ᠡᠷᠦᠭᠡ ᠠᠮᠠ ᠶᠢᠨ ᠲᠠᠩᠰᠠᠯᠠᠯ ᠢᠶᠠᠨ ᠬᠤᠪᠢᠷᠠᠭᠤᠯᠬᠤ ᠵᠠᠯᠠᠷᠠᠭᠤᠯᠬᠤ ᠵᠥᠪᠰᠢᠶᠡᠷᠡᠯ
ᠨᠡᠶᠢᠲᠡᠯᠡᠭᠰᠡᠨ ᠴᠠᠭ᠄
2022/8/30
       ︽ᠪᠦᠬᠦᠳᠡ ᠨᠠᠶᠢᠷᠠᠮᠳᠠᠬᠤ ᠲᠤᠮᠳᠠᠳᠤ ᠠᠷᠠᠳ ᠤᠯᠤᠰ ᠤᠨ ᠡᠷᠦᠭᠡ ᠠᠮᠠ ᠳᠠᠩᠰᠠᠯᠠᠬᠤ ᠳᠦᠷᠢᠮ︾᠎ ᠤᠨ ᠠᠷᠪᠠᠨ ᠳᠣᠯᠣᠳᠤᠭᠠᠷ ᠵᠦᠢᠯ᠄ ᠡᠷᠦᠭᠡ ᠠᠮᠠ ᠳᠠᠩᠰᠠᠯᠠᠬᠤ ᠠᠭᠤᠯᠭ᠎ᠠ ᠶᠢ ᠬᠤᠪᠢᠷᠠᠭᠤᠯᠬᠤ ᠪᠤᠶᠤ ᠵᠠᠯᠠᠷᠠᠭᠤᠯᠬᠤ ᠴᠢᠬᠤᠯᠠᠲᠠᠢ ᠦᠶ᠎ᠡ ᠳᠤ᠂ ᠡᠷᠦᠭᠡ ᠶᠢᠨ ᠡᠵᠡᠨ ᠪᠤᠶᠤ ᠲᠤᠰ ᠬᠥᠮᠥᠨ ᠨᠢ ᠡᠷᠦᠭᠡ ᠠᠮᠠ ᠳᠠᠩᠰᠠᠯᠠᠬᠤ  ᠪᠠᠶᠢᠭᠤᠯᠤᠮᠵᠢ ᠳᠤ ᠭᠤᠶᠤᠴᠢᠯᠠᠨ ᠮᠡᠳᠡᠬᠦᠯᠬᠦ ᠬᠡᠷᠡᠭᠲᠡᠢ︔ ᠡᠷᠦᠭᠡ ᠠᠮᠠ ᠳᠠᠩᠰᠠᠯᠠᠬᠤ ᠪᠠᠶᠢᠭᠤᠯᠤᠮᠵᠢ ᠠᠴᠠ ᠦᠨᠡᠨ ᠪᠣᠳᠠᠲᠠᠢ ᠶᠢ ᠨᠢ ᠬᠢᠨᠠᠨ ᠪᠠᠶᠢᠴᠠᠭᠠᠠᠭᠰᠠᠨ ᠤ  ᠰᠡᠭᠦᠯᠡᠷ ᠬᠤᠪᠢᠷᠠᠭᠤᠯᠬᠤ ᠪᠤᠶᠤ ᠵᠠᠯᠠᠷᠠᠭᠤᠯᠵᠤ ᠥᠭᠭᠦᠨ᠎ᠡ᠃        ᠠᠷᠪᠠᠨ ᠨᠠᠢᠮᠠᠳᠤᠭᠠᠷ ᠵᠦᠢᠯ᠄ ᠠᠷᠠᠳ ᠢᠷᠭᠡᠳ ᠨᠡᠷ᠎ᠡ ᠪᠠᠨ ᠬᠤᠪᠢᠷᠠᠭᠤᠯᠬᠤ ᠳᠤ᠂ ᠳᠣᠣᠷᠠᠬᠢ ᠲᠣᠭᠲᠠᠭᠠᠯ ᠤᠨ ᠶᠣᠰᠣᠭᠠᠷ ᠭᠦᠢᠴᠡᠳᠬᠡᠨ᠎ᠡ᠄      1. ᠪᠦᠬᠦᠯᠢ ᠠᠷᠪᠠᠨ ᠨᠠᠢᠮᠠᠨ ᠨᠠᠰᠤ ᠬᠦᠷᠦᠭᠡᠳᠤᠢ ᠬᠥᠮᠥᠰ ᠣᠪᠣᠭ ᠨᠡᠷ᠎ᠡ ᠪᠠᠨ ᠬᠤᠪᠢᠷᠠᠭᠤᠯᠬᠤ ᠴᠢᠬᠤᠯᠠᠲᠠᠢ ᠦᠶ᠎ᠡ ᠳᠤ᠂ ᠲᠤᠰ ᠬᠥᠮᠥᠨ ᠪᠤᠶᠤ ᠡᠴᠢᠭᠡ ᠡᠬᠡ᠂ ᠡᠷᠭᠦᠨ ᠲᠡᠵᠢᠭᠡᠭᠴᠢ ᠨᠢ ᠡᠷᠦᠭᠡ ᠠᠮᠠ ᠳᠠᠩᠰᠠᠯᠠᠬᠤ ᠪᠠᠶᠢᠭᠤᠯᠤᠮᠵᠢ ᠳᠤ ᠬᠤᠪᠢᠷᠠᠭᠤᠯᠤᠨ ᠳᠠᠩᠰᠠᠯᠠᠭᠤᠯᠬᠤ ᠪᠠᠷ ᠭᠤᠶᠤᠴᠢᠯᠠᠨ᠎ᠠ︔      2. ᠪᠦᠬᠦᠯᠢ ᠠᠷᠪᠠᠨ ᠨᠡᠶᠢᠮᠠᠨ ᠨᠠᠰᠤᠨ ᠠᠴᠠ ᠳᠡᠭᠡᠭᠰᠢᠬᠢ ᠬᠥᠮᠥᠰ ᠣᠪᠣᠭ ᠨᠡᠷ᠎ᠡ ᠪᠠᠨ ᠬᠤᠪᠢᠷᠠᠭᠤᠯᠬᠤ ᠴᠢᠬᠤᠯᠠᠲᠠᠢ ᠦᠶ᠎ᠡ ᠳᠤ᠂ ᠲᠤᠰ ᠬᠥᠮᠥᠨ ᠨᠢ ᠡᠷᠦᠭᠡ ᠠᠮᠠ ᠳᠠᠩᠰᠠᠯᠠᠬᠤ ᠪᠠᠶᠢᠭᠤᠯᠤᠮᠵᠢ ᠳᠤ ᠬᠤᠪᠢᠷᠠᠭᠤᠯᠤᠨ ᠳᠠᠩᠰᠠᠯᠠᠭᠤᠯᠬᠤ ᠪᠠᠷ ᠭᠤᠶᠤᠴᠢᠯᠠᠨ᠎ᠠ᠃        ᠠᠷᠪᠠ ᠶᠢᠰᠦᠳᠦᠭᠡᠷ ᠵᠦᠢᠯ᠄ ᠠᠷᠠᠳ ᠢᠷᠭᠡᠳ ᠤᠷᠤᠭ ᠬᠤᠯᠪᠣᠬᠤ᠂ ᠤᠷᠤᠭ ᠰᠠᠯᠬᠤ᠂ ᠡᠷᠭᠦᠨ ᠲᠡᠵᠢᠭᠡᠬᠦ᠂ ᠲᠠᠨᠢᠨ ᠠᠪᠬᠤ᠂ ᠡᠷᠦᠭᠡ ᠰᠠᠯᠭᠠᠬᠤ᠂ ᠡᠷᠦᠭᠡ ᠨᠡᠶᠢᠯᠡᠬᠦᠯᠬᠦ᠂ ᠰᠤᠷᠠᠭ ᠦᠭᠡᠢ ᠪᠤᠯᠬᠤ᠂ ᠡᠷᠢᠵᠦ ᠣᠯᠬᠤ ᠪᠤᠶᠤ ᠪᠤᠰᠤᠳ ᠤᠴᠢᠷ ᠰᠢᠯᠲᠠᠭᠠᠨ ᠠᠴᠠ ᠪᠣᠯᠵᠤ ᠡᠷᠦᠭᠡ ᠠᠮᠠ ᠪᠠᠨ ᠬᠤᠪᠢᠷᠠᠭᠠᠬᠤ ᠦᠶ᠎ᠡ ᠳᠤ᠂  ᠡᠷᠦᠭᠡ ᠶᠢᠨ ᠡᠵᠡᠨ ᠪᠤᠶᠤ ᠲᠤᠰ ᠬᠥᠮᠥᠨ ᠨᠢ ᠡᠷᠦᠭᠡ ᠠᠮᠠ ᠳᠠᠩᠰᠠᠯᠠᠬᠤ ᠪᠠᠶᠢᠭᠤᠯᠤᠮᠵᠢ ᠳᠤ ᠬᠤᠪᠢᠷᠠᠭᠤᠯᠤᠨ ᠳᠠᠩᠰᠠᠯᠠᠭᠤᠯᠬᠤ ᠪᠠᠷ ᠭᠤᠶᠤᠴᠢᠯᠠᠨ᠎ᠠ᠃  
ᠢᠷᠡᠯᠲᠡ᠄ ᠦᠪᠦᠷ ᠮᠤᠩᠭᠤᠯ ᠤᠨ ᠦᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ