ᠡᠷᠳᠡᠨᠢᠪᠠᠶᠠᠷ ᠭᠡᠰᠢᠭᠦᠨ᠄ ᠡᠮᠨᠡᠯᠭᠡ ᠪᠡ ᠠᠰᠠᠷᠠᠮᠵᠢ ᠶᠢ ᠤᠶᠠᠯᠳᠤᠭᠤᠯᠤᠬᠰᠡᠨ ᠰᠢᠨ᠎ᠡ ᠬᠡᠯᠪᠡᠷᠢ ᠶᠢᠨ ᠠᠰᠠᠷᠠᠮᠵᠢ ᠶᠢᠨ ᠬᠦᠷᠢᠶᠡᠯᠡᠩ ᠢ ᠲᠦᠭᠡᠮᠡᠯᠵᠢᠭᠦᠯᠪᠡᠯ ᠵᠤᠬᠢᠨ᠎ᠠ
ᠨᠡᠶᠢᠲᠡᠯᠡᠭᠰᠡᠨ ᠴᠠᠭ᠄
2022/8/30
     ᠡᠷᠳᠡᠨᠢᠪᠠᠶᠠᠷ ᠭᠡᠰᠢᠭᠦᠨ ᠤ ᠯᠠᠮᠨ ᠶᠢᠨ ᠨᠡᠷ᠎ᠡ ᠶᠢ ᠶᠤᠨᠳᠤᠨᠵᠠᠮᠰᠤ ᠭᠡᠳᠡᠭ᠂  ᠦᠪᠤᠷ ᠮᠤᠩᠭᠤᠯ ᠤᠨ ᠤᠯᠡᠨ ᠤᠯᠤᠰ ᠤᠨ ᠮᠤᠩᠭᠤᠯ ᠡᠮᠨᠡᠯᠭᠡ ᠶᠢᠨ ᠬᠤᠷᠢᠶᠠᠨ ᠤ ᠰᠤᠷᠪᠤᠯᠵᠢ ᠪᠢᠴᠢᠭ ᠤᠨ ᠰᠤᠳᠤᠯᠤᠬᠴᠢ᠂  ᠤᠷᠳᠤᠰ ᠬᠤᠳᠠ ᠶᠢᠨ ᠪᠤᠳ᠋ᠳ᠋ᠸᠠ ᠶᠢᠨ ᠱᠠᠰᠢᠨ ᠤ ᠨᠡᠶᠢᠭᠡᠮᠯᠢᠭ ᠤᠨ ᠲᠡᠳ᠋ ᠲᠠᠷᠤᠭ᠎ᠠ ᠵᠡᠷᠭᠡ ᠲᠤᠰᠢᠶᠠᠯ ᠲᠠᠢ᠃  ᠲᠡᠷᠨ ᠡᠨᠡ ᠤᠳᠠᠭᠠᠨ ᠤ ︿ᠬᠤᠶᠠᠷ ᠬᠤᠷᠠᠯ﹀᠎ ᠳᠤ ᠡᠮ ᠡᠮᠨᠡᠯᠭᠡ᠂  ᠨᠠᠰᠤᠳᠠᠶᠢᠴᠤᠳ ᠤᠨ ᠠᠰᠠᠷᠠᠮᠵᠢ ᠬᠢᠭᠡᠳ ᠰᠦᠮ᠎ᠡ ᠭᠡᠶᠢᠳ ᠲᠤ ᠰᠤᠶᠤᠯ ᠢ ᠲᠦᠭᠡᠮᠡᠯᠵᠢᠭᠦᠯᠬᠦ ᠲᠤᠬᠠᠢ ᠭᠤᠷᠪᠡᠨ ᠰᠠᠨᠠᠯ ᠲᠤᠷᠠᠳᠤᠯᠭ᠎ᠠ ᠲᠡᠪᠰᠢᠭᠦᠯᠪᠡ᠃     ᠲᠡᠷᠨ᠄ ︿ᠡᠨᠡ ᠤᠳᠠᠭᠠᠨ ᠤ ᠬᠤᠷᠠᠯ ᠲᠡᠭᠡᠷ᠎ᠡ ᠪᠢ ᠭᠤᠤᠯᠳᠠᠭᠤ ᠭᠤᠷᠪᠡᠨ ᠵᠦᠢᠯ ᠤᠨ ᠰᠠᠨᠠᠯ ᠲᠤᠷᠠᠳᠤᠯᠭ᠎ᠠ ᠪᠡᠯᠡᠳᠭᠡᠵᠤ ᠢᠷᠡᠭᠰᠡᠨ ᠶᠤᠮ᠃  ᠨᠢᠭᠡ ᠳᠤ᠂ ᠡᠮᠨᠡᠯᠭᠡ ᠪᠡ ᠠᠰᠠᠷᠠᠮᠵᠢ ᠬᠠᠮᠳᠤᠷᠠᠬᠰᠡᠨ ᠰᠢᠨ᠎ᠡ ᠬᠡᠯᠪᠡᠷᠢ ᠶᠢᠨ ᠨᠠᠰᠤᠳᠠᠶᠢᠴᠤᠳ ᠤᠨ ᠠᠰᠠᠷᠠᠮᠵᠢ ᠶᠢᠨ ᠬᠦᠷᠢᠶᠡᠯᠡᠩ ᠢ ᠲᠦᠭᠡᠮᠡᠯᠵᠢᠭᠦᠯᠬᠦ ᠲᠤᠬᠠᠢ᠃  ᠠᠰᠠᠷᠠᠮᠵᠢ ᠶᠢᠨ ᠭᠠᠵᠠᠷ ᠢ ᠪᠠᠶᠢᠴᠠᠭᠠᠨ ᠰᠤᠳᠤᠯᠵᠤ ᠦᠢᠯᠠᠭᠠᠬᠰᠡᠨ ᠢᠶᠠᠷ᠂  ᠨᠠᠰᠤᠳᠠᠶᠢᠴᠤᠳ ᠤᠨ ᠠᠰᠠᠷᠠᠮᠵᠢ ᠶᠢᠨ ᠭᠠᠵᠠᠷ ᠲᠤ ᠨᠢᠭᠡ ᠬᠤᠶᠠᠷᠬᠠᠨ ᠡᠮᠴᠢ ᠲᠠᠢ ᠪᠠᠶᠢᠵᠤ᠂  ᠡᠮᠨᠡᠯᠭᠡ ᠪᠤᠯᠤᠨ ᠠᠰᠠᠷᠡᠮᠵᠢ ᠶᠢ ᠤᠶᠠᠯᠳᠤᠭᠤᠯᠤᠬᠰᠡᠨ ᠠᠰᠠᠷᠠᠮᠵᠢ ᠶᠢᠨ ᠬᠦᠷᠢᠶᠡᠯᠡᠩ ᠴᠦᠭᠡᠨ ᠪᠠᠶᠢᠨ᠎ᠠ᠃  ᠲᠡᠭᠡᠭᠦᠯᠡᠷ ᠤᠯᠤᠰ ᠠᠴᠠ ᠠᠰᠠᠷᠠᠮᠵᠢ ᠶᠢᠨ ᠠᠵᠢᠯ ᠢ ᠶᠡᠭᠡ ᠪᠠᠷ ᠰᠠᠨᠠᠭᠠᠴᠢᠯᠡᠨ ᠲᠦᠭᠡᠮᠡᠯᠵᠢᠭᠦᠯᠪᠡᠯ ᠰᠠᠶᠢᠨ ᠪᠠᠶᠢᠨ᠎ᠠ ᠭᠡᠵᠤ ᠪᠤᠳᠤᠬᠰᠡᠨ ᠶᠤᠮ᠃ ᠬᠤᠶᠠᠷ ᠲᠤ᠂  ᠤᠯᠠᠮᠵᠢᠯᠠᠯᠳᠤ ᠮᠤᠩᠭᠤᠯ ᠡᠮ ᠡᠮᠨᠡᠯᠭᠡ ᠶᠢ ᠰᠤᠷᠴᠤ ᠪᠠᠶᠢᠭ᠎ᠠ ᠯᠠᠮᠨ ᠡᠮᠴᠢ ᠨᠠᠷ ᠡᠮᠴᠢ ᠶᠢᠨ ᠦᠨᠡᠮᠯᠡᠯ ᠪᠠᠶᠢᠬᠤ ᠦᠭᠡᠢ ᠠᠰᠠᠭᠤᠳᠠᠯ ᠤᠨ ᠲᠤᠬᠠᠢ᠃  ᠯᠠᠮᠨ ᠡᠮᠴᠢ ᠨᠠᠷ ᠢ ᠤᠯᠤᠰ ᠠᠴᠠ ᠨᠢᠭᠡᠳᠦᠯᠳᠠᠢ ᠰᠤᠷᠤᠯᠴᠠᠭᠤᠯᠵᠤ᠂  ᠤᠷᠤᠨ ᠎ ᠠᠴᠠ ᠨᠢᠭᠡᠳᠦᠯᠳᠠᠢ ᠰᠢᠯᠭᠠᠯᠳᠡ ᠬᠢᠵᠤ ᠤᠨᠴᠠᠭᠠᠢ ᠴᠢᠳᠠᠪᠤᠷᠢ ᠲᠠᠢ ᠡᠮᠴᠢ ᠶᠢᠨ ᠦᠨᠡᠮᠯᠡᠯ ᠤᠯᠭᠤᠬᠤ᠂  ᠨᠡᠩ ᠢᠯᠠᠩᠭᠤᠶ᠎ᠠ ᠠᠵᠢᠯ ᠮᠡᠷᠭᠡᠵᠢᠯ ᠤᠨ ᠲᠡᠭᠡᠳᠤ ᠰᠤᠷᠭᠠᠭᠤᠯᠢ ᠳᠤ ᠮᠤᠩᠭᠤᠯ ᠡᠮᠨᠡᠯᠭᠡ ᠶᠢᠨ ᠲᠤᠰᠬᠠᠢ ᠮᠡᠷᠭᠡᠵᠢᠯ ᠰᠤᠷᠤᠯᠴᠠᠭᠤᠯᠬᠤ ᠵᠡᠷᠭᠡ ᠠᠷᠭ᠎ᠠ ᠵᠠᠮ ᠤᠳ ᠢᠶᠠᠷ ᠡᠮᠴᠢ ᠶᠢᠨ ᠦᠨᠡᠮᠯᠡᠯ ᠤᠯᠬᠤ ᠠᠰᠠᠭᠤᠳᠠᠯ ᠢ ᠰᠢᠢᠳᠪᠤᠷᠢᠯᠡᠵᠤ ᠦᠭᠬᠦ ᠶᠢ ᠬᠦᠰᠡᠯ᠎ᠡ᠃  ᠭᠤᠷᠪᠡ ᠳᠤ᠂ ᠰᠦᠮ᠎ᠡ ᠭᠡᠶᠢᠳ ᠤᠨ ᠰᠤᠶᠤᠯ ᠤᠨ ᠪᠠᠶᠢᠭᠤᠯᠤᠯᠳᠡ ᠶᠢᠨ ᠲᠤᠬᠠᠢ᠃  ᠰᠦᠮ᠎ᠡ ᠭᠡᠶᠢᠳ ᠲᠤ ᠲᠠᠯ᠎ᠠ ᠨᠤᠳᠤᠭ ᠎ ᠤᠨ ᠰᠤᠶᠤᠯ ᠤᠨ ᠦᠷᠦᠭᠡ ᠪᠤᠶᠤ ᠨᠤᠮ ᠤᠨ ᠦᠷᠦᠭᠡ ᠪᠠᠶᠢᠭᠤᠯᠵᠤ᠂  ᠨᠠᠮ ᠤᠨ ᠲᠦᠷᠦ ᠶᠢᠨ ᠪᠤᠳᠤᠯᠭ᠎ᠠ ᠪᠠ ᠬᠠᠤᠯᠢ ᠲᠦᠷᠢᠮ ᠵᠡᠷᠭᠡ ᠤᠯᠠᠨ ᠲᠦᠷᠦᠯ ᠤᠨ ᠰᠤᠶᠤᠯ ᠢ ᠲᠦᠭᠡᠮᠡᠯᠵᠢᠭᠦᠯᠪᠡᠯ ᠰᠦᠮ᠎ᠡ ᠬᠡᠶᠢᠳ ᠤᠨ ᠰᠤᠶᠤᠯ ᠤᠨ ᠰᠠᠭᠤᠷᠢᠨ ᠭᠠᠵᠠᠷ ᠤᠨ ᠦᠢᠯᠡᠳᠦᠯ ᠢ ᠨᠡᠩ ᠰᠠᠶᠢᠨ ᠪᠠᠳᠠᠷᠠᠭᠤᠯᠵᠤ ᠴᠢᠳᠠᠨ᠎ᠠ﹀ ᠭᠡᠯ᠎ᠡ᠃      
ᠢᠷᠡᠯᠲᠡ᠄ ᠤᠷᠳᠤᠰ ᠮᠤᠩᠭᠤᠯ ᠰᠦᠯᠵᠢᠶ᠎ᠡ