ᠬᠤᠲᠠ ᠶᠢᠨ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠶᠢᠨ ᠣᠯᠭᠤᠮᠵᠢ ᠬᠦᠷᠲᠡᠵᠦ ᠪᠠᠶᠢᠭ᠎ᠠ ᠬᠤᠭᠤᠴᠠᠭᠠᠨ ᠳᠤ ᠭᠦᠢᠴᠡᠳᠬᠡᠪᠡᠰᠦ ᠵᠣᠬᠢᠬᠤ ᠡᠭᠦᠷᠭᠡ
ᠨᠡᠶᠢᠲᠡᠯᠡᠭᠰᠡᠨ ᠴᠠᠭ᠄
2022/8/30
   1. ᠭᠡᠷ ᠪᠦᠯᠢ ᠶᠢᠨ ᠪᠦᠷᠢᠯᠳᠦᠭᠦᠨ ᠵᠢᠴᠢ ᠣᠷᠣᠯᠭ᠎ᠠ ᠶᠢᠨ ᠬᠤᠪᠢᠷᠠᠯᠲᠠ ᠶᠢᠨ ᠪᠠᠶᠢᠳᠠᠯ ᠢᠶᠠᠨ ᠴᠠᠭ ᠲᠤᠬᠠᠢ ᠳᠤᠨᠢ ᠳᠡᠭᠡᠭᠰᠢ ᠮᠡᠳᠡᠭᠦᠯᠵᠦ᠂ ᠲᠣᠭᠲᠠᠭᠰᠠᠨ ᠬᠤᠭᠤᠴᠠᠭ᠎ᠠ ᠲᠠᠢ ᠪᠠᠷ ᠳᠠᠬᠢᠨ ᠪᠠᠶᠢᠴᠠᠭᠠᠯᠲᠠ ᠬᠢᠯᠭᠡᠨ᠎ᠡ︔   2. ᠠᠵᠢᠯ ᠣᠯᠬᠤ ᠨᠠᠰᠤᠨ ᠳᠤ ᠪᠠᠶᠢᠭ᠎ᠠ ᠬᠥᠳᠡᠯᠮᠦᠷᠢᠯᠡᠬᠦ ᠴᠢᠳᠠᠪᠤᠷᠢ ᠲᠠᠢ ᠪᠠᠶᠢᠭᠰᠠᠳ ᠰᠠᠨᠠᠭᠠᠴᠢᠯᠠᠭ᠎ᠠ  ᠎ ᠠᠴᠠ ᠪᠠᠨ ᠠᠵᠢᠯ ᠣᠯᠬᠤ ᠪᠤᠶᠤ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠲᠠᠨᠢᠯᠴᠠᠭᠤᠯᠤᠭᠰᠠᠨ ᠠᠵᠢᠯ ᠢ ᠬᠦᠯᠢᠶᠡᠵᠦ ᠠᠪᠬᠤ ᠬᠡᠷᠡᠭᠲᠡᠢ︔ ᠤᠯᠠᠷᠢᠯ ᠪᠦᠷᠢ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠲᠤ ᠬᠤᠯᠪᠣᠭᠳᠠᠯ ᠪᠦᠬᠦᠢ ᠰᠠᠯᠠᠭ᠎ᠠ ᠮᠥᠴᠢᠷ ᠠᠴᠠ ᠣᠯᠭᠤᠭᠰᠠᠨ ᠠᠵᠢᠯ ᠣᠯᠣᠭᠰᠠᠨ ᠪᠠᠶᠢᠳᠠᠯ ᠤᠨ ᠭᠡᠷᠡᠴᠢ ᠪᠠᠨ ᠬᠠᠩᠭᠠᠵᠤ᠂ ᠠᠵᠢᠯ ᠣᠯᠣᠭᠰᠠᠨ ᠪᠠᠶᠢᠳᠠᠯ ᠢᠶᠠᠨ ᠮᠡᠳᠡᠭᠦᠯᠦᠭᠰᠡᠨ ᠪᠠᠶᠢᠬᠤ ᠬᠡᠷᠡᠭᠲᠡᠢ︔  3. ᠠᠵᠢᠯ ᠣᠯᠬᠤ ᠨᠠᠰᠤᠨ ᠳᠤ ᠪᠠᠶᠢᠭ᠎ᠠ᠂ ᠬᠥᠳᠡᠯᠮᠦᠷᠢᠯᠡᠬᠦ ᠴᠢᠳᠠᠪᠤᠷᠢ ᠲᠠᠢ ᠪᠥᠭᠡᠳ ᠬᠠᠷᠠᠬᠠᠨ ᠠᠵᠢᠯ ᠣᠯᠤᠭ᠎ᠠ ᠦᠭᠡᠢ ᠬᠥᠮᠥᠰ᠂ ᠰᠠᠭᠤᠭ᠎ᠠ ᠭᠠᠵᠠᠷ ᠤᠨ ᠢᠶᠠᠨ ᠰᠠᠭᠤᠭᠠᠯᠢ ︵ᠭᠡᠷ︶ ᠠᠷᠠᠳ ᠤᠨ ᠵᠥᠪᠯᠡᠯ ᠤᠨ ᠵᠣᠬᠢᠶᠠᠨ ᠪᠠᠶᠢᠭᠤᠯᠤᠭᠰᠠᠨ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠨᠡᠶᠢᠭᠡᠮ ᠲᠣᠭᠤᠷᠢᠭ ᠤᠨ ᠦᠢᠯᠡᠴᠢᠯᠡᠭᠡᠨ ᠤ ᠬᠥᠳᠡᠯᠮᠦᠷᠢ ᠳᠤ ᠣᠷᠤᠯᠴᠠᠬᠤ ᠬᠡᠷᠡᠭᠲᠡᠢ᠃  
ᠢᠷᠡᠯᠲᠡ᠄ ᠦᠪᠦᠷ ᠮᠤᠩᠭᠤᠯ ᠤᠨ ᠦᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ