ᠡᠷᠭᠦᠨ ᠲᠡᠵᠢᠭᠡᠭᠰᠡᠨ ᠦᠷ᠎ᠡ ᠬᠡᠦᠬᠡᠳ ᠤᠨ ᠡᠷᠦᠭᠡ ᠠᠮᠠ ᠣᠷᠣᠭᠤᠯᠬᠤ
ᠨᠡᠶᠢᠲᠡᠯᠡᠭᠰᠡᠨ ᠴᠠᠭ᠄
2022/8/30
ᠬᠡᠷᠬᠢᠨ ᠭᠤᠶᠤᠴᠢᠯᠠᠬᠤ᠄     ᠨᠡᠭᠦᠵᠦ ᠣᠴᠢᠬᠤ ᠭᠠᠵᠠᠷ ᠤᠨ ᠢᠶᠠᠨ ᠲᠣᠮᠢᠯᠠᠭᠰᠠᠨ ᠰᠠᠯᠪᠤᠷᠢ ᠳᠤ ᠭᠤᠶᠤᠴᠢᠯᠠᠯ ᠳᠡᠪᠰᠢᠭᠦᠯᠦᠨ᠂ ᠣᠷᠣᠨ᠂ ᠬᠤᠳᠠ᠂ ᠰᠢᠶᠠᠨ ᠤ ᠳᠣᠲᠣᠭᠠᠳᠤ ᠶᠢ ᠬᠠᠮᠠᠭᠠᠯᠠᠬᠤ  ᠲᠣᠪᠴᠢᠶ᠎ᠠ ᠶᠢᠨ ᠠᠮᠤᠷ ᠢ ᠬᠠᠮᠠᠭᠠᠯᠠᠬᠤ ᠶᠡᠭᠡ ᠠᠩᠭᠢ ᠪᠤᠶᠤ ᠡᠷᠦᠭᠡ ᠠᠮᠠ ᠶᠢᠨ ᠶᠠᠪᠤᠳᠠᠯ ᠤᠨ ᠰᠠᠯᠠᠭ᠎ᠠ ᠪᠠᠷ ᠬᠢᠨᠠᠨ ᠵᠥᠪᠰᠢᠶᠡᠷᠡᠭᠦᠯᠵᠦ᠂ ︽ᠨᠡᠭᠦᠨ ᠣᠷᠣᠬᠤ ᠶᠢ  ᠵᠥᠪᠰᠢᠶᠡᠷᠡᠬᠦ ᠭᠡᠷᠡᠴᠢ︾ ᠰᠢᠯᠭᠠᠨ ᠣᠯᠭᠤᠪᠠᠯ ᠡᠷᠦᠭᠡ ᠠᠮᠠ ᠭᠠᠷᠳᠠᠮ ᠢ ᠭᠦᠢᠴᠡᠳᠬᠡᠨ᠎ᠡ᠃  ᠬᠡᠷᠡᠭᠰᠡᠬᠦ ᠪᠢᠴᠢᠭ ᠮᠠᠲ᠋ᠧᠷᠢᠶᠠᠯ᠄     ︵1︶ ︽ᠡᠷᠭᠦᠨ ᠲᠡᠵᠢᠭᠡᠬᠦ ᠬᠠᠤᠯᠢ︾᠎ ᠶᠢᠨ ᠬᠤᠯᠪᠣᠭᠳᠠᠯ ᠪᠦᠬᠦᠢ ᠲᠣᠭᠲᠠᠭᠠᠯ ᠳᠤ ᠨᠡᠶᠢᠴᠡᠭᠰᠡᠨ ᠬᠠᠶᠠᠭᠳᠠᠮᠠᠯ ᠨᠢᠯᠬ᠎ᠠ᠂ ᠥᠨᠥᠴᠢᠨ ᠬᠡᠦᠬᠡᠳ ᠢ ᠪᠣᠯ᠂ ᠡᠷᠭᠦᠨ  ᠲᠡᠵᠢᠭᠡᠭᠴᠢ ᠨᠢ ᠰᠢᠶᠠᠨ ᠤ ᠱᠠᠲᠤᠨ ᠠᠴᠠ ᠳᠡᠭᠡᠭᠰᠢ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠤᠨ ᠣᠯᠭᠤᠭᠰᠠᠨ ︽ᠡᠷᠭᠦᠨ ᠲᠡᠵᠢᠭᠡᠬᠦ ᠦᠨᠡᠮᠯᠡᠯ︾ ᠵᠢᠴᠢ  ᠬᠤᠯᠪᠣᠭᠳᠠᠯ ᠪᠦᠬᠦᠢ ᠭᠡᠷᠡᠴᠢ ᠪᠢᠴᠢᠭ ᠮᠠᠲ᠋ᠧᠷᠢᠶᠠᠯ ᠢᠶᠠᠨ ᠠᠪᠤᠨ ᠲᠣᠮᠢᠯᠠᠭᠰᠠᠨ ᠰᠠᠯᠪᠤᠷᠢ ᠳᠤ ᠣᠴᠢᠵᠤ ᠭᠤᠶᠤᠴᠢᠯᠠᠨ᠎ᠠ᠃    ︵2︶ ᠡᠷᠭᠦᠨ ᠲᠡᠵᠢᠭᠡᠭᠴᠢ ᠨᠢ ︽ᠡᠷᠭᠦᠨ ᠲᠡᠵᠢᠭᠡᠬᠦ ᠦᠨᠡᠮᠯᠡᠯ︾᠂ ︽ᠨᠡᠭᠦᠯᠭᠡᠨ ᠤᠷᠤᠭᠤᠯᠬᠤ ᠶᠢ ᠵᠥᠪᠰᠢᠶᠡᠷᠡᠭᠰᠡᠨ ᠭᠡᠷᠡᠴᠢ︾᠎ ᠪᠠᠨ ᠠᠪᠤᠨ ᠲᠡᠵᠢᠭᠡᠭᠰᠡᠨ  ᠡᠴᠢᠭᠡ ᠡᠬᠡ ᠶᠢᠨ ᠡᠷᠦᠭᠡ ᠠᠮᠠ ᠪᠠᠶᠢᠭ᠎ᠠ ᠭᠠᠵᠠᠷ ᠤᠨ ᠲᠣᠮᠢᠯᠠᠭᠰᠠᠨ ᠰᠠᠯᠪᠤᠷᠢ ᠳᠤ ᠣᠴᠢᠵᠤ ᠳᠦᠷᠦᠯᠲᠡ ᠶᠢᠨ ᠲᠠᠩᠰᠠᠯᠠᠯ ᠬᠢᠯᠭᠡᠨ᠎ᠡ᠃ ᠡᠷᠭᠦᠨ ᠲᠡᠵᠢᠭᠡᠭᠰᠡᠨ ᠦᠷ᠎ᠡ  ᠬᠡᠦᠬᠡᠳ ᠨᠢ ᠭᠠᠳᠠᠨ᠎ᠠ ᠣᠷᠣᠨ ᠳᠤ ᠡᠷᠦᠭᠡ ᠠᠮᠠ ᠶᠢᠨ ᠳᠠᠩᠰᠠ ᠲᠠᠢ ᠪᠣᠯ᠂ ᠡᠷᠦᠭᠡ ᠠᠮᠠ ᠨᠡᠭᠦᠯᠭᠡᠨ ᠤᠷᠤᠭᠤᠯᠬᠤ ᠲᠠᠩᠰᠠᠯᠠᠯ ᠬᠢᠯᠭᠡᠨ᠎ᠡ᠃     
ᠢᠷᠡᠯᠲᠡ᠄ ᠦᠪᠦᠷ ᠮᠤᠩᠭᠤᠯ ᠤᠨ ᠦᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ