ᠭᠤᠣᠯ ᠠᠵᠢᠯ ᠤᠨ ᠬᠠᠷᠢᠭᠤᠴᠠᠯᠭ᠎ᠠ ᠪᠠ ᠡᠭᠦᠷᠭᠡ | ᠤᠯᠤᠰ ᠤᠨ ᠭᠠᠮᠰᠢᠭ ᠠᠴᠠ ᠠᠪᠤᠷᠠᠬᠤ ᠪᠠ ᠨᠡᠶᠢᠭᠡᠮ ᠠᠴᠠ ᠳᠡᠳᠬᠦᠬᠦ ᠴᠢᠭᠯᠡᠯᠲᠡ ᠲᠦᠷᠥ ᠶᠢᠨ ᠪᠣᠳᠣᠯᠭ᠎ᠠ ᠶᠢ ᠲᠤᠤᠱᠯᠠᠭᠤᠯᠵᠤ᠂ ᠥᠪᠡᠷᠲᠡᠭᠡᠨ ᠵᠠᠰᠠᠬᠤ | ᠣᠷᠣᠨ ᠤ ᠭᠠᠮᠰᠢᠭ ᠠᠴᠠ ᠠᠪᠤᠷᠠᠬᠤ ᠪᠠ ᠨᠡᠶᠢᠭᠡᠮ ᠠᠴᠠ ᠳᠡᠳᠬᠦᠬᠦ ᠠᠵᠢᠯ ᠤᠨ ᠠᠷᠭ᠎ᠠ ᠬᠡᠮᠵᠢᠶ᠎ᠡ ᠶᠢ ᠰᠤᠳᠤᠯᠤᠨ ᠲᠣᠭᠲᠠᠭᠠᠬᠤ ᠶᠢᠨ ᠬᠠᠮᠲᠤ ᠬᠢᠨᠠᠯᠲᠠ ᠲᠠᠯᠪᠢᠵᠤ | ᠬᠡᠷᠡᠭᠵᠢᠭᠦᠯᠦᠨ᠎ᠡ︔ ᠭᠠᠮᠰᠢᠭ ᠠᠴᠠ ᠠᠪᠤᠷᠠᠬᠤ ᠠᠵᠢᠯ ᠢ ᠵᠣᠬᠢᠶᠠᠨ ᠪᠠᠶᠢᠭᠤᠯᠵᠤ᠂ ᠵᠣᠬᠢᠴᠠᠭᠤᠯᠵᠤ᠂ ᠭᠠᠮᠰᠢᠭᠳᠠᠭᠰᠠᠨ ᠣᠷᠣᠨ ᠢ ᠵᠢᠯᠣᠭᠤᠳᠤᠨ ᠦᠢᠯᠡᠳᠪᠦᠷᠢᠯᠡᠯ ᠢᠶᠠᠷ | ᠥᠪᠡᠷ ᠢ ᠪᠠᠨ ᠠᠪᠤᠷᠠᠬᠤ ᠠᠵᠢᠯ ᠢ ᠥᠷᠨᠢᠭᠦᠯᠦᠨ᠎ᠡ︔ ᠨᠢᠭᠡᠳᠦᠯᠲᠡᠢ ᠳᠡᠭᠡᠭᠰᠢ ᠮᠡᠳᠡᠭᠦᠯᠬᠦ ᠪᠠ ᠭᠠᠮᠰᠢᠭ ᠤᠨ ᠪᠠᠶᠢᠳᠠᠯ ᠢ ᠨᠡᠶᠢᠲᠡᠯᠡᠵᠦ᠂ ᠭᠠᠮᠰᠢᠭ ᠠᠴᠠ ᠠᠪᠤᠷᠠᠬᠤ | ᠵᠣᠭᠤᠰ ᠮᠥᠩᠭᠦ ᠡᠳ᠋ ᠪᠣᠳᠠᠰ ᠢ ᠬᠠᠮᠢᠶᠠᠷᠴᠤ᠂ ᠬᠤᠪᠢᠶᠠᠷᠢᠯᠠᠬᠤ ᠶᠢᠨ ᠬᠠᠮᠲᠤ ᠬᠡᠷᠡᠭᠯᠡᠭᠰᠡᠨ ᠪᠠᠶᠢᠳᠠᠯ ᠳᠤ ᠬᠢᠨᠠᠯᠲᠠ ᠲᠠᠯᠪᠢᠵᠤ ᠪᠠᠶᠢᠴᠠᠭᠠᠨ᠎ᠠ ︔ ᠭᠠᠮᠰᠢᠭ ᠤᠨ | ᠪᠠᠶᠢᠳᠠᠯ ᠢ ᠬᠠᠷᠭᠤᠭᠤᠯᠤᠨ ᠪᠠᠶᠢᠴᠠᠭᠠᠬᠤ᠂ ᠭᠠᠮᠰᠢᠭᠳᠠᠭᠰᠠᠨ ᠠᠷᠠᠳ ᠢ ᠲᠣᠬᠤᠨᠢᠭᠤᠯᠬᠤ ᠶᠢ ᠵᠣᠬᠢᠶᠠᠨ ᠪᠠᠶᠢᠭᠤᠯᠤᠨ᠎ᠠ︔ ᠭᠠᠮᠰᠢᠭ ᠠᠴᠠ ᠠᠪᠤᠷᠠᠬᠤ ᠳᠤ ᠵᠣᠭᠤᠰ | ᠮᠥᠩᠭᠦ ᠡᠳ᠋ ᠪᠣᠳᠠᠰ ᠲᠤᠰᠠᠯᠠᠵᠤ ᠳᠡᠮᠵᠢᠬᠦ ᠠᠵᠢᠯᠯᠠᠭ᠎ᠠ ᠶᠢ ᠵᠣᠬᠢᠶᠠᠨ ᠪᠠᠶᠢᠭᠤᠯᠬᠤ ᠪᠠ ᠵᠢᠯᠤᠭᠤᠳᠴᠤ᠂ ᠲᠤᠰᠠᠯᠠᠵᠤ ᠳᠡᠮᠵᠢᠭᠰᠡᠨ ᠵᠣᠭᠤᠰ ᠮᠥᠩᠭᠦ ᠡᠳ᠋ ᠪᠣᠳᠠᠰ ᠢ | ᠭᠥᠯᠢᠶᠡᠨ ᠠᠪᠬᠤ ᠬᠤᠪᠢᠶᠠᠷᠢᠯᠠᠬᠤ ᠪᠠ ᠬᠠᠮᠢᠶᠠᠷᠤᠨ᠎ᠠ᠃ | ᠭᠠᠮᠰᠢᠭ ᠠᠴᠠ ᠠᠪᠤᠷᠠᠬᠤ ᠠᠵᠢᠯ ᠤᠨ ᠴᠢᠭᠯᠡᠯᠲᠡ᠄ ᠵᠠᠰᠠᠭ ᠤᠨ ᠣᠷᠳᠣᠨ ᠢᠶᠠᠷ ᠤᠳᠤᠷᠢᠳᠤᠭᠤᠯᠬᠤ᠂ ᠳᠡᠰ ᠬᠤᠪᠢᠶᠠᠨ ᠬᠠᠮᠢᠶᠠᠷᠬᠤ᠂ ᠨᠡᠶᠢᠭᠡᠮ ᠢᠶᠠᠷ ᠢᠶᠠᠨ | ᠬᠠᠷᠢᠯᠴᠠᠨ ᠲᠤᠰᠠᠯᠠᠯᠴᠠᠬᠤ᠂ ᠦᠢᠯᠡᠳᠪᠦᠷᠢᠯᠡᠯ ᠢᠶᠠᠷ ᠥᠪᠡᠷ ᠢ ᠪᠠᠨ ᠠᠪᠤᠷᠠᠬᠤ ᠴᠢᠭᠯᠡᠯᠲᠡ ᠶᠢ ᠬᠡᠷᠡᠭᠵᠢᠭᠦᠯᠦᠨ᠎ᠡ᠃ | ᠭᠠᠮᠰᠢᠭᠳᠠᠭᠰᠠᠨ ᠠᠷᠠᠳ ᠢ ᠠᠪᠤᠷᠠᠨ ᠲᠤᠰᠠᠯᠠᠬᠤ | ᠪᠦᠬᠦ ᠣᠷᠣᠨ ᠤ ᠭᠠᠮᠰᠢᠭ ᠠᠴᠠ ᠪᠣᠯᠵᠤ ᠵᠢᠯ ᠲᠤᠷᠰᠢ ᠠᠪᠤᠷᠠᠨ ᠲᠤᠰᠠᠯᠠᠭᠰᠠᠨ ᠭᠠᠮᠰᠢᠭᠳᠠᠭᠰᠠᠨ ᠠᠷᠠᠳ ᠪᠠᠷᠤᠭ 300 ᠲᠦᠮᠡᠨ ᠬᠥᠮᠥᠨ ᠳᠤ ᠬᠦᠷᠴᠦ | ᠪᠤᠢ᠃ 2009 ᠣᠨ ᠳᠤ᠂ ᠪᠦᠬᠦ ᠣᠷᠣᠨ ᠳᠤ 1057 ᠲᠦᠮᠡᠨ ᠬᠥᠮᠥᠨ ᠭᠠᠮᠰᠢᠭ ᠲᠤ ᠳᠠᠭᠠᠷᠢᠭᠳᠠᠵᠦ᠂ 2.92 ᠲᠦᠮᠡᠨ ᠬᠥᠮᠥᠨ ᠢ ᠪᠠᠴᠢᠮ ᠢᠶᠠᠷ ᠰᠢᠯᠵᠢᠭᠦᠯᠦᠨ | ᠲᠥᠪᠬᠢᠨᠡᠭᠦᠯᠵᠦ᠂ ᠭᠠᠮᠰᠢᠭ ᠲᠤ 33 ᠬᠥᠮᠥᠨ ᠠᠳᠡᠪᠡ︔ 5757.4 ᠮᠢᠩᠭᠠᠨ ᠾᠧᠺᠲ᠋ᠠᠷ ᠲᠠᠷᠢᠮᠠᠯ ᠤᠨ ᠵᠦᠢᠯ ᠭᠠᠮᠰᠢᠭ ᠲᠤ ᠳᠠᠭᠠᠷᠢᠭᠳᠠᠵᠦ᠂ ᠭᠠᠮᠰᠢᠭᠳᠠᠭᠰᠠᠨ | ᠲᠠᠯᠠᠪᠠᠢ ᠨᠢ 5029.15 ᠮᠢᠩᠭᠠᠨ ᠾᠧᠺᠲ᠋ᠠᠷ ᠲᠤ ᠬᠦᠷᠴᠦ᠂ ᠲᠤᠰᠤᠯ ᠬᠤᠷᠢᠶᠠᠯᠲᠠ ᠦᠭᠡᠢ ᠲᠠᠯᠠᠪᠠᠢ ᠨᠢ 1866 ᠮᠢᠩᠭᠠᠨ ᠾᠧᠺᠲ᠋ᠠᠷ ᠲᠤ ᠬᠦᠷᠪᠡ︔ | ᠭᠠᠮᠰᠢᠭ ᠲᠤ 42000 ᠮᠢᠩᠭᠠᠨ ᠾᠧᠺᠲ᠋ᠠᠷ ᠬᠠᠳᠤᠯᠠᠩ ᠪᠡᠯᠴᠢᠭᠡᠷ ᠳᠠᠭᠠᠷᠢᠭᠳᠠᠵᠦ᠂ 96.9 ᠲᠦᠮᠡᠨ ᠮᠠᠯ ᠤᠨᠤᠭ᠎ᠠ ᠦᠬᠦᠪᠡ︔ ᠭᠠᠮᠰᠢᠭ ᠲᠤ 5547 ᠲᠠᠰᠤᠯᠭ᠎ᠠ | ᠭᠡᠷ ᠪᠠᠶᠢᠰᠢᠩ ᠨᠤᠷᠠᠵᠤ᠂ 44432 ᠲᠠᠰᠤᠯᠭ᠎ᠠ ᠭᠡᠷ ᠪᠠᠶᠢᠰᠢᠩ ᠡᠪᠳᠡᠭᠳᠡᠵᠦ᠂ ᠨᠢᠭᠡ ᠪᠦᠯᠦᠭ ᠲᠠᠷᠢᠶᠠᠯᠠᠩ ᠮᠠᠯ ᠠᠵᠤ ᠠᠬᠤᠢ ᠶᠢᠨ ᠰᠠᠭᠤᠷᠢ ᠪᠡᠯᠡᠳᠬᠡᠮᠵᠢ ᠪᠠ ᠣᠯᠠᠨ | ᠨᠡᠶᠢᠲᠡ ᠶᠢᠨ ᠪᠡᠯᠡᠳᠬᠡᠮᠵᠢ ᠴᠤ ᠬᠦᠨᠳᠦ ᠨᠣᠴᠢᠲᠠᠢ ᠡᠪᠳᠡᠯᠡᠭᠡ ᠳᠤ ᠤᠴᠠᠷᠠᠵᠤ᠂ ᠭᠠᠮᠰᠢᠭ ᠠᠴᠠ ᠪᠣᠯᠤᠭᠰᠠᠨ ᠠᠵᠤ ᠠᠬᠤᠢ ᠶᠢᠨ ᠰᠢᠭᠤᠳ ᠬᠤᠬᠢᠷᠠᠯ 256.56 | ᠳ᠋ᠦᠩᠰᠢᠭᠤᠷ ᠲᠥᠭᠦᠷᠢᠭ ᠲᠤ ᠬᠦᠷᠴᠡᠢ᠂ ᠡᠭᠦᠨ ᠳᠤ ᠲᠠᠷᠢᠶᠠᠯᠠᠩ ᠮᠠᠯ ᠠᠵᠤ ᠠᠬᠤᠢ ᠶᠢᠨ ᠬᠤᠬᠢᠷᠠᠯ ᠨᠢ 205.38 ᠳ᠋ᠦᠩᠰᠢᠭᠤᠷ ᠲᠥᠭᠦᠷᠢᠭ ᠲᠤ ᠬᠦᠷᠪᠡ᠃ | 2009 ᠣᠨ ᠳᠤ᠂ ᠪᠦᠬᠦ ᠵᠢᠯ ᠳᠤ 2.87 ᠳ᠋ᠦᠩᠰᠢᠭᠤᠷ ᠲᠥᠭᠦᠷᠢᠭ ᠤᠨ ᠭᠠᠮᠰᠢᠭ ᠠᠴᠠ ᠠᠪᠤᠷᠠᠬᠤ ᠵᠣᠭᠤᠰ ᠮᠥᠩᠭᠦ ᠪᠠᠭᠤᠯᠭᠠᠵᠤ᠂ 2 ᠲᠦᠮᠡ ᠭᠠᠷᠤᠢ ᠬᠥᠪᠥᠩ | ᠬᠥᠨᠵᠢᠯᠡ ᠳᠡᠪᠢᠰᠬᠡᠷ ᠰᠢᠯᠵᠢᠭᠦᠯᠦᠨ ᠥᠭᠴᠦ᠂ 2.92 ᠲᠦᠮᠡᠨ ᠭᠠᠮᠰᠢᠭᠳᠠᠭᠰᠠᠨ ᠠᠷᠠᠳ ᠢ ᠲᠣᠬᠢᠲᠠᠢ ᠲᠥᠪᠬᠢᠨᠡᠭᠦᠯᠵᠦ᠂ 300 ᠭᠠᠷᠤᠢ ᠲᠦᠮᠡᠨ ᠭᠠᠮᠰᠢᠭᠳᠠᠭᠰᠠᠨ | ᠠᠷᠠᠳ ᠢ ᠠᠮᠵᠢᠯᠲᠠ ᠲᠠᠢ ᠪᠠᠷ ᠠᠪᠤᠷᠠᠨ ᠲᠤᠰᠠᠯᠠᠪᠠ᠃ | ᠨᠡᠶᠢᠭᠡᠮ ᠠᠴᠠ ᠵᠣᠭᠤᠰ ᠮᠥᠩᠭᠦ ᠡᠳ᠋ ᠪᠣᠳᠠᠰ ᠲᠤᠰᠠᠯᠠᠵᠤ ᠳᠡᠮᠵᠢᠭᠰᠡᠨ | 2001 ᠣᠨ ᠳᠤ᠂ ᠥᠪᠡᠷᠲᠡᠭᠡᠨ ᠵᠠᠰᠠᠬᠤ ᠣᠷᠣᠨ ᠤ ᠭᠠᠮᠰᠢᠭ ᠠᠴᠠ ᠠᠪᠤᠷᠠᠬᠤ ᠳᠤ ᠲᠤᠰᠠᠯᠠᠵᠤ ᠳᠡᠮᠵᠢᠭᠰᠡᠨ ᠵᠣᠭᠤᠰ ᠮᠥᠩᠭᠦ ᠡᠳ᠋ ᠪᠣᠳᠠᠰ ᠢ ᠭᠥᠯᠢᠶᠡᠨ | ᠠᠪᠬᠤ ᠠᠵᠢᠯ ᠤᠨ ᠦᠷᠳᠡᠭᠡ ᠪᠠᠶᠢᠭᠤᠯᠪᠠ᠃ ᠡᠳᠦᠭᠡ ᠪᠣᠯᠳᠠᠯ᠎ᠠ᠂ ᠡᠯ᠎ᠡ ᠲᠦᠷᠦᠯ ᠤᠨ ᠲᠤᠰᠠᠯᠠᠵᠤ ᠳᠡᠮᠵᠢᠭᠰᠡᠨ ᠵᠣᠭᠤᠰ ᠢ ᠨᠡᠶᠢᠲᠡ 6500 ᠲᠦᠮᠡᠨ ᠲᠥᠭᠦᠷᠢᠭ | ᠲᠤᠰᠤᠨ ᠠᠪᠤᠪᠠ᠃ 2009 ᠣᠨ ᠳᠤ 400 ᠲᠦᠮᠡᠨ ᠲᠥᠭᠦᠷᠢᠭ ᠤᠨ ᠲᠤᠰᠠᠯᠠᠵᠤ ᠳᠡᠮᠵᠢᠭᠰᠡᠨ ᠵᠣᠭᠤᠰ ᠢ ᠲᠤᠰᠤᠨ ᠠᠪᠤᠪᠠ᠃ ᠣᠳᠣᠬᠠᠨ ᠳᠤ᠂ ᠪᠦᠬᠦ ᠣᠷᠣᠨ ᠳᠤ | ᠨᠡᠶᠢᠲᠡ 528 ᠪᠠᠶᠢᠩᠭᠤ ᠶᠢᠨ ᠴᠢᠨᠠᠷᠲᠠᠢ ᠲᠤᠰᠠᠯᠠᠵᠤ ᠳᠡᠮᠵᠢᠬᠦ ᠦᠷᠳᠡᠭᠡ ᠴᠢᠭ᠋ ᠲᠠᠢ ᠪᠣᠯᠪᠠ᠃ | ᠭᠠᠮᠰᠢᠭ ᠠᠴᠠ ᠠᠪᠤᠷᠠᠬᠤ ᠨᠥᠭᠡᠴᠡ ᠶᠢᠨ ᠬᠥᠮᠥᠷᠭᠡ ᠶᠢᠨ ᠪᠠᠶᠢᠭᠤᠯᠤᠯᠲᠠ | ᠪᠦᠬᠦ ᠣᠷᠣᠨ ᠳᠤ ᠭᠠᠮᠰᠢᠭ ᠠᠴᠠ ᠠᠪᠤᠷᠠᠬᠤ ᠨᠥᠭᠡᠴᠡ ᠶᠢᠨ ᠰᠠᠩ ᠬᠥᠮᠥᠷᠭᠡ ᠨᠡᠶᠢᠲᠡ 67 ᠪᠤᠢ᠂ ᠡᠭᠦᠨ ᠳᠤ᠂ ᠥᠪᠡᠷᠲᠡᠭᠡᠨ ᠵᠠᠰᠠᠬᠤ ᠣᠷᠣᠨ ᠤ ᠳᠡᠰ ᠤᠨ 1᠂ | ᠠᠶᠢᠮᠠᠭ ᠬᠤᠲᠠ ᠶᠢᠨ ᠬᠢ 8᠂ ᠬᠤᠰᠢᠭᠤ ᠰᠢᠶᠠᠨ ᠤ ᠬᠢ 58 ᠪᠤᠢ︔ ᠲᠦᠷᠢᠶᠡᠰᠦᠯᠡᠭᠰᠡᠨ ᠨᠥᠭᠡᠴᠡ ᠶᠢᠨ ᠰᠠᠩ ᠬᠥᠮᠥᠷᠭᠡ 14 ᠪᠠᠶᠢᠵᠤ᠂ ᠡᠭᠦᠨ ᠳᠤ ᠠᠶᠢᠮᠠᠭ | ᠬᠤᠲᠠ ᠳᠤ 2᠂ ᠬᠤᠰᠢᠭᠤ ᠰᠢᠶᠠᠨ ᠳᠤ 12 ᠪᠤᠢ᠃ ᠣᠳᠣᠬᠠᠨ ᠳᠤ ᠥᠪᠡᠷᠲᠡᠭᠡᠨ ᠵᠠᠰᠠᠬᠤ ᠣᠷᠣᠨ ᠤ ᠨᠥᠭᠡᠴᠡ ᠶᠢᠨ ᠰᠠᠩ ᠬᠥᠮᠥᠷᠭᠡ ᠳᠤ ᠭᠤᠣᠯᠳᠠᠭᠤ 5700 | ᠰᠢᠬᠠᠮ ᠭᠠᠮᠰᠢᠭ ᠠᠴᠠ ᠠᠪᠤᠷᠠᠬᠤ ᠮᠠᠶᠢᠬᠠᠨ ︵ᠡᠭᠦᠨ ᠳᠤ 600 ᠳᠠᠩ ᠮᠠᠶᠢᠬᠠᠨ᠂ 5100 ᠬᠥᠪᠥᠩ ᠮᠠᠶᠢᠬᠠᠨ︶᠂ 6400 ᠭᠠᠮᠰᠢᠭ ᠠᠴᠠ ᠠᠪᠤᠷᠠᠬᠤ ᠬᠤᠪᠴᠠᠰᠤ | ᠬᠥᠨᠵᠢᠯᠡ ᠬᠠᠳᠠᠭᠠᠯᠠᠵᠤ ᠪᠤᠢ᠃ ᠭᠠᠮᠰᠢᠭ ᠠᠴᠠ ᠠᠪᠤᠷᠠᠬᠤ ᠨᠥᠭᠡᠴᠡ ᠶᠢᠨ ᠡᠳ᠋ ᠪᠣᠳᠠᠰ ᠢ ᠰᠢᠯᠵᠢᠭᠦᠯᠦᠨ ᠵᠥᠭᠡᠭᠡᠬᠦ ᠶᠢ ᠥᠪᠡᠷᠲᠡᠭᠡᠨ ᠵᠠᠰᠠᠬᠤ ᠣᠷᠣᠨ᠂ ᠠᠶᠢᠮᠠᠭ | ᠬᠤᠲᠠ᠂ ᠬᠤᠰᠢᠭᠤ ᠰᠢᠶᠠᠨ ᠤ ᠠᠷᠠᠳ ᠤᠨ ᠶᠠᠪᠤᠳᠠᠯ ᠤᠨ ᠲᠣᠪᠴᠢᠶ᠎ᠠ ᠠᠴᠠ ᠨᠢᠭᠡᠳᠦᠯᠲᠡᠢ ᠰᠢᠯᠵᠢᠭᠦᠯᠦᠨ ᠲᠣᠬᠢᠷᠠᠭᠤᠯᠤᠨ᠎ᠠ᠃ | | |