᠢᠭᠤᠯᠤᠨ᠎ᠠ᠃ ᠪᠦᠬᠦ ᠬᠤᠳᠠ ᠶᠢᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠵᠠᠮ ᠬᠠᠷᠢᠯᠴᠠᠭᠠᠨ ᠤ ᠲᠣᠣᠷ ᠤᠨ ᠪᠠᠶᠢᠷᠢᠯᠠᠭᠤᠯᠤᠯᠲᠠ ᠶᠢ ᠬᠠᠷᠢᠭᠤᠴᠠᠨ

ᠲᠥᠯᠥᠪᠵᠢᠭᠦᠯᠵᠦ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠵᠠᠮ ᠬᠠᠷᠢᠯᠴᠠᠭᠠᠨ ᠤ ᠪᠠᠲᠤᠯᠠᠭ᠎ᠠ ᠶᠢᠨ ᠡᠩᠨᠡᠭᠡ ᠶᠢ ᠵᠣᠬᠢᠶᠠᠨ ᠪᠠᠶᠢᠭᠤᠯᠤᠨ᠂ ᠵᠠᠮ ᠬᠠᠷᠢᠯᠴᠠᠭᠠᠨ ᠤ

ᠬᠦᠳᠡᠯᠭᠡᠬᠦ ᠬᠦᠴᠤᠨ ᠢ ᠪᠠᠳᠤᠯᠠᠨ᠎ᠠ᠃ ᠪᠦᠬᠦ ᠬᠤᠳᠠ ᠶᠢᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠵᠠᠮ ᠬᠠᠷᠢᠯᠴᠠᠭᠠᠨ ᠤ ᠡᠳ᠋ ᠪᠣᠳᠠᠰ ᠢ ᠨᠥᠭᠡᠴᠡᠯᠡᠬᠦ

ᠲᠥᠯᠥᠪᠯᠡᠭᠡ ᠶᠢ ᠲᠣᠭᠲᠠᠭᠠᠨ ᠬᠡᠷᠡᠭᠵᠢᠭᠦᠯᠵᠦ᠂ ᠵᠠᠷᠯᠢᠭ ᠶᠣᠰᠣᠭᠠᠷ ᠤᠯᠤᠰ ᠤᠨ ᠵᠠᠮ ᠬᠠᠷᠢᠯᠴᠠᠭᠠᠨ ᠤ ᠲᠠᠶᠢᠨ ᠤ ᠪᠡᠯᠡᠳᠬᠡᠯ ᠤᠨ ᠡᠳ᠋ ᠪᠣᠳᠠᠰ ᠢ ᠰᠢᠯᠵᠢᠭᠦᠯᠦᠨ

ᠬᠡᠷᠡᠭᠯᠡᠨ᠎ᠡ᠃

     ᠪᠠᠶᠢᠭᠤᠯᠭ᠎ᠠ ᠶᠢᠨ ᠨᠠᠮ ᠤᠨ ᠬᠤᠷᠢᠶ᠎ᠠ

     ᠪᠠᠶᠢᠭᠤᠯᠭ᠎ᠠ ᠪᠠ ᠬᠠᠷᠢᠶ᠎ᠠ ᠨᠢᠭᠡᠴᠢ ᠶᠢᠨ ᠢᠶᠠᠨ ᠨᠠᠮ ᠪᠠ ᠣᠯᠠᠨ ᠲᠦᠮᠡᠨ ᠤ ᠠᠵᠢᠯ᠂ ᠰᠠᠬᠢᠯᠭ᠎ᠠ ᠪᠠᠲᠤ ᠪᠠᠶᠢᠴᠠᠭᠠᠬᠤ ᠠᠵᠢᠯ ᠵᠡᠷᠭᠡ ᠎ ᠶᠢ ᠬᠠᠷᠢᠭᠤᠴᠠᠨ᠎ᠠ᠃

     ᠲᠠᠪᠤᠳᠤᠭᠠᠷ ᠵᠦᠢᠯ ᠬᠤᠲᠠ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ ᠶᠢᠨ ᠪᠠᠶᠢᠭᠤᠯᠭ᠎ᠠ ᠶᠢᠨ ᠵᠠᠰᠠᠭ ᠵᠠᠬᠢᠷᠭᠠᠨ ᠤ ᠣᠷᠣᠨ ᠲᠤᠭ᠎ᠠ 22 ᠬᠥᠮᠦᠨ᠃

ᠲᠣᠪᠴᠢᠶᠠᠨ ᠳᠠᠷᠤᠭ᠎ᠠ 1 ᠬᠥᠮᠦᠨ᠂ ᠳᠡᠳ᠋ ᠲᠣᠪᠴᠢᠶᠠᠨ ᠳᠠᠷᠤᠭ᠎ᠠ 3 ᠬᠥᠮᠦᠨ︔ ᠰᠠᠯᠠᠭᠠᠨ ᠤ ᠲᠠᠰ ᠤᠨ ᠤᠳᠤᠷᠢᠳᠬᠤ ᠲᠤᠰᠢᠶᠠᠯ ᠤᠨ ᠲᠤᠭ᠎ᠠ 17 ᠬᠥᠮᠦᠨ ︵

12 ᠵᠢᠩᠬᠢᠨᠢ ︵ᠶᠡᠷᠦᠩᠬᠡᠶ ᠢᠨᠵᠧᠨᠧᠷ 1 ᠬᠥᠮᠦᠨ᠂ ᠪᠠᠶᠢᠭᠤᠯᠭ᠎ᠠ ᠶᠢᠨ ᠨᠠᠮ ᠤᠨ ᠬᠤᠷᠢᠶᠠᠨ ᠤ ᠲᠤᠰᠬᠠᠶ ᠲᠤᠰᠢᠶᠠᠯᠲᠤ ᠳᠡᠳ᠋ ᠱᠦᠵᠢ 1 ᠬᠥᠮᠦᠨ ᠪᠠᠭᠲᠠᠨ᠎ᠠ︶ 5

ᠳᠡᠳ᠋ ᠳᠠᠷᠤᠭ᠎ᠠ︶ ᠪᠠᠶᠢᠨ᠎ᠠ᠃

     ᠵᠢᠷᠭᠤᠳᠤᠭᠠᠷ ᠵᠦᠢᠯ ᠬᠤᠲᠠ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ ᠳᠤ ᠬᠠᠷᠢᠶᠠᠯᠠᠭᠳᠠᠬᠤ ᠠᠵᠢᠯ ᠦᠢᠯᠡᠰ ᠤᠨ ᠨᠢᠭᠡᠴᠢ ᠶᠢᠨ

ᠪᠠᠶᠢᠷᠢᠯᠠᠭᠤᠯᠤᠯᠳᠠ᠂ ᠡᠭᠦᠷᠭᠡ ᠬᠠᠷᠢᠭᠤᠴᠠᠯᠭ᠎ᠠ ᠪᠠ ᠣᠷᠣᠨ ᠲᠤᠭ᠎ᠠ ᠶᠢᠨ ᠶᠠᠪᠤᠳᠠᠯ ᠢ ᠠᠰ ᠲᠤᠨᠢ ᠲᠣᠭᠲᠠᠭᠠᠨ᠎ᠠ᠃

     ᠳᠣᠯᠣᠳᠤᠭᠠᠷ ᠵᠦᠢᠯ ᠲᠣᠰ ᠲᠣᠭᠲᠠᠭᠠᠯ ᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠣᠷᠳᠣᠰ ᠬᠤᠲᠠ ᠶᠢᠨ ᠬᠤᠷᠢᠶ᠎ᠠ ᠶᠢᠨ ᠪᠠᠶᠢᠭᠤᠯᠤᠮᠵᠢ ᠶᠢᠨ ᠣᠷᠣᠨ

ᠲᠣᠭᠠᠨ ᠤ ᠵᠥᠪᠯᠡᠯ ᠤᠨ ᠠᠯᠪᠠᠨ ᠬᠡᠷ ᠠᠴᠠ ᠬᠠᠷᠢᠭᠤᠴᠠᠨ ᠲᠠᠶᠢᠯᠪᠤᠷᠢᠯᠠᠵᠤ᠂ ᠲᠡᠭᠦᠨ ᠳᠤ ᠲᠣᠬᠢᠷᠠᠭᠤᠯᠤᠯᠲᠠ ᠬᠢᠬᠦ ᠶᠢ ᠳᠤᠮᠳᠠᠳᠤ ᠤᠯᠤᠰ ᠤᠨ ᠡᠪ ᠬᠠᠮᠲᠤ ᠨᠠᠮ ᠤᠨ

ᠣᠷᠳᠣᠰ ᠬᠤᠲᠠ ᠶᠢᠨ ᠬᠤᠷᠢᠶ᠎ᠠ ᠶᠢᠨ ᠪᠠᠶᠢᠭᠤᠯᠤᠮᠵᠢ ᠶᠢᠨ ᠣᠷᠣᠨ ᠲᠣᠭᠠᠨ ᠤ ᠵᠥᠪᠯᠡᠯ ᠤᠨ ᠠᠯᠪᠠᠨ ᠬᠡᠷ ᠠᠴᠠ ᠲᠣᠭᠲᠠᠭᠠᠭᠰᠠᠨ ᠲᠠᠰ ᠳᠠᠷᠠᠭᠠᠯᠠᠯ ᠢᠶᠠᠷ

ᠬᠦᠢᠴᠡᠳᠭᠡᠨ᠎ᠡ᠃

      ᠨᠠᠢᠮᠠᠳᠤᠭᠠᠷ ᠵᠦᠢᠯ ᠲᠣᠰ ᠲᠣᠭᠲᠠᠭᠠᠯ ᠢ 2019 ᠣᠨ ᠤ 3 ᠳ᠋ᠤᠭᠠᠷ ᠰᠠᠷ᠎ᠠ ᠶᠢᠨ 27᠎ ᠤ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃

     ᠠᠵᠢᠯᠯᠠᠬᠤ ᠬᠠᠶ᠋ᠢᠭ᠄ ᠣᠷᠳᠣᠰ ᠤᠨ ᠭᠦᠸᠧ ᠲᠠᠢ ᠬᠤᠳᠠᠯᠳᠤᠭᠠᠨ ᠤ ᠶᠠᠪᠤᠳᠠᠯ ᠤᠨ ᠲᠠᠯᠠᠪᠠᠶ ᠶᠢᠨ T2  710  ᠭᠡᠷ

     ᠠᠯᠪᠠᠨ ᠤᠲᠠᠰᠤ᠄ 0477 ︱ 8586816

     ᠠᠵᠢᠯᠯᠠᠬᠤ ᠴᠠᠭ᠄ 9᠄ 00 ︱ 12᠄ 00   14᠄ 00 ︱ 17᠄ 30 ︵ᠭᠠᠷᠠᠭ ᠤᠨ ᠨᠢᠭᠡᠨ ᠠᠴᠠ ᠭᠠᠷᠠᠭ ᠤᠨ ᠲᠠᠪᠤᠨ᠂ ᠪᠠᠶᠠᠷ ᠳᠤᠷᠠᠰᠬᠠᠯ

ᠠᠮᠠᠷᠠᠯᠲᠠ ᠶᠢᠨ ᠡᠳᠦᠷ ᠠᠴᠠ ᠭᠠᠳᠠᠨ᠎ᠠ︶

     ᠰᠢᠦᠳᠠᠨ ᠳ᠋ᠤᠭᠠᠷ᠄ 017010

     ᠡᠭᠦᠳᠡ ᠡᠷᠦᠬᠡ ᠶᠢᠨ ᠰᠦᠯᠵᠢᠶᠡᠨ ᠤ ᠬᠠᠶ᠋ᠢᠭ᠄ http://jtj.ordos.gov.cn

ᠢᠷᠡᠯᠲᠡ᠄ ᠳᠤᠰ ᠰᠦᠯᠵᠢᠶ᠎ᠡ