ᠬᠡᠷᠬᠢᠨ ᠭᠤᠶᠤᠴᠢᠯᠠᠨ ᠠᠪᠬᠤ᠄ | ᠡᠷᠦᠬᠡ ᠠᠮᠠ ᠶᠢᠨ ᠳᠠᠩᠰᠠᠯᠠᠯ ᠢ ᠡᠷᠦᠬᠡ ᠪᠠᠷ ᠨᠢᠭᠡᠴᠢ ᠪᠣᠯᠭᠠᠵᠤ᠂ ᠡᠷᠦᠬᠡ ᠶᠢᠨ ᠡᠵᠡᠨ ᠲᠠᠢ ᠬᠠᠮᠲᠤ ᠰᠠᠭᠤᠵᠤ ᠪᠠᠶᠢᠭ᠎ᠠ ᠶᠢ ᠨᠢᠭᠡ ᠡᠷᠦᠬᠡ ᠪᠣᠯᠭᠠᠬᠤ ᠬᠡᠷᠡᠭᠲᠡᠢ︔ | ᠭᠠᠭᠴᠠ ᠪᠡᠶ᠎ᠡ ᠪᠠᠷ ᠢᠶᠠᠨ ᠰᠠᠭᠤᠵᠤ ᠪᠠᠶᠢᠭ᠎ᠠ ᠪᠣᠯ ᠠᠰᠲᠠᠭᠠᠨ ᠨᠢᠭᠡ ᠡᠷᠦᠬᠡ ᠪᠣᠯᠵᠤ ᠪᠣᠯᠣᠨ᠎ᠠ︔ ᠪᠠᠶᠢᠭᠤᠯᠭ᠎ᠠ᠂ ᠪᠦᠯᠬᠦᠮ᠂ ᠰᠤᠷᠭᠠᠭᠤᠯᠢ᠂ ᠠᠵᠤ ᠠᠬᠤᠶᠢᠯᠠᠯ᠂ ᠠᠵᠢᠯ | ᠦᠢᠯᠡᠰ ᠵᠡᠷᠭᠡ ᠨᠢᠭᠡᠴᠡ ᠶᠢᠨ ᠳᠣᠲᠣᠭᠠᠳᠤ ᠪᠠ ᠬᠠᠮᠲᠤ ᠶᠢᠨ ᠪᠠᠶᠢᠷᠢ ᠳᠤ ᠰᠠᠭᠤᠵᠤ ᠪᠠᠶᠢᠭ᠎ᠠ ᠠᠵᠢᠯᠲᠠᠨ ᠠᠵᠢᠯᠴᠢᠨ᠂ ᠰᠤᠷᠤᠭᠴᠢ ᠪᠣᠯ ᠬᠠᠮᠲᠤ ᠳᠠᠭᠠᠨ ᠨᠢᠭᠡ ᠡᠷᠦᠬᠡ | ᠪᠣᠯᠣᠨ᠎ᠠ᠂ ᠲᠤᠰᠠᠭᠠᠷ ᠢᠶᠠᠨ ᠡᠷᠦᠬᠡ ᠪᠣᠯᠵᠤ ᠪᠣᠯᠬᠤ ᠦᠭᠡᠢ᠃ | ᠦᠷ᠎ᠡ ᠬᠡᠦᠬᠡᠳ ᠤᠷᠤᠭᠯᠠᠭᠰᠠᠨ ᠤ ᠳᠠᠷᠠᠭ᠎ᠠ ᠨᠢᠭᠡᠨᠲᠡ ᠲᠤᠰᠠᠭᠠᠷ ᠢᠶᠠᠨ ᠠᠮᠢᠳᠤᠷᠠᠵᠤ᠂ ᠣᠷᠣᠰᠢᠨ ᠰᠠᠭᠤᠬᠤ ᠨᠥᠬᠦᠴᠡᠯ ᠲᠠᠢ ᠪᠣᠯ ᠡᠷᠦᠬᠡ ᠰᠠᠯᠵᠤ ᠪᠣᠯᠣᠨ᠎ᠠ︔ | ᠤᠷᠤᠭᠯᠠᠭᠠᠳᠤᠢ ᠦᠷ᠎ᠡ ᠬᠡᠦᠬᠡᠳ ᠪᠣᠯᠣᠨ ᠡᠴᠢᠭᠡ ᠡᠬᠡ ᠶᠢᠨ ᠬᠤᠭᠤᠷᠣᠨᠳᠤ᠂ ᠡᠷ᠎ᠡ ᠡᠮ᠎ᠡ ᠶᠢᠨ ᠬᠤᠭᠤᠷᠣᠨᠳᠤ ᠲᠤᠰᠠᠭᠠᠷ ᠢᠶᠠᠨ ᠡᠷᠦᠬᠡ ᠰᠠᠯᠬᠤ ᠪᠤᠶᠤ ᠡᠷᠦᠬᠡ ᠪᠣᠯᠵᠤ | ᠪᠣᠯᠬᠤ ᠦᠭᠡᠢ᠃ ᠡᠭᠦᠨ ᠢ ᠡᠷᠦᠬᠡ ᠠᠮᠠ ᠶᠢᠨ ᠪᠠᠶᠢᠭ᠎ᠠ ᠭᠠᠵᠠᠷ ᠤᠨ ᠲᠣᠮᠢᠯᠠᠭᠰᠠᠨ ᠰᠠᠯᠪᠤᠷᠢ ᠳᠤ ᠬᠦᠷᠴᠦ ᠭᠦᠢᠴᠡᠳᠬᠡᠵᠦ ᠪᠣᠯᠣᠨ᠎ᠠ᠃ | ᠬᠡᠷᠡᠭᠰᠡᠬᠦ ᠮᠠᠲ᠋ᠧᠷᠢᠶᠠᠯ᠄ ᠠᠷᠠᠳ ᠢᠷᠭᠡᠨ ᠡᠷᠦᠬᠡ ᠰᠠᠯᠭᠠᠬᠤ᠂ ᠨᠡᠶᠢᠯᠡᠭᠦᠯᠬᠦ ᠶᠢ ᠱᠠᠭᠠᠷᠳᠠᠬᠤ ᠳᠤ᠂ ᠲᠤᠰ ᠬᠥᠮᠥᠨ ᠨᠢ ᠪᠢᠴᠢᠭᠯᠡᠭᠰᠡᠨ ᠭᠤᠶᠤᠴᠢᠯᠠᠯ ᠭᠠᠷᠭᠠᠵᠤ᠂ | ᠡᠷᠦᠬᠡ ᠠᠮᠠ ᠶᠢᠨ ᠠᠷᠠᠳ ᠤᠨ ᠴᠠᠭᠳᠠᠭ᠎ᠠ ᠪᠠᠶᠢᠴᠠᠭᠠᠭᠠᠳ ᠦᠨᠡᠨ ᠪᠠᠶᠢᠪᠠᠯ᠂ ᠡᠷᠦᠬᠡ ᠰᠠᠯᠭᠠᠬᠤ᠂ ᠨᠡᠶᠢᠯᠡᠭᠦᠯᠬᠦ ᠭᠠᠷᠳᠠᠮ ᠭᠦᠢᠴᠡᠳᠬᠡᠵᠦ ᠦᠭᠬᠦ ᠬᠡᠷᠡᠭᠲᠡᠢ᠃ | |